ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠥᠪᠥᠷ ᠮᠣᠩᠭᠣᠯ᠎ᠤᠨ ᠠᠩᠬᠠᠳᠠᠭᠴᠢ ᠰᠠᠭᠤᠷᠢ ᠲᠥᠬᠦᠭᠡᠷᠦᠮᠵᠢ ᠵᠢᠨ ᠢᠯᠡ᠎ᠪᠠᠷ ᠴᠤᠭᠯᠠᠭᠤᠯᠤᠭᠰᠠᠨ REITs ᠱᠧᠨᠵᠧᠨ᠎ᠤ ᠦᠨᠡᠲᠦ ᠲᠡᠮᠳᠡᠭᠲᠦ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠭᠠᠷᠪᠠ
ᠨᠡᠶ᠋ᠢᠲᠡᠯᠡᠭᠰᠡᠨ ᠴᠠᠭ᠄ 2024-12-18

  12 ᠳ᠋ᠤᠭ᠋ᠠᠷ ᠰᠠᠷ᠎ᠠ ᠵᠢᠨ 10᠎ᠤ ᠡᠳᠦᠷ᠎ᠤᠨ 9 ᠴᠠᠭ 27 ᠮᠢᠨᠦ᠋ᠲ᠎ᠲᠤ᠂ ᠥᠪᠥᠷ ᠮᠣᠩᠭᠤᠯ᠎ᠤᠨ ᠠᠩᠬᠠᠳᠠᠭᠴᠢ ᠰᠠᠭᠤᠷᠢ ᠲᠥᠬᠦᠭᠡᠷᠦᠮᠵᠢ ᠵᠢᠨ ᠢᠯᠡ᠎ᠪᠠᠷ ᠴᠤᠭᠯᠠᠭᠤᠯᠤᠭᠰᠠᠨ REITs (ᠥᠯᠥ ᠬᠥᠳᠡᠯᠬᠦ ᠬᠥᠷᠥᠩᠭᠡ ᠵᠢᠨ ᠪᠠᠯᠠ ᠣᠷᠣᠭᠤᠯᠤᠯᠲᠠ ᠵᠢᠨ ᠢᠲᠡᠭᠡᠮᠵᠢᠲᠦ ᠰᠠᠭᠤᠷᠢ ᠮᠥᠩᠭᠦ) — ᠭᠦᠩ ᠶᠢᠨ ᠮᠧᠩ ᠨᠧᠩ ᠴᠡᠪᠡᠷ ᠡᠨᠧᠷᠭᠢ REIT (ᠰᠠᠭᠤᠷᠢ ᠮᠥᠩᠭᠦᠨ᠎ᠤ ᠣᠷᠣᠯᠠᠬᠤ ᠨᠣᠮᠧᠷ᠄ 180402) ᠱᠧᠨᠵᠧᠨ᠎ᠤ ᠦᠨᠡᠲᠦ ᠲᠡᠮᠳᠡᠭᠲᠦ ᠵᠢᠨ ᠠᠷᠠᠯᠵᠢᠶᠠᠨ᠎ᠤ ᠭᠠᠵᠠᠷ (ᠳᠣᠷᠣᠭᠰᠢ ᠭᠦᠨ ᠰᠣᠯᠢᠯᠴᠠᠭ᠋ᠠᠨ᠎ᠤ ᠭᠠᠵᠠᠷ ᠭᠡᠵᠦ ᠲᠣᠪᠴᠢᠯᠠᠨ᠎ᠠ)᠎ᠳᠤ ᠵᠢᠩᠬᠢᠨᠢ᠎ᠪᠠᠷ  ᠵᠠᠬ᠎ᠠ ᠳᠡᠯᠭᠡᠭᠦᠷ᠎ᠲᠤ ᠭᠠᠷᠭ᠋ᠠᠪᠠ᠃

  《ᠭᠦᠩ ᠶᠢᠨ ᠮᠧᠩ ᠨᠧᠩ ᠴᠡᠪᠡᠷ ᠡᠨᠧᠷᠭᠢ REIT》 ᠠᠮᠵᠢᠯᠲᠠ᠎ᠲᠠᠢ᠎ᠪᠠᠷ ᠵᠠᠬ᠎ᠠ ᠳᠡᠯᠭᠡᠭᠦᠷ᠎ᠲᠤ  ᠭᠠᠷᠴᠤ᠂ ᠥᠪᠥᠷ ᠮᠣᠩᠭᠤᠯ᠎ᠤᠨ ᠰᠠᠭᠤᠷᠢ ᠲᠥᠬᠦᠭᠡᠷᠦᠮᠵᠢ ᠵᠢᠨ ᠢᠯᠡ᠎ᠪᠠᠷ ᠴᠤᠭᠯᠠᠭᠤᠯᠤᠭᠰᠠᠨ REITs ᠥᠬᠡᠶ ᠪᠠᠶ᠋ᠢᠬᠤ ᠰᠢᠪᠲᠤᠯᠤᠯᠲᠠ ᠵᠢ ᠪᠡᠶᠡᠯᠡᠭᠦᠯᠵᠦ᠂ ᠣᠷᠣᠨ᠎ᠤ ᠳᠣᠲᠣᠷᠠᠬᠢ ᠡᠨᠧᠷᠭᠢ ᠵᠢᠨ ᠠᠵᠤ ᠠᠬᠤᠶ᠋ᠢᠯᠠᠯ᠎ᠤᠨ ᠴᠡᠪᠡᠷ ᠡᠨᠧᠷᠭᠢ ᠵᠢᠨ ᠡᠳ᠋ ᠬᠥᠷᠥᠩᠭᠡ ᠵᠢᠨ ᠪᠠᠯᠠ ᠣᠷᠣᠭᠤᠯᠵᠤ ᠪᠠᠯᠠ ᠳᠣᠭᠢᠷᠠᠭᠤᠯᠬᠤ ᠰᠠᠶ᠋ᠢᠨ ᠣᠷᠴᠢᠯ᠎ᠢ ᠨᠡᠪᠲᠡᠷᠡᠭᠦᠯᠵᠦ᠂ ᠡᠷᠬᠡ ᠠᠰᠢᠭ᠎ᠤᠨ ᠪᠠᠯᠠ ᠳᠣᠭᠢᠷᠠᠭᠤᠯᠬᠤ ᠠᠷᠭ᠎ᠠ ᠵᠠᠮ᠎ᠢ ᠥᠷᠭᠡᠳᠬᠡᠬᠦ᠎ᠳᠤ ᠴᠣ᠋ ᠰᠢᠨ᠎ᠡ ᠰᠡᠳᠬᠢᠴᠡ ᠪᠠ ᠨᠡᠶ᠋ᠢᠲᠡᠯᠢᠭ ᠵᠢᠱ᠌ᠢᠶ᠎ᠡ ᠬᠠᠩᠭ᠋ᠠᠪᠠ᠃  ᠡᠭᠦᠨ᠎ᠤ ᠬᠠᠮᠲᠤ᠂ ᠰᠠᠭᠤᠷᠢ ᠪᠡᠯᠡᠳᠬᠡᠮᠵᠢ REITs ᠵᠢᠨ ᠡᠨᠡ ᠬᠦ᠌ ᠰᠢᠨ᠎ᠡ ᠵᠢ ᠡᠭᠦᠳᠬᠦ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭ᠋ᠠᠵᠢ ᠬᠡᠷᠡᠭᠰᠡᠯ᠎ᠢ ᠠᠰᠢᠭᠯᠠᠨ᠂ ᠮᠥᠩᠭᠦᠨ ᠭᠦᠢ᠍ᠯᠭᠡᠭᠡᠨ᠎ᠤ ᠵᠠᠬ᠎ᠠ ᠳᠡᠯᠭᠡᠭᠦᠷ᠎ᠲᠤ ᠥᠪᠥᠷ ᠮᠣᠩᠭᠤᠯ᠎ᠤᠨ ᠴᠢᠨᠠᠷ ᠰᠠᠶ᠋ᠢᠲᠠᠶ ᠡᠬᠢ ᠪᠠᠶᠠᠯᠢᠭ ᠪᠠ ᠰᠢᠯᠢᠳᠡᠭ ᠠᠵᠤ ᠠᠬᠤᠶ᠋ᠢᠯᠠᠯ᠎ᠢ ᠨᠠᠩ ᠰᠠᠶ᠋ᠢᠲᠤᠷ ᠲᠠᠨᠢᠯᠴᠠᠭᠤᠯᠵᠤ᠂ ᠨᠠᠩ ᠶᠡᠭᠡ ᠬᠡᠪᠴᠢᠶᠡᠨ᠎ᠤ ᠨᠡᠶ᠋ᠢᠭᠡᠮ᠎ᠤᠨ ᠬᠥᠷᠥᠩᠭᠡ ᠵᠢ ᠲᠠᠲᠠᠵᠤ ᠥᠪᠥᠷ ᠮᠣᠩᠭᠤᠯ᠎ᠤᠨ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠬᠥᠭᠵᠢᠯᠲᠡ᠎ᠳᠤ ᠣᠷᠣᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠡᠪᠡᠷ ᠡᠨᠧᠷᠭᠢ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠡᠯᠪᠡᠷᠢ᠎ᠪᠠᠨ ᠬᠤᠪᠢᠷᠠᠭᠤᠯᠤᠨ ᠳᠡᠭᠡᠭᠰᠢᠯᠡᠬᠦ ᠵᠢ ᠠᠬᠢᠭᠤᠯᠬᠤ᠎ᠳᠤ ᠠᠰᠢᠭᠲᠠᠶ ᠶᠤᠮ》᠃ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ᠎ᠤᠨ ᠨᠠᠮ᠎ᠤᠨ ᠬᠣᠷᠢᠶᠠᠨ᠎ᠤ ᠭᠡᠰᠢᠭᠦᠨ᠂ ᠶᠡᠷᠦᠩᠬᠡᠢ ᠨᠢᠭᠲᠠᠯᠠᠨ ᠪᠣᠳᠣᠭᠴᠢ ᠬᠤᠸᠠᠩ ᠶᠦᠩ ᠰᠢᠶᠠᠨ ᠢᠯᠡᠷᠬᠡᠢ᠌ᠯᠡᠪᠡ᠃

   ᠣᠶ᠋ᠢᠯᠠᠭ᠋ᠠᠭᠰᠠᠨ ᠵᠶ᠋ᠠᠷ᠂ ᠭᠦᠩ ᠶᠢᠨ ᠮᠧᠩ ᠨᠧᠩ ᠴᠡᠪᠡᠷ ᠡᠨᠧᠷᠭᠢ ᠵᠢᠨ REIT ᠵᠢᠨ ᠡᠭᠦᠰᠭᠡᠭᠴᠢ ᠵᠢᠴᠢ ᠡᠵᠡᠩᠨᠡᠯᠲᠡ ᠬᠠᠮᠢᠶᠠᠷᠤᠯᠲᠠ ᠵᠢᠨ ᠨᠢᠭᠡᠳᠦᠯᠲᠡᠶ ᠲᠥᠯᠥᠪᠯᠡᠬᠦ ᠪᠠᠶ᠋ᠢᠭᠤᠯᠤᠮᠵᠢ᠎ᠨᠢ ᠥᠪᠥᠷ ᠮᠣᠩᠭᠤᠯ᠎ᠤᠨ ᠡᠨᠧᠷᠭᠢ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠪᠠᠶ᠋ᠢᠵᠤ᠂ ᠰᠠᠭᠤᠷᠢ ᠮᠥᠩᠭᠦ ᠵᠢᠨ ᠬᠠᠮᠢᠶᠠᠷᠤᠯᠲᠠ ᠵᠢᠨ ᠠᠵᠢᠯᠲᠠᠨ᠎ᠨᠢ ᠠᠵᠢᠯᠴᠢᠨ᠎ᠤ ᠪᠠᠩᠬᠢ ᠵᠢᠨ ᠷᠦᠢ ᠰᠢᠨ ᠰᠠᠭᠤᠷᠢ ᠮᠥᠩᠭᠦ ᠵᠢᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠪᠠᠶ᠋ᠢᠵᠤ᠂ ᠲᠥᠷᠥᠯ ᠵᠦᠢ᠍ᠯ᠎ᠨᠢ 11 ᠳ᠋ᠦ᠍ᠭᠡᠷ ᠰᠠᠷ᠎ᠠ ᠵᠢᠨ 6᠎ᠤ ᠡᠳᠦᠷ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠰᠠᠭᠤᠷᠢ ᠮᠥᠩᠭᠦ ᠵᠢᠨ ᠳᠠᠩᠰᠠᠯᠠᠭᠤᠯᠬᠤ ᠴᠣᠬᠤᠯᠠᠪᠤᠷᠢ ᠵᠢ ᠣᠯᠪᠠ᠃ ᠲᠥᠷᠥᠯ ᠵᠦᠢ᠍ᠯ᠎ᠤᠨ ᠰᠠᠭᠤᠷᠢ ᠳᠠᠪᠬᠤᠷᠭ᠎ᠠ ᠵᠢᠨ ᠡᠳ᠋ ᠬᠥᠷᠥᠩᠭᠡ᠎ᠨᠢ ᠥᠪᠥᠷ ᠮᠣᠩᠭᠤᠯ᠎ᠤᠨ ᠡᠨᠧᠷᠭᠢ ᠵᠢᠨ ᠪᠦᠯᠦᠭᠯᠡᠯ᠎ᠤᠨ ᠬᠠᠷᠢᠶ᠎ᠠ ᠬᠤᠶᠠᠷ ᠰᠠᠭᠤᠷᠢ ᠬᠠᠭᠤᠷᠠᠶ ᠳᠡᠭᠡᠷᠡᠬᠢ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠲᠠᠯᠠᠪᠤᠷ ᠪᠣᠯᠤᠨ᠎ᠠ᠂ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠪᠠᠷᠤᠭ 15 ᠲᠦᠮᠡᠨ ᠺᠢᠯᠣᠸᠠᠲ ᠪᠠᠶ᠋ᠢᠵᠤ᠂ ᠴᠥᠮ ᠰᠠᠯᠬᠢᠨ ᠡᠨᠧᠷᠭᠢ ᠵᠢᠨ ᠡᠬᠢ ᠪᠠᠶᠠᠯᠢᠭ ᠡᠯᠪᠡᠭ ᠳᠡᠯᠪᠡᠭ ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠳᠤ ᠪᠠᠶ᠋ᠢᠵᠤ᠂ ᠵᠢᠯ ᠪᠦᠷᠢ 4 ᠳ᠋ᠦᠩᠰᠢᠭᠤᠷ ᠺᠢᠯᠣᠸᠠᠲ ᠴᠠᠭ᠎ᠢ ᠳᠠᠪᠠᠭᠰᠠᠨ ᠨᠣᠭᠤᠭ᠋ᠠᠨ ᠴᠠᠬᠢᠯᠭ᠋ᠠᠨ᠎ᠢ ᠬᠠᠩᠭ᠋ᠠᠵᠤ᠂ ᠪᠠᠷᠢᠮᠵᠢᠶ᠎ᠠ ᠨᠡᠭᠦᠷᠡᠰᠦ ᠵᠢ 12 ᠲᠦᠮᠡᠨ ᠲᠣᠨ᠎ᠢ ᠳᠠᠪᠠᠭᠤᠯᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ 30 ᠲᠦᠮᠡᠨ ᠲᠣᠨ᠎ᠠᠴᠠ ᠳᠠᠪᠠᠭᠣᠯᠪᠠ᠃

  11 ᠳ᠋ᠦ᠍ᠭᠡᠷ ᠰᠠᠷ᠎ᠠ ᠵᠢᠨ 25᠎ᠤ ᠡᠳᠦᠷ ᠪᠣᠯᠲᠠᠯ᠎ᠠ᠂ ᠭᠦᠩ ᠶᠢᠨ ᠮᠧᠩ ᠨᠧᠩ ᠴᠡᠪᠡᠷ ᠡᠨᠧᠷᠭᠢ REIT ᠨᠢᠭᠡᠨᠲᠡ ᠰᠠᠭᠤᠷᠢ ᠮᠥᠩᠭᠦᠨ᠎ᠤ ᠬᠤᠪᠢ ᠵᠢ ᠬᠤᠳᠠᠯᠳᠤᠬᠤ ᠠᠵᠢᠯ ᠵᠶ᠋ᠠᠨ ᠤᠷᠤᠭᠰᠢᠲᠠᠶ ᠪᠡᠶᠡᠯᠡᠭᠦᠯᠪᠡ᠃ ᠬᠠᠮᠢᠶ᠎ᠠ ᠪᠦᠬᠦᠢ ᠠᠯᠪᠠᠨ ᠵᠠᠷ᠎ᠲᠤ ᠢᠯᠡᠷᠡᠭᠦᠯᠦᠭᠰᠡᠨ ᠵᠶ᠋ᠠᠷ᠂ ᠲᠣᠰ ᠰᠠᠭᠤᠷᠢ ᠮᠥᠩᠭᠦ ᠵᠢᠨ ᠣᠯᠠᠨ ᠨᠡᠶ᠋ᠢᠲᠡ ᠵᠢᠨ ᠪᠡᠯᠡ ᠣᠷᠣᠭᠤᠯᠤᠭᠴᠢᠳ᠎ᠤᠨ ᠪᠦᠲᠦᠮᠵᠢᠲᠡᠶ ᠬᠤᠳᠠᠯᠳᠤᠨ ᠠᠪᠬᠤ ᠳᠠᠬᠢᠨ ᠲᠤᠭ᠎ᠠ᠎ᠨᠢ 357 ᠳᠠᠬᠢᠨ ᠬᠦᠷᠴᠦ᠂ ᠡᠨᠡ ᠵᠢᠯ ᠨᠢᠭᠡᠨᠲᠡ ᠲᠠᠷᠬᠠᠭ᠋ᠠᠭᠰᠠᠨ ᠰᠠᠭᠤᠷᠢ ᠲᠥᠬᠦᠭᠡᠷᠦᠮᠵᠢ ᠵᠢᠨ ᠢᠯᠡ᠎ᠪᠠᠷ ᠴᠤᠭᠯᠠᠭᠤᠯᠤᠭᠰᠠᠨ REITs ᠳᠣᠲᠣᠷ᠎ᠠ᠂ ᠣᠯᠠᠨ ᠨᠡᠶ᠋ᠢᠲᠡ ᠵᠢᠨ ᠪᠡᠯᠡ ᠣᠷᠣᠭᠤᠯᠤᠭᠴᠢᠳ᠎ᠤᠨ ᠬᠠᠮᠤᠭ᠎ᠤᠨ ᠥᠨᠳᠥᠷ ᠬᠤᠳᠠᠯᠳᠤᠨ ᠠᠪᠬᠤ ᠳᠠᠬᠢᠨ ᠲᠤᠭ᠎ᠠ ᠪᠣᠯᠤᠭᠰᠠᠨ ᠪᠠᠶ᠋ᠢᠨ᠎ᠠ᠃ 《ᠡᠨᠡ᠎ᠨᠢ ᠵᠠᠬ᠎ᠠ ᠳᠡᠯᠭᠡᠭᠦᠷ᠎ᠤᠨ ᠪᠡᠯᠡ ᠣᠷᠣᠭᠤᠯᠤᠭᠴᠢᠳ᠎ᠤᠨ ᠥᠪᠥᠷ ᠮᠣᠩᠭᠤᠯ᠎ᠤᠨ ᠴᠡᠪᠡᠷ ᠡᠨᠧᠷᠭᠢ ᠵᠢᠨ ᠲᠦᠷᠦᠯ ᠵᠦᠢ᠍ᠯ᠎ᠢ ᠨᠢᠭᠡᠳᠦᠯᠲᠡᠶ ᠰᠠᠶ᠋ᠢᠨ ᠦᠵᠡᠭᠦ ᠢᠳᠡᠪᠬᠢᠲᠡᠶ ᠳᠣᠬᠢᠶ᠎ᠠ ᠵᠢ ᠳᠠᠮᠵᠢᠭᠤᠯᠵᠤ᠂ ᠪᠢᠳᠡᠨ᠎ᠤ ᠪᠡᠯᠡ ᠣᠷᠣᠭᠤᠯᠤᠯᠲᠠ ᠪᠠ ᠪᠡᠯᠡ ᠲᠣᠬᠢᠷᠠᠭᠤᠯᠭ᠎ᠠ ᠵᠢ ᠬᠠᠷᠢᠯᠴᠠᠨ ᠵᠣᠬᠢᠴᠠᠭᠤᠯᠤᠭᠰᠠᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠴᠢᠳᠠᠮᠵᠢ ᠵᠢ ᠲᠡᠭᠦᠯᠳᠡᠷᠵᠢᠭᠦᠯᠬᠦ᠎ᠳᠤ ᠠᠮᠵᠢᠯᠲᠠ ᠣᠯᠤᠭᠰᠠᠨ ᠬᠡᠷᠡᠭ᠎ᠤᠨ ᠵᠢᠱ᠌ᠢᠶ᠎ᠡ ᠵᠢ   ᠬᠠᠩᠭ᠋ᠠᠪᠠ》᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠮᠥᠩᠭᠥᠨ ᠭᠦᠢ᠍ᠯᠭᠡᠭᠡᠨ᠎ᠤ ᠠᠯᠪᠠᠨ ᠭᠡᠷ᠎ᠤᠨ ᠨᠢᠭᠡᠳᠦᠭᠡᠷ ᠳᠡᠰ᠎ᠤᠨ ᠪᠠᠶ᠋ᠢᠴᠠᠭ᠋ᠠᠨ ᠰᠤᠳᠤᠯᠤᠭᠴᠢ ᠸᠠᠩ ᠵᠢᠶᠦ᠋ᠨ ᠸᠸᠨ ᠢᠯᠡᠷᠬᠡᠢ᠌ᠯᠡᠪᠡ᠃

   ᠥᠪᠥᠷ ᠮᠣᠩᠭᠤᠯ᠎ᠤᠨ ᠰᠢᠭᠤᠳ ᠬᠠᠷᠢᠶ᠎ᠠ ᠲᠣᠮᠣ ᠬᠡᠯᠪᠡᠷᠢ ᠵᠢᠨ ᠡᠨᠧᠷᠭᠢ ᠵᠢᠨ ᠠᠵᠤ ᠠᠬᠤᠶ᠋ᠢᠯᠠᠯ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ᠎ᠤᠨ ᠡᠨᠧᠷᠭᠢ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠪᠣᠯ ᠥᠪᠥᠷ ᠮᠣᠩᠭᠤᠯ᠎ᠤᠨ ᠡᠨᠧᠷᠭᠢ ᠵᠢᠨ ᠲᠥᠷᠥᠯ ᠵᠦᠢ᠍ᠯ᠎ᠢ ᠨᠡᠭᠡᠭᠡᠨ ᠬᠥᠭᠵᠢᠭᠦᠯᠬᠦ ᠭᠤᠤᠯ ᠡᠭᠦᠷᠭᠡᠯᠡᠭᠴᠢ ᠪᠠ ᠪᠣᠳᠠᠲᠠᠶ ᠬᠡᠷᠡᠭᠵᠢᠭᠦᠯᠦᠭᠴᠢ ᠪᠠᠶ᠋ᠢᠵᠤ᠂ ᠠᠵᠢᠯᠯᠠᠭᠤᠯᠵᠤ ᠪᠠᠶ᠋ᠢᠭ᠎ᠠ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢᠨ ᠬᠡᠪᠴᠢᠶ᠎ᠡ ᠵᠢ ᠥᠪᠥᠷ ᠮᠣᠩᠭᠤᠯ᠎ᠤᠨ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ᠎ᠤᠨ ᠲᠡᠷᠢᠭᠦᠨ᠎ᠳᠤ ᠵᠢᠭᠰᠠᠭ᠋ᠠᠭᠳᠠᠵᠤ᠂ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠬᠢᠷᠢ ᠲᠦᠪᠰᠢᠨ ᠪᠥᠬᠦᠶ ᠠᠵᠢᠯ ᠲᠥᠷᠥᠯ᠎ᠳᠤ ᠲᠡᠷᠢᠭᠦᠯᠡᠪᠡ᠃  ᠡᠨᠡ ᠵᠢᠯ᠎ᠤᠨ 10 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠺᠣᠮᠫᠠᠨᠢ ᠵᠢᠨ ᠲᠡᠭᠡᠭᠡᠪᠦᠷᠢ ᠵᠢᠨ ᠬᠠᠮᠢᠶᠠᠷᠤᠯᠲᠠ ᠵᠢᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 760 ᠲᠦᠮᠡᠨ ᠺᠢᠯᠣᠸᠠᠲ᠎ᠢ ᠳᠠᠪᠠᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 2000 ᠲᠦᠮᠡᠨ ᠺᠢᠯᠣᠸᠠᠲ᠎ᠢ ᠳᠠᠪᠠᠵᠤ᠂ ᠵᠢᠱ᠌ᠢᠯᠲᠡ᠎ᠪᠠᠷ 2025 ᠣᠨ᠎ᠤ ᠡᠴᠦᠰ ᠪᠣᠯᠬᠤ᠎ᠳᠤ᠂ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ 2000 ᠲᠦᠮᠡᠨ ᠺᠢᠯᠣᠸᠠᠲ᠎ᠲᠤ ᠬᠦᠷᠴᠦ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ 3000 ᠲᠦᠮᠡᠨ ᠺᠢᠯᠣᠸᠠᠲ᠎ᠠᠴᠠ ᠳᠡᠭᠡᠭᠰᠢ᠎ᠳᠤ ᠬᠦᠷᠴᠦ᠂ ᠲᠣᠰ ᠰᠠᠭᠤᠷᠢ ᠮᠥᠩᠭᠦ ᠵᠢᠨ ᠦᠷᠭᠦᠯᠵᠢᠯᠡᠨ ᠥᠷᠭᠡᠳᠬᠡᠬᠦ᠎ᠳᠤ ᠪᠠᠲᠤ ᠪᠠᠬᠢ ᠲᠥᠷᠥᠯ ᠵᠦᠢ᠍ᠯ᠎ᠤᠨ ᠨᠥᠭᠡᠴᠡ ᠬᠠᠩᠭ᠋ᠠᠪᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            