ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠬᠡᠬᠤᠲᠠ ᠣᠯᠠᠨ ᠤᠯᠤᠰ᠎ᠤᠨ 《ᠨᠠᠶ᠋ᠢᠵᠠ ᠵᠢᠨ ᠲᠣᠭᠤᠷᠢᠭ》᠎ᠢ ᠬᠡᠷᠬᠢᠨ ᠪᠠᠶ᠋ᠢᠭᠤᠯᠤᠭᠰᠠᠨ᠎ᠢ ᠦᠵᠡᠭᠡᠭᠡᠷᠠᠢ
ᠨᠡᠶ᠋ᠢᠲᠡᠯᠡᠭᠰᠡᠨ ᠴᠠᠭ᠄ 2024-12-13

  12 ᠳ᠋ᠤᠭ᠋ᠠᠷ ᠰᠠᠷ᠎ᠠ ᠵᠢᠨ 6᠎ᠤ ᠡᠳᠦᠷ᠂ ᠮᠣᠩᠭᠤᠯ ᠤᠯᠤᠰ᠎ᠤᠨ ᠤᠯᠠᠭ᠋ᠠᠨᠪᠠᠭ᠋ᠠᠲᠤᠷ ᠬᠤᠲᠠ ᠵᠢᠨ ᠵᠠᠰᠠᠭ᠎ᠤᠨ ᠣᠷᠳᠣᠨ᠎ᠤ ᠡᠷᠬᠢᠯᠡᠭᠰᠡᠨ 2025 ᠣᠨ᠎ᠤ ᠲᠣᠮᠣ ᠬᠡᠯᠪᠡᠷᠢ ᠵᠢᠨ ᠲᠥᠷᠥᠯ ᠵᠦᠢ᠍ᠯ᠎ᠤᠨ ᠲᠠᠨᠢᠯᠴᠠᠭᠤᠯᠭ᠎ᠠ ᠵᠢᠨ ᠬᠤᠷᠠᠯ ᠪᠡᠭᠡᠵᠢᠩ᠎ᠳᠤ ᠬᠤᠷᠠᠯᠳᠤᠪᠠ᠃ ᠥᠪᠥᠷ ᠮᠣᠩᠭᠣᠯ᠎ᠤᠨ ᠬᠥᠬᠡᠬᠣᠲᠠ ᠵᠢᠨ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠵᠠᠮ᠂ ᠡᠨᠧᠷᠭᠢ ᠵᠢᠨ ᠨᠡᠭᠡᠭᠡᠯᠲᠡ᠂ ᠤᠰᠤᠨ᠎ᠤ ᠶᠠᠪᠤᠳᠠᠯ᠎ᠤᠨ ᠵᠠᠰᠠᠯᠲᠠ᠂ ᠲᠥᠯᠥᠪᠵᠢᠭᠦᠯᠭᠡ ᠵᠢᠷᠤᠭ ᠲᠥᠯᠥᠪᠯᠡᠭᠡ᠂ ᠡᠪᠡᠰᠦᠨ᠎ᠤ ᠲᠥᠷᠥᠯ᠎ᠤᠨ ᠠᠮᠢ ᠠᠬᠤᠢ ᠵᠡᠷᠭᠡ ᠬᠦᠷᠢᠶᠡᠨ᠎ᠳᠠᠬᠢ 11 ᠠᠵᠤ ᠠᠬᠤᠢ᠍ᠯᠠᠯ᠎ᠤᠨ 30 ᠭᠠᠷᠤᠢ ᠬᠥᠮᠦᠨ ᠬᠤᠷᠠᠯ᠎ᠳᠤ ᠬᠦᠷᠴᠦ ᠨᠥᠬᠥᠷᠰᠡᠭ ᠬᠣᠲᠠ ᠵᠢᠨ ᠬᠥᠭᠵᠢᠯᠲᠡ᠎ᠳᠤ ᠬᠦᠴᠦᠨ ᠨᠡᠮᠡᠷᠢᠯᠡᠪᠡ᠃

   ᠬᠤᠷᠠᠯ᠎ᠤᠨ ᠬᠤᠭᠤᠴᠠᠭ᠋ᠠᠨ᠎ᠳᠤ᠂ ᠮᠧᠩ ᠼᠤᠤ ᠠᠮᠢ ᠠᠬᠤᠶ ᠣᠷᠴᠢᠨ ᠲᠣᠭᠤᠷᠢᠨ (ᠪᠦᠯᠦᠭᠯᠡᠯ)᠎ᠤ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠥᠪᠥᠷ ᠮᠣᠩᠭᠤᠯ᠎ᠤᠨ ᠲᠢᠶᠠᠨ ᠬᠤᠤ ᠣᠯᠠᠨ ᠤᠯᠤᠰ᠎ᠤᠨ ᠠᠷᠠᠯᠵᠢᠶᠠᠨ᠎ᠤ ᠺᠣᠮᠫᠠᠨᠢ ᠵᠡᠷᠭᠡ ᠣᠯᠠᠨ ᠠᠵᠤ ᠠᠬᠤᠶ᠋ᠢᠯᠠᠯ ᠲᠣᠰ ᠲᠣᠰ ᠤᠯᠠᠭ᠋ᠠᠨᠪᠠᠭ᠋ᠠᠲᠤᠷ ᠬᠤᠲᠠ ᠵᠢᠨ ᠵᠠᠰᠠᠭ᠎ᠤᠨ ᠣᠷᠳᠣᠨ᠎ᠲᠠᠢ ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠤᠨ ᠵᠥᠪᠯᠡᠯᠴᠡᠭᠡᠷ ᠲᠣᠭᠲᠠᠪᠠ᠃ ᠤᠯᠠᠭ᠋ᠠᠨᠪᠠᠭ᠋ᠠᠲᠤᠷ ᠬᠤᠳᠠ ᠵᠢᠨ᠎ᠬᠢᠨ ᠬᠥᠬᠡᠬᠤᠲᠠ᠎ᠠᠴᠠ ᠬᠦᠢ᠍ᠲᠡᠨ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠡᠪᠡᠰᠦᠨ ᠦᠷ᠎ᠡ᠂ ᠱᠦᠢ᠍ᠨᠢ᠂ ᠰᠢᠯ ᠰᠢᠷᠬᠡᠭᠯᠢᠭ ᠬᠤᠭᠤᠯᠠᠢ ᠵᠢᠴᠢ ᠴᠠᠰᠤ ᠬᠠᠶ᠋ᠢᠯᠠᠭᠤᠯᠬᠤ ᠲᠥᠬᠦᠭᠡᠷᠦᠮᠵᠢ ᠬᠤᠳᠠᠯᠳᠤᠨ ᠠᠪᠴᠤ᠂ ᠲᠤᠰ ᠬᠤᠳᠠ ᠵᠢᠨ ᠠᠵᠤ ᠠᠬᠤᠶ᠋ᠢᠯᠠᠯ᠎ᠢ ᠤᠯᠠᠭ᠋ᠠᠨᠪᠠᠭ᠋ᠠᠲᠤᠷ᠎ᠤᠨ ᠭᠤᠣᠯ ᠬᠤᠳᠠ ᠵᠢᠨ ᠲᠣᠭᠤᠷᠢᠭ᠎ᠲᠤ ᠨᠣᠭᠤᠭ᠋ᠠᠷᠠᠭᠤᠯᠤᠨ ᠪᠦᠳᠦᠭᠡᠨ ᠪᠠᠶ᠋ᠢᠭᠤᠯᠬᠤ ᠪᠣᠯᠤᠨ᠎ᠠ ᠭᠡᠵᠦ ᠵᠥᠪᠯᠡᠨ ᠲᠣᠭᠲᠠᠵᠠᠢ᠃

   ᠡᠨᠡ ᠪᠣᠯ ᠬᠤᠶᠠᠷ ᠬᠤᠲᠠ ᠵᠢᠨ ᠨᠥᠬᠦᠷᠰᠡᠭ ᠬᠤᠲᠠ ᠵᠢ ᠪᠠᠶ᠋ᠢᠭᠤᠯᠤᠭᠰᠠᠨ᠎ᠠᠴᠠ ᠨᠠᠭ᠋ᠠᠰᠢᠬᠢ ᠭᠡᠷ᠎ᠡ ᠲᠣᠭᠲᠠᠭᠰᠠᠨ ᠬᠡᠪᠴᠢᠶ᠎ᠡ᠎ᠪᠠᠷ ᠬᠠᠮᠤᠭ᠎ᠤᠨ ᠥᠨᠳᠥᠷ᠂ ᠬᠠᠮᠲᠤᠷᠠᠯᠴᠠᠭ᠋ᠠᠨ᠎ᠤ ᠠᠯᠤᠰ ᠢᠷᠡᠭᠡᠳᠦᠶ᠎ᠪᠠᠷ ᠬᠠᠮᠤᠭ᠎ᠤᠨ ᠥᠷᠭᠡᠨ ᠨᠢᠭᠡ ᠤᠳᠠᠭ᠋ᠠᠨ᠎ᠤ ᠠᠵᠤ ᠠᠬᠤᠶ ᠠᠷᠠᠯᠵᠢᠶᠠᠨ᠎ᠤ ᠠᠵᠢᠯᠯᠠᠭ᠎ᠠ ᠮᠥᠨ᠂ ᠪᠠᠰᠠ ᠴᠤ᠌ ᠬᠤᠶᠠᠷ ᠬᠤᠲᠠ ᠵᠢᠨ ᠬᠠᠮᠲᠤ᠎ᠪᠠᠷ ᠭᠠᠷ᠎ᠤᠨ ᠥᠰᠥᠭ ᠵᠢᠷᠤᠭᠰᠠᠨ 《ᠳᠤᠮᠳᠠᠳᠤ ᠮᠣᠩᠭᠤᠯ᠎ᠤᠨ ᠨᠥᠬᠦᠷᠰᠡᠭ ᠬᠤᠲᠠ ᠵᠢ ᠪᠥᠬᠦ ᠲᠠᠯ᠎ᠠ᠎ᠪᠠᠷ ᠴᠣᠭᠴᠠᠯᠠᠨ ᠪᠠᠶ᠋ᠢᠭᠤᠯᠬᠤ ᠰᠣᠯᠢᠯᠴᠠᠭ᠋ᠠᠨ᠎ᠤ ᠥᠯᠢᠭᠡᠷ ᠳᠠᠭᠤᠷᠢᠶᠠᠯ᠎ᠤᠨ ᠰᠠᠨᠠᠭᠤᠯᠤᠮᠵᠢ》 ᠵᠢᠨ ᠪᠣᠳᠠᠲᠠᠶ ᠠᠷᠭ᠎ᠠ ᠬᠡᠮᠵᠢᠶ᠎ᠡ ᠮᠥᠨ᠂ ᠨᠠᠩ ᠴᠤ᠌ ᠨᠥᠬᠦᠷᠰᠡᠭ ᠬᠤᠲᠠ ᠵᠢᠨ ᠬᠤᠭᠤᠷᠣᠨᠳᠣᠬᠢ ᠠᠵᠤ ᠠᠬᠤᠶ ᠠᠷᠠᠯᠵᠢᠶᠠᠨ᠎ᠤ ᠪᠣᠳᠠᠲᠠᠶ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ ᠠᠮᠵᠢᠯᠲᠠ᠎ᠲᠠᠢ ᠦᠢ᠍ᠯᠡᠳᠦᠯᠭᠡ ᠮᠥᠨ᠃

  11 ᠳ᠋ᠦ᠍ᠭᠡᠷ ᠰᠠᠷ᠎ᠠ ᠵᠢᠨ ᠳᠤᠮᠳᠠᠴᠢ᠎ᠪᠠᠷ᠂ ᠳᠤᠮᠳᠠᠳᠤ ᠤᠯᠤᠰ᠎ᠤᠨ ᠠᠷᠠᠳ ᠲᠦᠮᠡᠨ᠎ᠤ ᠭᠠᠳᠠᠭ᠋ᠠᠳᠤ᠎ᠯᠤᠭ᠎ᠠ ᠵᠢᠨ ᠨᠥᠬᠦᠷᠰᠡᠭ ᠨᠡᠶ᠋ᠢᠭᠡᠮᠯᠢᠭ᠎ᠤᠨ ᠡᠷᠭᠢᠯᠡᠭᠰᠡᠨ 2024 ᠳᠤᠮᠳᠠᠳᠤ ᠤᠯᠤᠰ᠎ᠤᠨ ᠣᠯᠠᠨ ᠤᠯᠤᠰ᠎ᠤᠨ ᠨᠥᠬᠦᠷᠰᠡᠭ ᠬᠤᠲᠠ ᠵᠢᠨ ᠶᠡᠭᠡ ᠬᠤᠷᠠᠯ ᠳᠡᠭᠡᠷ᠎ᠡ᠂ ᠬᠥᠬᠡᠬᠤᠲᠠ 《ᠣᠯᠠᠨ ᠤᠯᠤᠰ᠎ᠤᠨ ᠨᠥᠬᠦᠷᠰᠡᠭ ᠬᠤᠲᠠ ᠵᠢᠨ ᠭᠠᠷᠮᠠᠭ᠋ᠠᠶ ᠬᠤᠪᠢ ᠨᠡᠮᠡᠷᠢ ᠦᠵᠡᠭᠦᠯᠦᠭᠰᠡᠨ ᠱᠠᠩᠨᠠᠯ》᠎ᠢ ᠭᠥᠷᠳᠡᠵᠦ᠂ ᠲᠣᠰ ᠱᠠᠩᠨᠠᠯ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠭᠠᠳᠠᠭ᠋ᠠᠳᠤ᠎ᠯᠤᠭ᠎ᠠ ᠵᠢᠨ ᠨᠥᠬᠦᠷᠰᠡᠭ ᠨᠡᠶ᠋ᠢᠭᠡᠮᠯᠢᠭ᠎ᠤᠨ ᠪᠠᠶ᠋ᠢᠭᠤᠯᠤᠭᠰᠠᠨ ᠣᠯᠠᠨ ᠤᠯᠤᠰ᠎ᠤᠨ ᠨᠥᠬᠦᠷᠰᠡᠭ ᠬᠤᠲᠠ ᠵᠢᠨ ᠠᠵᠢᠯ᠎ᠤᠨ ᠬᠠᠮᠤᠭ᠎ᠤᠨ ᠳᠡᠭᠡᠳᠦ ᠱᠠᠩᠨᠠᠯ ᠮᠥᠨ᠂ ᠪᠥᠬᠦ ᠤᠯᠤᠰ᠎ᠲᠤ ᠨᠡᠶ᠋ᠢᠲᠡ 10 ᠬᠤᠲᠠ ᠵᠢᠨ ᠱᠠᠩᠨᠠᠯ᠎ᠢ ᠭᠥᠷᠳᠡᠭᠰᠡᠨ ᠶᠤᠮ᠃

   ᠬᠥᠬᠡᠬᠤᠲᠠ ᠵᠢᠨ ᠣᠯᠠᠨ ᠤᠯᠤᠰ᠎ᠤᠨ 《ᠨᠠᠶ᠋ᠢᠵᠠ ᠵᠢᠨ ᠲᠣᠭᠤᠷᠢᠭ》 ᠮᠠᠭᠲᠠᠭᠳᠠᠭᠰᠠᠨ ᠰᠢᠯᠲᠠᠭ᠋ᠠᠨ ᠪᠣᠯ ᠶᠠᠭ ᠲᠡᠭᠦᠨ᠎ᠤ ᠭᠠᠳᠠᠭ᠋ᠠᠳᠤ ᠬᠠᠷᠢᠯᠴᠠᠭ᠋ᠠᠨ᠎ᠳᠠᠬᠢ ᠡᠷᠡᠰ ᠰᠢᠭᠤᠷᠬᠠᠶ᠎ᠪᠠᠷ ᠤᠷᠤᠭᠰᠢᠯᠠᠨ ᠳᠠᠪᠰᠢᠬᠤ᠂ ᠴᠢᠳᠠᠮᠠᠭ᠋ᠠᠶ᠎ᠪᠠᠷ ᠬᠢᠬᠦ ᠶᠠᠪᠤᠳᠠᠯ ᠮᠥᠨ᠂ ᠨᠥᠬᠦᠷᠰᠡᠭ ᠬᠤᠲᠠ ᠵᠢᠨ ᠪᠠᠶ᠋ᠢᠷᠢᠰᠢᠯ᠎ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠣᠯᠢᠯᠴᠠᠭ᠋ᠠᠨ᠎ᠤ ᠠᠷᠭ᠎ᠠ ᠵᠠᠮ᠎ᠢ ᠥᠷᠭᠡᠳᠬᠡᠨ᠂ ᠬᠠᠮᠲᠤᠷᠠᠯᠴᠠᠭ᠋ᠠᠨ᠎ᠤ ᠲᠠᠪᠴᠠᠩ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ᠎ᠤᠨ ᠶᠡᠷᠦᠩᠬᠡᠶ ᠭᠠᠳᠠᠭ᠋ᠠᠳᠤ ᠬᠠᠷᠢᠯᠴᠠᠭ᠎ᠠ ᠪᠠ ᠣᠷᠣᠨ᠎ᠤ ᠲᠥᠪ ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠦᠢ᠍ᠯᠡᠴᠢᠯᠡᠬᠦ ᠲᠠᠯ᠎ᠠ᠎ᠪᠠᠷ ᠭᠠᠷᠭ᠋ᠠᠭᠰᠠᠨ ᠴᠢᠷᠮᠠᠶ᠋ᠢᠯᠭ᠎ᠠ ᠮᠥᠨ᠃

   ᠬᠥᠬᠡᠬᠤᠲᠠ ᠤᠯᠠᠨ ᠤᠯᠤᠰ᠎ᠤᠨ ᠨᠥᠬᠦᠷᠰᠡᠭ ᠬᠤᠳᠠ ᠵᠢᠨ ᠠᠵᠢᠯ᠎ᠤᠨ ᠳᠤᠮᠳᠠ ᠤᠷᠳᠤ ᠬᠤᠭᠤᠴᠠᠭ᠋ᠠᠨ᠎ᠤ ᠬᠥᠭᠵᠢᠯᠲᠡ ᠵᠢᠨ ᠲᠥᠯᠥᠪᠵᠢᠭᠦᠯᠭᠡ ᠵᠢ ᠨᠠᠷᠢᠨ ᠬᠢᠨᠠᠮᠠᠭ᠋ᠠᠢ ᠲᠣᠭᠲᠠᠭ᠋ᠠᠵᠤ᠂ ᠤᠯᠤᠰ᠎ᠤᠨ ᠶᠡᠷᠦᠩᠬᠡᠢ ᠭᠠᠳᠠᠭ᠋ᠠᠳᠤ ᠬᠠᠷᠢᠯᠴᠠᠭ᠎ᠠ ᠪᠣᠯᠤᠨ ᠣᠷᠣᠨ᠎ᠤ ᠲᠥᠪ ᠬᠤᠲᠠ ᠵᠢᠨ ᠠᠵᠤ ᠠᠬᠤᠢ ᠵᠢᠨ ᠬᠥᠭᠵᠢᠯᠲᠡ᠎ᠳᠤ ᠦᠢ᠍ᠯᠡᠴᠢᠯᠡᠬᠦ ᠵᠢ ᠨᠥᠬᠦᠷᠰᠡᠭ ᠬᠤᠳᠠ ᠵᠢᠨ ᠠᠵᠢᠯ᠎ᠤᠨ ᠭᠤᠣᠯ ᠰᠢᠵᠢᠮ ᠪᠣᠯᠭ᠋ᠠᠵᠤ᠂ ᠡᠯ᠎ᠡ ᠬᠦᠷᠢᠶᠡᠨ᠎ᠤ ᠰᠠᠯᠠᠭ᠎ᠠ ᠮᠥᠴᠢᠷ᠂ ᠨᠡᠶ᠋ᠢᠭᠡᠮ᠎ᠤᠨ ᠡᠬᠢ ᠪᠠᠶᠠᠯᠢᠭ᠎ᠢ ᠲᠠᠶ᠋ᠢᠴᠢᠯᠠᠵᠦ᠂ ᠨᠥᠬᠦᠷᠰᠡᠭ ᠬᠤᠳᠠ ᠵᠢᠨ ᠪᠠᠶ᠋ᠢᠷᠢᠰᠢᠭᠤᠯᠤᠯᠲᠠ ᠵᠢ ᠬᠦᠴᠦᠯᠡᠨ ᠰᠢᠯᠢᠳᠡᠭᠵᠢᠭᠦᠯᠵᠦ᠂ ᠠᠷᠠᠳ᠎ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠵᠢ ᠪᠦᠬᠦ ᠲᠠᠯ᠎ᠠ᠎ᠪᠠᠷ᠂ ᠤᠯᠠᠨ ᠲᠡᠰ ᠳᠠᠪᠬᠤᠷᠭ᠎ᠠ᠎ᠪᠠᠷ ᠠᠬᠢᠭᠤᠯᠵᠤ᠂ 《ᠵᠠᠰᠠᠭ᠎ᠤᠨ ᠣᠷᠳᠣᠨ ᠬᠦᠳᠦᠯᠦᠨ ᠳᠠᠭ᠋ᠠᠭᠤᠯᠬᠤ᠂ ᠨᠥᠬᠦᠷᠰᠡᠭ ᠬᠤᠳᠠ ᠵᠢ ᠤᠷᠢᠳᠠᠪᠠᠷ ᠬᠡᠷᠡᠭᠵᠢᠭᠦᠯᠬᠦ᠂ ᠠᠷᠠᠳ᠎ᠤᠨ ᠳᠤᠮᠳᠠ ᠬᠦᠴᠦᠨ ᠨᠡᠮᠡᠷᠢᠯᠡᠬᠦ᠂ ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ》᠂ 《ᠲᠤᠮᠤ ᠨᠥᠬᠦᠷᠰᠡᠭ ᠬᠤᠳᠠ》 ᠵᠢᠨ ᠠᠵᠢᠯ᠎ᠤᠨ ᠪᠠᠶ᠋ᠢᠷᠢᠰᠢᠯ᠎ᠢ ᠠᠯᠬᠤᠮ ᠠᠯᠬᠤᠮ ᠵᠶ᠋ᠠᠷ ᠪᠦᠷᠢᠯᠳᠦᠭᠦᠯᠪᠡ᠃  ᠣᠳᠣᠬᠠᠨ᠎ᠳᠤ ᠨᠢᠭᠡᠨᠲᠡ ᠮᠣᠩᠭᠤᠯ ᠤᠯᠤᠰ᠎ᠤᠨ ᠤᠯᠠᠭ᠋ᠠᠨᠪᠠᠭ᠋ᠠᠲᠤᠷ ᠬᠤᠲᠠ᠂ ᠣᠷᠣᠰ᠎ᠤᠨ ᠤᠯᠠᠭ᠋ᠠᠠᠦ᠋ᠳᠡ ᠬᠤᠲᠠ᠂ ᠶᠠᠫᠣᠨ᠎ᠤ ᠭᠠᠩᠴᠢ ᠬᠤᠲᠠ᠂ ᠠᠮᠧᠷᠢᠺᠠ ᠵᠢᠨ ᠯᠠᠤᠰ ᠠᠩᠵᠧᠯᠧᠰ ᠵᠢᠶᠦ᠋ᠨ ᠵᠡᠷᠭᠡ ᠭᠠᠳᠠᠭ᠋ᠠᠳᠤ ᠵᠢᠨ 8 ᠬᠤᠳᠠ᠎ᠲᠠᠢ ᠨᠥᠬᠦᠷᠰᠡᠭ ᠬᠤᠳᠠ ᠵᠢᠨ ᠬᠠᠷᠢᠴᠠᠭ᠎ᠠ ᠪᠠᠶ᠋ᠢᠭᠤᠯᠬᠤ ᠵᠢᠨ ᠬᠠᠮᠲᠤ ᠪᠠᠰᠠ 20 ᠭᠠᠷᠤᠢ ᠭᠠᠳᠠᠭ᠋ᠠᠳᠤ ᠵᠢᠨ ᠬᠤᠳᠠ᠎ᠲᠠᠢ ᠲᠣᠭᠲᠠᠭᠤᠨ ᠰᠣᠯᠢᠯᠴᠠᠭ᠎ᠠ ᠬᠠᠮᠲᠤᠷᠠᠯᠴᠠᠭ᠋ᠠᠨ᠎ᠤ ᠬᠠᠷᠢᠯᠴᠠᠭ᠎ᠠ ᠪᠠᠶ᠋ᠢᠭᠤᠯᠵᠠᠢ᠃

   ᠡᠭᠦᠨ᠎ᠤ ᠬᠠᠮᠲᠤ᠂ ᠬᠥᠬᠡᠬᠤᠲᠠ ᠥᠨᠳᠥᠷ ᠲᠦᠪᠰᠢᠨ ᠪᠥᠬᠦᠶ ᠭᠠᠳᠠᠭ᠋ᠠᠳᠤ ᠨᠡᠭᠡᠭᠡᠯᠲᠡ ᠵᠢ ᠦᠷᠭᠦᠯᠵᠢᠯᠡᠨ ᠠᠬᠢᠭᠤᠯᠵᠤ᠂ ᠣᠷᠣᠨ᠎ᠤ ᠲᠥᠪ ᠬᠤᠲᠠ ᠵᠢᠨ ᠣᠯᠠᠨ ᠤᠯᠤᠰ᠎ᠤᠨ 《ᠨᠠᠶ᠋ᠢᠵᠠ ᠵᠢᠨ ᠲᠣᠭᠤᠷᠢᠭ》᠎ᠢ ᠲᠠᠰᠤᠷᠠᠯᠲᠠ ᠥᠬᠡᠶ ᠥᠷᠭᠡᠳᠬᠡᠪᠡ᠃  ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠠᠬᠢᠯᠡᠯᠲᠡ ᠵᠢᠨ ᠪᠥᠲᠥᠭᠡᠨ ᠪᠠᠶ᠋ᠢᠭᠤᠯᠤᠯᠲᠠ ᠵᠢᠨ ᠠᠯᠬᠤᠴᠠ ᠵᠢ ᠲᠦᠷᠭᠡᠳᠬᠡᠵᠦ᠂ 《ᠨᠢᠭᠡ ᠪᠦᠰᠡ ᠨᠢᠭᠡ ᠵᠠᠮ》 ᠪᠣᠯᠤᠨ ᠳᠤᠮᠳᠠᠳᠤ ᠮᠣᠩᠭᠤᠯ ᠣᠷᠣᠰ᠎ᠤᠨ ᠠᠵᠤ ᠠᠬᠤᠶ ᠵᠢᠨ ᠬᠤᠩᠭᠢᠯ᠎ᠤᠨ ᠪᠥᠲᠥᠭᠡᠨ ᠪᠠᠶ᠋ᠢᠭᠤᠯᠤᠯᠲᠠ᠎ᠳᠤ ᠢᠳᠡᠪᠬᠢᠲᠡᠶ ᠠᠭᠤᠰᠤᠯᠴᠠᠵᠤ᠂ ᠮᠣᠩᠭᠤᠯ ᠤᠯᠤᠰ᠎ᠤᠨ ᠤᠯᠠᠭ᠋ᠠᠨᠪᠠᠭ᠋ᠠᠲᠤᠷ ᠬᠤᠲᠠ᠂ ᠰᠡᠯᠡᠩᠭᠡ ᠠᠶ᠋ᠢᠮᠠᠭ᠂ ᠣᠷᠣᠰ᠎ᠤᠨ ᠤᠯᠠᠭ᠋ᠠᠠᠦ᠋ᠳᠡ ᠬᠤᠲᠠ᠂ ᠪᠧᠯᠤᠷᠦ᠋ᠰᠢᠶ᠎ᠠ ᠵᠢᠨ ᠣᠯᠠᠨ ᠤᠯᠤᠰ᠎ᠤᠨ ᠨᠥᠬᠦᠷᠰᠡᠭ ᠬᠤᠲᠠ ᠵᠢᠨ ᠰᠠᠭᠤᠷᠢ᠎ᠳᠤ ᠲᠦᠰᠢᠭᠯᠡᠨ᠂ ᠤᠮᠠᠷᠠᠰᠢ ᠨᠡᠭᠡᠭᠡᠯᠲᠡ ᠬᠢᠬᠦ᠎ᠳᠤ ᠲᠠᠰᠤᠷᠠᠯᠲᠠ ᠦᠭᠡᠢ ᠬᠦᠷᠦᠯᠴᠡᠬᠦ ᠦᠭᠡᠢ ᠲᠠᠯ᠎ᠠ᠎ᠪᠠᠨ ᠦᠷᠭᠦᠯᠵᠢᠯᠡᠭᠦᠯᠵᠦ᠂ ᠤᠷᠢᠳ ᠬᠤᠵᠢᠳ ᠣᠷᠣᠰ᠎ᠤᠨ ᠫᠧᠷᠮ ᠬᠤᠲᠠ᠂ ᠺᠷᠠᠰᠨᠣᠽᠺᠠ ᠬᠤᠲᠠ᠂ ᠮᠣᠩᠭᠤᠯ ᠤᠯᠤᠰ᠎ᠤᠨ ᠲᠥᠪ ᠠᠶ᠋ᠢᠮᠠᠭ᠂ ᠳᠠᠷᠬᠠᠨ ᠠᠭᠤᠯᠠ ᠠᠶ᠋ᠢᠮᠠᠭ᠂ ᠪᠧᠯᠤᠷᠦ᠋ᠰᠢᠶ᠎ᠠ ᠬᠤᠲᠠ᠂ ᠺᠠᠽᠠᠭᠰᠲ᠋ᠠᠨ᠎ᠤ ᠯᠠ ᠽᠢ ᠬᠤᠲᠠ᠂ ᠺᠠᠠ ᠯᠠ ᠭᠠᠨ ᠳ᠋ᠠ ᠵᠧᠤ ᠵᠡᠷᠭᠡ᠎ᠲᠠᠢ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠵᠠᠮ ᠳᠠᠭ᠋ᠠᠤ ᠵᠢᠨ ᠤᠯᠤᠰ᠎ᠤᠨ ᠠᠶ᠋ᠢᠮᠠᠭ ᠬᠤᠲᠠ᠎ᠲᠠᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠥᠷᠭᠡᠳᠬᠡᠪᠡ᠃

  《ᠠᠵᠤ ᠠᠬᠤᠢ᠌ᠯᠠᠯ᠎ᠢ ᠬᠠᠮᠢᠭ᠎ᠠ ᠬᠦᠷᠲᠡᠯ᠎ᠡ ᠪᠠᠶ᠋ᠢᠭᠤᠯᠬᠤ᠂ ᠨᠥᠬᠥᠷᠰᠡᠭ ᠬᠣᠲᠠ ᠵᠢ ᠬᠠᠮᠢᠭ᠎ᠠ ᠬᠦᠷᠲᠡᠯ᠎ᠡ ᠪᠠᠶ᠋ᠢᠭᠤᠯᠬᠤ》 ᠵᠣᠷᠢᠯᠲᠠ ᠵᠢ ᠪᠠᠷᠢᠮᠲᠠᠯᠠᠵᠤ᠂ ᠬᠥᠬᠡᠬᠣᠲᠠ 《ᠠᠵᠤ ᠠᠬᠤᠢ ᠵᠢᠨ ᠭᠠᠳᠠᠭ᠋ᠠᠳᠤ ᠶᠠᠪᠤᠳᠠᠯ》᠎ᠤᠨ ᠣᠨᠣᠯᠵᠢᠬᠤᠨ᠎ᠢ ᠴᠢᠩᠭ᠋ᠠᠳᠬᠠᠵᠤ᠂ ᠰᠠᠢ᠌ᠨ ᠨᠠᠢ᠌ᠵᠠ ᠬᠣᠲᠠ ᠵᠢᠨ ᠬᠤᠳᠠᠯᠳᠤᠭ᠋ᠠᠴᠢᠨ ᠤᠷᠢᠬᠤ ᠠᠵᠢᠯ᠎ᠢ ᠬᠢᠵᠦ ᠪᠠᠢ᠌ᠨ᠎ᠠ᠃ ᠬᠤᠲᠠ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠠᠵᠤ ᠠᠬᠤᠶ᠋ᠢᠯᠠᠯ᠎ᠤᠨ ᠭᠠᠳᠠᠭ᠋ᠠᠳᠤ ᠰᠣᠯᠢᠯᠴᠠᠭ᠎ᠠ ᠬᠠᠮᠲᠤᠷᠠᠯᠴᠠᠭ᠎ᠠ᠎ᠳᠤ ᠲᠦᠰᠢᠭᠯᠡᠨ᠂ ᠰᠢᠨ᠎ᠡ ᠽᠢᠯᠠᠨᠳ᠋᠎ᠤᠨ ᠺᠯᠠᠶ᠋ᠢᠰᠧᠴᠢ ᠬᠤᠲᠠ᠂ ᠰᠧᠢ᠍ᠰᠯᠦᠰᠧ ᠬᠤᠲᠠ᠂ ᠬᠤᠯᠠᠨᠳ᠋᠎ᠤᠨ ᠳᠠᠶ᠋ᠢᠷ ᠹᠦᠷᠲ ᠬᠤᠲᠠ᠂᠎ᠲᠠᠢ ᠤᠯᠤᠰ᠎ᠤᠨ ᠺᠦᠩ ᠵᠢᠩ ᠬᠤᠲᠠ᠂ ᠮᠠᠯᠠᠶ᠋ᠢᠰᠢᠶ᠎ᠠ ᠵᠢᠨ ᠰᠢᠨ ᠱᠠᠨ ᠬᠤᠲᠠ᠂ ᠶᠠᠫᠤᠨ᠎ᠤ ᠭᠦᠩ ᠴᠢ ᠬᠤᠲᠠ᠂ ᠢᠳᠠᠨ ᠬᠤᠲᠠ᠂ ᠬᠠᠨ ᠤᠯᠤᠰ᠎ᠤᠨ ᠸᠧᠶ ᠱᠠᠨ ᠬᠤᠲᠠ᠂ ᠦᠷᠦ᠋ᠭᠤᠸᠠᠢ ᠵᠢᠨ ᠱᠧᠩ ᠾᠧ ᠰᠠᠢ ᠬᠤᠲᠠ᠂ ᠠᠷᠭᠧᠨ᠋ᠲ᠋ᠢᠠ᠎ᠤ ᠪᠦᠶᠧᠨᠦ᠋ ᠬᠤᠲᠠ᠂ ᠺᠦᠷᠠᠨᠳᠤᠸᠠ ᠬᠤᠲᠠ᠂ ᠪᠷᠠᠽᠢᠯ᠎ᠤᠨ ᠱᠧᠩ ᠪᠦᠦ ᠯᠦᠸᠧ ᠬᠤᠲᠠ ᠵᠡᠷᠭᠡ ᠬᠤᠲᠠ᠎ᠯᠤᠭ᠎ᠠ ᠨᠥᠬᠦᠷᠰᠡᠭ ᠰᠣᠯᠢᠯᠴᠠᠭ᠎ᠠ ᠥᠷᠨᠢᠭᠦᠯᠬᠦ ᠵᠢ ᠢᠳᠡᠪᠬᠢᠲᠡᠢ ᠠᠬᠢᠭᠤᠯᠵᠤ᠂ ᠣᠷᠣᠨ᠎ᠤ ᠲᠥᠪ᠎ᠤᠨ ᠣᠯᠠᠨ ᠤᠯᠤᠰ᠎ᠤᠨ 《ᠨᠠᠶ᠋ᠢᠵᠠ ᠵᠢᠨ ᠲᠣᠭᠤᠷᠢᠭ》᠎ᠤᠨ ᠲᠤᠶ᠋ᠢᠯ᠎ᠤᠨ ᠲᠦᠷᠭᠡᠨ ᠵᠶ᠋ᠠᠷ ᠥᠷᠭᠡᠵᠢᠪᠡ᠃

   ᠨᠠᠶ᠋ᠢᠵᠠ ᠨᠦᠬᠦᠳ᠎ᠤᠨ ᠶᠠᠪᠤᠯᠴᠠᠭ᠎ᠠ ᠵᠢ ᠬᠡᠷᠬᠢᠨ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠪᠤᠢ? ᠬᠥᠬᠡᠬᠤᠲᠠ ᠵᠢᠨ᠎ᠬᠢᠨ ᠠᠷᠠᠳ ᠵᠶ᠋ᠠᠷ ᠨᠤᠶᠠᠳ᠎ᠢ ᠠᠬᠢᠭᠤᠯᠵᠤ᠂ ᠠᠵᠤ ᠠᠬᠤᠢ᠎ᠪᠠᠷ ᠵᠠᠰᠠᠭ᠎ᠤᠨ ᠶᠠᠪᠤᠳᠠᠯ᠎ᠢ ᠠᠬᠢᠭᠤᠯᠬᠤ ᠰᠡᠳᠬᠢᠴᠡ ᠵᠢ ᠨᠡᠭᠡᠭᠡᠵᠦ᠂ ᠠᠷᠠᠳ᠎ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠯᠠᠨ ᠤᠯᠤᠰ᠎ᠤᠨ ᠨᠥᠬᠦᠷᠰᠡᠭ ᠬᠤᠳᠠ᠎ᠯᠤᠭ᠎ᠠ ᠭᠤᠣᠯᠳᠠᠯᠭ᠎ᠠ᠎ᠲᠠᠢ ᠰᠣᠯᠢᠯᠴᠠᠭ᠋ᠠᠨ᠎ᠤ ᠠᠵᠢᠯᠯᠠᠭ᠎ᠠ ᠵᠢ ᠵᠠᠭᠤ ᠭᠠᠷᠤᠢ ᠤᠳᠠᠭ᠎ᠠ ᠥᠷᠨᠢᠭᠦᠯᠵᠦ᠂ ᠨᠥᠬᠦᠷᠰᠡᠭ ᠬᠤᠳᠠ ᠵᠢᠨ ᠬᠤᠭᠤᠷᠣᠨᠳᠣᠬᠢ ᠵᠠᠰᠠᠭ᠎ᠤᠨ ᠣᠷᠳᠣᠨ᠎ᠤ ᠬᠠᠷᠢᠯᠴᠠᠨ ᠰᠤᠷᠪᠤᠯᠵᠢᠯᠠᠬᠤ ᠪᠦᠯᠬᠦᠮ ᠮᠢᠩᠭ᠎ᠠ ᠭᠠᠷᠤᠢ ᠬᠥᠮᠦᠨ ᠤᠳᠠᠭ᠎ᠠ᠎ᠳᠤ ᠬᠦᠷᠴᠦ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ ᠵᠡᠷᠭᠡ ᠬᠦᠷᠢᠶᠡᠨ᠎ᠤ ᠨᠥᠬᠦᠷᠰᠡᠭ ᠬᠠᠮᠲᠤᠷᠠᠯᠴᠠᠭ᠋ᠠᠨ᠎ᠤ ᠰᠠᠨᠠᠮᠵᠢ ᠵᠢᠨ ᠪᠢᠴᠢᠭ᠂ ᠬᠡᠯᠡᠯᠴᠡᠭᠡᠷ᠎ᠤᠨ ᠪᠢᠴᠢᠭ᠎ᠲᠤ ᠭᠠᠷ᠎ᠤᠨ ᠦᠰᠦᠭ ᠵᠢᠷᠤᠬᠤ ᠵᠢᠨ ᠬᠠᠮᠲᠤ ᠲᠤᠮᠤ ᠬᠡᠯᠪᠡᠷᠢ ᠵᠢᠨ ᠤᠯᠠᠨ ᠤᠯᠤᠰ᠎ᠤᠨ ᠦᠵᠡᠰᠬᠦᠯᠡᠩ᠎ᠤᠨ ᠴᠤᠭᠯᠠᠭ᠋ᠠᠨ ᠵᠢᠴᠢ ᠶᠠᠷᠢᠶᠠᠨ᠎ᠤ ᠲᠠᠪᠴᠠᠩ ᠵᠡᠷᠭᠡ ᠲᠠᠪᠴᠠᠩ᠎ᠢ ᠠᠰᠢᠭᠯᠠᠵᠤ᠂ ᠤᠯᠠᠨ ᠤᠯᠤᠰ᠎ᠤᠨ ᠨᠥᠬᠦᠷᠰᠡᠭ ᠬᠤᠳᠠ ᠵᠢᠨ ᠠᠵᠤ ᠠᠬᠤᠢ ᠠᠷᠠᠯᠵᠢᠶ᠎ᠠ᠂ ᠰᠣᠶᠣᠯ ᠵᠤᠭ᠋ᠠᠴᠠᠯ᠂ ᠡᠮ ᠡᠮᠨᠡᠯᠭᠡ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠬᠦᠷᠢᠶᠡᠨ᠎ᠤ ᠬᠠᠮᠲᠤᠷᠠᠯᠴᠠᠭ᠋ᠠᠨ᠎ᠤ ᠳᠠᠯᠳᠠ ᠬᠦᠴᠦᠨ᠎ᠢ ᠠᠭᠤᠳᠠᠯᠵᠤ᠂ ᠨᠥᠬᠦᠷᠰᠡᠭ ᠬᠤᠳᠠ ᠵᠢᠨ ᠰᠣᠯᠢᠯᠴᠠᠭ᠋ᠠᠨ᠎ᠤ ᠲᠡᠰ ᠳᠠᠪᠬᠤᠷᠭ᠎ᠠ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠵᠢᠱ᠌ᠢᠶᠡᠯᠡᠪᠡᠯ ᠬᠥᠬᠡᠬᠤᠲᠠ ᠮᠣᠩᠭᠤᠯ ᠤᠯᠤᠰ᠎ᠯᠤᠭ᠎ᠠ ᠰᠠᠨᠠᠭ᠋ᠠᠴᠢᠯᠠᠭ᠎ᠠ᠎ᠠᠴᠠ᠎ᠪᠠᠨ 《ᠠᠷᠪᠠᠨ ᠳ᠋ᠦᠩᠰᠢᠭᠤᠷ ᠰᠠᠭᠤᠷᠢ ᠮᠣᠳᠣ ᠳᠠᠷᠢᠬᠤ ᠲᠥᠯᠥᠪᠯᠡᠭᠡ》᠎ᠲᠠᠢ ᠵᠣᠯᠭ᠋ᠠᠭᠤᠯᠵᠤ᠂ ᠲᠣᠰ ᠬᠤᠲᠠ ᠵᠢᠨ ᠡᠪᠡᠰᠦᠨ ᠦᠷ᠎ᠡ ᠵᠢᠨ ᠠᠵᠤ ᠠᠬᠤᠶ᠋ᠢᠯᠠᠯ᠎ᠤᠨ ᠮᠣᠩᠭᠤᠯ ᠤᠯᠤᠰ᠎ᠤᠨ ᠠᠵᠤ ᠠᠬᠤᠶ᠋ᠢᠯᠠᠯ᠎ᠲᠠᠢ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠠᠬᠢᠭᠤᠯᠵᠤ᠂ ᠮᠣᠩᠭᠤᠯ ᠤᠯᠤᠰ᠎ᠤᠨ ᠨᠥᠬᠦᠷᠰᠡᠭ ᠬᠤᠲᠠ ᠰᠡᠯᠡᠩᠭᠡ ᠠᠶ᠋ᠢᠮᠠᠭ᠎ᠲᠤ 《ᠳᠤᠮᠳᠠᠳᠤ ᠤᠯᠤᠰ᠎ᠤᠨ ᠬᠥᠬᠡᠬᠤᠲᠠ ᠵᠢᠨ ᠨᠥᠬᠦᠷᠯᠡᠯ᠎ᠤᠨ ᠣᠶ》 ᠵᠡᠷᠭᠡ ᠵᠢ ᠪᠣᠶ ᠪᠣᠯᠭ᠋ᠠᠨ᠎ᠠ᠃ ᠲᠣᠰ ᠬᠤᠲᠠ ᠵᠢᠨ ᠠᠵᠤ ᠠᠬᠤᠶ᠋ᠢᠯᠠᠯ᠎ᠤᠨ 《ᠭᠠᠳᠠᠭᠰᠢ ᠭᠠᠷᠬᠤ》᠎ᠳᠤ ᠬᠦᠴᠦᠨ ᠨᠡᠮᠡᠷᠢᠯᠡᠵᠦ᠂ ᠣᠯᠠᠨ ᠤᠯᠤᠰ᠎ᠤᠨ ᠨᠥᠬᠦᠷᠰᠡᠭ ᠬᠤᠲᠠ᠎ᠳᠤ ᠭᠠᠳᠠᠭ᠋ᠠᠳᠤ ᠵᠢᠨ ᠬᠥᠮᠥᠷᠭᠡ ᠪᠠᠶ᠋ᠢᠭᠤᠯᠵᠤ᠂ ᠬᠥᠬᠡᠬᠤᠲᠠ ᠵᠢᠨ ᠨᠠᠷᠠᠲᠤ ᠰᠢᠯᠢᠳᠡᠭ ᠣᠨᠴᠠ ᠪᠦᠲᠦᠭᠡᠭᠳᠡᠬᠦᠨ᠎ᠢ ᠭᠠᠳᠠᠭ᠋ᠠᠳᠤ ᠵᠢᠨ ᠵᠠᠬ᠎ᠠ ᠳᠡᠯᠭᠡᠭᠦᠷ᠎ᠲᠤ ᠭᠠᠷᠭ᠋ᠠᠨ᠎ᠠ᠃

   ᠤᠯᠠᠨ ᠵᠢᠯ᠎ᠤᠨ ᠲᠤᠷᠰᠢ᠂ ᠬᠥᠬᠡᠬᠤᠲᠠ ᠪᠣᠯᠤᠨ ᠡᠯ᠎ᠡ ᠨᠥᠬᠦᠷᠰᠡᠭ ᠬᠤᠳᠠ ᠵᠢᠨ᠎ᠬᠢᠨ ᠰᠣᠶᠣᠯ ᠢᠷᠭᠡᠨᠰᠢᠯ᠎ᠤᠨ ᠬᠦᠷᠢᠶᠡᠨ᠎ᠤ ᠨᠥᠬᠦᠷᠰᠡᠭ ᠰᠣᠯᠢᠯᠴᠠᠭ᠎ᠠ ᠵᠢ ᠢᠳᠡᠪᠬᠢᠲᠡᠢ ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠵᠠᠯᠠᠭᠤᠴᠤᠳ ᠪᠠᠭ᠋ᠠᠴᠤᠳ᠎ᠢ ᠬᠠᠷᠢᠯᠴᠠᠨ ᠲᠣᠮᠢᠯᠠᠵᠤ ᠨᠥᠬᠦᠷᠰᠡᠭ ᠰᠣᠯᠢᠯᠴᠠᠭ᠎ᠠ ᠬᠢᠬᠦ ᠪᠦᠯᠬᠦᠮ ᠳᠤᠭᠤᠶ᠋ᠢᠯᠠᠩ᠎ᠨᠢ ᠵᠠᠭᠤ ᠰᠢᠬᠠᠮ ᠪᠦᠯᠦᠭ ᠮᠢᠩᠭ᠎ᠠ ᠭᠠᠷᠤᠶ ᠬᠥᠮᠦᠨ ᠤᠳᠠᠭ᠎ᠠ ᠬᠢᠵᠡᠶ; 《ᠬᠥᠬᠡᠬᠤᠲᠠ ᠵᠢᠨ ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠲᠠᠢ ᠨᠥᠬᠦᠷᠰᠡᠭ ᠰᠣᠯᠢᠯᠴᠠᠭ᠋ᠠᠨ᠎ᠤ ᠡᠵᠡᠩᠨᠡᠯᠲᠡ》 ᠵᠢᠨ ᠨᠠᠷᠠᠲᠤ ᠲᠥᠷᠥᠯ ᠲᠡᠮᠳᠡᠭᠲᠦ ᠵᠢᠨ ᠠᠵᠢᠯᠯᠠᠭ᠎ᠠ ᠵᠢ ᠦᠷᠭᠦᠯᠵᠢᠯᠡᠨ ᠡᠭᠦᠳᠴᠦ᠂ ᠨᠥᠬᠦᠷᠰᠡᠭ ᠬᠤᠲᠠ ᠵᠢᠨ ᠵᠠᠯᠠᠭᠤᠴᠤᠳ ᠪᠠᠭ᠋ᠠᠴᠤᠳ᠎ᠢ ᠤᠷᠢᠵᠤ ᠬᠥᠬᠡᠬᠤᠲᠠ᠎ᠳᠤ ᠣᠴᠢᠭᠤᠯᠤᠨ ᠰᠣᠯᠢᠯᠴᠠᠭᠤᠯᠵᠤ᠂ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠎ᠢ ᠣᠶ᠋ᠢᠯᠠᠭ᠋ᠠᠭᠤᠯᠵᠤ᠂ ᠣᠷᠣᠨ᠎ᠤ ᠲᠥᠪ ᠬᠤᠲᠠ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠎ᠢ ᠣᠶ᠋ᠢᠯᠠᠭ᠋ᠠᠭᠤᠯᠪᠠ; ᠲᠣᠰ ᠬᠤᠲᠠ ᠵᠢᠨ ᠳᠤᠮᠳᠠᠳᠤ ᠰᠤᠷᠭ᠋ᠠᠭᠤᠯᠢ ᠬᠢᠭᠡᠳ ᠮᠣᠩᠭᠤᠯ ᠤᠯᠤᠰ᠎ᠤᠨ ᠤᠯᠠᠭ᠋ᠠᠨᠪᠠᠭ᠋ᠠᠲᠤᠷ ᠬᠤᠲᠠ᠂ ᠣᠷᠣᠰ᠎ᠤᠨ ᠫᠧᠯᠮ ᠬᠤᠲᠠ᠂ ᠬᠠᠩᠭ᠋ᠠᠷᠢᠳ᠋ ᠬᠤᠲᠠ ᠵᠢᠨ ᠳᠤᠮᠳᠠᠳᠤ ᠰᠤᠷᠭ᠋ᠠᠭᠤᠯᠢ᠎ᠯᠤᠭ᠎ᠠ ᠰᠤᠷᠭ᠋ᠠᠭᠤᠯᠢ ᠵᠢᠨ ᠬᠤᠭᠤᠷᠣᠨᠳᠣᠬᠢ ᠨᠥᠬᠦᠷᠰᠡᠭ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠭᠤᠯᠵᠤ᠂ ᠬᠢᠲᠠᠳ ᠬᠡᠯᠡᠨ᠎ᠤ ᠵᠢᠭ᠋ᠠᠨ ᠰᠤᠷᠭ᠋ᠠᠯᠲᠠ ᠵᠢᠨ ᠲᠥᠷᠥᠯ ᠵᠦᠢ᠍ᠯ᠂ ᠬᠠᠷᠢᠯᠴᠠᠨ ᠠᠶ᠋ᠢᠯᠴᠢᠯᠠᠵᠤ ᠰᠣᠯᠢᠯᠴᠠᠬᠤ ᠵᠡᠷᠭᠡ ᠰᠤᠷᠭ᠋ᠠᠭᠤᠯᠢ ᠵᠢᠨ ᠬᠤᠭᠤᠷᠣᠨᠳᠣᠬᠢ ᠨᠥᠬᠦᠷᠰᠡᠭ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠵᠤ᠂ ᠮᠣᠩᠭᠤᠯ ᠬᠢᠲᠠᠳ ᠡᠮ ᠡᠮᠨᠡᠯᠭᠡ ᠵᠢᠨ ᠣᠯᠠᠨ ᠤᠯᠤᠰ᠎ᠤᠨ ᠬᠥᠭᠵᠢᠯᠲᠡ ᠲᠦᠷᠭᠡᠨ ᠵᠠᠮ᠎ᠳᠤ ᠣᠷᠣᠬᠤ ᠵᠢ ᠠᠬᠢᠭᠤᠯᠤᠨ᠎ᠠ; ᠮᠣᠩᠭᠤᠯ ᠤᠯᠤᠰ᠂ ᠹᠢᠨᠯᠠᠨᠳ᠋ ᠵᠡᠷᠭᠡ ᠭᠠᠵᠠᠷ᠎ᠤᠳ᠎ᠲᠠᠢ ᠴᠡᠴᠡᠷᠯᠢᠭ᠎ᠤᠨ ᠨᠣᠭᠤᠭ᠋ᠠᠷᠠᠭᠤᠯᠤᠯᠲᠠ᠂ ᠦᠨᠳᠦᠰᠦᠨ ᠱᠠᠲᠤᠨ᠎ᠤ ᠵᠠᠰᠠᠯᠲᠠ᠂ ᠠᠵᠢᠯ ᠮᠡᠷᠭᠡᠵᠢᠯ᠎ᠤᠨ ᠪᠣᠯᠪᠠᠰᠤᠷᠠᠯ᠂ ᠨᠠᠰᠤᠲᠠᠶ᠋ᠢᠴᠤᠳ᠎ᠤᠨ ᠶᠡᠭᠡ ᠰᠤᠷᠭ᠋ᠠᠭᠤᠯᠢ᠂ ᠬᠡᠤᠬᠡᠳ᠎ᠤᠨ ᠰᠤᠷᠭ᠋ᠠᠨ ᠬᠥᠮᠦᠵᠢᠯ ᠵᠡᠷᠭᠡ ᠬᠦᠷᠢᠶᠡᠨ᠎ᠳᠠᠬᠢ ᠰᠤᠷᠪᠤᠯᠵᠢᠯᠠᠭ᠎ᠠ ᠪᠠ ᠰᠣᠯᠢᠯᠴᠠᠭ᠎ᠠ ᠵᠢ ᠥᠷᠨᠢᠭᠦᠯᠵᠦ᠂ ᠬᠠᠮᠲᠤᠷᠠᠯᠴᠠᠭ᠋ᠠᠨ᠎ᠤ ᠣᠷᠣᠨ ᠵᠠᠶ ᠵᠢ ᠲᠠᠰᠤᠷᠠᠯᠲᠠ ᠦᠭᠡᠢ ᠥᠷᠭᠡᠳᠬᠡᠨ᠎ᠡ᠃

   ᠰᠠᠨᠠᠭ᠎ᠠ ᠨᠢᠭᠡᠳᠦᠭᠰᠡᠨ᠎ᠳᠤᠷ ᠠᠭᠤᠯᠠ ᠳᠠᠯᠠᠢ᠎ᠪᠠᠷ ᠠᠯᠤᠰ᠎ᠢ ᠦᠯᠦ ᠵᠣᠷᠢᠬᠤ ᠠᠵᠤᠭᠤ᠃ ᠬᠥᠬᠡᠬᠣᠲᠠ ᠵᠢᠨ᠎ᠬᠢᠨ ᠨᠥᠬᠥᠷᠰᠡᠭ ᠬᠤᠳᠠ ᠵᠢᠨ ᠰᠣᠯᠢᠯᠴᠠᠭ᠎ᠠ᠎ᠪᠠᠷ ᠳᠠᠬᠢᠨᠲᠠ ᠰᠠᠢ᠌ᠬᠠᠨ ᠵᠣᠭᠣᠭ ᠡᠭᠦᠳᠬᠦ᠎ᠪᠠᠷ ᠴᠢᠷᠮᠠᠢ᠌ᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            