12 ᠳ᠋ᠤᠭ᠋ᠠᠷ ᠰᠠᠷ᠎ᠠ ᠵᠢᠨ 10᠎ᠤ ᠡᠳᠦᠷ᠂ ᠪᠡᠭᠡᠵᠢᠩ ᠬᠤᠳᠠ ᠵᠢᠨ ᠬᠠᠢ ᠳ᠋ᠢᠶᠠᠨ ᠲᠣᠭᠤᠷᠢᠭ ᠪᠣᠯᠤᠨ ᠥᠪᠥᠷ ᠮᠣᠩᠭᠤᠯ᠎ᠤᠨ ᠬᠥᠬᠡᠬᠤᠲᠠᠯᠤᠭᠠ 《ᠬᠤᠶᠠᠷ ᠴᠠᠭ᠎ᠤᠨ ᠰᠢᠨ᠎ᠡ ᠵᠢ ᠡᠭᠦᠳᠬᠦ ᠲᠣᠭᠤᠷᠢᠭ》᠎ᠢ ᠬᠠᠮᠲᠤ᠎ᠪᠠᠷ ᠪᠠᠶ᠋ᠢᠭᠤᠯᠬᠤ ᠠᠵᠢᠯ᠎ᠢ ᠠᠬᠢᠭᠤᠯᠬᠤ ᠬᠤᠷᠠᠯ ᠪᠡᠭᠡᠵᠢᠩ᠎ᠳᠤ ᠬᠤᠷᠠᠯᠳᠤᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠬᠥᠬᠡᠬᠤᠲᠠ ᠵᠢᠨ ᠨᠠᠮ᠎ᠤᠨ ᠬᠤᠷᠢᠶᠠᠨ᠎ᠤ ᠱᠦᠵᠢ ᠪᠦᠦ ᠭᠠᠩ᠂ ᠪᠡᠭᠡᠵᠢᠩ ᠬᠤᠲᠠ ᠵᠢᠨ ᠬᠠᠶ ᠳ᠋ᠢᠶᠠᠨ ᠲᠣᠭᠤᠷᠢᠭ᠎ᠤᠨ ᠨᠠᠮ᠎ᠤᠨ ᠬᠤᠷᠢᠶᠠᠨ᠎ᠤ ᠱᠦᠵᠢ ᠵᠠᠩ ᠭᠧ ᠬᠤᠷᠠᠯ᠎ᠳᠤ ᠣᠷᠣᠯᠴᠠᠪᠠ᠃
ᠬᠤᠷᠠᠯ᠎ᠠᠴᠠ ᠬᠤᠶᠠᠷ ᠲᠠᠯ᠎ᠠ ᠵᠢᠨ 《ᠬᠤᠶᠠᠷ ᠴᠠᠭ᠎ᠤᠨ ᠰᠢᠨ᠎ᠡ ᠵᠢ ᠡᠭᠦᠳᠬᠦ ᠲᠣᠭᠤᠷᠢᠭ》᠎ᠢ ᠬᠠᠮᠲᠤ᠎ᠪᠠᠷ ᠴᠣᠭᠴᠠᠯᠠᠭ᠋ᠠᠳ ᠣᠯᠤᠭᠰᠠᠨ ᠱᠠᠳᠤᠴᠢ ᠴᠢᠨᠠᠷᠲᠠᠢ ᠦᠷ᠎ᠡ ᠪᠦᠲᠦᠭᠡᠯ᠎ᠢ ᠰᠣᠨᠣᠰᠴᠤ᠂ 2025 ᠣᠨ᠎ᠤ ᠭᠤᠣᠯᠳᠠᠯᠭ᠎ᠠ᠎ᠲᠠᠢ ᠬᠠᠮᠲᠤᠷᠠᠯᠴᠠᠭ᠋ᠠᠨ᠎ᠤ ᠵᠦᠢ᠍ᠯᠡᠰ᠎ᠢ ᠲᠤᠬᠢᠷᠠᠭᠤᠯᠤᠨ ᠪᠠᠶ᠋ᠢᠷᠢᠯᠠᠭᠤᠯᠵᠤ᠂ ᠵᠦᠩ ᠭᠤᠸᠠᠨ ᠼᠦᠨ᠎ᠤ ᠰᠢᠨᠵᠢᠯᠡᠬᠦ ᠤᠬᠠᠭ᠋ᠠᠨᠴᠢ ᠬᠤᠳᠠ ᠵᠢᠨ ᠪᠤᠳᠤᠬᠤ ᠬᠦᠴᠦᠨ᠎ᠤ ᠦᠢ᠍ᠯᠡᠴᠢᠯᠡᠭᠡ ᠵᠢ ᠳᠡᠮᠵᠢᠬᠦ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠬᠤ᠂ ᠠᠵᠤ ᠦᠢ᠍ᠯᠡᠰ᠎ᠤᠨ ᠠᠮᠢ ᠠᠬᠤᠢ ᠵᠢᠨ ᠪᠦᠳᠦᠭᠡᠨ ᠪᠠᠶ᠋ᠢᠭᠤᠯᠤᠯᠲᠠ ᠵᠢ ᠲᠡᠭᠦᠯᠳᠡᠷᠵᠢᠭᠦᠯᠬᠦ ᠵᠢ ᠳᠡᠮᠵᠢᠬᠦ᠂ ᠪᠡᠭᠡᠵᠢᠩ ᠲᠢᠶᠠᠨᠵᠢᠨ ᠡᡁᠧᠪᠸᠢ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠦᠷ᠎ᠡ ᠪᠦᠲᠦᠭᠡᠯ᠎ᠢ ᠬᠤᠪᠢᠷᠠᠭᠤᠯᠤᠨ ᠨᠠᠶ᠋ᠢᠳᠠᠪᠤᠷᠢᠵᠢᠭᠤᠯᠬᠤ ᠵᠢ ᠠᠬᠢᠭᠤᠯᠬᠤ᠂ ᠬᠠᠮᠲᠤᠷᠠᠨ ᠰᠤᠷᠭ᠋ᠠᠭᠤᠯᠢ ᠡᠷᠬᠢᠯᠡᠬᠦ ᠵᠡᠷᠭᠡ ᠲᠠᠯ᠎ᠠ᠎ᠪᠠᠷ 6 ᠵᠦᠢ᠍ᠯ᠎ᠤᠨ ᠬᠠᠮᠲᠤᠷᠠᠯᠴᠠᠭ᠋ᠠᠨ᠎ᠤ ᠬᠠᠮᠲᠤ ᠵᠢᠨ ᠲᠠᠨᠢᠯᠲᠠ᠎ᠲᠠᠢ ᠪᠣᠯᠪᠠ᠃
ᠪᠣᠣ ᠭᠠᠩ ᠬᠠᠢ ᠳ᠋ᠢᠶᠠᠨ ᠲᠣᠭᠤᠷᠢᠭ᠎ᠠᠴᠠ ᠬᠥᠬᠡᠬᠤᠲᠠ᠎ᠳᠤ ᠳᠡᠮᠵᠢᠯᠭᠡ ᠦᠵᠡᠭᠦᠯᠦᠭᠰᠡᠨ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠰᠢᠨ᠎ᠡ ᠨᠢᠭᠡ ᠡᠭᠡᠯᠵᠢ ᠵᠢᠨ ᠵᠣᠬᠢᠶᠠᠮᠠᠯ ᠤᠶᠤᠨ ᠴᠢᠳᠠᠪᠤᠷᠢ ᠵᠢᠨ ᠬᠥᠭᠵᠢᠯᠲᠡ ᠵᠢᠨ ᠳᠠᠪᠠᠯᠭ᠋ᠠᠨ ᠤᠷᠤᠰᠬᠠᠯ᠎ᠤᠨ ᠡᠮᠦᠨ᠎ᠡ᠂ ᠬᠠᠢ ᠳ᠋ᠢᠶᠠᠨ ᠲᠣᠭᠤᠷᠢᠭ ᠢᠮᠠᠭᠲᠠ ᠤᠯᠤᠰ᠎ᠤᠨ ᠪᠠᠶ᠋ᠢᠯᠳᠤᠬᠤ ᠪᠤᠳᠤᠯᠭ᠎ᠠ᠎ᠳᠤ ᠦᠢ᠍ᠯᠡᠴᠢᠯᠡᠬᠦ ᠦᠨᠳᠦᠷᠴᠡ᠎ᠳᠤ ᠵᠣᠭᠰᠣᠵᠤ᠂ ᠠᠵᠤ ᠦᠢ᠍ᠯᠡᠰ᠎ᠤᠨ ᠬᠥᠭᠵᠢᠯᠲᠡ ᠵᠢᠨ ᠬᠠᠨᠳᠤᠰᠢ ᠪᠣᠯᠤᠨ ᠬᠤᠪᠢᠰᠤᠯᠲᠠ ᠵᠢᠨ ᠰᠡᠷᠭᠡᠭ ᠴᠢᠨᠠᠷ ᠵᠶ᠋ᠠᠨ ᠴᠠᠭ ᠢᠮᠠᠭᠲᠠ ᠪᠠᠲᠤᠯᠠᠵᠤ᠂ ᠨᠢᠭᠡᠨᠲᠡ ᠪᠠᠶ᠋ᠢᠭ᠎ᠠ ᠬᠥᠭᠵᠢᠯᠲᠡ ᠵᠢᠨ ᠰᠠᠭᠤᠷᠢ ᠪᠣᠯᠤᠨ ᠳᠠᠪᠠᠭᠤᠯᠢᠭ ᠵᠶ᠋ᠠᠨ ᠦᠷᠭᠦᠯᠵᠢᠯᠡᠨ ᠥᠷᠭᠡᠳᠬᠡᠵᠦ᠂ ᠵᠣᠬᠢᠶᠠᠮᠠᠯ ᠤᠶᠤᠨ ᠴᠢᠳᠠᠪᠤᠷᠢ ᠵᠢᠨ ᠡᠵᠡᠯᠡᠬᠦ ᠬᠥᠭᠵᠢᠯᠲᠡ ᠵᠢ ᠠᠬᠢᠭᠤᠯᠬᠤ ᠬᠡᠷᠡᠭᠲᠡᠢ᠃ ᠬᠠᠢ ᠳ᠋ᠢᠶᠠᠨ ᠲᠣᠭᠤᠷᠢᠭ ᠬᠥᠬᠡᠬᠤᠲᠠ᠎ᠲᠠᠢ ᠬᠠᠮᠲᠤ᠎ᠪᠠᠷ 《ᠬᠤᠶᠠᠷ ᠴᠠᠭ᠎ᠤᠨ ᠰᠢᠨ᠎ᠡ ᠵᠢ ᠡᠭᠦᠳᠬᠦ ᠲᠣᠭᠤᠷᠢᠭ》᠎ᠢ ᠴᠣᠭᠴᠠᠯᠠᠬᠤ ᠪᠣᠯ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ᠌ ᠵᠣᠬᠢᠶᠠᠮᠠᠯ ᠣᠶᠤᠨᠴᠢ ᠠᠵᠤ ᠦᠢ᠍ᠯᠡᠰ᠎ᠤᠨ ᠥᠨᠳᠦᠷᠯᠢᠭ᠎ᠢ ᠬᠠᠮᠲᠤᠷᠠᠨ ᠪᠠᠶ᠋ᠢᠭᠤᠯᠬᠤ ᠪᠣᠳᠠᠲᠠᠢ ᠭᠠᠷᠳᠠᠴᠠ ᠮᠥᠨ᠃ ᠢᠯᠠᠩᠭᠤᠶ᠎ᠠ ᠬᠠᠮᠲᠤᠷᠠᠯᠴᠠᠵᠤ ᠬᠡᠷᠡᠭᠵᠢᠭᠦᠯᠦᠭᠰᠡᠨ 《ᠪᠡᠭᠡᠵᠢᠩ᠎ᠤᠨ ᠳ᠋ᠡᠢ᠌ᠲ᠋ᠠ ᠵᠢ ᠦᠪᠦᠷ ᠮᠤᠩᠭᠤᠯ᠎ᠳᠤ ᠪᠤᠳᠤᠬᠤ》 ᠣᠶᠤᠨᠴᠢ ᠪᠣᠳᠣᠯᠭ᠎ᠠ ᠵᠢᠨ ᠠᠵᠤ ᠦᠢ᠍ᠯᠡᠰ᠎ᠤᠨ ᠬᠦᠷᠢᠶᠡᠯᠡᠩ᠂ ᠵᠡᠷᠭᠡᠴᠡᠭᠡ ᠪᠤᠳᠤᠬᠤ ᠬᠦᠴᠦᠨ᠎ᠤ ᠰᠠᠭᠤᠷᠢᠨ ᠭᠠᠵᠠᠷ᠂ ᠬᠤᠸᠠ ᠵᠣ᠌ ᠣᠶᠤᠨ᠎ᠤ ᠪᠤᠳᠤᠬᠤ ᠲᠥᠪ ᠵᠡᠷᠭᠡ ᠨᠢᠭᠡ ᠪᠦᠯᠦᠭ ᠴᠢᠬᠤᠯᠠ ᠶᠡᠭᠡ ᠠᠵᠤ ᠦᠢ᠍ᠯᠡᠰ᠎ᠤᠨ ᠲᠥᠷᠥᠯ ᠵᠦᠢ᠍ᠯ᠎ᠨᠢ ᠤᠯᠤᠰ᠎ᠤᠨ ᠳᠣᠲᠣᠭ᠋ᠠᠳᠤ ᠵᠢᠨ ᠵᠣᠬᠢᠶᠠᠮᠠᠯ ᠣᠶᠤᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠪᠣᠭᠤᠮᠢ ᠵᠢᠨ ᠠᠰᠠᠭᠤᠳᠠᠯ᠎ᠢ ᠰᠢᠢ᠍ᠳᠪᠦᠷᠢᠯᠡᠬᠦ᠂ ᠤᠯᠤᠰ᠎ᠲᠠᠭᠠᠨ ᠦᠢ᠍ᠯᠡᠳᠪᠦᠷᠢᠯᠡᠭᠰᠡᠨ ᠪᠣᠳᠣᠯᠭ᠎ᠠ ᠵᠢᠨ ᠴᠢᠳᠠᠪᠤᠷᠢ ᠵᠢ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠭᠦᠯᠬᠦ ᠵᠢ ᠪᠡᠶᠡᠯᠡᠭᠦᠯᠬᠦ ᠵᠢᠨ ᠲᠥᠯᠥᠭᠡ᠂ ᠣᠷᠣᠨ ᠪᠦᠰᠡ ᠵᠢᠨ ᠬᠠᠮᠲᠤᠷᠠᠯᠴᠠᠭ᠎ᠠ᠂ ᠳᠠᠪᠠᠭᠤᠯᠢᠭ ᠲᠠᠯ᠎ᠠ᠎ᠪᠠᠷ ᠵᠶ᠋ᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠠᠬᠢᠭᠤᠯᠬᠤ ᠰᠢᠨ᠎ᠡ ᠠᠷᠭ᠎ᠠ ᠵᠠᠮ᠎ᠢ ᠬᠠᠶ᠋ᠢᠨ ᠰᠦᠪᠡᠭᠴᠢᠯᠡᠪᠡ᠃ ᠬᠤᠶᠠᠷ ᠭᠠᠵᠠᠷ᠎ᠤᠨ ᠨᠢᠭᠲᠠ ᠬᠠᠮᠲᠤᠷᠠᠯᠴᠠᠭ᠎ᠠ ᠰᠣᠯᠢᠯᠴᠠᠭ᠎ᠠ᠎ᠠᠴᠠ ᠨᠠᠭ᠋ᠠᠰᠢ᠂ ᠬᠠᠢ ᠳ᠋ᠢᠶᠠᠨ 《ᠡᠮᠦᠨ᠎ᠡ᠎ᠨᠢ ᠶᠠᠪᠤᠵᠤ᠂ ᠵᠢᠱ᠌ᠢᠶ᠎ᠡ ᠦᠵᠡᠭᠦᠯᠬᠦ》 ᠶᠡᠭᠡ ᠣᠷᠣᠨ᠎ᠤ ᠡᠭᠦᠷᠭᠡᠯᠡᠯ ᠪᠠ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ ᠪᠣᠳᠠᠲᠠᠢ ᠵᠢ ᠡᠷᠬᠢᠮᠯᠡᠬᠦ ᠰᠤᠷᠲᠠᠯ᠎ᠢ ᠭᠦᠨᠵᠡᠭᠡᠢ ᠣᠶ᠋ᠢᠯᠠᠭ᠋ᠠᠪᠠ᠃ ᠬᠥᠬᠡᠬᠤᠲᠠ ᠵᠣᠯᠭ᠋ᠠᠯᠴᠠᠭ᠎ᠠ ᠰᠣᠯᠢᠯᠴᠠᠭ᠎ᠠ᠎ᠪᠠᠨ ᠴᠢᠨᠠᠭᠰᠢᠳᠠ ᠴᠢᠩᠭ᠋ᠠᠳᠬᠠᠵᠤ᠂ ᠲᠦᠷᠦ ᠵᠢᠨ ᠪᠤᠳᠤᠯᠭ᠎ᠠ ᠵᠢᠨ ᠳᠡᠮᠵᠢᠯᠭᠡ ᠪᠣᠯᠤᠨ ᠦᠢ᠍ᠯᠡᠴᠢᠯᠡᠭᠡᠨ᠎ᠤ ᠪᠠᠲᠤᠯᠠᠭ᠎ᠠ ᠵᠢ ᠢᠳᠡᠪᠬᠢᠲᠡᠢ ᠬᠠᠩᠭ᠋ᠠᠵᠤ᠂ ᠬᠤᠶᠠᠷ ᠲᠠᠯ᠎ᠠ ᠵᠢᠨ ᠵᠣᠬᠢᠶᠠᠮᠠᠯ ᠣᠶᠤᠨᠴᠢ ᠠᠵᠤ ᠦᠢ᠍ᠯᠡᠰ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠦᠷ᠎ᠡ ᠪᠦᠲᠦᠭᠡᠯ᠎ᠢ ᠣᠨᠳᠣᠣᠰᠢᠭᠤᠯᠬᠤ᠂ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠬᠥᠭᠵᠢᠯᠲᠡ᠂ ᠬᠦᠷᠢᠶᠡᠯᠡᠩ ᠲᠣᠭᠤᠷᠢᠭ᠎ᠤᠨ ᠰᠣᠯᠢᠯᠴᠠᠭ᠎ᠠ ᠬᠠᠮᠵᠢᠯᠴᠠᠭ᠎ᠠ ᠵᠡᠷᠭᠡ ᠲᠠᠯ᠎ᠠ᠎ᠪᠠᠷ ᠭᠦᠨᠵᠡᠭᠡᠢ ᠬᠠᠮᠲᠤᠷᠠᠯᠴᠠᠬᠤ ᠵᠢ ᠠᠬᠢᠭᠤᠯᠵᠤ᠂ ᠨᠡᠩ ᠤᠯᠠᠨ ᠬᠦᠷᠢᠶ᠎ᠡ᠂ ᠨᠡᠩ ᠥᠨᠳᠥᠷ ᠲᠦᠪᠰᠢᠨ ᠵᠶ᠋ᠠᠷ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠠᠰᠢᠭ ᠬᠦᠷᠳᠡᠬᠦ ᠵᠢ ᠪᠡᠶᠡᠯᠡᠭᠦᠯᠵᠦ᠂ ᠤᠯᠤᠰ᠎ᠤᠨ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ᠎ᠳᠤ ᠦᠢ᠍ᠯᠡᠴᠢᠯᠡᠬᠦ᠎ᠳᠤ ᠨᠡᠩ ᠶᠡᠭᠡ ᠬᠦᠴᠦᠨ ᠴᠢᠳᠠᠯ ᠵᠶ᠋ᠠᠨ ᠡᠷᠭᠦᠨ᠎ᠡ ᠭᠡᠵᠡᠢ᠃
ᠵᠠᠩ ᠭᠧ ᠬᠥᠬᠡᠬᠤᠲᠠ ᠵᠢᠨ ᠤᠳᠤᠷᠢᠳᠤᠯᠭ᠎ᠠ ᠨᠠᠷ᠎ᠤᠨ ᠬᠦᠷᠦᠯᠴᠡᠨ ᠢᠷᠡᠭᠰᠡᠨ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠪᠡ᠃ ᠲᠡᠷᠡ ᠬᠡᠯᠡᠬᠦ᠎ᠳᠡᠭᠡᠨ᠂ ᠬᠥᠬᠡᠬᠤᠲᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ ᠬᠤᠲᠠ ᠪᠣᠯᠤᠭᠰᠠᠨ᠎ᠤ ᠬᠤᠪᠢ᠎ᠳᠤ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠵᠢ ᠪᠠᠷᠢᠮᠲᠠᠯᠠᠵᠤ᠂ ᠤᠯᠠᠮᠵᠢᠯᠠᠯᠲᠤ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠢᠳᠡᠪᠬᠢᠲᠡᠶ ᠠᠬᠢᠭᠤᠯᠵᠤ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠪᠠ ᠢᠷᠡᠭᠡᠳᠦᠶ ᠵᠢᠨ ᠠᠵᠤ ᠦᠢ᠍ᠯᠡᠰ᠎ᠢ ᠲᠦᠷᠭᠡᠳᠬᠡᠨ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠣᠳᠣᠬᠢᠴᠢᠯᠠᠭᠰᠠᠨ ᠣᠷᠣᠨ ᠪᠦᠰᠡ ᠵᠢᠨ ᠲᠥᠪ ᠬᠤᠲᠠ ᠵᠢ ᠪᠥᠲᠥᠭᠡᠨ ᠪᠠᠶ᠋ᠢᠭᠤᠯᠬᠤ ᠳᠤᠮᠳᠠ ᠣᠯᠠᠨ᠎ᠤ ᠠᠩᠬᠠᠷᠤᠯ᠎ᠢ ᠲᠠᠲᠠᠭᠰᠠᠨ ᠠᠮᠵᠢᠯᠲᠠ ᠤᠯᠪᠠ᠃ ᠬᠠᠢ ᠳ᠋ᠢᠶᠠᠨ ᠪᠡᠭᠡᠵᠢᠩ᠎ᠤᠨ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠭᠤᠣᠯ ᠣᠷᠣᠨ ᠪᠣᠯᠤᠭᠰᠠᠨ᠎ᠤ ᠬᠤᠪᠢ᠎ᠳᠤ᠂ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ᠎ᠳᠤ ᠦᠢ᠍ᠯᠡᠴᠢᠯᠡᠬᠦ ᠲᠣᠭᠤᠷᠢᠨ᠎ᠳᠤ᠂ ᠵᠣᠬᠢᠶᠠᠮᠠᠯ ᠣᠶᠤᠨᠴᠢ ᠠᠵᠤ ᠦᠢ᠍ᠯᠡᠰ᠎ᠤᠨ ᠬᠥᠭᠵᠢᠯᠲᠡ ᠵᠢᠨ ᠠᠵᠠ ᠲᠣᠬᠢᠶᠠᠯ᠎ᠢ ᠪᠠᠲᠤ ᠡᠵᠡᠮᠳᠡᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠵᠦ᠂ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠣᠷᠣᠨ ᠪᠦᠰᠡ ᠵᠢᠨ ᠬᠠᠮᠵᠢᠯᠴᠠᠭ᠎ᠠ ᠵᠢ ᠪᠠᠷᠢᠮᠲᠠᠯᠠᠵᠤ᠂ ᠬᠤᠰᠢᠭᠤᠷᠠᠯ ᠤᠨᠤᠯ᠂ ᠦᠨᠳᠦᠰᠦᠨ ᠳᠠᠪᠬᠤᠷᠭ᠎ᠠ ᠵᠢᠨ ᠮᠡᠷᠭᠡᠵᠢᠯ᠂ ᠪᠤᠳᠤᠬᠤ ᠬᠦᠴᠦᠨ᠂ ᠲᠤᠭ᠎ᠠ ᠪᠠᠷᠢᠮᠲᠠ᠂ ᠠᠬᠤᠢ ᠲᠠᠯᠠᠪᠠᠢ ᠵᠢᠨ ᠬᠡᠷᠡᠭᠯᠡᠯᠲᠡ᠎ᠳᠤ ᠪᠦᠬᠦ ᠬᠡᠯᠬᠢᠶ᠎ᠡ᠎ᠪᠠᠷ ᠬᠦᠴᠦᠯᠡᠵᠦ᠂ ᠵᠣᠬᠢᠶᠠᠮᠠᠯ ᠣᠶᠤᠨᠴᠢ ᠰᠢᠨ᠎ᠡ ᠵᠢ ᠡᠭᠦᠳᠬᠦ ᠥᠨᠳᠦᠷᠯᠢᠭ ᠭᠠᠵᠠᠷ᠂ ᠬᠦᠴᠦᠨ ᠵᠦᠢ᠍ᠯ᠎ᠢ ᠲᠥᠪᠯᠡᠷᠡᠭᠦᠯᠦᠭᠰᠡᠨ ᠥᠨᠳᠦᠷᠯᠢᠭ ᠭᠠᠵᠠᠷ ᠪᠣᠯᠤᠨ ᠠᠵᠤ ᠦᠢ᠍ᠯᠡᠰ᠎ᠤᠨ ᠪᠦᠯᠦᠭᠵᠢᠯ᠎ᠤᠨ ᠥᠨᠳᠦᠷᠯᠢᠭ ᠭᠠᠵᠠᠷ᠎ᠢ ᠪᠠᠶ᠋ᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠨ ᠪᠡᠶᠡᠯᠡᠭᠦᠯᠬᠦ᠎ᠳᠤ ᠬᠤᠪᠢ ᠨᠡᠮᠡᠷᠢ ᠦᠵᠡᠭᠦᠯᠦᠨ᠎ᠡ᠃ 《ᠬᠤᠶᠠᠷ ᠴᠠᠭ᠎ᠤᠨ ᠰᠢᠨ᠎ᠡ ᠵᠢ ᠡᠭᠦᠳᠬᠦ ᠬᠦᠷᠢᠶ᠎ᠡ》 ᠵᠢ ᠬᠠᠮᠲᠤ᠎ᠪᠠᠷ ᠪᠠᠶ᠋ᠢᠭᠤᠯᠬᠤ ᠬᠠᠮᠲᠤᠷᠠᠯᠴᠠᠭ᠋ᠠᠨ᠎ᠤ ᠰᠠᠨᠠᠮᠵᠢ ᠵᠢᠨ ᠪᠢᠴᠢᠭ᠎ᠲᠤ ᠭᠠᠷᠤᠨ ᠦᠰᠦᠭ ᠵᠢᠷᠤᠭᠰᠠᠨ᠎ᠠᠴᠠ ᠨᠠᠭ᠋ᠠᠰᠢ᠂ ᠬᠤᠶᠠᠷ ᠭᠠᠵᠠᠷ᠎ᠤᠨ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠵᠣᠬᠢᠶᠠᠮᠠᠯ ᠣᠶᠤᠨᠴᠢ ᠠᠵᠤ ᠦᠢ᠍ᠯᠡᠰ ᠵᠡᠷᠭᠡ ᠵᠠᠩᠭᠢᠯᠠᠭ᠎ᠠ ᠵᠢᠨ ᠬᠥᠭᠵᠢᠯᠲᠡ ᠵᠢᠨ ᠬᠦᠷᠢᠶᠡᠨ᠎ᠳᠤ ᠡᠯᠧᠮᠧᠨ᠋ᠲ᠎ᠤᠨ ᠠᠭᠤᠰᠤᠯᠴᠠᠯ᠂ ᠡᠬᠢ ᠪᠠᠶᠠᠯᠢᠭ᠎ᠤᠨ ᠨᠡᠪᠲᠡᠷᠡᠯᠴᠡᠭᠡ᠂ ᠦᠢ᠍ᠯᠡᠴᠢᠯᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠭᠦᠨᠵᠡᠭᠡᠢ ᠬᠦᠴᠦᠯᠡᠨ ᠠᠬᠢᠭᠤᠯᠵᠤ᠂ ᠡᠯ᠎ᠡ ᠵᠦᠢ᠍ᠯ᠎ᠤᠨ ᠠᠵᠢᠯ ᠱᠠᠳᠤᠴᠢ ᠴᠢᠨᠠᠷᠲᠠᠢ ᠠᠬᠢᠴᠠ᠎ᠲᠠᠢ ᠪᠣᠯᠪᠠ᠃ ᠬᠤᠶᠠᠷ ᠲᠠᠯ᠎ᠠ᠎ᠪᠠᠷ ᠵᠶ᠋ᠠᠨ ᠠᠯᠤᠰ ᠬᠡᠳᠤ ᠵᠢᠨ ᠬᠥᠭᠵᠢᠯᠲᠡ ᠵᠢ ᠪᠣᠳᠣᠯᠬᠢᠯᠠᠵᠤ᠂ ᠲᠤᠰ ᠲᠤᠰ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠳᠠᠪᠠᠭᠤᠯᠢᠭ ᠵᠶ᠋ᠠᠨ ᠬᠠᠷᠢᠯᠴᠠᠨ ᠨᠥᠬᠦᠪᠦᠷᠢᠯᠡᠵᠦ᠂ ᠦᠷᠭᠦᠯᠵᠢᠯᠡᠨ ᠬᠦᠴᠦᠯᠡᠵᠦ ᠪᠠᠶ᠋ᠢᠭ᠋ᠠᠳ ᠬᠠᠮᠲᠤᠷᠠᠯᠴᠠᠭ᠋ᠠᠨ᠎ᠤ ᠰᠠᠭᠤᠷᠢ ᠵᠢ ᠪᠠᠬᠢᠵᠢᠭᠦᠯᠵᠦ᠂ ᠠᠵᠤ ᠦᠢ᠍ᠯᠡᠰ᠎ᠤᠨ ᠬᠠᠮᠵᠢᠯᠴᠠᠭ᠎ᠠ᠂ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ᠂ ᠣᠷᠣᠨ ᠪᠦᠰᠡ ᠵᠢᠨ ᠬᠠᠮᠵᠢᠯᠴᠠᠨ ᠬᠥᠭᠵᠢᠬᠦ ᠰᠢᠨ᠎ᠡ ᠠᠷᠭ᠎ᠠ ᠵᠠᠮ᠎ᠢ ᠬᠠᠮᠲᠤ᠎ᠪᠠᠷ ᠰᠦᠪᠡᠭᠴᠢᠯᠡᠵᠦ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ ᠪᠣᠯᠤᠨ ᠪᠦᠲᠦᠭᠡᠯᠴᠢ ᠬᠦᠴᠦᠨ᠎ᠢ ᠨᠡᠩ ᠶᠡᠭᠡ ᠡᠷᠴᠢᠮ ᠵᠶ᠋ᠠᠷ ᠬᠥᠭᠵᠢᠭᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠠᠯᠳᠠᠳᠤ ᠬᠥᠭᠵᠢᠯᠲᠡ᠂ ᠠᠵᠤ ᠦᠢ᠍ᠯᠡᠰ᠎ᠢ ᠰᠢᠯᠢᠳᠡᠭᠵᠢᠭᠦᠯᠦᠨ ᠲᠡᠰ ᠳᠡᠪᠰᠢᠭᠦᠯᠬᠦ᠂ ᠦᠢ᠍ᠯᠡᠳᠪᠦᠷᠢᠯᠡᠯ᠎ᠤᠨ ᠬᠦᠴᠦᠨ᠎ᠢ ᠪᠦᠬᠦᠯᠢ ᠴᠣᠭᠴᠠ᠎ᠪᠠᠷ᠎ᠨᠢ ᠳᠡᠭᠡᠭᠰᠢᠯᠡᠭᠦᠯᠬᠦ ᠵᠢ ᠲᠦᠷᠭᠡᠳᠬᠡᠨ ᠠᠬᠢᠭᠤᠯᠵᠤ᠂ ᠭᠦᠨᠵᠡᠭᠡᠢ ᠬᠠᠮᠲᠤᠷᠠᠯᠴᠠᠬᠤ᠎ᠳᠤ ᠨᠡᠩ ᠤᠯᠠᠨ ᠪᠣᠳᠠᠲᠠᠢ ᠵᠢ ᠡᠷᠬᠢᠮᠯᠡᠭᠰᠡᠨ ᠦᠷ᠎ᠡ ᠪᠦᠲᠦᠭᠡᠯ ᠣᠯᠵᠤ᠂ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠨᠡᠩ ᠰᠠᠶ᠋ᠢᠨ ᠦᠢ᠍ᠯᠡᠴᠢᠯᠡᠬᠦ ᠵᠢ ᠠᠬᠢᠭᠤᠯᠬᠤ ᠵᠢ ᠬᠦᠰᠡᠵᠦ ᠪᠠᠶ᠋ᠢᠨ᠎ᠠ ᠭᠡᠵᠦ ᠬᠡᠯᠡᠪᠡ᠃
ᠪᠡᠭᠡᠵᠢᠩ ᠬᠤᠲᠠ ᠵᠢᠨ ᠬᠠᠶ ᠳ᠋ᠢᠶᠠᠨ ᠲᠣᠭᠤᠷᠢᠭ᠎ᠤᠨ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠲᠣᠭᠤᠷᠢᠭ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠲᠣᠭᠤᠷᠢᠭ᠎ᠤᠨ ᠳᠡᠳ᠋ ᠳᠠᠷᠤᠭ᠎ᠠ ᠶᠤᠸᠠᠢ ᠯᠢ᠂ ᠪᠡᠭᠡᠵᠢᠩ ᠬᠤᠲᠠ ᠵᠢᠨ ᠬᠠᠶ ᠳ᠋ᠢᠶᠠᠨ ᠲᠣᠭᠤᠷᠢᠭ᠎ᠤᠨ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠤᠯᠤᠰ ᠲᠥᠷᠥ ᠬᠠᠤᠯᠢ ᠴᠠᠭ᠋ᠠᠵᠠ ᠵᠢᠨ ᠬᠤᠷᠢᠶᠠᠨ᠎ᠤ ᠱᠦᠵᠢ᠂ ᠲᠣᠭᠤᠷᠢᠭ᠎ᠤᠨ ᠨᠠᠮ᠎ᠤᠨ ᠬᠤᠷᠢᠶᠠᠨ᠎ᠤ ᠠᠯᠪᠠᠨ ᠬᠡᠷ᠎ᠤᠨ ᠡᠷᠬᠢᠯᠡᠭᠴᠢ ᠴᠧᠩ ᠫᠸᠢ ᠾᠧᠩ᠂ ᠵᠥᠩ ᠭᠤᠸᠠᠨ ᠼᠦᠨ ᠲᠣᠰᠬᠤᠨ᠎ᠤ ᠰᠢᠨᠵᠢᠯᠡᠬᠦ ᠤᠬᠠᠭ᠋ᠠᠨ᠎ᠤ ᠬᠤᠲᠠ ᠵᠢᠨ ᠬᠠᠮᠢᠶᠠᠷᠤᠯᠲᠠ ᠵᠢᠨ ᠵᠥᠪᠯᠡᠯ᠎ᠤᠨ ᠳᠡᠳ᠋ ᠡᠷᠬᠢᠯᠡᠭᠴᠢ᠂ ᠬᠠᠶ ᠳ᠋ᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠲᠠᠩ ᠴᠤᠤ᠂ ᠬᠥᠬᠡᠬᠤᠲᠠ ᠵᠢᠨ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠬᠤᠲᠠ ᠵᠢᠨ ᠳᠡᠳ᠋ ᠳᠠᠷᠤᠭ᠎ᠠ ᠯᠢᠦ ᠵᠢᠶ ᠶᠢᠩ᠂ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠬᠤᠲᠠ ᠵᠢᠨ ᠳᠠᠷᠤᠭ᠎ᠠ ᠼᠤᠤ ᡁᠢ᠂ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠬᠤᠷᠢᠨᠭᠡᠷ ᠰᠢᠨ᠎ᠡ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠡᠷᠬᠢᠯᠡᠭᠴᠢ᠂ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠵᠦ᠍ ᠵᠢᠶᠠᠨ ᠭᠦᠸᠧ ᠣᠷᠣᠯᠴᠠᠵᠠᠶ᠃