ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠥᠪᠥᠷ ᠮᠣᠩᠭᠤᠯ᠎ᠤᠨ ᠬᠥᠬᠡᠬᠤᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ ᠵᠢᠨ ᠵᠠᠭᠤᠨ ᠬᠦᠴᠦᠷᠬᠡᠭ᠎ᠤᠨ ᠰᠠᠮᠪᠠᠷ᠎ᠠ (2024)》᠎ᠲᠤ ᠵᠢᠭᠰᠠᠭ᠋ᠠᠭᠳᠠᠪᠠ
ᠨᠡᠶ᠋ᠢᠲᠡᠯᠡᠭᠰᠡᠨ ᠴᠠᠭ᠄ 2025-01-16

   ᠰᠢᠨ᠎ᠡ ᠵᠢᠯ᠎ᠤᠨ ᠡᠬᠢᠨ᠎ᠳᠤ᠂ ᠰᠠᠢ ᠳ᠋ᠢ ᠵᠥᠪᠯᠡᠭᠴᠢ ᠬᠣᠲᠠ ᠵᠢᠨ ᠠᠵᠤ ᠠᠬᠤᠢ ᠵᠢᠨ ᠰᠤᠳᠤᠯᠭ᠋ᠠᠨ᠎ᠤ ᠲᠥᠪ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠲᠠ ᠵᠢᠨ ᠵᠠᠭᠤᠨ ᠬᠦᠴᠦᠷᠬᠡᠭ᠎ᠤᠨ ᠰᠠᠮᠪᠠᠷ᠎ᠠ (2024)》 ᠵᠢ ᠨᠡᠢ᠌ᠲᠡᠯᠡᠪᠡ᠂ ᠥᠪᠥᠷ ᠮᠣᠩᠭᠣᠯ᠎ᠤᠨ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠲᠠ ᠵᠢᠨ ᠢᠷᠠᠭᠤ ᠠᠯᠳᠠᠷ᠎ᠤᠨ ᠰᠠᠮᠪᠠᠷ᠎ᠠ᠎ᠨᠢ 38 ᠪᠡᠢ᠌ᠵᠦ᠂ 2023 ᠣᠨ᠎ᠤ᠎ᠬᠢ᠎ᠠᠴᠠ 6 ᠣᠷᠣᠨ ᠳᠡᠭᠡᠭᠰᠢᠯᠡᠵᠦ᠂ ᠥᠪᠥᠷ ᠮᠣᠩᠭᠣᠯ᠎ᠤᠨ ᠴᠣᠷ᠎ᠤᠨ ᠭᠠᠭᠴᠠ ᠵᠠᠭᠤᠨ ᠬᠦᠴᠦᠷᠬᠡᠭ᠎ᠲᠤ ᠣᠷᠣᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠲᠠ ᠪᠣᠯᠤᠨ᠎ᠠ᠃ ᠡᠨᠡ ᠪᠣᠯ ᠬᠥᠬᠡᠬᠤᠲᠠ ᠵᠢᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠦᠬᠦ ᠬᠦᠴᠦᠨ ᠵᠶ᠋ᠠᠷ ᠵᠶ᠋ᠠᠨ ᠪᠠᠶ᠋ᠢᠭᠤᠯᠵᠤ᠂ ᠬᠤᠳᠠ ᠵᠢᠨ ᠰᠢᠨ᠎ᠡ ᠵᠢ ᠡᠭᠦᠳᠬᠦ ᠴᠢᠳᠠᠪᠤᠷᠢ ᠪᠣᠯᠤᠨ ᠶᠡᠷᠦᠩᠬᠡᠶ᠋ᠢᠯᠡᠭᠰᠡᠨ ᠦᠷᠢᠰᠦᠯᠳᠦᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠵᠢᠨ ᠴᠢᠬᠤᠯᠠ ᠢᠯᠡᠷᠡᠯ ᠪᠣᠯᠤᠨ᠎ᠠ᠃

   ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠲᠠ ᠪᠣᠯ ᠬᠣᠲᠠ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠥᠷᠨᠢᠭᠦᠯᠵᠦ᠂ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠵᠢᠨ ᠴᠢᠬᠤᠯᠠ ᠠᠴᠢᠶᠠᠯᠠᠪᠤᠷᠢ ᠵᠢᠨ ᠣᠷᠣᠨ ᠪᠦᠰᠡ ᠪᠣᠯᠤᠨ᠎ᠠ᠃ 2018 ᠣᠨ᠎ᠳᠤ᠂ ᠬᠥᠬᠡᠬᠤᠲᠠ ᠰᠢᠨ᠎ᠡ ᠬᠤᠲᠠ ᠲᠣᠭᠤᠷᠢᠭ᠎ᠤᠨ ᠬᠤᠩ ᠱᠧᠩ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠰᠠᠭᠤᠷᠢᠨ ᠳᠡᠭᠡᠷ᠎ᠡ ᠬᠥᠬᠡᠬᠤᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ ᠵᠢ ᠵᠢᠩᠬᠢᠨᠢ᠎ᠪᠠᠷ ᠫᠠᠶ᠋ᠢᠰᠠ ᠡᠯᠭᠦᠨ ᠪᠠᠶ᠋ᠢᠭᠤᠯᠵᠤ᠂ 22.65 ᠲᠡᠭᠰᠢ ᠳᠥᠷᠪᠡᠯᠵᠢᠨ ᠺᠢᠯᠤᠮᠸᠲᠷ ᠲᠠᠯᠠᠪᠠᠢ ᠵᠢ ᠡᠵᠡᠯᠡᠵᠦ᠂ ᠲᠣᠭ᠋ᠠᠴᠢᠯᠠᠭᠰᠠᠨ ᠠᠵᠤ ᠠᠬᠤᠢ᠂ ᠣᠶᠤᠨᠴᠢ ᠦᠢ᠍ᠯᠡᠳᠬᠦ᠂ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠭᠤᠣᠯᠯᠠᠬᠤ ᠠᠵᠤ ᠦᠢ᠍ᠯᠡᠰ ᠪᠣᠯᠭ᠋ᠠᠵᠤ᠂ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠂ ᠰᠢᠨ᠎ᠡ ᠵᠢ ᠡᠭᠦᠳᠬᠦ ᠴᠢᠳᠠᠪᠤᠷᠢᠲᠠᠨ ᠵᠡᠷᠭᠡ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠲᠥᠪᠯᠡᠷᠡᠭᠰᠡᠨ ᠥᠨᠳᠦᠷᠯᠢᠭ ᠭᠠᠵᠠᠷ ᠪᠣᠯᠪᠠ᠃  ᠣᠯᠠᠨ ᠵᠢᠯ᠎ᠤᠨ ᠲᠤᠷᠰᠢ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠲᠠ᠎ᠨᠢ ᠠᠵᠤ ᠦᠢ᠍ᠯᠡᠰ ᠪᠠ ᠬᠣᠲᠠ ᠵᠢ ᠠᠭᠤᠰᠤᠯᠴᠠᠭᠤᠯᠬᠤ ᠵᠢᠱ᠌ᠢᠶ᠎ᠡ ᠦᠵᠡᠭᠦᠯᠬᠦ ᠲᠣᠭᠣᠷᠢᠭ ᠵᠶ᠋ᠠᠷ ᠬᠥᠲᠥᠯᠦᠨ ᠳᠠᠭ᠋ᠠᠭᠤᠯᠵᠤ᠂ ᠬᠥᠭᠵᠢᠯᠲᠡ ᠵᠢᠨ ᠣᠷᠴᠢᠨ ᠲᠣᠭᠣᠷᠢᠨ᠎ᠢ ᠬᠦᠴᠦᠯᠡᠨ ᠰᠢᠯᠢᠳᠡᠭᠵᠢᠭᠦᠯᠵᠦ᠂ ᠨᠡᠭᠡᠭᠡᠯᠲᠡ ᠬᠢᠵᠦ ᠬᠠᠮᠲᠤᠷᠠᠯᠴᠠᠬᠤ ᠪᠠ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠠᠵᠤ ᠦᠢ᠍ᠯᠡᠰ ᠵᠶ᠋ᠠᠷ ᠬᠣᠲᠠ ᠵᠢ ᠬᠥᠭᠵᠢᠭᠦᠯᠬᠦ᠂ ᠬᠣᠲᠠ᠎ᠪᠠᠷ ᠠᠵᠤ ᠦᠢ᠍ᠯᠡᠰ᠎ᠢ ᠳᠠᠢ᠌ᠴᠢᠯᠠᠬᠤ᠂ ᠠᠵᠤ ᠦᠢ᠍ᠯᠡᠰ ᠪᠠ ᠬᠣᠲᠠ ᠵᠢ ᠠᠭᠤᠰᠤᠯᠴᠠᠭᠤᠯᠬᠤ᠂ ᠬᠣᠲᠠ ᠬᠥᠳᠡᠭᠡ ᠵᠢ ᠨᠢᠭᠡ ᠴᠣᠭᠴᠠᠵᠢᠭᠤᠯᠤᠭᠰᠠᠨ ᠬᠥᠭᠵᠢᠯᠲᠡ ᠵᠢᠨ ᠵᠠᠮ ᠵᠶ᠋ᠠᠷ ᠶᠠᠪᠤᠵᠤ᠂ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠳᠠᠩ ᠴᠤᠯᠭᠤᠢ ᠦᠢ᠍ᠯᠡᠳᠪᠦᠷᠢᠯᠡᠯ᠎ᠤᠨ ᠬᠡᠯᠪᠡᠷᠢ ᠵᠢᠨ ᠬᠦᠷᠢᠶᠡᠯᠡᠩ ᠲᠣᠭᠣᠷᠢᠭ᠎ᠤᠨ ᠠᠵᠤ ᠠᠬᠤᠢ᠎ᠠᠴᠠ ᠶᠡᠷᠦᠩᠬᠡᠢ᠌ᠯᠡᠭᠰᠡᠨ ᠬᠡᠯᠪᠡᠷᠢ ᠵᠢᠨ ᠬᠣᠲᠠ ᠵᠢᠨ ᠠᠵᠤ ᠠᠬᠤᠢ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠭᠡᠵᠦ᠂ ᠠᠵᠤ ᠦᠢ᠍ᠯᠡᠰ ᠪᠠ ᠬᠣᠲᠠ ᠵᠢᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠡᠬᠢ ᠪᠠᠶᠠᠯᠢᠭ᠎ᠤᠨ ᠠᠰᠢᠭᠯᠠᠮᠵᠢ ᠵᠢ ᠳᠡᠭᠡᠭᠰᠢᠯᠡᠭᠦᠯᠦᠨ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠤᠨ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠵᠤ᠂ ᠢᠯᠡᠳᠲᠡ ᠦᠷ᠎ᠡ ᠪᠦᠲᠦᠮᠵᠢ ᠣᠯᠪᠠ᠃ 2023 ᠣᠨ᠎ᠳᠤ᠂ ᠬᠥᠬᠡᠬᠤᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ ᠵᠢᠨ ᠡᠵᠡᠩᠨᠡᠯᠲᠡ ᠵᠢᠨ ᠣᠷᠣᠯᠭ᠎ᠠ᠎ᠨᠢ 50.6 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 85%᠎ᠪᠠᠷ ᠨᠡᠮᠡᠭᠳᠡᠨ᠂ ᠨᠡᠮᠡᠭᠳᠡᠯ᠎ᠤᠨ ᠬᠡᠮᠵᠢᠶ᠎ᠡ᠎ᠨᠢ ᠥᠪᠥᠷ ᠮᠣᠩᠭᠤᠯ᠎ᠤᠨ 75 ᠵᠠᠭᠤᠨ᠎ᠤ ᠨᠢᠭᠡᠴᠢ᠎ᠠᠴᠠ ᠥᠨᠳᠥᠷ ᠪᠣᠯᠪᠠ᠃

  2023 ᠣᠨ᠎ᠤ 11 ᠳ᠋ᠦ᠍ᠭᠡᠷ ᠰᠠᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠬᠥᠬᠡᠬᠤᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠢ ᠪᠠᠶ᠋ᠢᠭᠤᠯᠵᠤ᠂ ᠭᠤᠷᠪᠠᠳᠤᠭ᠋ᠠᠷ ᠲᠥᠷᠥᠯ᠎ᠤᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ ᠵᠶ᠋ᠠᠷ ᠬᠤᠪᠢᠶᠠᠷᠢᠯᠠᠨ ᠲᠣᠭᠲᠠᠭ᠋ᠠᠪᠠ᠃ 2024 ᠣᠨ᠎ᠤ 1 ᠳ᠋ᠦ᠍ᠭᠡᠷ ᠰᠠᠷ᠎ᠠ᠎ᠠᠴᠠ 9 ᠳ᠋ᠦ᠍ᠭᠡᠷ ᠰᠠᠷ᠎ᠠ ᠪᠣᠯᠲᠠᠯ᠎ᠠ᠂ ᠬᠥᠬᠡᠬᠤᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠤᠨ ᠶᠡᠷᠦᠩᠬᠡᠶ ᠡᠵᠡᠩᠨᠡᠯᠲᠡ ᠵᠢᠨ ᠣᠷᠣᠯᠭ᠎ᠠ᠎ᠨᠢ 65.6 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 151%᠎ᠪᠠᠷ ᠨᠡᠮᠡᠭᠳᠡᠵᠦ᠂ ᠠᠵᠤ ᠦᠢ᠍ᠯᠡᠰ᠎ᠤᠨ ᠬᠥᠭᠵᠢᠯᠲᠡ ᠵᠢᠨ ᠳᠠᠯᠳᠠ ᠬᠦᠴᠦᠨ ᠲᠣᠪᠤᠶ᠋ᠢᠮ᠎ᠠ ᠪᠣᠯᠪᠠ᠃

  2024 ᠣᠨ᠎ᠳᠤ᠂ ᠰᠢᠨ᠎ᠡ ᠬᠤᠲᠠ ᠲᠣᠭᠤᠷᠢᠭ᠎ᠤᠨ᠎ᠬᠢᠨ 《ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ ᠵᠢ ᠬᠥᠭᠵᠢᠭᠦᠯᠬᠦ》 ᠬᠠᠷᠠᠯᠲᠠ ᠵᠢᠨ ᠲᠣᠭᠤᠷᠢᠨ᠎ᠳᠤ᠂ 《1 + 3》 ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠶᠣᠰᠣᠭ᠋ᠠᠷ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ ᠵᠢᠨ ᠳᠠᠭ᠋ᠠᠭ᠋ᠠᠴᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠲᠠᠰᠤᠷᠠᠯᠲᠠ ᠥᠬᠡᠶ ᠲᠦᠷᠭᠡᠳᠬᠡᠨ ᠠᠬᠢᠭᠤᠯᠵᠤ᠂ ᠰᠢᠨ᠎ᠡ ᠵᠢ ᠡᠭᠦᠳᠬᠦ ᠠᠷᠭ᠎ᠠ ᠵᠠᠮ᠎ᠢ ᠪᠥᠬᠦ ᠲᠠᠯ᠎ᠠ᠎ᠪᠠᠷ ᠥᠷᠭᠡᠳᠬᠡᠨ᠂ ᠰᠢᠨ᠎ᠡ ᠵᠢ ᠡᠭᠦᠳᠬᠦ ᠡᠬᠢ ᠪᠠᠶᠠᠯᠢᠭ᠎ᠢ ᠲᠥᠪᠯᠡᠷᠡᠭᠦᠯᠬᠦ ᠵᠢ ᠲᠦᠷᠭᠡᠳᠬᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠦᠷᠭᠦᠯᠵᠢᠯᠡᠨ ᠳᠥᠯᠭᠢᠨ ᠠᠬᠢᠭᠤᠯᠤᠨ᠎ᠠ᠃ 《ᠬᠠᠮᠢᠶᠠᠷᠤᠯᠲᠠ ᠵᠢᠨ ᠵᠥᠪᠯᠡᠯ + ᠺᠣᠮᠫᠠᠨᠢ》 ᠵᠢᠨ ᠲᠤᠰᠬᠠᠶ᠋ᠢᠵᠢᠭᠰᠠᠨ ᠡᠵᠡᠩᠨᠡᠯᠲᠡ ᠵᠢ ᠪᠡᠶᠡᠯᠡᠭᠦᠯᠵᠦ᠂ 81 ᠲᠥᠷᠥᠯ ᠵᠦᠢ᠍ᠯ᠎ᠳᠤ ᠭᠡᠷ᠎ᠡ ᠲᠣᠭᠲᠠᠵᠤ᠂ ᠦᠷ᠎ᠡ ᠠᠰᠢᠭ ᠵᠶ᠋ᠠᠷ ᠳᠣᠤᠷ᠎ᠠ ᠬᠡᠷᠡᠭᠯᠡᠬᠦ ᠭᠠᠵᠠᠷ᠎ᠢ ᠨᠡᠶ᠋ᠢᠲᠡ 882 ᠮᠥ᠍᠂ ᠰᠤᠯᠠ ᠪᠠᠶ᠋ᠢᠭ᠎ᠠ ᠠᠰᠠᠷ ᠪᠠᠶ᠋ᠢᠰᠢᠩ 100 ᠲᠦᠮᠡᠨ ᠲᠡᠭᠰᠢ ᠳᠥᠷᠪᠡᠯᠵᠢᠨ ᠮᠸᠲᠷ ᠣᠷᠴᠢᠮ ᠰᠠᠢ᠌ᠵᠢᠷᠠᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠢ ᠭᠤᠶᠤᠴᠢᠯᠠᠨ ᠮᠡᠳᠡᠭᠦᠯᠬᠦ ᠠᠵᠢᠯ᠎ᠢ ᠲᠦᠷᠭᠡᠳᠬᠡᠨ ᠠᠬᠢᠭᠤᠯᠪᠠ᠃ ᠬᠥᠬᠡᠬᠤᠲᠠ ᠵᠢᠨ ᠲᠤᠭ᠎ᠠ ᠪᠠᠷᠢᠮᠲᠠ ᠵᠢ ᠲᠣᠳᠣᠷᠬᠠᠶ᠋ᠢᠯᠠᠬᠤ ᠰᠠᠭᠤᠷᠢᠨ ᠭᠠᠵᠠᠷ ᠫᠠᠶ᠋ᠢᠰᠠ ᠡᠯᠭᠦᠨ ᠠᠵᠢᠯᠯᠠᠵᠤ᠂ ᠥᠪᠥᠷ ᠮᠣᠩᠭᠤᠯ᠎ᠤᠨ ᠠᠩᠬᠠᠳᠠᠭᠴᠢ ᠲᠤᠭ᠎ᠠ ᠪᠠᠷᠢᠮᠲᠠ ᠵᠢᠨ ᠡᠯᠧᠮᠧᠨ᠋ᠲ᠎ᠤᠨ ᠠᠵᠤ ᠦᠢ᠍ᠯᠡᠰ᠎ᠤᠨ ᠬᠦᠷᠢᠶᠡᠯᠡᠩ ᠵᠶ᠋ᠠᠷ ᠵᠥᠪᠰᠢᠶᠡᠷᠡᠭᠳᠡᠵᠦ᠂ ᠪᠠᠢ ᠳ᠋ᠦ᠋᠂ ᠲᠢᠭ ᠲᠤᠭ ᠵᠡᠷᠭᠡ ᠨᠡᠷᠡᠳᠦ ᠲᠣᠭ᠋ᠠᠴᠢᠯᠠᠭᠰᠠᠨ 100 ᠭᠠᠷᠤᠢ ᠠᠵᠤ ᠠᠬᠤᠶ᠋ᠢᠯᠠᠯ᠎ᠢ ᠠᠮᠵᠢᠯᠲᠠ᠎ᠲᠠᠢ᠎ᠪᠠᠷ ᠣᠷᠣᠭᠤᠯᠤᠨ ᠠᠪᠴᠢᠷᠠᠪᠠ᠃  ᠥᠪᠥᠷ ᠮᠣᠩᠭᠣᠯ᠎ᠤᠨ ᠲᠣᠭ᠎ᠠ ᠪᠠᠷᠢᠮᠲᠠ ᠵᠢᠨ ᠬᠦᠴᠦᠨ ᠵᠦᠢ᠍ᠯ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ ᠪᠦᠬᠦ ᠤᠯᠤᠰ᠎ᠤᠨ ᠠᠩᠬᠠᠳᠠᠭᠴᠢ ᠪᠦᠯᠦᠭ ᠬᠣᠲᠠ ᠵᠢᠨ ᠪᠦᠬᠦ ᠣᠷᠣᠨ ᠪᠦᠰᠡ ᠵᠢᠨ ᠲᠣᠭ᠋ᠠᠴᠢᠯᠠᠭᠰᠠᠨ ᠬᠡᠯᠪᠡᠷᠢ᠎ᠪᠠᠨ ᠬᠤᠪᠢᠷᠠᠭᠤᠯᠤᠭᠰᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠠᠮᠵᠢᠯᠲᠠ᠎ᠲᠠᠢ  ᠰᠤᠩᠭᠤᠪᠠ᠃ ᠰᠢᠨ᠎ᠡ ᠵᠢ ᠡᠭᠦᠳᠬᠦ ᠭᠤᠣᠯ ᠴᠣᠭᠴᠠ ᠵᠢ ᠲᠦᠷᠭᠡᠪᠴᠢᠯᠡᠨ ᠪᠤᠶ᠋ᠢᠵᠢᠭᠤᠯᠵᠤ᠂ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ 18᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ 35᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ 2 ᠰᠢᠨ᠎ᠡ᠎ᠪᠠᠷ ᠨᠡᠮᠡᠭᠳᠡᠪᠡ᠃ 10 ᠠᠵᠤ ᠠᠬᠤᠢ᠌ᠯᠠᠯ᠂ 《ᠭᠤᠷᠪᠠ ᠵᠢ  ᠴᠡᠪᠡᠷᠯᠡᠬᠦ》 ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ 《ᠮᠧᠩ ᠺᠧ ᠵᠢᠤᠢ》 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ ᠵᠢᠨ ᠰᠢᠨ᠎ᠡ ᠵᠢ ᠡᠭᠦᠳᠬᠦ ᠲᠥᠪᠯᠡᠷᠡᠯ᠎ᠤᠨ ᠣᠷᠣᠨ᠎ᠢ ᠠᠮᠵᠢᠯᠲᠠ᠎ᠲᠠᠢ ᠪᠠᠶ᠋ᠢᠭᠤᠯᠵᠤ᠂ ᠤᠯᠤᠰ᠎ᠤᠨ ᠳᠣᠲᠣᠭ᠋ᠠᠳᠤ ᠵᠢᠨ ᠠᠩᠬᠠᠳᠠᠭᠴᠢ ᠮᠤᠵᠢ ᠵᠢᠨ ᠱᠠᠲᠤᠨ᠎ᠤ ᠳᠠᠭ᠋ᠠᠭᠤᠯᠢ ᠣᠳᠣᠨ᠎ᠤ 《ᠬᠦᠬᠡᠬᠤᠲᠠ ᠨᠢᠭᠡᠳᠦᠭᠡᠷ ᠨᠣᠮᠧᠷ》᠎ᠢ ᠠᠮᠵᠢᠯᠲᠠ᠎ᠲᠠᠢ᠎ᠪᠠᠷ ᠬᠠᠷᠪᠤᠵᠤ᠂ ᠰᠢᠨ᠎ᠡ ᠵᠢ ᠡᠭᠦᠳᠬᠦ ᠨᠡᠷ᠎ᠡ ᠵᠢᠨ ᠬᠠᠭᠤᠳᠠᠰᠤ ᠨᠠᠩ ᠲᠤᠩᠭ᠋ᠠᠯᠠᠭ ᠪᠣᠯᠪᠠ᠃

   ᠣᠳᠣᠬᠠᠨ ᠪᠣᠯᠲᠠᠯ᠎ᠠ᠂ ᠬᠥᠬᠡᠬᠤᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ ᠵᠢᠨ ᠠᠵᠤ ᠠᠬᠤᠢ ᠵᠢᠨ ᠨᠡᠭᠡᠭᠡᠯᠲᠡ ᠵᠢᠨ ᠲᠣᠭᠤᠷᠢᠭ᠎ᠲᠤ 388 ᠠᠵᠤ ᠠᠬᠤᠶ᠋ᠢᠯᠠᠯ ᠣᠷᠣᠵᠤ ᠰᠠᠭᠤᠨ᠂ ᠡᠵᠡᠩᠨᠡᠯᠲᠡ ᠵᠢᠨ ᠣᠷᠣᠯᠭ᠎ᠠ ᠵᠢ 92 ᠳ᠋ᠦᠩᠰᠢᠭᠤᠷ ᠲᠥᠭᠦᠷᠢᠭ ᠪᠡᠶᠡᠯᠡᠭᠦᠯᠬᠦ᠎ᠪᠠᠷ ᠵᠢᠱ᠌ᠢᠵᠦ ᠪᠣᠶ᠃ ᠨᠢᠭᠡᠨᠲᠡ ᠴᠧᠨ ᠠᠷᠪᠠᠨ ᠨᠢᠭᠡ᠂ ᠼᠠᠢ ᠵᠢᠨ ᠱᠧᠩ᠂ ᠴᠢᠶᠣᠤ ᠯᠢ ᠬᠤᠩ᠂ ᠡᠸᠤ ᠶᠠᠩ ᠮᠢᠩ ᠭᠤᠤ᠂ ᠹᠧᠩ ᠯᠢ ᠮᠢᠩ ᠵᠡᠷᠭᠡ ᠨᠢᠭᠡ ᠪᠦᠯᠦᠭ ᠳᠡᠭᠡᠳᠦ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ ᠵᠢᠴᠢ ᠲᠡᠭᠦᠨ᠎ᠠᠴᠠ ᠳᠡᠭᠡᠭᠰᠢᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ ᠪᠤᠶᠤ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠶ᠋ᠢᠭᠤᠯᠤᠮᠵᠢ᠎ᠲᠠᠢ ᠪᠣᠯᠵᠣ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠢ ᠡᠭᠦᠳᠦᠨ ᠪᠠᠶ᠋ᠢᠭᠤᠯᠬᠤ ᠱᠠᠭ᠋ᠠᠷᠳᠠᠯᠭ᠎ᠠ᠎ᠠᠴᠠ ᠬᠤᠯᠠ ᠳᠠᠪᠠᠪᠠ (20 ᠡᠷᠦᠬᠡ)᠃  ᠨᠢᠭᠡ ᠪᠦᠯᠦᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠭᠦᠯᠦᠭᠦᠷ᠂ ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠬᠤ ᠣᠷᠣᠨ ᠵᠠᠶ ᠵᠡᠷᠭᠡ ᠰᠢᠨ᠎ᠡ ᠵᠢ ᠡᠭᠦᠳᠦᠨ ᠠᠳᠠᠯ ᠦᠢ᠍ᠯᠡᠰ ᠴᠣᠭᠴᠠᠯᠠᠬᠤ ᠵᠢᠨ ᠨᠡᠪᠴᠢᠭᠦᠯᠬᠦ ᠠᠴᠢᠶᠠᠯᠠᠪᠤᠷᠢ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠦᠢ᠍ᠯᠡᠴᠢᠯᠡᠬᠦ ᠪᠡᠯᠡ ᠣᠷᠣᠭᠤᠯᠵᠤ ᠲᠣᠬᠢᠷᠠᠭᠤᠯᠬᠤ ᠪᠠᠶ᠋ᠢᠭᠤᠯᠤᠮᠵᠢ ᠵᠢ ᠪᠦᠲᠦᠭᠡᠨ  ᠪᠠᠶ᠋ᠢᠭᠤᠯᠵᠤ᠂ ᠰᠠᠭᠤᠷᠢᠰᠢᠭᠤᠯᠤᠨ᠎ᠠ᠃ ᠰᠢᠨ᠎ᠡ ᠵᠢ ᠡᠭᠦᠳᠬᠦ ᠰᠢᠰᠲ᠋ᠧᠮᠵᠢ ᠲᠡᠭᠦᠯᠳᠡᠷᠵᠢᠵᠦ᠂ ᠰᠤᠳᠤᠯᠤᠨ ᠨᠡᠭᠡᠭᠡᠬᠦ ᠵᠠᠷᠤᠳᠠᠯ᠎ᠤᠨ ᠣᠷᠣᠭᠤᠯᠤᠯᠲᠠ ᠵᠢᠨ ᠨᠡᠮᠡᠭᠳᠡᠯ᠎ᠤᠨ ᠬᠡᠮᠵᠢᠶ᠎ᠡ᠎ᠨᠢ ᠪᠠᠶ᠋ᠢᠭ᠎ᠠ ᠠᠶ᠋ᠢᠮᠠᠭ ᠬᠣᠲᠠ ᠵᠢᠨ ᠨᠡᠮᠡᠭᠳᠡᠯ᠎ᠤᠨ ᠬᠢᠷᠢ ᠬᠡᠮᠵᠢᠶ᠎ᠡ᠎ᠠᠴᠠ 189.45 ᠵᠠᠭᠤᠨ᠎ᠤ ᠴᠡᠭ ᠥᠨᠳᠥᠷ ᠪᠣᠯᠪᠠ᠃

   ᠬᠥᠬᠡᠬᠤᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ ᠵᠢᠨ ᠰᠢᠨ᠎ᠡ ᠵᠢ ᠡᠭᠦᠳᠬᠦ ᠡᠨᠧᠷᠭᠢ ᠵᠢᠨ ᠲᠠᠰ᠂ ᠠᠵᠤ ᠦᠢ᠍ᠯᠡᠰ᠎ᠤᠨ ᠡᠨᠧᠷᠭᠢ ᠵᠢᠨ ᠲᠠᠰ᠎ᠢ ᠳᠡᠭᠡᠭᠰᠢᠯᠡᠭᠦᠯᠬᠦ ᠵᠢᠨ ᠲᠥᠯᠥᠭᠡ᠂ ᠬᠥᠬᠡᠬᠤᠲᠠ ᠰᠢᠨ᠎ᠡ ᠬᠡᠪᠯᠡᠯ᠎ᠤᠨ 《ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠤᠷᠢᠭ᠎ᠤᠨ ᠶᠡᠷᠦᠩᠬᠡᠶ᠋ᠢᠯᠡᠭᠰᠡᠨ ᠦᠨᠡᠯᠡᠯᠲᠡ ᠵᠢᠨ ᠭᠦᠢ᠍ᠴᠡᠳᠭᠡᠯ ᠲᠤᠭ᠎ᠠ ᠵᠢᠨ ᠰᠢᠰᠲ᠋ᠧᠮ》᠎ᠤᠨ ᠲᠥᠷᠥ ᠵᠢᠨ ᠪᠣᠳᠣᠯᠭ᠎ᠠ ᠵᠢᠨ ᠠᠵᠠ ᠲᠣᠬᠢᠶᠠᠯ᠎ᠢ ᠵᠠᠪᠳᠤᠨ ᠠᠳᠬᠤᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ ᠵᠢ ᠡᠭᠦᠳᠦᠨ ᠪᠠᠶ᠋ᠢᠭᠤᠯᠬᠤ ᠵᠢ 《2025 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠵᠢᠭᠰᠠᠭ᠋ᠠᠨ ᠣᠷᠣᠭᠤᠯᠵᠤ᠂ ᠰᠢᠨ᠎ᠡ ᠴᠠᠭ ᠦᠶ᠎ᠡ ᠵᠢᠨ ᠰᠢᠨ᠎ᠡ ᠬᠡᠯᠪᠡᠷᠢ ᠵᠢᠨ ᠳᠡᠭᠡᠳᠦ ᠰᠢᠨ᠎ᠡ ᠮᠡᠷᠭᠡᠵᠢᠯ᠎ᠤᠨ ᠬᠦᠷᠢᠶᠡᠯᠡᠩ ᠲᠣᠭᠤᠷᠢᠭ᠎ᠤᠨ ᠪᠥᠲᠥᠭᠡᠨ ᠪᠠᠶ᠋ᠢᠭᠤᠯᠤᠯᠲᠠ ᠵᠢ ᠰᠦᠪᠡᠭᠴᠢᠯᠡᠨ ᠪᠠᠶ᠋ᠢᠭᠤᠯᠵᠤ᠂ ᠪᠡᠭᠡᠵᠢᠩ ᠲᠢᠶᠠᠨᠵᠢᠨ ᠾᠧᠪᠧᠶ ᠵᠢᠨ 《ᠬᠤᠶᠠᠷ ᠴᠠᠭ᠎ᠤᠨ ᠰᠢᠨ᠎ᠡ ᠵᠢ ᠡᠭᠦᠳᠬᠦ ᠲᠣᠭᠤᠷᠢᠭ》᠂ 《ᠵᠥᠩ ᠭᠤᠸᠠᠨ ᠼᠦᠨ᠎ᠤ ᠰᠢᠨᠵᠢᠯᠡᠬᠦ ᠤᠬᠠᠭ᠋ᠠᠨ᠎ᠤ ᠬᠤᠲᠠ — ᠬᠥᠬᠡᠬᠤᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ》 ᠵᠢᠨ ᠬᠤᠤᠰ ᠬᠤᠲᠠ ᠵᠢᠨ ᠠᠵᠤ ᠦᠢ᠍ᠯᠡᠰ᠎ᠤᠨ ᠲᠣᠭᠤᠷᠢᠭ᠎ᠲᠤ ᠭᠦᠨᠵᠡᠭᠡᠶ ᠠᠭᠤᠰᠤᠯᠴᠠᠵᠤ᠂ ᠣᠷᠣᠨ ᠠᠯᠤᠰᠯᠠᠨ ᠬᠠᠮᠵᠢᠯᠴᠠᠨ ᠬᠥᠳᠡᠯᠦᠯᠴᠡᠬᠦ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠬᠤ ᠴᠡᠭ ᠵᠡᠷᠭᠡ ᠲᠠᠯ᠎ᠠ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠪᠡ᠃  ᠢᠷᠡᠭᠡᠳᠦᠢ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠲᠠ᠎ᠨᠢ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠥᠮ᠎ᠡ ᠪᠣᠯᠵᠤ᠂ ᠪᠠᠷᠠᠭᠤᠨ ᠬᠤᠶ᠋ᠢᠲᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠲᠥᠪ ᠪᠣᠯᠵᠤ᠂ ᠬᠥᠬᠡᠬᠤᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ᠎ᠤ ᠪᠠᠷᠠᠭᠤᠨ ᠬᠤᠶ᠋ᠢᠲᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠨᠡᠮᠡᠭᠳᠡᠯ᠎ᠤᠨ ᠲᠦᠢ᠍ᠯ᠎ᠢ ᠪᠣᠶ ᠪᠣᠯᠭ᠋ᠠᠬᠤ ᠵᠢ ᠲᠤᠯᠭ᠋ᠠᠭᠤᠷᠢᠯᠠᠬᠤ ᠪᠣᠯᠣᠨ᠎ᠠ᠃

 

ᠢᠷᠡᠯᠲᠡ᠄ ᠬᠥᠬᠡᠬᠤᠲᠠ ᠵᠢᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            