ᠤᠢ᠌ᠷ᠎ᠠ᠎ᠳᠤ᠂ ᠨᠡᠢ᠌ᠰᠯᠡᠯ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ᠎ᠤ ᠬᠦᠷᠢᠶᠡᠯᠡᠩ᠎ᠤᠨ ᠰᠤᠳᠤᠯᠭ᠋ᠠᠨ᠎ᠤ ᠳᠤᠭᠤᠢ᠌ᠯᠠᠩ ᠠᠩᠬ᠎ᠠ ᠤᠳᠠᠭ᠎ᠠ 《ᠳᠤᠮᠳᠠᠳᠤ ᠤᠯᠤᠰ᠎ᠤᠨ ᠬᠣᠲᠠ ᠵᠢᠨ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢᠨ ᠮᠡᠳᠡᠭᠦᠯᠦᠯᠲᠡ 2025》 ᠵᠢ ᠨᠡᠢ᠌ᠲᠡᠯᠡᠪᠡ᠂ ᠮᠡᠳᠡᠭᠦᠯᠦᠯᠲᠡ᠎ᠠᠴᠠ ᠦᠵᠡᠪᠡᠯ᠂ ᠥᠪᠥᠷ ᠮᠣᠩᠭᠣᠯ᠎ᠤᠨ ᠣᠷᠳᠣᠰ ᠬᠣᠲᠠ ᠪᠦᠬᠦ ᠤᠯᠤᠰ᠎ᠤᠨ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠣᠲᠠ ᠵᠢᠨ 15 ᠳ᠋ᠤᠭ᠋ᠠᠷ᠎ᠲᠤ ᠵᠢᠭᠰᠠᠭ᠋ᠠᠭᠳᠠᠵᠤ᠂ ᠥᠪᠥᠷ ᠮᠣᠩᠭᠣᠯ᠎ᠤᠨ ᠴᠣᠷ᠎ᠤᠨ ᠭᠠᠭᠴᠠ ᠰᠣᠩᠭᠣᠭᠳᠠᠭᠰᠠᠨ ᠬᠣᠲᠠ ᠪᠣᠯᠤᠨ᠎ᠠ᠃
ᠮᠡᠳᠡᠭᠦᠯᠦᠯᠲᠡ᠎ᠨᠢ ᠪᠥᠬᠦ ᠤᠯᠤᠰ᠎ᠤᠨ 281 ᠬᠤᠲᠠ᠎ᠪᠠᠷ ᠰᠤᠳᠤᠯᠭ᠋ᠠᠨ᠎ᠤ ᠥᠯᠢᠭᠡᠷ ᠡᠳ᠋ ᠪᠣᠯᠭ᠋ᠠᠵᠤ᠂ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠤᠲᠠ᠎ᠳᠤ ᠦᠵᠡᠭᠦᠯᠬᠦ ᠨᠥᠯᠥᠭᠡᠯᠡᠬᠦ ᠬᠦᠴᠦᠨ ᠵᠦᠢ᠍ᠯ ᠵᠢᠴᠢ ᠪᠣᠶ ᠪᠣᠯᠤᠭᠰᠠᠨ ᠠᠵᠤ ᠠᠬᠤᠶ ᠨᠡᠶ᠋ᠢᠭᠡᠮ᠎ᠤᠨ ᠦᠷ᠎ᠡ ᠠᠰᠢᠭ᠎ᠢ ᠭᠤᠤᠯᠳᠠᠯᠭ᠎ᠠ᠎ᠲᠠᠢ ᠵᠠᠳᠠᠯᠵᠤ᠂ ᠠᠳᠠᠯᠢ ᠪᠤᠰᠤ ᠬᠦᠴᠦᠨ ᠵᠦᠢ᠍ᠯ᠎ᠢ ᠲᠥᠪᠯᠡᠷᠡᠭᠦᠯᠬᠦ ᠬᠢᠷᠢ ᠲᠦᠪᠰᠢᠨ᠎ᠤ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠳᠤ ᠦᠵᠡᠭᠦᠯᠬᠦ ᠨᠥᠯᠥᠭᠡ ᠵᠢ ᠰᠢᠯᠭ᠋ᠠᠨ ᠪᠠᠲᠤᠯᠠᠪᠠ᠃ ᠡᠭᠦᠨ᠎ᠤ ᠬᠠᠮᠲᠤ᠂ ᠢᠯᠡᠳᠬᠡᠯ᠎ᠳᠤ ᠪᠠᠰᠠ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠪᠣᠯᠤᠨ ᠬᠤᠳᠠ ᠵᠢᠨ ᠤᠶᠠᠨ ᠬᠠᠳᠠᠨ ᠴᠢᠨᠠᠷ᠎ᠤᠨ ᠬᠤᠭᠤᠷᠣᠨᠳᠣᠬᠢ ᠬᠤᠯᠪᠣᠭᠳᠠᠬᠤ ᠴᠢᠨᠠᠷ᠎ᠢ ᠰᠤᠳᠤᠯᠤᠨ ᠶᠠᠷᠢᠯᠴᠠᠵᠤ᠂ ᠬᠤᠳᠠ ᠵᠢᠨ ᠰᠢᠨ᠎ᠡ ᠴᠠᠭ ᠦᠶ᠎ᠡ ᠵᠢᠨ ᠠᠬᠤᠢ ᠪᠠᠶ᠋ᠢᠳᠠᠯ ᠳᠣᠣᠷ᠎ᠠ ᠶᠡᠷᠦᠩᠬᠡᠶ᠋ᠢᠯᠡᠭᠰᠡᠨ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠵᠠᠢ᠃
2024 ᠣᠨ᠎ᠳᠤ᠂ ᠤᠷᠳᠤᠰ ᠬᠤᠳᠠ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠦᠳᠦᠬᠡᠨ ᠪᠠᠶ᠋ᠢᠭᠤᠯᠬᠤ᠎ᠪᠠᠷ ᠰᠢᠨ᠎ᠡ ᠵᠢ ᠡᠭᠦᠳᠬᠦ ᠬᠤᠳᠠ ᠵᠢ ᠪᠦᠳᠦᠬᠡᠨ ᠪᠠᠶ᠋ᠢᠭᠤᠯᠬᠤ᠎ᠪᠠᠷ ᠵᠢᠯᠣᠭᠤᠳᠤᠮᠵᠢ ᠪᠣᠯᠭ᠋ᠠᠵᠤ᠂ 《ᠡᠬᠢᠯᠡᠮᠡᠭᠴᠡ ᠲᠦᠷᠦᠭᠦᠯᠡᠬᠦ》 ᠬᠠᠷᠠᠯᠲᠠ ᠵᠢ ᠲᠣᠭᠲᠠᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠠᠴᠠ ᠡᠷᠡᠰ ᠭᠤᠶ᠋ᠢᠪᠢᠰᠢ ᠦᠬᠡᠢ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠂ ᠭᠤᠣᠯᠯᠠᠬᠤ ᠦᠷᠢᠰᠦᠯᠳᠦᠬᠦ ᠬᠦᠴᠦᠨ ᠪᠣᠯᠭ᠋ᠠᠨ᠎ᠠ᠃ ᠲᠠᠷᠠᠭ᠋ᠠᠴᠢ ᠵᠢᠨ ᠠᠯᠬᠤᠮ᠎ᠳᠤ᠂ ᠣᠷᠳᠣᠰ ᠬᠤᠲᠠ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠲᠠᠯ᠎ᠠ᠎ᠪᠠᠷ ᠰᠢᠨ᠎ᠡ ᠵᠢ ᠡᠭᠦᠳᠬᠦ ᠬᠤᠲᠠ ᠵᠢᠨ ᠪᠥᠲᠥᠭᠡᠨ ᠪᠠᠶ᠋ᠢᠭᠤᠯᠤᠯᠲᠠ ᠵᠢ ᠬᠡᠷᠡᠭᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠠᠵᠤ ᠦᠢ᠍ᠯᠡᠰ᠎ᠤᠨ ᠵᠠᠩᠭᠢᠯᠠᠭ᠎ᠠ ᠵᠢᠨ ᠭᠤᠤᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠤᠯᠲᠠ ᠵᠢ ᠴᠢᠩᠭ᠋ᠠᠳᠬᠠᠵᠤ᠂ ᠰᠢᠨ᠎ᠡ ᠮᠡᠷᠭᠡᠵᠢᠯ ᠰᠢᠨ᠎ᠡ ᠦᠢ᠍ᠯᠡᠳᠬᠦᠨ ᠰᠢᠨ᠎ᠡ ᠠᠬᠤᠢ ᠪᠠᠶ᠋ᠢᠳᠠᠯ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠵᠢ ᠶᠡᠭᠡ ᠬᠡᠪᠴᠢᠶ᠎ᠡ᠎ᠪᠠᠷ ᠥᠷᠨᠢᠭᠦᠯᠵᠦ᠂ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠤᠶ᠋ᠢᠵᠢᠭᠤᠯᠤᠨ ᠬᠥᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ᠃