2 ᠳ᠋ᠤᠭ᠋ᠠᠷ ᠰᠠᠷ᠎ᠠ ᠵᠢᠨ 15᠎ᠤ ᠡᠳᠦᠷ᠂ ᠪᠤᠭᠤᠲᠤ ᠬᠣᠲᠠ ᠵᠢᠨ ᠬᠤᠸᠠ ᠰᠢᠩ ᠬᠣᠪᠣᠷ ᠰᠢᠷᠤᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ (ᠳᠤᠷᠤᠭᠰᠢ 《ᠬᠤᠸᠠ ᠰᠢᠩ ᠬᠣᠪᠣᠷ ᠰᠢᠷᠤᠢ》 ᠭᠡᠵᠦ ᠲᠣᠪᠴᠢᠯᠠᠨ᠎ᠠ) ᠥᠷᠭᠡᠳᠭᠡᠨ ᠪᠠᠢ᠌ᠭᠤᠯᠬᠤ ᠵᠢᠯ᠎ᠳᠤ 8000 ᠲᠤᠨ ᠬᠣᠪᠣᠷ ᠰᠢᠷᠤᠢ ᠵᠢᠨ ᠲᠡᠮᠦᠷᠯᠢᠭ᠎ᠤᠨ ᠲᠥᠷᠥᠯ ᠵᠦᠢ᠍ᠯ᠎ᠤᠨ ᠬᠣᠶᠠᠳᠤᠭ᠋ᠠᠷ ᠬᠤᠭᠤᠴᠠᠭ᠋ᠠᠨ᠎ᠤ ᠢᠨᠵᠸᠨ᠋ᠸᠷᠢᠩ᠎ᠢ ᠵᠢᠩᠬᠢᠨᠢ᠎ᠪᠠᠷ ᠠᠰᠢᠭᠯᠠᠯᠲᠠ᠎ᠳᠤ ᠤᠷᠤᠭᠤᠯᠪᠠ᠃ ᠮᠣᠭ᠋ᠠᠢ ᠵᠢᠯ᠎ᠤᠨ ᠴᠠᠭ᠋ᠠᠨ ᠰᠠᠷ᠎ᠠ᠎ᠳᠤ ᠠᠰᠢᠭᠯᠠᠯᠲᠠ᠎ᠳᠤ ᠣᠷᠣᠭᠤᠯᠤᠭᠰᠠᠨ ᠠᠩᠬᠠᠳᠠᠭᠴᠢ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ ᠪᠣᠯᠤᠭᠰᠠᠨ᠎ᠤ ᠬᠤᠪᠢ᠎ᠳᠤ᠂ ᠪᠤᠭᠤᠲᠤ ᠵᠢᠨ ᠪᠤᠯᠤᠳ ᠲᠡᠮᠤᠷ᠎ᠤᠨ ᠪᠦᠯᠦᠭᠯᠡᠯ᠎ᠤᠨ ᠤᠮᠠᠷᠠᠲᠤ ᠵᠢᠨ ᠬᠤᠪᠣᠷ ᠰᠢᠷᠣᠢ ᠵᠢ ᠠᠮᠵᠢᠨ ᠡᠷᠲᠡ᠎ᠠᠴᠠ ᠠᠳᠬᠤᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠡᠯ᠎ᠡ ᠵᠦᠢ᠍ᠯ᠎ᠤᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠠᠬᠢᠭᠤᠯᠪᠠ᠃
ᠲᠤᠰ ᠡᠳᠦᠷ᠎ᠤᠨ ᠦᠳᠡ ᠵᠢᠨ ᠡᠮᠦᠨᠡᠬᠢ 10 ᠴᠠᠭ᠎ᠲᠤ᠂ ᠬᠤᠸᠠ ᠰᠢᠩ ᠬᠤᠪᠣᠷ ᠰᠢᠷᠣᠶ ᠵᠢᠨ ᠥᠷᠭᠡᠳᠬᠡᠨ ᠪᠠᠶ᠋ᠢᠭᠤᠯᠬᠤ ᠵᠢᠯ᠎ᠳᠤ 8000 ᠲᠣᠨ ᠬᠤᠪᠣᠷ ᠰᠢᠷᠣᠶ ᠵᠢᠨ ᠲᠡᠮᠦᠷᠯᠢᠭ᠎ᠤᠨ ᠲᠥᠷᠥᠯ ᠵᠦᠢ᠍ᠯ᠎ᠤᠨ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠲᠤᠬᠠᠶ ᠵᠢᠨ ᠲᠠᠯᠠᠪᠠᠶ᠎ᠳᠤ ᠨᠢᠭᠡ ᠪᠦᠯᠦᠭ ᠶᠠᠭ᠋ᠠᠷᠠᠯᠲᠠᠶ ᠪᠠᠶ᠋ᠢᠵᠤ᠂ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ ᠪᠥᠬᠦ ᠰᠡᠳᠬᠢᠯ ᠪᠥᠬᠦ ᠵᠣᠷᠢᠭ ᠵᠶ᠋ᠠᠨ ᠲᠥᠪᠯᠡᠷᠡᠭᠦᠯᠦᠨ᠂ ᠡᠮᠬᠢ ᠵᠢᠷᠤᠮ᠎ᠲᠠᠢ ᠬᠠᠮᠵᠢᠯᠴᠠᠵᠤ᠂ ᠶᠠᠭ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠲᠥᠷᠥᠯ ᠵᠦᠢ᠍ᠯ᠎ᠤᠨ ᠠᠩᠬᠠᠳᠠᠭᠴᠢ ᠹᠯᠣᠷ᠎ᠤᠨ ᠨᠢᠭᠡᠳᠦᠬᠡᠷ ᠰᠢᠰᠲ᠋ᠧᠮ᠎ᠤᠨ ᠴᠠᠬᠢᠯᠭ᠋ᠠᠨ ᠵᠠᠳᠠᠯᠤᠯ᠎ᠤᠨ ᠵᠤᠤᠬ᠎ᠠ᠎ᠳᠤ ᠴᠠᠬᠢᠯᠭ᠋ᠠᠨ ᠵᠠᠳᠠᠯᠤᠯ᠎ᠤᠨ ᠬᠠᠮᠤᠭ ᠡᠴᠦᠰ᠎ᠤᠨ ᠪᠡᠯᠡᠳᠬᠡᠯ ᠠᠵᠢᠯ ᠬᠢᠵᠦ ᠪᠠᠢ᠌ᠪᠠ᠃ ᠨᠢᠭᠡ ᠤᠭᠤᠲᠠ ᠤᠭᠤᠲᠠ ᠴᠠᠬᠢᠯᠭ᠋ᠠᠨ ᠵᠶ᠋ᠠᠷ ᠵᠠᠳᠠᠯᠤᠭᠰᠠᠨ ᠪᠤᠳᠠᠰ᠎ᠢ ᠵᠤᠤᠬᠠᠨ᠎ᠤ ᠪᠡᠶ᠎ᠡ᠎ᠳᠤ ᠳᠠᠷᠤᠨ ᠤᠷᠤᠭᠤᠯᠬᠤ ᠵᠢᠴᠢ ᠲᠡᠮᠦᠷᠯᠢᠭ ᠬᠠᠢ᠌ᠯᠤᠮᠠᠯ ᠮᠠᠭᠮᠠ ᠵᠢ ᠠᠮᠵᠢᠯᠲᠠ᠎ᠲᠠᠢ᠎ᠪᠠᠷ ᠴᠢᠳᠬᠤᠨ ᠤᠷᠤᠭᠤᠯᠬᠤ ᠵᠢ ᠳᠠᠭ᠋ᠠᠯᠳᠤᠨ᠂ ᠵᠤᠤᠬ᠎ᠠ ᠵᠢᠨ ᠳᠤᠯᠠᠭ᠋ᠠᠨ᠎ᠤ ᠬᠡᠮᠵᠢᠶ᠎ᠡ᠎ᠨᠢ ᠠᠭ᠋ᠠᠵᠢᠮ ᠵᠶ᠋ᠠᠷ ᠳᠡᠭᠡᠭᠰᠢᠯᠡᠵᠦ᠂ ᠴᠠᠬᠢᠯᠭ᠋ᠠᠨ ᠵᠠᠳᠠᠯᠤᠯ᠎ᠤᠨ ᠲᠤᠰᠬᠠᠯ᠎ᠨᠢ ᠮᠠᠰᠢ ᠭᠦᠢ᠍ᠴᠡᠳ ᠪᠠᠢ᠌ᠯ᠎ᠠ᠂ ᠡᠨᠡ᠎ᠨᠢ ᠬᠣᠶᠠᠳᠤᠭ᠋ᠠᠷ ᠬᠤᠭᠤᠴᠠᠭ᠋ᠠᠨ᠎ᠤ ᠢᠨᠵᠸᠨ᠋ᠸᠷᠢᠩ᠎ᠤᠨ ᠠᠩᠬᠠᠨ᠎ᠤ ᠴᠠᠬᠢᠯᠭ᠋ᠠᠨ ᠵᠠᠳᠠᠯᠤᠯ᠎ᠤᠨ ᠵᠤᠤᠬ᠎ᠠ ᠵᠢᠨ ᠠᠮᠵᠢᠯᠲᠠ᠎ᠲᠠᠢ᠎ᠪᠠᠷ ᠡᠬᠢᠯᠡᠭᠰᠡᠨ᠎ᠢ ᠬᠠᠷᠠᠭᠤᠯᠵᠤ ᠪᠠᠢ᠌ᠨ᠎ᠠ᠃
ᠬᠤᠸᠠ ᠰᠢᠩ ᠬᠤᠪᠣᠷ ᠰᠢᠷᠣᠶ ᠵᠢᠨ ᠶᠡᠷᠦᠩᠬᠡᠶ ᠳᠠᠭ᠋ᠠᠭ᠋ᠠᠮᠠᠯ ᠯᠦ᠍ ᠴᠢᠶᠠᠩ ᠢᠯᠡᠷᠬᠡᠶ᠋ᠢᠯᠡᠬᠦ ᠳᠤ᠎ᠪᠠᠨ᠂ ᠲᠣᠰ ᠲᠥᠷᠥᠯ ᠵᠦᠢ᠍ᠯ᠎ᠨᠢ ᠬᠤᠸᠠ ᠰᠢᠩ ᠬᠤᠪᠣᠷ ᠰᠢᠷᠣᠶ ᠵᠢᠨ ᠦᠢ᠍ᠯᠡᠳᠪᠦᠷᠢᠯᠡᠬᠦ ᠴᠢᠳᠠᠪᠤᠷᠢ ᠵᠢᠨ ᠬᠡᠪᠴᠢᠶ᠎ᠡ᠎ᠪᠠᠨ ᠳᠡᠭᠡᠭᠰᠢᠯᠡᠭᠦᠯᠬᠦ᠂ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠬᠦ ᠪᠣᠯᠤᠨ᠎ᠠ᠃ ᠲᠥᠷᠥᠯ ᠵᠦᠢ᠍ᠯ᠎ᠢ ᠪᠠᠶ᠋ᠢᠭᠤᠯᠵᠤ ᠳᠠᠭᠤᠰᠬᠠᠭ᠋ᠠᠳ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠬᠤᠸᠠ ᠰᠢᠩ ᠬᠤᠪᠣᠷ ᠰᠢᠷᠣᠶ ᠵᠢᠨ ᠦᠢ᠍ᠯᠡᠳᠪᠦᠷᠢᠯᠡᠯ᠎ᠤᠨ ᠴᠢᠳᠠᠪᠤᠷᠢ ᠪᠠ ᠮᠡᠷᠭᠡᠵᠢᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃ ᠣᠳᠣᠬᠠᠨ᠎ᠳᠤ ᠲᠥᠷᠥᠯ ᠵᠦᠢ᠍ᠯ᠎ᠤᠨ ᠨᠢᠭᠡᠳᠦᠭᠡᠷ ᠬᠤᠭᠤᠴᠠᠭ᠎ᠠ᠎ᠨᠢ ᠨᠢᠭᠡᠨᠲᠡ ᠪᠦᠬᠦᠨ ᠵᠶ᠋ᠠᠷ ᠵᠶ᠋ᠠᠨ ᠠᠰᠢᠭᠯᠠᠯᠲᠠ᠎ᠳᠤ ᠣᠷᠣᠵᠤ᠂ ᠦᠢ᠍ᠯᠡᠳᠪᠦᠷᠢᠯᠡᠯ᠎ᠤᠨ ᠳᠡᠰ ᠳᠠᠷᠠᠭ᠋ᠠᠯᠠᠯ᠎ᠳᠤ ᠣᠷᠣᠪᠠ᠃
ᠣᠶ᠋ᠢᠯᠠᠭ᠋ᠠᠭᠰᠠᠨ ᠵᠶ᠋ᠠᠷ᠂ ᠬᠤᠸᠠ ᠰᠢᠩ ᠬᠤᠪᠣᠷ ᠰᠢᠷᠣᠶ ᠵᠢᠨ ᠥᠷᠭᠡᠳᠬᠡᠨ ᠪᠠᠶ᠋ᠢᠭᠤᠯᠬᠤ ᠵᠢᠯ᠎ᠳᠤ 8000 ᠲᠣᠨ ᠬᠤᠪᠣᠷ ᠰᠢᠷᠣᠶ ᠵᠢᠨ ᠲᠡᠮᠦᠷᠯᠢᠭ᠎ᠤᠨ ᠲᠥᠷᠥᠯ ᠵᠦᠢ᠍ᠯ᠎ᠢ ᠤᠯᠤᠰ᠎ᠤᠨ ᠳᠣᠲᠣᠭ᠋ᠠᠳᠤ ᠵᠢᠨ ᠲᠠᠩ ᠴᠣᠭᠴᠠᠲᠤ ᠦᠢ᠍ᠯᠡᠳᠪᠦᠷᠢᠯᠡᠯ᠎ᠤᠨ ᠴᠢᠳᠠᠪᠤᠷᠢ᠎ᠪᠠᠷ ᠬᠠᠮᠤᠭ᠎ᠤᠨ ᠶᠡᠭᠡ 18KA ᠴᠠᠬᠢᠯᠭ᠋ᠠᠨ ᠵᠠᠳᠠᠯᠤᠯ᠎ᠤᠨ ᠬᠤᠩᠭᠢᠯ᠎ᠢ ᠰᠣᠩᠭᠤᠨ ᠬᠡᠷᠡᠭᠯᠡᠵᠦ᠂ ᠭᠠᠷ ᠤᠷᠠᠯᠠᠯ᠎ᠤᠨ ᠮᠡᠷᠭᠡᠵᠢᠯ᠂ ᠣᠷᠴᠢᠨ ᠲᠣᠭᠤᠷᠢᠨ᠎ᠢ ᠬᠠᠮᠠᠭ᠋ᠠᠯᠠᠬᠤ ᠲᠥᠬᠦᠭᠡᠷᠦᠮᠵᠢ ᠤᠯᠤᠰ᠎ᠤᠨ ᠳᠣᠲᠣᠭ᠋ᠠᠳᠤ᠎ᠳᠤ ᠲᠡᠷᠢᠭᠦᠯᠡᠵᠦ᠂ ᠡᠭᠦᠨ᠎ᠳᠤ ᠹᠯᠣᠷᠲᠤ ᠨᠢᠭᠡᠳᠪᠦᠷᠢ ᠵᠢᠨ ᠰᠢᠰᠲ᠋ᠧᠮ᠎ᠤᠨ ᠴᠠᠬᠢᠯᠭ᠋ᠠᠨ ᠵᠠᠳᠠᠯᠤᠯ᠎ᠤᠨ ᠬᠤᠪᠣᠷ ᠰᠢᠷᠣᠶ ᠵᠢᠨ ᠢᠰᠦᠯᠳᠦᠭᠰᠡᠨ ᠪᠣᠳᠠᠰ᠎ᠤᠨ ᠰᠢᠨ᠎ᠡ ᠤᠷᠠᠯᠠᠯ᠎ᠨᠢ ᠬᠤᠪᠣᠷ ᠰᠢᠷᠣᠶ ᠵᠢᠨ ᠡᠯᠧᠮᠧᠨ᠋ᠲ᠎ᠢ ᠵᠠᠭᠤᠨ᠎ᠤ ᠵᠠᠭᠤ᠎ᠪᠠᠷ ᠠᠰᠢᠭᠯᠠᠬᠤ ᠪᠠ ᠹᠯᠣᠷ᠎ᠤᠨ ᠡᠬᠢ ᠪᠠᠶᠠᠯᠢᠭ᠎ᠢ ᠡᠭᠡᠭᠦᠯᠦᠨ ᠬᠤᠷᠢᠶᠠᠵᠤ ᠠᠰᠢᠭᠯᠠᠬᠤ ᠵᠢ ᠪᠡᠶᠡᠯᠡᠭᠦᠯᠵᠦ᠂ ᠬᠤᠪᠣᠷ ᠰᠢᠷᠣᠶ ᠵᠢᠨ ᠲᠡᠮᠦᠷᠯᠢᠭ᠎ᠤᠨ ᠶᠠᠰᠤ ᠴᠢᠨᠠᠷ᠎ᠨᠢ ᠨᠠᠩ ᠰᠢᠯᠢᠳᠡᠭ᠂ ᠥᠪᠡᠷ᠎ᠤᠨ ᠥᠷᠲᠡᠭ᠎ᠨᠢ ᠨᠠᠩ ᠳᠣᠤᠷ᠎ᠠ᠂ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠨᠢ ᠨᠠᠩ ᠴᠢᠩᠭ᠎ᠠ ᠪᠣᠯᠪᠠ᠃
ᠲᠥᠷᠥᠯ ᠵᠦᠢ᠍ᠯ᠎ᠨᠢ ᠳ᠋ᠢᠭᠢᠲᠴᠢᠯᠡᠭᠰᠡᠨ᠂ ᠠᠦ᠋ᠲ᠋ᠤᠴᠢᠯᠠᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠲᠠᠯ᠎ᠠ᠎ᠪᠠᠷ ᠢᠯᠡᠳᠲᠡ ᠦᠷ᠎ᠡ ᠪᠦᠲᠦᠭᠡᠯ ᠣᠯᠵᠤ᠂ ᠠᠦ᠋ᠲ᠋ᠣ᠋ ᠮᠠᠲ᠋ᠧᠷᠢᠶᠠᠯ ᠨᠡᠮᠡᠬᠦ ᠰᠢᠰᠲ᠋ᠧᠮ᠂ ᠰᠤᠷᠤᠵᠦ ᠴᠢᠳᠬᠤᠬᠤ ᠰᠢᠰᠲ᠋ᠧᠮ᠂ ᠬᠤᠭᠤᠰᠤᠮ ᠪᠤᠭᠤᠳᠠᠯᠯᠠᠬᠤ᠂ ᠠᠦ᠋ᠲ᠋ᠣ᠋ ᠳ᠋ᠤᠭ᠋ᠠᠷᠯᠠᠬᠤ ᠪᠤᠭᠤᠳᠠᠯ᠎ᠢ ᠪᠠᠶ᠋ᠢᠴᠠᠭ᠋ᠠᠨ ᠬᠡᠮᠵᠢᠬᠦ ᠱᠤᠭᠤᠮ ᠵᠢᠴᠢ ᠰᠦᠭᠡᠷᠬᠦ ᠳᠠᠷᠤᠯᠲᠠᠲᠤ ᠮᠠᠲ᠋ᠧᠷᠢᠶᠠᠯ ᠳᠠᠮᠵᠢᠭᠤᠯᠬᠤ᠂ ᠲᠣᠭᠤᠰᠣ ᠠᠷᠢᠯᠭ᠋ᠠᠬᠤ ᠲᠥᠬᠦᠭᠡᠷᠦᠮᠵᠢ᠂ ᠬᠠᠶᠠᠭᠳᠠᠮᠠᠯ ᠬᠡᠢ᠎ᠳᠠᠬᠢ ᠹᠯᠣᠷ᠎ᠤᠨ ᠡᠬᠢ ᠪᠠᠶᠠᠯᠢᠭ᠎ᠢ ᠡᠭᠡᠭᠦᠯᠦᠨ ᠬᠤᠷᠢᠶᠠᠵᠤ ᠠᠰᠢᠭᠯᠠᠬᠤ ᠵᠡᠷᠭᠡ ᠠᠯᠢ ᠣᠯᠠᠨ ᠲᠡᠷᠢᠭᠦᠨ᠎ᠤ ᠲᠥᠬᠦᠭᠡᠷᠦᠮᠵᠢ ᠵᠢ ᠠᠰᠢᠭᠯᠠᠯᠲᠠ᠎ᠳᠤ ᠣᠷᠣᠭᠤᠯᠵᠤ᠂ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠪᠠ ᠦᠢ᠍ᠯᠡᠳᠬᠦᠨ᠎ᠤ ᠶᠠᠰᠤ ᠴᠢᠨᠠᠷ᠎ᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠂ ᠡᠨᠧᠷᠭᠢ ᠵᠢᠨ ᠬᠤᠷᠣᠭᠳᠠᠯ᠎ᠢ ᠪᠦᠲᠦᠮᠵᠢᠲᠡᠶ ᠪᠠᠭᠤᠷᠠᠭᠤᠯᠵᠤ᠂ ᠬᠤᠸᠠ ᠰᠢᠩ ᠬᠤᠪᠣᠷ ᠰᠢᠷᠣᠶ ᠵᠢᠨ 《ᠪᠣᠬᠢᠷᠲᠤᠯ ᠥᠬᠡᠶ᠂ ᠳ᠋ᠢᠭᠢᠲᠴᠢᠯᠡᠭᠰᠡᠨ᠂ ᠳᠡᠭᠡᠳᠦ ᠲᠠᠰᠵᠢᠯᠳᠠ》 ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠠᠯᠬᠤᠴᠠ ᠵᠢ ᠲᠦᠷᠭᠡᠳᠬᠡᠬᠦ᠎ᠳᠤ ᠬᠦᠴᠦᠨ ᠨᠡᠮᠡᠷᠢᠯᠡᠵᠦ᠂ ᠠᠵᠤ ᠠᠬᠤᠶ᠋ᠢᠯᠠᠯ᠎ᠤᠨ ᠭᠤᠤᠯᠯᠠᠬᠤ ᠥᠷᠢᠰᠥᠯᠳᠦᠬᠦ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃ (ᠰᠤᠷᠪᠤᠯᠵᠢᠯᠠᠭᠴᠢ ᠽᠠᠢ ᠳ᠋ᠦᠩ ᠮᠸᠢ)