ᠥᠩᠭᠡᠷᠡᠭᠰᠡᠨ ᠵᠢᠯ᠎ᠠᠴᠠ ᠡᠬᠢᠯᠡᠨ 《ᠳᠣᠣᠷ᠎ᠠ ᠠᠭ᠋ᠠᠷ᠎ᠤᠨ ᠠᠵᠤ ᠠᠬᠤᠢ》 ᠭᠡᠬᠦ ᠦᠭᠡ ᠮᠠᠨ᠎ᠤ ᠬᠠᠷᠠᠭ᠋ᠠᠨ᠎ᠳᠤ ᠣᠯᠠᠨᠲᠠ ᠢᠯᠡᠷᠡᠭᠰᠡᠨ ᠪᠠᠶ᠋ᠢᠨ᠎ᠠ᠃ 2024 ᠣᠨ᠎ᠤ 《ᠪᠤᠭᠤᠲᠤ ᠵᠢᠨ ᠮᠠᠷᠠᠰᠤᠨ》᠎ᠤ ᠢᠵᠢ ᠪᠦᠷᠢᠳᠦᠭᠰᠡᠨ ᠠᠵᠢᠯᠯᠠᠭ᠎ᠠ ᠵᠢᠨ 《ᠪᠤᠭᠤᠲᠤ ᠵᠢᠨ ᠮᠠᠷᠠᠰᠤᠨᠤ ᠰᠦᠨᠢ》᠂ ᠬᠡᠳᠦᠨ ᠮᠢᠩᠭ᠋ᠠᠨ ᠵᠢᠯᠣᠭᠣᠴᠢ ᠦᠭᠡᠢ ᠨᠢᠰᠬᠡᠯ᠎ᠤᠨ ᠡᠩᠨᠡᠭᠡ᠎ᠨᠢ ᠥᠪᠥᠷ ᠮᠣᠩᠭᠣᠯ᠎ᠤᠨ ᠪᠤᠭᠤᠲᠤ ᠬᠣᠲᠠ ᠵᠢᠨ ᠡᠯᠧᠮᠧᠨ᠋ᠲ᠎ᠲᠤ ᠠᠭᠤᠰᠤᠯᠴᠠᠭᠰᠠᠨ ᠡᠯ᠎ᠡ ᠵᠦᠢ᠍ᠯ᠎ᠤᠨ ᠬᠡᠯᠪᠡᠷᠢ ᠳᠦᠷᠰᠦ ᠪᠣᠯᠣᠨ ᠵᠢᠷᠤᠭ ᠳᠦᠷᠰᠦ ᠵᠢ ᠰᠤᠯᠢᠪᠴᠠᠭᠤᠯᠤᠨ ᠭᠠᠷᠭ᠋ᠠᠵᠦ᠂ ᠦᠵᠡᠭᠴᠢᠳ᠎ᠤᠨ ᠮᠠᠭᠲᠠᠭ᠋ᠠᠯ ᠰᠠᠢ᠌ᠰᠢᠶᠠᠯ᠎ᠢ ᠣᠯᠪᠠ᠃ ᠡᠨᠡ ᠬᠦ᠌ ᠭᠠᠢ᠌ᠬᠠᠯᠲᠠᠢ ᠠᠵᠢᠯᠯᠠᠭ᠎ᠠ᠎ᠨᠢ ᠪᠤᠭᠤᠲᠤ ᠵᠢᠨ ᠬᠥᠮᠦᠰ᠎ᠲᠤ 《ᠳᠣᠤᠷ᠎ᠠ ᠠᠭ᠋ᠠᠷ᠎ᠤᠨ ᠠᠵᠤ ᠠᠬᠤᠶ》 ᠵᠢ ᠡᠬᠢᠯᠡᠨ ᠠᠩᠬᠠᠷᠤᠭᠤᠯᠬᠤ ᠵᠢᠨ ᠬᠠᠮᠲᠤ ᠠᠭ᠋ᠠᠵᠢᠮ ᠵᠶ᠋ᠠᠷ ᠣᠶ᠋ᠢᠯᠠᠭ᠋ᠠᠭᠤᠯᠪᠠ᠃
《ᠳᠣᠤᠷ᠎ᠠ ᠠᠭ᠋ᠠᠷ᠎ᠤᠨ ᠠᠵᠤ ᠠᠬᠤᠶ》 ᠭᠡᠳᠡᠭ᠎ᠨᠢ ᠡᠯ᠎ᠡ ᠵᠦᠢ᠍ᠯ᠎ᠤᠨ ᠬᠥᠮᠦᠨ ᠵᠢᠯᠣᠭᠣᠳᠬᠤ ᠪᠠ ᠵᠢᠯᠤᠭᠤᠤᠴᠢ ᠦᠭᠡᠢ ᠠᠭ᠋ᠠᠷ᠎ᠤᠨ ᠨᠢᠰᠦᠭᠦᠷ᠎ᠢ ᠵᠢᠯᠣᠭᠣᠳᠬᠤ ᠡᠯ᠎ᠡ ᠲᠥᠷᠥᠯ᠎ᠤᠨ ᠳᠣᠤᠷ᠎ᠠ ᠠᠭ᠋ᠠᠷ᠎ᠤᠨ ᠨᠢᠰᠦᠯᠲᠡ ᠵᠢᠨ ᠠᠵᠢᠯᠯᠠᠭ᠎ᠠ᠎ᠪᠠᠷ ᠵᠢᠯᠣᠭᠣᠳᠤᠮᠵᠢ ᠪᠣᠯᠭ᠋ᠠᠵᠤ᠂ ᠬᠣᠯᠪᠣᠭᠳᠠᠯ ᠪᠦᠬᠦᠢ ᠬᠦᠷᠢᠶᠡᠨ᠎ᠤ ᠠᠭᠤᠰᠤᠯᠴᠠᠨ ᠬᠥᠭᠵᠢᠬᠦ ᠵᠢ ᠳᠠᠶ᠋ᠢᠴᠢᠯᠠᠬᠤ ᠨᠢᠭᠡ ᠵᠦᠢ᠍ᠯ᠎ᠤᠨ ᠶᠡᠷᠦᠩᠬᠡᠶ᠋ᠢᠯᠡᠭᠰᠡᠨ ᠴᠢᠨᠠᠷᠲᠠᠶ ᠠᠵᠤ ᠠᠬᠤᠶ ᠵᠢᠨ ᠬᠡᠯᠪᠡᠷᠢ ᠪᠣᠯᠤᠨ᠎ᠠ᠃ ᠪᠤᠭᠤᠲᠤ ᠬᠤᠲᠠ ᠵᠢᠨ ᠵᠠᠷᠢᠮ ᠭᠤᠤᠯ ᠵᠠᠮ᠎ᠤᠨ ᠲᠣᠨᠣᠯᠵᠢᠨ ᠵᠠᠮ᠎ᠤᠨ ᠠᠭᠤᠯᠵᠠᠷ᠎ᠲᠤ᠂ ᠦᠷᠭᠦᠯᠵᠢ ᠠᠭ᠋ᠠᠷ᠎ᠲᠠᠬᠢ 《ᠵᠢᠯᠣᠭᠤᠴᠢ ᠥᠬᠡᠶ ᠨᠢᠰᠬᠡᠯ᠎ᠤᠨ ᠵᠠᠮ ᠬᠠᠷᠢᠯᠴᠠᠭ᠋ᠠᠨ᠎ᠤ ᠴᠠᠭᠳᠠᠭ᠎ᠠ》᠎ᠨᠢ ᠥᠨᠳᠥᠷ ᠣᠭᠲᠠᠷᠭᠤᠶ᠎ᠳᠤ ᠦᠭᠡ ᠬᠡᠯᠡᠵᠦ ᠪᠣᠯᠪᠠᠰᠤᠨ ᠵᠶ᠋ᠠᠷ ᠭᠠᠳᠠᠭᠰᠢ ᠭᠠᠷᠬᠤ ᠵᠢ ᠢᠳᠬᠠᠨ᠎ᠠ; ᠪᠤᠭᠤᠲᠤ ᠬᠤᠲᠠ ᠵᠢᠨ ᠡᠪᠦᠯ᠎ᠤᠨ ᠤᠯᠠᠷᠢᠯ᠎ᠤᠨ ᠨᠠᠭ᠋ᠠᠳᠤᠮ᠎ᠤᠨ ᠬᠥᠰᠢᠭᠡ ᠨᠡᠭᠡᠭᠡᠬᠦ ᠶᠣᠰᠣᠯᠠᠯ ᠳᠡᠭᠡᠷ᠎ᠡ᠂ ᠵᠢᠯᠣᠭᠤᠴᠢ ᠥᠬᠡᠶ ᠨᠢᠰᠬᠡᠯ᠎ᠤᠨ ᠪᠦᠯᠬᠦᠮ᠎ᠤᠨ᠎ᠬᠢᠨ ᠰᠠᠶᠢᠬᠠᠨ ᠠᠯᠠᠭᠰᠠᠨ ᠲᠠᠷᠬᠠᠨ ᠮᠤᠤᠮᠢᠩᠭ᠋ᠠᠨ ᠬᠤᠯᠪᠣᠭ᠋ᠠᠲᠤ ᠬᠤᠰᠢᠭᠤᠨ᠎ᠤ ᠲᠠᠯ᠎ᠠ ᠨᠤᠲᠤᠭ᠎ᠤᠨ ᠬᠤᠨᠢ ᠵᠢ 10 ᠺᠢᠯᠤᠮᠸᠲᠷ᠎ᠤᠨ ᠭᠠᠳᠠᠨᠠᠬᠢ ᠮᠠᠯᠵᠢᠯ᠎ᠤᠨ ᠲᠠᠯᠠᠪᠠᠶ᠎ᠠᠴᠠ ᠬᠤᠷᠠᠯ᠎ᠤᠨ ᠲᠠᠯᠠᠪᠠᠶ᠎ᠳᠤ ᠬᠦᠷᠭᠡᠵᠦ᠂ ᠳᠠᠷᠤᠶ ᠰᠢᠨ᠎ᠡ ᠰᠣᠷᠭᠤᠭ ᠵᠶ᠋ᠠᠷ᠎ᠨᠢ ᠲᠤᠭᠤᠭ᠎ᠠ ᠤᠷᠤᠭᠤ ᠣᠷᠣᠭᠤᠯᠪᠠ; ᠳ᠋ᠦᠩ ᠾᠧ ᠲᠣᠭᠤᠷᠢᠭ᠎ᠤᠨ ᠰᠠᠷᠠᠴᠢᠨ ᠮᠢᠩᠭ᠋ᠠᠨ ᠮᠥ᠍ ᠲᠥᠬᠦᠭᠡᠷᠦᠮᠵᠢᠲᠦ ᠲᠠᠷᠢᠶᠠᠯᠠᠩ᠎ᠤᠨ ᠰᠠᠭᠤᠷᠢᠨ ᠭᠠᠵᠠᠷ᠎ᠲᠤ ᠵᠢᠯᠣᠭᠤᠴᠢ ᠥᠬᠡᠶ ᠨᠢᠰᠬᠡᠯ ᠵᠶ᠋ᠠᠷ 24 ᠴᠠᠭ᠎ᠤᠨ ᠲᠣᠭᠤᠷᠢᠨ ᠪᠠᠶ᠋ᠢᠴᠠᠭ᠋ᠠᠯᠲᠠ ᠬᠢᠵᠦ ᠤᠶᠤᠨᠲᠤ ᠬᠦᠯᠡᠮᠵᠢ᠎ᠳᠤ ᠳᠤᠯᠠᠭ᠋ᠠᠨ᠎ᠤ ᠬᠢᠨᠠᠨ ᠬᠡᠮᠵᠢᠯᠲᠡ ᠬᠢᠪᠠ᠃ ᠥᠨᠥᠳᠥᠷ᠂ ᠤᠯᠠᠮ᠎ᠠᠴᠠ ᠤᠯᠠᠮ ᠣᠯᠠᠨ ᠵᠢᠯᠣᠭᠣᠴᠢ ᠦᠭᠡᠢ ᠨᠢᠰᠭᠡᠯ ᠬᠣᠲᠠ ᠵᠢᠨ ᠣᠭᠲᠠᠷᠭᠤᠢ᠎ᠳᠤ ᠠᠭ᠋ᠠᠵᠢᠮ ᠵᠶ᠋ᠠᠷ ᠮᠠᠨ᠎ᠤ ᠠᠮᠢᠳᠤᠷᠠᠯ ᠵᠶ᠋ᠠᠨ ᠬᠤᠪᠢᠷᠠᠭᠤᠯᠵᠤ ᠪᠠᠢ᠌ᠨ᠎ᠠ᠃
《ᠣᠭᠲᠠᠷᠭᠤᠢ ᠵᠢᠨ ᠬᠣᠲᠠ》 ᠵᠢ ᠦᠷᠢᠰᠦᠯᠳᠦᠨ ᠨᠡᠬᠡᠬᠦ᠎ᠳᠤ᠂ ᠳᠣᠣᠷ᠎ᠠ ᠠᠭ᠋ᠠᠷ᠎ᠤᠨ ᠠᠵᠤ ᠠᠬᠤᠢ ᠵᠢ ᠬᠦᠭᠵᠢᠭᠦᠯᠵᠦ᠂ ᠪᠤᠭᠤᠲᠤ ᠬᠣᠲᠠ᠎ᠨᠢ ᠳᠠᠪᠠᠭᠤᠯᠢᠭ ᠲᠠᠯ᠎ᠠ ᠪᠤᠢ᠃ ᠡᠩ ᠲᠡᠷᠢᠭᠦᠨ᠎ᠳᠤ᠂ ᠲᠥᠷᠥ ᠵᠢᠨ ᠪᠣᠳᠣᠯᠭ᠎ᠠ ᠵᠢᠨ ᠲᠠᠯ᠎ᠠ᠎ᠠᠴᠠ ᠠᠪᠴᠤ ᠦᠵᠡᠪᠡᠯ᠂ ᠨᠢᠳᠤᠨᠤᠨ ᠥᠪᠥᠷ ᠮᠣᠩᠭᠤᠯ᠎ᠤᠨ ᠨᠡᠶ᠋ᠢᠲᠡᠯᠡᠭᠰᠡᠨ 《ᠳᠣᠤᠷ᠎ᠠ ᠠᠭ᠋ᠠᠷ᠎ᠤᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠬᠡᠷᠡᠭᠵᠢᠭᠦᠯᠬᠦ ᠲᠥᠰᠦᠯ (2024-2027 ᠣᠨ)》᠎ᠨᠢ ᠪᠤᠭᠤᠲᠤ ᠵᠢᠨ ᠳᠣᠤᠷ᠎ᠠ ᠠᠭ᠋ᠠᠷ᠎ᠤᠨ ᠦᠢ᠍ᠯᠡᠳᠬᠡᠯ᠎ᠤᠨ ᠴᠤᠭᠯᠠᠷᠠᠯ᠎ᠤᠨ ᠣᠷᠣᠨ ᠪᠥᠲᠥᠭᠡᠨ ᠪᠠᠶ᠋ᠢᠭᠤᠯᠬᠤ ᠵᠢ ᠳᠡᠮᠵᠢᠵᠦ᠂ ᠲᠥᠷᠥ ᠵᠢᠨ ᠪᠣᠳᠣᠯᠭ᠎ᠠ ᠵᠢᠨ ᠲᠤᠷᠤᠨ᠎ᠠ ᠵᠢᠨ ᠰᠠᠯᠬᠢ ᠵᠢ ᠠᠰᠢᠭᠯᠠᠨ᠂ ᠣᠲᠣ ᠵᠢᠨ ᠪᠠᠶ᠋ᠢᠭ᠎ᠠ ᠠᠵᠤ ᠦᠢ᠍ᠯᠡᠰ᠎ᠤᠨ ᠳᠠᠪᠠᠭᠤᠯᠢᠭ ᠵᠶ᠋ᠠᠨ ᠠᠰᠢᠭᠯᠠᠨ᠂ ᠵᠠᠬ᠎ᠠ ᠳᠡᠯᠭᠡᠭᠦᠷ᠎ᠤᠨ ᠠᠰᠢᠭ ᠲᠤᠰᠠ ᠵᠢ ᠡᠵᠡᠮᠳᠡᠵᠦ᠂ ᠪᠤᠭᠤᠲᠤ ᠬᠤᠲᠠ ᠴᠤ᠌ ᠬᠠᠮᠢᠶ᠎ᠠ ᠪᠥᠬᠦᠶ ᠠᠵᠤ ᠦᠢ᠍ᠯᠡᠰ᠎ᠢ ᠱᠠᠯᠠᠪᠳᠠᠨ ᠪᠠᠶ᠋ᠢᠷᠢᠯᠠᠭᠤᠯᠵᠤ ᠪᠠᠶ᠋ᠢᠨ᠎ᠠ᠃
ᠳᠠᠷᠠᠭ᠋ᠠᠯᠠᠪᠠᠯ᠂ ᠠᠵᠤ ᠦᠢ᠍ᠯᠡᠰ᠎ᠤᠨ ᠲᠠᠰ ᠳᠠᠪᠬᠤᠷᠭ᠎ᠠ᠎ᠠᠴᠠ ᠠᠪᠴᠤ ᠦᠵᠡᠪᠡᠯ᠂ ᠪᠤᠭᠤᠲᠤ ᠬᠤᠲᠠ ᠲᠡᠷᠢᠭᠦᠨ᠎ᠤ ᠪᠥᠭᠡᠳ ᠪᠦᠷᠢᠨ ᠲᠡᠭᠦᠯᠳᠡᠷ ᠲᠣᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠰᠠᠭᠤᠷᠢ᠎ᠲᠠᠢ ᠪᠠᠶ᠋ᠢᠵᠤ᠂ ᠬᠤᠪᠣᠷ ᠰᠢᠷᠣᠶ᠂ ᠭᠡᠷᠡᠯᠴᠢ ᠴᠡᠨᠡᠭ᠂ ᠪᠣᠯᠣᠳ ᠲᠡᠮᠦᠷ᠂ ᠬᠥᠩᠭᠡᠨ ᠴᠠᠭ᠋ᠠᠨ᠎ᠤ ᠦᠢ᠍ᠯᠡᠰ᠂ ᠤᠰᠤᠲᠥ᠋ᠷᠥᠭᠴᠢ ᠡᠨᠧᠷᠭᠢ ᠵᠢᠨ ᠡᠨᠧᠷᠭᠢ ᠬᠠᠳᠠᠭ᠋ᠠᠯᠠᠬᠤ᠂ ᠨᠡᠭᠦᠷᠡᠰᠦᠨ ᠰᠢᠷᠬᠡᠭᠯᠢᠭ ᠵᠡᠷᠭᠡ ᠬᠦᠷᠢᠶ᠎ᠡ ᠴᠠᠷᠠᠭ᠎ᠠ ᠵᠢ ᠬᠠᠮᠤᠷᠴᠤ᠂ ᠳᠤᠤᠷ᠎ᠠ ᠠᠭ᠋ᠠᠷ᠎ᠤᠨ ᠠᠵᠤ ᠠᠬᠤᠶ ᠵᠢᠨ ᠳᠡᠭᠡᠳᠦ ᠳᠣᠤᠷᠠᠳᠤ ᠤᠷᠤᠰᠬᠠᠯ᠎ᠤᠨ ᠠᠵᠤ ᠦᠢ᠍ᠯᠡᠰ᠎ᠤᠨ ᠬᠡᠯᠬᠢᠶ᠎ᠡ ᠬᠢᠭᠡᠳ ᠪᠤᠭᠤᠲᠤ ᠬᠤᠲᠠ ᠵᠢᠨ ᠳᠠᠪᠠᠭᠤᠯᠢᠭ ᠤᠨᠴᠠᠯᠢᠭᠳᠤ ᠠᠵᠤ ᠦᠢ᠍ᠯᠡᠰ᠎ᠤᠨ ᠳᠡᠭᠡᠳᠦ ᠬᠡᠮᠵᠢᠶᠡᠨ᠎ᠤ ᠬᠤᠯᠪᠣᠯᠳᠤᠯ ᠵᠡᠷᠭᠡ ᠵᠢ ᠬᠠᠮᠤᠷᠴᠤ᠂ ᠢᠷᠡᠭᠡᠳᠦᠶ ᠵᠢᠨ ᠵᠢᠯᠣᠭᠤᠴᠢ ᠥᠬᠡᠶ ᠨᠢᠰᠬᠡᠯ᠎ᠤᠨ ᠭᠤᠤᠯ ᠰᠡᠯᠪᠢᠭ ᠲᠣᠨᠤᠭ᠎ᠢ ᠰᠤᠳᠤᠯᠤᠨ ᠨᠡᠭᠡᠭᠡᠬᠦ ᠪᠠ ᠦᠢ᠍ᠯᠡᠳᠪᠦᠷᠢᠯᠡᠬᠦ᠎ᠳᠤ ᠵᠠᠩᠭᠢᠯᠠᠭ᠎ᠠ ᠵᠢᠨ ᠮᠠᠲ᠋ᠧᠷᠢᠶᠠᠯ᠎ᠤᠨ ᠲᠤᠯᠭ᠋ᠠᠭᠤᠷᠢᠯᠠᠯ ᠬᠠᠩᠭ᠋ᠠᠵᠤ ᠪᠣᠯᠤᠨ᠎ᠠ᠃
ᠳᠠᠬᠢᠪᠠᠯ᠂ ᠬᠡᠷᠡᠭᠯᠡᠭᠡᠨ᠎ᠤ ᠪᠠᠶ᠋ᠢᠳᠠᠯ᠎ᠠᠴᠠ ᠦᠵᠡᠪᠡᠯ᠂ ᠳᠠᠷᠬᠠᠨ ᠮᠤᠤᠮᠢᠩᠭ᠋ᠠᠨ ᠬᠤᠯᠪᠣᠭ᠋ᠠᠲᠤ ᠬᠤᠰᠢᠭᠤ᠂ ᠰᠢᠭᠤᠶ᠋ᠢᠲᠤ ᠲᠤᠭᠤᠷᠢᠭ᠎ᠤᠨ ᠥᠷᠭᠡᠨ ᠠᠭᠤᠳᠠᠮ ᠠᠭ᠋ᠠᠷ᠎ᠤᠨ ᠣᠷᠴᠢᠨ ᠲᠣᠭᠤᠷᠢᠨ᠎ᠲᠠᠢ᠂ ᠵᠢᠯᠣᠭᠤᠴᠢ ᠥᠬᠡᠶ ᠨᠢᠰᠬᠡᠯ᠎ᠤᠨ ᠲᠤᠷᠰᠢᠯᠲᠠ ᠪᠠ ᠨᠢᠰᠦᠯᠲᠡ ᠵᠢᠨ ᠬᠦᠰᠡᠯᠡᠩ᠎ᠤᠨ ᠲᠠᠯᠠᠪᠤᠷ ᠮᠥᠨ᠂ ᠵᠢᠯᠣᠭᠤᠴᠢ ᠥᠬᠡᠶ ᠨᠢᠰᠬᠡᠯ᠎ᠤᠨ ᠠᠬᠤᠶ ᠪᠠᠶ᠋ᠢᠳᠠᠯ᠎ᠤᠨ ᠰᠢᠯᠭ᠋ᠠᠯᠲᠠ ᠵᠡᠷᠭᠡ ᠬᠡᠷᠡᠭᠴᠡᠭᠡ ᠵᠢ ᠬᠠᠩᠭ᠋ᠠᠵᠤ ᠪᠣᠯᠤᠨ᠎ᠠ᠃ ᠳᠠᠬᠢᠭ᠋ᠠᠳ ᠬᠡᠯᠡᠪᠡᠯ᠂ ᠪᠤᠭᠤᠲᠤ ᠬᠣᠲᠠ ᠡᠯᠪᠡᠭ ᠪᠠᠶᠠᠯᠢᠭ ᠳᠣᠣᠷ᠎ᠠ ᠠᠭ᠋ᠠᠷ + ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠪᠠᠢ᠌ᠳᠠᠯ᠎ᠲᠠᠢ ᠪᠠᠢ᠌ᠵᠦ᠂ 《ᠲᠠᠯ᠎ᠠ ᠨᠤᠲᠤᠭ᠎ᠤᠨ ᠨᠢᠰᠬᠦ》᠂ 《ᠬᠠᠲᠤᠨ ᠭᠣᠣᠯ᠎ᠤᠨ ᠨᠢᠰᠬᠦ》᠂ 《ᠤᠷᠲᠤ ᠴᠠᠭ᠋ᠠᠨ ᠬᠡᠷᠡᠮ᠎ᠤᠨ ᠨᠢᠰᠬᠦ》 ᠵᠡᠷᠭᠡ ᠰᠣᠳᠣᠨ ᠰᠣᠶᠣᠯ ᠵᠢᠭᠤᠯᠴᠢᠯᠠᠯ᠎ᠤᠨ ᠱᠤᠭᠤᠮ᠎ᠢ ᠨᠡᠭᠡᠭᠡᠨ ᠬᠥᠭᠵᠢᠭᠦᠯᠵᠦ ᠪᠣᠯᠤᠨ᠎ᠠ᠃
《ᠣᠭᠲᠠᠷᠭᠤᠢ ᠵᠢᠨ ᠬᠣᠲᠠ》 ᠵᠢ ᠦᠷᠢᠰᠦᠯᠳᠦᠨ ᠨᠡᠬᠡᠬᠦ᠎ᠳᠤ᠂ ᠳᠣᠣᠷ᠎ᠠ ᠠᠭ᠋ᠠᠷ᠎ᠤᠨ ᠠᠵᠤ ᠠᠬᠤᠢ ᠵᠢ ᠬᠥᠭᠵᠢᠭᠦᠯᠬᠦ᠎ᠳᠤ ᠪᠤᠭᠤᠲᠤ ᠬᠣᠲᠠ ᠶᠠᠭ ᠴᠠᠭ᠎ᠲᠤ᠎ᠪᠠᠨ ᠪᠠᠢ᠌ᠨ᠎ᠠ᠃ ᠪᠤᠭᠤᠲᠤ ᠬᠣᠲᠠ ᠶᠠᠭ ᠪᠠᠲᠤᠬᠠᠭ᠋ᠠᠯᠭ᠎ᠠ᠂ ᠰᠢᠭᠤᠢ᠌ᠲᠦ ᠬᠣᠶᠠᠷ ᠨᠡᠢ᠌ᠲᠡᠮ ᠬᠡᠷᠡᠭᠯᠡᠬᠦ ᠨᠢᠰᠭᠡᠯ᠎ᠤᠨ ᠪᠠᠭᠤᠳᠠᠯ᠎ᠳᠤ ᠲᠦᠰᠢᠭᠯᠡᠨ᠂ ᠳᠣᠣᠷ᠎ᠠ ᠠᠭ᠋ᠠᠷ᠎ᠤᠨ ᠠᠵᠤ ᠠᠬᠤᠢ ᠵᠡᠷᠭᠡ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ ᠪᠠᠢ᠌ᠨ᠎ᠠ᠃ ᠳᠠᠷᠬᠠᠨ ᠮᠤᠤᠮᠢᠩᠭ᠋ᠠᠨ᠎ᠤ ᠰᠠᠨᠰᠠᠷ᠎ᠤᠨ ᠠᠶᠠᠯᠠᠯ᠎ᠤᠨ ᠨᠢᠰᠦᠯᠲᠡ ᠵᠢᠨ ᠠᠩᠭᠢ ᠵᠢᠨ ᠵᠢᠯᠣᠭᠤᠴᠢ ᠥᠬᠡᠶ ᠨᠢᠰᠬᠡᠯ᠎ᠤᠨ ᠰᠤᠳᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ᠂ ᠵᠢᠭᠦᠷ᠎ᠤᠨ ᠡᠨᠧᠷᠭᠢ ᠵᠢᠨ ᠵᠢᠯᠣᠭᠣᠴᠢ ᠦᠭᠡᠢ ᠨᠢᠰᠬᠡᠯ᠎ᠤᠨ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢ ᠠᠭᠤᠰᠤᠯᠴᠠᠭᠤᠯᠬᠤ ᠰᠠᠭᠤᠷᠢᠨ ᠭᠠᠵᠠᠷ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠵᠦ᠂ ᠠᠭ᠋ᠠᠷ᠎ᠤᠨ ᠠᠵᠤ ᠠᠬᠤᠶ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠳᠣᠤᠷ᠎ᠠ ᠠᠭ᠋ᠠᠷ᠎ᠤᠨ ᠨᠢᠰᠦᠭᠦᠷ᠎ᠤᠨ ᠪᠦᠬᠦᠯᠢ ᠮᠠᠰᠢᠨ ᠵᠢᠴᠢ ᠭᠤᠤᠯ ᠰᠡᠯᠪᠢᠭ ᠲᠣᠨᠤᠭ ᠦᠢ᠍ᠯᠡᠳᠬᠦ᠎ᠪᠠᠷ ᠭᠤᠤᠯ ᠪᠣᠯᠭ᠋ᠠᠭᠰᠠᠨ ᠳᠣᠤᠷ᠎ᠠ ᠠᠭ᠋ᠠᠷ ᠵᠶ᠋ᠠᠷ ᠦᠢ᠍ᠯᠡᠳᠬᠦ ᠲᠥᠪᠯᠡᠷᠡᠯ᠎ᠤᠨ ᠣᠷᠣᠨ᠎ᠢ ᠭᠤᠤᠯᠳᠠᠯᠭ᠎ᠠ᠎ᠲᠠᠢ ᠪᠥᠲᠥᠭᠡᠨ ᠪᠠᠶ᠋ᠢᠭᠤᠯᠤᠨ᠎ᠠ᠃ ᠠᠯᠢ ᠣᠯᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠢ ᠪᠤᠭᠤᠲᠤ ᠵᠢᠨ ᠳᠣᠤᠷ᠎ᠠ ᠠᠭ᠋ᠠᠷ᠎ᠤᠨ ᠠᠵᠤ ᠠᠬᠤᠶ᠎ᠳᠤ ᠥᠭᠡᠳᠡ ᠡᠰᠡᠷᠡᠭ ᠬᠦᠴᠦᠨ ᠴᠢᠳᠠᠯ᠎ᠢ ᠬᠤᠷᠠᠮᠳᠤᠭᠤᠯᠬᠤ ᠪᠣᠯᠤᠨ᠎ᠠ᠃
ᠤᠭᠲᠠᠷᠭᠤᠢ᠎ᠠᠴᠠ ᠠᠵᠤ ᠠᠬᠤᠢ᠎ᠪᠠᠨ ᠠᠪᠴᠦ᠂ ᠠᠵᠤ ᠠᠬᠤᠢ ᠵᠢᠨ ᠰᠢᠨ᠎ᠡ 《ᠨᠤᠲᠤᠭ ᠳᠡᠪᠢᠰᠬᠡᠷ》᠎ᠢ ᠵᠠᠪᠳᠤᠨ ᠡᠵᠡᠯᠡᠵᠦ᠂ ᠪᠤᠭᠤᠲᠤ ᠬᠣᠲᠠ ᠶᠠᠭ ᠬᠥᠭᠵᠢᠯᠲᠡ ᠵᠢᠨ ᠬᠠᠨᠳᠤᠰᠢ ᠵᠢ ᠲᠦᠷᠭᠡᠯᠡᠨ ᠪᠠᠢ᠌ᠭᠤᠯᠵᠤ᠂ 《ᠳᠣᠣᠷ᠎ᠠ ᠠᠭ᠋ᠠᠷ᠎ᠤᠨ ᠦᠢ᠍ᠯᠡᠳᠭᠡᠯ — ᠲᠤᠷᠰᠢᠯᠲᠠ ᠵᠢᠨ ᠨᠢᠰᠦᠯᠲᠡ — ᠠᠬᠤᠢ ᠲᠠᠯᠠᠪᠠᠢ ᠵᠢᠨ ᠬᠡᠷᠡᠭᠯᠡᠯᠲᠡ》 ᠵᠢᠨ ᠪᠦᠷᠢᠨ ᠪᠦᠲᠦᠨ ᠠᠵᠤ ᠦᠢ᠍ᠯᠡᠰ᠎ᠤᠨ ᠬᠡᠯᠬᠢᠶ᠎ᠡ ᠵᠢ ᠲᠦᠷᠭᠡᠳᠭᠡᠨ ᠪᠠᠢ᠌ᠭᠤᠯᠵᠤ᠂ 《ᠣᠭᠲᠠᠷᠭᠤᠢ ᠵᠢᠨ ᠬᠣᠲᠠ》 ᠵᠢᠨ ᠥᠷᠢᠰᠦᠯᠳᠦᠭᠡᠨ᠎ᠢ ᠨᠡᠬᠡᠬᠦ ᠳᠤᠮᠳᠠ ᠳᠠᠯᠳᠠ ᠬᠦᠴᠦᠨ ᠵᠶ᠋ᠠᠨ ᠪᠠᠳᠠᠷᠠᠭᠤᠯᠵᠤ᠂ ᠠᠵᠤ ᠠᠬᠤᠢ ᠵᠢᠨ ᠨᠡᠮᠡᠭᠳᠡᠯ᠎ᠤᠨ ᠰᠢᠨ᠎ᠡ ᠬᠥᠳᠡᠯᠭᠡᠭᠦᠷ᠎ᠢ ᠪᠣᠢ ᠪᠣᠯᠭ᠋ᠠᠵᠤ᠂ ᠲᠡᠦᠬᠡ ᠵᠢᠨ ᠬᠠᠮᠤᠭ ᠥᠨᠳᠥᠷ ᠬᠢᠷᠢ ᠲᠦᠪᠰᠢᠨ᠎ᠳᠤ ᠳᠠᠬᠢᠨ ᠪᠤᠴᠠᠬᠤ ᠬᠠᠷᠠᠯᠲᠠ᠎ᠳᠤ ᠳᠠᠬᠢᠨ ᠤᠯᠠᠮ ᠨᠢᠭᠡ ᠠᠯᠬᠤᠮ ᠤᠷᠤᠭᠰᠢᠯᠠᠵᠤ ᠪᠠᠢ᠌ᠨ᠎ᠠ᠃