2 ᠳ᠋ᠤᠭ᠋ᠠᠷ ᠰᠠᠷᠠ ᠵᠢᠨ 14ᠤ ᠡᠳᠦᠷ᠂ ᠥᠪᠥᠷ ᠮᠣᠩᠭᠤᠯᠤᠨ ᠤᠯᠠᠭ᠋ᠠᠨᠴᠠᠪ ᠬᠤᠲᠠ ᠵᠢᠨ ᠪᠠᠯᠠ ᠣᠷᠣᠭᠤᠯᠤᠯᠲᠠ ᠵᠢ ᠠᠬᠢᠭᠤᠯᠬᠤ ᠲᠣᠪᠴᠢᠶᠠ 2025 ᠣᠨᠤ ᠪᠥᠬᠦ ᠬᠤᠲᠠ ᠵᠢᠨ ᠪᠠᠯᠠ ᠣᠷᠣᠭᠤᠯᠤᠯᠲᠠ ᠵᠢ ᠠᠬᠢᠭᠤᠯᠬᠤ ᠠᠵᠢᠯᠤᠨ ᠬᠤᠷᠠᠯᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠤᠯᠠᠭ᠋ᠠᠨᠴᠠᠪ ᠬᠤᠲᠠ ᠵᠢᠨ ᠪᠠᠯᠠ ᠣᠷᠣᠭᠤᠯᠤᠯᠲᠠ ᠵᠢ ᠠᠬᠢᠭᠤᠯᠬᠤ ᠲᠣᠪᠴᠢᠶᠠ ᠵᠢᠨ ᠪᠠᠭᠤᠨ ᠭᠡᠰᠢᠭᠦᠨ᠂ ᠡᠯᠡ ᠰᠠᠯᠠᠭᠠ ᠠᠯᠪᠠᠨ ᠲᠠᠰᠤᠭ᠂ ᠲᠥᠪᠤᠨ ᠬᠠᠷᠢᠭᠤᠴᠠᠯᠭ᠋ᠠᠲᠠᠨ ᠵᠢᠴᠢ ᠲᠤᠬᠠᠶ᠋ᠢᠯᠠᠭᠰᠠᠨ ᠠᠵᠢᠯᠤᠨ ᠺᠠᠳ᠋ᠷ᠂ ᠡᠯᠡ ᠬᠤᠰᠢᠭᠤ ᠰᠢᠶᠠᠨ ᠬᠤᠲᠠ ᠲᠣᠭᠤᠷᠢᠭ᠂ ᠨᠡᠭᠡᠭᠡᠯᠲᠡ ᠵᠢᠨ ᠲᠣᠭᠤᠷᠢᠭ (ᠬᠦᠷᠢᠶᠡᠯᠡᠩ ᠲᠣᠭᠤᠷᠢᠭ)ᠤᠨ ᠬᠠᠷᠢᠭᠤᠴᠠᠯᠭ᠋ᠠᠲᠠᠨ ᠨᠥᠬᠦᠳ ᠬᠤᠷᠠᠯᠳᠤ ᠣᠷᠣᠯᠴᠠᠵᠠᠶ᠃
ᠬᠤᠷᠠᠯᠠᠴᠠ 2024 ᠣᠨᠤ ᠪᠠᠯᠠ ᠣᠷᠣᠭᠤᠯᠤᠯᠲᠠ ᠵᠢ ᠠᠬᠢᠭᠤᠯᠬᠤ ᠠᠵᠢᠯᠢ ᠨᠠᠷᠢᠨ ᠬᠢᠨᠠᠮᠠᠭ᠋ᠠᠶ ᠳ᠋ᠦᠩᠨᠡᠵᠦ᠂ 2025 ᠣᠨᠤ ᠠᠵᠢᠯᠢ ᠪᠠᠶ᠋ᠢᠷᠢᠯᠠᠭᠤᠯᠤᠨ᠂ ᠡᠯᠡ ᠬᠤᠰᠢᠭᠤ ᠰᠢᠶᠠᠨ ᠬᠤᠲᠠ ᠲᠣᠭᠤᠷᠢᠭ᠂ ᠨᠡᠭᠡᠭᠡᠯᠲᠡ ᠵᠢᠨ ᠲᠣᠭᠤᠷᠢᠭ (ᠬᠦᠷᠢᠶᠡᠯᠡᠩ ᠲᠣᠭᠤᠷᠢᠭ)ᠤᠨ ᠪᠠᠯᠠ ᠣᠷᠣᠭᠤᠯᠤᠯᠲᠠ ᠵᠢ ᠠᠬᠢᠭᠤᠯᠬᠤ ᠰᠠᠯᠠᠭᠠ ᠮᠥᠴᠢᠷᠤᠨ ᠬᠠᠷᠢᠭᠤᠴᠠᠯᠭ᠋ᠠᠲᠠᠨ ᠨᠥᠬᠦᠳ 2025 ᠪᠠᠯᠠ ᠣᠷᠣᠭᠤᠯᠤᠯᠲᠠ ᠵᠢ ᠠᠬᠢᠭᠤᠯᠬᠤ ᠠᠵᠢᠯᠢ ᠰᠠᠶ᠋ᠢᠲᠤᠷ ᠬᠢᠬᠦ ᠵᠢᠨ ᠲᠣᠭᠤᠷᠢᠨᠳᠤ ᠶᠠᠷᠢᠶᠠ ᠲᠠᠯᠪᠢᠵᠤ᠂ ᠤᠯᠠᠭ᠋ᠠᠨᠴᠠᠪ ᠬᠤᠲᠠ ᠵᠢᠨ ᠪᠠᠯᠠ ᠣᠷᠣᠭᠤᠯᠤᠯᠲᠠ ᠵᠢ ᠠᠬᠢᠭᠤᠯᠬᠤ ᠲᠣᠪᠴᠢᠶᠠ ᠵᠢᠨ ᠨᠠᠮᠤᠨ ᠤᠳᠤᠷᠢᠳᠬᠤ ᠳᠤᠭᠤᠶ᠋ᠢᠯᠠᠩᠤᠨ ᠱᠦᠵᠢ᠂ ᠲᠣᠪᠴᠢᠶᠠᠨ ᠳᠠᠷᠤᠭᠠ ᠰᠢᠤᠢ ᠵᠢᠶ ᠬᠤᠩ ᠨᠥᠬᠦᠷ ᠶᠠᠷᠢᠶᠠ ᠲᠠᠯᠪᠢᠪᠠ᠃ ᠬᠤᠷᠠᠯᠠᠴᠠ᠂ 2024 ᠣᠨᠳᠤ᠂ ᠪᠦᠬᠦ ᠬᠤᠳᠠ ᠵᠢᠨ ᠪᠡᠯᠡ ᠣᠷᠣᠭᠤᠯᠤᠯᠲᠠ ᠵᠢ ᠠᠬᠢᠭᠤᠯᠬᠤ ᠠᠵᠢᠯᠨᠢ ᠬᠤᠳᠠ ᠵᠢᠨ ᠨᠠᠮᠤᠨ ᠬᠤᠷᠢᠶᠠ᠂ ᠵᠠᠰᠠᠭᠤᠨ ᠣᠷᠳᠣᠨᠤ ᠤᠳᠤᠷᠢᠳᠤᠯᠭᠠ ᠳᠣᠣᠷᠠ᠂ ᠪᠣᠳᠠᠲᠠᠢᠳᠤ ᠰᠠᠭᠤᠷᠢᠯᠠᠵᠤ᠂ ᠪᠣᠳᠠᠲᠠᠢ ᠠᠵᠢᠯᠯᠠᠵᠤ᠂ ᠢᠳᠡᠪᠬᠢᠲᠡᠢ ᠦᠷᠡ ᠪᠦᠲᠦᠮᠵᠢ ᠣᠯᠵᠤ᠂ ᠤᠯᠠᠭ᠋ᠠᠨᠴᠠᠪ ᠬᠤᠳᠠ ᠵᠢᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡᠳᠤ ᠰᠢᠨᠡ ᠬᠥᠳᠡᠯᠭᠡᠬᠦ ᠬᠦᠴᠦᠨ ᠣᠯᠭᠤᠬᠤ ᠵᠢᠨ ᠬᠠᠮᠲᠤ ᠠᠵᠢᠯᠤᠨ ᠳᠤᠮᠳᠠ ᠣᠷᠣᠰᠢᠵᠤ ᠪᠠᠶ᠋ᠢᠭᠠ ᠳᠤᠲᠠᠭᠤᠳᠠᠯ ᠪᠠ ᠬᠦᠷᠦᠯᠴᠡᠬᠦ ᠦᠭᠡᠢ ᠲᠠᠯᠠ ᠵᠢ ᠵᠢᠭ᠋ᠠᠵᠤ ᠭᠠᠷᠭ᠋ᠠᠪᠠ᠃ ᠬᠤᠷᠠᠯᠠᠴᠠ᠂ 2025 ᠣᠨᠳᠤ᠂ ᠪᠦᠬᠦ ᠬᠤᠳᠠ ᠵᠢᠨ ᠪᠡᠯᠡ ᠣᠷᠣᠭᠤᠯᠤᠯᠲᠠ ᠵᠢ ᠠᠬᠢᠭᠤᠯᠬᠤ ᠠᠵᠢᠯᠳᠤ ᠤᠯᠠᠭ᠋ᠠᠨᠴᠠᠪ ᠬᠤᠳᠠ ᠵᠢᠨ ᠨᠠᠮᠤᠨ ᠬᠤᠷᠢᠶᠠ᠂ ᠬᠤᠳᠠ ᠵᠢᠨ ᠵᠠᠰᠠᠭᠤᠨ ᠣᠷᠳᠣᠨᠤ ᠪᠠᠶ᠋ᠢᠷᠢᠯᠠᠭᠤᠯᠤᠯᠲᠠ ᠱᠠᠭ᠋ᠠᠷᠳᠠᠯᠭᠠ ᠵᠢ ᠪᠦᠬᠦ ᠲᠠᠯᠠᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠨᠢᠭᠡᠳᠦᠭᠡᠷ ᠤᠯᠠᠷᠢᠯᠳᠤ ᠰᠠᠶ᠋ᠢᠨ ᠡᠬᠢᠯᠡᠯᠲᠡᠲᠠᠢ᠂ ᠪᠦᠬᠦ ᠵᠢᠯᠳᠤ ᠲᠣᠭᠲᠠᠭᠤᠨ ᠪᠠᠶ᠋ᠢᠬᠤ ᠵᠢ ᠪᠠᠲᠤᠯᠠᠬᠤ ᠬᠡᠷᠡᠭᠲᠡᠢ᠃ ᠪᠡᠯᠡ ᠮᠥᠩᠭᠦ ᠵᠢᠨ ᠣᠨᠤ ᠬᠠᠷᠠᠯᠲᠠ ᠡᠭᠦᠷᠭᠡ ᠵᠢ ᠪᠣᠳᠠᠲᠠᠶ᠋ᠢᠵᠢᠭᠤᠯᠵᠤ᠂ ᠲᠦᠷᠦᠯ ᠵᠦᠢ᠍ᠯᠢ ᠣᠷᠣᠭᠤᠯᠤᠨ ᠠᠪᠴᠢᠷᠠᠬᠤᠪᠠᠷ 《ᠬᠤᠷᠳᠤᠴᠠ ᠵᠢ ᠲᠦᠷᠭᠡᠳᠭᠡᠵᠦ》᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢᠨ 《ᠲᠦᠷᠭᠡᠨ ᠳᠠᠷᠤᠪᠴᠢ》 ᠵᠢ ᠳᠠᠷᠤᠬᠤ ᠬᠡᠷᠡᠭᠲᠡᠢ; ᠭᠤᠣᠯᠳᠠᠯᠭᠠᠲᠠᠢ ᠠᠵᠤ ᠦᠢ᠍ᠯᠡᠰ᠂ ᠭᠤᠣᠯᠳᠠᠯᠭᠠᠲᠠᠢ ᠭᠠᠵᠠᠷ ᠣᠷᠣᠨ᠂ ᠭᠤᠣᠯᠳᠠᠯᠭᠠᠲᠠᠢ ᠠᠵᠤ ᠠᠬᠤᠶ᠋ᠢᠯᠠᠯᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠤᠳᠠᠯᠳᠤᠭ᠋ᠠᠴᠢᠨ ᠤᠷᠢᠬᠤ ᠠᠷᠭᠠ ᠬᠡᠯᠪᠡᠷᠢ ᠵᠢᠨ ᠰᠢᠨᠡ ᠵᠢ ᠡᠭᠦᠳᠴᠦ᠂ ᠬᠡᠯᠬᠢᠶᠡᠪᠠᠷ ᠬᠤᠳᠠᠯᠳᠤᠭ᠋ᠠᠴᠢᠨ ᠤᠷᠢᠬᠤ᠂ ᠳᠡᠯᠭᠡᠨ ᠦᠵᠡᠭᠦᠯᠵᠦ ᠬᠤᠳᠠᠯᠳᠤᠭ᠋ᠠᠴᠢᠨ ᠤᠷᠢᠬᠤ᠂ ᠪᠠᠭᠠ ᠬᠤᠪᠢᠶᠠᠷᠢ ᠠᠩᠬᠢ ᠵᠢᠨ ᠬᠤᠳᠠᠯᠳᠤᠭ᠋ᠠᠴᠢᠨ ᠤᠷᠢᠬᠤ᠂ ᠠᠵᠤ ᠠᠬᠤᠶ᠋ᠢᠯᠠᠯ ᠵᠶ᠋ᠠᠷ ᠬᠤᠳᠠᠯᠳᠤᠭ᠋ᠠᠴᠢᠨ ᠤᠷᠢᠬᠤ 《ᠬᠠᠮ ᠠᠷᠭᠠ》 ᠵᠢ ᠰᠠᠶ᠋ᠢᠲᠤᠷ ᠬᠢᠵᠦ᠂ ᠪᠦᠬᠦ ᠵᠢᠯᠤᠨ ᠬᠤᠳᠠᠯᠳᠤᠭ᠋ᠠᠴᠢᠨ ᠤᠷᠢᠵᠤ ᠪᠡᠯᠡ ᠤᠷᠤᠭᠤᠯᠬᠤ ᠪᠡᠶᠡ ᠤᠷᠪᠠᠬᠤ ᠠᠵᠢᠯᠯᠠᠭᠠ ᠵᠢ ᠰᠠᠢ᠌ᠲᠤᠷ ᠬᠢᠬᠦ ᠬᠡᠷᠡᠭᠲᠡᠢ; ᠭᠡᠷᠡ ᠲᠣᠭᠲᠠᠬᠤ ᠲᠦᠷᠦᠯ ᠵᠦᠢ᠍ᠯᠢ ᠨᠠᠶ᠋ᠢᠳᠠᠪᠤᠷᠢᠵᠢᠭᠤᠯᠬᠤ ᠦᠢ᠍ᠯᠡᠴᠢᠯᠡᠭᠡ ᠵᠢ ᠦᠷᠭᠦᠯᠵᠢᠯᠡᠨ ᠴᠢᠩᠭ᠋ᠠᠳᠬᠠᠵᠤ᠂ 《ᠲᠦᠷᠦᠯ ᠵᠦᠢ᠍ᠯᠤᠨ ᠬᠠᠮᠢᠶᠠᠷᠤᠭᠴᠢ》 ᠵᠢᠨ ᠦᠢ᠍ᠯᠡᠴᠢᠯᠡᠭᠡᠨᠤ ᠲᠣᠭᠲᠠᠴᠠ ᠵᠢ ᠴᠢᠩᠭ᠋ᠠᠳᠬᠠᠵᠤ᠂ ᠠᠵᠤ ᠠᠬᠤᠶ᠋ᠢᠯᠠᠯᠢ ᠳᠡᠮᠵᠢᠬᠦ ᠠᠵᠢᠯᠯᠠᠭᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠲᠦᠷᠦᠯ ᠵᠦᠢ᠍ᠯᠤᠨ ᠭᠡᠷᠡ ᠲᠣᠭᠲᠠᠬᠤᠠᠴᠠ ᠨᠠᠶ᠋ᠢᠳᠠᠪᠤᠷᠢᠵᠢᠭᠤᠯᠬᠤ ᠬᠦᠷᠲᠡᠯᠡᠬᠢ ᠡᠯᠡ ᠭᠤᠭᠴᠤᠭᠠᠳᠤ ᠴᠥᠮ ᠲᠤᠰᠬᠠᠢ ᠬᠥᠮᠦᠨ ᠮᠥᠷᠳᠡᠨ ᠦᠢ᠍ᠯᠡᠴᠢᠯᠡᠬᠦ ᠵᠢ ᠪᠠᠲᠤᠯᠠᠵᠤ᠂ ᠲᠦᠷᠦᠯ ᠵᠦᠢ᠍ᠯᠢ ᠨᠠᠶ᠋ᠢᠳᠠᠪᠤᠷᠢᠵᠢᠭᠤᠯᠤᠨ ᠪᠦᠳᠦᠭᠡᠨ ᠪᠠᠶ᠋ᠢᠭᠤᠯᠬᠤ ᠵᠢ ᠪᠠᠲᠤᠯᠠᠵᠤ᠂ ᠪᠦᠬᠦ ᠵᠢᠯᠤᠨ ᠬᠠᠷᠠᠯᠲᠠ ᠡᠭᠦᠷᠭᠡᠪᠠᠨ ᠪᠦᠬᠦ ᠬᠦᠴᠦᠨ ᠵᠶ᠋ᠠᠷ ᠵᠶ᠋ᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃