ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠥᠪᠥᠷ ᠮᠣᠩᠭᠤᠯ᠎ᠤᠨ ᠬᠥᠬᠡᠬᠤᠲᠠ ᠵᠠᠰᠠᠭ᠎ᠤᠨ ᠣᠷᠳᠣᠨ ᠮᠥᠩᠭᠦᠨ ᠭᠦᠢ᠍ᠯᠭᠡᠭᠡ ᠠᠵᠤ ᠠᠬᠤᠶ᠋ᠢᠯᠠᠯ᠎ᠢ ᠵᠣᠯᠭ᠋ᠠᠭᠤᠯᠬᠤ ᠬᠤᠷᠠᠯ᠎ᠢ ᠡᠷᠬᠢᠯᠡᠵᠦ 350 ᠳ᠋ᠦᠩᠰᠢᠭᠤᠷ ᠲᠥᠭᠦᠷᠢᠭ᠎ᠤᠨ ᠢᠲᠡᠭᠡᠮᠵᠢ ᠣᠯᠭᠤᠬᠤ ᠰᠠᠨᠠᠮᠵᠢ᠎ᠲᠠᠢ ᠪᠣᠯᠪᠠ
ᠨᠡᠶ᠋ᠢᠲᠡᠯᠡᠭᠰᠡᠨ ᠴᠠᠭ᠄ 2025-02-25

  2 ᠳ᠋ᠤᠭ᠋ᠠᠷ ᠰᠠᠷ᠎ᠠ ᠵᠢᠨ 21᠎ᠤ ᠡᠳᠦᠷ᠂ ᠥᠪᠥᠷ ᠮᠣᠩᠭᠤᠯ᠎ᠤᠨ ᠬᠥᠬᠡᠬᠤᠲᠠ 《ᠮᠥᠩᠭᠦᠨ ᠭᠦᠢ᠍ᠯᠭᠡᠭᠡᠨ᠎ᠤ ᠠᠮᠢᠳᠤᠯᠢᠭ ᠤᠰᠤ᠎ᠪᠠᠷ ᠠᠵᠤ ᠠᠬᠤᠶ᠋ᠢᠯᠠᠯ᠎ᠤᠨ ᠬᠥᠭᠵᠢᠯᠲᠡ ᠵᠢ ᠳᠡᠮᠵᠢᠬᠦ》 ᠵᠠᠰᠠᠭ᠎ᠤᠨ ᠣᠷᠳᠤᠨ ᠮᠥᠩᠭᠦᠨ ᠭᠦᠢ᠍ᠯᠭᠡᠭᠡ ᠠᠵᠤ ᠠᠬᠤᠶ᠋ᠢᠯᠠᠯ᠎ᠢ ᠵᠣᠯᠭ᠋ᠠᠭᠤᠯᠬᠤ ᠬᠤᠷᠠᠯ᠎ᠢ ᠡᠷᠭᠢᠯᠡᠵᠦ᠂ 48 ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ120 ᠭᠠᠷᠤᠶ ᠠᠵᠤ ᠠᠬᠤᠶ᠋ᠢᠯᠠᠯ᠎ᠲᠠᠢ ᠠᠬᠤᠢ ᠲᠠᠯᠠᠪᠠᠶ᠎ᠳᠤ ᠵᠣᠯᠭ᠋ᠠᠭᠤᠯᠵᠤ᠂ ᠨᠡᠶ᠋ᠢᠲᠡ 350 ᠳ᠋ᠦᠩᠰᠢᠭᠤᠷ ᠲᠥᠭᠦᠷᠢᠭ᠎ᠤᠨ ᠢᠲᠡᠭᠡᠮᠵᠢ ᠣᠯᠭᠤᠬᠤ ᠰᠠᠨᠠᠮᠵᠢ᠎ᠲᠠᠢ ᠪᠣᠯᠪᠠ᠃


2.25-1.png


   ᠬᠤᠷᠠᠯ᠎ᠠᠴᠠ ᠬᠥᠬᠡᠬᠤᠲᠠ ᠵᠢᠨ 2025 ᠣᠨ᠎ᠤ ᠴᠢᠬᠤᠯᠠ ᠶᠡᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠴᠢ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠋ᠠᠨ᠎ᠤ ᠲᠥᠯᠥᠪᠯᠡᠭᠡ ᠵᠢ ᠨᠡᠶ᠋ᠢᠲᠡᠯᠡᠵᠦ᠂ ᠬᠠᠮᠤᠭ᠎ᠤᠨ ᠰᠢᠨ᠎ᠡ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠲᠠᠶ᠋ᠢᠯᠪᠤᠷᠢᠯᠠᠪᠠ᠃ ᠠᠬᠤᠢ ᠲᠠᠯᠠᠪᠠᠶ᠎ᠳᠤ ᠬᠥᠬᠡᠬᠤᠲᠠ᠎ᠳᠤ ᠰᠠᠭᠤᠭ᠎ᠠ 38 ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠪᠡᠯᠡ ᠲᠣᠬᠢᠷᠠᠭᠤᠯᠬᠤ ᠦᠢ᠍ᠯᠡᠳᠭᠦᠨ᠎ᠢ ᠨᠡᠶ᠋ᠢᠲᠡᠯᠡᠵᠦ᠂ 431 ᠭᠤᠤᠯᠳᠠᠯᠭ᠎ᠠ᠎ᠲᠠᠢ ᠲᠥᠷᠥᠯ ᠵᠦᠢ᠍ᠯ᠎ᠤᠨ 630 ᠳ᠋ᠦᠩᠰᠢᠭᠤᠷ ᠲᠥᠭᠦᠷᠢᠭ᠎ᠤᠨ ᠪᠠᠯᠠ ᠲᠣᠬᠢᠷᠠᠭᠤᠯᠬᠤ ᠬᠡᠷᠡᠭᠴᠡᠭᠡ ᠱᠠᠭ᠋ᠠᠷᠳᠠᠯᠭ᠎ᠠ᠎ᠳᠤ ᠣᠨᠣᠪᠴᠢᠲᠠᠶ ᠵᠣᠬᠢᠴᠠᠭᠤᠯᠪᠠ᠃

   ᠬᠤᠷᠠᠯ ᠳᠡᠭᠡᠷ᠎ᠡ ᠬᠥᠬᠡᠬᠤᠲᠠ ᠵᠢᠨ ᠮᠥᠩᠭᠦᠨ ᠭᠦᠢ᠍ᠯᠭᠡᠭᠡᠨ᠎ᠤ ᠵᠥᠪᠯᠡᠭᠴᠢ ᠵᠢᠨ ᠪᠦᠯᠬᠦᠮ᠎ᠤᠨ ᠦᠢ᠍ᠯᠡᠴᠢᠯᠡᠭᠡᠨ᠎ᠤ ᠲᠣᠭᠲᠠᠴᠠ ᠵᠢ ᠵᠢᠩᠬᠢᠨᠢ᠎ᠪᠠᠷ ᠡᠬᠢᠯᠡᠭᠦᠯᠵᠦ᠂ 117 ᠨᠡᠷᠡᠰ ᠪᠠᠩᠬᠢ᠂ ᠳᠠᠭ᠋ᠠᠳᠬᠠᠯ᠂ ᠦᠨᠡᠲᠦ ᠲᠡᠮᠳᠡᠭᠲᠦ ᠵᠢᠨ ᠬᠦᠷᠢᠶᠡᠨ᠎ᠳᠠᠬᠢ ᠲᠤᠬᠠᠶ᠋ᠢᠯᠠᠭᠰᠠᠨ ᠠᠵᠢᠯ᠎ᠤᠨ ᠭᠤᠣᠯᠯᠠᠭᠴᠢ ᠬᠦᠴᠦᠨ ᠪᠣᠯᠬᠤ 13 ᠲᠤᠰᠬᠠᠢ ᠠᠵᠢᠯ᠎ᠤᠨ ᠳᠤᠭᠤᠶ᠋ᠢᠯᠠᠩ᠎ᠢ ᠪᠦᠷᠢᠯᠳᠦᠭᠦᠯᠵᠦ᠂ ᠡᠯ᠎ᠡ ᠨᠡᠭᠡᠭᠡᠨ ᠬᠥᠭᠵᠢᠭᠦᠯᠬᠦ ᠣᠷᠣᠨ ᠵᠢᠴᠢ ᠭᠤᠣᠯᠳᠠᠯᠭ᠎ᠠ᠎ᠲᠠᠢ ᠠᠵᠤ ᠠᠬᠤᠶ᠋ᠢᠯᠠᠯ᠎ᠳᠤ 《ᠨᠢᠭᠡᠳ ᠨᠢᠭᠡ᠎ᠪᠠᠷ》 ᠪᠠᠶ᠋ᠢᠩᠭᠤ ᠵᠢᠨ ᠦᠢ᠍ᠯᠡᠴᠢᠯᠡᠭᠡ ᠬᠠᠩᠭ᠋ᠠᠵᠤ᠂ ᠲᠦᠷᠦ ᠵᠢᠨ ᠪᠤᠳᠤᠯᠭ᠎ᠠ ᠵᠢ ᠤᠬᠠᠭᠤᠯᠤᠨ ᠲᠠᠶ᠋ᠢᠯᠪᠤᠷᠢᠯᠠᠬᠤ᠂ ᠦᠢ᠍ᠯᠡᠳᠬᠦᠨ᠎ᠢ ᠵᠣᠯᠭ᠋ᠠᠭᠤᠯᠬᠤ ᠵᠡᠷᠭᠡ 《ᠭᠤᠷᠪᠠ ᠵᠢ ᠬᠦᠷᠭᠡᠬᠦ》 ᠠᠵᠢᠯᠯᠠᠭ᠎ᠠ ᠵᠢ ᠥᠷᠨᠢᠭᠦᠯᠬᠦ ᠵᠢᠨ ᠬᠠᠮᠲᠤ ᠤᠯᠠᠷᠢᠯ᠎ᠤᠨ ᠳᠤᠬᠢᠷᠠᠭᠤᠯᠤᠯᠳᠠ ᠪᠠ ᠣᠨ᠎ᠤ ᠰᠢᠯᠭ᠋ᠠᠨ ᠦᠨᠡᠯᠡᠬᠦ ᠲᠣᠭᠲᠠᠴᠠ ᠵᠢ ᠪᠠᠶ᠋ᠢᠭᠤᠯᠬᠤ ᠪᠣᠯᠤᠨ᠎ᠠ᠃

 

ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ
          
ᠬᠠᠮᠢᠶ᠎ᠡ ᠪᠦᠬᠦᠢ ᠰᠣᠨᠢᠨ
 
            