ᠣᠢ᠌ᠷ᠎ᠠ᠎ᠳᠤ᠂ ᠥᠪᠥᠷ ᠮᠣᠩᠭᠣᠯ᠎ᠤᠨ ᠬᠥᠬᠡᠬᠣᠲᠠ ᠵᠢᠨ ᠳᠣᠣᠷ᠎ᠠ ᠠᠭ᠋ᠠᠷ᠎ᠤᠨ ᠠᠵᠤ ᠠᠬᠤᠢ ᠬᠢᠭᠡᠳ ᠪᠣᠬᠢᠷᠲᠤᠯ ᠦᠭᠡᠢ ᠪᠣᠳᠣᠬᠤ ᠬᠦᠴᠦᠨ᠎ᠤ ᠬᠦᠷᠢᠶᠡᠨ᠎ᠤ 4 ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠠᠮᠵᠢᠯᠲᠠ᠎ᠲᠠᠢ ᠳᠠᠩᠰᠠᠯᠠᠭᠤᠯᠵᠤ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠳᠡᠰ ᠳᠡᠪᠰᠢᠬᠦ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠣᠯᠭᠣᠪᠠ᠃ ᠢᠩᠭᠢᠭᠰᠡᠨ᠎ᠠᠴᠠ ᠬᠥᠬᠡᠬᠤᠲᠠ ᠵᠢᠨ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ 10 ᠪᠣᠯᠣᠨ ᠨᠡᠮᠡᠭᠳᠡᠵᠦ᠂ ᠡᠭᠦᠨ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ 6 ᠪᠠᠶ᠋ᠢᠵᠤ᠂ ᠬᠥᠭᠵᠢᠯᠲᠡ ᠵᠢᠨ ᠬᠤᠷᠳᠤᠴᠠ᠎ᠨᠢ ᠲᠦᠷᠭᠡᠨ ᠪᠠᠶ᠋ᠢᠪᠠ᠃
ᠡᠭᠦᠨ᠎ᠳᠤ᠂ ᠬᠥᠬᠡᠬᠣᠲᠠ ᠵᠢᠨ ᠳᠣᠣᠷ᠎ᠠ ᠠᠭ᠋ᠠᠷ᠎ᠤᠨ ᠨᠢᠰᠦᠯᠲᠡ ᠵᠢᠨ ᠬᠢᠨᠠᠨ ᠬᠡᠮᠵᠢᠵᠦ ᠡᠵᠡᠮᠳᠡᠬᠦ ᠠᠶᠤᠯ ᠦᠭᠡᠢ ᠵᠢᠨ ᠮᠡᠷᠭᠡᠵᠢᠯ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠨᠢ ᠳᠣᠣᠷ᠎ᠠ ᠠᠭ᠋ᠠᠷ᠎ᠤᠨ ᠴᠢᠮᠡᠭᠡ ᠬᠣᠯᠪᠣᠭ᠎ᠠ᠂ ᠠᠶᠠᠯᠠᠯ ᠵᠠᠯᠠᠬᠤ᠂ ᠴᠠᠬᠢᠯᠭ᠋ᠠᠨ ᠰᠣᠷᠢᠨᠵᠢᠨ ᠬᠠᠮᠢᠶᠠᠷᠤᠯᠲᠠ ᠵᠡᠷᠭᠡ ᠭᠣᠣᠯ ᠠᠰᠠᠭᠤᠳᠠᠯ᠎ᠤᠨ ᠲᠣᠭᠣᠷᠢᠨ᠎ᠳᠤ ᠭᠦᠨᠵᠡᠭᠡᠢ ᠰᠤᠳᠤᠯᠤᠯᠲᠠ ᠬᠢᠵᠦ᠂ ᠵᠢᠯᠣᠭᠣᠴᠢ ᠦᠭᠡᠢ ᠨᠢᠰᠬᠡᠯ᠎ᠤᠨ ᠳᠣᠬᠢᠶ᠎ᠠ ᠵᠢᠨ ᠪᠠᠭᠤᠷᠠᠯᠲᠠ᠂ ᠣᠯᠠᠨ ᠡᠬᠢᠲᠦ ᠳᠣᠬᠢᠶ᠎ᠠ ᠵᠢᠨ ᠮᠥᠷᠭᠥᠯᠳᠦᠭᠡᠨ᠂ ᠠᠶᠠᠯᠠᠯ᠎ᠤᠨ ᠮᠥᠷ᠎ᠤᠨ ᠮᠥᠷᠭᠥᠯᠳᠦᠭᠡᠨ ᠵᠡᠷᠭᠡ ᠮᠡᠷᠭᠡᠵᠢᠯ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠳᠣᠣᠷ᠎ᠠ ᠠᠭ᠋ᠠᠷ᠎ᠤᠨ ᠨᠢᠰᠦᠭᠦᠷ᠎ᠤᠨ ᠬᠠᠮᠢᠶᠠᠷᠤᠯᠲᠠ ᠵᠢᠨ ᠮᠡᠷᠭᠡᠵᠢᠯ᠎ᠤᠨ ᠪᠤᠭᠤᠮᠲᠠ ᠵᠢ ᠰᠢᠪᠲᠤᠯᠤᠨ᠂ ᠬᠥᠬᠡᠬᠣᠲᠠ ᠵᠢᠨ ᠳᠣᠣᠷ᠎ᠠ ᠠᠭ᠋ᠠᠷ᠎ᠤᠨ ᠠᠵᠤ ᠠᠬᠤᠢ ᠵᠢᠨ ᠪᠦᠬᠦ ᠠᠵᠤ ᠦᠢ᠍ᠯᠡᠰ᠎ᠤᠨ ᠬᠡᠯᠬᠢᠶᠡᠵᠢᠯ᠎ᠤᠨ ᠬᠠᠮᠵᠢᠯᠴᠠᠨ ᠬᠥᠭᠵᠢᠬᠦ ᠵᠢ ᠠᠬᠢᠭᠤᠯᠵᠤ᠂ ᠪᠦᠬᠦ ᠣᠷᠣᠨ᠎ᠤ ᠳᠣᠣᠷ᠎ᠠ ᠠᠭ᠋ᠠᠷ᠎ᠤᠨ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠣᠷᠣᠨ᠎ᠢ ᠬᠦᠴᠦᠯᠡᠨ ᠪᠠᠢ᠌ᠭᠤᠯᠪᠠ᠃
ᠬᠥᠬᠡᠬᠤᠲᠠ ᠵᠢᠨ ᠬᠤᠲᠠ ᠵᠢᠨ ᠶᠠᠪᠤᠳᠠᠯ᠎ᠤᠨ ᠡᠨᠧᠷᠭᠢ ᠵᠢᠨ ᠲᠤᠭ᠎ᠠ ᠪᠠᠷᠢᠮᠲᠠ ᠵᠢᠨ ᠰᠢᠨ᠎ᠡ ᠵᠢ ᠡᠭᠦᠳᠬᠦ ᠬᠡᠷᠡᠭᠯᠡᠭᠡᠨ᠎ᠤ ᠲᠤᠷᠰᠢᠯᠲᠠ ᠵᠢᠨ ᠲᠠᠰᠤᠭ᠎ᠨᠢ ᠰᠢᠨᠬᠤᠸᠠ ᠭᠤᠷᠪᠠᠨ ᠪᠦᠯᠦᠭᠯᠡᠯ᠎ᠤᠨ ᠲᠥᠪ᠎ᠤᠨ ᠲᠤᠷᠰᠢᠯᠲᠠ ᠵᠢᠨ ᠲᠠᠰᠤᠭ᠎ᠲᠤ ᠲᠦᠰᠢᠭᠯᠡᠨ ᠪᠥᠲᠥᠭᠡᠨ ᠪᠠᠶ᠋ᠢᠭᠤᠯᠵᠤ᠂ ᠰᠦᠯᠵᠢᠶᠡᠨ᠎ᠤ ᠬᠦᠴᠦᠷᠬᠡᠭ ᠤᠯᠤᠰ᠂ ᠳ᠋ᠢᠬᠢᠲ ᠳᠤᠮᠳᠠᠳᠤ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠴᠢ 《ᠪᠠᠷᠠᠭᠤᠨ᠎ᠤ ᠲᠤᠭ᠎ᠠ ᠵᠢ ᠵᠡᠬᠦᠨ᠎ᠳᠤ ᠪᠤᠳᠤᠬᠤ》 ᠢᠨᠵᠧᠨᠧᠷᠢᠩ᠎ᠢ ᠪᠥᠲᠥᠭᠡᠨ ᠪᠠᠶ᠋ᠢᠭᠤᠯᠬᠤ ᠣᠶ᠋ᠢᠯᠠᠭ᠋ᠠᠭᠳᠠᠬᠤᠨ᠎ᠢ ᠪᠠᠷᠢᠮᠲᠠᠯᠠᠨ᠂ ᠪᠦᠯᠦᠭᠯᠡᠯ᠎ᠤᠨ ᠪᠥᠬᠦ ᠤᠯᠤᠰ᠎ᠤᠨ ᠣᠯᠠᠨ ᠭᠠᠵᠠᠷ᠎ᠲᠤ ᠡᠭᠦᠯᠡᠨ ᠪᠤᠳᠤᠯᠲᠠ ᠵᠢᠴᠢ ᠲᠣᠮᠣ ᠳ᠋ᠠᠶ᠋ᠢᠲ᠋ᠠ ᠵᠢᠨ ᠲᠥᠪ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠳ᠋ᠢᠬᠢᠲ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠨ᠎ᠡ ᠵᠢ ᠡᠭᠦᠳᠬᠦ ᠲᠥᠪ᠂ ᠳ᠋ᠢᠬᠢᠲ ᠠᠵᠤ ᠦᠢ᠍ᠯᠡᠰ ᠪᠠ ᠳ᠋ᠢᠬᠢᠲ ᠠᠵᠤ ᠠᠬᠤᠶ ᠵᠢᠨ ᠨᠡᠪᠴᠢᠭᠦᠯᠬᠦ ᠲᠥᠪ᠂ ᠳ᠋ᠢᠬᠢᠲ ᠬᠡᠯᠪᠡᠷᠢ᠎ᠪᠠᠨ ᠬᠤᠪᠢᠷᠠᠭᠤᠯᠬᠤ ᠦᠢ᠍ᠯᠡᠳᠦᠯᠭᠡ ᠵᠢᠨ ᠲᠥᠪ᠂ ᠳ᠋ᠢᠬᠢᠲ ᠲᠡᠭ ᠨᠡᠭᠦᠷᠡᠰᠦᠲᠥ᠋ᠷᠥᠭᠴᠢ ᠵᠢᠱ᠌ᠢᠶ᠎ᠡ ᠦᠵᠡᠭᠦᠯᠬᠦ ᠲᠥᠪ ᠵᠢᠴᠢ ᠴᠢᠳᠠᠪᠤᠷᠢᠲᠠᠨ᠎ᠤ ᠪᠣᠯᠪᠠᠰᠤᠷᠠᠯ᠎ᠤᠨ ᠲᠥᠪ᠎ᠢ ᠪᠠᠶ᠋ᠢᠭᠤᠯᠵᠤ᠂ 《ᠥᠪᠥᠷ ᠮᠣᠩᠭᠤᠯ᠎ᠳᠤ ᠦᠨᠳᠦᠰᠦᠯᠡᠵᠦ᠂ ᠪᠥᠬᠦ ᠤᠯᠤᠰ᠎ᠢ ᠨᠥᠯᠥᠭᠡᠯᠡᠬᠦ》 ᠳ᠋ᠢᠭᠢᠲᠴᠢᠯᠡᠭᠰᠡᠨ ᠬᠥᠭᠵᠢᠯᠲᠡ ᠵᠢᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ᠎ᠢ ᠪᠣᠶ ᠪᠣᠯᠭ᠋ᠠᠵᠤ᠂ ᠳ᠋ᠢᠬᠢᠲ ᠠᠵᠤ ᠠᠬᠤᠶ ᠵᠢᠨ ᠥᠷᠨᠢᠩᠭᠦᠶ ᠬᠥᠭᠵᠢᠯᠲᠡ᠎ᠳᠤ ᠬᠦᠴᠦᠨ ᠴᠢᠳᠠᠯ ᠵᠶ᠋ᠠᠨ ᠡᠷᠭᠦᠪᠡ᠃
ᠬᠥᠬᠡᠬᠣᠲᠠ ᠵᠢᠨ ᠵᠢᠯᠣᠭᠣᠴᠢ ᠦᠭᠡᠢ ᠨᠢᠰᠭᠡᠯ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠥᠪᠥᠷ ᠮᠣᠩᠭᠣᠯ᠎ᠤᠨ ᠳᠣᠣᠷ᠎ᠠ ᠠᠭ᠋ᠠᠷ᠎ᠤᠨ ᠠᠵᠤ ᠠᠬᠤᠢ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠰᠠᠭᠤᠷᠢᠨ ᠭᠠᠵᠠᠷ ᠵᠡᠷᠭᠡ ᠳᠥᠷᠪᠡᠨ ᠶᠡᠬᠡ ᠰᠠᠭᠤᠷᠢᠨ ᠭᠠᠵᠠᠷ᠎ᠢ ᠠᠵᠤ ᠦᠢ᠍ᠯᠡᠰ᠎ᠤᠨ ᠣᠷᠣᠨ ᠵᠠᠢ ᠵᠢᠨ ᠪᠠᠢ᠌ᠷᠢᠯᠠᠭᠤᠯᠤᠯᠲᠠ ᠵᠢᠨ ᠭᠣᠣᠯᠳᠠᠯᠭ᠎ᠠ ᠪᠣᠯᠭ᠋ᠠᠵᠤ᠂ ᠰᠤᠳᠤᠯᠤᠨ ᠨᠡᠭᠡᠭᠡᠵᠦ ᠦᠢ᠍ᠯᠡᠳᠬᠦ᠂ ᠬᠤᠳᠠᠯᠳᠤᠭ᠋ᠠᠨ᠎ᠤ ᠬᠡᠷᠡᠭᠯᠡᠯᠲᠡ᠂ ᠰᠠᠭᠤᠷᠢ ᠲᠥᠬᠥᠭᠡᠷᠦᠮᠵᠢ᠂ ᠦᠢ᠍ᠯᠡᠴᠢᠯᠡᠭᠡ ᠵᠢ ᠨᠢᠭᠡ ᠴᠣᠭᠴᠠᠵᠢᠭᠤᠯᠤᠭᠰᠠᠨ ᠳᠣᠣᠷ᠎ᠠ ᠠᠭ᠋ᠠᠷ᠎ᠤᠨ ᠠᠵᠤ ᠠᠬᠤᠢ ᠵᠢᠨ ᠬᠠᠮᠵᠢᠯᠴᠠᠨ ᠬᠥᠭᠵᠢᠬᠦ ᠰᠢᠰᠲᠸᠮᠵᠢ ᠵᠢ ᠪᠠᠢ᠌ᠭᠤᠯᠵᠤ᠂ ᠬᠥᠬᠡᠬᠣᠲᠠ ᠵᠢ ᠪᠦᠬᠦ ᠤᠯᠤᠰ᠎ᠤᠨ ᠳᠣᠣᠷ᠎ᠠ ᠠᠭ᠋ᠠᠷ᠎ᠤᠨ ᠠᠵᠤ ᠠᠬᠤᠢ ᠵᠢᠨ ᠠᠵᠤ ᠦᠢ᠍ᠯᠡᠰ᠎ᠤᠨ ᠰᠢᠨ᠎ᠡ ᠥᠨᠳᠥᠷ ᠭᠠᠵᠠᠷ ᠪᠣᠯᠭ᠋ᠠᠬᠤ ᠵᠢ ᠠᠬᠢᠭᠤᠯᠪᠠ᠃
ᠬᠥᠬᠡᠬᠣᠲᠠ ᠵᠢᠨ ᠳᠣᠣᠷ᠎ᠠ ᠠᠭ᠋ᠠᠷ᠎ᠤᠨ ᠳᠡᠯᠡᠬᠡᠢ ᠵᠢᠨ ᠪᠥᠮᠪᠥᠷᠴᠡᠭ᠎ᠤᠨ ᠹᠢᠽᠢᠺ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠨᠢ ᠵᠢᠯᠤᠭᠤᠤᠴᠢ ᠦᠭᠡᠢ ᠮᠠᠰᠢᠨᠳᠤ ᠲᠣᠬᠢᠷᠠᠬᠤ ᠥᠨᠳᠥᠷ ᠰᠣᠷᠭᠣᠭ ᠬᠡᠮᠵᠢᠭᠴᠢ ᠵᠢᠨ ᠰᠣᠷᠢᠨᠵᠢᠨ ᠰᠡᠷᠡᠯ ᠵᠢ ᠳᠠᠮᠵᠢᠭᠤᠯᠤᠭᠴᠢ ᠪᠠ ᠳᠡᠭᠡᠳᠦ ᠨᠠᠷᠢᠯᠢᠭ ᠳᠣᠣᠷ᠎ᠠ ᠠᠭ᠋ᠠᠷ ᠬᠣᠷᠣᠮ ᠬᠤᠪᠢᠰᠬᠤ ᠴᠠᠬᠢᠯᠭ᠋ᠠᠨ ᠰᠣᠷᠢᠨᠵᠢᠨ ᠰᠡᠷᠡᠯ ᠪᠠᠭ᠋ᠠᠵᠢ ᠵᠢ ᠲᠥᠪᠯᠡᠷᠡᠭᠦᠯᠦᠨ ᠰᠤᠳᠤᠯᠤᠨ ᠨᠡᠭᠡᠭᠡᠵᠦ᠂ ᠤᠯᠠᠮᠵᠢᠯᠠᠯᠲᠤ ᠪᠠᠭ᠋ᠠᠵᠢ ᠵᠢᠨ ᠨᠠᠷᠢᠯᠢᠭ ᠣᠨᠣᠪᠴᠢᠲᠠᠢ ᠪᠢᠴᠢᠯ ᠰᠣᠷᠢᠨᠵᠢᠨ ᠣᠷᠣᠨ ᠪᠠ ᠴᠠᠬᠢᠯᠭ᠋ᠠᠨ ᠰᠣᠷᠢᠨᠵᠢᠨ ᠳᠣᠬᠢᠶ᠎ᠠ ᠵᠢ ᠪᠠᠷᠢᠬᠤ ᠲᠠᠯ᠎ᠠ᠎ᠪᠠᠷ᠎ᠬᠢ ᠬᠦᠴᠢᠷ ᠠᠰᠠᠭᠤᠳᠠᠯ᠎ᠢ ᠰᠢᠢ᠍ᠳᠪᠦᠷᠢᠯᠡᠪᠡ᠃ ᠲᠤᠷᠰᠢᠯᠲᠠ ᠵᠢᠨ ᠲᠠᠰᠤᠭ᠎ᠤᠨ ᠰᠤᠳᠤᠯᠭ᠋ᠠᠨ᠎ᠤ ᠦᠷ᠎ᠡ ᠪᠦᠲᠦᠭᠡᠯ᠎ᠨᠢ ᠭᠦᠨ ᠬᠡᠰᠡᠭ᠎ᠤᠨ ᠭᠠᠵᠠᠷ ᠰᠢᠨᠵᠢᠯᠡᠭᠡᠨ᠎ᠤ ᠴᠣᠭᠴᠠ ᠪᠠ ᠵᠢᠵᠢᠭ ᠬᠡᠯᠪᠡᠷᠢ ᠵᠢᠨ ᠭᠠᠵᠠᠷ ᠰᠢᠨᠵᠢᠯᠡᠭᠡᠨ᠎ᠤ ᠬᠠᠷᠠᠯᠲᠠ ᠵᠢ ᠨᠠᠩ ᠨᠠᠷᠢᠨ ᠨᠢᠭᠲᠠ ᠬᠠᠶ᠋ᠢᠨ ᠬᠡᠮᠵᠢᠬᠦ ᠵᠢ ᠪᠡᠶᠡᠯᠡᠭᠦᠯᠵᠦ᠂ ᠡᠬᠢ ᠪᠠᠶᠠᠯᠢᠭ᠎ᠤᠨ ᠬᠠᠶ᠋ᠢᠨ ᠰᠢᠨᠵᠢᠯᠡᠯᠲᠡ᠂ ᠭᠠᠵᠠᠷ ᠰᠢᠨᠵᠢᠯᠡᠭᠡᠨ᠎ᠤ ᠲᠣᠭᠲᠠᠴᠠ ᠵᠢᠨ ᠰᠤᠳᠤᠯᠭ᠋ᠠᠨ ᠵᠡᠷᠭᠡ ᠳᠡᠭᠡᠳᠦ ᠨᠠᠷᠢᠯᠢᠭ ᠲᠤᠭ᠎ᠠ ᠪᠠᠷᠢᠮᠲᠠ ᠵᠢᠨ ᠬᠡᠷᠡᠭᠴᠡᠭᠡ ᠵᠢ ᠬᠠᠩᠭ᠋ᠠᠵᠤ᠂ ᠭᠠᠵᠠᠷ ᠰᠢᠨᠵᠢᠯᠡᠭᠡᠨ᠎ᠤ ᠰᠢᠨᠵᠢᠯᠡᠬᠦ ᠤᠬᠠᠭ᠋ᠠᠨᠴᠢ ᠬᠥᠭᠵᠢᠯᠲᠡ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠪᠠ᠃
ᠳᠣᠤᠷ᠎ᠠ ᠠᠭ᠋ᠠᠷ᠎ᠤᠨ ᠠᠵᠤ ᠠᠬᠤᠶ ᠵᠢ ᠬᠥᠭᠵᠢᠭᠦᠯᠬᠦ ᠲᠠᠯ᠎ᠠ᠎ᠪᠠᠷ᠂ ᠬᠥᠬᠡᠬᠣᠲᠠ ᠲᠥᠷᠥ ᠵᠢᠨ ᠪᠣᠳᠣᠯᠭ᠎ᠠ᠂ ᠣᠷᠣᠨ ᠪᠠᠶ᠋ᠢᠷᠢ᠂ ᠠᠭ᠋ᠠᠷ᠎ᠤᠨ ᠣᠷᠣᠨ᠂ ᠠᠵᠤ ᠦᠢ᠍ᠯᠡᠰ᠎ᠤᠨ ᠰᠠᠭᠤᠷᠢ ᠪᠣᠯᠤᠨ ᠣᠷᠴᠢᠨ ᠲᠣᠭᠣᠷᠢᠨ ᠵᠡᠷᠭᠡ ᠣᠯᠠᠨ ᠲᠠᠯ᠎ᠠ ᠵᠢᠨ ᠳᠠᠪᠠᠭᠤᠯᠢᠭ᠎ᠲᠠᠢ ᠶᠤᠮ᠃ ᠪᠣᠳᠣᠬᠤ ᠬᠦᠴᠦᠨ᠎ᠤ ᠲᠠᠯ᠎ᠠ᠎ᠪᠠᠷ᠂ ᠬᠥᠬᠡᠬᠣᠲᠠ ᠵᠢᠨ ᠪᠣᠬᠢᠷᠲᠤᠯ ᠦᠭᠡᠢ ᠪᠣᠳᠣᠬᠤ ᠬᠦᠴᠦᠨ᠎ᠤ ᠵᠢᠭ᠋ᠠᠯᠲᠠ ᠲᠣᠭ᠎ᠠ ᠪᠦᠬᠦ ᠤᠯᠤᠰ᠎ᠤᠨ ᠲᠡᠷᠢᠭᠦᠨ᠎ᠳᠤ ᠤᠷᠤᠵᠦ᠂ ᠬᠥᠬᠡᠬᠣᠲᠠ ᠴᠤ᠌ ᠡᠨᠡ ᠬᠦ᠌ ᠳᠠᠪᠠᠭᠤᠯᠢᠭ᠎ᠢ ᠠᠳᠬᠤᠵᠠᠢ᠃ ᠡᠨᠡ ᠵᠢᠯ᠎ᠤᠨ ᠬᠥᠬᠡᠬᠣᠲᠠ ᠵᠢᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠤ᠂ ᠪᠣᠬᠢᠷᠲᠤᠯ ᠦᠭᠡᠢ ᠪᠣᠳᠣᠬᠤ ᠬᠦᠴᠦᠨ᠂ ᠵᠣᠬᠢᠶᠠᠮᠠᠯ ᠤᠶᠤᠨ ᠵᠶ᠋ᠠᠷ ᠲᠤᠯᠭ᠋ᠠᠭᠤᠷᠢᠯᠠᠯ ᠪᠣᠯᠭ᠋ᠠᠭᠰᠠᠨ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠠᠵᠤ ᠦᠢ᠍ᠯᠡᠰ᠎ᠤᠨ ᠪᠦᠯᠦᠭᠵᠢᠯ᠎ᠢ ᠪᠦᠬᠦ ᠬᠦᠴᠦᠨ ᠵᠶ᠋ᠠᠷ ᠵᠶ᠋ᠠᠨ ᠠᠬᠢᠭᠤᠯᠤᠨ᠎ᠠ ᠭᠡᠵᠦ ᠳᠤᠷᠠᠳᠪᠠ᠃ ᠳᠣᠤᠷ᠎ᠠ ᠠᠭ᠋ᠠᠷ᠎ᠤᠨ ᠠᠵᠤ ᠠᠬᠤᠶ᠂ ᠠᠭ᠋ᠠᠷ ᠰᠠᠨᠰᠠᠷ᠎ᠤᠨ ᠠᠶᠠᠯᠠᠯ ᠵᠶ᠋ᠠᠷ ᠲᠥᠯᠥᠭᠡᠯᠡᠭᠦᠯᠦᠭᠰᠡᠨ ᠣᠳᠣ ᠦᠶ᠎ᠡ ᠵᠢᠨ ᠡᠷᠭᠦᠯᠲᠡ ᠵᠢᠨ ᠲᠣᠨᠣᠭ ᠲᠥᠬᠥᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠪᠦᠯᠦᠭᠯᠡᠯ᠎ᠢ ᠪᠦᠬᠦ ᠬᠦᠴᠦᠨ ᠵᠶ᠋ᠠᠷ ᠵᠶ᠋ᠠᠨ ᠲᠦᠯᠬᠢᠨ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠪᠦᠲᠦᠮᠵᠢᠲᠡᠢ ᠨᠡᠮᠡᠭᠳᠡᠭᠦᠯᠦᠨ᠎ᠡ᠃ ᠵᠣᠬᠢᠶᠠᠮᠠᠯ ᠣᠶᠤᠨ᠂ ᠳᠣᠤᠷ᠎ᠠ ᠠᠭ᠋ᠠᠷ᠎ᠤᠨ ᠠᠵᠤ ᠠᠬᠤᠶ᠂ ᠨᠡᠶ᠋ᠢᠯᠡᠮᠡᠯ ᠠᠮᠢᠳᠤ ᠪᠣᠳᠠᠰ᠂ ᠠᠵᠤ ᠦᠢ᠍ᠯᠡᠳᠪᠦᠷᠢ ᠵᠢᠨ ᠴᠠᠬᠢᠮ ᠢᠯᠲᠠᠰᠤ ᠵᠡᠷᠭᠡ ᠵᠢᠨ ᠲᠣᠭᠤᠷᠢᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠤᠮᠲᠠ ᠰᠢᠪᠲᠤᠯᠬᠤ ᠠᠵᠢᠯ᠎ᠢ 10 ᠭᠠᠷᠤᠢ ᠥᠷᠨᠢᠭᠦᠯᠪᠡ᠃
ᠡᠨᠡ ᠵᠢᠯ᠎ᠤᠨ ᠨᠢᠭᠡᠳᠦᠭᠡᠷ ᠤᠯᠠᠷᠢᠯ᠎ᠳᠤ᠂ ᠬᠥᠬᠡᠬᠣᠲᠠ ᠵᠢᠯ ᠡᠬᠢᠯᠡᠮᠡᠭᠴᠡ ᠭᠦᠶᠦᠵᠦ᠂ ᠭᠦᠶᠦᠵᠦ ᠡᠬᠢᠯᠡᠮᠡᠭᠴᠡ ᠰᠢᠪᠲᠤᠯᠬᠤ ᠳᠦᠭᠦᠷᠡᠩ ᠪᠠᠢ᠌ᠳᠠᠯ ᠵᠶ᠋ᠠᠷ᠂ ᠲᠦᠷᠦᠭᠦᠦ ᠤᠯᠠᠷᠢᠯ᠎ᠳᠤ 《ᠰᠠᠢ᠌ᠨ ᠡᠬᠢᠯᠡᠯᠲᠡ》᠎ᠲᠠᠢ ᠪᠦᠬᠦ ᠵᠢᠯ᠎ᠤᠨ 《ᠪᠦᠷᠢᠨ ᠬᠤᠪᠢ》 ᠵᠢ ᠡᠭᠦᠳᠪᠡ᠃
ᠢᠷᠡᠭᠡᠳᠦᠢ ᠵᠢᠨ ᠠᠵᠤ ᠦᠢ᠍ᠯᠡᠰ᠎ᠤᠨ ᠰᠢᠨ᠎ᠡ ᠤᠷᠤᠯᠳᠤᠭ᠋ᠠᠨ᠎ᠤ ᠵᠠᠮ᠎ᠢ ᠵᠠᠪᠳᠤᠨ ᠡᠵᠡᠯᠡᠬᠦ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ 《ᠪᠦᠰᠡᠯᠡᠯᠲᠡ ᠰᠢᠪᠲᠤᠯᠬᠤ》 ᠪᠣᠯ ᠵᠠᠩᠭᠢᠯᠠᠭ᠎ᠠ ᠮᠥᠨ᠃ ᠬᠥᠬᠡᠬᠣᠲᠠ ᠣᠳᠣ ᠶᠠᠭ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠪᠠ ᠢᠷᠡᠭᠡᠳᠦᠢ ᠵᠢᠨ ᠠᠵᠤ ᠦᠢ᠍ᠯᠡᠰ᠎ᠤᠨ ᠲᠥᠯᠥᠪᠵᠢᠭᠦᠯᠭᠡ ᠪᠠᠢ᠌ᠷᠢᠯᠠᠭᠤᠯᠤᠯᠲᠠ ᠵᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠰᠡᠳᠦᠪ᠎ᠢ ᠲᠠᠰᠤᠷᠠᠯᠲᠠ ᠦᠭᠡᠢ ᠡᠪᠳᠡᠵᠦ᠂ ᠳᠣᠣᠷ᠎ᠠ ᠠᠭ᠋ᠠᠷ᠎ᠤᠨ ᠠᠵᠤ ᠠᠬᠤᠢ ᠵᠢᠨ 《ᠵᠢᠭᠦᠷ ᠵᠶ᠋ᠡᠨ ᠳᠡᠪᠢᠵᠦ ᠨᠢᠰᠬᠦ》 ᠵᠢ ᠲᠦᠯᠬᠢᠨ ᠠᠬᠢᠭᠤᠯᠵᠤ᠂ ᠪᠣᠳᠣᠬᠤ ᠴᠢᠳᠠᠪᠤᠷᠢ ᠵᠢᠨ ᠬᠡᠪᠴᠢᠶ᠎ᠡ ᠵᠢ ᠦᠷᠭᠦᠯᠵᠢᠯᠡᠨ ᠪᠤᠵᠠᠭ᠋ᠠᠢ᠌ᠷᠠᠭᠤᠯᠵᠤ᠂ 《ᠳᠡᠯᠡᠬᠡᠢ ᠵᠢᠨ ᠪᠣᠳᠣᠯᠭ᠎ᠠ ᠵᠢᠨ ᠬᠦᠨᠳᠡᠢ》 ᠲᠡᠢ᠌ᠰᠢ ᠪᠦᠬᠦ ᠬᠦᠴᠦᠨ ᠵᠶ᠋ᠠᠷ ᠵᠶ᠋ᠠᠨ ᠤᠷᠤᠭᠰᠢᠯᠠᠵᠤ ᠪᠠᠢ᠌ᠨ᠎ᠠ᠃