ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
19 ᠠᠵᠤ ᠠᠬᠤᠶ᠋ᠢᠯᠠᠯ ᠥᠪᠥᠷ ᠮᠣᠩᠭᠤᠯ᠎ᠤᠨ ᠪᠠᠶᠠᠨᠨᠠᠭᠤᠷ ᠬᠤᠲᠠ ᠵᠢᠨ 《ᠭᠤᠷᠪᠠᠨ ᠣᠷᠣᠨ᠎ᠢ ᠨᠢᠭᠡ ᠴᠣᠭᠴᠠᠵᠢᠭᠤᠯᠬᠤ》 ᠬᠠᠮᠵᠢᠯᠴᠠᠨ ᠬᠦᠭᠵᠢᠬᠦ ᠭᠡᠷ᠎ᠡ ᠲᠣᠭᠲᠠᠬᠤ ᠶᠣᠰᠣᠯᠠᠯ ᠶᠠᠪᠤᠭᠳᠠᠪᠠ
ᠨᠡᠶ᠋ᠢᠲᠡᠯᠡᠭᠰᠡᠨ ᠴᠠᠭ᠄ 2025-03-19

  3 ᠳ᠋ᠤᠭ᠋ᠠᠷ ᠰᠠᠷ᠎ᠠ ᠵᠢᠨ 14᠎ᠤ ᠡᠳᠦᠷ᠂ ᠥᠪᠥᠷ ᠮᠣᠩᠭᠤᠯ᠎ᠤᠨ ᠪᠠᠶᠠᠨᠨᠠᠭᠤᠷ ᠬᠤᠳᠠ ᠵᠢᠨ ᠯᠢᠨ ᠾᠧ ᠲᠣᠭᠤᠷᠢᠭ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ ᠵᠢᠨ ᠲᠣᠭᠤᠷᠢᠭ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠤ 《ᠭᠤᠷᠪᠠᠨ ᠣᠷᠣᠨ᠎ᠢ ᠨᠢᠭᠡ ᠴᠣᠭᠴᠠᠵᠢᠭᠤᠯᠬᠤ》 ᠬᠠᠮᠵᠢᠯᠴᠠᠨ ᠬᠥᠭᠵᠢᠭᠦᠯᠬᠦ ᠲᠦᠷᠦᠯ ᠵᠦᠢ᠍ᠯ᠎ᠢ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠯᠢᠨ ᠾᠧ ᠲᠣᠭᠤᠷᠢᠭ᠎ᠲᠤ ᠶᠠᠪᠤᠭᠳᠠᠪᠠ᠃

   ᠶᠣᠰᠣᠯᠠᠯ ᠳᠡᠭᠡᠷ᠎ᠡ᠂ ᠯᠢᠨ ᠾᠧ ᠲᠣᠭᠤᠷᠢᠭ᠂ ᠪᠠᠶᠠᠨᠨᠠᠭᠤᠷ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠤᠷᠢᠭ ᠲᠣᠰ ᠲᠣᠰ ᠥᠪᠥᠷ ᠮᠣᠩᠭᠤᠯ᠎ᠤᠨ ᠵᠥᠩ ᠵᠢᠶᠤᠤ ᠢᠳᠡᠭᠡᠨ᠎ᠤ ᠬᠢᠵᠠᠭ᠋ᠠᠷᠲᠤ  ᠺᠣᠮᠫᠠᠨᠢ᠂ ᠥᠪᠥᠷ ᠮᠣᠩᠭᠤᠯ᠎ᠤᠨ ᠸᠧ ᠡᠯ ᠨᠤᠤᠯᠤᠭᠤᠷ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ᠂ ᠡᠾᠸᠪᠸᠢ ᠲᠡᠮᠦᠷ ᠵᠠᠮ᠎ᠤᠨ ᠲᠣᠨᠣᠭᠯᠠᠯ᠎ᠤᠨ ᠬᠢᠵᠠᠭ᠋ᠠᠷᠲᠤ ᠺᠣᠮᠫᠠᠨᠢ ᠵᠡᠷᠭᠡ 19 ᠠᠵᠤ ᠠᠬᠤᠶ᠋ᠢᠯᠠᠯ᠎ᠲᠠᠢ ᠭᠡᠷ᠎ᠡ ᠲᠣᠭᠲᠠᠵᠤ᠂ ᠢᠳᠡᠭᠡᠨ ᠪᠣᠯᠪᠠᠰᠤᠷᠠᠭᠤᠯᠬᠤ᠂ ᠲᠣᠨᠤᠭ ᠲᠥᠬᠦᠭᠡᠷᠦᠮᠵᠢ ᠦᠢ᠍ᠯᠡᠳᠬᠦ᠂ ᠨᠣᠣᠰᠣ ᠨᠤᠤᠯᠤᠭᠤᠷ᠎ᠤᠨ ᠨᠡᠬᠡᠮᠡᠯ ᠡᠳ᠋ᠰᠢᠭᠦᠯᠬᠦ ᠵᠡᠷᠭᠡ ᠣᠯᠠᠨ ᠬᠦᠷᠢᠶ᠎ᠡ ᠴᠠᠷᠠᠭ᠎ᠠ᠎ᠳᠤ ᠬᠤᠯᠪᠣᠭᠳᠠᠵᠠᠶ᠃

   ᠯᠢᠨ ᠾᠧ ᠲᠣᠭᠤᠷᠢᠭ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠤᠷᠢᠭ᠎ᠤᠨ 《ᠭᠤᠷᠪᠠᠨ ᠣᠷᠣᠨ᠎ᠢ ᠨᠢᠭᠡ ᠴᠣᠭᠴᠠᠵᠢᠭᠤᠯᠬᠤ》 ᠬᠠᠮᠵᠢᠯᠴᠠᠨ ᠬᠦᠭᠵᠢᠬᠦ ᠪᠠᠶ᠋ᠢᠯᠳᠤᠬᠤ ᠪᠣᠳᠣᠯᠭ᠎ᠠ ᠪᠣᠯ ᠪᠠᠶᠠᠨᠨᠠᠭᠤᠷ ᠬᠤᠳᠠ ᠵᠢᠨ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ ᠠᠵᠢᠯᠯᠠᠭ᠎ᠠ ᠪᠣᠯᠤᠨ᠎ᠠ᠂ ᠠᠵᠤ ᠦᠢ᠍ᠯᠡᠳᠪᠦᠷᠢ ᠵᠢ ᠬᠥᠭᠵᠢᠭᠦᠯᠦᠨ ᠮᠠᠨᠳᠤᠭᠤᠯᠬᠤ ᠪᠠ ᠠᠵᠤ ᠦᠢ᠍ᠯᠡᠰ᠎ᠢ ᠰᠢᠪᠲᠤᠯᠬᠤ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠣᠯᠤᠨ᠎ᠠ᠃ ᠲᠣᠰ ᠤᠳᠠᠭ᠋ᠠᠨ᠎ᠤ ᠭᠡᠷ᠎ᠡ ᠲᠣᠭᠲᠠᠬᠤ᠎ᠨᠢ 《ᠭᠤᠷᠪᠠᠨ ᠣᠷᠣᠨ᠎ᠢ ᠨᠢᠭᠡ ᠴᠣᠭᠴᠠᠵᠢᠭᠤᠯᠬᠤ》 ᠬᠠᠮᠵᠢᠯᠴᠠᠨ ᠬᠥᠭᠵᠢᠬᠦ᠎ᠨᠢ ᠴᠢᠬᠤᠯᠠ ᠰᠢᠪᠲᠤᠯᠤᠯᠲᠠ᠎ᠲᠠᠢ ᠪᠣᠯᠤᠭᠰᠠᠨ᠎ᠢ ᠬᠠᠷᠠᠭᠤᠯᠵᠤ ᠪᠠᠶ᠋ᠢᠬᠤ ᠪᠥᠭᠡᠳ ᠠᠵᠤ ᠠᠬᠤᠶ᠋ᠢᠯᠠᠯ᠎ᠤᠨ ᠬᠥᠭᠵᠢᠯᠲᠡ᠎ᠳᠤ ᠨᠠᠩ ᠥᠷᠭᠡᠨ ᠠᠭᠤᠳᠠᠮ ᠣᠷᠣᠨ ᠵᠠᠶ ᠪᠠ ᠲᠠᠪᠴᠠᠩ ᠬᠠᠩᠭ᠋ᠠᠭᠰᠠᠨ ᠪᠠᠶ᠋ᠢᠨ᠎ᠠ᠃

 

ᠢᠷᠡᠯᠲᠡ᠄ ᠪᠠᠶᠠᠨᠨᠠᠭᠤᠷ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            