ᠴᠢᠬᠤᠯᠠ ᠶᠡᠭᠡ ᠲᠥᠷᠥᠯ ᠵᠦᠢ᠍ᠯ᠎ᠢ ᠲᠥᠯᠥᠪᠵᠢᠭᠦᠯᠬᠦ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥᠯ ᠵᠦᠢ᠍ᠯ᠎ᠤᠨ ᠨᠥᠭᠡᠴᠡᠯᠡᠯᠲᠡ ᠵᠢᠨ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ᠎ᠢ ᠲᠠᠰᠤᠷᠠᠯᠲᠠ ᠥᠬᠡᠶ ᠴᠢᠩᠭ᠋ᠠᠳᠬᠠᠬᠤ ᠵᠢᠨ ᠲᠥᠯᠥᠭᠡ᠂ ᠥᠪᠥᠷ ᠮᠣᠩᠭᠤᠯ᠎ᠤᠨ ᠠᠯᠠᠱ᠌ᠠ ᠠᠶ᠋ᠢᠮᠠᠭ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠴᠢᠬᠤᠯᠠ ᠶᠡᠭᠡ ᠲᠥᠷᠥᠯ ᠵᠦᠢ᠍ᠯ᠎ᠢ ᠲᠥᠯᠥᠪᠵᠢᠭᠦᠯᠬᠦ᠎ᠪᠠᠷ ᠣᠨ᠎ᠤ ᠠᠵᠢᠯ᠎ᠤᠨ ᠭᠤᠤᠯᠳᠠᠯᠭ᠎ᠠ ᠵᠢᠨ ᠳᠣᠲᠣᠷᠠᠬᠢ ᠭᠤᠤᠯᠳᠠᠯᠭ᠎ᠠ ᠪᠣᠯᠭ᠋ᠠᠵᠤ᠂ ᠠᠵᠢᠯ᠎ᠤᠨ ᠲᠣᠭᠲᠠᠴᠠ ᠵᠢᠨ ᠰᠢᠨ᠎ᠡ ᠵᠢ ᠡᠭᠦᠳᠬᠦ᠂ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠬᠤ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠲᠥᠷᠥᠯ ᠵᠦᠢ᠍ᠯ᠎ᠢ ᠲᠥᠯᠥᠪᠵᠢᠭᠦᠯᠬᠦ ᠶᠠᠰᠤ ᠴᠢᠨᠠᠷ ᠪᠠ ᠬᠢᠷᠢ ᠲᠦᠪᠰᠢᠨ᠎ᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠠᠯᠠᠱ᠌ᠠ ᠠᠶ᠋ᠢᠮᠠᠭ᠎ᠤᠨ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠪᠠᠲᠤ ᠴᠢᠩᠭ᠎ᠠ ᠲᠥᠷᠥᠯ ᠵᠦᠢ᠍ᠯ᠎ᠤᠨ ᠲᠤᠯᠭ᠋ᠠᠭᠤᠷᠢᠯᠠᠯ ᠬᠠᠩᠭ᠋ᠠᠪᠠ᠃
ᠠᠯᠠᠱ᠌ᠠ ᠠᠶ᠋ᠢᠮᠠᠭ ᠲᠦᠷᠢᠮ᠎ᠤᠨ ᠪᠠᠲᠤᠯᠠᠭ᠎ᠠ ᠵᠢᠨ ᠲᠣᠭᠲᠠᠴᠠ ᠵᠢ ᠴᠢᠩᠭ᠋ᠠᠳᠬᠠᠵᠤ᠂ ᠲᠥᠷᠥᠯ ᠵᠦᠢ᠍ᠯ᠎ᠤᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠰᠢᠯᠢᠳᠡᠭᠵᠢᠭᠦᠯᠦᠨ᠂ 《ᠪᠥᠬᠦ ᠠᠶ᠋ᠢᠮᠠᠭ᠎ᠤᠨ 〈ᠵᠢᠷᠭᠤᠭ᠋ᠠᠨ ᠠᠵᠢᠯᠯᠠᠭ᠎ᠠ〉 ᠵᠢᠨ ᠬᠡᠷᠡᠭᠵᠢᠭᠦᠯᠬᠦ ᠲᠥᠰᠦᠯ》᠎ᠢ ᠨᠠᠶ᠋ᠢᠷᠠᠭᠤᠯᠤᠨ ᠲᠠᠷᠬᠠᠭ᠋ᠠᠵᠤ᠂ ᠬᠠᠷᠠᠯᠲᠠ ᠡᠭᠦᠷᠭᠡ᠂ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃ ᠴᠢᠬᠤᠯᠠ ᠶᠡᠭᠡ ᠲᠥᠷᠥᠯ ᠵᠦᠢ᠍ᠯ᠎ᠤᠨ ᠤᠳᠤᠷᠢᠳᠤᠯᠭ᠎ᠠ ᠵᠢᠨ ᠳᠠᠭ᠋ᠠᠭ᠋ᠠᠴᠢᠯᠠᠨ ᠬᠤᠯᠪᠣᠭ᠋ᠠᠯᠠᠬᠤ ᠬᠠᠷᠢᠭᠤᠴᠠᠯᠭ᠎ᠠ ᠵᠢᠨ ᠲᠦᠷᠢᠮ᠎ᠢ ᠦᠷᠭᠦᠯᠵᠢᠯᠡᠨ ᠨᠠᠶ᠋ᠢᠳᠠᠪᠤᠷᠢᠵᠢᠭᠤᠯᠵᠤ᠂ 《ᠴᠢᠬᠤᠯᠠ ᠶᠡᠭᠡ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠲᠣᠭᠲᠠᠴᠠ ᠵᠢᠨ ᠦᠢ᠍ᠯᠡᠳᠦᠯ᠎ᠢ ᠤᠯᠠᠮ ᠨᠢᠭᠡ ᠠᠯᠬᠤᠮ ᠰᠠᠶ᠋ᠢᠲᠤᠷ ᠪᠠᠳᠠᠷᠠᠭᠤᠯᠵᠤ ᠴᠢᠬᠤᠯᠠ ᠶᠡᠭᠡ ᠲᠥᠷᠥᠯ ᠵᠦᠢ᠍ᠯ᠎ᠢ ᠲᠥᠯᠥᠪᠵᠢᠭᠦᠯᠬᠦ ᠠᠵᠢᠯᠯᠠᠭ᠎ᠠ ᠵᠢ ᠭᠦᠨᠵᠡᠭᠡᠶ ᠠᠬᠢᠭᠤᠯᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠲᠥᠪᠯᠡᠷᠡᠭᠦᠯᠦᠨ ᠬᠤᠯᠪᠣᠭ᠋ᠠᠯᠠᠨ ᠬᠥᠳᠡᠯᠦᠯᠴᠡᠵᠦ ᠬᠢᠨᠠᠨ ᠵᠥᠪᠰᠢᠶᠡᠷᠡᠬᠦ ᠲᠣᠭᠲᠠᠴᠠ ᠵᠢ ᠪᠠᠶ᠋ᠢᠭᠤᠯᠤᠨ᠂ 《ᠭᠠᠷᠠᠭ ᠪᠦᠷᠢ ᠬᠢᠨᠠᠨ ᠵᠥᠪᠰᠢᠶᠡᠷᠡᠬᠦ ᠡᠳᠦᠷ》᠎ᠤᠨ ᠲᠦᠷᠢᠮ᠎ᠢ ᠬᠡᠷᠡᠭᠵᠢᠭᠦᠯᠵᠦ᠂ ᠠᠯᠠᠱ᠌ᠠ ᠠᠶ᠋ᠢᠮᠠᠭ᠎ᠤᠨ ᠳᠡᠳ᠋ ᠳᠠᠷᠤᠭ᠎ᠠ ᠲᠦᠷᠦᠭᠦᠯᠡᠨ ᠲᠥᠪᠯᠡᠷᠡᠭᠦᠯᠦᠨ ᠵᠥᠪᠳᠡᠯᠴᠡᠬᠦ ᠬᠤᠷᠠᠯ ᠬᠤᠷᠠᠯᠳᠤᠭᠤᠯᠵᠤ᠂ ᠴᠢᠬᠤᠯᠠ ᠶᠡᠭᠡ ᠲᠥᠷᠥᠯ ᠵᠦᠢ᠍ᠯ᠎ᠤᠨ ᠭᠠᠷᠳᠠᠮ᠎ᠢ ᠭᠦᠢ᠍ᠴᠡᠳᠬᠡᠬᠦ᠎ᠳᠤ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠵᠢ ᠬᠡᠷᠡᠭᠵᠢᠭᠦᠯᠵᠦ᠂ ᠬᠠᠷᠢᠭᠤᠴᠠᠯᠭ᠋ᠠᠲᠤ ᠨᠢᠭᠡᠴᠢ ᠪᠠ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ ᠵᠦᠢ᠍ᠯ ᠳᠠᠷᠠᠭ᠋ᠠᠯᠠᠨ ᠲᠣᠳᠣᠷᠬᠠᠶ᠋ᠢᠯᠠᠪᠠ᠃ ᠲᠤᠰᠬᠠᠶ ᠵᠦᠢ᠍ᠯ᠎ᠤᠨ ᠪᠣᠭᠤᠮᠲᠠ ᠰᠢᠪᠲᠤᠯᠬᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠬᠤ᠎ᠪᠠᠷ ᠳᠠᠮᠵᠢᠭᠤᠯᠤᠨ᠂ 《ᠡᠳᠦᠷ᠎ᠲᠤ ᠳᠣᠭᠢᠷᠠᠭᠤᠯᠬᠤ᠂ ᠭᠠᠷᠠᠭ᠎ᠲᠤ ᠵᠠᠷᠯᠠᠨ ᠮᠡᠳᠡᠭᠳᠡᠬᠦ》 ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠡᠯᠭᠦᠭᠡ ᠵᠢᠷᠤᠭ ᠵᠶ᠋ᠠᠷ ᠪᠠᠶ᠋ᠢᠯᠳᠤᠬᠤ᠂ ᠪᠠᠷᠢᠯᠭ᠎ᠠ ᠵᠢᠨ ᠬᠤᠭᠤᠴᠠᠭ᠎ᠠ ᠵᠢ ᠲᠣᠩᠭᠤᠷᠠᠭᠤᠯᠤᠨ ᠵᠢᠭᠰᠠᠭ᠋ᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ᠂ ᠴᠢᠬᠤᠯᠠ ᠶᠡᠭᠡ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠶᠡᠭᠡ᠎ᠪᠠᠷ ᠳᠡᠭᠡᠭᠰᠢᠯᠡᠭᠦᠯᠦᠨ᠎ᠡ᠃
ᠡᠭᠦᠨ᠎ᠤ ᠬᠠᠮᠲᠤ᠂ ᠠᠯᠠᠱ᠌ᠠ ᠠᠶ᠋ᠢᠮᠠᠭ ᠬᠥᠳᠡᠯᠦᠩᠭᠦᠶ ᠨᠥᠭᠡᠴᠡᠯᠡᠬᠦ ᠲᠣᠭᠲᠠᠴᠠ ᠵᠢ ᠪᠠᠶ᠋ᠢᠭᠤᠯᠵᠤ᠂ ᠠᠵᠤ ᠠᠬᠤᠶ ᠵᠢᠨ ᠬᠥᠭᠵᠢᠯᠲᠡ ᠵᠢᠨ ᠰᠠᠭᠤᠷᠢ ᠵᠢ ᠪᠠᠲᠤᠳᠬᠠᠪᠠ᠃ ᠴᠢᠬᠤᠯᠠ ᠶᠡᠭᠡ ᠲᠥᠷᠥᠯ ᠵᠦᠢ᠍ᠯ᠎ᠤᠨ ᠨᠥᠭᠡᠴᠡᠯᠡᠬᠦ ᠬᠥᠮᠥᠷᠭᠡ ᠵᠢ ᠬᠥᠳᠡᠯᠦᠩᠭᠦᠶ᠎ᠪᠠᠷ ᠲᠡᠭᠦᠯᠳᠡᠷᠵᠢᠭᠦᠯᠵᠦ᠂ ᠡᠳᠦᠷ᠎ᠤᠨ ᠲᠣᠬᠢᠷᠠᠭᠤᠯᠤᠯᠲᠠ᠂ ᠰᠠᠷ᠎ᠠ ᠵᠢᠨ ᠵᠠᠳᠠᠯᠤᠯᠲᠠ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠥᠷᠥᠯ ᠵᠦᠢ᠍ᠯ᠎ᠤᠨ ᠠᠬᠢᠴᠠ ᠵᠢ ᠴᠠᠭ ᠲᠤᠬᠠᠶ᠎ᠳᠤᠨᠢ ᠮᠥᠷᠳᠡᠵᠦ᠂ ᠠᠬᠢᠭᠤᠯᠬᠤ ᠬᠦᠴᠢᠷ ᠠᠰᠠᠭᠤᠳᠠᠯ᠎ᠢ ᠣᠨᠣᠪᠴᠢᠲᠠᠶ ᠰᠢᠢ᠍ᠳᠪᠦᠷᠢᠯᠡᠨ᠎ᠡ᠃ ᠰᠢᠨ᠎ᠡ ᠡᠨᠧᠷᠭᠢ᠂ ᠰᠠᠭᠤᠷᠢ ᠲᠥᠬᠦᠭᠡᠷᠦᠮᠵᠢ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠬᠦᠷᠢᠶᠡᠨ᠎ᠤ ᠲᠣᠭᠤᠷᠢᠨ᠎ᠳᠤ ᠨᠥᠭᠡᠴᠡᠯᠡᠬᠦ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠵᠦ᠂ ᠲᠦᠷᠦᠯ ᠵᠦᠢ᠍ᠯ᠎ᠤᠨ ᠨᠠᠷᠢᠨ ᠲᠠᠩᠰᠠ ᠵᠢ ᠦᠷᠭᠦᠯᠵᠢᠯᠡᠨ ᠰᠢᠨᠡᠳᠬᠡᠵᠦ᠂ ᠱᠠᠲᠤᠯᠠᠨ ᠦᠷᠭᠦᠯᠵᠢᠯᠡᠭᠦᠯᠬᠦ ᠵᠢ ᠪᠡᠶᠡᠯᠡᠭᠦᠯᠦᠨ᠎ᠡ᠃ ᠣᠲᠣ ᠪᠣᠯᠲᠠᠯ᠎ᠠ᠂ ᠠᠯᠠᠱ᠌ᠠ ᠠᠶ᠋ᠢᠮᠠᠭ 2025 ᠣᠨ᠎ᠤ ᠴᠢᠬᠤᠯᠠ ᠶᠡᠭᠡ ᠲᠥᠷᠥᠯ ᠵᠦᠢ᠍ᠯ᠎ᠢ 309 ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ᠎ᠨᠢ 2400 ᠳ᠋ᠦᠩᠰᠢᠭᠤᠷ ᠲᠥᠭᠦᠷᠢᠭ ᠰᠢᠬᠠᠮ ᠪᠠᠶ᠋ᠢᠵᠤ᠂ ᠪᠥᠬᠦ ᠠᠶ᠋ᠢᠮᠠᠭ᠎ᠤᠨ ᠠᠯᠤᠰ ᠬᠡᠲᠦ ᠵᠢᠨ ᠬᠥᠭᠵᠢᠯᠲᠡ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠭᠦᠭᠰᠡᠨ ᠪᠠᠶ᠋ᠢᠨ᠎ᠠ᠃
ᠡᠭᠦᠨ᠎ᠠᠴᠠ ᠭᠠᠳᠠᠨ᠎ᠠ᠂ ᠠᠯᠠᠱ᠌ᠠ ᠠᠶ᠋ᠢᠮᠠᠭ ᠨᠠᠷᠢᠯᠢᠭ ᠣᠨᠣᠴᠠᠲᠠᠶ᠎ᠪᠠᠷ ᠬᠠᠪᠰᠤᠷᠤᠨ ᠵᠢᠯᠣᠭᠤᠳᠬᠤ ᠲᠣᠭᠲᠠᠴᠠ ᠵᠢᠨ ᠰᠢᠨ᠎ᠡ ᠵᠢ ᠡᠭᠦᠳᠴᠦ᠂ ᠲᠥᠷᠥᠯ ᠵᠦᠢ᠍ᠯ᠎ᠤᠨ ᠲᠥᠯᠥᠪᠵᠢᠭᠦᠯᠭᠡ ᠵᠢᠨ ᠶᠠᠰᠤ ᠴᠢᠨᠠᠷ᠎ᠢ ᠳᠡᠭᠡᠭᠰᠢᠯᠡᠭᠦᠯᠪᠡ᠃ ᠲᠥᠷᠥ ᠵᠢᠨ ᠪᠣᠳᠣᠯᠭ᠎ᠠ ᠵᠢᠨ ᠬᠠᠪᠰᠤᠷᠤᠨ ᠵᠢᠯᠣᠭᠤᠳᠣᠯᠭ᠎ᠠ ᠵᠢ ᠴᠢᠩᠭ᠋ᠠᠳᠬᠠᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠵᠢ ᠪᠣᠶ ᠪᠣᠯᠭ᠋ᠠᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢ ᠤᠷᠢᠵᠤ ᠴᠢᠬᠤᠯᠠ ᠶᠡᠭᠡ ᠲᠥᠷᠥᠯ ᠵᠦᠢ᠍ᠯ᠎ᠢ ᠲᠥᠰᠦᠪᠯᠡᠨ ᠲᠤᠰᠬᠠᠶ ᠰᠡᠳᠦᠪ ᠵᠶ᠋ᠠᠷ ᠬᠠᠪᠰᠤᠷᠤᠨ ᠵᠢᠯᠣᠭᠤᠳᠬᠤ ᠠᠵᠢᠯ᠎ᠢ ᠥᠷᠨᠢᠭᠦᠯᠵᠦ᠂ ᠠᠵᠤ ᠠᠬᠤᠶ ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢᠴᠢ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠲᠠᠯ᠎ᠠ᠎ᠪᠠᠷ ᠲᠥᠪᠯᠡᠷᠡᠭᠦᠯᠦᠨ ᠬᠢᠴᠢᠶᠡᠯ ᠵᠢᠭ᠋ᠠᠪᠠ᠃ ᠭᠤᠤᠯ ᠤᠳᠤᠷᠢᠳᠤᠯᠭ᠎ᠠ ᠪᠦᠯᠬᠦᠮ ᠳᠠᠭ᠋ᠠᠭᠤᠯᠤᠨ᠂ 5 ᠳᠤᠭᠤᠶ᠋ᠢᠯᠠᠩ ᠬᠤᠪᠢᠶᠠᠨ ᠡᠯ᠎ᠡ ᠬᠤᠰᠢᠭᠤ ᠲᠣᠭᠤᠷᠢᠭ᠎ᠲᠤ ᠬᠦᠷᠴᠦ ᠴᠢᠬᠤᠯᠠ ᠶᠡᠭᠡ ᠲᠥᠷᠥᠯ ᠵᠦᠢ᠍ᠯ᠎ᠢ ᠲᠥᠯᠥᠪᠵᠢᠭᠦᠯᠬᠦ ᠠᠵᠢᠯᠯᠠᠭ᠎ᠠ ᠪᠠ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠎ᠠ ᠵᠢᠨ ᠲᠤᠬᠠᠶ 10 ᠡᠳᠦᠷ᠎ᠤᠨ ᠬᠤᠭᠤᠴᠠᠭ᠎ᠠ᠎ᠲᠠᠢ ᠴᠡᠭ᠎ᠲᠤ ᠰᠠᠭᠤᠵᠤ ᠪᠠᠶ᠋ᠢᠴᠠᠭ᠋ᠠᠨ ᠰᠤᠳᠤᠯᠤᠯᠲᠠ ᠬᠢᠵᠦ᠂ ᠬᠤᠰᠢᠭᠤ ᠲᠣᠭᠤᠷᠢᠭ᠎ᠤᠨ 2025 ᠤᠨ ᠪᠠ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠴᠢᠬᠤᠯᠠ ᠶᠡᠭᠡ ᠲᠥᠷᠥᠯ ᠵᠦᠢ᠍ᠯ᠎ᠢ ᠲᠥᠯᠥᠪᠵᠢᠭᠦᠯᠦᠨ ᠨᠥᠭᠡᠴᠡᠯᠡᠬᠦ ᠡᠷᠴᠢᠮ ᠵᠶ᠋ᠠᠨ ᠴᠢᠩᠭ᠋ᠠᠷᠠᠭᠤᠯᠬᠤ ᠵᠢ ᠠᠬᠢᠭᠤᠯᠤᠨ᠎ᠠ᠃ ᠪᠥᠬᠦ ᠠᠶ᠋ᠢᠮᠠᠭ᠎ᠤᠨ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ ᠰᠢᠶᠠᠨ᠎ᠤ ᠭᠠᠵᠠᠷ᠎ᠤᠨ ᠲᠠᠰ᠎ᠤᠨ ᠺᠠᠳ᠋ᠷ᠂ ᠰᠢᠶᠠᠩ ᠰᠠᠯᠠᠭ᠋ᠠᠨ᠎ᠤ ᠲᠠᠰ᠎ᠤᠨ ᠵᠢᠩᠬᠢᠨᠢ ᠲᠤᠰᠢᠶᠠᠯᠲᠠᠨ᠎ᠳᠤ ᠬᠠᠨᠳᠤᠭᠤᠯᠤᠨ ᠪᠣᠯᠪᠠᠰᠤᠷᠠᠯ ᠥᠷᠨᠢᠭᠦᠯᠵᠦ᠂ ᠴᠢᠬᠤᠯᠠ ᠶᠡᠭᠡ ᠲᠥᠷᠥᠯ ᠵᠦᠢ᠍ᠯ᠎ᠤᠨ ᠲᠣᠭᠤᠷᠢᠨ᠎ᠳᠤ 13 ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠂ 《ᠲᠠᠪᠤ ᠵᠢ ᠴᠢᠩᠭ᠎ᠠ ᠠᠳᠬᠤᠬᠤ》 ᠲᠣᠭᠤᠷᠢᠨ᠎ᠳᠤ 《ᠶᠠᠭᠤᠨ᠎ᠳᠤ ᠰᠦᠪᠡᠭᠴᠢᠯᠡᠬᠦ᠂ ᠶᠠᠭᠤ ᠵᠢ ᠰᠦᠪᠡᠭᠴᠢᠯᠡᠬᠦ᠂ ᠶᠠᠭ᠋ᠠᠬᠢᠵᠦ ᠰᠦᠪᠡᠭᠴᠢᠯᠡᠬᠦ》 ᠭᠤᠷᠪᠠᠨ ᠲᠠᠯ᠎ᠠ᠎ᠪᠠᠷ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠪᠡ᠃ ᠪᠠᠶ᠋ᠢᠭᠤᠯᠭ᠎ᠠ ᠵᠢᠴᠢ ᠦᠨᠳᠦᠰᠦᠨ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠢᠰᠲ᠋ᠧᠮ᠎ᠤᠨ ᠰᠢᠯᠢᠳᠡᠭ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ᠎ᠢ ᠰᠣᠩᠭᠤᠨ 《ᠴᠢᠬᠤᠯᠠ ᠶᠡᠭᠡ ᠲᠥᠷᠥᠯ ᠵᠦᠢ᠍ᠯ᠎ᠢ ᠲᠥᠯᠥᠪᠵᠢᠭᠦᠯᠬᠦ ᠠᠵᠢᠯᠯᠠᠭ᠎ᠠ》 ᠵᠢᠨ ᠤᠬᠠᠭᠤᠯᠤᠨ ᠲᠠᠶ᠋ᠢᠯᠪᠤᠷᠢᠯᠠᠬᠤ ᠡᠩᠨᠡᠭᠡ ᠵᠢ ᠵᠣᠬᠢᠶᠠᠨ ᠪᠠᠶ᠋ᠢᠭᠤᠯᠵᠤ᠂ ᠪᠥᠬᠦ ᠠᠶ᠋ᠢᠮᠠᠭ᠎ᠤᠨ ᠬᠡᠪᠴᠢᠶᠡᠨ᠎ᠳᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠥᠷᠨᠢᠭᠦᠯᠵᠦ᠂ ᠪᠥᠬᠦ ᠠᠶ᠋ᠢᠮᠠᠭ᠎ᠤᠨ ᠡᠯ᠎ᠡ ᠬᠦᠷᠢᠶᠡᠨ᠎ᠳᠠᠬᠢ ᠴᠢᠬᠤᠯᠠ ᠶᠡᠭᠡ ᠲᠥᠷᠥᠯ ᠵᠦᠢ᠍ᠯ᠎ᠢ ᠲᠥᠯᠥᠪᠵᠢᠭᠦᠯᠬᠦ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠣᠯᠪᠠᠰᠤᠷᠠᠯ᠎ᠳᠤ ᠣᠷᠣᠯᠴᠠᠭᠰᠠᠳ 530 ᠬᠥᠮᠦᠨ ᠤᠳᠠᠭ᠎ᠠ᠎ᠳᠤ ᠬᠦᠷᠪᠡ᠃