ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠵᠤ ᠦᠢ᠍ᠯᠡᠰ᠎ᠤᠨ ᠶᠠᠷᠢᠶᠠᠨ᠎ᠤ ᠲᠠᠪᠴᠠᠩ —2025 ᠣᠨ᠎ᠤ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠹᠯᠣᠷ ᠴᠠᠬᠢᠭᠤᠷ᠎ᠤᠨ ᠠᠵᠤ ᠦᠢ᠍ᠯᠡᠰ᠎ᠤᠨ ᠶᠡᠭᠡ ᠬᠤᠷᠠᠯ ᠪᠤᠭᠤᠲᠤ ᠬᠤᠲᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2025-05-22

  5 ᠳ᠋ᠤᠭ᠋ᠠᠷ ᠰᠠᠷ᠎ᠠ ᠵᠢᠨ 22᠎ᠤᠨ ᠡᠳᠦᠷ᠂ 2025 ᠣᠨ᠎ᠤ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠹᠯᠣᠷ ᠴᠠᠬᠢᠭᠤᠷ᠎ᠤᠨ ᠠᠵᠤ ᠦᠢ᠍ᠯᠡᠰ᠎ᠤᠨ ᠶᠡᠭᠡ ᠬᠤᠷᠠᠯ ᠥᠪᠥᠷ ᠮᠣᠩᠭᠤᠯ᠎ᠤᠨ ᠪᠤᠭᠤᠲᠤ ᠬᠤᠲᠠ᠎ᠳᠤ ᠬᠤᠷᠠᠯᠳᠤᠪᠠ᠃ ᠲᠣᠰ ᠬᠤᠭᠤᠴᠠᠭ᠋ᠠᠨ᠎ᠤ ᠶᠡᠭᠡ ᠬᠤᠷᠠᠯ᠎ᠢ ᠳᠤᠮᠳᠠᠳᠤ ᠤᠯᠤᠰ᠎ᠤᠨ ᠹᠯᠣᠷ ᠴᠠᠬᠢᠭᠤᠷ᠎ᠤᠨ ᠣᠷᠭ᠋ᠠᠨᠢᠭ ᠮᠠᠲ᠋ᠧᠷᠢᠶᠠᠯ᠎ᠤᠨ ᠠᠵᠤ ᠦᠢ᠍ᠯᠡᠳᠪᠦᠷᠢ ᠵᠢᠨ ᠨᠡᠶ᠋ᠢᠭᠡᠮᠯᠢᠭ᠂ ᠥᠪᠥᠷ ᠮᠣᠩᠭᠤᠯ᠎ᠤᠨ ᠵᠢᠨ ᠧ ᠪᠥᠸᠧ ᠹᠯᠣᠷ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠭᠤᠤᠯᠯᠠᠨ ᠡᠷᠭᠢᠯᠡᠪᠡ᠃ ᠶᠡᠭᠡ ᠬᠤᠷᠠᠯ᠎ᠠᠴᠠ ᠤᠳᠤ ᠦᠶ᠎ᠡ ᠵᠢᠨ ᠹᠯᠣᠷ ᠴᠠᠬᠢᠭᠤᠷ᠎ᠤᠨ ᠠᠵᠤ ᠦᠢ᠍ᠯᠡᠰ᠎ᠤᠨ ᠰᠢᠰᠲ᠋ᠧᠮ᠂ ᠰᠢᠨ᠎ᠡ ᠮᠡᠷᠭᠡᠵᠢᠯ ᠰᠢᠨ᠎ᠡ ᠦᠢ᠍ᠯᠡᠳᠬᠦᠨ ᠰᠢᠨ᠎ᠡ ᠪᠠᠶ᠋ᠢᠳᠠᠯ᠎ᠢ ᠶᠡᠭᠡ ᠬᠡᠪᠴᠢᠶ᠎ᠡ᠎ᠪᠠᠷ ᠬᠡᠷᠡᠭᠯᠡᠬᠦ ᠵᠢᠱ᠌ᠢᠶ᠎ᠡ ᠦᠵᠡᠭᠦᠯᠬᠦ ᠠᠵᠢᠯᠯᠠᠭ᠎ᠠ ᠵᠡᠷᠭᠡ ᠬᠤᠰᠢᠭᠤᠷᠠᠯ ᠵᠥᠪᠯᠡᠬᠦ ᠵᠦᠢ᠍ᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠰᠢᠨ᠎ᠡ ᠮᠡᠷᠭᠡᠵᠢᠯ ᠰᠢᠨ᠎ᠡ ᠦᠢ᠍ᠯᠡᠳᠬᠦᠨ ᠰᠢᠨ᠎ᠡ ᠲᠠᠯᠠᠪᠤᠷ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠠᠵᠢᠯᠯᠠᠭ᠎ᠠ》 ᠵᠢ ᠵᠡᠷᠭᠡᠪᠡᠷ ᠬᠡᠷᠡᠭᠵᠢᠭᠦᠯᠵᠦ᠂ ᠠᠵᠢᠯ ᠲᠦᠷᠦᠯ᠎ᠤᠨ ᠬᠡᠷᠡᠭ ᠡᠷᠬᠢᠯᠡᠭᠴᠢᠳ᠎ᠤᠨ ᠬᠤᠷᠠᠯ᠎ᠢ ᠬᠤᠷᠠᠯᠳᠤᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠲᠣᠯᠣᠭ᠋ᠠᠶ᠋ᠢᠯᠠᠭᠴᠢ ᠠᠵᠤ ᠠᠬᠤᠶ᠋ᠢᠯᠠᠯ᠂ ᠣᠷᠦ᠋ᠢ᠍ᠯᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠢᠴᠢ ᠮᠥᠩᠭᠦᠨ ᠭᠦᠢ᠍ᠯᠭᠡᠭᠡᠨ᠎ᠤ ᠬᠥᠷᠥᠩᠭᠡ ᠵᠡᠷᠭᠡ ᠡᠯ᠎ᠡ ᠲᠠᠯ᠎ᠠ ᠵᠢᠨ ᠬᠦᠴᠦᠨ᠎ᠢ ᠲᠠᠲᠠᠵᠤ᠂ ᠹᠯᠣᠷ ᠴᠠᠬᠢᠭᠤᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠶᠡᠭᠡ ᠪᠤᠳᠤᠯᠭ᠎ᠠ ᠵᠢ ᠬᠠᠮᠲᠤᠪᠠᠷ ᠵᠥᠪᠯᠡᠪᠡ᠃

   ᠪᠤᠭᠤᠲᠤ ᠬᠤᠲᠠ᠎ᠨᠢ ᠥᠪᠡᠷᠮᠢᠴᠡ ᠣᠷᠣᠨ ᠪᠠᠶ᠋ᠢᠷᠢ ᠵᠢᠨ ᠳᠠᠪᠠᠭᠤᠯᠢᠭ᠎ᠲᠠᠢ᠎ᠪᠠᠷ ᠪᠠᠷᠠᠬᠤ ᠥᠬᠡᠶ᠂ ᠪᠠᠰᠠ ᠴᠤ᠌ 《ᠳᠤᠮᠳᠠᠳᠤ ᠮᠣᠩᠭᠤᠯ ᠣᠷᠣᠰ᠎ᠤᠨ ᠠᠵᠤ ᠠᠬᠤᠶ ᠵᠢᠨ ᠬᠤᠩᠭᠢᠯ》᠎ᠤᠨ ᠴᠢᠬᠤᠯᠠ ᠵᠠᠩᠭᠢᠯᠠᠭ᠎ᠠ ᠵᠢᠨ ᠬᠤᠲᠠ ᠪᠣᠯᠬᠤ ᠪᠥᠭᠡᠳ ᠬᠠᠶ᠋ᠢᠯᠤᠭᠤᠷ ᠵᠣᠩᠰᠢ ᠵᠢᠨ ᠡᠬᠢ ᠪᠠᠶᠠᠯᠢᠭ ᠡᠯᠪᠡᠭ ᠪᠠᠶ᠋ᠢᠵᠤ᠂ ᠪᠠᠶᠬᠠᠣᠪᠤᠭ᠎ᠠ ᠳᠠᠭ᠋ᠠᠤ᠎ᠳᠠᠬᠢ ᠠᠭᠤᠷᠬᠠᠶ ᠵᠢᠨ ᠬᠠᠶ᠋ᠢᠯᠤᠭᠤᠷ ᠵᠣᠩᠰᠢ ᠵᠢᠨ ᠡᠬᠢ ᠪᠠᠶᠠᠯᠢᠭ᠎ᠤᠨ ᠬᠠᠳᠠᠭ᠋ᠠᠯᠠᠯᠲᠠ ᠵᠢᠨ ᠬᠡᠮᠵᠢᠶ᠎ᠡ᠎ᠨᠢ 1.3 ᠳ᠋ᠦᠩᠰᠢᠭᠤᠷ ᠲᠣᠨ ᠪᠠᠶ᠋ᠢᠵᠤ᠂ ᠥᠪᠥᠷ ᠮᠣᠩᠭᠤᠯ᠎ᠤᠨ ᠪᠤᠭᠤᠲᠤ ᠵᠢᠨ ᠪᠣᠯᠣᠳ ᠲᠡᠮᠦᠷ᠎ᠤᠨ ᠺᠣᠮᠫᠠᠨᠢ ᠵᠢᠨ ᠴᠢᠯᠠᠭᠤᠨ ᠬᠦᠳᠡᠷ ᠰᠢᠯᠢᠬᠦ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠨᠢᠭᠡᠨᠲᠡ ᠵᠢᠯ᠎ᠳᠤ 80 ᠲᠦᠮᠡᠨ ᠲᠣᠨ ᠬᠠᠶ᠋ᠢᠯᠤᠭᠤᠷ ᠵᠣᠩᠰᠢ ᠵᠢᠨ ᠨᠠᠷᠢᠯᠢᠭ ᠬᠦᠳᠡᠷ ᠦᠢ᠍ᠯᠡᠳᠪᠦᠷᠢᠯᠡᠬᠦ ᠦᠢ᠍ᠯᠡᠳᠪᠦᠷᠢᠯᠡᠯ᠎ᠤᠨ ᠴᠢᠳᠠᠪᠤᠷᠢ ᠵᠢ ᠪᠠᠶ᠋ᠢᠭᠤᠯᠵᠤ᠂ ᠤᠯᠤᠰ᠎ᠤᠨ ᠳᠣᠲᠣᠭ᠋ᠠᠳᠤ ᠵᠢᠨ ᠬᠠᠮᠤᠭ᠎ᠤᠨ ᠲᠣᠮᠣ ᠬᠠᠶ᠋ᠢᠯᠤᠭᠤᠷ ᠵᠣᠩᠰᠢ ᠵᠢᠨ ᠨᠠᠷᠢᠨ ᠨᠤᠨᠲᠠᠭ ᠦᠢ᠍ᠯᠡᠳᠪᠦᠷᠢᠯᠡᠬᠦ ᠰᠠᠭᠤᠷᠢᠨ ᠭᠠᠵᠠᠷ ᠪᠣᠯᠵᠣ᠂ ᠹᠯᠣᠷ ᠴᠠᠬᠢᠭᠤᠷ᠎ᠤᠨ ᠠᠵᠤ ᠦᠢ᠍ᠯᠡᠰ᠎ᠲᠤ ᠪᠠᠲᠤ ᠪᠠᠬᠢ ᠲᠦᠭᠦᠬᠡᠶ ᠮᠠᠲ᠋ᠧᠷᠢᠶᠠᠯ᠎ᠤᠨ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃ ᠡᠭᠦᠨ᠎ᠤ ᠬᠠᠮᠲᠤ᠂ ᠪᠤᠭᠤᠲᠤ ᠬᠤᠲᠠ ᠵᠢᠨ ᠵᠠᠮ ᠬᠠᠷᠢᠯᠴᠠᠭ᠋ᠠᠨ᠎ᠤ ᠰᠦᠯᠵᠢᠶ᠎ᠡ ᠳᠥᠭᠦᠮ ᠳᠥᠲᠡ᠂ ᠪᠡᠭᠡᠵᠢᠩ᠎ᠠᠴᠠ ᠪᠤᠭᠤᠲᠤ ᠬᠦᠷᠬᠦ᠂ ᠪᠤᠭᠤᠲᠤ᠎ᠠᠴᠠ ᠯᠠᠨᠵᠸᠤ ᠬᠦᠷᠬᠦ᠂ ᠪᠤᠭᠤᠲᠤ᠎ᠠᠴᠠ ᠰᠢ ᠠᠨ ᠬᠦᠷᠬᠦ ᠲᠡᠮᠦᠷ ᠵᠠᠮ᠎ᠤᠨ ᠠᠭᠤᠯᠵᠠᠷ᠂ 27 ᠵᠤᠷᠪᠤᠰ ᠵᠠᠰᠠᠮᠠᠯ ᠵᠠᠮ᠎ᠤᠨ ᠭᠤᠣᠯ ᠱᠤᠭᠤᠮ᠂ 42 ᠬᠤᠲᠠ ᠵᠢᠨ ᠠᠶᠠᠯᠠᠯ᠎ᠤᠨ ᠱᠤᠭᠤᠮ ᠵᠢᠴᠢ ᠬᠥᠬᠡᠬᠤᠲᠠ ᠪᠤᠭᠤᠲᠤ ᠣᠷᠳᠣᠰ ᠲᠡᠮᠡᠭᠡᠲᠦ ᠵᠢᠨ ᠴᠣᠷ᠎ᠤᠨ ᠭᠠᠭᠴᠠ ᠬᠠᠭᠤᠷᠠᠶ ᠵᠠᠮ᠎ᠤᠨ ᠪᠣᠭᠤᠮᠲᠠ ᠪᠠᠶ᠋ᠢᠵᠤ᠂ ᠪᠠᠷᠠᠭ᠋ᠠᠨ᠎ᠤ ᠭᠦᠢ᠍ᠯᠭᠡᠭᠡᠨ᠎ᠤ ᠲᠡᠭᠡᠭᠡᠪᠦᠷᠢ᠎ᠳᠤ ᠥᠨᠳᠥᠷ ᠪᠦᠲᠦᠮᠵᠢᠲᠡᠶ ᠲᠤᠯᠭ᠋ᠠᠭᠤᠷᠢᠯᠠᠯ ᠬᠠᠩᠭ᠋ᠠᠪᠠ᠃ ᠠᠵᠤ ᠦᠢ᠍ᠯᠡᠰ᠎ᠤᠨ ᠲᠥᠪᠯᠡᠷᠡᠯ᠎ᠤᠨ ᠳᠠᠪᠠᠭᠤᠯᠢᠭ ᠢᠯᠡᠳᠲᠡ ᠪᠠᠶ᠋ᠢᠵᠤ᠂ ᠥᠪᠥᠷ ᠮᠣᠩᠭᠤᠯ᠎ᠤᠨ ᠵᠢᠨ ᠧ ᠪᠦᠸᠸ ᠹᠯᠣᠷ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠵᠧᠵᠢᠶᠠᠩ᠎ᠤᠨ ᠶᠦᠩ ᠾᠧ ᠬᠥᠯᠳᠡᠭᠡᠬᠦ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠪᠡᠭᠡᠵᠢᠩ᠎ᠤᠨ ᠺᠧ ᠯᠠᠢ ᠪᠥᠸᠧ ᠡᠮ ᠡᠮᠨᠡᠯᠭᠡ ᠵᠢᠨ ᠨᠡᠭᠡᠭᠡᠨ ᠬᠥᠭᠵᠢᠭᠦᠯᠬᠦ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠡᠷᠭᠡ ᠲᠣᠯᠣᠭ᠋ᠠᠶ᠋ᠢᠯᠠᠭᠴᠢ ᠠᠵᠤ ᠠᠬᠤᠶ᠋ᠢᠯᠠᠯ ᠴᠤᠭᠯᠠᠷᠠᠵᠤ᠂ ᠵᠢᠯ᠎ᠳᠤ 30 ᠲᠦᠮᠡᠨ ᠲᠣᠨ ᠤᠰᠤᠲᠥ᠋ᠷᠥᠭᠴᠢᠲᠤ ᠹᠯᠣᠷ ᠬᠦᠴᠢᠯ᠂ 36 ᠲᠦᠮᠡᠨ ᠲᠣᠨ ᠤᠰᠤ ᠦᠭᠡᠢ ᠹᠯᠣᠷᠲᠤ ᠬᠦᠩᠭᠡᠨᠴᠠᠭ᠋ᠠᠨ᠂ 12 ᠲᠦᠮᠡᠨ ᠲᠣᠨ ᠹᠯᠣᠷ ᠠᠭᠤᠯᠤᠭᠰᠠᠨ ᠬᠥᠯᠳᠡᠭᠡᠬᠦ ᠡᠳ᠋ ᠵᠡᠷᠭᠡ ᠠᠵᠤ ᠦᠢ᠍ᠯᠡᠰ᠎ᠢ ᠪᠠᠶ᠋ᠢᠷᠢᠰᠢᠭᠤᠯᠵᠤ᠂ ᠬᠦᠬᠦᠷ ᠬᠦᠴᠢᠯ᠂ ᠮᠧᠲ᠋ᠢᠯ ᠠᠯᠺᠣᠣᠯ᠂ ᠰᠢᠩᠭᠡᠨ ᠾᠯᠣᠷ ᠵᠡᠷᠭᠡ ᠲᠦᠭᠦᠬᠡᠢ ᠮᠠᠲ᠋ᠧᠷᠢᠶᠠᠯ ᠢᠵᠢ ᠪᠦᠷᠢᠨ ᠢᠵᠢ ᠪᠦᠷᠢᠳᠦᠭᠦᠯᠦᠭᠰᠡᠨ ᠪᠠᠶ᠋ᠢᠨ᠎ᠠ᠃ ᠬᠦᠷᠢᠶᠡᠯᠡᠩ ᠲᠣᠭᠤᠷᠢᠭ᠎ᠤᠨ ᠳᠠᠭ᠋ᠠᠭ᠋ᠠᠬᠤ ᠴᠢᠳᠠᠪᠤᠷᠢ ᠲᠣᠪᠤᠶ᠋ᠢᠮ᠎ᠠ ᠪᠠᠶ᠋ᠢᠵᠤ᠂ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠶᠡᠷᠦᠩᠬᠡᠶ ᠲᠥᠯᠥᠪᠵᠢᠭᠦᠯᠭᠡ ᠵᠢᠨ ᠲᠠᠯᠠᠪᠠᠶ᠎ᠨᠢ 40 ᠲᠡᠭᠰᠢ ᠳᠥᠷᠪᠡᠯᠵᠢᠨ ᠺᠢᠯᠤᠮᠸᠲᠷ ᠰᠢᠬᠠᠮ ᠪᠠᠶ᠋ᠢᠵᠤ᠂ 《ᠪᠣᠬᠢᠷᠲᠤᠯ ᠥᠬᠡᠶ ᠴᠠᠬᠢᠯᠭ᠋ᠠᠨ᠎ᠤ ᠦᠢ᠍ᠯᠡᠳᠪᠦᠷᠢᠯᠡᠯ + ᠤᠶᠤᠨᠴᠢᠯᠠᠭᠰᠠᠨ ᠴᠠᠬᠢᠯᠭ᠋ᠠᠨ ᠲᠦᠭᠡᠭᠡᠬᠦ ᠲᠣᠤᠷ + ᠣᠷᠴᠢᠯ ᠠᠵᠤ ᠠᠬᠤᠶ ᠵᠢᠨ ᠠᠵᠤ ᠦᠢ᠍ᠯᠡᠰ᠎ᠤᠨ ᠬᠡᠯᠬᠢᠶ᠎ᠡ》 ᠵᠢᠨ ᠵᠠᠭᠪᠤᠷ ᠵᠶ᠋ᠠᠷ ᠹᠯᠣᠷ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠤᠨ᠎ᠠ᠃ ᠬᠦᠴᠦᠨ ᠵᠦᠢ᠍ᠯ᠎ᠤᠨ ᠪᠠᠲᠤᠯᠠᠭ᠎ᠠ ᠬᠦᠴᠦᠲᠡᠢ ᠪᠠᠶ᠋ᠢᠵᠤ᠂ ᠠᠵᠤ ᠠᠬᠤᠶ᠋ᠢᠯᠠᠯ᠎ᠳᠤ ᠲᠣᠭᠲᠠᠭᠤᠨ᠂ ᠭᠦᠢ᠍ᠴᠡᠳ ᠪᠥᠭᠡᠳ ᠥᠪᠡᠷ᠎ᠤᠨ ᠥᠷᠲᠡᠭ ᠵᠶ᠋ᠠᠷ ᠳᠣᠣᠷ᠎ᠠ ᠡᠨᠧᠷᠭᠢ ᠪᠠ ᠤᠰᠤᠨ᠎ᠤ ᠡᠬᠢ ᠪᠠᠶᠠᠯᠢᠭ᠎ᠤᠨ ᠳᠡᠮᠵᠢᠯᠭᠡ ᠬᠠᠩᠭ᠋ᠠᠨ᠎ᠠ᠃

   ᠣᠳᠣᠬᠠᠨ᠎ᠳᠤ᠂ ᠪᠤᠭᠤᠲᠤ ᠬᠤᠲᠠ ᠶᠠᠭ ᠹᠯᠣᠷ ᠴᠠᠬᠢᠭᠤᠷ᠎ᠤᠨ ᠠᠵᠤ ᠦᠢ᠍ᠯᠡᠰ᠎ᠤᠨ ᠲᠥᠪᠯᠡᠷᠡᠯ᠎ᠢ ᠪᠥᠬᠦ ᠬᠦᠴᠦᠨ ᠵᠶ᠋ᠠᠷ ᠠᠬᠢᠭᠤᠯᠵᠤ᠂ 《ᠳᠡᠯᠡᠬᠡᠶ ᠵᠢᠨ ᠲᠠᠰ᠎ᠤᠨ ᠬᠠᠳᠠᠭ᠋ᠠᠯᠠᠭᠳᠠᠴᠠ》᠎ᠠᠴᠠ 《ᠳᠡᠯᠡᠬᠡᠶ ᠵᠢᠨ ᠲᠠᠰ᠎ᠤᠨ ᠠᠵᠤ ᠦᠢ᠍ᠯᠡᠰ》 ᠲᠡᠢ᠌ᠰᠢ ᠤᠷᠤᠭᠰᠢᠯᠠᠬᠤ ᠵᠢ ᠲᠦᠷᠭᠡᠳᠬᠡᠵᠦ᠂ ᠮᠠᠨ᠎ᠤ ᠤᠯᠤᠰ᠎ᠤᠨ ᠤᠮᠠᠷᠠᠲᠤ ᠵᠢᠨ ᠬᠠᠮᠤᠭ᠎ᠤᠨ ᠴᠢᠬᠤᠯᠠ ᠣᠲᠣ ᠦᠶ᠎ᠡ ᠵᠢᠨ ᠹᠯᠣᠷ᠎ᠤᠨ ᠮᠠᠲ᠋ᠧᠷᠢᠶᠠᠯ᠎ᠤᠨ ᠠᠵᠤ ᠦᠢ᠍ᠯᠡᠰ᠎ᠤᠨ ᠰᠠᠭᠤᠷᠢᠨ ᠭᠠᠵᠠᠷ᠎ᠢ ᠪᠠᠶ᠋ᠢᠭᠤᠯᠵᠤ ᠪᠠᠶ᠋ᠢᠨ᠎ᠠ᠃

   ᠣᠶ᠋ᠢᠯᠠᠭ᠋ᠠᠭᠰᠠᠨ ᠵᠶ᠋ᠠᠷ᠂ ᠲᠣᠰ ᠤᠳᠠᠭ᠋ᠠᠨ᠎ᠤ ᠶᠡᠭᠡ ᠬᠤᠷᠠᠯ᠎ᠨᠢ ᠪᠤᠭᠤᠲᠤ ᠬᠤᠲᠠ ᠵᠢᠨ ᠡᠬᠢ ᠪᠠᠶᠠᠯᠢᠭ᠂ ᠠᠵᠤ ᠦᠢ᠍ᠯᠡᠰ᠂ ᠲᠥᠷᠥ ᠵᠢᠨ ᠪᠣᠳᠣᠯᠭ᠎ᠠ᠂ ᠰᠢᠨ᠎ᠡ ᠵᠢ ᠡᠭᠦᠳᠬᠦ ᠵᠡᠷᠭᠡ ᠳᠠᠪᠠᠭᠤᠯᠢᠭ᠎ᠲᠤ ᠲᠦᠰᠢᠭᠯᠡᠨ᠂ ᠡᠬᠢ ᠪᠠᠶᠠᠯᠢᠭ᠎ᠢ ᠵᠣᠯᠭ᠋ᠠᠭᠤᠯᠬᠤ ᠪᠠ ᠮᠡᠷᠭᠡᠵᠢᠯ᠎ᠤᠨ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠵᠦ᠂ ᠹᠯᠣᠷ ᠴᠠᠬᠢᠭᠤᠷ᠎ᠤᠨ ᠠᠵᠤ ᠦᠢ᠍ᠯᠡᠰ᠎ᠤᠨ ᠰᠢᠨ᠎ᠡ ᠵᠢ ᠡᠭᠦᠳᠬᠦ ᠠᠮᠢ ᠠᠬᠤᠶ ᠵᠢ ᠪᠠᠶ᠋ᠢᠭᠤᠯᠤᠨ᠂ ᠣᠷᠣᠨ ᠪᠦᠰᠡ ᠵᠢᠨ ᠠᠵᠤ ᠠᠬᠤᠶ᠎ᠳᠤ ᠬᠥᠳᠡᠯᠭᠡᠬᠦ ᠬᠦᠴᠦᠨ ᠨᠡᠮᠡᠷᠢᠯᠡᠵᠦ᠂ ᠮᠠᠨ᠎ᠤ ᠤᠯᠤᠰ᠎ᠤᠨ ᠹᠯᠣᠷ ᠴᠠᠬᠢᠭᠤᠷ᠎ᠤᠨ ᠠᠵᠤ ᠦᠢ᠍ᠯᠡᠰ᠎ᠤᠨ 《ᠶᠡᠭᠡ》᠎ᠠᠴᠠ 《ᠬᠦᠴᠦᠷᠬᠡᠭ》 ᠲᠡᠢ᠌ᠰᠢ ᠲᠠᠰ ᠳᠡᠪᠰᠢᠬᠦ ᠵᠢ ᠠᠬᠢᠭᠤᠯᠬᠤ ᠪᠣᠯᠤᠨ᠎ᠠ᠃

 

ᠢᠷᠡᠯᠲᠡ᠄ ᠪᠤᠭᠤᠲᠤ ᠬᠤᠲᠠ ᠵᠢᠨ ᠰᠣᠨᠢᠨ ᠮᠡᠳᠡᠭᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
            