6 ᠳ᠋ᠤᠭ᠋ᠠᠷ ᠰᠠᠷ᠎ᠠ ᠵᠢᠨ 5᠎ᠤ ᠡᠳᠦᠷ᠂ ᠵᠢᠯ᠎ᠳᠤ 20 ᠲᠦᠮᠡᠨ ᠲᠣᠨ ᠦᠢ᠍ᠯᠡᠳᠪᠦᠷᠢᠯᠡᠬᠦ ᠪᠠᠯ ᠴᠢᠯᠠᠭᠤᠨ᠎ᠤ ᠪᠢᠯᠢᠭ ᠲᠦᠢ᠍ᠯ᠂ PHC ᠭᠤᠤᠷᠰᠤᠨ ᠪᠠᠭ᠋ᠠᠨ᠎ᠠ ᠵᠢᠨ ᠦᠢ᠍ᠯᠡᠳᠪᠦᠷᠢᠯᠡᠯ᠎ᠤᠨ ᠲᠥᠷᠥᠯ ᠵᠦᠢ᠍ᠯ᠎ᠤᠨ ᠭᠡᠷ᠎ᠡ ᠲᠣᠭᠲᠠᠬᠤ ᠶᠣᠰᠣᠯᠠᠯ ᠥᠪᠥᠷ ᠮᠣᠩᠭᠤᠯ᠎ᠤᠨ ᠪᠤᠭᠤᠲᠤ ᠵᠢᠨ ᠳᠠᠷᠬᠠᠨ ᠮᠤᠤᠮᠢᠩᠭ᠋ᠠᠨ᠎ᠤ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠎ᠳᠤ ᠶᠠᠪᠤᠭᠳᠠᠪᠠ᠃

ᠪᠤᠭᠤᠲᠤ ᠵᠢᠨ ᠳᠠᠷᠬᠠᠨ ᠮᠤᠤᠮᠢᠩᠭ᠋ᠠᠨ᠎ᠤ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ ᠪᠣᠯᠤᠨ ᠬᠤᠸᠠ ᠼᠠᠨ ᠪᠠᠯ ᠴᠢᠯᠠᠭᠤᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠴᠧᠩ ᠴᠧᠩ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠰᠠᠨᠠᠯ ᠵᠶ᠋ᠠᠨ ᠰᠣᠯᠢᠯᠴᠠᠵᠤ ᠶᠠᠷᠢᠶ᠎ᠠ ᠲᠠᠯᠪᠢᠭᠰᠠᠨ᠎ᠤ ᠳᠠᠷᠠᠭ᠎ᠠ 《ᠵᠢᠯ᠎ᠳᠤ 20 ᠲᠦᠮᠡᠨ ᠲᠣᠨ ᠦᠢ᠍ᠯᠡᠳᠪᠦᠷᠢᠯᠡᠬᠦ ᠪᠠᠯ ᠴᠢᠯᠠᠭᠤᠨ᠎ᠤ ᠪᠢᠯᠢᠭ ᠲᠦᠢ᠍ᠯ᠂ PHC ᠭᠤᠤᠷᠰᠤᠨ ᠪᠠᠭ᠋ᠠᠨ᠎ᠠ ᠵᠢᠨ ᠦᠢ᠍ᠯᠡᠳᠪᠦᠷᠢᠯᠡᠯ᠎ᠤᠨ ᠲᠦᠷᠦᠯ ᠵᠦᠢ᠍ᠯ᠎ᠤᠨ ᠪᠡᠯᠡ ᠣᠷᠣᠭᠤᠯᠤᠯᠲᠠ ᠵᠢᠨ ᠬᠡᠯᠡᠯᠴᠡᠭᠡᠷ᠎ᠤᠨ ᠪᠢᠴᠢᠭ》᠎ᠲᠤ ᠭᠠᠷᠤᠨ ᠦᠰᠦᠭ ᠵᠢᠷᠤᠪᠠ᠃
ᠣᠶ᠋ᠢᠯᠠᠭ᠋ᠠᠭᠰᠠᠨ ᠵᠶ᠋ᠠᠷ᠂ ᠵᠢᠯ᠎ᠳᠤ 20 ᠲᠦᠮᠡᠨ ᠲᠣᠨ ᠦᠢ᠍ᠯᠡᠳᠪᠦᠷᠢᠯᠡᠬᠦ ᠪᠠᠯ ᠴᠢᠯᠠᠭᠤᠨ᠎ᠤ ᠪᠢᠯᠢᠭ ᠲᠦᠢ᠍ᠯ᠂ PHC ᠭᠤᠤᠷᠰᠤᠨ ᠪᠠᠭ᠋ᠠᠨ᠎ᠠ ᠵᠢᠨ ᠦᠢ᠍ᠯᠡᠳᠪᠦᠷᠢᠯᠡᠯ᠎ᠤᠨ ᠲᠥᠷᠥᠯ ᠵᠦᠢ᠍ᠯ᠎ᠳᠤ 8.22 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠦ᠂ ᠲᠥᠷᠥᠯ ᠵᠦᠢ᠍ᠯ᠎ᠢ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶ᠋ᠢᠭᠤᠯᠬᠤ᠎ᠪᠠᠷ ᠲᠥᠯᠥᠪᠯᠡᠵᠦ ᠪᠣᠶ᠃ ᠨᠢᠭᠡᠳᠦᠭᠡᠷ ᠬᠤᠭᠤᠴᠠᠭ᠋ᠠᠨ᠎ᠤ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠬᠤᠭᠤᠴᠠᠭ᠎ᠠ᠎ᠨᠢ ᠬᠤᠶᠠᠷ ᠵᠢᠯ (2025 ᠣᠨ᠎ᠤ 6 ᠳ᠋ᠤᠭ᠋ᠠᠷ ᠰᠠᠷ᠎ᠠ᠎ᠠᠴᠠ 2027 ᠣᠨ᠎ᠤ ᠰᠡᠭᠦᠯᠴᠢ ᠪᠣᠯᠲᠠᠯ᠎ᠠ) ᠪᠠᠶ᠋ᠢᠵᠤ᠂ 5.5 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠦᠯᠦᠪᠯᠡᠵᠦ ᠪᠤᠢ; ᠬᠤᠶᠠᠳᠤᠭ᠋ᠠᠷ ᠬᠤᠭᠤᠴᠠᠭ᠋ᠠᠨ᠎ᠤ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠬᠤᠭᠤᠴᠠᠭ᠎ᠠ᠎ᠨᠢ ᠨᠢᠭᠡ ᠵᠢᠯ (2026 ᠣᠨ᠎ᠤ 4 ᠳ᠋ᠦ᠍ᠭᠡᠷ ᠰᠠᠷ᠎ᠠ᠎ᠠᠴᠠ 2027 ᠣᠨ᠎ᠤ 12 ᠳ᠋ᠤᠭ᠋ᠠᠷ ᠰᠠᠷ᠎ᠠ) ᠪᠠᠶ᠋ᠢᠵᠤ᠂ 2.7 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠦ ᠪᠣᠶ᠃ ᠪᠦᠲᠦᠭᠡᠨ ᠪᠠᠶ᠋ᠢᠭᠤᠯᠬᠤ ᠠᠭᠤᠯᠭ᠎ᠠ᠎ᠳᠤ ᠰᠢᠳᠠᠭ᠋ᠠᠯᠭ᠎ᠠ ᠵᠢᠨ ᠲᠠᠰᠤᠭ᠂ ᠪᠧᠲ᠋ᠤᠨ᠎ᠤ ᠪᠦᠲᠦᠭᠡᠭᠳᠡᠬᠦᠨ᠎ᠤ ᠬᠡᠪᠰᠢᠭᠦᠯᠬᠦ ᠲᠠᠰᠤᠭ᠂ ᠤᠯᠠᠢ᠌ᠰᠬᠠᠨ ᠰᠢᠲᠠᠭ᠋ᠠᠬᠤ ᠲᠦᠭᠦᠬᠡᠢ ᠮᠠᠲ᠋ᠧᠷᠢᠶᠠᠯ᠎ᠤᠨ ᠬᠥᠮᠥᠷᠭᠡ᠂ ᠤᠯᠠᠢ᠌ᠰᠬᠠᠨ ᠰᠢᠲᠠᠭ᠋ᠠᠬᠤ ᠪᠦᠲᠦᠭᠡᠭᠳᠡᠬᠦᠨ᠎ᠤ ᠬᠥᠮᠥᠷᠭᠡ᠂ ᠠᠯᠪᠠᠯᠠᠬᠤ ᠠᠮᠢᠳᠤᠷᠠᠯ᠎ᠤᠨ ᠲᠣᠭᠤᠷᠢᠭ᠂ ᠰᠠᠪᠠᠯᠠᠬᠤ ᠮᠠᠶᠢᠭ᠎ᠤᠨ ᠤᠯᠠᠢ᠌ᠰᠬᠠᠨ ᠰᠢᠲᠠᠭ᠋ᠠᠬᠤ ᠵᠤᠤᠬ᠎ᠠ 96 ᠣᠭᠤᠷᠬᠠᠢ᠂ ᠪᠦᠷᠢᠨ ᠠᠦ᠋ᠲ᠋ᠣ᠋ ᠮᠠᠲ᠋ᠧᠷᠢᠶᠠᠯ ᠣᠷᠣᠭᠤᠯᠬᠤ ᠮᠠᠰᠢᠨ᠂ ᠪᠦᠷᠢᠨ ᠠᠦ᠋ᠲ᠋ᠣ᠋ ᠮᠠᠲ᠋ᠧᠷᠢᠶᠠᠯ ᠭᠠᠷᠭ᠋ᠠᠬᠤ ᠮᠠᠰᠢᠨ᠂ ᠦᠯᠡᠳᠡᠪᠦᠷᠢ ᠢᠯᠴᠢ ᠵᠢᠨ ᠠᠭᠤᠷ᠎ᠤᠨ ᠵᠤᠤᠬ᠎ᠠ᠂ ᠬᠦᠬᠦᠷ᠎ᠤᠨ ᠲᠣᠭᠤᠰᠣ ᠠᠷᠢᠯᠭ᠋ᠠᠬᠤ ᠱᠠᠤ ᠠᠷᠢᠯᠭ᠋ᠠᠬᠤ ᠣᠷᠴᠢᠨ ᠲᠣᠭᠤᠷᠢᠨ᠎ᠢ ᠬᠠᠮᠠᠭ᠋ᠠᠯᠠᠬᠤ ᠲᠥᠬᠦᠭᠡᠷᠦᠮᠵᠢ ᠵᠡᠷᠭᠡ ᠵᠢᠴᠢ PHC ᠭᠤᠤᠷᠰᠤᠨ ᠪᠠᠭ᠋ᠠᠨ᠎ᠠ ᠵᠢᠨ ᠦᠢ᠍ᠯᠡᠳᠪᠦᠷᠢᠯᠡᠯ᠎ᠤᠨ ᠲᠥᠷᠥᠯ ᠵᠦᠢ᠍ᠯ᠎ᠤᠨ ᠪᠦᠷᠢᠨ ᠢᠵᠢ ᠲᠥᠬᠦᠭᠡᠷᠦᠮᠵᠢ ᠵᠢ ᠪᠠᠭᠲᠠᠭ᠋ᠠᠵᠤ᠂ ᠵᠢᠯ᠎ᠤᠨ ᠦᠢ᠍ᠯᠡᠳᠪᠦᠷᠢᠯᠡᠬᠦ ᠴᠢᠳᠠᠪᠤᠷᠢ᠎ᠨᠢ 20 ᠲᠦᠮᠡᠨ ᠲᠣᠨ ᠪᠠᠯ ᠴᠢᠯᠠᠭᠤᠨ᠎ᠤ ᠪᠢᠯᠢᠭ ᠲᠦᠢ᠍ᠯ᠎ᠤᠨ ᠮᠠᠲ᠋ᠧᠷᠢᠶᠠᠯ ᠪᠠ ᠳᠤᠤᠷᠠᠲᠦ ᠤᠷᠤᠰᠬᠠᠯ᠎ᠤᠨ ᠠᠵᠤ ᠦᠢ᠍ᠯᠡᠰ᠎ᠤᠨ ᠬᠡᠯᠬᠢᠶ᠎ᠡ ᠵᠢᠨ ᠦᠢ᠍ᠯᠡᠳᠬᠦᠨ᠎ᠤ ᠦᠢ᠍ᠯᠡᠳᠪᠦᠷᠢᠯᠡᠯ᠎ᠤᠨ ᠬᠡᠪᠴᠢᠶ᠎ᠡ ᠵᠢ ᠪᠦᠷᠢᠯᠳᠦᠭᠦᠯᠬᠦ ᠪᠣᠯᠤᠨ᠎ᠠ᠃ ᠲᠥᠷᠥᠯ ᠵᠦᠢ᠍ᠯ ᠪᠠᠶ᠋ᠢᠭᠤᠯᠤᠭᠳᠠᠭᠰᠠᠨ᠎ᠤ ᠳᠠᠷᠠᠭ᠎ᠠ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠮᠢᠶ᠎ᠠ ᠪᠥᠬᠦᠶ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠬᠤ ᠪᠣᠯᠤᠨ᠎ᠠ᠃