ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠶ᠋ᠢᠮᠠᠭ ᠬᠤᠲᠠ ᠵᠢᠨ ᠬᠥᠳᠡᠯᠦᠩᠭᠦᠶ ᠪᠠᠶ᠋ᠢᠳᠠᠯ — ᠪᠠᠶᠠᠨᠨᠠᠭᠤᠷ ᠬᠤᠲᠠ᠄ ᠤᠷᠠᠳ᠎ᠤᠨ ᠬᠤᠶ᠋ᠢᠲᠤ ᠬᠤᠰᠢᠭᠤ ᠵᠢᠯ᠎ᠳᠤ 50 ᠲᠦᠮᠡᠨ ᠲᠣᠨ ᠬᠦᠷᠮᠡᠨ ᠴᠢᠯᠠᠭᠤᠯᠢᠭ ᠦᠢ᠍ᠯᠡᠳᠪᠦᠷᠢᠯᠡᠬᠦ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ᠎ᠲᠠᠢ ᠭᠡᠷ᠎ᠡ ᠲᠤᠭᠲᠠᠪᠠ
ᠨᠡᠶ᠋ᠢᠲᠡᠯᠡᠭᠰᠡᠨ ᠴᠠᠭ᠄ 2025-06-09

  6 ᠳ᠋ᠤᠭ᠋ᠠᠷ ᠰᠠᠷ᠎ᠠ ᠵᠢᠨ 5᠎ᠤ ᠡᠳᠦᠷ᠂ ᠥᠪᠥᠷ ᠮᠣᠩᠭᠤᠯ᠎ᠤᠨ ᠪᠠᠶᠠᠨᠨᠠᠭᠤᠷ ᠬᠤᠲᠠ ᠵᠢᠨ ᠤᠷᠠᠳ᠎ᠤᠨ ᠬᠤᠶ᠋ᠢᠲᠤ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠤᠯ᠎ᠤᠨ ᠯᠦ᠍ ᠵᠢᠩ ᠠᠯᠮᠠᠰ᠎ᠤᠨ ᠠᠵᠤ ᠦᠢ᠍ᠯᠡᠰ (ᠪᠦᠯᠦᠭᠯᠡᠯ)᠎ᠤᠨ ᠬᠢᠵᠠᠭ᠋ᠠᠷᠲᠤ ᠺᠣᠮᠫᠠᠨᠢ᠎ᠲᠠᠢ ᠵᠢᠯ᠎ᠳᠤ 50 ᠲᠦᠮᠡᠨ ᠲᠣᠨ ᠬᠦᠷᠮᠡᠨ ᠴᠢᠯᠠᠭᠤᠯᠢᠭ᠎ᠤᠨ ᠰᠢᠨ᠎ᠡ ᠮᠠᠲ᠋ᠧᠷᠢᠶᠠᠯ ᠦᠢ᠍ᠯᠡᠳᠪᠦᠷᠢᠯᠡᠬᠦ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ᠎ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠤᠷᠠᠳ᠎ᠤᠨ ᠬᠤᠶ᠋ᠢᠲᠤ ᠬᠤᠰᠢᠭᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠬᠤᠰᠢᠭᠤᠨ ᠳᠠᠷᠤᠭ᠎ᠠ ᠢ ᠡᠾᠸᠩ᠂ ᠥᠪᠥᠷ ᠮᠣᠩᠭᠤᠯ᠎ᠤᠨ ᠯᠦ᠍ ᠵᠢᠩ ᠠᠯᠮᠡᠰ᠎ᠤᠨ ᠠᠵᠤ ᠦᠢ᠍ᠯᠡᠰ (ᠪᠦᠯᠦᠭᠯᠡᠯ)᠎ᠤᠨ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠬᠥ᠋ ᠵᠢᠩ ᠬᠤᠷᠠᠯ᠎ᠳᠤ ᠣᠷᠣᠯᠴᠠᠭᠰᠠᠨ ᠪᠥᠭᠡᠳ ᠭᠡᠷ᠎ᠡ ᠲᠣᠭᠲᠠᠭᠰᠠᠨ᠎ᠢ ᠭᠡᠷᠡᠴᠢᠯᠡᠪᠡ᠃


6.9-2.png


   ᠢ ᠡᠾᠸᠩ ᠲᠦᠷᠦᠯ ᠵᠦᠢ᠍ᠯ᠎ᠤᠨ ᠠᠮᠵᠢᠯᠲᠠ᠎ᠲᠠᠢ ᠭᠡᠷ᠎ᠡ ᠲᠣᠭᠲᠠᠭᠰᠠᠨ᠎ᠳᠤ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠪᠡ᠃ ᠲᠡᠷᠡ ᠬᠡᠯᠡᠬᠦ᠎ᠳᠡᠭᠡᠨ᠂ 《ᠮᠠᠨ᠎ᠤ ᠬᠤᠰᠢᠭᠤᠨ᠎ᠤ ᠬᠢᠯᠢ ᠳᠣᠲᠣᠷᠠᠬᠢ ᠬᠦᠷᠮᠡᠨ ᠴᠢᠯᠠᠭᠤᠯᠢᠭ᠎ᠤᠨ ᠡᠬᠢ ᠪᠠᠶᠠᠯᠢᠭ ᠡᠯᠪᠡᠭ ᠳᠡᠯᠪᠡᠭ᠂ ᠵᠠᠮ ᠲᠡᠭᠡᠭᠡᠪᠦᠷᠢ᠂ ᠪᠠᠷᠢᠯᠭ᠎ᠠ᠂ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠪᠠ ᠣᠷᠴᠢᠨ ᠠᠬᠤᠶ ᠵᠢᠨ ᠬᠠᠮᠠᠭ᠋ᠠᠯᠠᠯᠲᠠ ᠵᠡᠷᠭᠡ ᠬᠦᠷᠢᠶᠡᠨ᠎ᠳᠠᠬᠢ ᠬᠡᠷᠡᠭᠯᠡᠭᠡᠨ᠎ᠤ ᠦᠵᠡᠭᠳᠡᠯ ᠮᠠᠰᠢ ᠥᠷᠭᠡᠨ ᠠᠭᠤᠳᠠᠮ ᠪᠠᠶ᠋ᠢᠵᠤ᠂ ᠠᠵᠤ ᠠᠬᠤᠶ ᠵᠢᠨ ᠦᠷ᠎ᠡ ᠠᠰᠢᠭ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱ᠌ᠢᠶ᠎ᠡ ᠦᠵᠡᠭᠦᠯᠬᠦ ᠦᠨ᠎ᠡ ᠥᠷᠲᠡᠭ᠎ᠲᠠᠢ ᠶᠤᠮ᠃ ᠬᠦᠷᠮᠡᠨ ᠴᠢᠯᠠᠭᠤᠯᠢᠭ᠎ᠤᠨ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ᠎ᠨᠢ ᠮᠠᠨ᠎ᠤ ᠬᠤᠰᠢᠭᠤᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠴᠢᠭᠯᠡᠯ᠎ᠲᠠᠢ ᠨᠡᠶ᠋ᠢᠴᠡᠵᠦ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠬᠦ᠂ ᠠᠵᠤ ᠦᠢ᠍ᠯᠡᠰ᠎ᠤᠨ ᠲᠠᠰ ᠳᠡᠪᠰᠢᠬᠦ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠂ ᠬᠤᠶᠠᠷ ᠲᠠᠯ᠎ᠠ᠎ᠪᠠᠷ ᠵᠶ᠋ᠠᠨ ᠲᠣᠰ ᠤᠳᠠᠭ᠋ᠠᠨ᠎ᠤ ᠭᠡᠷ᠎ᠡ ᠲᠣᠭᠲᠠᠬᠤ᠎ᠪᠠᠷ ᠠᠵᠠ ᠲᠣᠬᠢᠶᠠᠯ ᠪᠣᠯᠭ᠋ᠠᠵᠤ᠂ ᠬᠦᠷᠮᠡᠨ ᠴᠢᠯᠠᠭᠤᠯᠢᠭ᠎ᠤᠨ ᠰᠢᠷᠬᠡᠭ ᠵᠢᠴᠢ ᠨᠡᠶ᠋ᠢᠯᠡᠮᠡᠯ ᠦᠢ᠍ᠯᠡᠳᠭᠦᠨ᠎ᠢ ᠣᠯᠠᠨ ᠲᠠᠯ᠎ᠠ᠎ᠪᠠᠷ ᠬᠡᠪᠴᠢᠶᠡᠵᠢᠭᠦᠯᠦᠨ ᠬᠡᠷᠡᠭᠯᠡᠬᠦ ᠵᠢ ᠤᠯᠠᠮ ᠨᠢᠭᠡ ᠠᠯᠬᠤᠮ ᠠᠬᠢᠭᠤᠯᠵᠤ᠂ ᠤᠷᠠᠳ᠎ᠤᠨ ᠬᠤᠶ᠋ᠢᠲᠤ ᠬᠤᠰᠢᠭᠤᠨ᠎ᠤ ᠣᠷᠣᠨ ᠪᠦᠰᠡ ᠵᠢᠨ ᠠᠵᠤ ᠠᠬᠤᠶ ᠵᠢᠨ ᠬᠥᠭᠵᠢᠯᠲᠡ᠎ᠳᠤ ᠰᠢᠨ᠎ᠡ ᠬᠥᠳᠡᠯᠭᠡᠭᠦᠷ ᠨᠡᠮᠡᠷᠢᠯᠡᠬᠦ ᠵᠢ ᠴᠢᠩ ᠰᠡᠳᠬᠢᠯ᠎ᠠᠴᠠ᠎ᠪᠠᠨ ᠬᠦᠰᠡᠵᠦ ᠪᠠᠶ᠋ᠢᠨ᠎ᠠ ᠭᠡᠵᠡᠶ᠃ ᠬᠤᠰᠢᠭᠤᠨ᠎ᠤ ᠨᠠᠮ᠎ᠤᠨ ᠬᠤᠷᠢᠶ᠎ᠠ ᠪᠣᠯᠤᠨ ᠬᠤᠰᠢᠭᠤᠨ᠎ᠤ ᠵᠠᠰᠠᠭ᠎ᠤᠨ ᠣᠷᠳᠣᠨ ᠭᠠᠵᠠᠷ ᠰᠢᠷᠣᠶ᠂ ᠡᠨᠧᠷᠭᠢ᠂ ᠰᠠᠭᠤᠷᠢ ᠲᠥᠬᠦᠭᠡᠷᠦᠮᠵᠢ ᠵᠡᠷᠭᠡ ᠡᠯᠧᠮᠧᠨ᠋ᠲ᠎ᠤᠨ ᠪᠠᠲᠤᠯᠠᠭ᠎ᠠ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠬᠠᠮᠤᠭ᠎ᠤᠨ ᠦᠨᠡᠨᠴᠢ ᠰᠡᠳᠬᠢᠯ᠂ ᠬᠠᠮᠤᠭ᠎ᠤᠨ ᠰᠢᠯᠢᠳᠡᠭ ᠲᠥᠷᠥ ᠵᠢᠨ ᠪᠣᠳᠣᠯᠭ᠎ᠠ᠂ ᠬᠠᠮᠤᠭ᠎ᠤᠨ ᠪᠣᠳᠠᠲᠠᠶ ᠠᠷᠭ᠎ᠠ ᠬᠡᠮᠵᠢᠶ᠎ᠡ᠎ᠪᠠᠷ ᠲᠥᠷᠥᠯ ᠵᠦᠢ᠍ᠯ᠎ᠢ ᠠᠬᠢᠭᠤᠯᠬᠤ ᠳᠤᠮᠳᠠ ᠲᠤᠯᠭ᠋ᠠᠷᠠᠭᠰᠠᠨ ᠬᠦᠴᠢᠷ ᠠᠰᠠᠭᠤᠳᠠᠯ᠎ᠢ ᠴᠠᠭ ᠲᠤᠬᠠᠶ᠎ᠳᠤᠨᠢ ᠥᠨᠳᠥᠷ ᠪᠦᠲᠦᠮᠵᠢᠲᠡᠶ᠎ᠪᠠᠷ ᠰᠢᠢ᠍ᠳᠪᠦᠷᠢᠯᠡᠵᠦ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠪᠠ ᠠᠵᠤ ᠠᠬᠤᠶ᠋ᠢᠯᠠᠯ᠎ᠤᠨ ᠬᠥᠭᠵᠢᠯᠲᠡ ᠵᠢ ᠬᠠᠮᠠᠭ᠋ᠠᠯᠠᠨ᠎ᠠ᠃

   ᠭᠦ᠋ ᠵᠢᠩ᠂ ᠠᠵᠤ ᠠᠬᠤᠶ᠋ᠢᠯᠠᠯ᠎ᠤᠨ ᠲᠤᠰᠬᠠᠢ ᠮᠡᠷᠭᠡᠵᠢᠯ᠂ ᠮᠡᠷᠭᠡᠵᠢᠯ ᠪᠣᠯᠤᠨ ᠴᠢᠳᠠᠪᠤᠷᠢᠲᠠᠨ᠎ᠤ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠥᠨᠳᠥᠷ ᠪᠠᠷᠢᠮᠵᠢᠶ᠎ᠠ᠎ᠪᠠᠷ᠂ ᠥᠨᠳᠥᠷ ᠦᠷ᠎ᠡ ᠪᠦᠲᠦᠮᠵᠢᠲᠡᠢ᠎ᠪᠠᠷ ᠠᠬᠢᠭᠤᠯᠵᠤ᠂ ᠲᠤᠰ ᠲᠦᠷᠦᠯ ᠵᠦᠢ᠍ᠯ᠎ᠢ ᠣᠷᠣᠨ ᠪᠦᠰᠡ ᠵᠢᠨ ᠪᠣᠬᠢᠷᠲᠤᠯ ᠦᠭᠡᠢ ᠠᠵᠤ ᠦᠢ᠍ᠯᠡᠰ᠎ᠤᠨ ᠬᠡᠪ ᠳᠠᠭᠤᠷᠢᠶᠠᠯ ᠪᠣᠯᠭ᠋ᠠᠬᠤ᠎ᠪᠠᠷ ᠴᠢᠷᠮᠠᠶ᠋ᠢᠵᠤ᠂ ᠣᠷᠣᠨ ᠨᠤᠲᠤᠭ ᠠᠵᠤ ᠠᠬᠤᠶ᠋ᠢᠯᠠᠯ᠎ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠵᠢ ᠪᠡᠶᠡᠯᠡᠭᠦᠯᠦᠨ᠎ᠡ ᠭᠡᠵᠦ ᠢᠯᠡᠳᠬᠡᠪᠡ᠃

   ᠤᠷᠠᠳ᠎ᠤᠨ ᠬᠤᠶ᠋ᠢᠲᠤ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠯᠢ ᠴᠢᠩ ᠯᠠᠶ᠂ ᠥᠪᠥᠷ ᠮᠣᠩᠭᠤᠯ᠎ᠤᠨ ᠯᠦ᠍ ᠵᠢᠩ ᠠᠯᠮᠡᠰ᠎ᠤᠨ ᠠᠵᠤ ᠦᠢ᠍ᠯᠡᠰ (ᠪᠦᠯᠦᠭᠯᠡᠯ)᠎ᠤᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠶ ᠵᠠᠬᠢᠷᠤᠭᠴᠢ ᠯᠢᠦ ᠶᠦᠩ ᠯᠢᠶᠠᠩ ᠲᠣᠰ ᠲᠣᠰ ᠬᠤᠶᠠᠷ ᠲᠠᠯ᠎ᠠ ᠵᠢ ᠲᠥᠯᠥᠭᠡᠯᠡᠨ ᠲᠥᠷᠥᠯ ᠵᠦᠢ᠍ᠯ᠎ᠤᠨ ᠭᠡᠷ᠎ᠡ ᠲᠣᠭᠲᠠᠪᠠ᠃

   ᠣᠶ᠋ᠢᠯᠠᠭ᠋ᠠᠭᠰᠠᠨ ᠵᠶ᠋ᠠᠷ᠂ ᠵᠢᠯ᠎ᠳᠤ 50 ᠲᠦᠮᠡᠨ ᠲᠣᠨ ᠬᠦᠷᠮᠡᠨ ᠴᠢᠯᠠᠭᠤᠯᠢᠭ ᠦᠢ᠍ᠯᠡᠳᠪᠦᠷᠢᠯᠡᠬᠦ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ᠎ᠳᠤ ᠨᠡᠶ᠋ᠢᠲᠡ 30 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠦ᠂ ᠶᠡᠷᠦᠩᠬᠡᠶ ᠲᠠᠯᠠᠪᠠᠶ᠎ᠨᠢ 600 ᠮᠥ᠍ ᠪᠠᠶ᠋ᠢᠵᠤ᠂ 3 ᠬᠤᠭᠤᠴᠠᠭ᠎ᠠ ᠬᠤᠪᠢᠶᠠᠨ ᠪᠥᠲᠥᠭᠡᠨ ᠪᠠᠶ᠋ᠢᠭᠤᠯᠬᠤ᠎ᠪᠠᠷ ᠲᠥᠯᠥᠪᠯᠡᠵᠦ ᠪᠣᠶ᠃ ᠲᠥᠷᠥᠯ ᠵᠦᠢ᠍ᠯ ᠪᠠᠶ᠋ᠢᠭᠤᠯᠤᠭᠳᠠᠭᠰᠠᠨ᠎ᠤ ᠳᠠᠷᠠᠭ᠎ᠠ᠂ ᠤᠷᠠᠳ᠎ᠤᠨ ᠬᠤᠶ᠋ᠢᠲᠤ ᠬᠤᠰᠢᠭᠤᠨ᠎ᠤ ᠤᠯᠠᠮᠵᠢᠯᠠᠯᠲᠤ ᠡᠨᠧᠷᠭᠢ ᠵᠢᠨ ᠭᠠᠷᠭ᠋ᠠᠯᠲᠠ᠎ᠠᠴᠠ ᠪᠣᠬᠢᠷᠲᠤᠯ ᠥᠬᠡᠶ ᠥᠨᠳᠥᠷ ᠥᠷᠲᠡᠭᠲᠦ ᠮᠠᠲ᠋ᠧᠷᠢᠶᠠᠯ᠎ᠤᠨ ᠠᠵᠤ ᠦᠢ᠍ᠯᠡᠰ ᠲᠡᠢ᠌ᠰᠢ ᠬᠡᠯᠪᠡᠷᠢ᠎ᠪᠠᠨ ᠬᠤᠪᠢᠷᠠᠭᠤᠯᠵᠤ᠂ 《ᠪᠣᠬᠢᠷᠲᠤᠯ ᠥᠬᠡᠶ ᠴᠠᠬᠢᠯᠭ᠋ᠠᠨ — ᠰᠢᠨ᠎ᠡ ᠮᠠᠲ᠋ᠧᠷᠢᠶᠠᠯ》᠎ᠤᠨ ᠬᠤᠯᠪᠣᠯᠳᠤᠨ ᠬᠥᠭᠵᠢᠬᠦ ᠵᠢ ᠪᠡᠶᠡᠯᠡᠭᠦᠯᠦᠨ᠎ᠡ᠃

 

ᠢᠷᠡᠯᠲᠡ᠄ ᠤᠷᠠᠳ᠎ᠤᠨ ᠬᠤᠶ᠋ᠢᠳᠤ ᠬᠤᠰᠢᠭᠤᠨ᠎ᠤ ᠬᠠᠮ ᠵᠠᠭᠤᠴᠢᠯᠠᠭᠤᠷ᠎ᠤᠨ ᠲᠦᠪ
          
ᠬᠠᠮᠢᠶ᠎ᠡ ᠪᠦᠬᠦᠢ ᠰᠣᠨᠢᠨ
 
            