ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠶ᠋ᠢᠮᠠᠭ ᠬᠤᠲᠠ ᠵᠢᠨ ᠬᠦᠳᠡᠯᠦᠯ — ᠥᠪᠥᠷ ᠮᠣᠩᠭᠤᠯ᠎ᠤᠨ ᠣᠲᠤᠭ ᠬᠤᠰᠢᠭᠤᠨ᠎ᠤ ᠨᠤᠨᠲᠠᠭ ᠨᠡᠭᠦᠷᠡᠰᠦᠨ᠎ᠤ ᠦᠨᠡᠰᠦᠨ᠎ᠠᠴᠠ ᠢᠰᠦᠯᠳᠦᠭᠰᠡᠨ ᠬᠥᠩᠭᠡᠨᠴᠠᠭ᠋ᠠᠨ᠎ᠢ ᠭᠠᠷᠭ᠋ᠠᠨ ᠠᠪᠬᠤ ᠲᠥᠷᠥᠯ ᠵᠦᠢ᠍ᠯ᠎ᠤᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠭᠡᠷ᠎ᠡ ᠲᠣᠭᠲᠠᠬᠤ ᠶᠣᠰᠣᠯᠠᠯ ᠶᠠᠪᠤᠭᠳᠠᠪᠠ
ᠨᠡᠶ᠋ᠢᠲᠡᠯᠡᠭᠰᠡᠨ ᠴᠠᠭ᠄ 2025-06-17

  6 ᠳ᠋ᠤᠭ᠋ᠠᠷ ᠰᠠᠷ᠎ᠠ ᠵᠢᠨ 12᠎ᠤᠨ ᠡᠳᠦᠷ᠂ ᠵᠥᠩ ᠰᠢᠨ ᠳ᠋ᠠᠶ ᠺᠠᠠ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠥᠪᠥᠷ ᠮᠣᠩᠭᠤᠯ᠎ᠤᠨ ᠮᠧᠩ ᠰᠢ ᠳᠡᠭᠡᠳᠦ ᠰᠢᠨ᠎ᠡ ᠮᠡᠷᠭᠡᠵᠢᠯ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠣᠷᠳᠣᠰ ᠬᠤᠲᠠ ᠵᠢᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠪᠠᠯᠠ ᠣᠷᠣᠭᠤᠯᠤᠯᠲᠠ ᠵᠢᠨ ᠬᠤᠪᠢ ᠡᠵᠡᠮᠳᠡᠭᠰᠡᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠨᠤᠨᠲᠠᠭ ᠨᠡᠭᠦᠷᠡᠰᠦᠨ᠎ᠤ ᠦᠨᠡᠰᠦᠨ᠎ᠠᠴᠠ ᠢᠰᠦᠯᠳᠦᠭᠰᠡᠨ ᠬᠥᠩᠭᠡᠨᠴᠠᠭ᠋ᠠᠨ᠎ᠢ ᠭᠠᠷᠭ᠋ᠠᠵᠤ ᠠᠪᠬᠤ ᠲᠥᠷᠥᠯ ᠵᠦᠢ᠍ᠯ᠎ᠤᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠭᠡᠷ᠎ᠡ ᠲᠣᠭᠲᠠᠬᠤ ᠶᠣᠰᠣᠯᠠᠯ ᠥᠪᠥᠷ ᠮᠣᠩᠭᠤᠯ᠎ᠤᠨ ᠣᠷᠳᠣᠰ ᠬᠤᠲᠠ ᠵᠢᠨ ᠣᠲᠤᠭ ᠬᠤᠰᠢᠭᠤᠨ᠎ᠳᠤ ᠶᠠᠪᠤᠭᠳᠠᠪᠠ᠃


6.17-1.jpg


   ᠣᠲᠤᠭ ᠬᠤᠰᠢᠭᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠬᠤᠰᠢᠭᠤ  ᠳᠠᠷᠤᠭ᠎ᠠ᠂ ᠣᠲᠤᠭ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠤᠷᠢᠭ᠎ᠤᠨ ᠨᠠᠮ᠎ᠤᠨ ᠠᠵᠢᠯᠯᠠᠬᠤ ᠬᠤᠷᠢᠶᠠᠨ᠎ᠤ ᠱᠦᠵᠢ ᠰᠤ᠌ ᡁᠢ ᠰᠢᠶᠦ᠋ᠩ᠂ ᠣᠲᠤᠭ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠤᠷᠢᠭ᠎ᠤᠨ ᠨᠠᠮ᠎ᠤᠨ ᠠᠵᠢᠯᠯᠠᠬᠤ ᠬᠤᠷᠢᠶᠠᠨ᠎ᠤ ᠳᠡᠳ᠋ ᠱᠦᠵᠢ᠂ ᠬᠠᠮᠢᠶᠠᠷᠤᠯᠲᠠ ᠵᠢᠨ ᠵᠥᠪᠯᠡᠯ᠎ᠤᠨ ᠡᠷᠬᠢᠯᠡᠭᠴᠢ ᠵᠢᠶᠠ ᠷᠦᠢ ᠭᠡᠷ᠎ᠡ ᠲᠣᠭᠲᠠᠬᠤ ᠶᠣᠰᠣᠯᠠᠯ᠎ᠢ ᠭᠡᠷᠡᠴᠢᠯᠡᠪᠡ᠃ ᠵᠥᠩ ᠰᠢᠨ ᠳ᠋ᠠᠶ ᠺᠠᠠ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠳᠡᠳ᠋ ᠶᠡᠷᠦᠩᠬᠡᠶ ᠳᠠᠭ᠋ᠠᠭ᠋ᠠᠮᠠᠯ   ᠾᠧᠦ ᠵᠢᠶᠠ ᠰᠢᠨ᠂ ᠣᠷᠳᠣᠰ ᠬᠤᠲᠠ ᠵᠢᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠪᠠᠯᠠ ᠣᠷᠣᠭᠤᠯᠤᠯᠲᠠ ᠵᠢᠨ ᠬᠤᠪᠢ ᠡᠵᠡᠮᠳᠡᠭᠰᠡᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠨᠠᠮ᠎ᠤᠨ ᠬᠤᠷᠢᠶᠠᠨ᠎ᠤ ᠱᠦᠵᠢ᠂ ᠬᠡᠷᠡᠭ ᠮᠡᠳᠡᠭᠴᠢᠳ᠎ᠤᠨ ᠳᠠᠷᠤᠭ᠎ᠠ ᠯᠢᠦ ᠸᠧᠨ ᠴᠢᠩ᠂ ᠥᠪᠥᠷ ᠮᠣᠩᠭᠤᠯ᠎ᠤᠨ ᠮᠧᠩ ᠰᠢ ᠳᠡᠭᠡᠳᠦ ᠰᠢᠨ᠎ᠡ ᠮᠡᠷᠭᠡᠵᠢᠯ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠯᠢᠦ ᠫᠧᠩ ᠹᠸᠢ ᠭᠠᠷ᠎ᠤᠨ ᠥᠰᠥᠭ ᠵᠢᠷᠤᠬᠤ ᠶᠣᠰᠣᠯᠠᠯ᠎ᠳᠤ ᠣᠷᠣᠯᠴᠠᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠣᠷᠣᠯᠴᠠᠪᠠ᠃

   ᠵᠥᠩ ᠰᠢᠨ ᠳ᠋ᠠᠶ ᠺᠠᠠ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠪᠣᠯ ᠪᠥᠬᠦ ᠪᠥᠮᠪᠥᠷᠴᠡᠭ᠎ᠤᠨ ᠬᠠᠮᠤᠭ᠎ᠤᠨ ᠲᠣᠮᠣ ᠬᠦᠩᠭᠡᠨᠴᠠᠭ᠋ᠠᠨ᠎ᠤ ᠲᠡᠷᠭᠡᠨ ᠬᠦᠷᠳᠦ ᠪᠠ ᠬᠦᠩᠭᠡᠨᠴᠠᠭ᠋ᠠᠨ᠎ᠤ ᠰᠠᠭᠤᠷᠢ ᠲᠠᠪᠠᠭ᠎ᠤᠨ ᠰᠡᠯᠪᠢᠭ ᠲᠣᠨᠤᠭ᠎ᠤᠨ ᠬᠠᠩᠭ᠋ᠠᠯᠭ᠎ᠠ ᠵᠢᠨ ᠬᠤᠳᠠᠯᠳᠤᠭ᠋ᠠᠴᠢᠨ ᠮᠥᠨ᠂ ᠪᠥᠬᠦ ᠪᠥᠮᠪᠥᠷᠴᠡᠭ᠎ᠤᠨ ᠮᠠᠰᠢᠨ ᠲᠡᠷᠭᠡᠨ᠎ᠤ ᠰᠡᠯᠪᠢᠭ ᠲᠣᠨᠤᠭ᠎ᠢ ᠡᠳ᠋ᠰᠢᠭᠦᠯᠦᠭᠰᠡᠨ ᠲᠡᠷᠢᠭᠦᠨ᠎ᠤ ᠬᠢᠷᠢ ᠲᠦᠪᠰᠢᠨ᠎ᠢ ᠲᠥᠯᠥᠭᠡᠯᠡᠵᠦ ᠪᠠᠶ᠋ᠢᠨ᠎ᠠ; ᠣᠷᠳᠣᠰ ᠬᠤᠲᠠ ᠵᠢᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠪᠠᠯᠠ ᠣᠷᠣᠭᠤᠯᠤᠯᠲᠠ ᠵᠢᠨ ᠬᠤᠪᠢ ᠣᠷᠣᠭᠤᠯᠤᠯᠲᠠ ᠵᠢ ᠡᠵᠡᠮᠳᠡᠬᠦ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠤᠯ᠎ᠤᠨ ᠮᠧᠩ ᠰᠢ ᠳᠡᠭᠡᠳᠦ ᠰᠢᠨ᠎ᠡ ᠮᠡᠷᠭᠡᠵᠢᠯ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠎ᠳᠤ ᠤᠯᠤᠰ᠎ᠤᠨ ᠳᠣᠲᠣᠭ᠋ᠠᠳᠤ ᠵᠢᠨ ᠠᠩᠬᠠᠳᠠᠭᠴᠢ ᠨᠤᠨᠲᠠᠭ ᠨᠡᠭᠦᠷᠡᠰᠦᠨ᠎ᠤ ᠦᠨᠡᠰᠦ᠎ᠪᠠᠷ ᠢᠰᠦᠯᠳᠦᠭᠰᠡᠨ ᠬᠦᠩᠭᠡᠨᠴᠠᠭ᠋ᠠᠨ᠎ᠤ ᠦᠢ᠍ᠯᠡᠳᠪᠦᠷᠢᠯᠡᠯ᠎ᠤᠨ ᠱᠤᠭᠤᠮ᠎ᠢ ᠭᠠᠷᠭ᠋ᠠᠨ ᠠᠪᠴᠤ᠂ ᠤᠯᠤᠰ᠎ᠤᠨ ᠠᠵᠤ ᠦᠢ᠍ᠯᠡᠳᠪᠦᠷᠢ ᠵᠢᠨ ᠬᠠᠶᠠᠭᠳᠠᠮᠠᠯ ᠰᠢᠭ᠋ᠠᠷᠤ ᠵᠢ ᠪᠦᠬᠦᠨ᠎ᠢ ᠠᠰᠢᠭᠯᠠᠵᠤ ᠬᠤᠪᠢᠷᠠᠭᠤᠯᠤᠭᠰᠠᠨ ᠬᠥᠩᠭᠡᠨᠴᠠᠭ᠋ᠠᠨ᠎ᠤ ᠢᠰᠦᠯ᠎ᠤᠨ ᠠᠵᠤ ᠦᠢ᠍ᠯᠡᠳᠪᠦᠷᠢ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ ᠮᠥᠨ; ᠭᠤᠷᠪᠠᠨ ᠲᠠᠯ᠎ᠠ᠎ᠪᠠᠷ ᠵᠶ᠋ᠠᠨ ᠠᠵᠤ ᠦᠢ᠍ᠯᠡᠰ᠎ᠤᠨ ᠬᠠᠮᠵᠢᠯᠴᠠᠭ᠎ᠠ᠂ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠡᠷᠭᠡ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠲᠣᠬᠢᠷᠠᠯᠴᠠᠭᠰᠠᠨ ᠪᠠᠶ᠋ᠢᠨ᠎ᠠ᠃ ᠭᠡᠷ᠎ᠡ ᠲᠣᠭᠲᠠᠬᠤ᠎ᠠᠴᠠ ᠡᠮᠦᠨ᠎ᠡ᠂ ᠡᠯ᠎ᠡ ᠲᠠᠯ᠎ᠠ ᠵᠢᠨ ᠬᠥᠮᠦᠰ ᠬᠥᠩᠭᠡᠨᠴᠠᠭ᠋ᠠᠨ᠎ᠤ ᠬᠠᠶ᠋ᠢᠯᠤᠰᠢ ᠵᠢᠨ ᠮᠠᠲ᠋ᠧᠷᠢᠶᠠᠯ᠎ᠢ ᠭᠠᠷᠭ᠋ᠠᠨ ᠠᠪᠴᠤ ᠡᠳ᠋ᠰᠢᠭᠦᠯᠬᠦ᠂ ᠠᠵᠤ ᠦᠢ᠍ᠯᠡᠰ᠎ᠤᠨ ᠬᠡᠯᠬᠢᠶ᠎ᠡ ᠵᠢ ᠨᠥᠬᠦᠪᠥᠷᠢᠯᠡᠵᠦ ᠬᠡᠯᠬᠢᠶ᠎ᠡ ᠵᠢ ᠴᠢᠩᠭ᠋ᠠᠳᠬᠠᠬᠤ ᠵᠡᠷᠭᠡ ᠠᠭᠤᠯᠭ᠎ᠠ ᠵᠢᠨ ᠲᠣᠭᠤᠷᠢᠨ᠎ᠳᠤ ᠶᠠᠷᠢᠯᠴᠠᠨ ᠰᠣᠯᠢᠯᠴᠠᠪᠠ᠃

   ᠬᠡᠯᠡᠯᠴᠡᠭᠡᠷ᠎ᠢ ᠦᠨᠳᠦᠰᠦᠯᠡᠪᠡᠯ᠂ ᠭᠤᠷᠪᠠᠨ ᠲᠠᠯ᠎ᠠ᠎ᠪᠠᠷ ᠵᠶ᠋ᠠᠨ ᠲᠤᠰ ᠪᠡᠶ᠎ᠡ ᠵᠢᠨ ᠳᠠᠪᠠᠭᠤᠯᠢᠭ᠎ᠲᠠᠢ᠎ᠪᠠᠨ ᠤᠶᠠᠯᠳᠤᠭᠤᠯᠵᠤ᠂ ᠨᠤᠨᠲᠠᠭ ᠨᠡᠭᠦᠷᠡᠰᠦᠨ᠎ᠤ ᠦᠨᠡᠰᠦᠨ᠎ᠠᠴᠠ ᠢᠰᠦᠯᠳᠦᠭᠰᠡᠨ  ᠬᠥᠩᠭᠡᠨᠴᠠᠭ᠋ᠠᠨ᠎ᠤ ᠮᠡᠷᠭᠡᠵᠢᠯ᠎ᠢ ᠭᠠᠷᠭ᠋ᠠᠨ ᠠᠪᠬᠤ ᠮᠡᠷᠭᠡᠵᠢᠯ᠎ᠢ ᠠᠵᠤ ᠦᠢ᠍ᠯᠡᠰᠵᠢᠭᠦᠯᠦᠨ ᠬᠡᠷᠡᠭᠯᠡᠬᠦ᠂ ᠴᠠᠬᠢᠯᠭ᠋ᠠᠨ ᠵᠠᠳᠠᠯᠤᠯ᠎ᠤᠨ ᠬᠥᠩᠭᠡᠨᠴᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢᠨ ᠪᠦᠳᠦᠭᠡᠨ ᠪᠠᠶ᠋ᠢᠭᠤᠯᠤᠯᠲᠠ᠂ ᠬᠥᠩᠭᠡᠨᠴᠠᠭ᠋ᠠᠨ᠎ᠤ ᠬᠠᠶ᠋ᠢᠯᠤᠰᠢ ᠵᠢ ᠡᠳ᠋ᠰᠢᠭᠦᠯᠬᠦ ᠠᠵᠤ ᠦᠢ᠍ᠯᠡᠰ᠎ᠤᠨ ᠬᠥᠭᠵᠢᠯᠲᠡ ᠵᠡᠷᠭᠡ ᠬᠦᠷᠢᠶᠡᠨ᠎ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠬᠥᠩᠭᠡᠨᠴᠠᠭ᠋ᠠᠨ᠎ᠤ ᠬᠠᠶ᠋ᠢᠯᠤᠰᠢ ᠵᠢᠨ ᠳᠡᠭᠡᠳᠦ ᠳᠤᠤᠷᠠᠳᠤ ᠤᠷᠤᠰᠬᠠᠯ᠎ᠤᠨ ᠠᠵᠤ ᠦᠢ᠍ᠯᠡᠰ᠎ᠤᠨ ᠬᠡᠯᠬᠢᠶ᠎ᠡ ᠵᠢ ᠬᠠᠮᠲᠤᠪᠠᠷ ᠪᠠᠶ᠋ᠢᠭᠤᠯᠤᠨ᠎ᠠ᠃

 

ᠢᠷᠡᠯᠲᠡ᠄ ᠣᠲᠣᠭ ᠨᠡᠶ᠋ᠢᠳᠡᠯᠡᠭᠰᠡᠨ
          
ᠬᠠᠮᠢᠶ᠎ᠡ ᠪᠦᠬᠦᠢ ᠰᠣᠨᠢᠨ
 
            