2021 ᠣᠨ᠎ᠤ 11 ᠳ᠋ᠦ᠍ᠭᠡᠷ ᠰᠠᠷ᠎ᠠ ᠵᠢᠨ 28᠎ᠤ ᠡᠳᠦᠷ᠎ᠤᠨ 16 ᠴᠠᠭ᠎ᠠᠴᠠ 24 ᠴᠠᠭ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠰᠡᠵᠢᠭᠯᠡᠯᠲᠡᠢ ᠡᠪᠡᠳᠴᠢᠨ᠎ᠤ ᠵᠢᠱ᠌ᠢᠶ᠎ᠡ ᠪᠠ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ᠎ᠪᠠᠷ ᠨᠡᠮᠡᠭᠳᠡᠭᠰᠡᠨ ᠦᠭᠡᠢ᠂ ᠥᠪᠦᠷ ᠮᠣᠩᠭᠤᠯ ᠣᠷᠤᠨ᠎ᠳᠤ ᠲᠣᠳᠤᠯᠠᠭᠰᠠᠨ ᠡᠪᠡᠳᠴᠢᠨ᠎ᠤ ᠵᠢᠱ᠌ᠢᠶ᠎ᠡ 1 (ᠬᠦᠯᠦᠨ ᠪᠤᠢ᠌ᠷ᠎ᠤᠨ ᠮᠠᠨᠵᠤᠤᠷ ᠬᠣᠲᠠᠨ᠎ᠠ) ᠨᠡᠮᠡᠭᠳᠡᠪᠡ᠃ ᠰᠢᠨ᠎ᠡ᠎ᠪᠠᠷ ᠲᠣᠳᠤᠯᠠᠭᠰᠠᠨ ᠡᠪᠡᠳᠴᠢᠨ᠎ᠤ ᠵᠢᠱ᠌ᠢᠶ᠎ᠡ ᠵᠢᠨ ᠨᠠᠷᠢᠨ ᠪᠠᠢ᠌ᠳᠠᠯ᠄ ᠲᠣᠳᠤᠯᠠᠭᠰᠠᠨ ᠡᠪᠡᠳᠴᠢᠨ᠎ᠤ ᠵᠢᠱ᠌ᠢᠶ᠎ᠡ᠄ ᠮᠠᠨᠵᠤᠤᠷ ᠬᠣᠲᠠ ᠵᠢᠨ ᠪᠦᠬᠦ ᠠᠷᠠᠳ᠎ᠲᠤ ᠪᠥᠭᠡᠮ ᠬᠦᠴᠢᠯ᠎ᠤᠨ ᠰᠢᠭᠰᠢᠨ ᠪᠠᠢ᠌ᠴᠠᠭ᠋ᠠᠯᠲᠠ ᠬᠢᠬᠦ᠎ᠳᠤ ᠠᠷᠭ᠎ᠠ ᠴᠢᠨᠠᠷ ᠢᠯᠡᠷᠡᠵᠦ᠂ 11 ᠳ᠋ᠦ᠍ᠭᠡᠷ ᠰᠠᠷ᠎ᠠ ᠵᠢᠨ 28᠎ᠤ ᠡᠳᠦᠷ ᠲᠤᠰᠬᠠᠢ ᠮᠡᠷᠭᠡᠵᠢᠯᠲᠡᠳ᠎ᠤᠨ ᠳᠤᠭᠤᠢ᠌ᠯᠠᠩ ᠰᠢᠨ᠎ᠡ ᠲᠢᠲᠢᠮᠯᠢᠭ ᠠᠭᠤᠰᠬᠢᠨ ᠥᠷᠪᠢᠰᠦᠯ ᠵᠶ᠋ᠡᠷ ᠣᠨᠤᠰᠢᠯᠠᠨ ᠲᠣᠳᠤᠯᠠᠵᠠᠢ᠃ ᠣᠳᠤᠬᠠᠨ᠎ᠳᠤ ᠨᠢᠭᠡᠨᠲᠡ ᠲᠣᠭᠲᠠᠭᠰᠠᠨ ᠡᠮᠨᠡᠯᠭᠡ ᠵᠢᠨ ᠬᠣᠷᠢᠶᠠᠨ᠎ᠳᠤ ᠰᠢᠯᠵᠢᠭᠦᠯᠦᠨ ᠲᠤᠰᠠᠭ᠋ᠠᠷᠯᠠᠨ ᠡᠮᠴᠢᠯᠡᠵᠦ᠂ ᠲᠠᠬᠤᠯ ᠡᠪᠡᠳᠴᠢᠨ᠎ᠤ ᠵᠢᠭᠰᠠᠭ᠋ᠠᠨ ᠪᠠᠢ᠌ᠴᠠᠭ᠋ᠠᠯᠲᠠ ᠵᠡᠷᠭᠡ ᠬᠣᠯᠪᠤᠭᠳᠠᠯ ᠪᠦᠬᠦᠢ ᠠᠵᠢᠯ᠎ᠢ ᠶᠠᠭ ᠶᠠᠪᠤᠭᠳᠠᠭᠤᠯᠵᠤ ᠪᠤᠢ᠃
2021 ᠣᠨ᠎ᠤ 11 ᠳ᠋ᠦ᠍ᠭᠡᠷ ᠰᠠᠷ᠎ᠠ ᠵᠢᠨ 28᠎ᠤ ᠡᠳᠦᠷ᠎ᠤᠨ 24 ᠴᠠᠭ ᠪᠣᠯᠲᠠᠯ᠎ᠠ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠳᠤ ᠲᠣᠳᠤᠯᠠᠭᠰᠠᠨ ᠡᠪᠡᠳᠴᠢᠨ᠎ᠤ ᠵᠢᠱ᠌ᠢᠶ᠎ᠡ 20 (ᠴᠥᠮ ᠬᠦᠯᠦᠨ ᠪᠤᠢ᠌ᠷ᠎ᠤᠨ ᠮᠠᠨᠵᠤᠤᠷ ᠬᠣᠲᠠᠨ᠎ᠠ ᠪᠤᠢ)᠂ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ( ᠴᠥᠮ ᠬᠦᠯᠦᠨ ᠪᠤᠢ᠌ᠷ᠎ᠤᠨ ᠮᠠᠨᠵᠤᠤᠷ ᠬᠣᠲᠠᠨ᠎ᠠ ᠪᠤᠢ) ᠪᠠᠢ᠌ᠵᠤ᠂ ᠲᠣᠭᠲᠠᠭᠰᠠᠨ ᠡᠮᠨᠡᠯᠭᠡ ᠵᠢᠨ ᠬᠣᠷᠢᠶ᠎ᠠ᠎ᠳᠤ ᠲᠤᠰᠠᠭ᠋ᠠᠷᠯᠠᠨ ᠡᠮᠴᠢᠯᠡᠵᠦ᠂ ᠨᠢᠭᠲᠠ ᠣᠢ᠌ᠷᠠᠲᠤᠭᠰᠠᠳᠢ ᠨᠢ ᠪᠦᠬᠦᠨ᠎ᠢ ᠲᠣᠭᠲᠠᠭᠰᠠᠨ ᠭᠠᠵᠠᠷ᠎ᠲᠤ ᠲᠥᠪᠯᠡᠷᠡᠭᠦᠯᠦᠨ ᠲᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠪᠦᠬᠦ ᠶᠠᠪᠤᠴᠠ᠎ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠵᠢ ᠴᠢᠩᠭ᠎ᠠ ᠰᠡᠷᠭᠡᠢ᠌ᠯᠡᠵᠦ ᠪᠠᠢ᠌ᠨ᠎ᠠ᠃