12 ᠳ᠋ᠤᠭ᠋ᠠᠷ ᠰᠠᠷ᠎ᠠ ᠵᠢᠨ 1᠎ᠤ ᠡᠳᠦᠷ᠎ᠤᠨ 0 — 24 ᠴᠠᠭ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠰᠡᠵᠢᠭᠯᠡᠯᠲᠡᠢ ᠡᠪᠡᠳᠴᠢᠨ᠎ᠤ ᠵᠢᠱ᠌ᠢᠶ᠎ᠡ ᠰᠢᠨ᠎ᠡ᠎ᠪᠠᠷ ᠨᠡᠮᠡᠭᠳᠡᠭᠰᠡᠨ ᠥᠬᠡᠶ᠂ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ 53 (ᠴᠥᠮ ᠬᠥᠯᠥᠨ ᠪᠣᠢ᠌ᠷ᠎ᠤᠨ ᠮᠠᠨᠵᠤᠤᠷ ᠬᠤᠲᠠ᠎ᠳᠤ ᠪᠤᠢ) ᠰᠢᠨ᠎ᠡ᠎ᠪᠠᠷ ᠨᠡᠮᠡᠭᠳᠡᠵᠦ᠂ ᠲᠤᠬᠠᠢ ᠵᠢᠨ ᠭᠠᠵᠠᠷ᠎ᠤᠨ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ 1 (ᠬᠥᠯᠥᠨ ᠪᠤᠢ᠌ᠷ ᠬᠤᠲᠠ ᠵᠢᠨ ᠰᠢᠨ᠎ᠡ ᠪᠠᠷᠭᠤ ᠪᠠᠷᠠᠭᠤᠨ ᠬᠤᠰᠢᠭᠤᠨ᠎ᠳᠤ ᠪᠤᠢ) ᠰᠢᠨ᠎ᠡ᠎ᠪᠠᠷ ᠨᠡᠮᠡᠭᠳᠡᠵᠡᠶ᠃ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ ᠪᠠ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ ᠵᠢᠨ ᠨᠠᠷᠢᠨ ᠪᠠᠢ᠌ᠳᠠᠯ᠎ᠨᠢ ᠳᠣᠤᠷᠠᠬᠢ ᠮᠡᠲᠦ᠄
131᠎ᠠᠴᠠ 159 ᠳ᠋ᠦ᠍ᠭᠡᠷ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠄ ᠴᠥᠮ ᠮᠠᠨᠵᠤᠤᠷ ᠬᠤᠲᠠ ᠵᠢᠨ ᠪᠢᠲᠡᠭᠦᠮᠵᠢᠯᠡᠨ ᠡᠵᠡᠮᠳᠡᠵᠦ ᠪᠠᠢ᠌ᠭ᠎ᠠ ᠲᠣᠭᠣᠷᠢᠭ᠎ᠤᠨ ᠪᠥᠭᠡᠮ ᠬᠦᠴᠢᠯ᠎ᠤᠨ ᠰᠢᠭᠰᠢᠨ ᠪᠠᠢ᠌ᠴᠠᠭ᠋ᠠᠯᠲᠠ᠎ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ᠎ᠤᠨ ᠳᠤᠭᠤᠢ᠌ᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠎ᠪᠠᠷ ᠲᠣᠳᠣᠯᠠᠵᠠᠢ᠃ 160᠎ᠠᠴᠠ 176 ᠳ᠋ᠤᠭ᠋ᠠᠷ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠄ ᠴᠥᠮ ᠮᠠᠨᠵᠤᠤᠷ ᠬᠤᠲᠠ ᠵᠢᠨ ᠲᠦᠪᠯᠡᠷᠡᠭᠦᠯᠦᠨ ᠲᠤᠰᠠᠭ᠋ᠠᠷᠯᠠᠭᠰᠠᠨ ᠬᠤᠭᠤᠴᠠᠭ᠋ᠠᠨ᠎ᠳᠠᠬᠢ ᠪᠥᠭᠡᠮ ᠬᠦᠴᠢᠯ᠎ᠤᠨ ᠪᠠᠢ᠌ᠴᠠᠭ᠋ᠠᠯᠲᠠ᠎ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ᠎ᠤᠨ ᠳᠤᠭᠤᠢ᠌ᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠎ᠪᠠᠷ ᠲᠣᠳᠣᠯᠠᠵᠠᠢ᠃
177᠎ᠠᠴᠠ 179 ᠳ᠋ᠦ᠍ᠭᠡᠷ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠄ ᠮᠠᠨᠵᠤᠤᠷ ᠬᠤᠳᠠ ᠵᠢᠨ ᠡᠮᠨᠡᠯᠭᠡ᠎ᠳᠤ ᠰᠠᠭᠤᠭ᠎ᠠ ᠬᠥᠮᠦᠰ᠎ᠤᠨ ᠪᠥᠭᠡᠮ ᠬᠦᠴᠢᠯ᠎ᠤᠨ ᠰᠢᠭᠰᠢᠨ ᠪᠠᠢ᠌ᠴᠠᠭ᠋ᠠᠯᠲᠠ᠎ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ᠎ᠤᠨ ᠳᠤᠭᠤᠢ᠌ᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠎ᠪᠠᠷ ᠲᠣᠳᠣᠯᠠᠵᠠᠢ᠃
180᠎ᠠᠴᠠ 182 ᠳ᠋ᠤᠭ᠋ᠠᠷ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠄ ᠴᠥᠮ ᠮᠠᠨᠵᠤᠤᠷ ᠬᠤᠲᠠ ᠵᠢᠨ ᠭᠤᠤᠯᠳᠠᠯᠭ᠎ᠠ᠎ᠲᠠᠢ ᠬᠥᠮᠦᠰ᠎ᠤᠨ ᠪᠥᠭᠡᠮ ᠬᠦᠴᠢᠯ᠎ᠤᠨ ᠰᠢᠭᠰᠢᠨ ᠪᠠᠢ᠌ᠴᠠᠭ᠋ᠠᠯᠲᠠ᠎ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ᠎ᠤᠨ ᠳᠤᠭᠤᠢ᠌ᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠎ᠪᠠᠷ ᠲᠣᠳᠣᠯᠠᠵᠠᠢ᠃
ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ᠄ 11 ᠳ᠋ᠦ᠍ᠭᠡᠷ ᠰᠠᠷ᠎ᠠ ᠵᠢᠨ 30᠎ᠤ ᠡᠳᠦᠷ ᠲᠣᠳᠣᠯᠠᠭᠰᠠᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠵᠢᠨ ᠨᠢᠭᠲᠠ ᠣᠢ᠌ᠷᠠᠲᠤᠭᠴᠢ ᠪᠠᠢ᠌ᠵᠤ᠂ ᠭᠣᠣᠯᠳᠠᠯᠭ᠎ᠠ᠎ᠲᠠᠢ ᠬᠦᠮᠦᠰ᠎ᠤᠨ ᠪᠥᠭᠡᠮ ᠬᠦᠴᠢᠯ᠎ᠤᠨ ᠰᠢᠭᠰᠢᠨ ᠪᠠᠢ᠌ᠴᠠᠭ᠋ᠠᠯᠲᠠ᠎ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ᠎ᠤᠨ ᠳᠤᠭᠤᠢ᠌ᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠥᠷᠪᠢᠰᠦᠯ᠎ᠤᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ᠎ᠪᠠᠷ ᠲᠣᠳᠣᠯᠠᠵᠠᠢ᠃
ᠣᠳᠣᠬᠠᠨ᠎ᠳᠤ᠂ ᠳᠡᠭᠡᠷ᠎ᠡ ᠳᠤᠷᠠᠳᠤᠭᠰᠠᠨ ᠬᠥᠮᠦᠰ᠎ᠢ ᠴᠥᠮ ᠴᠡᠭ ᠲᠣᠭᠲᠠᠭ᠋ᠠᠭᠰᠠᠨ ᠡᠮᠨᠡᠯᠭᠡ ᠵᠢᠨ ᠬᠤᠷᠢᠶ᠎ᠠ᠎ᠳᠤ ᠰᠢᠯᠵᠢᠭᠦᠯᠦᠨ ᠲᠤᠰᠠᠭ᠋ᠠᠷᠯᠠᠨ ᠡᠮᠴᠢᠯᠡᠬᠦ ᠪᠠ ᠲᠤᠰᠠᠭ᠋ᠠᠷᠯᠠᠨ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠰᠢᠯᠵᠢᠭᠦᠯᠬᠦ᠂ ᠵᠢᠭᠰᠠᠭ᠋ᠠᠨ ᠪᠠᠢ᠌ᠴᠠᠭ᠋ᠠᠬᠤ ᠵᠡᠷᠭᠡ ᠠᠵᠢᠯ᠎ᠢ ᠶᠠᠭ ᠶᠠᠪᠤᠭᠳᠠᠭᠤᠯᠵᠤ ᠪᠠᠢ᠌ᠨ᠎ᠠ᠃
12 ᠳ᠋ᠤᠭ᠋ᠠᠷ ᠰᠠᠷ᠎ᠠ ᠵᠢᠨ 1᠎ᠤ ᠡᠳᠦᠷ᠎ᠤᠨ 24 ᠴᠠᠭ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠣᠲᠣ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ 185 (ᠡᠭᠦᠨ᠎ᠳᠤ᠄ ᠬᠥᠯᠥᠨ ᠪᠣᠢ᠌ᠷ᠎ᠤᠨ ᠮᠠᠨᠵᠤᠤᠷ ᠬᠤᠲᠠ᠎ᠳᠤ 151᠂ ᠵᠠᠯᠠᠢ᠌ᠨᠠᠭᠤᠷ ᠲᠣᠭᠤᠷᠢᠭ᠎ᠲᠤ 32 ᠪᠤᠢ; ᠮᠠᠨᠵᠤᠤᠷ ᠬᠤᠲᠠ᠎ᠳᠤ ᠬᠤᠯᠪᠣᠭᠳᠠᠯ᠎ᠲᠠᠢ 2 ᠲᠣᠳᠣᠯᠠᠭᠰᠠᠨ ᠡᠪᠡᠳᠴᠢᠨ᠎ᠤ ᠵᠢᠱ᠌ᠢᠶ᠎ᠡ᠎ᠨᠢ ᠲᠦᠩᠯᠢᠶᠣᠤ ᠬᠤᠲᠠ ᠵᠢᠨ ᠬᠤᠷᠴᠢᠨ ᠲᠣᠭᠤᠷᠢᠭ᠎ᠲᠤ ᠪᠣᠶ) ᠪᠠᠢ᠌ᠵᠤ᠂ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ 3 (ᠴᠥᠮ ᠬᠥᠯᠥᠨ ᠪᠣᠢ᠌ᠷ ᠬᠤᠲᠠ ᠵᠢᠨ ᠰᠢᠨ᠎ᠡ ᠪᠠᠷᠭᠤ ᠪᠠᠷᠠᠭᠤᠨ ᠬᠤᠰᠢᠭᠤᠨ᠎ᠳᠤ ᠪᠤᠢ) ᠪᠤᠢ᠃ ᠴᠥᠮ ᠴᠡᠭ ᠲᠣᠭᠲᠠᠭ᠋ᠠᠭᠰᠠᠨ ᠡᠮᠨᠡᠯᠭᠡ ᠵᠢᠨ ᠬᠤᠷᠢᠶ᠎ᠠ᠎ᠳᠤ ᠲᠤᠰᠠᠭ᠋ᠠᠷᠯᠠᠨ ᠡᠮᠴᠢᠯᠡᠵᠦ᠂ ᠨᠢᠭᠲᠠ ᠣᠢ᠌ᠷᠠᠲᠤᠭᠰᠠᠳᠢᠨᠢ ᠪᠦᠬᠦᠨ᠎ᠢ ᠲᠣᠭᠲᠠᠭᠰᠠᠨ ᠲᠠᠯᠠᠪᠤᠷ᠎ᠲᠤ ᠲᠥᠪᠯᠡᠷᠡᠭᠦᠯᠦᠨ ᠲᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠬᠢᠵᠢᠭ ᠲᠠᠷᠬᠠᠬᠤ ᠵᠢ ᠴᠢᠩᠭ᠎ᠠ ᠰᠡᠷᠭᠡᠢ᠌ᠯᠡᠵᠦ ᠪᠠᠢ᠌ᠨ᠎ᠠ᠃