11 ᠳ᠋ᠦ᠍ᠭᠡᠷ ᠰᠠᠷ᠎ᠠ ᠵᠢᠨ 29᠎ᠤ ᠡᠳᠦᠷ᠎ᠤᠨ 0 — 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ ᠪᠠ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ᠎ᠪᠠᠷ ᠨᠡᠮᠡᠭᠳᠡᠭᠰᠡᠨ ᠥᠬᠡᠶ᠂ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ 21 (ᠡᠭᠦᠨ᠎ᠳᠤ᠄ ᠬᠥᠯᠥᠨ ᠪᠣᠶ᠋ᠢᠷ᠎ᠤᠨ ᠮᠠᠨᠵᠤᠤᠷ ᠬᠣᠲᠠ᠎ᠳᠤ 6᠂ ᠵᠠᠯᠠᠶ᠋ᠢᠨᠠᠭᠤᠷ ᠲᠣᠭᠣᠷᠢᠭ᠎ᠲᠤ 13 ᠪᠣᠶ᠂ ᠡᠭᠦᠨ᠎ᠳᠤ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ᠎ᠠᠴᠠ ᠲᠣᠳᠣᠯᠠᠭᠰᠠᠨ ᠡᠪᠡᠳᠴᠢᠨ᠎ᠤ ᠵᠢᠱ᠌ᠢᠶ᠎ᠡ ᠪᠣᠯᠣᠭᠰᠠᠳ 2 ᠪᠣᠶ; ᠮᠠᠨᠵᠤᠤᠷ ᠬᠣᠲᠠ᠎ᠳᠤ ᠬᠣᠯᠪᠣᠭᠳᠠᠯ᠎ᠲᠠᠢ ᠲᠣᠳᠣᠯᠠᠭᠰᠠᠨ 2 ᠡᠪᠡᠳᠴᠢᠨ᠎ᠤ ᠵᠢᠱ᠌ᠢᠶ᠎ᠡ᠎ᠨᠢ ᠲᠦᠩᠯᠢᠶᠣᠤ ᠬᠣᠲᠠ ᠵᠢᠨ ᠬᠣᠷᠴᠢᠨ ᠲᠣᠭᠣᠷᠢᠭ᠎ᠲᠤ ᠪᠣᠶ) ᠰᠢᠨ᠎ᠡ᠎ᠪᠠᠷ ᠨᠡᠮᠡᠭᠳᠡᠵᠡᠶ᠃ ᠰᠢᠨ᠎ᠡ᠎ᠪᠠᠷ ᠨᠡᠮᠡᠭᠳᠡᠭᠰᠡᠨ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ ᠪᠠ ᠮᠠᠨᠵᠤᠤᠷ ᠬᠣᠲᠠ᠎ᠳᠤ ᠬᠣᠯᠪᠣᠭᠳᠠᠯ᠎ᠲᠠᠢ ᠲᠣᠳᠣᠯᠠᠭᠰᠠᠨ ᠡᠪᠡᠳᠴᠢᠨ᠎ᠤ ᠵᠢᠱ᠌ᠢᠶ᠎ᠡ ᠵᠢᠨ ᠨᠠᠷᠢᠨ ᠪᠠᠶ᠋ᠢᠳᠠᠯ᠎ᠨᠢ ᠳᠣᠤᠷᠠᠬᠢ ᠮᠡᠲᠦ᠄
1᠂ 2 ᠳ᠋ᠤᠭ᠋ᠠᠷ ᠲᠣᠳᠣᠯᠠᠭᠳᠠᠭᠰᠠᠨ ᠡᠪᠡᠳᠴᠢᠨ᠎ᠤ ᠵᠢᠱ᠌ᠢᠶ᠎ᠡ᠄ ᠴᠥᠮ ᠮᠠᠨᠵᠤᠤᠷ ᠬᠣᠲᠠ ᠵᠢᠨ 11 ᠳ᠋ᠦ᠍ᠭᠡᠷ ᠰᠠᠷ᠎ᠠ ᠵᠢᠨ 28᠎ᠤ ᠡᠳᠦᠷ ᠣᠨᠣᠰᠢᠯᠠᠭᠰᠠᠨ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ ᠪᠠᠢ᠌ᠭᠰᠠᠨ᠎ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠶ᠋ᠠᠷ ᠲᠣᠳᠣᠯᠠᠭᠳᠠᠪᠠ᠃ 3᠎ᠠᠴᠠ 19 ᠳ᠋ᠦ᠍ᠭᠡᠷ ᠲᠣᠳᠣᠯᠠᠭᠳᠠᠭᠰᠠᠨ ᠡᠪᠡᠳᠴᠢᠨ᠎ᠤ ᠵᠢᠱ᠌ᠢᠶ᠎ᠡ᠄ ᠴᠥᠮ ᠮᠠᠨᠵᠤᠤᠷ ᠬᠣᠲᠠ ᠵᠢᠨ ᠪᠥᠬᠥ ᠬᠥᠮᠥᠰ᠎ᠤᠨ ᠪᠥᠭᠡᠮ ᠬᠦᠴᠢᠯ᠎ᠤᠨ ᠰᠢᠭᠰᠢᠨ ᠪᠠᠢ᠌ᠴᠠᠭ᠋ᠠᠯᠲᠠ᠎ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ᠎ᠤᠨ ᠳᠤᠭᠤᠢ᠌ᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠶ᠋ᠡᠷ ᠲᠣᠳᠣᠯᠠᠪᠠ᠃
ᠮᠠᠨᠵᠤᠤᠷ ᠬᠣᠲᠠ᠎ᠳᠤ ᠬᠣᠯᠪᠣᠭᠳᠠᠯ᠎ᠲᠠᠢ 1᠂2 ᠳ᠋ᠤᠭ᠋ᠠᠷ ᠲᠣᠳᠣᠯᠠᠭᠳᠠᠭᠰᠠᠨ ᠡᠪᠡᠳᠴᠢᠨ᠎ᠤ ᠵᠢᠱ᠌ᠢᠶ᠎ᠡ᠄ ᠴᠥᠮ 11 ᠳ᠋ᠦ᠍ᠭᠡᠷ ᠰᠠᠷ᠎ᠠ ᠵᠢᠨ 28᠎ᠤ ᠡᠳᠦᠷ᠎ᠤᠨ ᠮᠠᠨᠵᠤᠤᠷ ᠬᠣᠲᠠ ᠵᠢᠨ ᠲᠣᠳᠣᠯᠠᠭᠳᠠᠭᠰᠠᠨ ᠡᠪᠡᠳᠴᠢᠨ᠎ᠤ ᠵᠢᠱ᠌ᠢᠶ᠎ᠡ᠎ᠲᠠᠢ ᠨᠢᠭᠲᠠ ᠣᠶ᠋ᠢᠷᠠᠲᠤᠭᠰᠠᠳ ᠪᠠ ᠳᠠᠮ ᠣᠶ᠋ᠢᠷᠠᠲᠤᠭᠰᠠᠳ ᠪᠣᠯᠤᠨ᠎ᠠ᠃ ᠲᠥᠪᠯᠡᠷᠡᠭᠦᠯᠦᠨ ᠲᠤᠰᠠᠭ᠋ᠠᠷᠯᠠᠬᠤ ᠬᠤᠭᠤᠴᠠᠭ᠋ᠠᠨ᠎ᠳᠤ ᠪᠥᠭᠡᠮ ᠬᠦᠴᠢᠯ᠎ᠤᠨ ᠪᠠᠶ᠋ᠢᠴᠠᠭ᠋ᠠᠯᠲᠠ᠎ᠳᠤ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠤᠭᠰᠠᠨ᠎ᠳᠤ ᠮᠥᠨ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ᠎ᠤᠨ ᠳᠤᠭᠤᠶ᠋ᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠶ᠋ᠠᠷ ᠲᠣᠳᠣᠯᠠᠪᠠ᠃ ᠣᠳᠣᠬᠠᠨ᠎ᠳᠤ᠂ ᠳᠡᠭᠡᠷ᠎ᠡ ᠳᠤᠷᠠᠳᠤᠭᠰᠠᠨ ᠬᠥᠮᠦᠰ᠎ᠢ ᠨᠢᠭᠡᠨᠲᠡ ᠲᠣᠭᠲᠠᠭᠰᠠᠨ ᠡᠮᠨᠡᠯᠭᠡ ᠵᠢᠨ ᠬᠣᠷᠢᠶᠠᠨ᠎ᠳᠤ ᠰᠢᠯᠵᠢᠭᠦᠯᠵᠦ ᠲᠤᠰᠠᠭ᠋ᠠᠷᠯᠠᠨ ᠡᠮᠴᠢᠯᠡᠵᠦ᠂ ᠰᠢᠯᠵᠢᠭᠦᠯᠬᠦ᠂ ᠵᠢᠭᠰᠠᠭ᠋ᠠᠨ ᠪᠠᠶ᠋ᠢᠴᠠᠭ᠋ᠠᠬᠤ ᠵᠡᠷᠭᠡ ᠬᠣᠯᠪᠣᠭᠳᠠᠯ ᠪᠦᠬᠦᠢ ᠠᠵᠢᠯ᠎ᠢ ᠶᠠᠭ ᠶᠠᠪᠤᠭᠳᠠᠭᠤᠯᠵᠤ ᠪᠠᠶ᠋ᠢᠨ᠎ᠠ᠃
11 ᠳ᠋ᠦ᠍ᠭᠡᠷ ᠰᠠᠷ᠎ᠠ ᠵᠢᠨ 29᠎ᠤ ᠡᠳᠦᠷ᠎ᠤᠨ 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ 41 (ᠡᠭᠦᠨ᠎ᠳᠤ᠄ ᠬᠥᠯᠥᠨ ᠪᠣᠶ᠋ᠢᠷ᠎ᠤᠨ ᠮᠠᠨᠵᠤᠤᠷ ᠬᠣᠲᠠ᠎ᠳᠤ 26᠂ ᠵᠠᠯᠠᠶ᠋ᠢᠨᠠᠭᠤᠷ ᠲᠣᠭᠣᠷᠢᠭ᠎ᠲᠤ 13᠂ ᠮᠠᠨᠵᠤᠤᠷ ᠬᠣᠲᠠ᠎ᠳᠤ ᠬᠣᠯᠪᠣᠭᠳᠠᠯ᠎ᠲᠠᠢ ᠲᠣᠳᠣᠯᠠᠭᠰᠠᠨ 2 ᠡᠪᠡᠳᠴᠢᠨ᠎ᠤ ᠵᠢᠱ᠌ᠢᠶ᠎ᠡ᠎ᠨᠢ ᠲᠦᠩᠯᠢᠶᠣᠤ ᠬᠣᠲᠠ ᠵᠢᠨ ᠬᠣᠷᠴᠢᠨ ᠲᠣᠭᠣᠷᠢᠭ᠎ᠲᠤ ᠪᠣᠶ) ᠪᠠᠶ᠋ᠢᠨ᠎ᠠ᠃ ᠴᠥᠮ ᠲᠣᠭᠲᠠᠭᠰᠠᠨ ᠡᠮᠨᠡᠯᠭᠡ ᠵᠢᠨ ᠬᠣᠷᠢᠶ᠎ᠠ᠎ᠳᠤ ᠲᠤᠰᠠᠭ᠋ᠠᠷᠯᠠᠨ ᠡᠮᠴᠢᠯᠡᠵᠦ᠂ ᠨᠢᠭᠲᠠ ᠣᠶ᠋ᠢᠷᠠᠲᠤᠭᠰᠠᠳ᠎ᠢ᠎ᠨᠢ ᠪᠦᠬᠦᠨ᠎ᠢ ᠲᠣᠭᠲᠠᠭᠰᠠᠨ ᠲᠠᠯᠠᠪᠤᠷ᠎ᠲᠤ ᠲᠥᠪᠯᠡᠷᠡᠭᠦᠯᠦᠨ ᠲᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠬᠢᠵᠢᠭ ᠲᠠᠷᠬᠠᠬᠤ ᠵᠢ ᠴᠢᠩᠭ᠎ᠠ ᠰᠡᠷᠭᠡᠢ᠌ᠯᠡᠵᠦ ᠪᠠᠢ᠌ᠨ᠎ᠠ᠃