ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠨᠡᠶ᠋ᠢᠲᠡᠯᠡᠭᠰᠡᠨ ᠴᠠᠭ᠄ 2021-12-07

     12 ᠳ᠋ᠤᠭ᠋ᠠᠷ ᠰᠠᠷ᠎ᠠ ᠵᠢᠨ 6᠎ᠤ ᠡᠳᠦᠷ᠎ᠤᠨ 0 — 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠰᠢᠨ᠎ᠡ᠎ᠪᠠᠷ ᠨᠡᠮᠡᠭᠳᠡᠭᠰᠡᠨ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ ᠪᠠᠶ᠋ᠢᠬᠤ ᠥᠬᠡᠶ᠂ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ 55 (ᠴᠥᠮ ᠬᠥᠯᠥᠨ ᠪᠣᠶ᠋ᠢᠷ᠎ᠤᠨ ᠮᠠᠨᠵᠤᠤᠷ ᠬᠣᠲᠠ᠎ᠳᠤ ᠪᠤᠢ) ᠨᠡᠮᠡᠭᠳᠡᠵᠦ᠂ ᠡᠭᠦᠨ᠎ᠳᠤ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ᠎ᠠᠴᠠ ᠰᠢᠯᠵᠢᠭᠰᠡᠨ 2 ᠲᠣᠳᠣᠯᠠᠭᠰᠠᠨ ᠡᠪᠡᠳᠴᠢᠨ᠎ᠤ ᠵᠢᠱ᠌ᠢᠶ᠎ᠡ (ᠴᠥᠮ ᠬᠥᠯᠥᠨ ᠪᠣᠶ᠋ᠢᠷ᠎ᠤᠨ ᠮᠠᠨᠵᠤᠤᠷ ᠬᠣᠲᠠ᠎ᠳᠤ ᠪᠤᠢ) ᠵᠢ ᠪᠠᠭᠲᠠᠭ᠋ᠠᠨ᠎ᠠ᠃ ᠲᠤᠬᠠᠢ ᠵᠢᠨ ᠭᠠᠵᠠᠷ᠎ᠤᠨ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ 1 (ᠬᠥᠯᠥᠨ ᠪᠣᠶ᠋ᠢᠷ ᠬᠣᠲᠠ ᠵᠢᠨ ᠰᠢᠨ᠎ᠡ ᠪᠠᠷᠭᠤ ᠪᠠᠷᠠᠭᠤᠨ ᠬᠣᠰᠢᠭᠤᠨ᠎ᠳᠤ ᠪᠤᠢ) ᠰᠢᠨ᠎ᠡ᠎ᠪᠠᠷ ᠨᠡᠮᠡᠭᠳᠡᠪᠡ᠃ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ ᠪᠠ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ ᠵᠢᠨ ᠨᠠᠷᠢᠨ ᠪᠠᠶ᠋ᠢᠳᠠᠯ᠎ᠨᠢ ᠳᠣᠤᠷᠠᠬᠢ ᠮᠡᠲᠦ᠄

      359 — 360 ᠳ᠋ᠤᠭ᠋ᠠᠷ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠄ 12 ᠳ᠋ᠤᠭ᠋ᠠᠷ ᠰᠠᠷ᠎ᠠ ᠵᠢᠨ 5᠎ᠤ ᠡᠳᠦᠷ ᠮᠠᠨᠵᠤᠤᠷ ᠬᠣᠲᠠ ᠵᠢᠨ ᠣᠨᠣᠰᠢᠯᠠᠭᠰᠠᠨ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ᠎ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ ᠪᠣᠯᠪᠠ᠃

      361 — 372 ᠳ᠋ᠤᠭ᠋ᠠᠷ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠄ ᠴᠥᠮ ᠮᠠᠨᠵᠤᠤᠷ ᠬᠣᠲᠠ ᠵᠢᠨ ᠪᠢᠲᠡᠭᠦᠮᠵᠢᠯᠡᠨ ᠬᠣᠷᠢᠭᠯᠠᠬᠤ ᠲᠣᠭᠣᠷᠢᠭ᠎ᠲᠠᠬᠢ ᠬᠥᠮᠦᠰ᠎ᠤᠨ ᠪᠥᠭᠡᠮ ᠬᠦᠴᠢᠯ᠎ᠢ ᠰᠢᠭᠰᠢᠨ ᠪᠠᠶ᠋ᠢᠴᠠᠭ᠋ᠠᠬᠤ᠎ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ᠎ᠤᠨ ᠳᠤᠭᠤᠶ᠋ᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠶ᠋ᠠᠷ ᠲᠣᠳᠣᠯᠠᠪᠠ᠃       373 — 405 ᠳ᠋ᠤᠭ᠋ᠠᠷ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠄ ᠴᠥᠮ ᠮᠠᠨᠵᠤᠤᠷ ᠬᠣᠲᠠ ᠵᠢᠨ ᠲᠥᠪᠯᠡᠷᠡᠭᠦᠯᠦᠨ ᠲᠤᠰᠠᠭ᠋ᠠᠷᠯᠠᠬᠤ ᠬᠤᠭᠤᠴᠠᠭ᠋ᠠᠨ᠎ᠳᠠᠬᠢ ᠪᠥᠭᠡᠮ ᠬᠦᠴᠢᠯ᠎ᠤᠨ ᠪᠠᠶ᠋ᠢᠴᠠᠭ᠋ᠠᠯᠲᠠ᠎ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ᠎ᠤᠨ ᠳᠤᠭᠤᠶ᠋ᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠶ᠋ᠠᠷ ᠲᠣᠳᠣᠯᠠᠪᠠ᠃

      406 ᠳ᠋ᠤᠭ᠋ᠠᠷ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠄ ᠮᠠᠨᠵᠤᠤᠷ ᠬᠣᠲᠠ ᠵᠢᠨ ᠭᠣᠤᠯᠳᠠᠯᠭ᠎ᠠ᠎ᠲᠠᠢ ᠬᠥᠮᠦᠰ᠎ᠤᠨ ᠪᠥᠭᠡᠮ ᠬᠦᠴᠢᠯ᠎ᠢ ᠰᠢᠭᠰᠢᠨ ᠪᠠᠶ᠋ᠢᠴᠠᠭ᠋ᠠᠬᠤ᠎ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ᠎ᠤᠨ ᠳᠤᠭᠤᠶ᠋ᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠶ᠋ᠠᠷ ᠲᠣᠳᠣᠯᠠᠪᠠ᠃

      407 — 413 ᠳ᠋ᠤᠭ᠋ᠠᠷ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠄ ᠴᠥᠮ ᠮᠠᠨᠵᠤᠤᠷ ᠬᠣᠲᠠ ᠵᠢᠨ ᠬᠡᠷ᠎ᠲᠤ᠎ᠪᠠᠨ ᠲᠤᠰᠠᠭ᠋ᠠᠷᠯᠠᠵᠤ ᠪᠠᠶ᠋ᠢᠭ᠎ᠠ ᠬᠥᠮᠦᠰ᠎ᠤᠨ ᠪᠥᠭᠡᠮ ᠬᠦᠴᠢᠯ᠎ᠢ ᠰᠢᠭᠰᠢᠨ ᠪᠠᠶ᠋ᠢᠴᠠᠭ᠋ᠠᠬᠤ᠎ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ᠎ᠤᠨ ᠳᠤᠭᠤᠶ᠋ᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠶ᠋ᠠᠷ ᠲᠣᠳᠣᠯᠠᠪᠠ᠃

      1 ᠳ᠋ᠦ᠍ᠭᠡᠷ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ᠄ ᠰᠢᠨ᠎ᠡ ᠪᠠᠷᠭᠤ ᠪᠠᠷᠠᠭᠤᠨ ᠬᠣᠰᠢᠭᠤᠨ᠎ᠤ ᠲᠥᠪᠯᠡᠷᠡᠭᠦᠯᠦᠨ ᠲᠤᠰᠠᠭ᠋ᠠᠷᠯᠠᠬᠤ ᠬᠤᠭᠤᠴᠠᠭ᠋ᠠᠨ᠎ᠳᠠᠬᠢ ᠪᠥᠭᠡᠮ ᠬᠦᠴᠢᠯ᠎ᠤᠨ ᠪᠠᠶ᠋ᠢᠴᠠᠭ᠋ᠠᠯᠲᠠ᠎ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ᠎ᠤᠨ ᠳᠤᠭᠤᠶ᠋ᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ᠎ᠪᠠᠷ ᠲᠣᠳᠣᠯᠠᠪᠠ᠃

      ᠣᠳᠣᠬᠠᠨ᠎ᠳᠤ᠂ ᠳᠡᠭᠡᠷ᠎ᠡ ᠳᠤᠷᠠᠳᠤᠭᠰᠠᠨ ᠬᠥᠮᠦᠰ᠎ᠢ ᠴᠥᠮ ᠲᠣᠭᠲᠠᠭᠰᠠᠨ ᠡᠮᠨᠡᠯᠭᠡ ᠵᠢᠨ ᠬᠣᠷᠢᠶ᠎ᠠ᠎ᠳᠤ ᠰᠢᠯᠵᠢᠭᠦᠯᠦᠨ ᠲᠤᠰᠠᠭ᠋ᠠᠷᠯᠠᠨ ᠡᠮᠴᠢᠯᠡᠬᠦ ᠪᠠ ᠲᠤᠰᠠᠭ᠋ᠠᠷᠯᠠᠨ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠲᠠᠬᠤᠯ ᠡᠪᠡᠳᠴᠢᠨ᠎ᠤ ᠪᠠᠢ᠌ᠴᠠᠭ᠋ᠠᠯᠲᠠ᠂ ᠵᠢᠭᠰᠠᠭ᠋ᠠᠨ ᠪᠠᠢ᠌ᠴᠠᠭ᠋ᠠᠯᠲᠠ ᠵᠡᠷᠭᠡ ᠬᠣᠯᠪᠣᠭᠳᠠᠯ ᠪᠦᠬᠦᠢ ᠠᠵᠢᠯ᠎ᠢ ᠶᠠᠭ ᠶᠠᠪᠤᠭᠳᠠᠭᠤᠯᠵᠤ ᠪᠠᠶ᠋ᠢᠨ᠎ᠠ᠃

     12 ᠳ᠋ᠤᠭ᠋ᠠᠷ ᠰᠠᠷ᠎ᠠ ᠵᠢᠨ 6᠎ᠤ ᠡᠳᠦᠷ᠎ᠤᠨ 24 ᠴᠠᠭ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ 415 (ᠬᠥᠯᠥᠨ ᠪᠣᠶ᠋ᠢᠷ᠎ᠤᠨ ᠮᠠᠨᠵᠤᠤᠷ ᠬᠣᠲᠠ᠎ᠳᠤ 377᠂ ᠵᠠᠯᠠᠶ᠋ᠢᠨᠠᠭᠤᠷ ᠲᠣᠭᠣᠷᠢᠭ᠎ᠲᠤ 32᠂ ᠰᠢᠨ᠎ᠡ ᠪᠠᠷᠭᠤ ᠪᠠᠷᠠᠭᠤᠨ ᠬᠣᠰᠢᠭᠤᠨ᠎ᠳᠤ 4; ᠮᠠᠨᠵᠤᠤᠷ ᠬᠣᠲᠠ᠎ᠳᠤ ᠬᠣᠯᠪᠣᠭᠳᠠᠭᠰᠠᠨ ᠲᠣᠳᠣᠯᠠᠭᠰᠠᠨ 2 ᠡᠪᠡᠳᠴᠢᠨ᠎ᠤ ᠵᠢᠱ᠌ᠢᠶ᠎ᠡ᠎ᠨᠢ ᠲᠦᠩᠯᠢᠶᠣᠤ ᠬᠣᠲᠠ ᠵᠢᠨ ᠬᠣᠷᠴᠢᠨ ᠲᠣᠭᠣᠷᠢᠭ᠎ᠲᠤ ᠪᠣᠶ) ᠪᠠᠶ᠋ᠢᠵᠤ᠂ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ 1 (ᠬᠥᠯᠥᠨ ᠪᠣᠶ᠋ᠢᠷ ᠬᠣᠲᠠ ᠵᠢᠨ ᠰᠢᠨ᠎ᠡ ᠪᠠᠷᠭᠤ ᠪᠠᠷᠠᠭᠤᠨ ᠬᠣᠰᠢᠭᠤᠨ᠎ᠳᠤ ᠪᠤᠢ) ᠪᠠᠶ᠋ᠢᠨ᠎ᠠ᠃ ᠴᠥᠮ ᠲᠣᠭᠲᠠᠭᠰᠠᠨ ᠡᠮᠨᠡᠯᠭᠡ ᠵᠢᠨ ᠬᠣᠷᠢᠶ᠎ᠠ᠎ᠳᠤ ᠲᠤᠰᠠᠭ᠋ᠠᠷᠯᠠᠨ ᠡᠮᠴᠢᠯᠡᠵᠦ᠂ ᠨᠢᠭᠲᠠ ᠣᠶ᠋ᠢᠷᠠᠲᠤᠭᠰᠠᠳ᠎ᠢ᠎ᠨᠢ ᠪᠦᠬᠦᠨ᠎ᠢ ᠲᠣᠭᠲᠠᠭᠰᠠᠨ ᠲᠠᠯᠠᠪᠤᠷ᠎ᠲᠤ ᠲᠥᠪᠯᠡᠷᠡᠭᠦᠯᠦᠨ ᠲᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠬᠢᠵᠢᠭ ᠲᠠᠷᠬᠠᠬᠤ ᠵᠢ ᠴᠢᠩᠭ᠎ᠠ ᠰᠡᠷᠭᠡᠢ᠌ᠯᠡᠵᠦ ᠪᠠᠢ᠌ᠨ᠎ᠠ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠬᠣᠳᠠᠯᠳᠣᠭ᠋ᠠᠨ᠎ᠤ ᠶᠠᠪᠤᠳᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠣᠷᠣᠨ᠎ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠦᠪᠦᠷ ᠮᠤᠩᠭᠣᠯ ᠣᠷᠤᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠦᠪᠦᠷ ᠮᠤᠩᠭᠣᠯ ᠣᠷᠤᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠦᠪᠦᠷ ᠮᠤᠩᠭᠣᠯ ᠣᠷᠤᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠥᠪᠥᠷ ᠮᠣᠩᠭᠣᠯ ᠣᠷᠣᠨ᠎ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
 
            