2021 ᠣᠨ᠎ᠤ 5 ᠰᠠᠷ᠎ᠠ ᠵᠢᠨ 12᠎ᠤᠨ ᠡᠳᠦᠷ᠎ᠤᠨ 7 ᠴᠠᠭ᠎ᠠᠴᠠ 5 ᠰᠠᠷ᠎ᠠ ᠵᠢᠨ 13᠎ᠤ ᠡᠳᠦᠷ᠎ᠤᠨ 7 ᠴᠠᠭ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠰᠡᠵᠢᠭᠯᠡᠯᠲᠡᠢ ᠡᠪᠡᠳᠴᠢᠨ᠎ᠤ ᠵᠢᠱ᠌ᠢᠶ᠎ᠡ ᠪᠠ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ ᠬᠢᠯᠢ ᠵᠢᠨ ᠭᠠᠳᠠᠨ᠎ᠠ᠎ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ᠎ᠤ ᠵᠢᠱ᠌ᠢᠶ᠎ᠡ 1 (ᠡᠮᠦᠨ᠎ᠡ᠎ᠨᠢ ᠨᠡᠢ᠌ᠰᠯᠡᠯ᠎ᠤᠨ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠤᠨ ᠬᠤᠪᠢᠶᠠᠷᠢᠯᠠᠯᠲᠠ᠎ᠪᠠᠷ ᠬᠥᠬᠡᠬᠣᠲᠠ ᠵᠢᠨ ᠴᠠᠭ᠋ᠠᠨ ᠰᠤᠪᠤᠷᠭ᠎ᠠ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠳᠤ ᠪᠠᠭᠤᠭᠰᠠᠨ ᠰᠡᠵᠢᠭᠯᠡᠯᠲᠡᠢ ᠡᠪᠡᠳᠴᠢᠨ᠎ᠤ ᠵᠢᠱ᠌ᠢᠶ᠎ᠡ ᠪᠠᠢ᠌ᠭᠰᠠᠨ) ᠨᠡᠮᠡᠭᠳᠡᠪᠡ᠃
2021 ᠣᠨ᠎ᠤ 5 ᠰᠠᠷ᠎ᠠ ᠵᠢᠨ 13᠎ᠤ ᠡᠳᠦᠷ᠎ᠤᠨ 7 ᠴᠠᠭ ᠪᠣᠯᠲᠠᠯ᠎ᠠ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠳᠤ ᠬᠢᠯᠢ ᠵᠢᠨ ᠭᠠᠳᠠᠨ᠎ᠠ᠎ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ 4 ᠪᠠᠢ᠌ᠵᠤ᠂ ᠲᠣᠭᠲᠠᠭᠰᠠᠨ ᠡᠮᠨᠡᠯᠭᠡ ᠵᠢᠨ ᠬᠣᠷᠢᠶ᠎ᠠ᠎ᠳᠤ ᠲᠤᠰᠠᠭ᠋ᠠᠷᠯᠠᠨ ᠡᠮᠴᠢᠯᠡᠵᠦ᠂ ᠨᠢᠭᠲᠠ ᠣᠢ᠌ᠷᠠᠲᠤᠭᠰᠠᠳᠢᠨᠢ ᠪᠦᠬᠦᠨ᠎ᠢ ᠲᠣᠭᠲᠠᠭᠰᠠᠨ ᠭᠠᠵᠠᠷ᠎ᠲᠤ ᠲᠥᠪᠯᠡᠷᠡᠭᠦᠯᠦᠨ ᠲᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠪᠦᠬᠦ ᠶᠠᠪᠤᠴᠠ᠎ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠵᠢ ᠴᠢᠩᠭ᠎ᠠ ᠰᠡᠷᠭᠡᠢ᠌ᠯᠡᠵᠦ ᠪᠠᠢ᠌ᠨ᠎ᠠ᠃