ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2023 ᠣᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ
ᠨᠡᠶ᠋ᠢᠲᠡᠯᠡᠭᠰᠡᠨ ᠴᠠᠭ᠄ 2024-01-18

  2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠠᠵᠢᠯ᠎ᠤᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠬᠠᠥᠯᠢ᠎ᠪᠠᠷ ᠵᠠᠰᠠᠬᠤ ᠢᠲᠡᠭᠡᠯ ᠪᠢᠰᠢᠷᠡᠯ᠎ᠢ ᠲᠠᠰᠤᠷᠠᠯᠲᠠ ᠥᠬᠡᠶ ᠪᠣᠶ ᠪᠣᠯᠭ᠋ᠠᠵᠤ᠂ ᠬᠠᠥᠯᠢ᠎ᠪᠠᠷ ᠵᠠᠰᠠᠬᠤ ᠦᠵᠡᠯᠲᠡ ᠵᠢ ᠴᠢᠩᠭ᠋ᠠᠳᠬᠠᠵᠤ᠂ ᠬᠠᠥᠯᠢ᠎ᠪᠠᠷ ᠵᠠᠰᠠᠬᠤ ᠰᠡᠳᠬᠢᠬᠦᠶ᠎ᠪᠠᠨ ᠴᠢᠩᠭ᠋ᠠᠳᠬᠠᠵᠤ᠂ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢᠨ 《ᠨᠢᠭᠡ ᠲᠥᠯᠥᠪᠵᠢᠭᠦᠯᠭᠡ ᠬᠤᠶᠠᠷ ᠬᠥᠲᠥᠯᠪᠦᠷᠢ》 ᠵᠢᠨ ᠡᠯ᠎ᠡ ᠵᠦᠢ᠍ᠯ᠎ᠤᠨ ᠡᠭᠦᠷᠭᠡ ᠵᠢ ᠨᠠᠷᠢᠯᠢᠭ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠬᠠᠥᠯᠢ᠎ᠪᠠᠷ ᠵᠠᠰᠠᠬᠤ ᠪᠠᠶ᠋ᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃

   ᠨᠢᠭᠡ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠬᠤᠳᠠᠯᠳᠤᠭ᠋ᠠᠨ᠎ᠤ ᠶᠠᠪᠤᠳᠠᠯ᠎ᠤᠨ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ᠎ᠢ ᠪᠤᠢ ᠪᠣᠯᠭ᠋ᠠᠬᠤ ᠬᠡᠷᠡᠭᠲᠡᠢ

   ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠋ᠠᠨ᠎ᠤ ᠭᠤᠣᠯ ᠴᠢᠮᠥᠭᠡ ᠴᠢᠬᠤᠯᠠ ᠠᠭᠤᠯᠭ᠎ᠠ ᠵᠢ ᠭᠦᠨᠵᠡᠭᠡᠢ ᠣᠶ᠋ᠢᠯᠠᠭ᠋ᠠᠵᠤ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠰᠢᠰᠲ᠋ᠧᠮ᠎ᠢ ᠪᠦᠬᠦ ᠲᠠᠯ᠎ᠠ᠎ᠪᠠᠷ ᠰᠤᠷᠤᠯᠴᠠᠨ ᠡᠵᠡᠮᠳᠡᠵᠦ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠦᠷᠦ ᠵᠢᠨ ᠤᠬᠠᠮᠰᠠᠷ᠂ ᠠᠵᠢᠯᠯᠠᠭ᠋ᠠᠨ᠎ᠤ ᠤᠬᠠᠮᠰᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠬᠤ ᠬᠡᠷᠡᠭᠲᠡᠢ᠃  ᠭᠤᠣᠯ ᠳᠤᠭᠤᠶ᠋ᠢᠯᠠᠩ᠎ᠤᠨ ᠬᠠᠮᠲᠤ ᠵᠢᠨ ᠬᠠᠤᠯᠢ ᠰᠤᠷᠤᠯᠴᠠᠯᠭ᠎ᠠ᠂ ᠤᠳᠤᠷᠢᠳᠬᠤ ᠪᠠᠭ᠎ᠤᠨ ᠲᠤᠰᠬᠠᠢ ᠰᠡᠳᠦᠪᠲᠦ ᠪᠣᠯᠪᠠᠰᠤᠷᠠᠯ᠂ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠤᠯᠴᠠᠯᠭ᠎ᠠ ᠵᠡᠷᠭᠡ ᠠᠷᠭ᠎ᠠ ᠬᠡᠯᠪᠡᠷᠢ᠎ᠪᠠᠷ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠪᠦᠲᠦᠮᠵᠢᠲᠡᠢ ᠵᠣᠬᠢᠶᠠᠨ ᠪᠠᠶ᠋ᠢᠭᠤᠯᠵᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠤᠣᠯ ᠳᠤᠭᠤᠶ᠋ᠢᠯᠠᠩ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠥᠯᠢ᠎ᠪᠠᠷ ᠵᠠᠰᠠᠬᠤ ᠰᠢᠰᠲ᠋ᠧᠮ᠎ᠤᠨ ᠪᠠᠶ᠋ᠢᠭᠤᠯᠤᠯᠲᠠ ᠵᠢᠨ ᠬᠠᠮᠢᠶ᠎ᠠ ᠪᠦᠬᠦᠢ ᠠᠭᠤᠯᠭ᠎ᠠ ᠵᠢ ᠨᠠᠷᠢᠨ ᠬᠢᠨᠠᠮᠠᠭ᠋ᠠᠢ ᠵᠣᠬᠢᠶᠠᠨ ᠪᠠᠶ᠋ᠢᠭᠤᠯᠤᠨ ᠰᠤᠷᠤᠯᠴᠠᠵᠤ ᠰᠤᠳᠤᠯᠤᠨ ᠶᠠᠷᠢᠯᠴᠠᠪᠠ᠃  ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ ᠬᠤᠶᠠᠷ ᠶᠡᠭᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠥᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠤᠨ 《ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠵᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ》 ᠲᠤᠰᠬᠠᠶ ᠰᠡᠳᠦᠪᠲᠦ ᠲᠠᠶ᠋ᠢᠯᠤᠮᠵᠢ ᠵᠢ ᠡᠷᠭᠢᠯᠡᠪᠡ᠃ ᠶᠡᠷᠦᠩᠬᠡᠶ ᠱᠦᠵᠢ ᠰᠢ ᠵᠢᠨ ᠫᠢᠩ᠎ᠤᠨ ᠠᠷᠪᠠᠳᠤᠭ᠋ᠠᠷ ᠤᠯᠤᠰ᠎ᠤᠨ ᠦᠨᠳᠦᠰᠦᠨ ᠬᠠᠤᠯᠢ ᠵᠢᠨ ᠡᠳᠦᠷ᠎ᠤᠨ ᠲᠠᠰᠢᠷᠠᠮ ᠵᠶ᠋ᠠᠷ ᠬᠢᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠠᠵᠢᠯᠯᠠᠭ᠎ᠠ ᠵᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠤᠳᠠᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠤᠨ ᠺᠠᠳ᠋ᠷ᠎ᠤᠨ ᠡᠩᠨᠡᠭᠡᠨ᠎ᠤ ᠬᠠᠤᠯᠢ᠎ᠪᠠᠷ ᠵᠠᠰᠠᠬᠤ ᠰᠡᠳᠬᠢᠬᠦᠶ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ ᠵᠶ᠋ᠠᠷ ᠠᠰᠠᠭᠤᠳᠠᠯ᠎ᠢ ᠰᠢᠢ᠍ᠳᠪᠦᠷᠢᠯᠡᠵᠦ ᠬᠥᠭᠵᠢᠯᠲᠡ ᠵᠢ ᠠᠬᠢᠭᠤᠯᠬᠤ ᠴᠢᠳᠠᠪᠤᠷᠢ ᠪᠠ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠦᠨ᠎ᠡ᠃

   ᠬᠤᠶᠠᠷ᠂ ᠨᠠᠮ ᠵᠠᠰᠠᠭ᠎ᠤᠨ ᠭᠤᠣᠯ ᠬᠠᠷᠢᠭᠤᠴᠠᠯᠭ᠋ᠠᠲᠠᠨ᠎ᠤ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ ᠵᠢ ᠴᠢᠩᠭ᠎ᠠ ᠭᠦᠢ᠍ᠴᠡᠳᠬᠡᠵᠦ᠂ ᠭᠤᠣᠯᠳᠠᠯᠭ᠎ᠠ᠎ᠲᠠᠢ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ

   ᠨᠢᠭᠡ᠎ᠳᠤ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠪᠠ᠃ ᠥᠨᠳᠥᠷ ᠪᠠᠶ᠋ᠢᠷᠢᠨ᠎ᠳᠤ ᠠᠷᠭ᠎ᠠ ᠤᠬᠠᠭ᠋ᠠᠨ ᠰᠦᠪᠡᠭᠴᠢᠯᠡᠬᠦ᠂ ᠥᠨᠳᠥᠷ ᠪᠠᠶ᠋ᠢᠷᠢ᠎ᠪᠠᠷ ᠠᠬᠢᠭᠤᠯᠬᠤ᠂ ᠥᠨᠳᠥᠷ ᠪᠦᠲᠦᠮᠵᠢᠲᠡᠢ᠎ᠪᠠᠷ ᠨᠠᠶ᠋ᠢᠳᠠᠪᠤᠷᠢᠵᠢᠭᠤᠯᠬᠤ ᠵᠢ ᠪᠠᠷᠢᠮᠲᠠᠯᠠᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠢᠮᠠᠭᠲᠠ ᠬᠤᠳᠠᠯᠳᠤᠭ᠋ᠠᠨ᠎ᠤ ᠶᠠᠪᠤᠳᠠᠯ᠎ᠤᠨ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢ ᠬᠤᠳᠠᠯᠳᠤᠭ᠋ᠠᠨ᠎ᠤ ᠶᠠᠪᠤᠳᠠᠯ᠎ᠤᠨ ᠲᠥᠪ᠎ᠲᠠᠢ ᠬᠠᠮᠲᠤ᠎ᠳᠤ᠎ᠨᠢ ᠪᠠᠶ᠋ᠢᠷᠢᠯᠠᠭᠤᠯᠵᠤ᠂ ᠬᠠᠮᠲᠤ᠎ᠳᠤ᠎ᠨᠢ ᠠᠬᠢᠭᠤᠯᠵᠤ᠂ ᠬᠠᠮᠲᠤ᠎ᠳᠤ᠎ᠨᠢ ᠱᠠᠯᠠᠪᠳᠠᠭᠤᠯᠪᠠ᠃  ᠵᠠᠰᠠᠭ ᠵᠠᠬᠢᠷᠭ᠋ᠠᠨ᠎ᠤ ᠡᠷᠬᠡ ᠵᠢᠨ ᠵᠠᠭ᠋ᠠᠭ ᠬᠢᠵᠠᠭ᠋ᠠᠷ᠎ᠢ ᠲᠣᠳᠣᠷᠬᠠᠶ ᠪᠣᠯᠭ᠋ᠠᠵᠤ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠠᠬᠢᠭᠤᠯᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠦᠨ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠢ ᠨᠠᠶ᠋ᠢᠳᠠᠪᠤᠷᠢᠵᠢᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠵᠤ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠵᠢᠨ ᠲᠣᠭᠲᠠᠴᠠ ᠵᠢ ᠲᠡᠭᠦᠯᠳᠡᠷᠵᠢᠭᠦᠯᠦᠨ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠠᠬᠢᠭᠤᠯᠬᠤ ᠵᠡᠷᠭᠡ ᠲᠠᠯ᠎ᠠ᠎ᠪᠠᠷ᠂ ᠠᠯᠢ ᠣᠯᠠᠨ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠶ᠋ᠢᠲᠡᠯᠡᠵᠦ᠂ ᠬᠤᠳᠠᠯᠳᠤᠭ᠋ᠠᠨ᠎ᠤ ᠶᠠᠪᠤᠳᠠᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠪᠠ᠃

   ᠬᠤᠶᠠᠷ᠎ᠲᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠪᠡ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠳᠡᠭᠡᠳᠦ ᠱᠠᠳᠤ᠎ᠨᠢ ᠳᠤᠤᠷᠠᠳᠤ ᠱᠠᠳᠤ᠎ᠪᠠᠨ ᠳᠠᠭ᠋ᠠᠭᠤᠯᠤᠨ ᠵᠢᠱ᠌ᠢᠶ᠎ᠡ ᠦᠵᠡᠭᠦᠯᠵᠦ ᠬᠦᠳᠦᠯᠦᠨ ᠳᠠᠭ᠋ᠠᠭᠤᠯᠬᠤ ᠦᠢ᠍ᠯᠡᠳᠦᠯ ᠵᠶ᠋ᠠᠨ ᠪᠠᠳᠠᠷᠠᠭᠤᠯᠵᠤ᠂ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢ ᠬᠤᠳᠠᠯᠳᠤᠭ᠋ᠠᠨ᠎ᠤ ᠶᠠᠪᠤᠳᠠᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠴᠢᠬᠤᠯᠠ ᠭᠠᠷᠳᠠᠴᠠ ᠪᠣᠯᠭ᠋ᠠᠨ ᠬᠦᠴᠦᠲᠡᠢ ᠠᠬᠢᠭᠤᠯᠪᠠ᠃ 2023 ᠣᠨ᠎ᠳᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ 《ᠨᠢᠭᠡ ᠲᠥᠯᠥᠪᠯᠡᠭᠡ᠂ ᠬᠤᠶᠠᠷ ᠲᠥᠰᠦᠯ᠂ ᠬᠤᠶᠠᠷ ᠨᠠᠷᠢᠨ ᠲᠠᠩᠰᠠ》 ᠵᠢ ᠪᠠᠶ᠋ᠢᠷᠢᠯᠠᠭᠤᠯᠤᠨ ᠨᠡᠶ᠋ᠢᠲᠡᠯᠡᠵᠦ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠵᠦ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠡᠷᠬᠡ ᠬᠠᠷᠢᠭᠤᠴᠠᠯᠭ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠪᠢᠴᠢᠭ ᠮᠠᠲ᠋ᠧᠷᠢᠶᠠᠯ᠎ᠢ ᠬᠢᠨᠠᠨ ᠬᠠᠷᠭᠤᠭᠤᠯᠬᠤ ᠪᠣᠭᠤᠮᠲᠠ ᠵᠢ ᠴᠢᠩᠭ᠎ᠠ ᠠᠳᠬᠤᠵᠤ᠂ ᠴᠢᠬᠤᠯᠠ ᠶᠡᠭᠡ ᠠᠵᠢᠯ᠎ᠤᠨ ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠥᠯᠥᠪᠯᠡᠭᠡ᠎ᠲᠠᠢ᠂ ᠠᠬᠢᠭᠤᠯᠤᠯᠲᠠ᠎ᠲᠠᠢ᠂ ᠳ᠋ᠦᠩᠨᠡᠯᠲᠡ᠎ᠲᠠᠢ ᠪᠣᠯᠭ᠋ᠠᠨ᠎ᠠ᠃  ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠮᠡᠳᠡᠭᠦᠯᠦᠯᠲᠡ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠵᠢᠯ ᠪᠦᠷᠢ ᠵᠢᠨ ᠵᠢᠯ᠎ᠤᠨ ᠡᠬᠢᠨ᠎ᠳᠤ ᠫᠣᠷᠲ᠋ᠧᠯ ᠰᠦᠯᠵᠢᠶᠡᠨ ᠳᠡᠭᠡᠷ᠎ᠡ ᠳᠡᠭᠡᠷ᠎ᠡ ᠨᠢᠭᠡ ᠵᠢᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠪᠠᠶ᠋ᠢᠳᠠᠯ᠎ᠢ ᠢᠯᠡ ᠪᠣᠯᠭ᠋ᠠᠵᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠢ ᠵᠢᠯ᠎ᠤᠨ ᠡᠴᠦᠰ᠎ᠤᠨ ᠲᠤᠰᠢᠶᠠᠯ᠎ᠤᠨ ᠮᠡᠳᠡᠭᠦᠯᠦᠯᠲᠡ ᠵᠢᠨ ᠴᠢᠬᠤᠯᠠ ᠠᠭᠤᠯᠭ᠎ᠠ ᠪᠣᠯᠭ᠋ᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠳᠤ ᠬᠠᠷᠢᠭᠤ ᠮᠡᠳᠡᠭᠦᠯᠦᠨ᠎ᠡ᠃

   ᠭᠤᠷᠪᠠ᠎ᠳᠤ᠂ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠪᠡ᠃ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠴᠢᠬᠤᠯᠠ ᠠᠵᠠ ᠲᠣᠬᠢᠶᠠᠯ ᠪᠣᠯᠭ᠋ᠠᠵᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠬᠠᠤᠯᠢ᠎ᠪᠠᠷ ᠵᠠᠰᠠᠬᠤ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠨᠠᠷᠢᠨ ᠨᠢᠮᠪᠠᠶ ᠪᠠᠶ᠋ᠢᠷᠢᠯᠠᠭᠤᠯᠤᠨ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠵᠦᠢ᠍ᠯ ᠳᠠᠷᠠᠭ᠋ᠠᠯᠠᠨ ᠲᠣᠭᠲᠠᠭ᠋ᠠᠵᠤ᠂ ᠴᠡᠭᠴᠡᠯᠡᠨ ᠰᠠᠶ᠋ᠢᠵᠢᠷᠠᠭᠤᠯᠬᠤ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠨ᠂ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠩᠬᠠᠷᠴᠤ᠂ ᠣᠳᠣᠬᠠᠨ᠎ᠳᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠨᠢᠭᠡᠨᠲᠡ ᠪᠡᠶᠡᠯᠡᠭᠦᠯᠪᠡ᠃

   ᠭᠤᠷᠪᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠠᠤᠯᠢ ᠲᠣᠭᠲᠠᠭ᠋ᠠᠬᠤ ᠵᠢ ᠥᠷᠨᠢᠭᠦᠯᠬᠦ᠎ᠳᠤ ᠬᠠᠮᠵᠢᠯᠴᠠᠵᠤ᠂ ᠨᠡᠭᠡᠭᠡᠯᠲᠡᠲᠦ ᠬᠡᠯᠪᠡᠷᠢ ᠵᠢᠨ ᠠᠵᠤ ᠠᠬᠤᠶ ᠵᠢᠨ ᠬᠥᠭᠵᠢᠯᠲᠡ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠨ᠎ᠠ

  《ᠲᠠᠪᠤᠨ ᠶᠡᠭᠡ ᠡᠭᠦᠷᠭᠡ》 ᠵᠢᠨ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠲᠠᠢ ᠬᠠᠮᠵᠢᠯᠴᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢ ᠪᠥᠲᠥᠭᠡᠨ ᠪᠠᠶ᠋ᠢᠭᠤᠯᠬᠤ ᠵᠢ ᠠᠬᠢᠭᠤᠯᠬᠤ ᠲᠦᠷᠢᠮ》᠎ᠤᠨ ᠬᠠᠤᠯᠢ ᠲᠣᠭᠲᠠᠭ᠋ᠠᠯᠲᠠ ᠵᠢ ᠥᠷᠨᠢᠭᠦᠯᠦᠨ᠎ᠡ᠃ 《ᠥᠪᠥᠷ ᠮᠣᠩᠭᠤᠯ ᠪᠣᠭᠤᠮᠲᠠ ᠵᠢᠨ ᠠᠵᠤ ᠠᠬᠤᠶ ᠵᠢᠨ ᠬᠥᠭᠵᠢᠯᠲᠡ ᠵᠢᠨ ᠠᠭᠤᠯᠤᠭᠳᠠᠬᠤᠨ᠎ᠤ ᠭᠠᠳᠠᠨᠠᠬᠢ ᠠᠩᠬᠠᠨ᠎ᠤ ᠬᠠᠶ᠋ᠢᠯᠲᠠ》 ᠵᠢᠨ ᠮᠡᠳᠡᠭᠦᠯᠦᠯᠲᠡ ᠵᠢ ᠪᠢᠴᠢᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠳᠤ ᠬᠦᠬᠦᠷᠭᠡᠨ ᠪᠠᠬᠢᠯᠡᠯᠲᠡ ᠵᠢᠨ ᠪᠥᠲᠥᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠬᠠᠷᠢᠭᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠯᠤᠭ᠎ᠠ ᠣᠯᠠᠨ ᠡᠭᠡᠯᠵᠢ ᠵᠢᠨ ᠬᠠᠷᠢᠯᠴᠠᠨ ᠦᠢ᠍ᠯᠡᠳᠦᠯᠴᠡᠬᠦ ᠵᠢ ᠥᠷᠨᠢᠭᠦᠯᠵᠦ᠂ ᠣᠷᠣᠨ᠎ᠤ ᠳᠤᠲᠤᠨ᠎ᠠ ᠭᠠᠳᠠᠨᠠᠬᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠬᠦ᠂ ᠲᠤᠰᠬᠠᠶ ᠮᠡᠷᠭᠡᠵᠢᠯᠲᠡᠨ᠎ᠤ ᠨᠤᠲᠠᠯᠠᠯᠲᠠ ᠵᠢᠨ ᠬᠤᠷᠠᠯ᠂ ᠲᠤᠰᠬᠠᠶ ᠳᠤᠭᠤᠶ᠋ᠢᠯᠠᠩ᠎ᠤᠨ ᠬᠤᠷᠠᠯ ᠪᠠ ᠬᠢᠨᠠᠨ ᠵᠥᠪᠯᠡᠬᠦ᠎ᠳᠤ ᠢᠳᠡᠪᠬᠢᠲᠡᠶ ᠣᠷᠣᠯᠴᠠᠵᠤ᠂ ᠬᠠᠤᠯᠢ ᠲᠣᠭᠲᠠᠭ᠋ᠠᠬᠤ ᠰᠠᠨᠠᠯ ᠰᠠᠨᠠᠭᠤᠯᠭ᠎ᠠ ᠳᠤᠷᠠᠳᠤᠨ᠂ 20 ᠰᠢᠬᠠᠮ ᠤᠳᠠᠭ᠎ᠠ ᠦᠢ᠍ᠯᠡᠳᠦᠯᠭᠡ ᠵᠢᠨ ᠳᠤᠮᠳᠠ ᠪᠣᠯᠪᠠᠰᠤᠷᠠᠩᠭᠤᠶ ᠪᠣᠯᠤᠭᠰᠠᠨ ᠪᠦᠲᠦᠮᠵᠢᠲᠡᠶ ᠠᠷᠭ᠎ᠠ ᠬᠢᠳᠡᠯ ᠪᠠ ᠲᠦᠷᠢᠮ᠎ᠢ ᠳᠠᠮᠵᠢᠭᠤᠯᠤᠨ ᠬᠠᠤᠯᠢ ᠲᠣᠭᠲᠠᠭ᠋ᠠᠬᠤ᠎ᠪᠠᠷ ᠳᠠᠮᠵᠢᠭᠤᠯᠤᠨ ᠲᠣᠭᠲᠠᠪᠤᠷᠢᠵᠢᠭᠤᠯᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢᠨ ᠪᠥᠲᠥᠭᠡᠨ ᠪᠠᠶ᠋ᠢᠭᠤᠯᠤᠯᠲᠠ ᠵᠢ ᠬᠠᠤᠯᠢ᠎ᠪᠠᠷ ᠵᠠᠰᠠᠬᠤ ᠵᠠᠮ ᠵᠶ᠋ᠠᠷ ᠶᠠᠪᠤᠭᠳᠠᠭᠤᠯᠬᠤ ᠵᠢ ᠠᠬᠢᠭᠤᠯᠪᠠ᠃

   ᠳᠥᠷᠪᠡ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠥᠬᠦ ᠲᠠᠯ᠎ᠠ᠎ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠨ᠎ᠡ

   ᠨᠢᠭᠡ᠎ᠳᠤ᠂ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠦᠨ᠎ᠡ᠃ ᠵᠠᠬ᠎ᠠ ᠳᠡᠯᠭᠡᠬᠦᠷ᠎ᠲᠤ ᠣᠷᠣᠬᠤ ᠵᠢ ᠵᠦᠪᠰᠢᠶᠡᠷᠡᠬᠦ ᠬᠤᠷᠢᠭ᠎ᠠ᠎ᠲᠠᠢ ᠵᠦᠢ᠍ᠯᠡᠰ᠎ᠤᠨ ᠨᠠᠷᠢᠨ ᠬᠠᠭᠤᠳᠠᠰᠣ ᠵᠢ ᠪᠦᠬᠦ ᠳᠡᠯ᠎ᠠ᠎ᠪᠠᠷ ᠭᠡᠷᠡᠭᠵᠢᠬᠦᠯᠵᠦ᠂ ᠭᠠᠳᠠᠭ᠋ᠠᠳᠣ ᠵᠢᠨ ᠬᠤᠳᠠᠯᠳᠣᠭ᠋ᠠᠴᠢᠨ᠎ᠤ ᠪᠡᠯᠡ ᠣᠷᠣᠭᠤᠯᠬᠤ ᠵᠢ ᠵᠦᠪᠰᠢᠶᠡᠷᠡᠬᠦ᠎ᠠᠴᠠ ᠡᠮᠤᠨ᠎ᠠ ᠣᠯᠥᠰ ᠠᠷᠡᠳ᠎ᠤᠨ ᠣᠯᠭᠤᠮᠵᠢ ᠳᠡᠭᠡᠷ᠎ᠠ ᠨᠠᠵᠠᠭ᠋ᠠᠢ ᠳᠡᠯ᠎ᠠ ᠵᠢᠨ ᠨᠠᠷᠢᠨ ᠬᠠᠭᠤᠳᠠᠰᠣ ᠵᠢᠨ ᠳᠥᠷᠢᠮ᠎ᠢ ᠲᠤᠭᠤᠰᠢᠯᠠᠭᠤᠯᠤᠨ ᠨᠡᠶ᠋ᠢᠳᠡᠪᠦᠷᠢᠵᠢᠭᠤᠯᠥᠨ᠎ᠠ᠃ ᠡᠷᠬᠡ ᠲᠤᠰᠢᠶᠠᠯ᠎ᠤᠨ ᠬᠠᠤᠯᠢ᠎ᠪᠠᠷ ᠲᠣᠭᠲᠠᠭ᠋ᠠᠭᠰᠠᠨ᠂ ᠦᠨᠳᠦᠰᠦᠯᠡᠯ᠎ᠨᠢ ᠭᠦᠢ᠍ᠴᠡᠳ᠂ ᠵᠦᠢ᠍ᠯᠡᠰ᠎ᠨᠢ ᠪᠦᠷᠢᠨ ᠪᠦᠲᠦᠨ ᠣᠨᠣᠪᠴᠢᠲᠠᠶ ᠪᠠᠶ᠋ᠢᠬᠤ ᠱᠠᠭ᠋ᠠᠷᠳᠠᠯᠭ᠎ᠠ ᠶᠣᠰᠣᠭ᠋ᠠᠷ᠂ ᠡᠷᠬᠡ ᠬᠠᠷᠢᠭᠤᠴᠠᠯᠭ᠎ᠠ ᠵᠢᠨ ᠨᠠᠷᠢᠨ ᠳᠠᠩᠰᠠ ᠵᠢᠨ ᠬᠥᠳᠡᠯᠦᠩᠭᠦᠶ ᠬᠠᠮᠢᠶᠠᠷᠤᠯᠲᠠ ᠵᠢ ᠴᠢᠩᠭ᠋ᠠᠳᠬᠠᠵᠤ᠂ ᠤᠤᠯ᠎ᠤᠨ 13 ᠵᠦᠢ᠍ᠯ᠎ᠤᠨ ᠡᠷᠬᠡ ᠬᠠᠷᠢᠭᠤᠴᠠᠯᠭ᠎ᠠ ᠵᠢᠨ ᠵᠦᠢ᠍ᠯᠡᠰ᠎ᠢ 11 ᠵᠦᠢ᠍ᠯ ᠪᠣᠯᠭ᠋ᠠᠨ ᠰᠢᠯᠢᠳᠡᠭᠵᠢᠭᠦᠯᠦᠨ᠎ᠡ᠃  ᠠᠵᠢᠯ ᠬᠡᠷᠡᠭ᠎ᠤᠨ ᠳᠤᠮᠳᠠᠬᠢ ᠪᠠ ᠠᠵᠢᠯ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠠᠳᠠᠯᠢ ᠪᠤᠰᠤ ᠬᠦᠷᠢᠶ᠎ᠡ ᠴᠠᠷᠠᠭ᠎ᠠ ᠵᠢᠨ ᠣᠨᠴᠠᠯᠢᠭ ᠪᠠ ᠲᠦᠭᠰᠢᠭᠦᠷᠢ ᠵᠢᠨ ᠬᠡᠮᠵᠢᠶ᠎ᠡ ᠵᠢ ᠦᠨᠳᠦᠰᠦᠯᠡᠨ ᠰᠤᠳᠤᠯᠤᠨ ᠵᠠᠰᠠᠪᠤᠷᠢ ᠣᠷᠣᠭᠤᠯᠬᠤ ᠰᠠᠯᠠᠭ᠎ᠠ ᠮᠥᠴᠢᠷ᠎ᠤᠨ ᠬᠠᠮᠲᠤᠷᠠᠨ ᠬᠤᠶᠠᠷ᠎ᠢ ᠲᠣᠬᠢᠶᠠᠯᠳᠤᠯ ᠵᠶ᠋ᠠᠷ ᠰᠤᠭᠤᠴᠢᠨ ᠪᠠᠶ᠋ᠢᠴᠠᠭ᠋ᠠᠬᠤ ᠲᠥᠯᠥᠪᠯᠡᠭᠡ ᠵᠢ ᠰᠤᠳᠤᠯᠤᠨ ᠲᠣᠭᠲᠠᠭ᠋ᠠᠨ᠎ᠠ᠃ ᠵᠠᠰᠠᠭ᠎ᠤᠨ ᠶᠠᠪᠤᠳᠠᠯ᠎ᠤᠨ ᠰᠢᠯᠢᠳᠡᠭ ᠦᠢ᠍ᠯᠡᠴᠢᠯᠡᠭᠡ ᠵᠢ ᠪᠥᠬᠦ ᠬᠦᠴᠦᠨ ᠵᠶ᠋ᠠᠷ ᠵᠶ᠋ᠠᠨ ᠪᠣᠶ ᠪᠣᠯᠭ᠋ᠠᠵᠤ᠂ 《ᠬᠤᠶᠠᠷ ᠰᠢᠯᠢᠳᠡᠭ》 ᠦᠷ᠎ᠡ ᠪᠦᠲᠦᠭᠡᠯ᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠤᠨ᠂ ᠲᠥᠰᠦᠯ᠎ᠢ ᠨᠠᠷᠢᠯᠢᠬ᠍ᠵᠢᠭᠤᠯᠵᠤ᠂ ᠴᠤᠪᠤᠷᠠᠯ᠎ᠢ ᠵᠢᠷᠤᠮᠵᠢᠭᠤᠯᠤᠨ᠂ ᠪᠠᠷᠢᠮᠵᠢᠶ᠎ᠠ ᠵᠢ ᠨᠡᠶ᠋ᠢᠲᠡᠯᠡᠵᠦ᠂ ᠠᠶ᠋ᠢᠮᠠᠭ ᠬᠤᠲᠠ ᠵᠢᠨ ᠭᠥᠯᠢᠶᠡᠨ ᠠᠪᠴᠤ ᠳᠡᠶ᠋ᠢᠯᠬᠦ᠂ ᠰᠠᠶ᠋ᠢᠲᠤᠷ ᠬᠠᠮᠢᠶᠠᠷᠬᠤ ᠵᠢ ᠵᠢᠯᠣᠭᠤᠳᠤᠨ᠎ᠠ᠃  ᠰᠢᠨ᠎ᠡ᠎ᠪᠠᠷ ᠨᠡᠮᠡᠭᠳᠡᠭᠰᠡᠨ 8 ᠵᠦᠢ᠍ᠯᠡᠰ᠎ᠤᠨ ᠡᠷᠬᠡ ᠣᠯᠭᠤᠬᠤ ᠲᠢᠩᠬᠢᠮ᠎ᠤᠨ ᠴᠣᠩᠬᠤᠪᠴᠢ᠂ 39 ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠪᠦᠬᠦᠨ᠎ᠢ ᠶᠡᠭᠡ ᠲᠢᠩᠬᠢᠮ᠎ᠤᠨ ᠴᠣᠩᠬᠤᠪᠴᠢ᠎ᠳᠤ ᠭᠦᠢ᠍ᠴᠡᠳᠭᠡᠨ᠎ᠡ᠃ ᠡᠯᠧᠺᠲᠷᠣᠨ ᠦᠨᠡᠮᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠴᠢᠩᠭ᠋ᠠᠳᠬᠠᠵᠤ᠂ 18 ᠵᠦᠢ᠍ᠯ᠎ᠤᠨ ᠲᠤᠬᠠᠶ᠋ᠢᠯᠠᠭᠰᠠᠨ ᠠᠵᠢᠯ᠎ᠤᠨ ᠮᠡᠳᠡᠭᠡ ᠵᠠᠩᠭᠢ ᠵᠢ ᠬᠠᠮᠢᠶ᠎ᠠ ᠪᠥᠬᠦᠶ ᠰᠠᠯᠠᠭ᠎ᠠ ᠮᠥᠴᠢᠷ᠎ᠯᠦᠭᠡ ᠲᠤᠭ᠎ᠠ ᠪᠠᠷᠢᠮᠲᠠ ᠵᠢ ᠬᠠᠮᠲᠤ᠎ᠪᠠᠷ ᠭᠥᠷᠳᠡᠬᠦ ᠵᠢ ᠠᠬᠢᠭᠤᠯᠤᠨ᠎ᠠ᠃ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠭᠰᠡᠨ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ 《ᠬᠤᠶᠠᠷ ᠰᠢᠯᠢᠳᠡᠭ》 ᠠᠵᠢᠯ᠎ᠤᠨ ᠦᠷ᠎ᠡ ᠪᠦᠲᠦᠮᠵᠢ ᠵᠢ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠰᠢᠯᠢᠳᠡᠭ ᠪᠠᠶ᠋ᠢᠷᠢᠨ᠎ᠳᠤ ᠣᠷᠣᠭᠤᠯᠪᠠ᠃

   ᠬᠤᠶᠠᠷ᠎ᠲᠤ᠂ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠢ ᠵᠢᠷᠤᠮᠵᠢᠭᠤᠯᠤᠨ᠎ᠠ᠃ 《ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠣᠭᠲᠠᠭ᠋ᠠᠯ》᠎ᠢ ᠴᠢᠩᠭ᠎ᠠ ᠬᠡᠷᠡᠭᠵᠢᠭᠦᠯᠵᠦ᠂ 《2023 ᠣᠨ᠎ᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠭᠠᠷᠴᠠᠭ》᠎ᠢ ᠨᠠᠶ᠋ᠢᠷᠠᠭᠤᠯᠤᠨ ᠵᠣᠬᠢᠶᠠᠵᠤ ᠨᠡᠶ᠋ᠢᠲᠡᠯᠡᠨ᠎ᠡ᠃ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠂ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠥᠪᠯᠡᠭᠴᠢ ᠵᠢᠨ 《ᠬᠤᠶᠠᠷ᠎ᠢ ᠬᠢᠨᠠᠨ ᠬᠠᠷᠭᠤᠭᠤᠯᠬᠤ ᠲᠣᠭᠲᠠᠴᠠ》 ᠵᠢ ᠬᠡᠷᠡᠭᠵᠢᠭᠦᠯᠵᠦ᠂ 3 ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢᠨ ᠵᠦᠢ᠍ᠯᠡᠰ᠎ᠲᠤ ᠬᠠᠤᠯᠢ ᠶᠣᠰᠣᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ ᠵᠢ ᠥᠷᠨᠢᠭᠦᠯᠦᠨ᠎ᠡ᠃

   ᠭᠤᠷᠪᠠ᠎ᠳᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠳᠠᠯᠠᠨ᠎ᠠ᠃ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭ᠋ᠠᠬᠤ᠂ ᠬᠢᠨᠠᠨ ᠪᠠᠶ᠋ᠢᠴᠠᠭ᠋ᠠᠬᠤ᠂ ᠳᠠᠩᠰᠠᠯᠠᠭᠤᠯᠬᠤ᠂ ᠢᠯᠭ᠋ᠠᠷᠠᠭᠤᠯᠬᠤ ᠪᠦᠬᠦ ᠴᠤᠪᠤᠷᠠᠯ᠎ᠤᠨ ᠬᠠᠮᠢᠶᠠᠷᠤᠯᠲᠠ ᠵᠢᠨ ᠵᠠᠭᠪᠤᠷ᠎ᠢ ᠪᠠᠶ᠋ᠢᠭᠤᠯᠵᠤ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ᠂ ᠡᠷᠬᠡ ᠲᠡᠭᠰᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ ᠵᠡᠷᠭᠡ ᠵᠢᠨ ᠲᠣᠭᠣᠷᠢᠨ᠎ᠳᠤ ᠪᠢᠴᠢᠭ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠬᠤ ᠪᠣᠭᠣᠮᠲᠠ ᠵᠢ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠤᠶᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠡᠷ᠎ᠡ᠎ᠪᠠᠷ ᠳᠠᠷᠤᠮᠠᠯᠯᠠᠨ ᠶᠠᠪᠤᠭᠤᠯᠤᠭᠰᠠᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠡᠷ᠎ᠡ᠎ᠪᠠᠷ ᠳᠠᠷᠤᠮᠠᠯᠯᠠᠨ ᠶᠠᠪᠤᠭᠤᠯᠤᠭᠰᠠᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ 2 ᠤᠳᠠᠭ᠎ᠠ ᠢᠯᠭ᠋ᠠᠷᠠᠭᠤᠯᠵᠤ᠂ ᠲᠣᠭᠲᠠᠭ᠋ᠠᠵᠤ ᠶᠠᠪᠤᠭᠤᠯᠤᠭᠰᠠᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ᠃

   ᠲᠦᠷᠪᠡ᠎ᠳᠤ᠂ ᠲᠥᠪ ᠭᠤᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠴᠢᠩᠭ᠎ᠠ ᠵᠢᠷᠤᠮᠵᠢᠭᠤᠯᠬᠤ ᠬᠡᠷᠡᠭᠲᠡᠢ᠃ 《ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠨᠡᠶ᠋ᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭ᠋ᠠᠯ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠳᠦᠷᠢᠮ᠎ᠢ ᠬᠡᠷᠡᠭᠵᠢᠭᠦᠯᠬᠦ ᠲᠥᠰᠦᠯ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠬᠡᠷᠡᠭᠯᠡᠬᠦ ᠠᠷᠭ᠎ᠠ (ᠲᠤᠷᠰᠢᠨ ᠬᠡᠷᠡᠭᠵᠢᠭᠦᠯᠬᠦ)》 ᠵᠡᠷᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠎ᠠ᠃  ᠪᠥᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠤᠨ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠬᠢᠷᠢ ᠲᠦᠪᠰᠢᠨ᠎ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠤᠳᠠᠯᠳᠤᠭ᠋ᠠᠨ᠎ᠤ ᠶᠠᠪᠤᠳᠠᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠤᠯᠢ ᠴᠠᠭ᠋ᠠᠵᠠ ᠵᠢᠨ ᠬᠡᠪ ᠪᠣᠯᠪᠠᠰᠤᠷᠠᠯ ᠪᠠ ᠲᠤᠰᠬᠠᠶ ᠮᠡᠷᠭᠡᠵᠢᠯ᠎ᠤᠨ ᠬᠢᠷᠢ ᠲᠦᠪᠰᠢᠨ᠎ᠢ ᠬᠦᠴᠦᠲᠡᠶ ᠳᠡᠭᠡᠭᠰᠢᠯᠡᠭᠦᠯᠪᠡ᠃ ᠰᠦᠯᠵᠢᠶᠡᠨ᠎ᠤ ᠪᠤᠯᠪᠠᠰᠤᠷᠠᠯ᠎ᠤᠨ ᠲᠠᠪᠴᠠᠩ᠂ ᠲᠤᠰᠬᠠᠶ ᠰᠡᠳᠦᠪᠲᠦ ᠬᠠᠤᠯᠢ᠎ᠪᠠᠷ ᠵᠠᠰᠠᠬᠤ ᠲᠠᠶ᠋ᠢᠯᠤᠮᠵᠢ ᠵᠡᠷᠭᠡ ᠠᠷᠭ᠎ᠠ ᠮᠠᠶᠢᠭ᠎ᠢ ᠠᠰᠢᠭᠯᠠᠨ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠤᠯᠢ᠎ᠪᠠᠷ ᠵᠠᠰᠠᠬᠤ ᠰᠤᠷᠤᠯᠴᠠᠯᠭ᠎ᠠ ᠵᠢ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠮᠡᠳᠡᠯᠭᠡ ᠵᠢᠨ ᠲᠤᠰᠬᠠᠶ ᠰᠡᠳᠦᠪᠲᠦ ᠰᠢᠯᠭ᠋ᠠᠯᠲᠠ ᠵᠢ ᠵᠣᠬᠢᠶᠠᠨ ᠪᠠᠶ᠋ᠢᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ᠎ᠤ ᠡᠵᠡᠮᠰᠢᠭᠰᠡᠨ ᠬᠠᠤᠯᠢ ᠴᠠᠭ᠋ᠠᠵᠠ ᠵᠢᠨ ᠮᠡᠳᠡᠯᠭᠡ ᠵᠢᠨ ᠣᠷᠬᠢᠭᠳᠠᠯ᠎ᠢ ᠪᠠᠶ᠋ᠢᠴᠠᠭ᠋ᠠᠵᠤ ᠳᠤᠲᠠᠭᠤ ᠵᠢ ᠨᠥᠬᠦᠪᠥᠷᠢᠯᠡᠬᠦ ᠵᠢ ᠴᠠᠭ ᠲᠤᠬᠠᠶ᠎ᠳᠤᠨᠢ ᠰᠢᠮᠳᠠᠭᠤᠯᠵᠤ᠂ ᠰᠢᠯᠭ᠋ᠠᠯᠲᠠ᠎ᠪᠠᠷ ᠰᠤᠷᠤᠯᠴᠠᠯᠭ᠎ᠠ ᠵᠢ ᠠᠬᠢᠭᠤᠯᠬᠤ ᠵᠣᠷᠢᠯᠭ᠎ᠠ᠎ᠳᠤ ᠬᠦᠷᠦᠭᠦᠯᠦᠨ᠎ᠡ᠃

   ᠲᠠᠪᠤ᠂ ᠬᠠᠤᠯᠢ᠎ᠪᠠᠷ ᠵᠠᠰᠠᠬᠤ ᠦᠵᠡᠯᠲᠡ᠎ᠪᠠᠨ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠨᠡᠶ᠋ᠢᠭᠡᠮ᠎ᠤᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ

   ᠨᠢᠭᠡ᠎ᠳᠤ᠂ ᠨᠡᠶ᠋ᠢᠭᠡᠮ᠎ᠤᠨ ᠵᠥᠷᠢᠴᠡᠯ ᠵᠢᠭᠤᠷᠠᠯᠳᠤᠭ᠋ᠠᠨ᠎ᠢ ᠪᠦᠲᠦᠮᠵᠢᠲᠡᠶ᠎ᠪᠠᠷ ᠠᠷᠢᠯᠭ᠋ᠠᠨ᠎ᠠ᠃ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠬᠠᠤᠯᠢ ᠴᠠᠭ᠋ᠠᠵᠠ ᠵᠢᠨ ᠵᠥᠪᠯᠡᠭᠴᠢ ᠪᠠ ᠬᠠᠪᠰᠤᠷᠤᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠰᠠᠭ ᠵᠠᠬᠢᠷᠭ᠋ᠠᠨ᠎ᠤ ᠠᠵᠢᠯᠯᠠᠭ᠎ᠠ ᠵᠢᠨ ᠤᠷᠢᠳᠠᠴᠢ ᠬᠠᠤᠯᠢ ᠶᠣᠰᠣᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ ᠵᠢ ᠴᠢᠩᠭ᠋ᠠᠳᠬᠠᠨ᠎ᠠ᠃  ᠬᠠᠤᠯᠢ ᠴᠠᠭ᠋ᠠᠵᠠ ᠵᠢᠨ ᠵᠥᠪᠯᠡᠭᠴᠢ᠎ᠠᠴᠠ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠂ ᠡᠯ᠎ᠡ ᠵᠦᠢ᠍ᠯ᠎ᠤᠨ ᠭᠡᠷ᠎ᠡ ᠵᠥᠪᠯᠡᠯᠴᠡᠭᠡᠷ᠂ ᠡᠯ᠎ᠡ ᠲᠥᠷᠥᠯ᠎ᠤᠨ ᠬᠢᠨᠠᠨ ᠲᠣᠭᠲᠠᠭ᠋ᠠᠬᠤ ᠠᠵᠢᠯᠯᠠᠭ᠎ᠠ ᠵᠢᠴᠢ ᠳᠤᠮᠳᠠᠳᠤ ᠮᠣᠩᠭᠤᠯ᠎ᠤᠨ ᠦᠵᠡᠰᠬᠦᠯᠡᠩ᠎ᠤᠨ ᠴᠤᠭᠯᠠᠭ᠋ᠠᠨ ᠵᠡᠷᠭᠡ ᠦᠵᠡᠭᠦᠯᠭᠡ ᠵᠢᠨ ᠠᠵᠢᠯᠯᠠᠭ᠎ᠠ᠎ᠳᠤ ᠬᠠᠤᠯᠢ ᠴᠠᠭ᠋ᠠᠵᠠ ᠵᠢᠨ ᠵᠥᠪᠯᠡᠯᠭᠡ ᠥᠭᠬᠦ ᠦᠢ᠍ᠯᠡᠴᠢᠯᠡᠭᠡ 100 ᠭᠠᠷᠤᠶ ᠬᠤᠪᠢ ᠤᠳᠠᠭ᠎ᠠ ᠬᠠᠩᠭ᠋ᠠᠪᠠ᠃

   ᠬᠤᠶᠠᠷ᠎ᠲᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠤᠨ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠵᠢ ᠭᠦᠨᠵᠡᠭᠡᠶ ᠬᠡᠷᠡᠭᠵᠢᠭᠦᠯᠵᠦ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠨᠠᠶ᠋ᠢᠳᠠᠪᠤᠷᠢᠵᠢᠭᠤᠯᠤᠨ᠂ 《ᠰᠠᠷ᠎ᠠ ᠪᠦᠷᠢ ᠨᠢᠭᠡ ᠬᠠᠤᠯᠢ ᠲᠦᠭᠡᠮᠡᠯᠵᠢᠭᠦᠯᠬᠦ》 ᠠᠵᠢᠯᠯᠠᠭ᠎ᠠ ᠵᠢ ᠥᠷᠨᠢᠭᠦᠯᠦᠨ᠎ᠡ᠃  ᠴᠢᠬᠤᠯᠠ ᠴᠠᠭ ᠬᠤᠭᠤᠴᠠᠭ᠎ᠠ ᠵᠢ ᠠᠰᠢᠭᠯᠠᠨ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠤᠬᠠᠭᠤᠯᠭ᠎ᠠ ᠵᠢᠨ ᠭᠠᠷᠠᠭ᠂ ᠤᠯᠤᠰ᠎ᠤᠨ ᠠᠮᠤᠷ ᠲᠦᠪᠰᠢᠨ᠎ᠤ ᠬᠠᠤᠯᠢ ᠵᠢᠨ ᠤᠬᠠᠭᠤᠯᠭ᠎ᠠ ᠵᠢᠨ ᠭᠠᠷᠠᠭ᠂ ᠦᠨᠳᠦᠰᠦᠨ ᠬᠠᠤᠯᠢ ᠵᠢᠨ ᠤᠬᠠᠭᠤᠯᠭ᠎ᠠ ᠵᠢᠨ   ᠭᠠᠷᠠᠭ᠂ 《ᠰᠠᠶ᠋ᠢᠨ ᠰᠠᠶ᠋ᠢᠬᠠᠨ ᠠᠮᠢᠳᠤᠷᠠᠯ᠎ᠤᠨ ᠢᠷᠭᠡᠨ᠎ᠤ ᠬᠠᠤᠯᠢ ᠵᠢᠨ ᠪᠢᠴᠢᠭ᠎ᠢ ᠤᠶᠠᠯᠳᠤᠭᠤᠯᠬᠤ》 ᠵᠡᠷᠭᠡ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠡᠷᠭᠢᠯᠡᠵᠦ᠂ ᠫᠣᠷᠲ᠋ᠧᠯ ᠰᠦᠯᠵᠢᠶᠡᠨ ᠳᠡᠭᠡᠷ᠎ᠡ ᠲᠤᠰᠬᠠᠶ ᠪᠤᠯᠤᠩ ᠭᠠᠷᠭ᠋ᠠᠵᠤ᠂ ᠬᠠᠮᠢᠶ᠎ᠠ ᠪᠥᠬᠦᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠤᠬᠠᠭᠤᠯᠤᠨ ᠲᠠᠶ᠋ᠢᠯᠪᠤᠷᠢᠯᠠᠵᠤ᠂ ᠤᠬᠠᠭᠤᠯᠭ᠎ᠠ ᠵᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ᠎ᠢ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠵᠡᠷᠭᠡ ᠰᠠᠯᠠᠭ᠎ᠠ ᠮᠥᠴᠢᠷ᠎ᠯᠦᠭᠡ ᠬᠠᠮᠲᠤ᠎ᠪᠠᠷ ᠲᠦᠷᠢᠮ᠎ᠢ ᠰᠤᠷᠤᠯᠴᠠᠵᠤ ᠤᠬᠠᠭᠤᠯᠬᠤ ᠵᠢᠷᠭᠤᠭ᠋ᠠᠨ ᠠᠵᠢᠯᠯᠠᠭ᠎ᠠ ᠵᠢ ᠥᠷᠨᠢᠭᠦᠯᠵᠦ᠂ ᠵᠢᠷᠭᠤᠭ᠋ᠠᠨ ᠲᠦᠷᠢᠮ᠎ᠢ ᠨᠠᠶ᠋ᠢᠳᠠᠪᠤᠷᠢᠵᠢᠭᠤᠯᠬᠤ ᠴᠢᠳᠠᠪᠤᠷᠢ ᠪᠠ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ 《〈8 · 5〉 ᠵᠢᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ ᠬᠢᠬᠦ ᠴᠠᠭ》᠎ᠤᠨ ᠰᠤᠷᠪᠤᠯᠵᠢᠯᠠᠭ᠎ᠠ᠎ᠳᠤ ᠢᠳᠡᠪᠬᠢᠲᠡᠶ ᠣᠷᠣᠯᠴᠠᠵᠤ᠂ ᠨᠡᠶ᠋ᠢᠭᠡᠮ ᠨᠡᠶ᠋ᠢᠲᠡ᠎ᠪᠠᠷ ᠵᠶ᠋ᠠᠨ ᠨᠡᠶ᠋ᠢᠳᠡᠮ ᠠᠩᠬᠠᠷᠴᠤ ᠪᠠᠶ᠋ᠢᠭ᠎ᠠ ᠲᠥᠪᠯᠡᠷᠡᠯ᠎ᠤᠨ ᠴᠡᠭ᠂ ᠬᠠᠯᠠᠮᠰᠢᠯ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭᠴᠦ᠂ ᠬᠤᠳᠠᠯᠳᠤᠭ᠋ᠠᠨ᠎ᠤ ᠶᠠᠪᠤᠳᠠᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠲᠤᠷᠰᠢᠯᠭ᠎ᠠ ᠵᠢᠨ ᠦᠷ᠎ᠡ ᠪᠦᠲᠦᠭᠡᠯ᠎ᠢ ᠪᠥᠬᠦ ᠲᠠᠯ᠎ᠠ᠎ᠪᠠᠷ ᠤᠬᠠᠭᠤᠯᠤᠨ᠎ᠠ᠃

 

ᠢᠷᠡᠯᠲᠡ᠄ ᠬᠠᠤᠯᠢ ᠲᠣᠭᠲᠠᠭ᠋ᠠᠯ᠎ᠤᠨ ᠭᠠᠵᠠᠷ
          
ᠬᠠᠮᠢᠶ᠎ᠡ ᠪᠦᠬᠦᠢ ᠰᠣᠨᠢᠨ
ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠦᠵᠡᠯᠲᠡ ᠵᠢ ᠰᠤᠷᠤᠯᠴᠠᠨ ᠲᠤᠭᠤᠰᠢᠯᠠᠭᠤᠯᠬᠤ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠦᠨ᠎ᠡ (ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ)
2022 ᠣᠨ᠎ᠤ 12 ᠳ᠋ᠤᠭ᠋ᠠᠷ ᠰᠠᠷ᠎ᠠ ᠵᠢᠨ 21᠎ᠤ ᠡᠳᠦᠷ᠎ᠤᠨ 0 ᠴᠠᠭ᠎ᠠᠴᠠ 24 ᠴᠠᠭ ᠪᠤᠯᠲᠠᠯᠠᠭᠢ ᠥᠪᠥᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
12 ᠳ᠋ᠤᠭ᠋ᠠᠷ ᠰᠠᠷ᠎ᠠ ᠵᠢᠨ 19᠎ᠤ ᠡᠳᠦᠷ᠎ᠤᠨ 24 ᠴᠠᠭ ᠪᠣᠯᠲᠠᠯᠠᠬᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
12 ᠳ᠋ᠤᠭ᠋ᠠᠷ ᠰᠠᠷ᠎ᠠ ᠵᠢᠨ 18᠎ᠤ ᠡᠳᠦᠷ᠎ᠤᠨ 24 ᠴᠠᠭ ᠪᠣᠯᠲᠠᠯᠠᠬᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
2022 ᠣᠨ᠎ᠤ 12 ᠳ᠋ᠤᠭ᠋ᠠᠷ ᠰᠠᠷ᠎ᠠ ᠵᠢᠨ 14᠎ᠤ ᠡᠳᠦᠷ᠎ᠤᠨ 0 ᠴᠠᠭ᠎ᠠᠴᠠ 24 ᠴᠠᠭ ᠪᠤᠯᠲᠠᠯᠠᠭᠢ ᠥᠪᠥᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
 
            