ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
11 ᠰᠠᠯᠠᠭ᠎ᠠ ᠮᠥᠴᠢᠷ ᠬᠠᠮᠲᠤᠷᠠᠨ ᠥᠪᠥᠷ ᠮᠣᠩᠭᠤᠯ᠎ᠤᠨ ᠤᠶᠤᠨᠲᠤ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠪᠠ
ᠨᠡᠶ᠋ᠢᠲᠡᠯᠡᠭᠰᠡᠨ ᠴᠠᠭ᠄ 2024-10-30

  ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠤᠶᠤᠨᠲᠤ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ᠎ᠪᠠᠷ ᠭᠠᠷᠳᠠᠴᠠ ᠪᠣᠯᠭ᠋ᠠᠵᠤ᠂ ᠪᠣᠭᠤᠮᠲᠠ ᠵᠢᠨ ᠬᠦᠷᠢᠶᠡᠨ᠎ᠳᠠᠬᠢ 《ᠥᠨᠳᠥᠷ ᠦᠷ᠎ᠡ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠭᠡᠬᠦ》 ᠥᠭᠡᠷᠡᠴᠢᠯᠡᠯᠲᠡ ᠵᠢ ᠠᠬᠢᠭᠤᠯᠵᠤ᠂ ᠦᠵᠦ ᠲᠥᠯᠥᠪᠯᠡᠭᠡ ᠵᠢ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠬᠠᠮᠢᠶᠠᠷᠤᠯᠲᠠ ᠵᠢᠨ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠵᠡᠷᠭᠡ 11 ᠰᠠᠯᠠᠭ᠎ᠠ ᠮᠥᠴᠢᠷ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨᠲᠤ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃   ᠪᠣᠭᠤᠮᠲᠠ ᠵᠢᠨ ᠪᠡᠯᠡᠳᠬᠡᠮᠵᠢ ᠲᠥᠬᠦᠭᠡᠷᠦᠮᠵᠢ ᠵᠢ ᠤᠶᠤᠨᠴᠢᠯᠠᠬᠤ᠂ ᠮᠡᠳᠡᠭᠡ ᠵᠠᠩᠭᠢ ᠵᠢᠨ ᠰᠢᠰᠲ᠋ᠧᠮ᠎ᠢ ᠡᠷᠴᠢᠮᠵᠢᠭᠦᠯᠬᠦ᠂ ᠠᠵᠢᠯᠯᠠᠭ᠋ᠠᠨ᠎ᠤ ᠬᠠᠮᠢᠶᠠᠷᠤᠯᠲᠠ ᠵᠢ ᠲᠣᠭ᠋ᠠᠴᠢᠯᠠᠬᠤ᠂ ᠶᠡᠷᠦᠩᠬᠡᠶ᠋ᠢᠯᠡᠭᠰᠡᠨ ᠦᠢ᠍ᠯᠡᠴᠢᠯᠡᠭᠡ ᠵᠢ ᠳᠥᠭᠦᠮᠴᠢᠯᠡᠬᠦ᠂ ᠬᠢᠯᠢ ᠠᠯᠤᠰᠯᠠᠭᠰᠠᠨ ᠬᠠᠮᠲᠤᠷᠠᠯᠴᠠᠭ᠎ᠠ ᠵᠢ ᠪᠠᠶ᠋ᠢᠩᠭᠤᠵᠢᠭᠤᠯᠬᠤ᠎ᠪᠠᠷ ᠭᠤᠣᠯ ᠣᠨᠴᠠᠯᠢᠭ ᠪᠣᠯᠭ᠋ᠠᠵᠤ᠂ 《ᠨᠢᠭᠡ ᠰᠦᠯᠵᠢᠶ᠎ᠡ᠂ ᠨᠢᠭᠡ ᠲᠠᠪᠴᠠᠩ᠂ ᠨᠢᠭᠡ ᠥᠷᠲᠡᠭᠡᠨ᠎ᠤ ᠮᠠᠶᠢᠭ᠎ᠤᠨ ᠦᠢ᠍ᠯᠡᠴᠢᠯᠡᠭᠡ》᠎ᠪᠠᠷ ᠬᠠᠷᠠᠯᠲᠠ ᠪᠣᠯᠭ᠋ᠠᠵᠤ᠂ ᠴᠢᠳᠠᠮᠵᠢ ᠵᠢᠨ ᠪᠠᠶ᠋ᠢᠷᠢᠰᠢᠭᠤᠯᠤᠯ᠎ᠨᠢ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ᠂ ᠪᠡᠯᠡᠳᠬᠡᠮᠵᠢ ᠲᠥᠬᠦᠭᠡᠷᠦᠮᠵᠢ᠎ᠨᠢ ᠨᠡᠩ ᠲᠡᠷᠢᠭᠦᠨ᠎ᠤ᠂ ᠠᠵᠢᠯᠯᠠᠭ᠋ᠠᠨ᠎ᠤ ᠬᠠᠮᠢᠶᠠᠷᠤᠯᠲᠠ᠎ᠨᠢ ᠠᠮᠤᠷ ᠲᠦᠪᠰᠢᠨ ᠥᠨᠳᠥᠷ ᠪᠦᠲᠦᠮᠵᠢᠲᠡᠢ᠂ ᠦᠢ᠍ᠯᠡᠴᠢᠯᠡᠭᠡᠨ᠎ᠤ ᠪᠠᠲᠤᠯᠠᠭ᠎ᠠ᠎ᠨᠢ ᠴᠢᠨᠠᠷ ᠰᠠᠶ᠋ᠢᠲᠠᠢ ᠳᠥᠭᠦᠮ ᠳᠥᠲᠡ᠂ ᠪᠣᠭᠤᠮᠲᠠ ᠵᠢᠨ ᠠᠵᠤ ᠠᠬᠤᠢ ᠵᠢ ᠵᠣᠬᠢᠴᠠᠩᠭᠤᠢ᠎ᠪᠠᠷ ᠬᠥᠭᠵᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠣᠶᠤᠨᠲᠤ ᠪᠣᠭᠤᠮᠲᠠ᠎ᠳᠤ ᠵᠣᠬᠢᠴᠠᠬᠤ ᠵᠢ ᠲᠣᠳᠣᠷᠬᠠᠶ᠋ᠢᠯᠠᠨ᠎ᠠ᠃ ᠥᠪᠥᠷ ᠮᠣᠩᠭᠤᠯ᠎ᠤᠨ ᠤᠶᠤᠨᠲᠤ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢ ᠭᠤᠷᠪᠠᠨ ᠠᠯᠬᠤᠮ ᠬᠤᠪᠢᠶᠠᠨ᠎ᠠ᠄

  — 2025 ᠣᠨ ᠪᠣᠯᠬᠤ᠎ᠳᠤ᠂ ᠶᠡᠷᠦᠩᠬᠡᠶ᠋ᠢᠯᠡᠭᠰᠡᠨ ᠵᠠᠩᠭᠢᠯᠠᠭ᠎ᠠ ᠵᠢᠨ ᠪᠣᠭᠤᠮᠲᠠ᠎ᠳᠤ ᠤᠶᠤᠨᠲᠤ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠦᠨ᠎ᠡ; ᠭᠤᠤᠯᠳᠠᠯᠭ᠎ᠠ᠎ᠲᠠᠢ ᠲᠤᠰᠬᠠᠶ ᠮᠡᠷᠭᠡᠵᠢᠯ᠎ᠤᠨ ᠪᠣᠭᠤᠮᠲᠠ ᠵᠢᠨ ᠶᠡᠭᠡ ᠬᠡᠮᠵᠢᠶᠡᠨ᠎ᠤ ᠲᠠᠸᠠᠷ᠎ᠤᠨ ᠪᠣᠭᠤᠮᠲᠠ᠎ᠪᠠᠷ ᠥᠩᠭᠡᠷᠡᠬᠦ᠂ ᠪᠠᠶ᠋ᠢᠴᠠᠭ᠋ᠠᠨ ᠰᠢᠯᠭ᠋ᠠᠬᠤ᠂ ᠪᠠᠷᠠᠭ᠋ᠠᠨ᠎ᠤ ᠭᠦᠢ᠍ᠯᠭᠡᠭᠡ᠂ ᠬᠥᠮᠥᠷᠭᠡᠯᠡᠨ ᠬᠠᠳᠠᠭ᠋ᠠᠯᠠᠬᠤ ᠵᠡᠷᠭᠡ ᠪᠡᠯᠡᠳᠬᠡᠮᠵᠢ ᠲᠥᠬᠦᠭᠡᠷᠦᠮᠵᠢ ᠵᠢᠨ ᠤᠶᠤᠨᠴᠢᠯᠠᠬᠤ ᠪᠠ ᠮᠡᠳᠡᠭᠡ ᠵᠠᠩᠭᠢᠴᠢᠯᠠᠯᠲᠠ ᠵᠢᠨ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠵᠦ᠂ ᠠᠵᠢᠯᠯᠠᠭ᠋ᠠᠨ᠎ᠤ ᠬᠠᠮᠢᠶᠠᠷᠤᠯᠲᠠ ᠵᠢ ᠲᠣᠭ᠋ᠠᠴᠢᠯᠠᠬᠤ᠂ ᠶᠡᠷᠦᠩᠬᠡᠢ ᠦᠢ᠍ᠯᠡᠴᠢᠯᠡᠭᠡᠨ᠎ᠤ ᠳᠥᠭᠦᠮᠴᠢᠯᠡᠯᠲᠡ ᠵᠢ ᠢᠯᠡᠳᠲᠡ ᠶᠠᠰᠤ ᠴᠢᠨᠠᠷ᠎ᠢ ᠳᠡᠭᠡᠭᠰᠢᠯᠡᠭᠦᠯᠦᠨ᠎ᠡ; ᠡᠩ᠎ᠤᠨ ᠪᠣᠭᠤᠮᠲᠠ ᠵᠢᠨ ᠪᠡᠯᠡᠳᠬᠡᠮᠵᠢ ᠲᠥᠬᠦᠭᠡᠷᠦᠮᠵᠢ ᠪᠠ ᠮᠡᠳᠡᠭᠡ ᠵᠠᠩᠭᠢᠴᠢᠯᠠᠯᠲᠠ ᠵᠢᠨ ᠳᠤᠲᠠᠭᠤᠳᠠᠯ᠎ᠢ ᠨᠥᠬᠦᠪᠥᠷᠢᠯᠡᠵᠦ᠂ ᠪᠣᠭᠤᠮᠲᠠ ᠵᠢᠨ ᠨᠡᠪᠲᠡᠷᠡᠬᠦ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠦᠨ᠎ᠡ᠃

  — 2030 ᠣᠨ ᠪᠣᠯᠬᠤ᠎ᠳᠤ᠂ ᠤᠶᠤᠨᠲᠤ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠴᠢᠬᠤᠯᠠ ᠶᠡᠭᠡ ᠠᠬᠢᠴᠠ᠎ᠲᠠᠢ ᠪᠣᠯᠵᠣ᠂ ᠡᠯ᠎ᠡ ᠪᠣᠭᠤᠮᠲᠠ ᠵᠢᠨ ᠭᠤᠤᠯ ᠴᠣᠭᠴᠠ ᠵᠢᠨ ᠬᠤᠭᠤᠷᠣᠨᠳᠣ ᠣᠶᠤᠨᠴᠢ ᠬᠤᠯᠪᠣᠯᠳᠤᠬᠤ᠂ ᠬᠠᠮᠵᠢᠯᠴᠠᠨ ᠬᠤᠯᠪᠣᠯᠳᠤᠬᠤ᠂ ᠥᠨᠳᠥᠷ ᠪᠦᠲᠦᠮᠵᠢᠲᠡᠶ᠎ᠪᠠᠷ ᠠᠵᠢᠯᠯᠠᠬᠤ ᠰᠠᠶ᠋ᠢᠨ ᠰᠠᠶ᠋ᠢᠬᠠᠨ ᠠᠮᠢ ᠠᠬᠤᠶ ᠵᠢ ᠪᠣᠶ ᠪᠣᠯᠭ᠋ᠠᠪᠠ᠃

  — 2035 ᠣᠨ ᠪᠣᠯᠬᠤ᠎ᠳᠤ᠂ ᠣᠳᠣᠬᠢᠴᠢᠯᠠᠭᠰᠠᠨ ᠪᠣᠭᠣᠮᠲᠠ ᠵᠢᠨ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃

   ᠪᠣᠭᠤᠮᠲᠠ ᠵᠢᠨ ᠤᠶᠤᠨᠴᠢᠯᠠᠭᠰᠠᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠣᠭᠤᠷᠢᠨ᠎ᠳᠤ᠂ 《ᠨᠢᠭᠡ ᠥᠷᠲᠡᠭᠡᠨ᠎ᠤ ᠮᠠᠶᠢᠭ》᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠠᠮᠲᠤ᠎ᠪᠠᠷ ᠬᠠᠮᠢᠶᠠᠷᠴᠤ ᠣᠶᠤᠨᠴᠢ᠎ᠪᠠᠷ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠵᠦ᠂ ᠲᠥᠬᠦᠭᠡᠷᠦᠮᠵᠢ ᠵᠢᠨ ᠤᠶᠤᠨᠴᠢᠯᠠᠯᠲᠠ ᠵᠢ ᠠᠬᠢᠭᠤᠯᠵᠤ᠂ ᠣᠶᠤᠨᠴᠢ᠎ᠪᠠᠷ ᠡᠳ᠋ᠯᠡᠬᠦ ᠬᠤᠯᠪᠣᠯᠳᠤᠨ ᠨᠡᠪᠲᠡᠷᠡᠯᠴᠡᠬᠦ ᠪᠠᠶ᠋ᠢᠭᠤᠯᠤᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠵᠡᠷᠭᠡ 5 ᠲᠠᠯ᠎ᠠ᠎ᠪᠠᠷ 13 ᠵᠦᠢ᠍ᠯ᠎ᠤᠨ ᠪᠣᠳᠠᠲᠠᠶ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠪᠠ᠃  ᠪᠣᠳᠠᠲᠠᠶ ᠠᠭᠤᠯᠭ᠎ᠠ᠎ᠳᠤ᠄ ᠪᠠᠶ᠋ᠢᠴᠠᠭ᠋ᠠᠨ ᠰᠢᠯᠭ᠋ᠠᠬᠤ ᠨᠢᠭᠡᠴᠢ ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠯᠠᠬᠤ ᠴᠤᠪᠤᠷᠠᠯ᠎ᠢ ᠰᠢᠯᠢᠳᠡᠭᠵᠢᠭᠦᠯᠵᠦ᠂ ᠪᠣᠭᠤᠮᠲᠠ᠎ᠪᠠᠷ ᠥᠩᠭᠡᠷᠡᠬᠦ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠠᠵᠤ ᠠᠬᠤᠶ᠋ᠢᠯᠠᠯ᠎ᠤᠨ ᠲᠣᠭᠲᠠᠭ᠋ᠠᠯ᠎ᠳᠤ ᠨᠡᠶ᠋ᠢᠴᠡᠬᠦ ᠥᠪᠡᠷ᠎ᠤᠨ ᠥᠷᠲᠡᠭ᠎ᠢ ᠪᠠᠭᠤᠷᠠᠭᠤᠯᠤᠨ᠎ᠠ; ᠣᠯᠠᠨ ᠤᠯᠤᠰ᠎ᠤᠨ ᠠᠷᠠᠯᠵᠢᠶᠠᠨ᠎ᠤ 〈ᠭᠠᠭᠴᠠ ᠴᠣᠩᠬᠤᠪᠴᠢ〉 ᠵᠢᠨ ᠬᠡᠷᠡᠭᠯᠡᠯᠲᠡ ᠵᠢ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠤᠨ ᠪᠣᠭᠤᠮᠲᠠ᠎ᠳᠤ ᠮᠡᠳᠡᠭᠦᠯᠬᠦ᠂ ᠮᠡᠳᠡᠭᠦᠯᠦᠨ ᠪᠠᠶ᠋ᠢᠴᠠᠭ᠋ᠠᠯᠭ᠋ᠠᠬᠤ᠂ ᠭᠠᠶ᠋ᠢᠯᠢ ᠪᠤᠴᠠᠭ᠋ᠠᠬᠤ ᠵᠡᠷᠭᠡ ᠡᠯ᠎ᠡ ᠭᠤᠭᠴᠤᠭ᠎ᠠ᠎ᠳᠤ ᠨᠠᠩ ᠲᠥᠬᠦᠮ ᠦᠵᠡᠭᠦᠯᠬᠦ 《ᠨᠢᠭᠡ ᠥᠷᠲᠡᠭᠡᠨ᠎ᠤ ᠮᠠᠶᠢᠭ》᠎ᠤᠨ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠪᠠᠷᠢᠮᠵᠢᠶᠠᠵᠢᠭᠤᠯᠤᠭᠰᠠᠨ ᠳ᠋ᠠᠶ᠋ᠢᠲ᠋ᠠ ᠵᠢᠨ ᠰᠠᠭᠤᠷᠢ ᠵᠢ ᠨᠡᠪᠲᠡᠷᠡᠭᠦᠯᠵᠦ᠂ ᠰᠠᠯᠠᠭ᠎ᠠ ᠮᠥᠴᠢᠷ᠂ ᠣᠷᠣᠨ ᠪᠦᠰᠡ ᠵᠢᠨ ᠮᠡᠳᠡᠭᠡ ᠵᠠᠩᠭᠢ ᠵᠢᠨ ᠪᠠᠬᠢᠯᠡᠯᠲᠡ ᠵᠢ ᠨᠡᠪᠲᠡᠷᠡᠭᠦᠯᠵᠦ᠂ ᠨᠢᠭᠡᠳᠦᠯᠲᠡᠶ ᠥᠨᠳᠥᠷ ᠪᠦᠲᠦᠮᠵᠢᠲᠡᠶ ᠲᠣᠭ᠋ᠠᠴᠢᠯᠠᠭᠰᠠᠨ ᠬᠠᠮᠢᠶᠠᠷᠤᠯᠲᠠ ᠵᠢᠨ ᠲᠠᠪᠴᠠᠩ᠎ᠢ ᠪᠠᠶ᠋ᠢᠭᠤᠯᠤᠨ᠎ᠠ; ᠣᠶᠤᠨᠴᠢ ᠵᠢᠭᠤᠯᠴᠢᠯᠠᠯ᠎ᠤᠨ ᠪᠠᠶ᠋ᠢᠴᠠᠭ᠋ᠠᠯᠲᠠ ᠵᠢᠨ ᠪᠡᠯᠡᠳᠬᠡᠮᠵᠢ ᠲᠥᠬᠦᠭᠡᠷᠦᠮᠵᠢ ᠵᠢ ᠲᠠᠰ ᠳᠡᠪᠰᠢᠭᠦᠯᠦᠨ ᠥᠭᠡᠷᠡᠴᠢᠯᠡᠵᠦ᠂ ᠪᠠᠷᠠᠭ᠋ᠠᠨ᠎ᠤ ᠲᠡᠭᠡᠭᠡᠪᠦᠷᠢ ᠵᠢᠨ ᠬᠢᠨᠠᠯᠲᠠ ᠬᠠᠮᠢᠶᠠᠷᠤᠯᠲᠠ ᠵᠢᠨ ᠪᠡᠯᠡᠳᠬᠡᠮᠵᠢ ᠲᠥᠬᠦᠭᠡᠷᠦᠮᠵᠢ ᠵᠢᠨ ᠤᠶᠤᠨᠴᠢᠯᠠᠯᠲᠠ ᠵᠢ ᠠᠬᠢᠭᠤᠯᠤᠨ᠎ᠠ; ᠬᠥᠷᠰᠢ ᠵᠡᠷᠭᠡᠯᠡᠳᠡᠭᠡ ᠤᠯᠤᠰ᠎ᠤᠨ ᠪᠣᠭᠤᠮᠲᠠ ᠵᠢᠨ ᠤᠶᠤᠨᠴᠢᠯᠠᠭᠰᠠᠨ ᠬᠢᠷᠢ ᠬᠡᠮᠵᠢᠶ᠎ᠡ ᠵᠢ ᠵᠡᠷᠭᠡ᠎ᠪᠠᠷ ᠳᠡᠭᠡᠭᠰᠢᠯᠡᠭᠦᠯᠬᠦ ᠵᠢ ᠠᠬᠢᠭᠤᠯᠵᠤ᠂ ᠪᠣᠭᠤᠮᠲᠠ ᠵᠢᠨ ᠪᠣᠭᠤᠮᠲᠠ᠎ᠪᠠᠷ ᠥᠩᠭᠡᠷᠡᠬᠦ ᠣᠶᠤᠨᠴᠢ ᠪᠠᠷᠢᠮᠵᠢᠶ᠎ᠠ ᠵᠢᠨ ᠰᠢᠰᠲ᠋ᠧᠮᠵᠢ ᠵᠢᠨ 《ᠭᠠᠳᠠᠭᠰᠢ ᠭᠠᠷᠬᠤ》 ᠵᠢ ᠠᠬᠢᠭᠤᠯᠪᠠ᠃

 

ᠢᠷᠡᠯᠲᠡ᠄ ᠪᠣᠭᠤᠮᠲᠠ ᠵᠢᠨ ᠠᠯᠪᠠᠨ ᠬᠡᠷ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2024 ᠣᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ
ᠭᠠᠳᠠᠭ᠋ᠠᠳᠤ ᠨᠡᠭᠡᠭᠡᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠵᠦ ᠰᠢᠨ᠎ᠡ ᠵᠢ ᠡᠭᠦᠳᠬᠦ ᠬᠥᠭᠵᠢᠯᠲᠡ ᠵᠢ ᠳᠠᠬᠢᠨ ᠲᠦᠷᠭᠡᠳᠭᠡᠨ᠎ᠡ
ᠲᠤᠯᠤᠭ᠋ᠠᠨ ᠰᠠᠯᠠᠭ᠎ᠠ ᠮᠥᠴᠢᠷ᠄ ᠮᠡᠳᠡᠯᠭᠡ ᠵᠢᠨ ᠦᠮᠴᠢᠯᠠᠯ᠎ᠤᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
 
            