ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠬᠤᠶᠠᠳᠤᠭ᠋ᠠᠷ ᠪᠦᠭᠦᠳᠡ ᠬᠤᠷᠠᠯ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ᠂ ᠪᠥᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠰᠠᠳᠠ᠂ 2024 ᠣᠨ᠎ᠤ 12 ᠳ᠋ᠤᠭ᠋ᠠᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠪᠥᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠴᠢ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ ᠵᠢ ᠡᠷᠭᠢᠯᠡᠪᠡ᠃ ᠲᠢᠩᠬᠢᠮ᠎ᠤᠨ ᠪᠠᠶ᠋ᠢᠭᠤᠯᠭ᠎ᠠ ᠵᠢᠴᠢ ᠦᠨᠳᠦᠰᠦᠨ ᠱᠠᠲᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠵᠢᠨ ᠠᠵᠢᠯ᠎ᠤᠨ ᠪᠠᠶ᠋ᠢᠷᠢ᠎ᠳᠤ ᠪᠠᠶ᠋ᠢᠭ᠎ᠠ 200 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃
ᠪᠣᠯᠪᠠᠰᠤᠷᠠᠯ᠎ᠤᠨ ᠳᠤᠮᠳᠠ᠂ ᠬᠢᠴᠢᠶᠡᠯᠯᠡᠬᠦ ᠪᠠᠭᠰᠢ᠎ᠠᠴᠠ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠨᠢᠭᠲᠠ ᠤᠶᠠᠯᠳᠤᠭᠤᠯᠤᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢ ᠲᠤᠭᠤᠷᠪᠢᠭᠰᠠᠨ ᠠᠬᠤᠶ ᠪᠠᠶ᠋ᠢᠳᠠᠯ᠂ ᠭᠤᠤᠯᠳᠠᠯᠭ᠎ᠠ᠎ᠲᠠᠢ ᠠᠭᠤᠯᠭ᠎ᠠ᠂ ᠵᠦᠢ᠍ᠯ ᠵᠤᠷᠪᠤᠰ᠎ᠤᠨ ᠵᠠᠳᠠᠯᠤᠯᠲᠠ ᠵᠡᠷᠭᠡ ᠲᠠᠯ᠎ᠠ᠎ᠪᠠᠷ ᠭᠦᠨᠵᠡᠭᠡᠶ ᠪᠥᠭᠡᠳ ᠣᠶ᠋ᠢᠯᠠᠭ᠋ᠠᠮᠵᠢᠲᠠᠶ ᠲᠠᠶ᠋ᠢᠯᠤᠮᠵᠢ ᠬᠢᠭᠰᠡᠨ ᠪᠥᠭᠡᠳ ᠬᠠᠤᠯᠢ ᠶᠣᠰᠣᠴᠢ ᠴᠢᠨᠠᠷ᠎ᠢ ᠬᠢᠨᠠᠨ ᠬᠠᠷᠭᠤᠭᠤᠯᠬᠤ᠂ ᠡᠷᠬᠡ ᠲᠡᠭᠰᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ ᠵᠡᠷᠭᠡ ᠭᠤᠤᠯᠳᠠᠯᠭ᠎ᠠ᠎ᠲᠠᠢ ᠭᠤᠭᠴᠤᠭ᠎ᠠ ᠵᠢᠨ ᠬᠠᠮᠢᠶ᠎ᠠ ᠪᠥᠬᠦᠶ ᠱᠠᠭ᠋ᠠᠷᠳᠠᠯᠭ᠎ᠠ ᠵᠢ ᠭᠤᠤᠯᠳᠠᠯᠭ᠎ᠠ᠎ᠲᠠᠢ ᠡᠮᠬᠢᠯᠡᠨ ᠳᠢᠭᠯᠡᠪᠡ᠃ ᠬᠤᠷᠠᠯ᠎ᠳᠤ ᠣᠷᠣᠯᠴᠠᠭᠰᠠᠳ᠎ᠲᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠬᠤ᠂ ᠬᠢᠨᠠᠨ ᠪᠠᠶ᠋ᠢᠴᠠᠭ᠋ᠠᠬᠤ᠂ ᠬᠢᠨᠠᠯᠲᠠ ᠲᠠᠯᠪᠢᠬᠤ ᠲᠠᠯ᠎ᠠ᠎ᠪᠠᠷ ᠨᠡᠩ ᠭᠦᠢ᠍ᠴᠡᠳ ᠲᠠᠨᠢᠯᠲᠠ᠎ᠲᠠᠢ ᠪᠣᠯᠭ᠋ᠠᠪᠠ᠃
ᠲᠣᠰ ᠤᠳᠠᠭ᠋ᠠᠨ᠎ᠤ ᠪᠣᠯᠪᠠᠰᠤᠷᠠᠯ᠎ᠤᠨ ᠠᠵᠢᠯᠯᠠᠭ᠎ᠠ᠎ᠨᠢ ᠤᠯᠤᠰ ᠲᠥᠷᠥ ᠵᠢᠨ ᠣᠨᠣᠯ᠎ᠤᠨ ᠰᠤᠷᠤᠯᠴᠠᠯᠭ᠎ᠠ ᠵᠢ ᠴᠢᠬᠤᠯᠠᠴᠢᠯᠠᠬᠤ ᠮᠥᠷᠲᠡᠭᠡᠨ ᠪᠠᠰᠠ ᠲᠤᠰᠬᠠᠶ ᠮᠡᠷᠭᠡᠵᠢᠯ᠎ᠤᠨ ᠴᠢᠳᠠᠪᠤᠷᠢ ᠵᠢᠨ ᠳᠡᠭᠡᠭᠰᠢᠯᠡᠯᠲᠡ ᠵᠢ ᠴᠢᠬᠤᠯᠠᠴᠢᠯᠠᠵᠤ᠂ ᠣᠨᠣᠯ ᠪᠠ ᠪᠣᠳᠠᠲᠤ ᠶᠠᠪᠤᠳᠠᠯ᠎ᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠨ᠂ ᠬᠤᠳᠠᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠤᠨ ᠪᠥᠬᠦ ᠺᠠᠳ᠋ᠷ ᠠᠵᠢᠯᠲᠠᠨ ᠠᠵᠢᠯᠴᠢᠨ᠎ᠳᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠬᠠᠤᠯᠢ ᠶᠣᠰᠣᠭ᠋ᠠᠷ᠂ ᠰᠢᠨᠵᠢᠯᠡᠬᠦ ᠤᠬᠠᠭ᠋ᠠᠨᠴᠢ᠂ ᠠᠷᠠᠳᠴᠢᠯᠠᠯ ᠵᠶ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ ᠠᠬᠢᠭᠤᠯᠬᠤ ᠵᠢᠨ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠭᠤᠯᠪᠠ᠃ ᠲᠠᠷᠠᠭ᠋ᠠᠴᠢ ᠵᠢᠨ ᠠᠯᠬᠤᠮ᠎ᠳᠤ᠂ ᠪᠥᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠤᠨ᠎ᠬᠢᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠠᠵᠢᠯ᠎ᠢ ᠳᠥᠯᠭᠢᠨ ᠠᠬᠢᠭᠤᠯᠬᠤ ᠰᠡᠳᠬᠢᠴᠡ ᠪᠠ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠵᠤ᠂ ᠥᠨᠳᠥᠷ ᠬᠢᠷᠢ ᠲᠦᠪᠰᠢᠨ ᠪᠥᠬᠦᠶ ᠬᠠᠤᠯᠢ᠎ᠪᠠᠷ ᠵᠠᠰᠠᠬᠤ ᠪᠠᠶ᠋ᠢᠭᠤᠯᠤᠯᠲᠠ᠎ᠪᠠᠷ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠠᠮᠠᠭ᠋ᠠᠯᠠᠨ᠎ᠠ᠃