ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 ᠣᠨ᠎ᠤ ᠭᠠᠳᠠᠭ᠋ᠠᠳᠤ ᠠᠵᠤ ᠠᠬᠤᠶ ᠠᠷᠠᠯᠵᠢᠶᠠᠨ᠎ᠤ ᠲᠤᠰᠬᠠᠶ ᠪᠠᠯᠠ ᠮᠥᠩᠭᠥ (ᠭᠠᠳᠠᠭ᠋ᠠᠳᠤ᠎ᠳᠤ ᠪᠠᠯᠠ ᠣᠷᠣᠭᠤᠯᠤᠨ ᠬᠠᠮᠲᠤᠷᠠᠯᠴᠠᠬᠤ) ᠵᠢᠨ ᠲᠥᠷᠥᠯ ᠵᠦᠢ᠍ᠯ᠎ᠢ ᠬᠢᠨᠠᠨ ᠲᠣᠭᠲᠠᠭ᠋ᠠᠵᠤ ᠬᠤᠳᠠᠯᠳᠤᠨ ᠠᠪᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2023-11-10

      ᠨᠢᠭᠡ᠂ ᠦᠨᠳᠦᠰᠦᠨ ᠪᠠᠶ᠋ᠢᠳᠠᠯ

   ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ 2024 ᠣᠨ᠎ᠤ ᠭᠠᠳᠠᠭ᠋ᠠᠳᠤ ᠠᠵᠤ ᠠᠬᠤᠶ ᠠᠷᠠᠯᠵᠢᠶᠠᠨ᠎ᠤ ᠲᠤᠰᠬᠠᠶ ᠪᠠᠯᠠ ᠮᠥᠩᠭᠥ (ᠭᠠᠳᠠᠭ᠋ᠠᠳᠤ᠎ᠳᠤ ᠪᠠᠯᠠ ᠣᠷᠣᠭᠤᠯᠤᠨ ᠬᠠᠮᠲᠤᠷᠠᠯᠴᠠᠬᠤ) ᠵᠢᠨ ᠲᠥᠷᠥᠯ ᠵᠦᠢ᠍ᠯ᠎ᠳᠤ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠵᠦ᠂ ᠠᠳᠠᠯᠢᠳᠬᠠᠨ ᠰᠣᠩᠭᠣᠵᠤ ᠬᠤᠪᠢ ᠣᠯᠭᠣᠬᠤ ᠠᠷᠭ᠎ᠠ ᠮᠠᠶᠢᠭ᠎ᠢ ᠬᠡᠷᠡᠭᠯᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠰᠣᠩᠭᠣᠨ ᠲᠣᠭᠲᠠᠭ᠋ᠠᠬᠤ᠎ᠪᠠᠷ ᠲᠥᠯᠥᠪᠯᠡᠵᠦ᠂ ᠡᠳᠦᠭᠡ ᠬᠢᠷᠢ ᠬᠡᠮ᠎ᠤᠨ ᠨᠥᠬᠥᠴᠡᠯ᠎ᠳᠤ ᠨᠡᠶ᠋ᠢᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ ᠢᠷᠡᠵᠦ ᠨᠡᠷ᠎ᠡ ᠮᠡᠳᠡᠭᠦᠯᠵᠦ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠃

      ᠬᠣᠶᠠᠷ᠂ ᠲᠥᠷᠥᠯ ᠵᠦᠢ᠍ᠯ᠎ᠤᠨ ᠲᠣᠶ᠋ᠢᠮᠣ ᠪᠠᠶ᠋ᠢᠳᠠᠯ

  (ᠨᠢᠭᠡ) ᠲᠥᠷᠥᠯ ᠵᠦᠢ᠍ᠯ᠎ᠤᠨ ᠨᠡᠷᠡᠶ᠋ᠢᠳᠦᠯ᠄ 2024 ᠣᠨ᠎ᠤ ᠭᠠᠳᠠᠭ᠋ᠠᠳᠤ ᠠᠵᠤ ᠠᠬᠤᠶ ᠠᠷᠠᠯᠵᠢᠶᠠᠨ᠎ᠤ ᠲᠤᠰᠬᠠᠶ ᠪᠠᠯᠠ ᠮᠥᠩᠭᠥ (ᠭᠠᠳᠠᠭ᠋ᠠᠳᠤ᠎ᠳᠤ ᠪᠠᠯᠠ ᠣᠷᠣᠭᠤᠯᠤᠨ ᠬᠠᠮᠲᠤᠷᠠᠯᠴᠠᠬᠤ) ᠵᠢᠨ ᠲᠥᠷᠥᠯ ᠵᠦᠢ᠍ᠯ᠎ᠢ ᠬᠢᠨᠠᠨ ᠲᠣᠭᠲᠠᠭ᠋ᠠᠨ᠎ᠠ᠃

  (ᠬᠣᠶᠠᠷ) ᠲᠥᠷᠥᠯ ᠵᠦᠢ᠍ᠯ᠎ᠤᠨ ᠳ᠋ᠤᠭ᠋ᠠᠷᠯᠠᠯ᠄

  (ᠭᠤᠷᠪᠠ) ᠪᠡᠯᠡ ᠣᠷᠣᠭᠤᠯᠬᠤ᠎ᠪᠠᠷ ᠲᠥᠯᠥᠪᠯᠡᠭᠰᠡᠨ᠎ᠨᠢ᠄ 2.5 ᠲᠦᠮᠡᠨ ᠲᠥᠭᠥᠷᠢᠭ

  (ᠳᠥᠷᠪᠡ) ᠪᠡᠯᠡ ᠮᠥᠩᠭᠥ ᠵᠢᠨ ᠢᠷᠡᠯᠲᠡ᠄ ᠡᠳ᠋᠎ᠤᠨ ᠵᠠᠰᠠᠭ᠎ᠤᠨ ᠪᠡᠯᠡ ᠮᠥᠩᠭᠥ

      ᠭᠤᠷᠪᠠ᠂ ᠬᠤᠳᠠᠯᠳᠤᠨ ᠠᠪᠬᠤ ᠠᠭᠤᠯᠭ᠎ᠠ

  2024 ᠣᠨ᠎ᠤ ᠭᠠᠳᠠᠭ᠋ᠠᠳᠤ ᠠᠵᠤ ᠠᠬᠤᠶ ᠠᠷᠠᠯᠵᠢᠶᠠᠨ᠎ᠤ ᠲᠤᠰᠬᠠᠶ ᠪᠠᠯᠠ ᠮᠥᠩᠭᠥ (ᠭᠠᠳᠠᠭ᠋ᠠᠳᠤ ᠪᠠᠯᠠ ᠣᠷᠣᠭᠤᠯᠤᠯᠲᠠ ᠵᠢᠨ ᠬᠠᠮᠲᠤᠷᠠᠯᠴᠠᠭ᠎ᠠ) ᠵᠢᠨ ᠲᠥᠷᠥᠯ ᠵᠦᠢ᠍ᠯ᠎ᠢ ᠬᠢᠨᠠᠨ ᠲᠣᠭᠲᠠᠭ᠋ᠠᠨ᠎ᠠ᠃

      ᠲᠦᠷᠪᠡ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠬᠢᠷᠢ ᠬᠡᠮ᠎ᠤᠨ ᠱᠠᠭ᠋ᠠᠷᠳᠠᠯᠭ᠎ᠠ

  (ᠨᠢᠭᠡ) ᠬᠠᠩᠭ᠋ᠠᠬᠤ ᠬᠤᠳᠠᠯᠳᠤᠭ᠋ᠠᠴᠢᠨ᠎ᠨᠢ ᠡᠷᠬᠡᠪᠰᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠠᠮᠢᠶ᠎ᠠ ᠪᠥᠬᠥᠶ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ;

  (ᠬᠣᠶᠠᠷ) ᠬᠠᠩᠭ᠋ᠠᠭᠴᠢ ᠬᠤᠳᠠᠯᠳᠤᠭ᠋ᠠᠴᠢᠨ᠎ᠨᠢ ᠡᠷᠬᠡᠪᠰᠢ ᠬᠦᠴᠦᠨ ᠪᠦᠬᠦᠢ ᠡᠵᠡᠩᠨᠡᠯᠲᠡ ᠵᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ᠎ᠢ ᠪᠦᠷᠢᠯᠳᠦᠭᠦᠯᠦᠭᠰᠡᠨ ᠪᠠᠶ᠋ᠢᠬᠤ;

  (ᠭᠤᠷᠪᠠ) ᠬᠦᠴᠦᠨ ᠪᠦᠬᠦᠢ ᠨᠢᠭᠲᠠᠯᠠᠨ ᠪᠤᠳᠤᠭᠴᠢ ᠵᠢᠨ ᠬᠡᠷᠡᠭ ᠡᠷᠬᠢᠯᠡᠬᠦ ᠭᠠᠵᠠᠷ᠎ᠤᠨ ᠠᠵᠢᠯ ᠡᠷᠬᠢᠯᠡᠬᠦ ᠦᠨᠡᠮᠯᠡᠯ᠎ᠲᠠᠢ ᠪᠠᠶ᠋ᠢᠬᠤ;

  (ᠲᠦᠷᠪᠡ) ᠵᠦᠢ᠍ᠯᠡᠰ᠎ᠤᠨ ᠬᠠᠷᠢᠭᠤᠴᠠᠯᠭ᠋ᠠᠲᠠᠨ᠎ᠨᠢ ᠡᠷᠬᠡᠪᠰᠢ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠵᠢᠨ ᠦᠨᠡᠮᠯᠡᠯ᠎ᠲᠠᠢ ᠪᠠᠶ᠋ᠢᠬᠤ ᠬᠡᠷᠡᠭᠲᠡᠢ;

  (ᠲᠠᠪᠤ) ᠲᠤᠰ ᠤᠳᠠᠭ᠋ᠠᠨ᠎ᠤ ᠬᠤᠳᠠᠯᠳᠤᠨ ᠠᠪᠬᠤ ᠠᠵᠢᠯᠯᠠᠭ᠎ᠠ᠎ᠨᠢ ᠬᠣᠯᠪᠣᠭ᠋ᠠᠲᠤ ᠴᠣᠭᠴᠠ ᠵᠢᠨ ᠳᠠᠭ᠋ᠠᠭ᠋ᠠᠴᠢᠯᠠᠯᠲᠠ ᠬᠦᠯᠢᠶᠡᠬᠦ ᠵᠢ ᠬᠦᠯᠢᠶᠡᠬᠦ ᠦᠭᠡᠢ᠃

ᠲᠠᠪᠤ᠂ ᠨᠡᠷ᠎ᠡ ᠮᠡᠳᠡᠭᠦᠯᠬᠦ᠎ᠳᠤ ᠡᠷᠬᠡᠪᠰᠢ ᠮᠡᠳᠡᠬᠦ ᠵᠦᠢ᠍ᠯ

  (ᠨᠢᠭᠡ) ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠃

  (ᠬᠣᠶᠠᠷ) ᠨᠡᠷ᠎ᠡ ᠮᠡᠳᠡᠭᠦᠯᠬᠦ ᠭᠠᠵᠠᠷ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ 706 ᠳ᠋ᠤᠭ᠋ᠠᠷ ᠲᠠᠰᠤᠭ᠃

  (ᠭᠤᠷᠪᠠ) ᠠᠪᠴᠤ ᠶᠠᠪᠤᠭ᠎ᠠ ᠮᠠᠲ᠋ᠧᠷᠢᠶᠠᠯ᠄

  1 . ᠬᠠᠤᠯᠢ ᠵᠢᠨ ᠡᠷᠬᠡᠲᠡᠨ᠎ᠤ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ ᠪᠤᠶᠤ ᠪᠤᠰᠤᠳ ᠬᠦᠴᠦᠨ ᠪᠥᠬᠥᠶ ᠭᠡᠷᠡᠴᠢ ᠮᠠᠲ᠋ᠧᠷᠢᠶᠠᠯ;

  2 . ᠠᠵᠤ ᠠᠬᠤᠶ᠋ᠢᠯᠠᠯ᠎ᠤᠨ ᠣᠶ᠋ᠢᠷ᠎ᠠ ᠵᠢᠨ ᠬᠠᠭ᠋ᠠᠰ ᠵᠢᠯ᠎ᠤᠨ 2022 ᠣᠨ᠎ᠤ 7 ᠳ᠋ᠤᠭ᠋ᠠᠷ ᠰᠠᠷ᠎ᠠ᠎ᠠᠴᠠ 2022 ᠣᠨ᠎ᠤ 12 ᠳ᠋ᠤᠭ᠋ᠠᠷ ᠰᠠᠷ᠎ᠠ ᠪᠣᠯᠲᠠᠯᠠᠬᠢ ᠳᠤᠷ᠎ᠠ ᠵᠢᠨ ᠨᠢᠭᠡ ᠰᠠᠷ᠎ᠠ ᠵᠢᠨ ᠭᠠᠶ᠋ᠢᠯᠢ ᠲᠤᠰᠢᠶᠠᠭᠰᠠᠨ ᠭᠡᠷᠡᠴᠢ (ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠲᠠᠮᠠᠭ᠎ᠠ ᠳᠠᠷᠤᠭᠰᠠᠨ ᠪᠤᠶᠤ ᠭᠠᠷᠲᠠᠨ ᠡᠷᠭᠢᠯᠡᠬᠦ ᠪᠠᠩᠬᠢ᠎ᠠᠴᠠ ᠲᠠᠮᠠᠭ᠎ᠠ ᠳᠠᠷᠤᠵᠤ ᠨᠤᠲᠠᠯᠠᠭᠰᠠᠨ ᠵᠡᠷᠭᠡ ᠭᠠᠶ᠋ᠢᠯᠢ ᠲᠤᠰᠢᠶᠠᠭᠰᠠᠨ ᠭᠡᠷᠡᠴᠢ ᠮᠠᠲ᠋ᠧᠷᠢᠶᠠᠯ᠂ ᠭᠠᠶ᠋ᠢᠯᠢ ᠲᠤᠰᠢᠶᠠᠬᠤ ᠰᠠᠷ᠎ᠠ ᠭᠠᠷᠤᠭᠰᠠᠨ ᠥᠬᠡᠶ ᠪᠣᠯ ᠭᠠᠶ᠋ᠢᠯᠢ ᠲᠤᠰᠢᠶᠠᠬᠤ᠎ᠪᠠᠷ ᠮᠡᠳᠡᠭᠦᠯᠬᠦ ᠭᠡᠷᠡᠴᠢ ᠪᠠᠷᠢᠮᠲᠠ ᠬᠠᠩᠭ᠋ᠠᠬᠤ ᠥᠬᠡᠶ);

  3 . ᠨᠢᠭᠲᠠᠯᠠᠨ ᠪᠤᠳᠤᠭᠴᠢ ᠵᠢᠨ ᠬᠡᠷᠡᠭ ᠡᠷᠬᠢᠯᠡᠬᠦ ᠭᠠᠵᠠᠷ᠎ᠤᠨ ᠠᠵᠢᠯ ᠡᠷᠭᠢᠯᠡᠬᠦ ᠦᠨᠡᠮᠯᠡᠯ;

  4 . ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠵᠢᠨ ᠦᠨᠡᠮᠯᠡᠯ;

  5 . 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn )᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn ) ᠵᠢᠨ ᠢᠲᠡᠭᠡᠮᠵᠢ ᠵᠢᠨ ᠪᠠᠶ᠋ᠢᠴᠠᠭ᠋ᠠᠨ ᠯᠠᠪᠯᠠᠬᠤ ᠲᠡᠮᠳᠡᠭᠯᠡᠯ᠎ᠤᠨ ᠵᠢᠷᠤᠭ;

  6 . ᠬᠠᠩᠭ᠋ᠠᠯᠭ᠎ᠠ ᠵᠢᠨ ᠬᠤᠳᠠᠯᠳᠤᠭ᠋ᠠᠴᠢᠨ ᠣᠶ᠋ᠢᠷ᠎ᠠ ᠵᠢᠨ ᠭᠤᠷᠪᠠᠨ ᠵᠢᠯ᠎ᠳᠤ ᠬᠤᠳᠠᠯᠳᠤᠨ ᠠᠪᠬᠤ ᠠᠵᠢᠯᠯᠠᠭ᠎ᠠ ᠳᠤᠮᠳᠠ ᠬᠠᠤᠯᠢ ᠵᠥᠷᠢᠴᠡᠭᠰᠡᠨ ᠬᠦᠨᠳᠦ ᠶᠡᠬᠡ ᠲᠡᠮᠳᠡᠭᠯᠡᠯ᠎ᠤᠨ ᠢᠯᠡᠷᠬᠡᠶ᠋ᠢᠯᠡᠯᠲᠡ ᠵᠢᠨ ᠪᠢᠴᠢᠭ ᠬᠠᠩᠭ᠋ᠠᠭᠰᠠᠨ ᠥᠬᠡᠶ;

  7 . ᠬᠠᠩᠭ᠋ᠠᠯᠭ᠎ᠠ ᠵᠢᠨ ᠬᠤᠳᠠᠯᠳᠤᠭ᠋ᠠᠴᠢᠨ ᠤᠢ᠍ᠢ᠍ᠷ᠎ᠠ ᠵᠢᠨ ᠭᠤᠷᠪᠠᠨ ᠵᠢᠯ᠎ᠤᠨ ᠠᠳᠠᠯᠢᠪᠲᠤᠷ ᠵᠦᠢ᠍ᠯᠡᠰ᠎ᠤᠨ ᠠᠵᠢᠯ᠎ᠤᠨ ᠪᠦᠲᠦᠮᠵᠢ ᠵᠢ ᠬᠠᠩᠭ᠋ᠠᠨ᠎ᠠ;

  8 . ᠦᠨ᠎ᠡ ᠮᠡᠳᠡᠭᠦᠯᠬᠦ ᠬᠠᠭᠤᠳᠠᠰᠤ;

  9 . ᠦᠢ᠍ᠯᠡᠴᠢᠯᠡᠭᠡᠨ᠎ᠤ ᠲᠥᠰᠦᠯ᠂ ᠦᠢ᠍ᠯᠡᠴᠢᠯᠡᠭᠡᠨ᠎ᠤ ᠠᠮᠠᠯᠠᠯᠲᠠ ᠵᠢᠴᠢ   ᠦᠢ᠍ᠯᠡᠴᠢᠯᠡᠬᠡᠨ᠎ᠤ ᠶᠠᠰᠤ ᠴᠢᠨᠠᠷ᠎ᠤᠨ ᠪᠠᠲᠤᠯᠠᠭ᠎ᠠ;

  10 . ᠠᠵᠢᠯᠲᠠᠨ᠎ᠤ ᠲᠣᠬᠢᠷᠠᠭᠤᠯᠤᠯᠲᠠ᠃

   ᠳᠡᠭᠡᠷᠡᠬᠢ ᠮᠠᠲ᠋ᠧᠷᠢᠶᠠᠯ᠎ᠢ ᠳᠡᠪᠲᠡᠷᠯᠡᠬᠦ ᠵᠢᠨ ᠬᠠᠮᠲᠤ ᠤᠭᠤᠲᠠᠯᠠᠵᠤ ᠪᠢᠲᠡᠭᠦᠮᠵᠢᠯᠡᠬᠦ ᠬᠡᠷᠡᠭᠲᠡᠶ᠂ ᠪᠢᠲᠡᠭᠦᠮᠵᠢᠯᠡᠬᠦ ᠭᠠᠵᠠᠷ᠎ᠲᠤ ᠨᠢᠭᠡᠴᠢ ᠵᠢᠨ ᠲᠠᠮᠠᠭ᠎ᠠ ᠵᠢ ᠳᠠᠷᠤᠵᠤ᠂ ᠮᠠᠲ᠋ᠧᠷᠢᠶᠠᠯ᠎ᠤᠨ ᠳᠣᠲᠣᠷᠠᠬᠢ ᠪᠠᠭᠤᠯᠭ᠋ᠠᠪᠤᠷᠢ᠎ᠳᠤ ᠨᠢᠭᠡᠴᠢ ᠵᠢᠨ ᠲᠠᠮᠠᠭ᠎ᠠ ᠵᠢ ᠳᠠᠷᠤᠬᠤ ᠬᠡᠷᠡᠭᠲᠡᠶ᠃

  (ᠳᠥᠷᠪᠡ) ᠮᠠᠲ᠋ᠧᠷᠢᠶᠠᠯ ᠲᠤᠰᠢᠶᠠᠬᠤ ᠡᠴᠦᠰ᠎ᠤᠨ ᠴᠠᠭ᠄ 2023 ᠣᠨ᠎ᠤ 11 ᠳ᠋ᠦ᠍ᠭᠡᠷ ᠰᠠᠷ᠎ᠠ ᠵᠢᠨ 15᠎ᠤ ᠡᠳᠦᠷ᠎ᠤᠨ 17᠄ 00᠃

   ᠵᠢᠷᠭᠤᠭ᠎ᠠ᠂ ᠬᠠᠷᠢᠯᠴᠠᠬᠤ ᠠᠷᠭ᠎ᠠ ᠮᠠᠶᠢᠭ  

   ᠬᠤᠳᠠᠯᠳᠤᠨ ᠠᠪᠤᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ

   ᠬᠠᠷᠢᠯᠴᠠᠬᠤ ᠬᠥᠮᠦᠨ᠄ ᠫᠸᠩ ᠬᠠᠶ ᠰᠢᠶᠠ

   ᠤᠲᠠᠰᠤ᠄ 0471 - 6946140

2023 ᠣᠨ᠎ᠤ 11 ᠳ᠋ᠦ᠍ᠭᠡᠷ ᠰᠠᠷ᠎ᠠ ᠵᠢᠨ10᠎ᠤ ᠡᠳᠦᠷ

 

ᠢᠷᠡᠯᠲᠡ᠄ ᠭᠠᠳᠠᠭ᠋ᠠᠳᠤ ᠠᠵᠤ ᠠᠬᠤᠶ ᠵᠢᠨ ᠭᠠᠵᠠᠷ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠥᠭᠡᠴᠡ ᠮᠢᠬ᠎ᠠ ᠵᠢ ᠳᠠᠭ᠋ᠠᠭ᠋ᠠᠨ ᠬᠠᠳᠠᠭ᠋ᠠᠯᠠᠬᠤ ᠠᠵᠤ ᠠᠬᠤᠶ᠋ᠢᠯᠠᠯ᠎ᠤᠨ ᠪᠡᠯᠡᠳᠬᠡᠯ ᠨᠡᠷᠡᠰ᠎ᠤᠨ ᠬᠥᠮᠥᠷᠭᠡ ᠵᠢ ᠰᠢᠨᠡᠳᠬᠡᠬᠦ ᠲᠤᠬᠠᠶ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ 2024 ᠣᠨ᠎ᠤ ᠳᠠᠪᠠᠭᠤᠯᠢᠭ ᠠᠵᠤ ᠦᠢ᠍ᠯᠡᠰ᠎ᠤᠨ ᠣᠨᠴᠠᠯᠢᠭᠲᠤ ᠦᠢ᠍ᠯᠡᠳᠭᠦᠨ᠎ᠤ ᠡᠯᠧᠺᠲᠷᠣᠨ ᠬᠤᠳᠠᠯᠳᠤᠭ᠋ᠠᠨ᠎ᠤ ᠥᠭᠡᠷᠡᠴᠢᠯᠡᠯᠲᠡ ᠵᠢᠨ ᠬᠢᠨᠠᠨ ᠲᠣᠭᠲᠠᠭ᠋ᠠᠬᠤ ᠲᠥᠷᠥᠯ ᠵᠦᠢ᠍ᠯ ᠪᠠ ᠦᠨ᠎ᠡ ᠯᠠᠪᠯᠠᠬᠤ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷ
ᠬᠥᠬᠡᠬᠤᠲᠠ ᠵᠢᠨ ᠥᠪᠥᠷ ᠮᠣᠩᠭᠤᠯ᠎ᠤᠨ ᠮᠧᠩ ᠨᠢᠦ ᠰᠦ ᠵᠢᠨ ᠦᠢ᠍ᠯᠡᠰ (ᠪᠦᠯᠦᠭᠯᠡᠯ)᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠪᠥᠬᠦ ᠤᠯᠤᠰ᠎ᠤᠨ ᠬᠠᠩᠭ᠋ᠠᠯᠭ᠎ᠠ ᠵᠢᠨ ᠬᠡᠯᠬᠢᠶ᠎ᠡ ᠵᠢᠨ ᠰᠢᠨ᠎ᠡ ᠵᠢ ᠡᠭᠦᠳᠬᠦ ᠪᠠ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠬᠤᠲᠠ ᠪᠣᠯᠣᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ ᠵᠶ᠋ᠠᠷ ᠠᠮᠵᠢᠯᠲᠠ᠎ᠲᠠᠢ ᠰᠣᠩᠭᠤᠭᠳᠠᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠬᠠᠮᠢᠶᠠᠷᠤᠯᠲᠠ ᠵᠢᠨ ᠠᠯᠪᠠᠨ ᠬᠡᠷ᠎ᠤᠨ 2023 ᠣᠨ᠎ᠤ ᠪᠣᠭᠤᠮᠲᠠ ᠵᠢᠨ ᠠᠵᠤ ᠠᠬᠤᠶ ᠵᠢᠨ ᠬᠥᠭᠵᠢᠯᠲᠡ ᠵᠢᠨ ᠲᠤᠰᠬᠠᠶ ᠪᠠᠯᠠ ᠮᠥᠩᠭᠦ ᠵᠢᠨ ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠲᠣᠭᠲᠠᠭ᠋ᠠᠵᠤ ᠬᠤᠳᠠᠯᠳᠤᠨ ᠠᠪᠬᠤ ᠲᠤᠬᠠᠶ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠬᠠᠮᠢᠶᠠᠷᠤᠯᠲᠠ ᠵᠢᠨ ᠠᠯᠪᠠᠨ ᠬᠡᠷ᠎ᠤᠨ 2024 ᠣᠨ᠎ᠤ ᠪᠣᠭᠤᠮᠲᠠ ᠵᠢᠨ ᠠᠵᠤ ᠠᠬᠤᠶ ᠵᠢᠨ ᠬᠥᠭᠵᠢᠯᠲᠡ ᠵᠢᠨ ᠲᠤᠰᠬᠠᠶ ᠪᠠᠯᠠ ᠮᠥᠩᠭᠦ ᠵᠢᠨ ᠲᠥᠷᠥᠯ ᠵᠦᠢ᠍ᠯ᠎ᠢ ᠬᠢᠨᠠᠨ ᠲᠣᠭᠲᠠᠭ᠋ᠠᠵᠤ ᠬᠤᠳᠠᠯᠳᠤᠨ ᠠᠪᠬᠤ ᠲᠤᠬᠠᠶ ᠠᠯᠪᠠᠨ ᠵᠠᠷ
 
            