ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2023 ᠣᠨ᠎ᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 ᠪᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ 《2023 ᠣᠨ᠎ᠤ ᠪᠥᠬᠦ ᠣᠷᠣᠨ᠎ᠤ ᠵᠢᠩᠬᠢᠨᠢ ᠳᠡᠭᠡᠳᠦ ᠵᠡᠷᠭᠡ ᠵᠢᠨ ᠪᠠ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠬᠢᠷᠢ ᠬᠡᠮ᠎ᠢ ᠬᠢᠨᠠᠨ ᠲᠣᠭᠲᠠᠭ᠋ᠠᠵᠤ ᠭᠤᠶᠤᠴᠢᠯᠠᠨ ᠮᠡᠳᠡᠭᠦᠯᠬᠦ ᠠᠵᠢᠯ᠎ᠤᠨ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠳᠦᠭᠡ ᠮᠠᠨ᠎ᠤ ᠲᠢᠩᠬᠢᠮ 2023 ᠣᠨ᠎ᠤ ᠵᠢᠩᠬᠢᠨᠢ ᠳᠡᠭᠡᠳᠦ ᠵᠡᠷᠭᠡ ᠵᠢᠨ ᠪᠠ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠷᠠᠭᠤᠯᠤᠯᠲᠠ᠎ᠳᠤ ᠣᠷᠤᠯᠴᠠᠭᠰᠠᠳ᠎ᠤᠨ ᠨᠡᠷ᠎ᠡ ᠵᠢᠨ ᠪᠦᠷᠢᠳᠭᠡᠯ᠎ᠢ ᠵᠠᠷᠯᠠᠨ ᠨᠡᠢ᠌ᠲᠡᠯᠡᠵᠦ ᠪᠠᠢ᠌ᠨ᠎ᠠ᠃
ᠨᠡᠶ᠋ᠢᠲᠡᠯᠡᠬᠦ ᠴᠠᠭ᠎ᠨᠢ 2023 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ 2023 ᠣᠨ᠎ᠤ 11 ᠳ᠋ᠦ᠍ᠭᠡᠷ ᠰᠠᠷ᠎ᠠ ᠵᠢᠨ 7᠎ᠤ ᠡᠳᠦᠷ ᠪᠣᠯᠲᠠᠯ᠎ᠠ᠃ ᠨᠡᠢ᠌ᠲᠡᠯᠡᠯ᠎ᠤᠨ ᠬᠤᠭᠤᠴᠠᠭ᠋ᠠᠨ᠎ᠳᠤ ᠨᠢᠭᠡᠴᠢ ᠪᠠ ᠬᠤᠪᠢ ᠬᠥᠮᠦᠨ ᠰᠤᠷᠪᠤᠯᠵᠢᠯᠠᠭ᠎ᠠ ᠬᠢᠬᠦ᠂ ᠵᠠᠬᠢᠳᠠᠯ ᠢᠷᠡᠭᠦᠯᠬᠦ᠂ ᠤᠳᠠᠰᠤ ᠢᠷᠡᠭᠦᠯᠬᠦ ᠵᠡᠷᠭᠡ ᠬᠡᠯᠪᠡᠷᠢ᠎ᠪᠠᠷ ᠨᠡᠶ᠋ᠢᠲᠡᠯᠡᠬᠦ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃
ᠤᠲᠠᠰᠤ᠄ 0471 — 6946452
ᠳᠠᠭ᠋ᠠᠯᠳᠤᠭᠤᠯᠤᠯ᠄ 2023 ᠣᠨ᠎ᠤ ᠵᠢᠩᠬᠢᠨᠢ ᠳᠡᠭᠡᠳᠦ ᠵᠡᠷᠭᠡ ᠵᠢᠨ ᠪᠠ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠷᠠᠭᠤᠯᠤᠯᠲᠠ᠎ᠳᠤ ᠣᠷᠣᠯᠴᠠᠭᠰᠠᠳ᠎ᠤᠨ ᠨᠡᠷ᠎ᠡ ᠵᠢᠨ ᠪᠦᠷᠢᠳᠭᠡᠯ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ
2023 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ
ᠳᠠᠭ᠋ᠠᠯᠳᠤᠭᠤᠯᠤᠯ᠄