ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠥᠬᠡᠬᠤᠲᠠ ᠵᠢᠨ ᠥᠪᠥᠷ ᠮᠣᠩᠭᠤᠯ᠎ᠤᠨ ᠮᠧᠩ ᠨᠢᠦ ᠰᠦ ᠵᠢᠨ ᠦᠢ᠍ᠯᠡᠰ (ᠪᠦᠯᠦᠭᠯᠡᠯ)᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠪᠥᠬᠦ ᠤᠯᠤᠰ᠎ᠤᠨ ᠬᠠᠩᠭ᠋ᠠᠯᠭ᠎ᠠ ᠵᠢᠨ ᠬᠡᠯᠬᠢᠶ᠎ᠡ ᠵᠢᠨ ᠰᠢᠨ᠎ᠡ ᠵᠢ ᠡᠭᠦᠳᠬᠦ ᠪᠠ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠬᠤᠲᠠ ᠪᠣᠯᠣᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ ᠵᠶ᠋ᠠᠷ ᠠᠮᠵᠢᠯᠲᠠ᠎ᠲᠠᠢ ᠰᠣᠩᠭᠤᠭᠳᠠᠪᠠ
ᠨᠡᠶ᠋ᠢᠲᠡᠯᠡᠭᠰᠡᠨ ᠴᠠᠭ᠄ 2023-12-22

   ᠣᠶ᠋ᠢᠷ᠎ᠠ᠎ᠳᠤ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 8 ᠨᠢᠭᠡᠴᠢ ᠲᠤᠰᠬᠠᠶ ᠮᠡᠷᠭᠡᠵᠢᠯᠲᠡᠨ᠎ᠤ ᠬᠢᠨᠠᠨ ᠰᠢᠯᠭ᠋ᠠᠷᠠᠭᠤᠯᠤᠯᠲᠠ᠎ᠪᠠᠷ ᠳᠡᠮᠵᠢᠨ᠂ ᠬᠥᠬᠡᠬᠤᠲᠠ ᠵᠢᠨ ᠥᠪᠥᠷ ᠮᠣᠩᠭᠤᠯ᠎ᠤᠨ ᠮᠧᠩ ᠨᠢᠦ ᠰᠦ ᠵᠢᠨ ᠦᠢ᠍ᠯᠡᠰ (ᠪᠦᠯᠦᠭᠯᠡᠯ)᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ 《2023 ᠣᠨ᠎ᠤ ᠪᠥᠬᠦ ᠤᠯᠤᠰ᠎ᠤᠨ ᠬᠠᠩᠭ᠋ᠠᠯᠭ᠎ᠠ ᠵᠢᠨ ᠬᠡᠯᠬᠢᠶ᠎ᠡ ᠵᠢᠨ ᠰᠢᠨ᠎ᠡ ᠵᠢ ᠡᠭᠦᠳᠬᠦ ᠪᠠ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠬᠤᠲᠠ ᠪᠣᠯᠣᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ》 ᠵᠶ᠋ᠠᠷ ᠦᠨᠡᠯᠡᠭᠳᠡᠪᠡ᠃ ᠣᠳᠣᠬᠠᠨ᠎ᠳᠤ ᠪᠣᠯᠲᠠᠯ᠎ᠠ᠂ ᠮᠠᠨ᠎ᠤ ᠣᠷᠣᠨ᠎ᠳᠤ ᠬᠠᠩᠭ᠋ᠠᠯᠭ᠎ᠠ ᠵᠢᠨ ᠬᠡᠯᠬᠢᠶ᠎ᠡ ᠵᠢᠨ ᠰᠢᠨ᠎ᠡ ᠵᠢ ᠡᠭᠦᠳᠬᠦ ᠪᠠ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠬᠤᠲᠠ 2 ᠪᠠᠢ᠌ᠵᠤ᠂ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ 3 ᠪᠣᠶ᠃

  10 ᠳ᠋ᠤᠭ᠋ᠠᠷ ᠰᠠᠷ᠎ᠠ ᠵᠢᠨ ᠬᠤᠷᠢᠳ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 8 ᠰᠠᠯᠠᠭ᠎ᠠ ᠮᠥᠴᠢᠷ᠎ᠤᠨ ᠳᠠᠷᠤᠮᠠᠯᠯᠠᠨ ᠲᠠᠷᠬᠠᠭ᠋ᠠᠭᠰᠠᠨ 《2023 ᠣᠨ᠎ᠤ ᠪᠥᠬᠦ ᠤᠯᠤᠰ᠎ᠤᠨ ᠬᠠᠩᠭ᠋ᠠᠯᠭ᠎ᠠ ᠵᠢᠨ ᠬᠡᠯᠬᠢᠶ᠎ᠡ ᠵᠢᠨ ᠰᠢᠨ᠎ᠡ ᠵᠢ ᠡᠭᠦᠳᠬᠦ ᠪᠠ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠬᠤᠲᠠ ᠪᠣᠯᠣᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠎ᠢ ᠭᠤᠶᠤᠴᠢᠯᠠᠨ ᠮᠡᠳᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠬᠤᠳᠠᠯᠳᠤᠭ᠋ᠠᠨ᠎ᠤ ᠭᠦᠢ᠍ᠯᠭᠡᠭᠡᠨ ᠥᠰᠥᠭ [2023] 577 ᠳ᠋ᠤᠭ᠋ᠠᠷ ᠲᠣᠭ᠋ᠠᠲᠤ)᠎ᠤᠨ ᠶᠣᠰᠣᠭ᠋ᠠᠷ ᠭᠤᠶᠤᠴᠢᠯᠠᠨ ᠮᠡᠳᠡᠭᠦᠯᠬᠦ ᠠᠵᠢᠯ᠎ᠢ ᠢᠳᠡᠪᠬᠢᠲᠡᠶ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠥᠬᠡᠬᠤᠲᠠ ᠵᠢᠨ ᠥᠪᠥᠷ ᠮᠣᠩᠭᠤᠯ᠎ᠤᠨ ᠮᠧᠩ ᠨᠢᠦ ᠰᠦ ᠵᠢᠨ ᠦᠢ᠍ᠯᠡᠰ᠎ᠤᠨ (ᠪᠦᠯᠦᠭᠯᠡᠯ) ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠡᠷᠭᠡ ᠣᠯᠠᠨ ᠠᠵᠤ ᠠᠬᠤᠶ᠋ᠢᠯᠠᠯ᠎ᠢ ᠮᠡᠳᠡᠭᠦᠯᠦᠨ ᠬᠦᠷᠭᠡᠵᠦ ᠦᠨᠡᠯᠡᠯᠲᠡ᠎ᠳᠤ ᠣᠷᠣᠯᠴᠠᠭᠤᠯᠪᠠ᠃ ᠲᠠᠷᠠᠭ᠋ᠠᠴᠢ ᠵᠢᠨ ᠠᠯᠬᠤᠮ᠎ᠳᠤ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ ᠲᠣᠰ ᠤᠳᠠᠭ᠋ᠠᠨ᠎ᠤ ᠪᠥᠬᠦ ᠤᠯᠤᠰ᠎ᠤᠨ ᠬᠠᠩᠭ᠋ᠠᠯᠭ᠎ᠠ ᠵᠢᠨ ᠬᠡᠯᠬᠢᠶ᠎ᠡ ᠵᠢᠨ ᠰᠢᠨ᠎ᠡ ᠵᠢ ᠡᠭᠦᠳᠬᠦ ᠪᠠ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠬᠤᠲᠠ ᠪᠣᠯᠣᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠎ᠢ ᠡᠭᠦᠳᠦᠨ ᠪᠠᠶ᠋ᠢᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠲᠤᠷᠰᠢᠯᠲᠠ ᠵᠢᠨ ᠴᠡᠭ ᠪᠣᠯᠬᠤ ᠬᠤᠲᠠ ᠪᠠ ᠠᠵᠤ ᠠᠬᠤᠶ᠋ᠢᠯᠠᠯ᠎ᠤᠨ ᠬᠠᠩᠭ᠋ᠠᠯᠭ᠎ᠠ ᠵᠢᠨ ᠬᠡᠯᠬᠢᠶ᠎ᠡ ᠵᠢᠨ ᠵᠠᠰᠠᠯᠲᠠ ᠵᠢᠨ ᠪᠠᠶ᠋ᠢᠭᠤᠯᠤᠯ᠎ᠤᠨ ᠵᠣᠬᠢᠴᠠᠮᠵᠢ ᠪᠠ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠣᠲᠣ ᠦᠶ᠎ᠡ ᠵᠢᠨ ᠬᠠᠩᠭ᠋ᠠᠯᠭ᠎ᠠ ᠵᠢᠨ ᠬᠡᠯᠬᠢᠶ᠎ᠡ ᠵᠢᠨ ᠰᠢᠰᠲᠸᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢ ᠠᠬᠢᠭᠤᠯᠤᠨ᠎ᠠ᠃

 

ᠢᠷᠡᠯᠲᠡ᠄ ᠭᠦᠢ᠍ᠯᠭᠡᠭᠡᠨ᠎ᠤ ᠭᠠᠵᠠᠷ
          
ᠬᠠᠮᠢᠶ᠎ᠡ ᠪᠦᠬᠦᠢ ᠰᠣᠨᠢᠨ
ᠰᠢᠨ᠎ᠡ ᠨᠢᠭᠡ ᠪᠦᠯᠦᠭ ᠳᠤᠮᠳᠠᠳᠤ ᠵᠢᠨ ᠬᠠᠭᠤᠴᠢᠨ ᠨᠠᠷᠠᠲᠤ ᠲᠡᠮᠳᠡᠭ᠎ᠢ ᠮᠠᠭ᠋ᠠᠳᠯᠠᠨ ᠲᠣᠭᠲᠠᠭ᠋ᠠᠬᠤ ᠨᠡᠷᠡᠰ᠎ᠢ ᠵᠠᠷᠯᠠᠨ ᠨᠡᠶ᠋ᠢᠲᠡᠯᠡᠬᠦ᠎ᠪᠠᠷ ᠪᠣᠶ ᠮᠠᠨ᠎ᠤ ᠣᠷᠣᠨ᠎ᠤ 9 ᠨᠠᠷᠠᠲᠤ ᠲᠡᠮᠳᠡᠭ ᠰᠣᠩᠭᠣᠭᠳᠠᠪᠠ
《ᠳᠤᠮᠳᠠᠳᠤ ᠤᠯᠤᠰ᠎ᠤᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠠᠸᠠᠷ᠎ᠤᠨ ᠠᠷᠠᠯᠵᠢᠶᠠᠨ᠎ᠤ ᠴᠤᠭᠯᠠᠭ᠋ᠠᠨ᠎ᠤ ᠥᠪᠥᠷ ᠮᠣᠩᠭᠣᠯ᠎ᠤᠨ ᠠᠷᠠᠯᠵᠢᠶᠠᠨ᠎ᠤ ᠪᠦᠯᠬᠦᠮ᠎ᠤᠨ ᠣᠷᠣᠨ ᠪᠠᠶ᠋ᠢᠷᠢ ᠵᠢᠨ ᠬᠤᠪᠢᠶᠠᠷᠢᠯᠠᠯᠲᠠ ᠪᠠ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ) (ᠰᠠᠨᠠᠯ ᠬᠤᠷᠢᠶᠠᠬᠤ ᠨᠤᠤᠷᠠᠭ)》 ᠵᠢᠨ ᠰᠠᠨᠠᠯ᠎ᠢ ᠢᠯᠡ᠎ᠪᠠᠷ ᠬᠤᠷᠢᠶᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠮᠡᠳᠡᠭᠳᠡᠯ
2024 ᠵᠡᠭᠦᠨ ᠡᠮᠦᠨᠡᠲᠦ ᠠᠽᠢᠶ᠎ᠠ ᠵᠢᠨ ᠬᠤᠯᠪᠣᠭ᠋ᠠᠨ᠎ᠤ ᠤᠯᠤᠰ᠎ᠤᠳ᠎ᠤᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠶ᠋ᠢᠳ᠎ᠤᠨ 《ᠥᠪᠥᠷ ᠮᠣᠩᠭᠣᠯ᠎ᠲᠠᠢ ᠪᠣᠯᠵᠣᠬᠤ》 ᠪᠠᠯᠠ ᠣᠷᠣᠭᠤᠯᠤᠯᠲᠠ ᠵᠢᠨ ᠠᠷᠠᠯᠵᠢᠶᠠᠨ᠎ᠤ ᠵᠥᠪᠳᠡᠯᠴᠡᠬᠡᠷ᠎ᠤᠨ ᠬᠤᠷᠠᠯ᠎ᠤᠨ ᠦᠢ᠍ᠯᠡᠴᠢᠯᠡᠭᠡ ᠬᠤᠳᠠᠯᠳᠤᠨ ᠠᠪᠬᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷ
ᠬᠠᠶᠠᠭᠳᠠᠮᠠᠯ ᠮᠠᠰᠢᠨᠲᠤ ᠲᠡᠷᠭᠡ ᠵᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶ᠋ᠢᠯᠠᠯ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠠᠷᠯᠠᠯ
135 ᠳ᠋ᠤᠭ᠋ᠠᠷ ᠬᠤᠭᠤᠴᠠᠭ᠋ᠠᠨ᠎ᠤ ᠷᠠᠳᠢᠣ᠋ ᠲᠧᠯᠸᠢᠰ᠎ᠤᠨ ᠴᠤᠭᠯᠠᠭ᠋ᠠᠨ᠎ᠤ ᠥᠪᠥᠷ ᠮᠣᠩᠭᠤᠯ᠎ᠤᠨ ᠠᠷᠠᠯᠵᠢᠶᠠᠨ᠎ᠤ ᠪᠦᠯᠬᠦᠮ᠎ᠤᠨ ᠭᠠᠳᠠᠭ᠋ᠠᠳᠤ᠎ᠳᠤ ᠭᠠᠷᠭ᠋ᠠᠬᠤ ᠡᠩ᠎ᠤᠨ ᠴᠢᠨᠠᠷᠲᠠᠶ ᠦᠵᠡᠭᠦᠯᠭᠡ ᠵᠢᠨ ᠪᠠᠶ᠋ᠢᠷᠢ ᠵᠢᠨ ᠲᠤᠭ᠎ᠠ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠢ ᠵᠠᠷᠯᠠᠨ ᠨᠡᠶ᠋ᠢᠲᠡᠯᠡᠬᠦ ᠲᠤᠬᠠᠶ ᠮᠡᠳᠡᠭᠳᠡᠯ
 
            