ᠳᠤᠮᠳᠠᠳᠤ ᠤᠯᠤᠰ᠎ᠤᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠠᠸᠠᠷ᠎ᠤᠨ ᠠᠷᠠᠯᠵᠢᠶᠠᠨ᠎ᠤ ᠴᠤᠭᠯᠠᠭ᠋ᠠᠨ (ᠳᠥᠭᠥᠮᠴᠢᠯᠡᠭᠡᠳ ᠭᠤᠸᠠᠩᠵᠧᠦ ᠵᠢᠨ ᠠᠷᠠᠯᠵᠢᠶᠠᠨ᠎ᠤ ᠴᠤᠭᠯᠠᠭ᠋ᠠᠨ ᠭᠡᠳᠡᠭ)᠎ᠤ ᠥᠪᠥᠷ ᠮᠣᠩᠭᠣᠯ᠎ᠤᠨ ᠠᠷᠠᠯᠵᠢᠶᠠᠨ᠎ᠤ ᠪᠦᠯᠬᠦᠮ᠎ᠤᠨ ᠦᠵᠡᠭᠦᠯᠭᠡ ᠵᠢᠨ ᠣᠷᠣᠨ ᠲᠣᠭ᠎ᠠ ᠵᠢᠨ ᠲᠣᠬᠢᠷᠠᠭᠤᠯᠤᠯᠲᠠ ᠪᠠ ᠬᠡᠷᠡᠭᠯᠡᠯᠲᠡ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠤᠰᠠᠳᠠ᠂ ᠦᠵᠡᠭᠦᠯᠭᠡ ᠵᠢᠨ ᠣᠷᠣᠨ ᠲᠣᠭ᠎ᠠ ᠵᠢ ᠲᠥᠪ ᠭᠤᠤᠯᠴᠢ ᠲᠣᠬᠢᠷᠠᠭᠤᠯᠬᠤ ᠬᠡᠷᠡᠭᠲᠡᠶ᠂ ᠲᠥᠪ ᠭᠣᠣᠯᠴᠢ᠂ ᠢᠯᠡ᠂ ᠭᠤᠸᠠᠩᠵᠧᠦ ᠵᠢᠨ ᠠᠷᠠᠯᠵᠢᠶᠠᠨ᠎ᠤ ᠴᠤᠭᠯᠠᠭ᠋ᠠᠨ᠎ᠤ ᠭᠠᠳᠠᠭ᠋ᠠᠳᠤ᠎ᠳᠤ ᠭᠠᠷᠭ᠋ᠠᠬᠤ ᠬᠡᠪᠴᠢᠶ᠎ᠡ ᠵᠢ ᠥᠷᠭᠡᠳᠬᠡᠬᠦ᠂ ᠭᠠᠳᠠᠭ᠋ᠠᠳᠤ ᠠᠷᠠᠯᠵᠢᠶᠠᠨ᠎ᠤ ᠪᠦᠲᠦᠴᠡ ᠵᠢ ᠰᠢᠯᠢᠳᠡᠭᠵᠢᠭᠦᠯᠦᠨ᠎ᠡ᠂ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠵᠢ ᠠᠬᠢᠭᠤᠯᠬᠤ ᠲᠠᠯ᠎ᠠ᠎ᠪᠠᠷ᠎ᠬᠢ ᠤᠳᠤᠷᠢᠳᠤᠮᠵᠢ ᠪᠠ ᠠᠬᠢᠭᠤᠯᠬᠤ ᠦᠢ᠍ᠯᠡᠳᠦᠯ᠂ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶᠠᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠂ 《ᠳᠤᠮᠳᠠᠳᠤ ᠤᠯᠤᠰ᠎ᠤᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠠᠸᠠᠷ᠎ᠤᠨ ᠠᠷᠠᠯᠵᠢᠶᠠᠨ᠎ᠤ ᠴᠤᠭᠯᠠᠭ᠋ᠠᠨ᠎ᠤ ᠭᠠᠳᠠᠭ᠋ᠠᠳᠤ᠎ᠳᠤ ᠭᠠᠷᠭ᠋ᠠᠬᠤ ᠦᠵᠡᠭᠦᠯᠭᠡ ᠵᠢᠨ ᠡᠩ᠎ᠤᠨ ᠴᠢᠨᠠᠷᠲᠠᠶ ᠳᠡᠯᠭᠡᠨ ᠦᠵᠡᠭᠦᠯᠬᠦ ᠪᠠᠶ᠋ᠢᠷᠢ ᠵᠢᠨ ᠲᠣᠭ᠎ᠠ ᠬᠡᠮᠵᠢᠶ᠎ᠡ ᠵᠢᠨ ᠲᠣᠬᠢᠷᠠᠭᠤᠯᠤᠯᠲᠠ ᠵᠢᠨ ᠠᠷᠭ᠎ᠠ》 ᠪᠠ 《ᠳᠤᠮᠳᠠᠳᠤ ᠤᠯᠤᠰ᠎ᠤᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠠᠸᠠᠷ᠎ᠤᠨ ᠠᠷᠠᠯᠵᠢᠶᠠᠨ᠎ᠤ ᠴᠤᠭᠯᠠᠭ᠋ᠠᠨ᠎ᠤ ᠭᠠᠳᠠᠭ᠋ᠠᠳᠤ᠎ᠳᠤ ᠭᠠᠷᠭ᠋ᠠᠬᠤ ᠳᠡᠯᠭᠡᠨ ᠦᠵᠡᠭᠦᠯᠬᠦ ᠪᠠᠶ᠋ᠢᠷᠢ ᠵᠢᠨ ᠬᠡᠷᠡᠭᠯᠡᠯᠲᠡ ᠬᠠᠮᠢᠶᠠᠷᠤᠯᠲᠠ ᠵᠢᠨ ᠲᠣᠭᠲᠠᠭ᠋ᠠᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ 《ᠳᠤᠮᠳᠠᠳᠤ ᠤᠯᠤᠰ᠎ᠤᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠠᠸᠠᠷ᠎ᠤᠨ ᠠᠷᠠᠯᠵᠢᠶᠠᠨ᠎ᠤ ᠴᠤᠭᠯᠠᠭ᠋ᠠᠨ᠎ᠤ ᠥᠪᠥᠷ ᠮᠣᠩᠭᠣᠯ᠎ᠤᠨ ᠠᠷᠠᠯᠵᠢᠶᠠᠨ᠎ᠤ ᠪᠦᠯᠬᠦᠮ᠎ᠤᠨ ᠣᠷᠣᠨ ᠪᠠᠶ᠋ᠢᠷᠢ ᠵᠢᠨ ᠬᠤᠪᠢᠶᠠᠷᠢᠯᠠᠯᠲᠠ ᠪᠠ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ) (ᠰᠠᠨᠠᠯ ᠬᠤᠷᠢᠶᠠᠬᠤ ᠨᠤᠤᠷᠠᠭ)》 ᠵᠢ ᠰᠤᠳᠤᠯᠤᠨ ᠲᠤᠭᠤᠷᠪᠢᠪᠠ᠂ ᠣᠳᠣ ᠨᠡᠶ᠋ᠢᠭᠡᠮ᠎ᠳᠤ ᠬᠠᠨᠳᠤᠭᠤᠯᠤᠨ ᠢᠯᠡ᠎ᠪᠠᠷ ᠰᠠᠨᠠᠯ ᠬᠤᠷᠢᠶᠠᠵᠤ ᠪᠠᠢ᠌ᠨ᠎ᠠ᠃ ᠬᠣᠯᠪᠣᠭᠳᠠᠯ ᠪᠥᠬᠥᠶ ᠰᠠᠨᠠᠯ ᠰᠠᠨᠠᠭᠤᠯᠭ᠎ᠠ ᠵᠢ ᠰᠢᠤᠳᠠᠨ ᠬᠠᠶ᠋ᠢᠷᠴᠠᠭ (sw6945317@126.com)᠎ᠲᠤ ᠢᠯᠡᠭᠡᠭᠡᠷᠡᠶ᠂ ᠰᠢᠤᠳᠠᠨ ᠵᠦᠢ᠍ᠯ᠎ᠤᠨ ᠭᠤᠤᠯ ᠰᠡᠳᠦᠪ᠎ᠲᠤ 《ᠭᠤᠸᠠᠩᠵᠧᠦ ᠵᠢᠨ ᠠᠷᠠᠯᠵᠢᠶᠠᠨ᠎ᠤ ᠴᠤᠭᠯᠠᠭ᠋ᠠᠨ᠎ᠤ ᠬᠤᠪᠢᠶᠠᠷᠢᠯᠠᠯᠲᠠ ᠵᠢᠨ ᠬᠠᠮᠢᠶᠠᠷᠤᠯᠲᠠ ᠵᠢᠨ ᠠᠷᠭ᠎ᠠ ᠢᠯᠡ᠎ᠪᠠᠷ ᠰᠠᠨᠠᠯ ᠬᠤᠷᠢᠶᠠᠬᠤ》 ᠵᠢ ᠲᠣᠳᠣᠷᠬᠠᠶ᠋ᠢᠯᠠᠭ᠋ᠠᠷᠠᠶ᠃ ᠰᠠᠨᠠᠯ᠎ᠳᠤ 2023 ᠣᠨ᠎ᠤ 1 ᠳ᠋ᠦ᠍ᠭᠡᠷ ᠰᠠᠷ᠎ᠠ ᠵᠢᠨ 9᠎ᠤ ᠡᠳᠦᠷ ᠪᠣᠯᠲᠠᠯ᠎ᠠ ᠬᠠᠷᠢᠭᠤ ᠲᠤᠰᠬᠠᠨ᠎ᠠ᠃