12 ᠳ᠋ᠤᠭ᠋ᠠᠷ ᠰᠠᠷ᠎ᠠ ᠵᠢᠨ 21᠎ᠤ ᠡᠳᠦᠷ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠰᠢᠨ᠎ᠡ ᠨᠢᠭᠡ ᠪᠦᠯᠦᠭ ᠳᠤᠮᠳᠠᠳᠤ ᠵᠢᠨ ᠬᠠᠭᠤᠴᠢᠨ ᠨᠠᠷᠠᠲᠤ ᠲᠡᠮᠳᠡᠭ᠎ᠢ ᠮᠠᠭ᠋ᠠᠳᠯᠠᠨ ᠲᠣᠭᠲᠠᠭ᠋ᠠᠬᠤ᠎ᠪᠠᠷ ᠪᠠᠶ᠋ᠢᠭ᠎ᠠ ᠨᠡᠷᠡᠰ᠎ᠢ ᠨᠡᠶ᠋ᠢᠲᠡᠯᠡᠪᠡ᠂ ᠪᠥᠬᠥ ᠤᠯᠤᠰ᠎ᠲᠤ ᠨᠡᠶ᠋ᠢᠲᠡ 388 ᠨᠠᠷᠠᠲᠤ ᠲᠡᠮᠳᠡᠭ ᠰᠣᠩᠭᠣᠭᠳᠠᠵᠤ᠂ ᠳᠤᠮᠳᠠᠴᠢ᠎ᠪᠠᠷ 138 ᠨᠠᠰᠤ ᠬᠦᠷᠴᠡᠶ᠃ ᠡᠭᠦᠨ᠎ᠳᠤ᠂ ᠮᠠᠨ᠎ᠤ ᠣᠷᠣᠨ᠎ᠤ ᠥᠪᠥᠷ ᠮᠣᠩᠭᠣᠯ᠎ᠤᠨ ᠮᠣᠩᠭᠣᠯ ᠸᠠᠩ ᠠᠵᠤ ᠦᠢ᠍ᠯᠡᠰ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ (ᠮᠣᠩᠭᠣᠯ ᠸᠠᠩ)᠂ ᠥᠪᠥᠷ ᠮᠣᠩᠭᠣᠯ᠎ᠤᠨ ᠵᠧᠩ ᠪᠧᠶ ᠢᠳᠡᠭᠡᠨ᠎ᠤ ᠬᠢᠵᠠᠭ᠋ᠠᠷᠲᠤ ᠺᠣᠮᠫᠠᠨᠢ (ᠵᠧᠩ ᠪᠧᠶ)᠂ ᠪᠤᠭᠤᠲᠤ ᠬᠣᠲᠠ ᠵᠢᠨ ᠵᠢᠨ ᠯᠦ᠍ ᠲᠣᠰᠣ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ (ᠵᠢᠨ ᠯᠦ᠍)᠂ ᠬᠥᠯᠥᠨ ᠪᠤᠶ᠋ᠢᠷ᠎ᠤᠨ ᠬᠠᠶ ᠷᠦ᠍ ᠰᠦ ᠵᠢᠨ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ (ᠬᠠᠶ ᠷᠦᠶ)᠂ ᠹᠧᠩᠵᠧᠨ ᠬᠣᠲᠠ ᠵᠢᠨ ᠧᠨ ᠪᠦᠦ ᠢᠳᠡᠭᠡᠨ᠎ᠤ ᠬᠢᠵᠠᠭ᠋ᠠᠷᠲᠤ ᠺᠣᠮᠫᠠᠨᠢ (ᠹᠧᠩᠵᠧᠨ ᠧᠨ ᠪᠦᠦ)᠂ ᠥᠪᠥᠷ ᠮᠣᠩᠭᠤᠯ᠎ᠤᠨ ᠲᠡᠮᠡᠭᠡ ᠠᠷᠢᠬᠢᠨ᠎ᠤ ᠦᠢ᠍ᠯᠡᠰ᠎ᠤᠨ ᠪᠦᠯᠦᠭᠯᠡᠯᠲᠦ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ (ᠲᠡᠮᠡᠭᠡ)᠂ ᠥᠪᠥᠷ ᠮᠣᠩᠭᠤᠯ᠎ᠤᠨ ᠪᠠ ᠵᠢᠶᠦ᠋ᠨ ᠮᠠ ᠦᠨᠳᠦᠰᠦᠲᠡᠨ᠎ᠤ ᠬᠡᠷᠡᠭᠰᠡᠯ ᠦᠢ᠍ᠯᠡᠳᠬᠦ ᠬᠢᠵᠠᠭ᠋ᠠᠷᠲᠤ ᠺᠣᠮᠫᠠᠨᠢ (ᠥᠪᠥᠷ ᠮᠣᠩᠭᠤᠯ᠎ᠤᠨ ᠪᠠ ᠵᠢᠶᠦ᠋ᠨ ᠮᠠ)᠂ ᠥᠪᠥᠷ ᠮᠣᠩᠭᠤᠯ᠎ᠤᠨ ᠳ᠋ᠡ ᠲᠠᠩ ᠡᠮ᠎ᠤᠨ ᠦᠢ᠍ᠯᠡᠰ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ (ᠲᠦᠩ᠎ᠲᠠᠢ ᠶᠦᠩ)᠂ ᠥᠪᠥᠷ ᠮᠣᠩᠭᠣᠯ᠎ᠤᠨ ᠳ᠋ᠦᠩᠱ᠌ᠧᠩ ᠶᠡᠬᠡ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ (ᠳ᠋ᠦᠩᠱ᠌ᠧᠩ ᠶᠡᠬᠡ) ᠵᠡᠷᠭᠡ 9 ᠨᠠᠷᠠᠲᠤ ᠲᠡᠮᠳᠡᠭ ᠰᠣᠩᠭᠣᠭᠳᠠᠪᠠ᠂ ᠮᠠᠨ᠎ᠤ ᠣᠷᠣᠨ᠎ᠤ ᠲᠠᠨᠢᠯᠴᠠᠭᠤᠯᠤᠭᠰᠠᠨ ᠨᠠᠷᠠᠲᠤ ᠲᠥᠷᠥᠯ ᠲᠡᠮᠳᠡᠭᠲᠦ ᠵᠢᠨ ᠰᠣᠩᠭᠣᠭᠳᠠᠭᠰᠠᠨ ᠨᠣᠷᠮ᠎ᠠ 81.8 %᠎ᠳᠤ ᠬᠥᠷᠪᠡ᠃
ᠳᠤᠮᠳᠠᠳᠤ ᠵᠢᠨ ᠬᠠᠭᠤᠴᠢᠨ ᠨᠠᠷᠠᠲᠤ ᠲᠡᠮᠳᠡᠭ ᠭᠡᠳᠡᠭ᠎ᠨᠢ ᠲᠡᠦᠬᠡ ᠵᠢᠨ ᠰᠠᠭᠤᠷᠢ ᠵᠤᠵᠠᠭ᠋ᠠᠨ᠂ ᠰᠣᠶᠣᠯ᠎ᠤᠨ ᠣᠨᠴᠠᠯᠢᠭ ᠢᠯᠡ ᠲᠣᠳᠣ᠂ ᠭᠠᠷ ᠤᠷᠠᠯᠠᠯ᠎ᠤᠨ ᠮᠡᠷᠭᠡᠵᠢᠯ ᠥᠪᠡᠷᠮᠢᠴᠡ᠂ ᠵᠢᠷᠤᠵᠤ ᠲᠥᠯᠥᠪᠯᠡᠨ ᠦᠢ᠍ᠯᠡᠳᠬᠦᠨ᠎ᠢ ᠨᠠᠷᠢᠯᠢᠭ ᠰᠠᠶ᠋ᠢᠨ᠂ ᠦᠢ᠍ᠯᠡᠳᠭᠦᠨ᠎ᠤ ᠦᠢ᠍ᠯᠡᠴᠢᠯᠡᠭᠡᠨ᠎ᠢ ᠰᠢᠯᠢᠳᠡᠭ᠂ ᠡᠵᠡᠩᠨᠡᠨ ᠪᠣᠷᠣᠯᠠᠭᠤᠯᠬᠤ ᠠᠷᠭ᠎ᠠ ᠵᠠᠮ᠎ᠨᠢ ᠥᠨᠳᠥᠷ ᠪᠦᠲᠦᠮᠵᠢᠲᠡᠶ᠂ ᠨᠡᠶ᠋ᠢᠭᠡᠮ ᠳᠠᠶᠠᠭ᠋ᠠᠷ᠎ᠲᠤ ᠥᠷᠭᠡᠨ ᠵᠶ᠋ᠠᠷ ᠮᠡᠳᠡᠷᠡᠭᠳᠡᠭᠰᠡᠨ ᠨᠠᠷᠠᠲᠤ ᠲᠥᠷᠥᠯ ᠲᠡᠮᠳᠡᠭᠲᠦ (ᠨᠠᠷᠠᠲᠤ ᠲᠥᠷᠥᠯ ᠲᠡᠮᠳᠡᠭᠲᠦ᠂ ᠲᠠᠸᠠᠷ᠎ᠤᠨ ᠲᠡᠮᠳᠡᠭ ᠵᠡᠷᠭᠡ) ᠵᠢ ᠵᠢᠭ᠋ᠠᠵᠤ ᠪᠣᠶ᠃ ᠣᠶ᠋ᠢᠷ᠎ᠠ ᠵᠢᠨ ᠵᠢᠯ᠎ᠤᠨ ᠲᠤᠷᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠵᠢ ᠪᠠᠷᠢᠮᠲᠠᠯᠠᠨ ᠠᠵᠤ ᠦᠢ᠍ᠯᠡᠰ ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠨᠠᠷᠢᠨ ᠬᠠᠭᠤᠳᠠᠰᠤ ᠪᠠ ᠬᠡᠷᠡᠭᠯᠡᠭᠡ ᠵᠢᠨ ᠨᠡᠮᠡᠭᠳᠡᠯ᠎ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠡᠷᠡᠭᠯᠡᠭᠡ ᠵᠢᠨ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠪᠠ᠃ ᠳᠣᠲᠣᠭ᠋ᠠᠳᠤ ᠠᠷᠠᠯᠵᠢᠶᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠤᠰᠬᠠᠶ ᠪᠠᠯᠠ ᠮᠥᠩᠭᠥ ᠵᠢ ᠠᠰᠢᠭᠯᠠᠨ ᠬᠠᠭᠤᠴᠢᠨ ᠨᠠᠷᠠᠲᠤ ᠲᠡᠮᠳᠡᠭᠲᠦ᠎ᠳᠤ ᠨᠠᠷᠠᠲᠤ ᠲᠥᠷᠥᠯ ᠲᠡᠮᠳᠡᠭᠲᠦ ᠵᠢᠨ ᠦᠨ᠎ᠡ ᠥᠷᠲᠡᠭ᠎ᠢ ᠤᠯᠠᠮᠵᠢᠯᠠᠨ ᠳᠡᠯᠭᠡᠷᠡᠭᠦᠯᠬᠦ᠂ ᠦᠨᠳᠦᠰᠦᠲᠡᠨ᠎ᠤ ᠰᠣᠶᠣᠯ᠎ᠢ ᠪᠠᠳᠠᠷᠠᠭᠤᠯᠬᠤ᠂ ᠤᠯᠠᠮᠵᠢᠯᠠᠯᠲᠤ ᠤᠷ᠎ᠠ ᠮᠡᠷᠭᠡᠵᠢᠯ᠎ᠢ ᠤᠯᠠᠮᠵᠢᠯᠠᠨ ᠰᠢᠨ᠎ᠡ ᠵᠢ ᠡᠭᠦᠳᠬᠦ ᠪᠠ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠠᠭᠤᠰᠤᠯᠴᠠᠨ ᠬᠥᠭᠵᠢᠬᠦ ᠵᠢ ᠪᠡᠶᠡᠯᠡᠭᠦᠯᠬᠦ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠵᠦ᠂ ᠬᠠᠭᠤᠴᠢᠨ ᠨᠠᠷᠠᠲᠤ ᠲᠡᠮᠳᠡᠭᠲᠦ ᠵᠢᠨ ᠰᠢᠨ᠎ᠡ ᠵᠢ ᠡᠭᠦᠳᠬᠦ ᠵᠢ ᠳᠡᠮᠵᠢᠨ᠎ᠡ᠃
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠵᠡᠷᠭᠡ 8 ᠰᠠᠯᠠᠭ᠎ᠠ ᠮᠥᠴᠢᠷ᠎ᠲᠠᠢ ᠬᠠᠮᠲᠤᠷᠠᠨ 《ᠬᠠᠭᠤᠴᠢᠨ ᠨᠠᠷᠠᠲᠤ ᠲᠡᠮᠳᠡᠭᠲᠦ ᠵᠢᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠤᠨ᠂ ᠨᠠᠷᠠᠲᠤ ᠲᠥᠷᠥᠯ ᠲᠡᠮᠳᠡᠭᠲᠦ ᠵᠢᠨ ᠰᠠᠭᠤᠷᠢ ᠵᠢ ᠪᠡᠬᠢᠵᠢᠭᠦᠯᠪᠡ᠃ ᠬᠠᠭᠤᠴᠢᠨ ᠨᠠᠷᠠᠲᠤ ᠲᠡᠮᠳᠡᠭᠲᠦ ᠵᠢ ᠮᠠᠭ᠋ᠠᠳᠯᠠᠨ ᠲᠣᠭᠲᠠᠭ᠋ᠠᠬᠤ ᠨᠥᠬᠥᠴᠡᠯ᠂ ᠮᠠᠭ᠋ᠠᠳᠯᠠᠨ ᠲᠣᠭᠲᠠᠭ᠋ᠠᠬᠤ ᠲᠠᠰ ᠳᠠᠷᠠᠭ᠋ᠠᠯᠠᠯ᠎ᠢ ᠵᠢᠷᠤᠮᠵᠢᠭᠤᠯᠵᠤ᠂ ᠨᠢᠭᠡᠨᠲᠡ ᠮᠠᠭ᠋ᠠᠳᠯᠠᠨ ᠲᠣᠭᠲᠠᠭ᠋ᠠᠭᠰᠠᠨ ᠠᠵᠤ ᠠᠬᠤᠶ᠋ᠢᠯᠠᠯ᠎ᠳᠤ ᠵᠢᠷᠤᠮᠵᠢᠭᠤᠯᠬᠤ᠂ ᠪᠠᠶ᠋ᠢᠩᠭᠤᠵᠢᠭᠤᠯᠬᠤ ᠵᠢᠴᠢ ᠲᠠᠰ ᠬᠤᠪᠢᠶᠠᠨ ᠬᠠᠮᠢᠶᠠᠷᠬᠤ ᠵᠢ ᠬᠡᠷᠡᠭᠵᠢᠭᠦᠯᠵᠦ᠂ 《ᠰᠢᠷ᠎ᠠ ᠫᠠᠶ᠋ᠢᠰᠠ᠎ᠪᠠᠷ ᠰᠡᠷᠡᠮᠵᠢᠯᠡᠭᠦᠯᠬᠦ》 ᠲᠣᠭᠲᠠᠴᠠ ᠵᠢ ᠣᠷᠣᠭᠤᠯᠤᠨ ᠠᠪᠴᠢᠷᠠᠵᠤ᠂ ᠬᠥᠳᠡᠯᠦᠩᠭᠦᠶ᠎ᠪᠠᠷ ᠬᠠᠮᠢᠶᠠᠷᠬᠤ ᠲᠣᠭᠲᠠᠴᠠ ᠵᠢ ᠴᠢᠩᠭ᠋ᠠᠷᠠᠭᠤᠯᠤᠨ᠎ᠠ᠃ ᠳᠤᠮᠳᠠᠳᠤ ᠵᠢᠨ ᠬᠠᠭᠤᠴᠢᠨ ᠨᠠᠷᠠᠲᠤ ᠲᠡᠮᠳᠡᠭᠲᠦ (ᠱᠠᠨᠳᠦ᠋ᠩ) ᠦᠵᠡᠭᠦᠯᠭᠡ ᠵᠡᠷᠭᠡ ᠰᠢᠷᠢᠰ ᠦᠵᠡᠭᠦᠯᠭᠡ᠎ᠳᠤ ᠣᠷᠣᠯᠴᠠᠬᠤ ᠵᠢ ᠵᠣᠬᠢᠶᠠᠨ ᠪᠠᠶ᠋ᠢᠭᠤᠯᠵᠤ᠂ ᠭᠠᠳᠠᠭ᠋ᠠᠳᠤ᠎ᠲᠠᠢ ᠰᠣᠯᠢᠯᠴᠠᠬᠤ ᠴᠢᠳᠠᠪᠤᠷᠢ ᠵᠢ ᠳᠡᠭᠡᠭᠰᠢᠯᠡᠭᠦᠯᠦᠨ᠂ ᠨᠥᠯᠥᠭᠡᠯᠡᠬᠦ ᠬᠦᠴᠦᠨ᠎ᠢ ᠥᠷᠭᠡᠳᠬᠡᠵᠦ᠂ ᠰᠢᠨ᠎ᠡ ᠵᠢ ᠡᠭᠦᠳᠬᠦ ᠬᠦᠴᠦᠨ᠎ᠢ ᠪᠣᠶ᠋ᠢᠵᠢᠭᠤᠯᠤᠨ᠎ᠠ᠃ ᠬᠠᠭᠤᠴᠢᠨ ᠨᠠᠷᠠᠲᠤ ᠲᠡᠮᠳᠡᠭᠲᠦ ᠵᠢᠨ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠬᠢᠭᠡᠳ ᠬᠣᠲᠠ ᠵᠢᠨ ᠨᠢᠭᠡ ᠮᠥᠴᠡ ᠵᠢᠨ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠣᠭᠣᠷᠢᠭ᠎ᠢ ᠪᠠᠶ᠋ᠢᠭᠤᠯᠬᠤ᠂ ᠪᠣᠬᠢᠷᠲᠤᠯ ᠥᠬᠡᠶ ᠬᠤᠳᠠᠯᠳᠤᠭ᠋ᠠᠨ᠎ᠤ ᠲᠠᠯᠠᠪᠤᠷ᠎ᠢ ᠡᠭᠦᠳᠦᠨ ᠪᠠᠶ᠋ᠢᠭᠤᠯᠬᠤ᠂ ᠶᠠᠪᠠᠭ᠋ᠠᠨ ᠵᠡᠭᠡᠯᠢ ᠵᠢ ᠥᠭᠡᠷᠡᠴᠢᠯᠡᠨ ᠰᠠᠶ᠋ᠢᠵᠢᠷᠠᠭᠤᠯᠬᠤ ᠵᠢ ᠣᠷᠭ᠋ᠠᠨᠢᠭ ᠵᠶ᠋ᠠᠷ ᠠᠭᠤᠰᠤᠯᠴᠠᠭᠤᠯᠬᠤ ᠵᠢ ᠠᠬᠢᠭᠤᠯᠵᠤ᠂ ᠳᠠᠯᠳᠠ ᠬᠦᠴᠦᠨ ᠪᠠ ᠬᠥᠳᠡᠯᠭᠡᠬᠦ ᠡᠨᠧᠷᠭᠢ ᠵᠢ ᠪᠠᠳᠠᠷᠠᠭᠤᠯᠤᠨ᠎ᠠ᠃
ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠲᠢᠩᠬᠢᠮ ᠬᠠᠭᠤᠴᠢᠨ ᠨᠠᠷᠠᠲᠤ ᠲᠡᠮᠳᠡᠭ᠎ᠤᠨ ᠬᠠᠮᠲᠤᠷᠠᠭᠰᠠᠨ ᠬᠤᠷᠠᠯ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠶᠣᠰᠣᠭ᠋ᠠᠷ᠂ ᠰᠠᠯᠠᠭ᠎ᠠ ᠮᠥᠴᠢᠷ᠎ᠤᠨ ᠨᠡᠶ᠋ᠢᠯᠡᠮᠡᠯ ᠬᠦᠴᠦᠨ᠎ᠢ ᠪᠠᠳᠠᠷᠠᠭᠤᠯᠵᠤ᠂ ᠠᠵᠢᠯ᠎ᠤᠨ ᠲᠣᠭᠲᠠᠴᠠ ᠵᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠴᠠᠭ ᠦᠶ᠎ᠡ ᠵᠢᠨ ᠰᠢᠨ᠎ᠡ ᠬᠡᠷᠡᠭᠴᠡᠭᠡ᠂ ᠵᠠᠬ᠎ᠠ ᠳᠡᠯᠭᠡᠭᠦᠷ᠎ᠤᠨ ᠰᠢᠨ᠎ᠡ ᠬᠠᠨᠳᠤᠰᠢ᠂ ᠬᠥᠭᠵᠢᠯᠲᠡ ᠵᠢᠨ ᠰᠢᠨ᠎ᠡ ᠬᠠᠨᠳᠤᠰᠢ ᠵᠢ ᠴᠢᠩᠭ᠎ᠠ ᠠᠳᠬᠤᠵᠤ᠂ ᠲᠥᠷᠥ ᠵᠢᠨ ᠪᠣᠳᠣᠯᠭ᠎ᠠ ᠪᠠ ᠠᠵᠢᠯᠯᠠᠭ᠎ᠠ ᠵᠢᠨ ᠠᠭᠤᠯᠭ᠎ᠠ ᠵᠢᠨ ᠲᠠᠯ᠎ᠠ᠎ᠪᠠᠷ ᠪᠣᠳᠠᠲᠠᠶ ᠠᠷᠭ᠎ᠠ ᠬᠡᠮᠵᠢᠶ᠎ᠡ ᠠᠪᠴᠤ᠂ ᠰᠢᠨ᠎ᠡ ᠵᠢ ᠡᠭᠦᠳᠬᠦ᠎ᠪᠠᠷ ᠴᠢᠷᠮᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠷᠠᠭ᠎ᠠ ᠬᠤᠳᠠᠯᠳᠤᠨ ᠠᠪᠬᠤ ᠪᠠᠶᠠᠷ》᠎ᠤᠨ ᠠᠵᠢᠯᠯᠠᠭ᠎ᠠ ᠵᠢ ᠬᠠᠮᠲᠤ᠎ᠪᠠᠷ ᠵᠣᠬᠢᠶᠠᠨ ᠪᠠᠶ᠋ᠢᠭᠤᠯᠵᠤ᠂ ᠬᠠᠭᠤᠴᠢᠨ ᠨᠡᠷᠡᠲᠦ ᠲᠡᠮᠳᠡᠭᠲᠦ ᠵᠢᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠪᠠ ᠨᠡᠷᠡᠲᠦ ᠲᠥᠷᠥᠯ ᠲᠡᠮᠳᠡᠭᠲᠦ ᠵᠢ ᠬᠠᠮᠠᠭ᠋ᠠᠯᠠᠬᠤ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠬᠦ ᠬᠡᠷᠡᠭᠲᠡᠶ; ᠬᠠᠭᠤᠴᠢᠨ ᠨᠠᠷᠠᠲᠤ ᠤᠷ᠎ᠠ ᠮᠡᠷᠭᠡᠵᠢᠯ᠎ᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠤᠨ ᠨᠡᠷᠡᠰ᠎ᠲᠤ ᠲᠠᠨᠢᠯᠴᠠᠭᠤᠯᠬᠤ; ᠨᠥᠬᠥᠴᠡᠯ᠎ᠳᠤ ᠨᠡᠶ᠋ᠢᠴᠡᠬᠦ ᠬᠠᠭᠤᠴᠢᠨ ᠨᠠᠷᠠᠲᠤ ᠡᠭᠦᠳᠡᠨ ᠳᠡᠯᠭᠡᠭᠦᠷ᠂ ᠦᠵᠡᠭᠦᠯᠭᠡ ᠵᠢᠨ ᠣᠷᠳᠣᠨ ᠵᠡᠷᠭᠡ ᠵᠢ 《ᠰᠦᠯᠵᠢᠶᠡᠴᠢᠳ᠎ᠤᠨ ᠺᠠᠷᠲ ᠴᠣᠬᠢᠬᠤ ᠭᠠᠵᠠᠷ᠎ᠤᠨ ᠰᠢᠯᠭ᠋ᠠᠷᠠᠭᠤᠯᠤᠯᠲᠠ》᠎ᠳᠤ ᠣᠷᠣᠭᠤᠯᠵᠤ᠂ ᠴᠤᠭᠯᠠᠷᠠᠯ᠎ᠤᠨ ᠦᠢ᠍ᠯᠡᠳᠦᠯᠲᠦ 《ᠤᠯᠤᠰ᠎ᠤᠨ ᠪᠠᠷᠠᠭ᠋ᠠᠨ᠎ᠤ ᠤᠷᠤᠰᠬᠠᠯ᠎ᠤᠨ ᠦᠢ᠍ᠯᠡᠳᠭᠦᠨ》᠎ᠤ ᠠᠯᠳᠠᠷᠰᠢᠯ᠎ᠢ ᠥᠷᠭᠡᠳᠬᠡᠨ ᠳᠡᠭᠡᠭᠰᠢᠯᠡᠭᠦᠯᠦᠨ᠎ᠡ᠃ ᠬᠤᠳᠠᠯᠳᠤᠭ᠎ᠠ ᠵᠢᠭᠤᠯᠴᠢᠯᠠᠯ ᠰᠣᠶᠣᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃