ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠬᠠᠮᠢᠶᠠᠷᠤᠯᠲᠠ ᠵᠢᠨ ᠠᠯᠪᠠᠨ ᠬᠡᠷ ᠥᠷᠢᠰᠥᠯᠳᠦᠭᠡᠨ᠎ᠤ ᠴᠢᠨᠠᠷᠲᠠᠶ ᠵᠥᠪᠳᠡᠯᠴᠡᠬᠦ ᠠᠷᠭ᠎ᠠ ᠮᠠᠶᠢᠭ ᠵᠶ᠋ᠠᠷ 《ᠶᠡᠭᠡ ᠲᠦ᠋ ᠮᠧᠨ ᠮᠦᠷᠡᠨ ᠰᠠᠪᠠ ᠣᠷᠣᠨ᠎ᠤ ᠰᠠᠨᠠᠭ᠋ᠠᠴᠢᠯᠠᠭ᠎ᠠ》 ᠵᠢᠨ ᠵᠡᠭᠦᠨ ᠬᠤᠶ᠋ᠢᠲᠤ ᠠᠽᠢᠶ᠎ᠠ ᠵᠢᠨ ᠣᠷᠣᠨ ᠨᠤᠲᠤᠭ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ ᠠᠷᠪᠠᠨ ᠨᠢᠭᠡᠳᠦᠭᠡᠷ ᠤᠳᠠᠭ᠎ᠠ ᠵᠢᠨ ᠬᠤᠷᠠᠯ᠎ᠤᠨ ᠬᠠᠮᠢᠶ᠎ᠠ ᠪᠥᠬᠦᠶ ᠬᠤᠷᠠᠯ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2023-07-19

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠬᠠᠮᠢᠶᠠᠷᠤᠯᠲᠠ ᠵᠢᠨ ᠠᠯᠪᠠᠨ ᠬᠡᠷ ᠥᠷᠢᠰᠥᠯᠳᠦᠭᠡᠨ᠎ᠤ ᠴᠢᠨᠠᠷᠲᠠᠶ ᠵᠥᠪᠳᠡᠯᠴᠡᠬᠦ ᠠᠷᠭ᠎ᠠ ᠮᠠᠶᠢᠭ ᠵᠶ᠋ᠠᠷ 《ᠶᠡᠭᠡ ᠲᠦ᠋ ᠮᠧᠨ ᠮᠦᠷᠡᠨ ᠰᠠᠪᠠ ᠣᠷᠣᠨ᠎ᠤ ᠰᠠᠨᠠᠭ᠋ᠠᠴᠢᠯᠠᠭ᠎ᠠ》 ᠵᠡᠭᠦᠨ ᠬᠤᠶ᠋ᠢᠲᠤ ᠠᠽᠢᠶ᠎ᠠ ᠵᠢᠨ ᠣᠷᠣᠨ ᠨᠤᠲᠤᠭ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ ᠠᠷᠪᠠᠨ ᠨᠢᠭᠡᠳᠦᠭᠡᠷ ᠤᠳᠠᠭ᠎ᠠ ᠵᠢᠨ ᠬᠤᠷᠠᠯ᠎ᠤᠨ ᠬᠠᠮᠢᠶ᠎ᠠ ᠪᠥᠬᠦᠶ ᠬᠤᠷᠠᠯ᠎ᠤᠨ ᠦᠢ᠍ᠯᠡᠴᠢᠯᠡᠭᠡ ᠵᠢ ᠬᠤᠳᠠᠯᠳᠤᠨ ᠠᠪᠴᠤ᠂ ᠬᠢᠷᠢ ᠬᠡᠮ᠎ᠤᠨ ᠨᠥᠬᠦᠴᠡᠯ᠎ᠳᠤ ᠨᠡᠶ᠋ᠢᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠨᠡᠷ᠎ᠡ ᠮᠡᠳᠡᠭᠦᠯᠵᠦ ᠣᠷᠣᠯᠴᠠᠬᠤ ᠵᠢ ᠪᠠᠶᠠᠷᠯᠠᠨ ᠤᠭᠲᠤᠨ᠎ᠠ᠃

   ᠨᠢᠭᠡ᠂ ᠲᠦᠷᠦᠯ ᠵᠦᠢ᠍ᠯ᠎ᠤᠨ ᠲᠦᠢ᠍ᠮᠦ ᠪᠠᠶ᠋ᠢᠳᠠᠯ

   ᠲᠥᠷᠦᠯ ᠵᠦᠢ᠍ᠯ᠎ᠤᠨ ᠨᠡᠷᠡᠶ᠋ᠢᠳᠦᠯ

  《ᠶᠡᠭᠡ ᠲᠦ᠋ ᠮᠧᠨ ᠮᠦᠷᠡᠨ ᠰᠠᠪᠠ ᠣᠷᠣᠨ᠎ᠤ ᠰᠠᠨᠠᠭ᠋ᠠᠴᠢᠯᠠᠭ᠎ᠠ》 ᠵᠡᠭᠦᠨ ᠬᠤᠶ᠋ᠢᠲᠤ ᠠᠽᠢᠶ᠎ᠠ ᠵᠢᠨ ᠣᠷᠣᠨ ᠨᠤᠲᠤᠭ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ ᠠᠷᠪᠠᠨ ᠨᠢᠭᠡᠳᠦᠭᠡᠷ ᠤᠳᠠᠭ᠎ᠠ ᠵᠢᠨ ᠬᠤᠷᠠᠯ᠎ᠤᠨ ᠬᠤᠯᠪᠣᠭᠳᠠᠯ ᠪᠦᠬᠦᠢ ᠬᠤᠷᠠᠯ᠎ᠳᠤ ᠦᠢ᠍ᠯᠡᠴᠢᠯᠡᠨ᠎ᠡ

   ᠬᠡᠷᠡᠭᠴᠡᠭᠡ ᠱᠠᠭ᠋ᠠᠷᠳᠠᠯᠭ᠎ᠠ

   ᠨᠢᠭᠡ᠂ ᠬᠡᠷᠡᠭᠴᠡᠭᠡ ᠱᠠᠭ᠋ᠠᠷᠳᠠᠯᠭ᠎ᠠ᠄

   ᠭᠤᠷᠪᠠᠳᠠᠬᠢ ᠡᠲᠡᠭᠡᠳ᠎ᠲᠤ ᠨᠠᠶ᠋ᠢᠳᠠᠵᠤ 《ᠶᠡᠭᠡ ᠲᠦ᠋ ᠮᠧᠨ ᠮᠦᠷᠡᠨ ᠰᠠᠪᠠ ᠣᠷᠣᠨ᠎ᠤ ᠰᠠᠨᠠᠭ᠋ᠠᠴᠢᠯᠠᠭ᠎ᠠ》 ᠵᠡᠭᠦᠨ ᠬᠤᠶ᠋ᠢᠲᠤ ᠠᠽᠢᠶ᠎ᠠ ᠵᠢᠨ ᠣᠷᠣᠨ ᠨᠤᠲᠤᠭ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ ᠠᠷᠪᠠᠨ ᠨᠢᠭᠡᠳᠦᠭᠡᠷ ᠤᠳᠠᠭ᠎ᠠ ᠵᠢᠨ ᠬᠤᠷᠠᠯ᠎ᠤᠨ ᠬᠠᠮᠢᠶ᠎ᠠ ᠪᠦᠬᠦᠢ ᠬᠤᠷᠠᠯ᠎ᠤᠨ ᠦᠢ᠍ᠯᠡᠴᠢᠯᠡᠭᠡ ᠵᠢ ᠰᠠᠶ᠋ᠢᠲᠤᠷ ᠭᠦᠢ᠍ᠴᠡᠳᠬᠡᠨ᠎ᠡ

   ᠬᠤᠶᠠᠷ᠂ ᠴᠠᠭ᠄ 9 ᠳ᠋ᠦ᠍ᠭᠡᠷ ᠰᠠᠷ᠎ᠠ ᠵᠢᠨ 6᠎ᠤ ᠡᠳᠦᠷ᠎ᠠᠴᠠ 9 ᠳ᠋ᠦ᠍ᠭᠡᠷ ᠰᠠᠷ᠎ᠠ ᠵᠢᠨ 9᠎ᠤ ᠡᠳᠦᠷ

   ᠭᠤᠷᠪᠠ᠂ ᠬᠢᠷᠢ ᠬᠡᠮ᠎ᠤᠨ ᠱᠠᠭ᠋ᠠᠷᠳᠠᠯᠭ᠎ᠠ᠄

  1. ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ ᠪᠠᠢ᠌ᠬᠤ ᠬᠡᠷᠡᠭᠲᠡᠢ;

  2. ᠬᠤᠳᠠᠯᠳᠤᠭ᠋ᠠᠨ᠎ᠤ ᠰᠠᠢ᠌ᠨ ᠢᠲᠡᠭᠡᠮᠵᠢ᠎ᠲᠠᠢ ᠪᠦᠭᠡᠳ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠳᠦᠷᠢᠮ᠎ᠲᠠᠢ ᠪᠠᠢ᠌ᠬᠤ ᠬᠡᠷᠡᠭᠲᠡᠢ;

  3. ᠭᠡᠷ᠎ᠡ ᠵᠢ ᠭᠦᠢ᠍ᠴᠡᠳᠬᠡᠬᠦ᠎ᠳᠤ ᠴᠢᠬᠤᠯᠠ ᠪᠦᠬᠦᠢ ᠨᠥᠬᠥᠴᠡᠯ ᠪᠠ ᠲᠤᠰᠬᠠᠶ ᠮᠡᠷᠭᠡᠵᠢᠯ᠎ᠤᠨ ᠴᠢᠳᠠᠪᠤᠷᠢ᠎ᠲᠠᠢ ᠪᠠᠢ᠌ᠬᠤ ᠬᠡᠷᠡᠭᠲᠡᠢ;

  4. ᠬᠠᠤᠯᠢ ᠶᠣᠰᠣᠭ᠋ᠠᠷ ᠭᠠᠶ᠋ᠢᠯᠢ ᠲᠤᠰᠢᠶᠠᠬᠤ ᠪᠠ ᠨᠡᠶ᠋ᠢᠭᠡᠮ᠎ᠤᠨ ᠪᠠᠲᠤᠯᠠᠭ᠎ᠠ ᠵᠢᠨ ᠪᠡᠯᠡ ᠮᠥᠩᠭᠦ ᠵᠢᠨ ᠰᠠᠶ᠋ᠢᠨ ᠲᠡᠮᠳᠡᠭᠯᠡᠯ ᠪᠠᠢ᠌ᠬᠤ ᠬᠡᠷᠡᠭᠲᠡᠢ;    

  5. ᠡᠵᠡᠩᠨᠡᠯᠲᠡ ᠵᠢᠨ ᠠᠵᠢᠯᠯᠠᠭ᠎ᠠ ᠳᠤᠮᠳᠠ ᠬᠠᠤᠯᠢ ᠵᠢ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠦᠭᠡᠢ ᠪᠠᠢ᠌ᠬᠤ ᠬᠡᠷᠡᠭᠲᠡᠢ;  

  6. ᠬᠠᠮᠢᠶ᠎ᠠ ᠪᠥᠬᠦᠶ ᠬᠤᠷᠠᠯ᠎ᠢ ᠳᠠᠭ᠋ᠠᠭ᠋ᠠᠨ ᠭᠦᠢ᠍ᠴᠡᠳᠬᠡᠭᠰᠡᠨ ᠲᠤᠷᠰᠢᠯᠭ᠎ᠠ᠎ᠲᠠᠢ ᠪᠠᠢ᠌ᠬᠤ ᠬᠡᠷᠡᠭᠲᠡᠢ᠃

   ᠲᠥᠰᠥᠪ᠎ᠤᠨ ᠵᠣᠭᠤᠰ᠎ᠤᠨ ᠲᠣᠭ᠎ᠠ

  10 ᠲᠦᠮᠡᠨ ᠲᠦᠭᠦᠷᠢᠭ

   ᠬᠤᠶᠠᠷ᠂ ᠵᠥᠪᠳᠡᠯᠴᠡᠬᠦ ᠵᠠᠷᠴᠢᠮ

   ᠥᠷᠢᠰᠦᠯᠳᠦᠭᠡᠨ᠎ᠤ ᠴᠢᠨᠠᠷᠲᠠᠢ ᠵᠥᠪᠳᠡᠯᠴᠡᠭᠡ᠎ᠨᠢ ᠡᠷᠬᠡ ᠲᠡᠭᠰᠢ᠂ ᠲᠥᠪ ᠭᠣᠣᠯᠴᠢ᠂ ᠰᠢᠨᠵᠢᠯᠡᠬᠦ ᠤᠬᠠᠭ᠋ᠠᠨᠴᠢ ᠪᠣᠯᠤᠨ ᠰᠢᠯᠢᠳᠡᠭ᠎ᠢ ᠰᠣᠩᠭᠣᠬᠤ ᠵᠠᠷᠴᠢᠮ᠎ᠢ ᠵᠢᠷᠤᠮᠯᠠᠬᠤ ᠬᠡᠷᠡᠭᠲᠡᠢ᠃ ᠨᠡᠷ᠎ᠡ ᠮᠡᠳᠡᠭᠦᠯᠬᠦ᠎ᠳᠡᠭᠡᠨ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠭᠴᠢ ᠣᠯᠵᠤ ᠮᠡᠳᠡᠮᠡᠭᠴᠡ ᠬᠢᠷᠢ ᠬᠡᠮ᠎ᠢ᠎ᠨᠢ ᠬᠠᠰᠤᠭ᠋ᠠᠳ ᠪᠠᠰᠠ ᠮᠠᠨ᠎ᠤ ᠪᠤᠰᠤᠳ ᠠᠯᠢᠪᠠ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ᠃ ᠠᠵᠤ ᠠᠬᠤᠶ᠋ᠢᠯᠠᠯ᠎ᠤᠨ ᠲᠣᠭᠲᠠᠭ᠋ᠠᠯ᠎ᠢ ᠵᠥᠷᠢᠴᠡᠭᠰᠡᠨ ᠪᠠᠶ᠋ᠢᠳᠠᠯ᠎ᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠮᠡᠳᠡᠭᠦᠯᠦᠨ ᠰᠢᠢ᠍ᠳᠪᠦᠷᠢᠯᠡᠭᠦᠯᠵᠦ ᠪᠣᠯᠣᠨ᠎ᠠ᠃

   ᠭᠤᠷᠪᠠ᠂ ᠵᠥᠪᠳᠡᠯᠴᠡᠬᠦ ᠠᠷᠭ᠎ᠠ

   ᠮᠠᠨ᠎ᠤ ᠨᠢᠭᠡᠴᠢ ᠬᠤᠳᠠᠯᠳᠤᠨ ᠠᠪᠬᠤ ᠳᠤᠭᠤᠶ᠋ᠢᠯᠠᠩ ᠪᠠᠶ᠋ᠢᠭᠤᠯᠵᠤ ᠲᠣᠰ ᠤᠳᠠᠭ᠋ᠠᠨ᠎ᠤ ᠬᠤᠳᠠᠯᠳᠤᠨ ᠠᠪᠬᠤ ᠠᠵᠢᠯ᠎ᠢ ᠬᠠᠷᠢᠭᠤᠴᠠᠭᠤᠯᠵᠤ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠵᠥᠪᠳᠡᠯᠴᠡᠭᠡ (ᠳᠠᠭ᠋ᠠᠬᠤ) ᠪᠢᠴᠢᠭ ᠮᠠᠲ᠋ᠧᠷᠢᠶᠠᠯ᠎ᠢ ᠮᠠᠨ᠎ᠤ ᠠᠯᠪᠠᠨ ᠬᠡᠷ᠎ᠤᠨ ᠥᠷᠢᠰᠥᠯᠳᠦᠭᠡᠨ᠎ᠤ ᠴᠢᠨᠠᠷᠲᠠᠶ ᠵᠥᠪᠳᠡᠯᠴᠡᠭᠡ ᠦᠨᠡᠯᠡᠯᠲᠡ ᠵᠢᠨ ᠨᠠᠷᠢᠨ ᠲᠦᠷᠢᠮ᠎ᠤᠨ ᠶᠣᠰᠣᠭ᠋ᠠᠷ ᠶᠡᠷᠦᠩᠬᠡᠶ᠋ᠢᠯᠡᠨ ᠦᠨᠡᠯᠡᠨ ᠲᠣᠭᠲᠠᠭ᠋ᠠᠵᠤ᠂ ᠡᠴᠦᠰ᠎ᠲᠡᠭᠡᠨ ᠨᠢᠭᠡ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠰᠣᠩᠭᠤᠨ ᠲᠣᠭᠲᠠᠭ᠋ᠠᠨ᠎ᠠ᠃

   ᠳᠥᠷᠪᠡ᠂ ᠵᠥᠪᠳᠡᠯᠴᠡᠭᠡ (ᠳᠠᠭ᠋ᠠᠬᠤ) ᠪᠢᠴᠢᠭ ᠮᠠᠲ᠋ᠧᠷᠢᠶᠠᠯ ᠵᠶ᠋ᠠᠨ ᠲᠤᠰᠢᠶᠠᠬᠤ ᠬᠢᠵᠠᠭ᠋ᠠᠷᠯᠠᠬᠤ ᠴᠠᠭ

  2023 ᠣᠨ᠎ᠤ 7 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ 2023 ᠣᠨ᠎ᠤ 7 ᠳ᠋ᠤᠭ᠋ᠠᠷ ᠰᠠᠷ᠎ᠠ ᠵᠢᠨ 21᠎ᠤ ᠡᠳᠦᠷ ᠪᠣᠯᠲᠠᠯ᠎ᠠ᠂ ᠠᠵᠢᠯ᠎ᠤᠨ ᠡᠳᠦᠷ ᠪᠦᠷᠢ ᠵᠢᠨ ᠦᠳᠡ ᠵᠢᠨ ᠡᠮᠦᠨᠡᠬᠢ 9᠄ 30—11᠄ 30᠂ ᠦᠳᠡ ᠵᠢᠨ ᠬᠤᠶ᠋ᠢᠨᠠᠬᠢ 2᠄ 30—4᠄ 30᠎ᠠᠴᠠ ᠮᠠᠨ᠎ᠤ ᠨᠢᠭᠡᠴᠢ ᠵᠢᠨ 427 ᠠᠯᠪᠠᠨ ᠬᠡᠷ᠎ᠲᠤ ᠨᠡᠷ᠎ᠡ ᠮᠡᠳᠡᠭᠦᠯᠦᠭᠰᠡᠨ ᠮᠠᠲ᠋ᠧᠷᠢᠶᠠᠯ ᠪᠣᠯᠣᠨ ᠵᠥᠪᠳᠡᠯᠴᠡᠭᠡ (ᠳᠠᠭ᠋ᠠᠬᠤ) ᠪᠢᠴᠢᠭ ᠮᠠᠲ᠋ᠧᠷᠢᠶᠠᠯ ᠵᠶ᠋ᠠᠨ ᠲᠤᠰᠢᠶᠠᠨ᠎ᠠ᠃ ᠵᠥᠪᠬᠡᠨ ᠬᠠᠮᠢᠶ᠎ᠠ ᠪᠦᠬᠦᠢ ᠬᠢᠷᠢ ᠭᠡᠮ᠎ᠲᠠᠢ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠵᠢ ᠬᠦᠯᠢᠶᠡᠵᠦ᠂ ᠬᠤᠪᠢ ᠬᠥᠮᠦᠨ᠎ᠤ ᠨᠡᠷ᠎ᠡ ᠮᠡᠳᠡᠭᠦᠯᠬᠦ ᠵᠢ ᠬᠦᠯᠢᠶᠡᠨ ᠠᠪᠬᠤ ᠦᠭᠡᠶ᠃

   ᠵᠥᠪᠳᠡᠯᠴᠡᠭᠡ (ᠳᠠᠭ᠋ᠠᠬᠤ) ᠪᠢᠴᠢᠭ ᠮᠠᠲ᠋ᠧᠷᠢᠶᠠᠯ᠎ᠢ ᠲᠤᠰᠢᠶᠠᠬᠤ ᠴᠠᠭ᠄ 2023 ᠣᠨ᠎ᠤ 7 ᠳ᠋ᠤᠭ᠋ᠠᠷ ᠰᠠᠷ᠎ᠠ ᠵᠢᠨ 21᠎ᠤ ᠡᠳᠦᠷ᠎ᠤᠨ 17᠄ 00᠃

   ᠲᠠᠪᠤ᠂ ᠨᠡᠷ᠎ᠡ ᠮᠡᠳᠡᠭᠦᠯᠬᠦ᠎ᠳᠤ ᠳᠣᠤᠷᠠᠬᠢ ᠮᠠᠲ᠋ᠧᠷᠢᠶᠠᠯ᠎ᠤᠳ᠎ᠢ ᠬᠠᠩᠭ᠋ᠠᠬᠤ ᠬᠡᠷᠡᠭᠲᠡᠶ᠄

  1. ᠨᠡᠷ᠎ᠡ ᠮᠡᠳᠡᠭᠦᠯᠦᠭᠴᠢ ᠵᠢᠨ ᠪᠡᠶ᠎ᠡ ᠵᠢᠨ ᠦᠨᠡᠮᠯᠡᠯ᠎ᠤᠨ ᠤᠭ ᠮᠠᠲ᠋ᠧᠷᠢᠶᠠᠯ ᠵᠢᠴᠢ ᠬᠠᠭᠤᠯᠪᠤᠷᠢ ᠮᠠᠲᠸᠷᠢᠶᠠᠯ᠎ᠢ ᠬᠠᠩᠭ᠋ᠠᠬᠤ ᠬᠡᠷᠡᠭᠲᠡᠢ;

  2. ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠭᠠᠷ᠎ᠤᠨ ᠦᠰᠦᠭ ᠵᠢᠷᠤᠵᠤ᠂ ᠠᠵᠤ ᠠᠬᠤᠶ᠋ᠢᠯᠠᠯ᠎ᠤᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》᠎ᠢ ᠬᠠᠭ᠋ᠠᠬᠤ ᠬᠡᠷᠡᠭᠲᠡᠢ;

  3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠰᠠᠯᠠᠭ᠎ᠠ ᠮᠥᠴᠢᠷ᠎ᠤᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠪᠦᠭᠡᠳ ᠬᠦᠴᠦᠨ᠎ᠲᠠᠢ᠂ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠢ ᠬᠠᠭ᠋ᠠᠬᠤ ᠬᠡᠷᠡᠭᠲᠡᠢ;

  4. ᠲᠥᠷᠥᠯ ᠵᠦᠢ᠍ᠯ᠎ᠤᠨ ᠠᠭᠤᠯᠭ᠎ᠠ ᠵᠢᠴᠢ ᠱᠠᠭ᠋ᠠᠷᠳᠠᠯᠭ᠎ᠠ ᠵᠢ ᠦᠨᠳᠦᠰᠦᠯᠡᠨ ᠨᠠᠶ᠋ᠢᠷᠠᠭᠤᠯᠤᠨ ᠵᠣᠬᠢᠶᠠᠭᠰᠠᠨ ᠵᠥᠪᠳᠡᠯᠴᠡᠭᠡ (ᠳᠠᠭ᠋ᠠᠬᠤ) ᠪᠢᠴᠢᠭ ᠮᠠᠲ᠋ᠧᠷᠢᠶᠠᠯ᠎ᠢ ᠬᠠᠭ᠋ᠠᠬᠤ ᠬᠡᠷᠡᠭᠲᠡᠢ᠃

   ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ

   ᠬᠤᠳᠠᠯᠳᠤᠨ ᠠᠪᠬᠤ ᠨᠢᠭᠡᠴᠢ ᠵᠢᠨ ᠨᠡᠷᠡᠶ᠋ᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠭᠣᠮᠲᠠ ᠵᠢᠨ ᠬᠠᠮᠢᠶᠠᠷᠤᠯᠲᠠ ᠵᠢᠨ ᠠᠯᠪᠠᠨ ᠭᠡᠷ

   ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠲᠣᠭ᠋ᠠᠲᠤ 5 ᠳ᠋ᠤᠭ᠋ᠠᠷ ᠲᠣᠭ᠋ᠠᠲᠤ ᠠᠰᠠᠷ᠎ᠤᠨ 4 ᠳ᠋ᠦ᠍ᠭᠡᠷ ᠠᠰᠠᠷ

   ᠬᠠᠷᠢᠯᠴᠠᠬᠤ ᠬᠥᠮᠦᠨ᠄ ᠯᠢᠦ ᠲᠢᠩ 13337104517

  

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠨ ᠪᠣᠭᠣᠮᠲᠠ ᠵᠢᠨ ᠬᠠᠮᠢᠶᠠᠷᠤᠯᠲᠠ ᠵᠢᠨ ᠠᠯᠪᠠᠨ ᠭᠡᠷ

2023 ᠣᠨ᠎ᠤ 7 ᠳ᠋ᠤᠭ᠋ᠠᠷ ᠰᠠᠷ᠎ᠠ ᠵᠢᠨ 13᠎ᠤ ᠡᠳᠦᠷ

 

ᠢᠷᠡᠯᠲᠡ᠄ ᠪᠣᠭᠤᠮᠲᠠ ᠵᠢᠨ ᠠᠯᠪᠠᠨ ᠬᠡᠷ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢ ᠨᠢᠭᠡ ᠴᠣᠭᠴᠠᠵᠢᠭᠤᠯᠬᠤ ᠲᠤᠷᠰᠢᠯᠲᠠ ᠵᠢᠨ ᠴᠡᠭ᠎ᠤᠨ ᠨᠡᠷᠡᠰ᠎ᠢ ᠵᠠᠷᠯᠠᠨ ᠨᠡᠶ᠋ᠢᠲᠡᠯᠡᠬᠦ
ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠮᠣᠩᠭᠤᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠭᠤᠷᠪᠠᠳᠤᠭ᠋ᠠᠷ ᠬᠤᠭᠤᠴᠠᠭ᠋ᠠᠨ᠎ᠤ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ᠎ᠤ ᠵᠥᠪᠳᠡᠯᠴᠡᠭᠡᠷ᠎ᠤᠨ ᠬᠤᠷᠠᠯ᠎ᠤᠨ ᠲᠥᠷᠥᠯ ᠵᠦᠢ᠍ᠯ᠎ᠤᠨ ᠭᠤᠷᠪᠠᠳᠠᠬᠢ ᠡᠲᠡᠭᠡᠳ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠨᠡᠷ᠎ᠡ ᠮᠡᠳᠡᠭᠦᠯᠬᠦ ᠲᠤᠬᠠᠶ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠲᠤᠭᠳᠠᠯᠴᠠᠭ᠎ᠠ ᠵᠢᠨ ᠪᠠᠶ᠋ᠢᠭᠤᠯᠤᠯᠲᠠ ᠵᠢᠨ 《ᠲᠤᠷᠰᠢᠯᠲᠠ ᠵᠢᠨ ᠰᠢᠶᠠᠨ》᠎ᠤ ᠨᠡᠷᠡᠰ᠎ᠤᠨ ᠲᠤᠬᠠᠶ ᠨᠡᠶ᠋ᠢᠳᠡᠯᠡᠯ
ᠠᠵᠤ ᠠᠬᠤᠢ᠌ᠯᠠᠯ᠎ᠢ ᠲᠠᠨᠢᠯᠴᠠᠭᠤᠯᠵᠤ ᠵᠢᠩ ᠳ᠋ᠦᠩ ᠳᠤᠮᠳᠠᠳᠤ ᠤᠯᠤᠰ᠎ᠤᠨ ᠣᠷᠣᠨ ᠨᠤᠲᠤᠭ᠎ᠤᠨ ᠣᠨᠴᠠ ᠭᠠᠷᠤᠯᠲᠠ ᠵᠢᠨ ᠣᠷᠳᠣᠨ᠎ᠢ ᠡᠵᠡᠩᠨᠡᠭᠦᠯᠬᠦ ᠲᠤᠬᠠᠢ ᠵᠠᠷᠯᠠᠯ
ᠳᠤᠮᠳᠠᠳᠤ ᠤᠯᠤᠰ (ᠪᠤᠭᠤᠲᠤ)᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠶᠡᠷᠦᠩᠬᠡᠶ᠋ᠢᠯᠡᠭᠰᠡᠨ ᠲᠤᠷᠰᠢᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ᠎ᠤᠨ ᠢᠯᠡ᠎ᠪᠠᠷ ᠰᠠᠨᠠᠯ ᠬᠤᠷᠢᠶᠠᠬᠤ ᠲᠤᠬᠠᠶ ᠠᠯᠪᠠᠨ ᠵᠠᠷ
 
            