(2023 ᠤᠨ᠎ᠤ 7 ᠳ᠋ᠤᠭ᠋ᠠᠷ ᠰᠠᠷ᠎ᠠ ᠵᠢᠨ 31᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠲᠠᠪᠤᠳᠤᠭ᠋ᠠᠷ ᠬᠤᠷᠠᠯ᠎ᠠᠴᠠ ᠪᠠᠲᠤᠯᠠᠪᠠ)
ᠨᠢᠭᠡᠳᠦᠭᠡᠷ ᠪᠦᠯᠦᠭ ᠶᠡᠷᠦᠩᠬᠡᠶ ᠳᠦᠷᠢᠮ
ᠨᠢᠭᠡᠳᠦᠭᠡᠷ ᠵᠤᠷᠪᠤᠰ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠥᠲᠥᠭᠡᠨ ᠪᠠᠶ᠋ᠢᠭᠤᠯᠵᠤ᠂ ᠨᠡᠭᠡᠭᠡᠯᠲᠡᠲᠦ ᠬᠡᠯᠪᠡᠷᠢ ᠵᠢᠨ ᠠᠵᠤ ᠠᠬᠤᠶ ᠵᠢ ᠶᠡᠬᠡ᠎ᠪᠠᠷ ᠬᠥᠭᠵᠢᠭᠦᠯᠦᠨ᠂ ᠥᠨᠳᠥᠷ ᠲᠦᠪᠰᠢᠨ ᠪᠥᠬᠥᠶ ᠨᠡᠭᠡᠭᠡᠯᠲᠡ᠎ᠪᠠᠷ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠤᠯᠤᠰ᠎ᠤᠨ ᠬᠣᠯᠪᠣᠭᠳᠠᠯ ᠪᠥᠬᠥᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠣᠰ ᠲᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠥᠲᠥᠭᠡᠨ ᠪᠠᠶ᠋ᠢᠭᠤᠯᠬᠤ ᠵᠢ ᠠᠬᠢᠭᠤᠯᠬᠤ ᠠᠵᠢᠯ ᠵᠢᠴᠢ ᠬᠠᠮᠢᠶ᠎ᠠ ᠪᠥᠬᠥᠶ ᠠᠵᠢᠯᠯᠠᠭ᠎ᠠ᠎ᠳᠤ ᠲᠣᠰ ᠲᠦᠷᠢᠮ ᠳᠣᠭᠢᠷᠠᠨ᠎ᠠ᠃
ᠭᠤᠷᠪᠠᠳᠤᠭ᠋ᠠᠷ ᠵᠤᠷᠪᠤᠰ ᠤᠯᠤᠰ᠎ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠦᠲᠦᠭᠡᠨ ᠪᠠᠶ᠋ᠢᠭᠤᠯᠤᠨ᠎ᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ᠎ᠠ᠂ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠠᠬᠢ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠳᠡᠬᠦ ᠬᠡᠷᠡᠭᠲᠡᠶ᠂ ᠪᠦᠲᠦᠨ᠂ ᠣᠨᠣᠪᠴᠢᠲᠠᠶ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠬᠦ ᠲᠠᠯ᠎ᠠ᠎ᠪᠠᠷ ᠲᠤᠭᠤᠰᠢᠯᠠᠭᠤᠯᠤᠶ᠎ᠠ᠂ ᠨᠢᠭᠡᠳᠦᠯᠲᠡᠶ ᠲᠥᠯᠥᠪᠯᠡᠬᠦ ᠵᠢ ᠵᠢᠷᠤᠮᠯᠠᠬᠤ᠂ ᠳᠦᠷᠢᠮ᠎ᠤᠨ ᠵᠢᠯᠣᠭᠣᠳᠤᠮᠵᠢ᠂ ᠳᠠᠪᠠᠭᠤᠯᠢᠭ ᠬᠥᠮᠦᠵᠢᠭᠦᠯᠬᠦ᠂ ᠳᠣᠲᠣᠭ᠋ᠠᠳᠤ ᠭᠠᠳᠠᠭ᠋ᠠᠳᠤ ᠬᠣᠯᠪᠣᠭ᠋ᠠᠯᠠᠨ ᠬᠥᠳᠡᠯᠦᠯᠴᠡᠬᠦ᠂ ᠬᠠᠮᠵᠢᠯᠴᠠᠨ ᠬᠥᠭᠵᠢᠬᠦ ᠵᠠᠷᠴᠢᠮ᠂ ᠭᠠᠳᠠᠭ᠋ᠠᠳᠤ ᠨᠡᠭᠡᠭᠡᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ᠎ᠢ ᠴᠣᠭᠴᠠᠯᠠᠬᠤ ᠴᠢᠬᠤᠯᠠ ᠵᠠᠩᠭᠢᠯᠠᠭ᠎ᠠ ᠵᠢᠨ ᠴᠡᠭ ᠪᠠ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠤᠨ ᠪᠠᠶ᠋ᠢᠯᠳᠤᠬᠤ ᠪᠤᠳᠤᠯᠭ᠎ᠠ ᠵᠢᠨ ᠲᠤᠯᠬᠤ ᠴᠡᠭ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠤᠰ ᠣᠷᠴᠢᠯ᠎ᠢ ᠬᠣᠯᠪᠣᠨ ᠨᠡᠪᠲᠡᠷᠡᠭᠦᠯᠬᠦ ᠳᠤᠮᠳᠠ ᠨᠠᠩ ᠶᠡᠬᠡ ᠦᠢ᠍ᠯᠡᠳᠦᠯ ᠪᠠᠳᠠᠷᠠᠭᠤᠯᠤᠨ᠎ᠠ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠨᠠᠩ ᠰᠠᠶ᠋ᠢᠲᠤᠷ ᠦᠢ᠍ᠯᠡᠴᠢᠯᠡᠬᠦ ᠪᠠ ᠠᠭᠤᠰᠤᠯᠴᠠᠨ᠎ᠠ᠃
ᠳᠥᠷᠪᠡᠳᠦᠭᠡᠷ ᠵᠤᠷᠪᠤᠰ ᠤᠯᠤᠰ᠎ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠦᠲᠦᠭᠡᠨ ᠪᠠᠶ᠋ᠢᠭᠤᠯᠬᠤ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ᠎ᠳᠤ ᠲᠥᠯᠥᠪᠵᠢᠭᠦᠯᠵᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠣᠩᠭᠢᠯ᠎ᠤᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠪᠡᠭᠡᠵᠢᠩ ᠲᠢᠶᠠᠨᠵᠢᠨ ᠾᠧᠪᠧᠢ᠂ ᠬᠦᠬᠡᠮᠦ᠋ᠷᠡᠨ᠎ᠤ ᠭᠤᠷᠪᠠᠯᠵᠢᠨ ᠬᠣᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠪᠠ ᠵᠡᠭᠦᠨ ᠭᠤᠷᠪᠠᠨ ᠮᠣᠵᠢᠯᠤᠭᠠ ᠵᠢᠨ ᠬᠣᠯᠪᠣᠭ᠋ᠠᠯᠠᠨ ᠨᠡᠪᠲᠡᠷᠡᠯᠴᠡᠬᠦ ᠵᠢ ᠴᠢᠩᠭ᠋ᠠᠳᠬᠠᠵᠤ᠂ ᠧᠦ᠋ᠷᠣᠫᠠ ᠲᠢᠪ᠂ ᠵᠡᠭᠦᠨ ᠬᠣᠶ᠋ᠢᠲᠤ ᠠᠽᠢᠶ᠎ᠠ᠂ ᠳᠤᠮᠳᠠ ᠪᠠᠷᠠᠭᠤᠨ ᠠᠽᠢᠶ᠎ᠠ ᠵᠡᠷᠭᠡ ᠤᠯᠤᠰ᠎ᠠᠴᠠ ᠭᠠᠳᠠᠭ᠋ᠠᠳᠤ ᠵᠢᠨ ᠵᠠᠬ᠎ᠠ ᠳᠡᠯᠭᠡᠭᠦᠷ᠎ᠢ ᠥᠷᠭᠡᠳᠬᠡᠵᠦ᠂ ᠤᠯᠤᠰ᠎ᠠᠴᠠ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠳᠤ ᠨᠠᠩ ᠰᠠᠶ᠋ᠢᠨ ᠠᠭᠤᠰᠤᠯᠴᠠᠵᠤ᠂ ᠨᠠᠩ ᠶᠡᠬᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ ᠵᠢᠨ ᠪᠦᠬᠦ ᠲᠠᠯ᠎ᠠ᠎ᠪᠠᠷ ᠨᠡᠭᠡᠭᠡᠯᠲᠡ ᠬᠢᠬᠦ ᠰᠢᠨ᠎ᠡ ᠪᠠᠶ᠋ᠢᠷᠢᠰᠢᠯ᠎ᠢ ᠪᠠᠶ᠋ᠢᠭᠤᠯᠵᠤ᠂ ᠤᠯᠤᠰ᠎ᠠᠴᠠ ᠤᠮᠠᠷᠠᠰᠢ ᠨᠡᠭᠡᠭᠡᠯᠲᠡ ᠬᠢᠬᠦ ᠵᠢ ᠦᠢ᠍ᠯᠡᠴᠢᠯᠡᠬᠦ ᠪᠠ ᠠᠬᠢᠭᠤᠯᠤᠨ᠎ᠠ᠃
ᠲᠠᠪᠤᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠠᠴᠠ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠥᠲᠥᠭᠡᠨ ᠪᠠᠶ᠋ᠢᠭᠤᠯᠬᠤ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠠᠵᠢᠯ᠎ᠤᠨ ᠵᠣᠬᠢᠴᠠᠭᠤᠯᠬᠤ ᠪᠠᠶ᠋ᠢᠭᠤᠯᠤᠮᠵᠢ ᠵᠢ ᠪᠠᠶ᠋ᠢᠭᠤᠯᠤᠨ᠂ ᠨᠢᠭᠡᠳᠦᠯᠲᠡᠶ ᠲᠥᠯᠥᠪᠯᠡᠨ ᠪᠠᠶ᠋ᠢᠷᠢᠯᠠᠭᠤᠯᠬᠤ᠂ ᠵᠢᠯᠣᠭᠣᠳᠤᠨ ᠠᠬᠢᠭᠤᠯᠬᠤ᠂ ᠰᠢᠮᠳᠠᠭᠤᠯᠤᠨ ᠨᠠᠶ᠋ᠢᠳᠠᠪᠤᠷᠢᠵᠢᠭᠤᠯᠬᠤ ᠵᠡᠷᠭᠡ ᠡᠯ᠎ᠡ ᠵᠤᠷᠪᠤᠰ᠎ᠤᠨ ᠠᠵᠢᠯ᠎ᠢ ᠬᠠᠷᠢᠭᠤᠴᠠᠵᠤ᠂ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ ᠪᠠ ᠴᠢᠬᠤᠯᠠ ᠵᠦᠢ᠍ᠯᠡᠰ᠎ᠢ ᠰᠤᠳᠤᠯᠤᠨ ᠰᠢᠢ᠍ᠳᠪᠦᠷᠢᠯᠡᠨ᠎ᠡ᠃
ᠵᠢᠷᠭᠤᠳᠤᠭ᠋ᠠᠷ ᠵᠤᠷᠪᠤᠰ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠥᠲᠥᠭᠡᠨ ᠪᠠᠶ᠋ᠢᠭᠤᠯᠬᠤ ᠠᠵᠢᠯ᠎ᠢ ᠬᠠᠷᠢᠭᠤᠴᠠᠨ᠎ᠠ᠃
ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ᠂ ᠬᠤᠳᠠᠯᠳᠤᠭ᠋ᠠᠨ᠎ᠤ ᠶᠠᠪᠤᠳᠠᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠶ ᠵᠢᠨ ᠣᠷᠴᠢᠨ ᠲᠣᠭᠣᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ ᠪᠠ ᠵᠢᠭᠤᠯᠴᠢᠯᠠᠯ᠂ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ᠂ ᠭᠠᠳᠠᠭ᠋ᠠᠳᠤ ᠶᠠᠪᠤᠳᠠᠯ᠂ ᠪᠣᠭᠣᠮᠲᠠ᠂ ᠬᠢᠯᠢ᠎ᠪᠠᠷ ᠭᠠᠷᠴᠤ ᠣᠷᠣᠬᠤ ᠬᠢᠯᠢ ᠬᠠᠮᠠᠭ᠋ᠠᠯᠠᠯᠲᠠ ᠵᠢᠨ ᠪᠠᠶ᠋ᠢᠴᠠᠭ᠋ᠠᠬᠤ ᠪᠠᠶ᠋ᠢᠭᠤᠯᠭ᠎ᠠ ᠵᠡᠷᠭᠡ ᠬᠣᠯᠪᠣᠭᠳᠠᠯ ᠪᠥᠬᠥᠶ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠥᠲᠥᠭᠡᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠠᠷᠠᠯᠵᠢᠶ᠎ᠠ ᠵᠢ ᠠᠬᠢᠭᠤᠯᠬᠤ ᠡᠪᠯᠡᠯ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠡᠷᠭᠡ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ᠎ᠨᠤᠭᠤᠳ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠪᠠᠶ᠋ᠢᠭᠤᠯᠬᠤ ᠠᠵᠢᠯ᠎ᠳᠤ ᠬᠠᠤᠯᠢ ᠶᠣᠰᠣᠭ᠋ᠠᠷ ᠣᠷᠣᠯᠴᠠᠵᠤ᠂ ᠣᠯᠠᠨ ᠤᠯᠤᠰ᠎ᠤᠨ ᠬᠤᠳᠠᠯᠳᠤᠭ᠋ᠠᠴᠢᠳ᠎ᠤᠨ ᠨᠡᠶ᠋ᠢᠭᠡᠮᠯᠢᠭᠯᠦᠭᠡ ᠵᠢᠨ ᠬᠠᠷᠢᠯᠴᠠᠭ᠎ᠠ ᠶᠠᠪᠤᠯᠴᠠᠭ᠎ᠠ᠎ᠪᠠᠨ ᠴᠢᠩᠭ᠋ᠠᠳᠬᠠᠨ᠂ ᠭᠠᠳᠠᠭ᠋ᠠᠳᠤ ᠠᠵᠤ ᠠᠬᠤᠶ ᠠᠷᠠᠯᠵᠢᠶᠠᠨ᠎ᠤ ᠠᠵᠢᠯᠯᠠᠭ᠎ᠠ ᠵᠢ ᠠᠬᠢᠭᠤᠯᠬᠤ ᠬᠡᠷᠡᠭᠲᠡᠶ᠃
ᠳᠣᠯᠣᠳᠤᠭ᠋ᠠᠷ ᠵᠤᠷᠪᠤᠰ ᠠᠷᠠᠳ᠎ᠤᠨ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠡᠷᠭᠡ ᠨᠡᠶ᠋ᠢᠭᠡᠮ᠎ᠤᠨ ᠡᠯ᠎ᠡ ᠲᠠᠯ᠎ᠠ ᠵᠢᠨ᠎ᠬᠢᠨ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠥᠲᠥᠭᠡᠨ ᠪᠠᠶ᠋ᠢᠭᠤᠯᠬᠤ ᠬᠠᠮᠢᠶ᠎ᠠ ᠪᠥᠬᠥᠶ ᠠᠵᠢᠯᠯᠠᠭ᠎ᠠ᠎ᠳᠤ ᠬᠠᠤᠯᠢ ᠶᠣᠰᠣᠭ᠋ᠠᠷ ᠣᠷᠣᠯᠴᠠᠨ᠎ᠠ᠃
ᠬᠣᠶᠠᠳᠤᠭ᠋ᠠᠷ ᠪᠦᠯᠦᠭ ᠬᠥᠭᠥᠷᠭᠡᠨ ᠪᠡᠬᠢᠯᠡᠯᠲᠡ ᠵᠢᠨ ᠴᠢᠳᠠᠮᠵᠢ ᠵᠢ ᠳᠡᠭᠡᠭᠰᠢᠯᠡᠭᠦᠯᠦᠨ᠎ᠡ
ᠨᠠᠢ᠍ᠮᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠠᠴᠠ ᠳᠣᠲᠣᠭ᠋ᠠᠳᠤ ᠭᠠᠳᠠᠭ᠋ᠠᠳᠤ ᠵᠢ ᠬᠣᠯᠪᠣᠭᠰᠠᠨ᠂ ᠡᠷᠬᠢᠨ ᠲᠣᠭᠣᠷᠢᠨ᠎ᠢ ᠨᠥᠯᠥᠭᠡᠯᠡᠭᠰᠡᠨ᠂ ᠡᠬᠢ ᠪᠠᠶᠠᠯᠢᠭ᠎ᠢ ᠲᠥᠪᠯᠡᠷᠡᠭᠦᠯᠵᠦ ᠲᠠᠷᠬᠠᠭ᠋ᠠᠭᠰᠠᠨ᠂ ᠬᠦᠴᠦᠨ ᠵᠤᠷᠪᠤᠰ᠎ᠢ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠥᠬᠥ ᠣᠷᠣᠨ ᠪᠦᠰᠡ ᠵᠢᠨ ᠨᠡᠭᠡᠭᠡᠯᠲᠡ ᠬᠢᠬᠦ ᠲᠠᠪᠴᠠᠩ᠎ᠢ ᠲᠦᠷᠭᠡᠳᠬᠡᠨ ᠪᠠᠶ᠋ᠢᠭᠤᠯᠵᠤ᠂ ᠨᠡᠭᠡᠭᠡᠯᠲᠡ ᠬᠢᠬᠦ ᠲᠣᠮᠣ ᠵᠠᠮ᠎ᠤᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠷᠠᠭᠤᠯᠤᠨ᠂ ᠣᠷᠣᠨ ᠪᠠᠶ᠋ᠢᠷᠢ ᠵᠢᠨ ᠳᠠᠪᠠᠭᠤᠯᠢᠭ᠎ᠢ ᠨᠡᠭᠡᠭᠡᠯᠲᠡ ᠬᠢᠬᠦ ᠳᠠᠪᠠᠭᠤᠯᠢᠭ ᠪᠠ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠤᠨ᠎ᠠ᠃
ᠶᠢᠰᠦᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠣᠭᠣᠮᠲᠠ ᠵᠢᠨ ᠬᠠᠮᠢᠶᠠᠷᠤᠯᠲᠠ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠵᠦ᠂ ᠠᠮᠤᠷ ᠲᠦᠪᠰᠢᠨ᠂ ᠬᠦᠴᠦᠨ ᠴᠢᠳᠠᠪᠤᠷᠢ᠎ᠲᠠᠢ᠂ ᠣᠶᠤᠨᠴᠢ᠂ ᠬᠠᠤᠯᠢ᠎ᠪᠠᠷ ᠵᠠᠰᠠᠬᠤ᠂ ᠪᠣᠬᠢᠷᠲᠤᠯ ᠥᠬᠡᠶ ᠪᠣᠭᠣᠮᠲᠠ ᠵᠢᠨ ᠪᠥᠲᠥᠭᠡᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠥ ᠣᠷᠣᠨ᠎ᠤ ᠡᠯ᠎ᠡ ᠪᠣᠭᠣᠮᠲᠠ ᠵᠢᠨ ᠴᠢᠳᠠᠮᠵᠢ ᠵᠢᠨ ᠪᠠᠶ᠋ᠢᠷᠢᠰᠢᠭᠤᠯᠤᠯᠲᠠ᠂ ᠬᠥᠭᠵᠢᠯᠲᠡ᠎ᠳᠤ ᠲᠥᠷᠥᠯ ᠬᠤᠪᠢᠶᠠᠨ ᠵᠢᠯᠣᠭᠣᠳᠬᠤ ᠪᠠ ᠲᠥᠯᠥᠪᠵᠢᠭᠦᠯᠬᠦ ᠵᠢ ᠭᠤᠤᠯᠳᠠᠯᠭ᠎ᠠ᠎ᠲᠠᠢ ᠬᠡᠷᠡᠭᠵᠢᠭᠦᠯᠦᠨ᠂ ᠨᠡᠭᠡᠭᠡᠯᠲᠡ ᠵᠢ ᠥᠷᠭᠡᠳᠬᠡᠬᠦ᠂ ᠪᠥᠲᠥᠭᠡᠨ ᠪᠠᠶ᠋ᠢᠭᠤᠯᠤᠯᠲᠠ ᠵᠢᠨ ᠣᠷᠣᠭᠤᠯᠤᠯᠲᠠ᠂ ᠴᠢᠳᠠᠮᠵᠢ ᠵᠢ ᠥᠷᠭᠡᠳᠬᠡᠬᠦ ᠵᠡᠷᠭᠡ ᠲᠠᠯ᠎ᠠ᠎ᠪᠠᠷ ᠵᠦᠷᠢᠶᠡᠴᠢᠯᠡᠭᠰᠡᠨ ᠬᠠᠮᠢᠶᠠᠷᠤᠯᠲᠠ ᠵᠢ ᠬᠡᠷᠡᠭᠵᠢᠭᠦᠯᠵᠦ᠂ ᠪᠣᠭᠣᠮᠲᠠ ᠵᠢᠨ ᠠᠳᠠᠯᠢ ᠴᠢᠨᠠᠷᠵᠢᠭᠤᠨ ᠥᠷᠢᠰᠥᠯᠳᠦᠬᠦ᠂ ᠲᠤᠰᠠᠭ᠋ᠠᠷᠯᠠᠨ ᠠᠵᠢᠯᠯᠠᠬᠤ᠎ᠠᠴᠠ ᠵᠠᠶ᠋ᠢᠯᠠᠰᠬᠢᠨ᠂ ᠪᠣᠭᠣᠮᠲᠠ ᠵᠢᠨ ᠪᠥᠭᠡᠮᠨᠡᠷᠡᠬᠦ᠂ ᠨᠥᠯᠥᠭᠡᠯᠡᠬᠦ ᠴᠢᠳᠠᠮᠵᠢ ᠪᠠ ᠣᠯᠠᠨ ᠤᠯᠤᠰ᠎ᠲᠠᠬᠢ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃
ᠠᠷᠪᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠪᠣᠭᠣᠮᠲᠠ ᠵᠢᠨ ᠪᠠᠶ᠋ᠢᠭ᠎ᠠ ᠭᠠᠵᠠᠷ᠎ᠤᠨ ᠠᠶ᠋ᠢᠮᠠᠭ᠎ᠤᠨ ᠵᠠᠬᠢᠷᠭ᠎ᠠ ᠪᠠ ᠲᠣᠭᠣᠷᠢᠭ ᠪᠠᠶ᠋ᠢᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠡᠬᠢ ᠪᠠᠶᠠᠯᠢᠭ᠎ᠤᠨ ᠣᠭ ᠰᠤᠷᠪᠤᠯᠵᠢ ᠪᠠ ᠪᠣᠳᠠᠲᠠᠶ ᠨᠥᠬᠥᠴᠡᠯ ᠵᠶ᠋ᠠᠨ ᠦᠨᠳᠦᠰᠦᠯᠡᠨ ᠪᠣᠭᠣᠮᠲᠠ ᠵᠢᠨ ᠬᠣᠲᠠ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠮᠦᠨ ᠠᠮᠠ ᠵᠢᠨ ᠠᠵᠤ ᠦᠢ᠍ᠯᠡᠰ᠎ᠤᠨ ᠲᠥᠪᠯᠡᠷᠡᠬᠦ ᠴᠢᠳᠠᠪᠤᠷᠢ ᠵᠢ ᠳᠡᠭᠡᠭᠰᠢᠯᠡᠭᠦᠯᠦᠨ᠂ ᠪᠣᠭᠣᠮᠲᠠ ᠵᠢᠨ ᠴᠢᠳᠠᠮᠵᠢ᠎ᠳᠠᠬᠢ ᠪᠣᠭᠣᠮᠲᠠ ᠵᠢᠨ ᠬᠣᠲᠠ ᠵᠢᠨ ᠲᠤᠯᠭ᠋ᠠᠭᠤᠷᠢᠯᠠᠬᠤ ᠦᠢ᠍ᠯᠡᠳᠦᠯ᠎ᠢ ᠴᠢᠩᠭ᠋ᠠᠷᠠᠭᠤᠯᠬᠤ ᠬᠡᠷᠡᠭᠲᠡᠶ᠃
ᠠᠷᠪᠠᠨ ᠨᠢᠭᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠶᠡᠷᠦᠩᠬᠡᠶ᠋ᠢᠯᠡᠭᠰᠡᠨ ᠵᠠᠩᠭᠢᠯᠠᠭ᠎ᠠ ᠪᠣᠭᠣᠮᠲᠠ ᠵᠢ ᠡᠩ ᠲᠡᠷᠢᠭᠦᠨ ᠳᠤ ᠪᠥᠳᠥᠭᠡᠨ ᠪᠠᠶ᠋ᠢᠭᠤᠯᠵᠤ᠂ ᠪᠣᠭᠣᠮᠲᠠ ᠵᠢᠨ ᠨᠡᠪᠳᠡᠷᠡᠯ ᠵᠠᠮ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠤᠯᠠᠨ ᠤᠯᠤᠰ᠎ᠤᠨ ᠠᠷᠠᠯᠵᠢᠶ᠎ᠠ᠂ ᠪᠠᠷᠠᠭ᠎ᠠ ᠵᠢᠨ ᠭᠦᠢ᠍ᠯᠭᠡᠭᠡᠨ᠎ᠤ ᠬᠥᠮᠥᠷᠭᠡᠯᠡᠬᠦ᠂ ᠡᠳ᠋ᠰᠢᠭᠦᠯᠵᠦ ᠦᠢ᠍ᠯᠡᠳᠬᠦ᠎ᠪᠠᠷ ᠤᠳᠤᠷᠢᠳᠤᠮᠵᠢ ᠪᠣᠯᠭ᠋ᠠᠵᠤ᠂ ᠪᠣᠭᠣᠮᠲᠠ ᠵᠢᠨ ᠪᠣᠭᠣᠮᠲᠠ᠎ᠪᠠᠷ ᠥᠩᠭᠡᠷᠡᠬᠦ᠂ ᠠᠵᠤ ᠦᠢ᠍ᠯᠡᠰ᠂ ᠪᠠᠷᠠᠭ᠎ᠠ ᠵᠢᠨ ᠭᠦᠢ᠍ᠯᠭᠡᠭᠡᠨ᠂ ᠬᠥᠮᠥᠷᠭᠡᠯᠡᠬᠦ ᠵᠡᠷᠭᠡ ᠰᠠᠭᠤᠷᠢ ᠪᠡᠯᠡᠳᠬᠡᠮᠵᠢ᠂ ᠢᠵᠢ ᠪᠥᠷᠢᠳᠥᠬᠥᠯᠬᠥ ᠪᠡᠯᠡᠳᠬᠡᠮᠵᠢ ᠵᠢᠨ ᠪᠥᠳᠥᠭᠡᠨ ᠪᠠᠶ᠋ᠢᠭᠤᠯᠤᠯᠲᠠ ᠪᠣᠯᠤᠨ ᠤᠶᠤᠨᠴᠢᠯᠠᠬᠤ ᠥᠭᠡᠷᠡᠴᠢᠯᠡᠯᠲᠡ ᠵᠢ ᠴᠢᠩᠭ᠋ᠠᠳᠬᠠᠬᠤ ᠬᠡᠷᠡᠭᠲᠡᠢ᠃
ᠠᠷᠪᠠᠨ ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠭᠣᠣᠯᠳᠠᠯᠭ᠎ᠠ᠎ᠲᠠᠢ ᠲᠤᠰᠬᠠᠢ ᠠᠵᠢᠯ᠎ᠤᠨ ᠪᠣᠭᠣᠮᠲᠠ ᠵᠢᠨ ᠪᠠᠶ᠋ᠢᠭ᠎ᠠ ᠭᠠᠵᠠᠷ᠎ᠤᠨ ᠠᠶ᠋ᠢᠮᠠᠭ᠎ᠤᠨ ᠵᠠᠬᠢᠷᠭ᠎ᠠ ᠪᠣᠯᠤᠨ ᠲᠣᠭᠣᠷᠢᠭ ᠪᠠᠶ᠋ᠢᠭᠤᠯᠤᠭᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠣᠣᠯᠳᠠᠯᠭ᠎ᠠ᠎ᠲᠠᠢ ᠲᠤᠰᠬᠠᠢ ᠠᠵᠢᠯ᠎ᠤᠨ ᠪᠣᠭᠣᠮᠲᠠ ᠵᠢᠨ ᠴᠢᠳᠠᠮᠵᠢ᠎ᠪᠠᠨ ᠥᠷᠭᠡᠳᠬᠡᠬᠦ ᠥᠭᠡᠷᠡᠴᠢᠯᠡᠯᠲᠡ ᠵᠢ ᠲᠥᠯᠬᠢᠨ ᠠᠬᠢᠭᠤᠯᠵᠤ᠂ ᠪᠣᠭᠣᠮᠲᠠ ᠵᠢᠨ ᠨᠡᠪᠳᠡᠷᠡᠯ ᠵᠠᠮ᠂ ᠤᠶᠤᠨᠲᠤ ᠨᠡᠪᠳᠡᠷᠡᠯ᠂ ᠪᠠᠶ᠋ᠢᠴᠠᠭ᠋ᠠᠨ ᠰᠢᠯᠭ᠋ᠠᠬᠤ ᠪᠡᠯᠡᠳᠬᠡᠮᠵᠢ ᠵᠡᠷᠭᠡ ᠴᠢᠳᠠᠪᠤᠷᠢ ᠵᠢ ᠨᠥᠬᠥᠪᠥᠷᠢᠯᠡᠬᠦ ᠢᠨᠵᠧᠨᠧᠷᠢᠩ᠎ᠢ ᠭᠣᠣᠯᠳᠠᠯᠭ᠎ᠠ᠎ᠲᠠᠢ ᠬᠡᠷᠡᠭᠵᠢᠭᠦᠯᠵᠦ᠂ ᠪᠣᠭᠣᠮᠲᠠ ᠵᠢᠨ ᠪᠣᠭᠣᠮᠲᠠ᠎ᠪᠠᠷ ᠥᠩᠭᠡᠷᠡᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠬᠢᠯᠢ ᠠᠯᠤᠰᠯᠠᠭᠰᠠᠨ ᠲᠡᠮᠥᠷ ᠵᠠᠮ᠎ᠤᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠪᠥᠳᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠲᠡᠮᠥᠷ ᠵᠠᠮ ᠤᠨ ᠲᠤᠰᠬᠠᠢ ᠬᠡᠷᠡᠭᠯᠡᠬᠦ ᠱᠤᠭᠤᠮ᠎ᠤᠨ ᠪᠥᠳᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠪᠣᠭᠣᠮᠲᠠ ᠵᠢᠨ ᠪᠣᠭᠣᠮᠲᠠ᠎ᠪᠠᠷ ᠥᠩᠭᠡᠷᠡᠭᠦᠯᠬᠦ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠮᠢᠩᠭ᠋ᠠᠨ ᠲᠦᠮᠡᠨ ᠲᠣᠨ᠎ᠤ ᠳᠡᠰ᠎ᠠᠴᠠ ᠳᠡᠭᠡᠭᠰᠢᠬᠢ ᠬᠢᠯᠢ ᠵᠢᠨ ᠭᠠᠳᠠᠨᠠᠬᠢ ᠶᠡᠬᠡ ᠬᠡᠮᠵᠢᠶᠡᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠭᠠᠳᠠᠭ᠋ᠠᠳᠤ᠎ᠠᠴᠠ ᠣᠷᠣᠭᠤᠯᠬᠤ ᠲᠤᠰᠬᠠᠶ ᠨᠡᠪᠲᠡᠷᠡᠬᠦ ᠵᠠᠮ ᠪᠣᠯᠤᠨ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠲᠣᠮᠣ ᠬᠡᠯᠪᠡᠷᠢ ᠵᠢᠨ ᠨᠥᠭᠡᠴᠡᠯᠡᠬᠦ ᠰᠠᠭᠤᠷᠢᠨ ᠭᠠᠵᠠᠷ ᠪᠠᠶ᠋ᠢᠭᠤᠯᠬᠤ ᠵᠢ ᠳᠡᠮᠵᠢᠨ᠎ᠡ᠃
ᠠᠷᠪᠠᠨ ᠭᠤᠷᠪᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠡᠩ᠎ᠤᠨ ᠪᠣᠭᠣᠮᠲᠠ ᠵᠢᠨ ᠪᠠᠶ᠋ᠢᠭ᠎ᠠ ᠭᠠᠵᠠᠷ᠎ᠤᠨ ᠠᠶ᠋ᠢᠮᠠᠭ᠎ᠤᠨ ᠵᠠᠬᠢᠷᠭ᠎ᠠ ᠪᠠ ᠲᠣᠭᠣᠷᠢᠭ ᠪᠠᠶ᠋ᠢᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠡᠩ᠎ᠤᠨ ᠪᠣᠭᠣᠮᠲᠠ ᠵᠢᠨ ᠵᠦᠷᠢᠶᠡᠴᠢᠯᠡᠭᠰᠡᠨ ᠬᠠᠮᠵᠢᠯᠴᠠᠨ ᠬᠥᠭᠵᠢᠬᠦ ᠵᠢ ᠠᠬᠢᠭᠤᠯᠵᠤ᠂ ᠡᠩ᠎ᠤᠨ ᠪᠣᠭᠣᠮᠲᠠ᠎ᠪᠠᠷ ᠥᠩᠭᠡᠷᠡᠬᠦ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠮᠵᠢ ᠵᠢ ᠲᠡᠭᠦᠯᠳᠡᠷᠵᠢᠭᠦᠯᠦᠨ᠂ ᠪᠣᠭᠣᠮᠲᠠ ᠵᠢᠨ ᠨᠡᠪᠲᠡᠷᠡᠬᠦ ᠵᠠᠮ᠎ᠤᠨ ᠴᠢᠳᠠᠮᠵᠢ ᠵᠢ ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠬᠥᠮᠦᠰ᠎ᠤᠨ ᠶᠠᠪᠤᠯᠴᠠᠭ᠎ᠠ᠂ ᠪᠠᠷᠠᠭ᠋ᠠᠨ᠎ᠤ ᠠᠷᠠᠯᠵᠢᠶ᠎ᠠ ᠵᠢᠨ ᠪᠣᠭᠣᠮᠲᠠ᠎ᠪᠠᠷ ᠥᠩᠭᠡᠷᠡᠬᠦ᠎ᠳᠤ ᠰᠢᠯᠢᠳᠡᠭ ᠦᠢ᠍ᠯᠡᠴᠢᠯᠡᠭᠡ ᠬᠠᠩᠭ᠋ᠠᠬᠤ ᠬᠡᠷᠡᠭᠲᠡᠶ᠃
ᠠᠷᠪᠠᠨ ᠳᠥᠷᠪᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠥᠬᠥᠶ ᠰᠠᠯᠠᠭ᠎ᠠ ᠮᠥᠴᠢᠷ᠎ᠨᠢ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠵᠢᠨ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠳᠡᠮᠵᠢᠵᠦ᠂ ᠵᠢᠰᠢᠶᠠᠨ᠎ᠤ ᠭᠠᠯᠲᠤ ᠲᠡᠷᠭᠡ ᠵᠢᠨ ᠠᠶᠠᠯᠠᠯ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠂ ᠵᠠᠮ ᠳᠠᠭ᠋ᠠᠤ ᠵᠢᠨ ᠮᠤᠵᠢ ᠣᠷᠣᠨ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠵᠢᠨ ᠪᠠᠭᠲᠠᠭ᠋ᠠᠮᠵᠢ ᠵᠢ ᠥᠷᠭᠡᠳᠬᠡᠨ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠵᠤ᠂ ᠲᠣᠰ ᠭᠠᠵᠠᠷ᠎ᠤᠨ ᠣᠷᠣᠯᠴᠠᠬᠤ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠠᠴᠠ ᠮᠠᠨᠵᠤᠤᠷ᠂ ᠡᠷᠢᠶᠡᠨ ᠬᠣᠲᠠ ᠵᠢᠨ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡᠨ᠎ᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠤᠯᠠᠭ᠋ᠠᠨᠴᠠᠪ᠎ᠤᠨ ᠣᠯᠠᠨ ᠤᠯᠤᠰ᠎ᠤᠨ ᠬᠠᠭᠤᠷᠠᠶ ᠵᠢᠨ ᠭᠠᠷᠠᠮ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠬᠤᠤᠰ ᠴᠢᠭᠯᠡᠯᠲᠦ ᠪᠠᠷᠠᠭ᠋ᠠᠨ᠎ᠤ ᠢᠷᠡᠯᠲᠡ ᠵᠢᠨ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠵᠢ ᠥᠷᠭᠡᠳᠬᠡᠵᠦ᠂ ᠪᠠᠷᠠᠭ᠋ᠠᠨ᠎ᠤ ᠭᠦᠢ᠍ᠯᠭᠡᠭᠡ ᠵᠢ ᠪᠣᠳᠠᠲᠠᠶ᠋ᠢᠵᠢᠭᠤᠯᠬᠤ᠂ ᠠᠷᠠᠯᠵᠢᠶ᠎ᠠ ᠵᠢ ᠪᠣᠳᠠᠲᠠᠶ᠋ᠢᠵᠢᠭᠤᠯᠬᠤ ᠪᠠ ᠡᠳ᠋ᠰᠢᠭᠦᠯᠦᠨ ᠪᠣᠯᠪᠠᠰᠤᠷᠠᠭᠤᠯᠬᠤ ᠵᠢ ᠠᠬᠢᠭᠤᠯᠤᠨ᠎ᠠ᠃
ᠠᠷᠪᠠᠨ ᠲᠠᠪᠤᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠷᠠᠭᠤᠨ ᠬᠡᠰᠡᠭ᠎ᠤᠨ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠵᠢᠨ ᠠᠵᠢᠯᠯᠠᠭ᠋ᠠᠨ᠎ᠤ ᠲᠠᠪᠴᠠᠩ᠎ᠢ ᠡᠮᠬᠢᠯᠡᠨ ᠨᠡᠶ᠋ᠢᠯᠡᠭᠦᠯᠵᠦ᠂ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠵᠢᠨ ᠲᠥᠪᠯᠡᠷᠡᠭᠦᠯᠦᠨ ᠲᠠᠷᠬᠠᠭ᠋ᠠᠬᠤ ᠲᠥᠪ᠎ᠢ ᠪᠠᠶ᠋ᠢᠭᠤᠯᠵᠤ᠂ ᠭᠠᠶ᠋ᠢᠯᠢ ᠪᠠᠲᠤᠯᠠᠬᠤ ᠪᠠᠷᠠᠭ᠋ᠠᠨ᠎ᠤ ᠭᠦᠢ᠍ᠯᠭᠡᠭᠡᠨ᠎ᠤ ᠲᠥᠪ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠬᠤ ᠬᠡᠷᠡᠭᠲᠡᠶ᠃
ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠳᠠᠭ᠋ᠠᠤ ᠵᠢᠨ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠵᠢᠨ ᠭᠣᠣᠯ ᠨᠡᠪᠲᠡᠷᠡᠬᠦ ᠵᠠᠮ᠎ᠤᠨ ᠦᠢ᠍ᠯᠡᠳᠦᠯ᠎ᠢ ᠪᠠᠳᠠᠷᠠᠭᠤᠯᠵᠤ᠂ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ᠎ᠪᠠᠷ ᠠᠴᠢᠶᠠᠯᠠᠪᠤᠷᠢ ᠪᠣᠯᠭ᠋ᠠᠨ ᠠᠷᠠᠯᠵᠢᠶ᠎ᠠ ᠬᠤᠳᠠᠯᠳᠤᠭ᠎ᠠ ᠪᠠᠷᠠᠭ᠋ᠠᠨ᠎ᠤ ᠭᠦᠢ᠍ᠯᠭᠡᠭᠡ ᠪᠣᠯᠤᠨ ᠭᠠᠳᠠᠭᠰᠢᠯ ᠠᠵᠤ ᠠᠬᠤᠢ ᠵᠢ ᠪᠣᠶ᠋ᠢᠵᠢᠭᠤᠯᠤᠨ ᠬᠥᠭᠵᠢᠭᠦᠯᠬᠦ ᠬᠡᠷᠡᠭᠲᠡᠢ᠃
ᠠᠷᠪᠠᠨ ᠵᠢᠷᠭᠤᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭ᠋ᠠᠨ᠎ᠤ ᠶᠠᠪᠤᠳᠠᠯ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠣᠯᠠᠨ ᠬᠡᠯᠪᠡᠷᠢ ᠵᠢᠨ ᠬᠣᠯᠪᠣᠭ᠋ᠠᠯᠠᠨ ᠲᠡᠭᠡᠭᠡᠪᠦᠷᠢᠯᠡᠬᠦ ᠬᠥᠭᠵᠢᠯᠲᠡ ᠵᠢ ᠠᠬᠢᠭᠤᠯᠵᠤ᠂ ᠣᠯᠠᠨ ᠬᠡᠯᠪᠡᠷᠢ ᠵᠢᠨ ᠬᠣᠯᠪᠣᠭ᠋ᠠᠯᠠᠨ ᠲᠡᠭᠡᠭᠡᠪᠦᠷᠢᠯᠡᠬᠦ ᠵᠣᠬᠢᠶᠠᠨ ᠪᠠᠶ᠋ᠢᠭᠤᠯᠤᠯᠲᠠ ᠵᠢᠨ ᠵᠠᠭᠪᠤᠷ᠎ᠲᠤ ᠰᠢᠨ᠎ᠡ ᠵᠢ ᠡᠭᠦᠳᠴᠦ᠂ ᠲᠥᠪᠯᠡᠷᠡᠭᠦᠯᠦᠨ ᠲᠠᠷᠬᠠᠭ᠋ᠠᠬᠤ ᠲᠡᠭᠡᠭᠡᠪᠦᠷᠢ ᠵᠢᠨ ᠰᠢᠰᠲ᠋ᠧᠮᠵᠢ ᠵᠢ ᠪᠦᠷᠢᠨᠰᠢᠭᠦᠯᠦᠨ᠂ ᠲᠡᠭᠡᠭᠡᠪᠦᠷᠢ ᠵᠢᠨ ᠪᠦᠲᠦᠴᠡ ᠵᠢᠨ ᠲᠣᠬᠢᠷᠠᠭᠤᠯᠤᠯᠲᠠ ᠵᠢ ᠠᠬᠢᠭᠤᠯᠵᠤ᠂ ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠮᠡᠷᠭᠡᠵᠢᠯ ᠲᠣᠨᠣᠭᠯᠠᠯ᠎ᠤᠨ ᠲᠠᠰ ᠳᠡᠪᠰᠢᠬᠦ ᠵᠢ ᠴᠢᠩᠭ᠋ᠠᠷᠠᠭᠤᠯᠵᠤ᠂ ᠣᠯᠠᠨ ᠬᠡᠯᠪᠡᠷᠢ ᠵᠢᠨ ᠬᠣᠯᠪᠣᠭ᠋ᠠᠯᠠᠨ ᠲᠡᠭᠡᠭᠡᠪᠦᠷᠢᠯᠡᠬᠦ ᠵᠢᠨ ᠲᠡᠭᠡᠭᠡᠪᠦᠷᠢ ᠵᠢᠨ ᠦᠷ᠎ᠡ ᠪᠦᠲᠦᠮᠵᠢ᠂ ᠳᠠᠭ᠋ᠠᠭ᠋ᠠᠴᠠ ᠵᠢᠨ ᠴᠢᠳᠠᠪᠤᠷᠢ ᠪᠣᠯᠤᠨ ᠵᠣᠯᠭ᠋ᠠᠭᠤᠯᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃
ᠠᠷᠪᠠᠨ ᠳᠣᠯᠣᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠪᠣᠭᠣᠮᠲᠠ ᠵᠢᠨ ᠪᠠᠶ᠋ᠢᠭ᠎ᠠ ᠭᠠᠵᠠᠷ᠎ᠤᠨ ᠠᠶ᠋ᠢᠮᠠᠭ᠎ᠤᠨ ᠵᠠᠬᠢᠷᠭ᠎ᠠ ᠪᠣᠯᠤᠨ ᠲᠣᠭᠣᠷᠢᠭ ᠪᠠᠶ᠋ᠢᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠥᠭᠡᠷᠡᠴᠢᠯᠡᠯᠲᠡ᠂ ᠲᠡᠮᠦᠷ ᠵᠠᠮ᠂ ᠴᠢᠮᠡᠭᠡ ᠬᠣᠯᠪᠣᠭ᠎ᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠬᠢᠯᠢ ᠠᠯᠤᠰᠯᠠᠭᠰᠠᠨ ᠨᠡᠪᠲᠡᠷᠡᠬᠦ ᠵᠠᠮ ᠪᠣᠯᠤᠨ ᠪᠣᠭᠣᠮᠲᠠ ᠵᠢᠨ ᠪᠥᠲᠥᠭᠡᠨ ᠪᠠᠶ᠋ᠢᠭᠤᠯᠤᠯᠲᠠ᠎ᠪᠠᠷ ᠭᠤᠤᠯᠳᠠᠯᠭ᠎ᠠ ᠪᠣᠯᠭ᠋ᠠᠵᠤ᠂ ᠪᠣᠭᠣᠮᠲᠠ ᠵᠢᠨ ᠲᠥᠪᠯᠡᠷᠡᠭᠦᠯᠦᠨ ᠲᠠᠷᠬᠠᠭ᠋ᠠᠬᠤ ᠲᠡᠭᠡᠭᠡᠪᠦᠷᠢ ᠵᠢᠨ ᠪᠡᠯᠡᠳᠬᠡᠮᠵᠢ ᠵᠢᠨ ᠲᠤᠤᠷ ᠰᠦᠯᠵᠢᠶ᠎ᠡ ᠵᠢ ᠵᠣᠯᠭ᠋ᠠᠭᠤᠯᠵᠤ᠂ ᠪᠣᠭᠣᠮᠲᠠ ᠵᠢᠨ ᠲᠥᠪᠯᠡᠷᠡᠭᠦᠯᠦᠨ ᠲᠠᠷᠬᠠᠭ᠋ᠠᠬᠤ ᠲᠡᠭᠡᠭᠡᠪᠦᠷᠢ ᠵᠢᠨ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭ᠋ᠠᠨ᠎ᠤ ᠶᠠᠪᠤᠳᠠᠯ᠂ ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠪᠠ ᠨᠢᠭᠡᠴᠢ᠎ᠨᠦᠭᠦᠳ ᠳᠣᠲᠣᠭ᠋ᠠᠳᠤ ᠭᠠᠳᠠᠭ᠋ᠠᠳᠤ ᠬᠠᠷᠢᠯᠴᠠᠨ ᠨᠡᠪᠲᠡᠷᠡᠯᠴᠡᠭᠰᠡᠨ ᠴᠢᠯᠥᠭᠡᠲᠡᠶ ᠪᠠᠷᠠᠭ᠋ᠠᠨ᠎ᠤ ᠭᠦᠢ᠍ᠯᠭᠡᠭᠡᠨ᠎ᠤ ᠰᠢᠰᠲ᠋ᠧᠮᠵᠢ ᠵᠢ ᠪᠠᠶ᠋ᠢᠭᠤᠯᠵᠤ᠂ ᠣᠷᠣᠨ ᠪᠦᠰᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠬᠤᠷᠰᠢᠯᠴᠠᠬᠤ ᠲᠣᠭᠲᠠᠴᠠ ᠵᠢ ᠪᠠᠶ᠋ᠢᠭᠤᠯᠤᠨ᠂ ᠵᠡᠭᠦᠨ ᠳᠤᠮᠳᠠ ᠪᠠᠷᠠᠭᠤᠨ ᠬᠡᠰᠡᠭ᠎ᠤᠨ ᠣᠷᠣᠨ ᠪᠦᠰᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠨᠡᠪᠲᠡᠷᠡᠯ ᠵᠠᠮ᠎ᠤᠨ ᠲᠤᠤᠷ ᠰᠦᠯᠵᠢᠶ᠎ᠡ ᠪᠠ ᠬᠠᠩᠭ᠋ᠠᠯᠭ᠎ᠠ ᠵᠢᠨ ᠬᠡᠯᠬᠢᠶᠡᠰᠦ ᠵᠢᠨ ᠬᠠᠮᠵᠢᠯᠴᠠᠨ ᠠᠵᠢᠯ ᠬᠤᠪᠢᠶᠠᠷᠢᠯᠠᠬᠤ ᠰᠢᠰᠲ᠋ᠧᠮᠵᠢ ᠵᠢ ᠪᠠᠶ᠋ᠢᠭᠤᠯᠵᠤ᠂ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ᠂ ᠤᠯᠤᠰ᠎ᠤᠨ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠭᠤᠤᠯ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ᠎ᠳᠤ ᠪᠥᠬᠥ ᠲᠠᠯ᠎ᠠ᠎ᠪᠠᠷ ᠠᠭᠤᠰᠤᠯᠴᠠᠭᠤᠯᠬᠤ ᠬᠡᠷᠡᠭᠲᠡᠶ᠃
ᠠᠷᠪᠠ ᠶᠢᠰᠦᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠬᠥᠭᠵᠢᠭᠦᠯᠦᠯᠲᠡ ᠥᠭᠡᠷᠡᠴᠢᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭ᠋ᠠᠨ᠎ᠤ ᠶᠠᠪᠤᠳᠠᠯ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠰᠠᠭ᠋ᠠᠳ ᠥᠬᠡᠶ ᠨᠡᠪᠲᠡᠷᠡᠬᠦ᠂ ᠥᠨᠳᠥᠷ ᠦᠷ᠎ᠡ ᠪᠦᠲᠦᠮᠵᠢᠲᠡᠶ ᠶᠡᠷᠦᠩᠬᠡᠶ᠋ᠢᠯᠡᠭᠰᠡᠨ ᠲᠡᠭᠡᠭᠡᠪᠦᠷᠢ ᠵᠢᠨ ᠲᠣᠮᠣ ᠨᠡᠪᠲᠡᠷᠡᠬᠦ ᠵᠠᠮ ᠪᠠ ᠪᠠᠷᠠᠭ᠋ᠠᠨ᠎ᠤ ᠭᠦᠢ᠍ᠯᠭᠡᠭᠡᠨ᠎ᠤ ᠲᠣᠮᠣ ᠨᠡᠪᠲᠡᠷᠡᠬᠦ ᠵᠠᠮ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠨᠡᠪᠲᠡᠷᠡᠬᠦ ᠵᠠᠮ ᠳᠠᠭ᠋ᠠᠤ ᠵᠢᠨ ᠠᠵᠤ ᠦᠢ᠍ᠯᠡᠰ᠎ᠤᠨ ᠪᠠᠶ᠋ᠢᠷᠢᠰᠢᠭᠤᠯᠤᠯ ᠬᠢᠭᠡᠳ ᠠᠵᠢᠯ ᠬᠤᠪᠢᠶᠠᠷᠢᠯᠠᠨ ᠬᠤᠷᠰᠢᠯᠴᠠᠬᠤ ᠰᠢᠰᠲ᠋ᠧᠮᠵᠢ ᠵᠢ ᠰᠢᠯᠢᠳᠡᠭᠵᠢᠭᠦᠯᠦᠨ᠂ ᠪᠠᠷᠠᠭ᠋ᠠᠨ᠎ᠤ ᠭᠦᠢ᠍ᠯᠭᠡᠭᠡᠨ᠎ᠤ ᠨᠡᠪᠲᠡᠷᠡᠬᠦ ᠵᠠᠮ᠎ᠤᠨ ᠠᠵᠤ ᠠᠬᠤᠶ ᠵᠢ ᠬᠥᠭᠵᠢᠭᠦᠯᠬᠦ ᠬᠡᠷᠡᠭᠲᠡᠶ᠃
ᠬᠣᠷᠢᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠪᠣᠭᠣᠮᠲᠠ᠂ ᠰᠢᠦᠳᠠᠨ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠠ ᠨᠢᠭᠡᠴᠢ᠎ᠨᠦᠭᠦᠳ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ᠂ ᠶᠡᠷᠦᠩᠬᠡᠶ᠋ᠢᠯᠡᠭᠰᠡᠨ ᠪᠠᠷᠠᠭ᠋ᠠᠨ᠎ᠤ ᠲᠡᠭᠡᠭᠡᠪᠦᠷᠢ ᠵᠢᠨ ᠬᠦᠢ᠍ᠰᠦ ᠵᠢᠨ ᠪᠠᠶ᠋ᠢᠷᠢᠰᠢᠭᠤᠯᠤᠯ᠎ᠳᠤ ᠲᠦᠰᠢᠭᠯᠡᠨ ᠣᠯᠠᠨ ᠤᠯᠤᠰ᠎ᠤᠨ ᠢᠯᠡᠭᠡᠨ ᠬᠦᠷᠭᠡᠬᠦ ᠬᠦᠢ᠍ᠰᠦ᠂ ᠰᠢᠦᠳᠠᠨ᠎ᠤ ᠲᠦᠷᠭᠡᠨ ᠬᠦᠷᠭᠡᠬᠦ ᠵᠢᠨ ᠲᠥᠪᠯᠡᠷᠡᠭᠦᠯᠵᠦ ᠲᠠᠷᠬᠠᠭ᠋ᠠᠬᠤ ᠬᠤᠪᠢᠶᠠᠷᠢᠯᠠᠨ ᠰᠠᠯᠭ᠋ᠠᠬᠤ ᠲᠥᠪ᠎ᠢ ᠪᠦᠲᠦᠭᠡᠨ ᠪᠠᠶ᠋ᠢᠭᠤᠯᠵᠤ᠂ ᠰᠢᠦᠳᠠᠨ᠎ᠤ ᠵᠦᠢ᠍ᠯ ᠲᠦᠷᠭᠡᠨ ᠬᠦᠷᠭᠡᠬᠦ ᠵᠦᠢ᠍ᠯ᠎ᠤᠨ ᠬᠢᠯᠢ᠎ᠪᠠᠷ ᠣᠷᠣᠭᠤᠯᠵᠤ ᠭᠠᠷᠭ᠋ᠠᠬᠤ ᠵᠢ ᠨᠢᠭᠡ ᠴᠣᠭᠴᠠᠵᠢᠭᠤᠯᠬᠤ ᠪᠡᠯᠡᠳᠬᠡᠮᠵᠢ ᠵᠢ ᠲᠡᠭᠦᠯᠳᠡᠷᠵᠢᠭᠦᠯᠦᠨ᠂ ᠬᠢᠯᠢ ᠠᠯᠤᠰᠯᠠᠨ ᠢᠯᠡᠭᠡᠨ ᠬᠦᠷᠭᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃
ᠬᠣᠷᠢᠨ ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠴᠢᠮᠡᠭᠡ ᠬᠣᠯᠪᠣᠭ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ ᠪᠠ ᠨᠢᠭᠡᠴᠢ᠎ᠨᠦᠭᠦᠳ ᠲᠦᠷᠭᠡᠨ ᠪᠥᠭᠡᠳ ᠳᠥᠭᠥᠮ ᠳᠥᠲᠡ ᠮᠡᠳᠡᠭᠡ ᠵᠠᠩᠭᠢ ᠴᠢᠮᠡᠭᠡ ᠬᠣᠯᠪᠣᠭ᠎ᠠ ᠵᠢᠨ ᠲᠣᠣᠷ ᠰᠦᠯᠵᠢᠶ᠎ᠡ ᠵᠢ ᠲᠡᠭᠦᠯᠳᠡᠷᠵᠢᠭᠦᠯᠵᠦ᠂ 《ᠨᠢᠭᠡ ᠪᠦᠰᠡ ᠨᠢᠭᠡ ᠵᠠᠮ》᠎ᠤᠨ ᠬᠠᠭᠤᠷᠠᠢ ᠳᠠᠯᠠᠢ ᠠᠭ᠋ᠠᠷ ᠰᠦᠯᠵᠢᠶ᠎ᠡ ᠳᠥᠷᠪᠡ ᠵᠢ ᠨᠢᠭᠡ ᠴᠣᠭᠴᠠᠵᠢᠭᠤᠯᠤᠭᠰᠠᠨ ᠬᠣᠯᠪᠣᠭ᠋ᠠᠯᠠᠨ ᠨᠡᠪᠲᠡᠷᠡᠯᠴᠡᠬᠦ ᠪᠠ ᠮᠡᠳᠡᠭᠡ ᠵᠠᠩᠭᠢ ᠵᠢᠨ ᠬᠣᠩᠭᠢᠯ᠎ᠤᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠵᠤ᠂ ᠣᠯᠠᠨ ᠤᠯᠤᠰ᠎ᠠᠴᠠ ᠢᠨᠲ᠋ᠧᠷ ᠰᠦᠯᠵᠢᠶ᠎ᠡ ᠵᠢᠨ ᠳᠠᠮᠵᠢᠭᠤᠯᠤᠨ ᠵᠠᠯᠭ᠋ᠠᠬᠤ ᠴᠡᠭ᠂ ᠣᠯᠠᠨ ᠤᠯᠤᠰ᠎ᠠᠴᠠ ᠲᠣᠭ᠎ᠠ ᠪᠠᠷᠢᠮᠲᠠ ᠵᠢᠨ ᠲᠤᠰᠬᠠᠢ ᠱᠤᠭᠤᠮ ᠵᠡᠷᠭᠡ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃
ᠭᠤᠷᠪᠠᠳᠤᠭ᠋ᠠᠷ ᠪᠦᠯᠦᠭ ᠪᠣᠭᠣᠮᠲᠠ ᠵᠢᠨ ᠠᠵᠤ ᠠᠬᠤᠢ ᠵᠢ ᠬᠥᠭᠵᠢᠭᠦᠯᠦᠨ᠎ᠡ
ᠬᠣᠷᠢᠨ ᠬᠣᠶᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠪᠣᠭᠣᠮᠲᠠ ᠵᠢᠨ ᠠᠵᠤ ᠠᠬᠤᠶ ᠵᠢᠨ ᠬᠥᠭᠵᠢᠯᠲᠡ ᠵᠢ ᠠᠬᠢᠭᠤᠯᠵᠤ᠂ ᠪᠣᠭᠣᠮᠲᠠ᠂ ᠨᠡᠪᠲᠡᠷᠡᠯ ᠵᠠᠮ ᠪᠠ ᠡᠯ᠎ᠡ ᠲᠥᠷᠥᠯ᠎ᠤᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠠᠴᠢᠶᠠᠯᠠᠪᠤᠷᠢ ᠵᠢ ᠨᠢᠭᠡᠳᠦᠯᠲᠡᠶ ᠲᠥᠯᠥᠪᠯᠡᠨ᠂ ᠪᠣᠭᠣᠮᠲᠠ᠎ᠪᠠᠷ ᠳᠠᠶ᠋ᠢᠴᠢᠯᠠᠬᠤ᠂ ᠳᠣᠲᠣᠷ᠎ᠠ ᠭᠠᠵᠠᠷ ᠵᠶ᠋ᠠᠷ ᠲᠤᠯᠭ᠋ᠠᠭᠤᠷᠢᠯᠠᠬᠤ᠂ ᠬᠢᠯᠢ ᠳᠣᠲᠣᠷ᠎ᠠ ᠥᠪᠥᠷ ᠮᠣᠩᠭᠣᠯ ᠬᠠᠷᠢᠯᠴᠠᠨ ᠬᠥᠳᠡᠯᠦᠯᠴᠡᠬᠦ ᠪᠠᠶ᠋ᠢᠷᠢᠰᠢᠯ᠎ᠢ ᠪᠣᠶ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠵᠡᠭᠦᠨ ᠳᠤᠮᠳᠠ ᠪᠠᠷᠠᠭᠤᠨ ᠬᠡᠰᠡᠭ᠎ᠤᠨ ᠳᠠᠪᠠᠭᠤᠯᠢᠭ ᠵᠶ᠋ᠠᠨ ᠬᠠᠷᠢᠯᠴᠠᠨ ᠨᠥᠬᠥᠪᠥᠷᠢᠯᠡᠬᠦ᠂ ᠵᠦᠷᠢᠶᠡᠴᠢᠯᠡᠭᠰᠡᠨ ᠴᠢᠨᠠᠷ ᠰᠠᠶ᠋ᠢᠲᠠᠶ ᠵᠣᠬᠢᠴᠠᠩᠭᠤᠶ᠎ᠪᠠᠷ ᠬᠥᠭᠵᠢᠬᠦ ᠵᠢ ᠠᠬᠢᠭᠤᠯᠬᠤ ᠬᠡᠷᠡᠭᠲᠡᠶ᠃
ᠬᠣᠷᠢᠨ ᠭᠤᠷᠪᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠭᠣᠮᠲᠠ ᠬᠢᠭᠡᠳ ᠳᠣᠲᠣᠷ ᠭᠠᠵᠠᠷ᠎ᠤᠨ ᠪᠣᠭᠣᠮᠲᠠ᠎ᠪᠠᠷ ᠥᠩᠭᠡᠷᠡᠭᠦᠯᠬᠦ ᠬᠠᠮᠵᠢᠯᠴᠠᠭ᠎ᠠ᠂ ᠪᠠᠷᠠᠭ᠋ᠠᠨ᠎ᠤ ᠭᠦᠢ᠍ᠯᠭᠡᠭᠡᠨ᠎ᠤ ᠬᠠᠮᠲᠤᠷᠠᠯᠴᠠᠭ᠎ᠠ ᠪᠣᠯᠤᠨ ᠠᠵᠤ ᠦᠢ᠍ᠯᠡᠰ᠎ᠤᠨ ᠬᠠᠮᠲᠤᠷᠠᠨ ᠬᠥᠳᠡᠯᠦᠯᠴᠡᠵᠦ ᠬᠥᠭᠵᠢᠬᠦ ᠵᠢ ᠳᠥᠯᠭᠢᠨ ᠠᠬᠢᠭᠤᠯᠵᠤ᠂ ᠲᠥᠪᠯᠡᠷᠡᠯ᠎ᠤᠨ ᠦᠢ᠍ᠯᠡᠳᠦᠯ᠎ᠢ ᠪᠣᠶ ᠪᠣᠯᠭ᠋ᠠᠨ᠂ ᠳᠣᠲᠣᠷ ᠭᠠᠵᠠᠷ᠎ᠲᠤ ᠬᠠᠨᠳᠤᠭᠤᠯᠤᠭᠰᠠᠨ ᠴᠢᠬᠤᠯᠠ ᠶᠡᠬᠡ ᠰᠠᠭᠤᠷᠢ ᠪᠡᠯᠡᠳᠬᠡᠮᠵᠢ᠂ ᠴᠢᠬᠤᠯᠠ ᠵᠠᠩᠭᠢᠯᠠᠭ᠎ᠠ ᠵᠢᠨ ᠵᠠᠩᠭᠢᠶᠠᠰᠤ ᠪᠣᠯᠬᠤ ᠬᠣᠲᠠ᠂ ᠪᠠᠷᠠᠭ᠎ᠠ ᠲᠥᠪᠯᠡᠷᠡᠭᠦᠯᠵᠦ ᠲᠠᠷᠬᠠᠭ᠋ᠠᠬᠤ ᠲᠥᠪ᠂ ᠭᠠᠳᠠᠭ᠋ᠠᠳᠤ᠎ᠳᠤ ᠭᠠᠷᠭ᠋ᠠᠬᠤ ᠦᠢ᠍ᠯᠡᠳᠭᠦᠨ᠎ᠤ ᠰᠠᠭᠤᠷᠢᠨ ᠭᠠᠵᠠᠷ ᠪᠣᠯᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ ᠵᠢ ᠳᠥᠯᠭᠢᠨ ᠠᠬᠢᠭᠤᠯᠵᠤ᠂ ᠳᠣᠲᠣᠷ ᠭᠠᠵᠠᠷ᠎ᠤᠨ ᠲᠤᠯᠭ᠋ᠠᠭᠤᠷᠢᠯᠠᠬᠤ ᠴᠢᠳᠠᠪᠤᠷᠢ ᠵᠢ ᠨᠡᠮᠡᠭᠳᠡᠭᠦᠯᠬᠦ ᠬᠡᠷᠡᠭᠲᠡᠶ᠃
ᠬᠣᠷᠢᠨ ᠳᠥᠷᠪᠡᠳᠦᠭᠡᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠤᠳᠠᠯᠳᠤᠭ᠋ᠠᠨ᠎ᠤ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠡᠨᠧᠷᠭᠢ᠂ ᠪᠣᠭᠣᠮᠲᠠ᠂ ᠬᠢᠯᠢ᠎ᠪᠠᠷ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠬᠤ ᠪᠠᠶ᠋ᠢᠭᠤᠯᠭ᠎ᠠ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠭᠠᠳᠠᠭ᠋ᠠᠳᠤ᠎ᠠᠴᠠ ᠣᠷᠣᠭᠤᠯᠤᠭᠰᠠᠨ ᠡᠬᠢ ᠪᠠᠶᠠᠯᠢᠭ᠎ᠢ ᠪᠣᠭᠣᠮᠲᠠ ᠪᠠ ᠳᠣᠲᠣᠷ ᠭᠠᠵᠠᠷ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠲᠤ ᠰᠠᠭᠤᠷᠢᠰᠢᠭᠤᠯᠤᠨ ᠡᠳ᠋ᠰᠢᠭᠦᠯᠬᠦ ᠵᠢ ᠠᠬᠢᠭᠤᠯᠵᠤ᠂ ᠠᠵᠤ ᠠᠬᠤᠶ ᠵᠢᠨ ᠨᠡᠪᠲᠡᠷᠡᠬᠦ ᠵᠠᠮ᠎ᠢ ᠨᠡᠪᠲᠡᠷᠡᠬᠦ ᠠᠵᠤ ᠠᠬᠤᠶ ᠳᠠᠰᠢ ᠬᠤᠪᠢᠷᠠᠭᠤᠯᠬᠤ᠂ ᠵᠠᠮ ᠥᠩᠭᠡᠷᠡᠬᠦ ᠠᠵᠤ ᠠᠬᠤᠶ ᠵᠢ ᠰᠠᠭᠤᠷᠢᠰᠢᠮᠠᠯ ᠠᠵᠤ ᠠᠬᠤᠶ ᠳᠠᠰᠢ ᠬᠤᠪᠢᠷᠠᠭᠤᠯᠬᠤ ᠵᠢ ᠠᠬᠢᠭᠤᠯᠬᠤ ᠬᠡᠷᠡᠭᠲᠡᠶ᠃
ᠬᠣᠷᠢᠨ ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠬᠤᠳᠠᠯᠳᠤᠭ᠋ᠠᠨ᠎ᠤ ᠶᠠᠪᠤᠳᠠᠯ᠂ ᠪᠣᠭᠣᠮᠲᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠪᠣᠭᠣᠮᠲᠠ ᠵᠢᠨ ᠬᠢᠨᠠᠯᠲᠠ ᠬᠠᠮᠢᠶᠠᠷᠤᠯᠲᠠ ᠵᠢᠨ ᠠᠵᠢᠯᠯᠠᠬᠤ ᠭᠠᠵᠠᠷ ᠲᠠᠯᠠᠪᠤᠷ ᠪᠣᠯᠤᠨ ᠪᠣᠭᠣᠮᠲᠠ ᠵᠢᠨ ᠬᠢᠨᠠᠯᠲᠠ ᠬᠠᠮᠢᠶᠠᠷᠤᠯᠲᠠ ᠵᠢᠨ ᠭᠠᠵᠠᠷ ᠲᠠᠯᠠᠪᠤᠷ ᠬᠢᠭᠡᠳ ᠬᠢᠯᠢ ᠵᠢᠨ ᠭᠠᠳᠠᠨᠠᠬᠢ ᠪᠠᠷᠠᠭ᠎ᠠ ᠵᠢᠨ ᠭᠦᠢ᠍ᠯᠭᠡᠭᠡᠨ᠎ᠤ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠭᠠᠳᠠᠭ᠋ᠠᠳᠤ ᠠᠷᠠᠯᠵᠢᠶᠠᠨ᠎ᠤ ᠪᠠᠷᠠᠭ᠎ᠠ ᠵᠢᠨ ᠭᠦᠢ᠍ᠯᠭᠡᠭᠡᠨ᠎ᠤ ᠰᠢᠨ᠎ᠡ ᠮᠠᠶᠢᠭ᠎ᠤᠨ ᠲᠣᠣᠷ ᠰᠦᠯᠵᠢᠶ᠎ᠡ ᠵᠢ ᠪᠠᠶ᠋ᠢᠭᠤᠯᠤᠨ᠂ ᠪᠣᠭᠣᠮᠲᠠ᠎ᠪᠠᠷ ᠥᠩᠭᠡᠷᠡᠭᠦᠯᠬᠦ ᠵᠢ ᠳᠥᠭᠥᠮᠴᠢᠯᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃
ᠬᠣᠷᠢᠨ ᠵᠢᠷᠭᠤᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠤᠳᠠᠯᠳᠤᠭ᠋ᠠᠨ᠎ᠤ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠪᠣᠭᠣᠮᠲᠠ᠂ ᠬᠢᠯᠢ᠎ᠪᠠᠷ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠬᠤ ᠪᠠᠶ᠋ᠢᠭᠤᠯᠭ᠎ᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠤᠯᠤᠰ᠎ᠤᠨ ᠭᠤᠤᠯᠳᠠᠯᠭ᠎ᠠ᠎ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠵᠢᠨ ᠣᠷᠣᠨ ᠪᠣᠯᠤᠨ ᠬᠢᠯᠢ ᠵᠢᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ ᠵᠢᠴᠢ ᠬᠥᠭᠵᠢᠯᠲᠡ ᠵᠢ ᠠᠬᠢᠭᠤᠯᠵᠤ᠂ ᠠᠵᠤ ᠠᠬᠤᠶ᠋ᠢᠯᠠᠯ᠎ᠤᠨ ᠬᠢᠯᠢ ᠵᠢᠨ ᠭᠠᠳᠠᠨᠠᠬᠢ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠋ᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠳᠡᠮᠵᠢᠬᠦ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭ᠋ᠠᠨ᠎ᠤ ᠶᠠᠪᠤᠳᠠᠯ᠂ ᠡᠳ᠋᠎ᠤᠨ ᠵᠠᠰᠠᠭ᠂ ᠪᠣᠭᠣᠮᠲᠠ᠂ ᠭᠠᠶ᠋ᠢᠯᠢ ᠵᠢᠨ ᠶᠠᠪᠤᠳᠠᠯ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠳᠤᠮᠳᠠᠳᠤ ᠮᠣᠩᠭᠣᠯ᠎ᠤᠨ ᠡᠷᠢᠶᠡᠨ ᠬᠣᠲᠠ ᠵᠠᠮ᠎ᠤᠨ ᠡᠭᠦᠳᠡ ᠵᠢᠨ ᠠᠵᠤ ᠠᠬᠤᠶ ᠵᠢᠨ ᠬᠣᠷᠰᠢᠯᠴᠠᠭ᠋ᠠᠨ᠎ᠤ ᠣᠷᠣᠨ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠶ; ᠳᠤᠮᠳᠠᠳᠤ ᠤᠯᠤᠰ (ᠥᠪᠥᠷ ᠮᠣᠩᠭᠣᠯ)᠎ᠤᠨ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠢᠳᠡᠪᠬᠢᠲᠡᠶ ᠭᠤᠶᠤᠴᠢᠯᠠᠨ ᠪᠠᠶ᠋ᠢᠭᠤᠯᠤᠨ᠎ᠠ᠃
ᠬᠣᠷᠢᠨ ᠳᠣᠯᠣᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭ᠋ᠠᠨ᠎ᠤ ᠶᠠᠪᠤᠳᠠᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠪᠣᠭᠣᠮᠲᠠ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠠ ᠨᠢᠭᠡᠴᠢ᠎ᠨᠦᠭᠦᠳ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ᠎ᠳᠤ ᠲᠦᠰᠢᠭᠯᠡᠨ᠂ ᠤᠯᠤᠰ᠎ᠤᠨ ᠭᠠᠳᠠᠭ᠋ᠠᠳᠤ᠎ᠠᠴᠠ ᠣᠷᠣᠭᠤᠯᠬᠤ ᠠᠷᠠᠯᠵᠢᠶ᠎ᠠ ᠵᠢᠨ ᠰᠢᠨ᠎ᠡ ᠵᠢ ᠡᠭᠦᠳᠬᠦ ᠵᠢ ᠠᠬᠢᠭᠤᠯᠬᠤ ᠵᠢᠱ᠌ᠢᠶ᠎ᠡ ᠦᠵᠡᠭᠦᠯᠬᠦ ᠲᠣᠭᠣᠷᠢᠭ ᠪᠠ ᠤᠯᠤᠰ᠎ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠵᠢᠨ ᠱᠠᠲᠤᠴᠠ᠎ᠲᠠᠢ ᠰᠢᠯᠵᠢᠭᠦᠯᠬᠦ ᠭᠤᠤᠯᠳᠠᠯᠭ᠎ᠠ᠎ᠲᠠᠢ ᠵᠠᠯᠭ᠋ᠠᠨ ᠵᠣᠯᠭ᠋ᠠᠭᠤᠯᠬᠤ ᠭᠠᠵᠠᠷ᠎ᠢ ᠰᠠᠶ᠋ᠢᠲᠤᠷ ᠪᠠᠶ᠋ᠢᠭᠤᠯᠵᠤ᠂ ᠵᠠᠩᠭᠢᠯᠠᠭ᠎ᠠ ᠵᠢᠨ ᠠᠵᠤ ᠠᠬᠤᠶ ᠵᠢ ᠰᠦᠪᠡᠭᠴᠢᠯᠡᠨ ᠬᠥᠭᠵᠢᠭᠦᠯᠵᠦ᠂ ᠣᠲᠣ ᠦᠶ᠎ᠡ ᠵᠢᠨ ᠪᠠᠷᠠᠭ᠋ᠠᠨ᠎ᠤ ᠭᠦᠢ᠍ᠯᠭᠡᠭᠡᠨ᠂ ᠣᠯᠠᠨ ᠤᠯᠤᠰ᠎ᠤᠨ ᠠᠷᠠᠯᠵᠢᠶ᠎ᠠ ᠪᠠ ᠭᠠᠶ᠋ᠢᠯᠢ ᠪᠠᠲᠤᠯᠠᠵᠤ ᠡᠳ᠋ᠰᠢᠭᠦᠯᠬᠦ ᠵᠢ ᠲᠦᠷᠭᠡᠳᠬᠡᠨ ᠬᠥᠭᠵᠢᠭᠦᠯᠬᠦ ᠬᠡᠷᠡᠭᠲᠡᠶ᠃
ᠬᠣᠷᠢᠨ ᠨᠠᠢ᠍ᠮᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠠᠴᠠ ᠨᠥᠬᠥᠴᠡᠯ᠎ᠳᠤ ᠨᠡᠶ᠋ᠢᠴᠡᠬᠦ ᠭᠠᠵᠠᠷ ᠣᠷᠣᠨ᠎ᠤ ᠵᠣᠬᠢᠬᠤ ᠲᠥᠷᠥᠯ ᠬᠡᠯᠪᠡᠷᠢ ᠵᠢᠨ ᠭᠠᠶ᠋ᠢᠯᠢ ᠪᠠᠲᠤᠯᠠᠬᠤ ᠪᠠᠷᠠᠭ᠋ᠠᠨ᠎ᠤ ᠭᠦᠢ᠍ᠯᠭᠡᠭᠡᠨ᠎ᠤ ᠲᠥᠪ ᠪᠠ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ ᠪᠠᠶ᠋ᠢᠭᠤᠯᠬᠤ ᠵᠢ ᠳᠡᠮᠵᠢᠨ᠎ᠡ; ᠣᠲᠣ ᠵᠢᠨ ᠪᠠᠶ᠋ᠢᠭ᠎ᠠ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠲᠣᠭᠣᠷᠢᠭ ᠪᠠ ᠭᠠᠶ᠋ᠢᠯᠢ ᠪᠠᠲᠤᠯᠠᠬᠤ ᠪᠠᠷᠠᠭ᠋ᠠᠨ᠎ᠤ ᠭᠦᠢ᠍ᠯᠭᠡᠭᠡᠨ᠎ᠤ ᠲᠥᠪ᠎ᠤᠨ ᠠᠵᠢᠯᠯᠠᠭ᠋ᠠᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠲᠣᠭᠣᠷᠢᠭ᠎ᠤᠨ ᠲᠡᠭᠡᠭᠡᠪᠦᠷᠢ ᠵᠢᠨ ᠲᠤᠰᠬᠠᠶ ᠱᠤᠭᠤᠮ᠎ᠤᠨ ᠪᠥᠲᠥᠭᠡᠨ ᠪᠠᠶ᠋ᠢᠭᠤᠯᠤᠯᠲᠠ ᠪᠠ ᠬᠠᠮᠢᠶ᠎ᠠ ᠪᠥᠬᠥᠶ ᠪᠣᠳᠠᠲᠠᠶ᠋ᠢᠵᠢᠭᠤᠯᠤᠨ ᠡᠳ᠋ᠰᠢᠭᠦᠯᠵᠦ ᠪᠣᠯᠪᠠᠰᠤᠷᠠᠭᠤᠯᠬᠤ ᠠᠵᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠨ᠎ᠡ᠃
ᠬᠣᠷᠢ ᠶᠢᠰᠦᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠪᠣᠭᠣᠮᠲᠠ ᠵᠢᠨ ᠪᠠᠶ᠋ᠢᠭ᠎ᠠ ᠭᠠᠵᠠᠷ᠎ᠤᠨ ᠠᠶ᠋ᠢᠮᠠᠭ᠎ᠤᠨ ᠵᠠᠬᠢᠷᠭ᠎ᠠ ᠪᠠ ᠲᠣᠭᠣᠷᠢᠭ ᠪᠠᠶ᠋ᠢᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠥᠬᠥᠶ ᠰᠠᠯᠠᠭ᠎ᠠ ᠮᠥᠴᠢᠷ᠎ᠨᠢ ᠪᠣᠭᠣᠮᠲᠠ ᠵᠢᠨ ᠬᠢᠯᠢ ᠵᠢᠨ ᠠᠷᠠᠳ᠎ᠤᠨ ᠬᠠᠷᠢᠯᠴᠠᠨ ᠮᠠᠶ᠋ᠢᠮᠠᠶ᠋ᠢᠯᠠᠬᠤ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠣᠭᠣᠷᠢᠭ᠎ᠤᠨ ᠰᠢᠨ᠎ᠡ ᠵᠢ ᠡᠭᠦᠳᠦᠨ ᠬᠥᠭᠵᠢᠭᠦᠯᠵᠦ᠂ ᠬᠢᠯᠢ ᠵᠢᠨ ᠠᠷᠠᠳ᠎ᠤᠨ ᠬᠠᠷᠢᠯᠴᠠᠨ ᠮᠠᠶ᠋ᠢᠮᠠᠶ᠋ᠢᠯᠠᠬᠤ ᠵᠠᠬ᠎ᠠ ᠳᠡᠯᠭᠡᠭᠦᠷ᠎ᠤᠨ ᠠᠷᠠᠯᠵᠢᠶ᠎ᠠ ᠵᠢᠨ ᠭᠠᠳᠠᠭ᠋ᠠᠳᠤ᠎ᠠᠴᠠ ᠣᠷᠣᠭᠤᠯᠤᠭᠰᠠᠨ ᠲᠠᠸᠠᠷ᠎ᠤᠨ ᠬᠡᠪᠴᠢᠶ᠎ᠡ ᠪᠠ ᠬᠡᠪᠴᠢᠶ᠎ᠡ ᠵᠢ ᠥᠷᠭᠡᠳᠬᠡᠨ᠂ ᠬᠢᠯᠢ ᠵᠢᠨ ᠠᠷᠠᠳ᠎ᠤᠨ ᠬᠠᠷᠢᠯᠴᠠᠨ ᠮᠠᠶ᠋ᠢᠮᠠᠶ᠋ᠢᠯᠠᠬᠤ ᠵᠠᠬ᠎ᠠ ᠳᠡᠯᠭᠡᠭᠦᠷ᠎ᠤᠨ ᠭᠠᠳᠠᠭ᠋ᠠᠳᠤ᠎ᠠᠴᠠ ᠣᠷᠣᠭᠤᠯᠤᠭᠰᠠᠨ ᠲᠠᠸᠠᠷ᠎ᠢ ᠰᠠᠭᠤᠷᠢᠰᠢᠭᠤᠯᠤᠨ ᠡᠳ᠋ᠰᠢᠭᠦᠯᠬᠦ ᠵᠢ ᠠᠬᠢᠭᠤᠯᠵᠤ᠂ ᠬᠠᠷᠢᠯᠴᠠᠨ ᠮᠠᠶ᠋ᠢᠮᠠᠶ᠋ᠢᠯᠠᠬᠤ ᠵᠠᠬ᠎ᠠ ᠳᠡᠯᠭᠡᠭᠦᠷ᠎ᠤᠨ ᠠᠷᠠᠯᠵᠢᠶ᠎ᠠ ᠵᠢᠨ ᠡᠳ᠋ᠰᠢᠭᠦᠯᠬᠦ᠂ ᠪᠠᠯᠠ ᠣᠷᠣᠭᠤᠯᠬᠤ᠂ ᠠᠷᠠᠯᠵᠢᠶᠠᠯᠠᠬᠤ ᠵᠢ ᠨᠢᠭᠡ ᠴᠣᠠᠠᠴᠠᠵᠢᠭᠤᠯᠥᠠᠠᠰᠠᠨ ᠴᠢᠭᠯᠡᠯ ᠵᠶ᠋ᠠᠷ ᠬᠥᠭᠵᠢᠬᠦ ᠵᠢ ᠬᠥᠲᠥᠯᠦᠨ ᠵᠢᠯᠣᠭᠣᠳᠤᠨ᠎ᠠ᠃
ᠭᠤᠴᠢᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠤᠳᠠᠯᠳᠤᠭ᠋ᠠᠨ᠎ᠤ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ᠎ᠤᠳ ᠳᠤᠮᠳᠠᠳᠤ ᠮᠣᠩᠭᠣᠯ᠎ᠤᠨ ᠦᠵᠡᠰᠬᠦᠯᠡᠩ᠂ ᠥᠪᠥᠷ ᠮᠣᠩᠭᠣᠯ᠎ᠤᠨ ᠪᠣᠬᠢᠷᠲᠤᠯ ᠥᠬᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠵᠡᠰᠬᠦᠯᠡᠩ ᠪᠠ ᠤᠯᠤᠰ᠎ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ᠎ᠤ ᠵᠥᠪᠳᠡᠨ ᠬᠡᠯᠡᠯᠴᠡᠬᠦ ᠬᠤᠷᠠᠯ ᠵᠡᠷᠭᠡ ᠦᠵᠡᠰᠬᠦᠯᠡᠩ᠎ᠢ ᠰᠠᠶ᠋ᠢᠲᠤᠷ ᠡᠷᠭᠢᠯᠡᠵᠦ᠂ ᠡᠯ᠎ᠡ ᠲᠥᠷᠥᠯ᠎ᠤᠨ ᠨᠡᠭᠡᠭᠡᠯᠲᠡ ᠬᠢᠬᠦ ᠲᠠᠪᠴᠠᠩ᠎ᠤᠨ ᠴᠢᠳᠠᠮᠵᠢ ᠵᠢ ᠳᠡᠭᠡᠭᠰᠢᠯᠡᠭᠦᠯᠬᠦ ᠬᠡᠷᠡᠭᠲᠡᠶ᠃
ᠭᠤᠴᠢᠨ ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ ᠤᠨ ᠵᠠᠰᠠᠭ ᠤᠨ ᠣᠷᠳᠣᠨ᠂ ᠠᠶ᠋ᠢᠮᠠᠭ ᠤᠨ ᠵᠠᠬᠢᠷᠭ᠎ᠠ ᠪᠣᠯᠤᠨ ᠲᠣᠭᠣᠷᠢᠭ᠎ᠲᠠᠢ ᠬᠤᠳᠠ ᠵᠢᠨ ᠠᠷᠠᠳ ᠤᠨ ᠵᠠᠰᠠᠭ ᠤᠨ ᠣᠷᠳᠣᠨ᠎ᠨᠤᠭᠤᠳ ᠵᠡᠭᠦᠨ ᠳᠤᠮᠳᠠ ᠪᠠᠷᠠᠭᠤᠨ ᠣᠷᠣᠨ᠎ᠤ ᠭᠣᠣᠯᠳᠠᠯᠭ᠎ᠠ᠎ᠲᠠᠢ ᠬᠤᠳᠠ ᠬᠢᠭᠡᠳ ᠪᠣᠭᠣᠮᠲᠠ ᠬᠤᠳᠠ ᠵᠢᠨ ᠬᠠᠮᠲᠤᠷᠠᠨ ᠬᠥᠳᠡᠯᠦᠯᠴᠡᠵᠦ ᠬᠥᠭᠵᠢᠬᠦ ᠵᠢ ᠲᠥᠯᠬᠢᠨ ᠠᠬᠢᠭᠤᠯᠵᠤ᠂ ᠵᠠᠮ ᠬᠠᠷᠢᠯᠴᠠᠭ᠋ᠠᠨ᠎ᠤ ᠬᠠᠮᠲᠤᠷᠠᠨ ᠲᠡᠭᠡᠭᠡᠪᠦᠷᠢᠯᠡᠬᠦ ᠭᠣᠣᠯ ᠨᠡᠪᠳᠡᠷᠡᠯ ᠵᠠᠮ ᠪᠣᠯᠤᠨ ᠵᠠᠩᠭᠢᠯᠠᠭ᠎ᠠ ᠵᠢᠨ ᠵᠠᠩᠭᠢᠯᠠᠭ᠎ᠠ ᠬᠤᠳᠠ᠂ ᠪᠠᠷᠠᠭ᠎ᠠ ᠲᠥᠪᠯᠡᠷᠡᠭᠦᠯᠦᠨ ᠲᠠᠷᠬᠠᠭ᠋ᠠᠬᠤ ᠲᠡᠭᠡᠭᠡᠪᠦᠷᠢᠯᠡᠬᠦ ᠲᠥᠪ᠂ ᠡᠬᠢ ᠪᠠᠶᠠᠯᠢᠭ᠎ᠢ ᠬᠤᠪᠢᠷᠠᠭᠤᠯᠬᠤ ᠣᠷᠣᠨ ᠵᠡᠷᠭᠡ᠎ᠳᠤ ᠲᠦᠰᠢᠭᠯᠡᠨ᠂ ᠲᠤᠰ ᠲᠤᠰ ᠤᠨ ᠣᠨᠴᠠᠯᠢᠭ᠎ᠲᠠᠢ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠪᠥᠳᠥᠭᠡᠨ ᠪᠠᠶ᠋ᠢᠭᠤᠯᠬᠤ ᠬᠡᠷᠡᠭᠲᠡᠢ᠃
ᠳᠥᠷᠪᠡᠳᠦᠭᠡᠷ ᠪᠦᠯᠦᠭ ᠣᠷᠣᠨ ᠪᠦᠰᠡ ᠵᠢᠨ ᠰᠣᠯᠢᠯᠴᠠᠭ᠎ᠠ ᠬᠠᠮᠵᠢᠯᠴᠠᠭ᠎ᠠ ᠵᠢ ᠴᠢᠩᠭ᠋ᠠᠳᠬᠠᠨ᠎ᠠ
ᠭᠤᠴᠢᠨ ᠬᠣᠶᠠᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠤᠯᠤᠰ᠎ᠤᠨ ᠣᠷᠣᠨ ᠪᠦᠰᠡ ᠵᠢᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠪᠠ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠴᠢᠬᠤᠯᠠ ᠡᠯᠧᠮᠧᠨ᠋ᠲ᠎ᠤᠨ ᠲᠣᠬᠢᠷᠠᠭᠤᠯᠤᠯᠲᠠ ᠪᠠ ᠦᠢ᠍ᠯᠡᠳᠪᠦᠷᠢᠯᠡᠯ᠎ᠤᠨ ᠬᠦᠴᠦᠨ᠎ᠤ ᠣᠷᠣᠨ ᠵᠠᠶ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠂ ᠳᠠᠪᠠᠭᠤᠯᠢᠭ ᠵᠶ᠋ᠠᠨ ᠬᠠᠷᠢᠯᠴᠠᠨ ᠨᠥᠬᠥᠪᠥᠷᠢᠯᠡᠭᠰᠡᠨ᠂ ᠴᠢᠨᠠᠷ ᠰᠠᠶ᠋ᠢᠲᠠᠶ ᠬᠥᠭᠵᠢᠯᠲᠡ ᠵᠢᠨ ᠣᠷᠣᠨ ᠪᠦᠰᠡ ᠵᠢᠨ ᠠᠵᠤ ᠠᠬᠤᠶ ᠵᠢᠨ ᠪᠠᠶ᠋ᠢᠷᠢᠰᠢᠭᠤᠯᠤᠯᠲᠠ ᠵᠢ ᠲᠦᠷᠭᠡᠳᠬᠡᠨ ᠪᠠᠶ᠋ᠢᠭᠤᠯᠵᠤ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ᠎ᠳᠤ ᠰᠠᠭᠤᠷᠢᠯᠠᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠤᠰ ᠣᠷᠴᠢᠯ᠎ᠢ ᠰᠢᠯᠤᠭᠤᠳᠬᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠶᠠᠷ ᠵᠠᠬ᠎ᠠ ᠳᠡᠯᠭᠡᠭᠦᠷ ᠬᠣᠶᠠᠷ ᠵᠤᠷᠪᠤᠰ᠎ᠤᠨ ᠡᠬᠢ ᠪᠠᠶᠠᠯᠢᠭ᠎ᠤᠨ ᠬᠣᠯᠪᠣᠭ᠋ᠠᠯᠠᠨ ᠬᠥᠳᠡᠯᠦᠯᠴᠡᠬᠦ ᠦᠢ᠍ᠯᠡᠳᠦᠯ᠎ᠢ ᠴᠢᠩᠭ᠋ᠠᠳᠬᠠᠨ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠵᠢ ᠨᠠᠩ ᠰᠠᠶ᠋ᠢᠲᠤᠷ ᠠᠬᠢᠭᠤᠯᠬᠤ ᠬᠡᠷᠡᠭᠲᠡᠶ᠃
ᠭᠤᠴᠢᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠠᠴᠠ ᠣᠷᠣᠨ ᠪᠦᠰᠡ ᠵᠢᠨ ᠠᠵᠤ ᠠᠬᠤᠢ ᠵᠢᠨ ᠬᠠᠮᠲᠤᠷᠠᠯᠴᠠᠭ᠎ᠠ ᠵᠢᠨ ᠵᠠᠭᠪᠤᠷ ᠪᠠ ᠠᠵᠢᠯᠯᠠᠭ᠋ᠠᠨ᠎ᠤ ᠲᠣᠭᠲᠠᠴᠠ ᠵᠢᠨ ᠰᠢᠨ᠎ᠡ ᠵᠢ ᠡᠭᠦᠳᠴᠦ᠂ ᠳᠠᠪᠠᠭᠤᠯᠢᠭ ᠠᠵᠤ ᠦᠢ᠍ᠯᠡᠰ᠂ ᠭᠣᠣᠯᠳᠠᠯᠭ᠎ᠠ᠎ᠲᠠᠢ ᠬᠦᠷᠢᠶᠡᠯᠡᠩ ᠲᠣᠭᠣᠷᠢᠭ᠂ ᠴᠢᠬᠤᠯᠠ ᠶᠡᠬᠡ ᠲᠥᠷᠥᠯ ᠵᠦᠢ᠍ᠯ᠂ ᠰᠢᠨᠵᠢᠯᠡᠬᠦ ᠤᠬᠠᠭ᠋ᠠᠨ ᠮᠡᠷᠭᠡᠵᠢᠯ ᠪᠠ ᠴᠢᠳᠠᠪᠤᠷᠢᠲᠠᠨ ᠵᠡᠷᠭᠡ ᠬᠦᠷᠢᠶ᠎ᠡ ᠴᠠᠷᠠᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠠᠵᠤ ᠦᠢ᠍ᠯᠡᠰ᠎ᠤᠨ ᠬᠡᠯᠬᠢᠶᠡᠰᠦ ᠵᠢ ᠤᠯᠤᠰ᠎ᠠᠴᠠ ᠳᠣᠲᠣᠭ᠋ᠠᠳᠤ ᠵᠢᠨ ᠲᠣᠮᠣ ᠵᠠᠬ᠎ᠠ ᠳᠡᠯᠭᠡᠭᠦᠷ᠎ᠯᠦᠭᠡ ᠪᠦᠬᠦ ᠲᠠᠯ᠎ᠠ᠎ᠪᠠᠷ ᠵᠣᠯᠭ᠋ᠠᠭᠤᠯᠬᠤ ᠪᠠ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠤᠨ᠎ᠠ᠃
ᠭᠤᠴᠢᠨ ᠳᠥᠷᠪᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠠᠴᠠ ᠬᠠᠮᠢᠶ᠎ᠠ ᠪᠥᠬᠥᠶ ᠮᠤᠵᠢ ᠵᠢᠴᠢ ᠭᠠᠵᠠᠷ ᠣᠷᠣᠨ᠎ᠤ ᠡᠬᠢ ᠪᠠᠶᠠᠯᠢᠭ᠎ᠤᠨ ᠣᠭ ᠰᠤᠷᠪᠤᠯᠵᠢ ᠪᠣᠯᠤᠨ ᠬᠠᠷᠢᠴᠠᠭᠤᠯᠤᠭᠰᠠᠨ ᠳᠠᠪᠠᠭᠤᠯᠢᠭ᠎ᠲᠠᠢ ᠤᠶᠠᠯᠳᠤᠭᠤᠯᠤᠨ᠂ ᠣᠷᠣᠨ ᠪᠦᠰᠡ ᠠᠯᠤᠰᠯᠠᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠬᠠᠮᠲᠤ᠎ᠪᠠᠷ ᠪᠠᠶ᠋ᠢᠭᠤᠯᠬᠤ ᠵᠢ ᠳᠡᠮᠵᠢᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ᠎ᠤ ᠲᠣᠨᠣᠭ ᠲᠥᠬᠥᠭᠡᠷᠦᠮᠵᠢ ᠦᠢ᠍ᠯᠡᠳᠬᠦ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠠᠵᠤ ᠦᠢ᠍ᠯᠡᠰ᠎ᠢ ᠭᠤᠤᠯᠳᠠᠯᠭ᠎ᠠ᠎ᠲᠠᠢ ᠬᠥᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠦᠷᠢᠶᠡᠯᠡᠩ ᠲᠣᠭᠣᠷᠢᠭ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠬᠦ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃
ᠭᠤᠴᠢᠨ ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠬᠥᠭᠵᠢᠬᠦ᠎ᠳᠤ ᠢᠳᠡᠪᠬᠢᠲᠡᠢ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠧᠢ ᠣᠷᠣᠨ᠎ᠯᠤᠭ᠎ᠠ ᠵᠢᠨ ᠪᠦᠬᠦ ᠲᠠᠯ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠬᠥᠭᠵᠢᠬᠦ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠵᠢᠨ ᠲᠠᠪᠴᠠᠩ᠎ᠢ ᠪᠠᠶ᠋ᠢᠭᠤᠯᠤᠨ᠎ᠠ; ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠵᠦ᠂ ᠠᠵᠤ ᠦᠢ᠍ᠯᠡᠰ ᠰᠢᠨᠵᠢᠯᠡᠬᠦ ᠤᠬᠠᠭ᠋ᠠᠨ ᠮᠡᠷᠭᠡᠵᠢᠯ᠂ ᠰᠤᠷᠭ᠋ᠠᠨ ᠬᠥᠮᠦᠵᠢᠯ᠂ ᠡᠮ ᠡᠮᠨᠡᠯᠭᠡ᠂ ᠠᠮᠢ ᠠᠬᠤᠶ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ᠎ᠳᠠᠬᠢ ᠭᠦᠨᠵᠡᠭᠡᠶ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠪᠡᠭᠡᠵᠢᠩ ᠥᠪᠥᠷ ᠮᠣᠩᠭᠣᠯ᠎ᠢ ᠣᠯᠠᠨ ᠲᠠᠯ᠎ᠠ᠎ᠪᠠᠷ ᠳᠠᠶ᠋ᠢᠴᠢᠯᠠᠬᠤ ᠰᠢᠨ᠎ᠡ ᠪᠠᠶ᠋ᠢᠷᠢᠰᠢᠯ᠎ᠢ ᠲᠦᠷᠭᠡᠳᠬᠡᠨ ᠪᠦᠷᠢᠯᠳᠦᠭᠦᠯᠦᠨ᠎ᠡ; ᠲᠢᠶᠠᠨᠵᠢᠨ᠂ ᠡᠾᠸᠪᠸᠢ ᠵᠡᠷᠭᠡ ᠮᠤᠵᠢ ᠬᠣᠲᠠ᠎ᠯᠤᠭ᠎ᠠ ᠵᠢᠨ ᠭᠠᠷᠠᠮ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠪᠠ ᠳᠣᠲᠣᠭ᠋ᠠᠳᠤ ᠬᠠᠭᠤᠷᠠᠶ ᠵᠢᠨ ᠭᠠᠷᠠᠮ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠡᠬᠡ ᠬᠠᠭᠤᠷᠠᠶ ᠵᠢᠨ ᠭᠠᠷᠠᠮ᠎ᠤᠨ ᠪᠥᠭᠡᠮᠨᠡᠷᠡᠯ᠎ᠢ ᠬᠠᠮᠲᠤ᠎ᠪᠠᠷ ᠪᠥᠲᠥᠭᠡᠨ ᠪᠠᠶ᠋ᠢᠭᠤᠯᠤᠨ᠎ᠠ; ᠰᠢᠶᠦᠢ᠍ᠩ ᠠᠨ ᠰᠢᠨ᠎ᠡ ᠲᠣᠭᠣᠷᠢᠭ᠎ᠤᠨ ᠪᠦᠳᠦᠭᠡᠨ ᠪᠠᠶ᠋ᠢᠭᠤᠯᠤᠯᠲᠠ ᠵᠢ ᠢᠳᠡᠪᠬᠢᠲᠡᠢ ᠲᠡᠮᠵᠢᠵᠤ᠂ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ᠎ᠳᠤ ᠦᠢ᠍ᠯᠡᠴᠢᠯᠡᠪᠡ᠃
ᠭᠤᠴᠢᠨ ᠵᠢᠷᠭᠤᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠠᠴᠠ ᠵᠡᠭᠦᠨ ᠬᠡᠰᠡᠭ᠎ᠤᠨ ᠲᠡᠯᠡᠶ ᠳᠠᠭ᠋ᠠᠤ ᠭᠠᠵᠠᠷ ᠣᠷᠣᠨ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠦᠬᠡᠮᠦ᠋ᠷᠡᠨ᠎ᠤ ᠭᠤᠷᠪᠠᠯᠵᠢᠨ ᠬᠣᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠱᠠᠩᠬᠠᠶ ᠥᠪᠥᠷ ᠮᠣᠩᠭᠣᠯ᠂ ᠵᠢᠶᠠᠩᠰᠦ ᠥᠪᠥᠷ ᠮᠣᠩᠭᠣᠯ᠂ ᠭᠤᠸᠠᠩᠳᠦ᠋ᠩ ᠥᠪᠥᠷ ᠮᠣᠩᠭᠣᠯ ᠵᠡᠷᠭᠡ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠲᠠᠪᠴᠠᠩ᠎ᠢ ᠠᠰᠢᠭᠯᠠᠵᠤ᠂ ᠪᠥᠬᠥ ᠲᠠᠯ᠎ᠠ᠎ᠪᠠᠷ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠠᠬᠢᠭᠤᠯᠤᠨ᠂ ᠬᠥᠷᠥᠩᠭᠡ᠂ ᠮᠡᠷᠭᠡᠵᠢᠯ᠂ ᠴᠢᠳᠠᠪᠤᠷᠢᠲᠠᠨ ᠵᠡᠷᠭᠡ ᠳᠡᠭᠡᠳᠦ ᠲᠠᠰ᠎ᠤᠨ ᠬᠦᠴᠦᠨ ᠵᠤᠷᠪᠤᠰ᠎ᠢ ᠲᠡᠳᠡᠨ ᠲᠥᠪᠯᠡᠷᠡᠭᠦᠯᠵᠦ᠂ ᠬᠠᠮᠲᠤᠷᠠᠯᠴᠠᠭ᠎ᠠ᠎ᠪᠠᠷ ᠨᠡᠭᠡᠭᠡᠯᠲᠡ ᠬᠢᠬᠦ ᠵᠢ ᠠᠬᠢᠭᠤᠯᠤᠨ᠂ ᠲᠡᠷᠢᠭᠦᠨ᠎ᠤ ᠠᠵᠤ ᠦᠢ᠍ᠯᠡᠰ᠎ᠤᠨ ᠰᠢᠯᠵᠢᠯᠲᠡ ᠵᠢ ᠢᠳᠡᠪᠬᠢᠲᠡᠶ᠎ᠪᠠᠷ ᠵᠠᠯᠭ᠋ᠠᠨ ᠠᠪᠴᠤ᠂ ᠣᠭᠣᠷᠴᠣᠭ ᠬᠠᠷᠢᠶ᠎ᠠ ᠭᠠᠵᠠᠷ᠎ᠤᠨ ᠠᠵᠤ ᠠᠬᠤᠶ ᠵᠡᠷᠭᠡ ᠠᠰᠢᠭ ᠲᠤᠰᠠ ᠵᠢ ᠬᠠᠮᠲᠤ᠎ᠪᠠᠷ ᠭᠥᠷᠳᠡᠬᠦ ᠵᠠᠭᠪᠤᠷ᠎ᠢ ᠰᠦᠪᠡᠭᠴᠢᠯᠡᠨ᠎ᠡ᠃
ᠭᠤᠴᠢᠨ ᠳᠣᠯᠣᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠎ᠳᠤ ᠭᠦᠨᠵᠡᠭᠡᠢ ᠠᠭᠤᠰᠤᠯᠴᠠᠵᠤ᠂ ᠵᠡᠭᠦᠨ ᠬᠣᠶ᠋ᠢᠲᠤ ᠣᠷᠣᠨ᠎ᠤ ᠭᠤᠷᠪᠠᠨ ᠮᠤᠵᠢ ᠣᠷᠣᠨ᠎ᠯᠤᠭ᠎ᠠ ᠵᠢᠨ ᠬᠠᠮᠲᠤᠷᠠᠯᠴᠠᠭ᠎ᠠ ᠪᠣᠯᠤᠨ ᠬᠠᠮᠵᠢᠯᠴᠠᠨ ᠬᠥᠭᠵᠢᠬᠦ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠦᠢ᠍ᠯᠡᠰ ᠪᠣᠯᠤᠨ ᠬᠤᠳᠠ ᠵᠢᠨ ᠠᠭᠤᠰᠤᠯᠴᠠᠯ᠎ᠢ ᠠᠬᠢᠭᠤᠯᠵᠤ᠂ ᠲᠤᠰ ᠲᠤᠰ᠎ᠤᠨ ᠭᠠᠳᠠᠭ᠋ᠠᠳᠤ ᠨᠡᠭᠡᠭᠡᠯᠳᠠ ᠵᠢᠨ ᠳᠠᠪᠠᠭᠤᠯᠢᠭ ᠵᠶ᠋ᠠᠨ ᠬᠣᠯᠪᠣᠨ ᠨᠡᠢ᠌ᠳᠭᠡᠵᠦ᠂ ᠬᠠᠷᠢᠯᠴᠠᠨ ᠲᠤᠯᠭ᠋ᠠᠭᠤᠷᠢᠯᠠᠵᠤ᠂ ᠬᠠᠷᠢᠯᠴᠠᠨ ᠨᠥᠬᠥᠪᠥᠷᠢᠯᠡᠵᠦ᠂ ᠭᠢᠷᠢᠨ ᠮᠤᠵᠢ ᠵᠢᠨ ᠰᠧ ᠫᠢᠩ᠂ ᠲᠥᠩ ᠬᠤᠸᠠ ᠬᠤᠲᠠ᠂ ᠯᠢᠶᠣᠤ ᠶᠤᠸᠠᠨ ᠬᠤᠳᠠ᠂ ᠯᠢᠶᠣᠤᠨᠢᠩ ᠮᠤᠵᠢ ᠵᠢᠨ ᠹᠦᠱ᠌ᠦ᠋ᠨ ᠬᠤᠲᠠ᠂ ᠲᠢᠶᠸ ᠯᠢᠩ ᠬᠤᠲᠠ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠬᠣᠯᠪᠣᠭ᠋ᠠᠯᠠᠨ ᠬᠥᠭᠵᠢᠬᠦ ᠵᠢ ᠠᠬᠢᠭᠤᠯᠤᠨ᠎ᠠ᠃
ᠭᠤᠴᠢᠨ ᠨᠠᠢ᠍ᠮᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠬᠠᠲᠤᠨ ᠭᠤᠤᠯ ᠳᠠᠭ᠋ᠠᠤ ᠵᠢᠨ ᠡᠯ᠎ᠡ ᠮᠤᠵᠢ ᠣᠷᠣᠨ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠠᠵᠤ ᠦᠢ᠍ᠯᠡᠰ ᠵᠶ᠋ᠠᠷ ᠬᠠᠷᠢᠯᠴᠠᠨ ᠨᠥᠬᠥᠪᠥᠷᠢᠯᠡᠬᠦ᠂ ᠬᠥᠮᠦᠨ ᠬᠠᠷ᠎ᠠ ᠬᠠᠷᠢᠯᠴᠠᠨ ᠬᠥᠳᠡᠯᠦᠯᠴᠡᠬᠦ᠂ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠤᠷᠪᠤᠰ᠎ᠤᠨ ᠪᠥᠲᠥᠭᠡᠨ ᠪᠠᠶ᠋ᠢᠭᠤᠯᠤᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠠᠮᠲᠤᠷᠠᠯᠴᠠᠭ᠎ᠠ᠂ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠬᠦ᠂ ᠭᠠᠳᠠᠭ᠋ᠠᠳᠤ ᠨᠡᠭᠡᠭᠡᠯᠲᠡ ᠵᠢ ᠥᠷᠭᠡᠳᠬᠡᠬᠦ ᠵᠡᠷᠭᠡ ᠬᠦᠷᠢᠶᠡᠨ᠎ᠳᠠᠬᠢ ᠣᠯᠣᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠃
ᠭᠤᠴᠢ ᠶᠢᠰᠦᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠠᠴᠠ ᠬᠠᠮᠢᠶ᠎ᠠ ᠪᠥᠬᠥᠶ ᠬᠣᠲᠠ ᠵᠢᠨ ᠪᠥᠭᠡᠮᠨᠡᠷᠡᠯᠯᠦᠭᠡ ᠠᠵᠢᠯ ᠬᠤᠪᠢᠶᠠᠷᠢᠯᠠᠨ ᠬᠠᠮᠵᠢᠯᠴᠠᠬᠤ᠎ᠪᠠᠨ ᠴᠢᠩᠭ᠋ᠠᠳᠬᠠᠵᠤ᠂ ᠨᠢᠭᠡ ᠴᠣᠠᠠᠴᠠᠵᠢᠭᠤᠯᠥᠨ ᠵᠣᠬᠢᠴᠠᠩᠭᠤᠶ ᠬᠥᠭᠵᠢᠭᠦᠯᠬᠦ ᠲᠣᠭᠲᠠᠴᠠ ᠪᠠ ᠥᠪᠡᠷ᠎ᠤᠨ ᠥᠷᠲᠡᠭ᠎ᠢ ᠬᠠᠮᠲᠤ᠎ᠪᠠᠷ ᠡᠭᠦᠷᠭᠡᠯᠡᠬᠦ᠂ ᠠᠰᠢᠭ ᠲᠤᠰᠠ ᠵᠢ ᠬᠠᠮᠲᠤ᠎ᠪᠠᠷ ᠭᠥᠷᠳᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠰᠠᠭᠤᠷᠢ ᠪᠡᠯᠡᠳᠬᠡᠮᠵᠢ ᠵᠢ ᠵᠣᠬᠢᠴᠠᠭᠤᠯᠤᠨ ᠪᠠᠶ᠋ᠢᠷᠢᠯᠠᠭᠤᠯᠬᠤ᠂ ᠠᠵᠤ ᠦᠢ᠍ᠯᠡᠰ᠎ᠢ ᠠᠵᠢᠯ ᠬᠤᠪᠢᠶᠠᠷᠢᠯᠠᠨ ᠬᠠᠮᠵᠢᠯᠴᠠᠬᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠬᠠᠮᠲᠤ᠎ᠪᠠᠷ ᠭᠥᠷᠳᠡᠬᠦ᠂ ᠠᠮᠢ ᠠᠬᠤᠶ ᠵᠢ ᠬᠠᠮᠲᠤ᠎ᠪᠠᠷ ᠪᠠᠶ᠋ᠢᠭᠤᠯᠵᠤ ᠣᠷᠴᠢᠨ ᠲᠣᠭᠣᠷᠢᠨ᠎ᠢ ᠬᠠᠮᠲᠤ᠎ᠪᠠᠷ ᠵᠠᠰᠠᠬᠤ ᠪᠠ ᠬᠠᠮᠵᠢᠯᠴᠠᠨ ᠬᠣᠯᠪᠣᠭ᠋ᠠᠯᠠᠨ ᠬᠥᠳᠡᠯᠦᠯᠴᠡᠵᠦ ᠨᠡᠭᠡᠭᠡᠯᠲᠡ ᠬᠢᠬᠦ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃
ᠲᠠᠪᠤᠳᠤᠭ᠋ᠠᠷ ᠪᠦᠯᠦᠭ ᠭᠠᠳᠠᠭ᠋ᠠᠳᠤ ᠠᠷᠠᠯᠵᠢᠶ᠎ᠠ ᠪᠠ ᠪᠡᠯᠡ ᠣᠷᠣᠭᠤᠯᠤᠯᠲᠠ ᠵᠢᠨ ᠬᠠᠮᠲᠤᠷᠠᠯᠴᠠᠭ᠎ᠠ ᠵᠢ ᠥᠷᠭᠡᠳᠬᠡᠨ᠎ᠡ
ᠳᠥᠴᠢᠳᠦᠭᠡᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ ᠤᠨ ᠣᠷᠳᠣᠨ ᠭᠠᠳᠠᠭ᠋ᠠᠳᠤ ᠠᠷᠠᠯᠵᠢᠶ᠎ᠠ ᠪᠠ ᠪᠡᠯᠡ ᠣᠷᠣᠭᠤᠯᠤᠯᠲᠠ ᠵᠢᠨ ᠬᠠᠮᠲᠤᠷᠠᠯᠴᠠᠭ᠎ᠠ᠎ᠪᠠᠨ ᠥᠷᠭᠡᠳᠬᠡᠵᠦ᠂ ᠳᠣᠲᠣᠭ᠋ᠠᠳᠤ ᠭᠠᠳᠠᠭ᠋ᠠᠳᠤ ᠵᠢ ᠨᠢᠭᠡᠳᠦᠯᠲᠡᠢ᠎ᠳᠤ ᠲᠥᠯᠥᠪᠯᠡᠭᠰᠡᠨ᠂ ᠠᠭᠤᠰᠤᠯᠴᠠᠨ ᠬᠥᠳᠡᠯᠦᠯᠴᠡᠭᠰᠡᠨ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢᠨ ᠠᠭᠤᠰᠤᠯᠴᠠᠨ ᠬᠥᠭᠵᠢᠬᠦ ᠰᠢᠨ᠎ᠡ ᠪᠠᠶ᠋ᠢᠷᠢᠰᠢᠯ᠎ᠢ ᠪᠠᠶ᠋ᠢᠭᠤᠯᠬᠤ ᠬᠡᠷᠡᠭᠲᠡᠢ᠃
ᠳᠥᠴᠢᠨ ᠨᠢᠭᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ ᠲᠠᠸᠠᠷ ᠪᠣᠯᠤᠨ ᠡᠯᠧᠮᠧᠨ᠋ᠲ᠎ᠤᠨ ᠭᠦᠢ᠍ᠯᠭᠡᠭᠡᠨ᠎ᠤ ᠬᠡᠯᠪᠡᠷᠢ ᠵᠢᠨ ᠨᠡᠭᠡᠭᠡᠯᠲᠡ ᠵᠢ ᠭᠦᠨᠵᠡᠭᠡᠶ᠋ᠢᠷᠡᠭᠦᠯᠵᠦ᠂ ᠳᠦᠷᠢᠮ ᠲᠣᠭᠲᠠᠭ᠋ᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ᠎ᠤᠨ ᠬᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠣᠯᠭ᠋ᠠᠨ᠎ᠠ᠃
ᠳᠥᠴᠢᠨ ᠬᠣᠶᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠥᠬᠥᠶ ᠰᠠᠯᠠᠭ᠎ᠠ ᠮᠥᠴᠢᠷ᠎ᠤᠳ ᠠᠷᠠᠯᠵᠢᠶ᠎ᠠ ᠪᠠ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠭᠠᠳᠠᠭ᠋ᠠᠳᠤ ᠠᠷᠠᠯᠵᠢᠶᠠᠨ᠎ᠤ ᠤᠯᠠᠮᠵᠢᠯᠠᠯᠲᠤ ᠳᠠᠪᠠᠭᠤᠯᠢᠭ᠎ᠢ ᠪᠡᠬᠢᠵᠢᠭᠦᠯᠦᠨ᠂ ᠥᠷᠢᠰᠥᠯᠳᠦᠭᠡᠨ᠎ᠤ ᠰᠢᠨ᠎ᠡ ᠳᠠᠪᠠᠭᠤᠯᠢᠭ᠎ᠢ ᠪᠣᠶ᠋ᠢᠵᠢᠭᠤᠯᠵᠤ᠂ ᠭᠠᠳᠠᠭ᠋ᠠᠳᠤ ᠠᠷᠠᠯᠵᠢᠶᠠᠨ᠎ᠤ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠬᠤ ᠬᠡᠷᠡᠭᠲᠡᠶ᠃
ᠳᠥᠴᠢᠨ ᠭᠤᠷᠪᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠤᠳᠠᠯᠳᠤᠭ᠋ᠠᠨ᠎ᠤ ᠶᠠᠪᠤᠳᠠᠯ᠂ ᠠᠷᠠᠯᠵᠢᠶ᠎ᠠ ᠵᠢ ᠠᠬᠢᠭᠤᠯᠬᠤ ᠵᠥᠪᠯᠡᠯ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠪᠠᠶ᠋ᠢᠳᠠᠯ᠎ᠢ ᠪᠣᠶ᠋ᠢᠵᠢᠭᠤᠯᠤᠨ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠶᠡᠷᠦᠩᠬᠡᠶ᠋ᠢᠯᠡᠭᠰᠡᠨ ᠲᠤᠷᠰᠢᠯᠲᠠ ᠵᠢᠨ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠂ ᠵᠠᠬ᠎ᠠ ᠳᠡᠯᠭᠡᠭᠦᠷ᠎ᠤᠨ ᠬᠤᠳᠠᠯᠳᠤᠨ ᠠᠪᠬᠤ ᠠᠷᠠᠯᠵᠢᠶ᠎ᠠ ᠵᠢ ᠬᠥᠭᠵᠢᠭᠦᠯᠵᠦ᠂ ᠭᠠᠳᠠᠭ᠋ᠠᠳᠤ᠎ᠳᠠᠬᠢ ᠬᠥᠮᠥᠷᠭᠡ ᠵᠢᠨ ᠪᠥᠲᠥᠭᠡᠨ ᠪᠠᠶ᠋ᠢᠭᠤᠯᠤᠯᠲᠠ ᠪᠠ ᠲᠠᠰ ᠳᠡᠪᠰᠢᠭᠦᠯᠦᠨ ᠬᠥᠭᠵᠢᠭᠦᠯᠬᠦ ᠵᠢ ᠳᠡᠮᠵᠢᠵᠦ᠂ ᠭᠠᠳᠠᠭ᠋ᠠᠳᠤ ᠠᠷᠠᠯᠵᠢᠶᠠᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠴᠢᠩᠭ᠋ᠠᠷᠠᠭᠤᠯᠤᠨ᠎ᠠ᠃
ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠵᠢᠨ ᠪᠠᠶ᠋ᠢᠳᠠᠯ ᠰᠢᠨ᠎ᠡ ᠵᠠᠭᠪᠤᠷ ᠵᠶ᠋ᠠᠷ ᠳᠠᠮᠵᠢᠭᠤᠯᠤᠨ᠂ ᠰᠢᠨ᠎ᠡ ᠮᠡᠷᠭᠡᠵᠢᠯ ᠰᠢᠨ᠎ᠡ ᠠᠷᠭ᠎ᠠ ᠵᠠᠮ᠎ᠢ ᠠᠰᠢᠭᠯᠠᠨ᠂ ᠭᠠᠳᠠᠭ᠋ᠠᠳᠤ ᠠᠷᠠᠯᠵᠢᠶ᠎ᠠ ᠵᠢ ᠥᠷᠨᠢᠭᠦᠯᠵᠦ᠂ ᠪᠣᠷᠣᠯᠠᠭᠤᠯᠭ᠎ᠠ ᠵᠢᠨ ᠵᠠᠮ ᠮᠥᠷ᠎ᠢ ᠥᠷᠭᠡᠳᠬᠡᠨ᠂ ᠪᠡᠶ᠎ᠡ᠎ᠪᠠᠨ ᠳᠠᠭ᠋ᠠᠭ᠋ᠠᠭᠰᠠᠨ ᠨᠠᠷᠠᠲᠤ ᠲᠥᠷᠥᠯ ᠲᠡᠮᠳᠡᠭᠲᠦ ᠵᠢ ᠪᠣᠶ᠋ᠢᠵᠢᠭᠤᠯᠬᠤ ᠵᠢ ᠳᠡᠮᠵᠢᠨ᠎ᠡ᠃
ᠬᠤᠳᠠᠯᠳᠤᠭ᠋ᠠᠨ᠎ᠤ ᠶᠠᠪᠤᠳᠠᠯ᠂ ᠪᠣᠭᠣᠮᠲᠠ᠂ ᠭᠠᠶ᠋ᠢᠯᠢ ᠵᠢᠨ ᠶᠠᠪᠤᠳᠠᠯ ᠵᠡᠷᠭᠡ ᠰᠠᠯᠠᠭ᠎ᠠ ᠮᠥᠴᠢᠷ ᠪᠠ ᠨᠢᠭᠡᠴᠢ᠎ᠨᠦᠭᠦᠳ ᠠᠵᠤ ᠠᠬᠤᠶ᠋ᠢᠯᠠᠯ᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠵᠢᠵᠢᠭᠯᠡᠨ ᠬᠤᠳᠠᠯᠳᠤᠬᠤ ᠭᠠᠳᠠᠭ᠋ᠠᠳᠤ᠎ᠳᠤ ᠭᠠᠷᠭ᠋ᠠᠬᠤ ᠬᠠᠮᠢᠶ᠎ᠠ ᠪᠥᠬᠥᠶ ᠭᠠᠶ᠋ᠢᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠠᠶ᠋ᠢᠲᠤᠷ ᠬᠡᠷᠡᠭᠯᠡᠬᠦ ᠵᠢ ᠵᠢᠯᠣᠭᠣᠳᠴᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠡᠷᠡᠭᠦᠯ ᠵᠶ᠋ᠠᠷ ᠦᠷᠭᠦᠯᠵᠢᠯᠡᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠤᠨ᠎ᠠ᠃
ᠳᠥᠴᠢᠨ ᠳᠥᠷᠪᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠥᠬᠥᠶ ᠰᠠᠯᠠᠭ᠎ᠠ ᠮᠥᠴᠢᠷ᠎ᠨᠢ ᠦᠢ᠍ᠯᠡᠴᠢᠯᠡᠭᠡᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠪᠦᠲᠦᠴᠡ ᠵᠢ ᠰᠢᠯᠢᠳᠡᠭᠵᠢᠭᠦᠯᠵᠦ᠂ ᠦᠢ᠍ᠯᠡᠴᠢᠯᠡᠭᠡᠨ᠎ᠤ ᠠᠷᠠᠯᠵᠢᠶ᠎ᠠ ᠵᠢᠨ ᠬᠥᠭᠵᠢᠯᠲᠡ ᠵᠢᠨ ᠲᠣᠭᠲᠠᠴᠠ ᠵᠢ ᠲᠡᠭᠦᠯᠳᠡᠷᠵᠢᠭᠦᠯᠦᠨ᠂ ᠮᠡᠳᠡᠯᠭᠡ ᠨᠢᠭᠲᠠᠷᠬᠠᠰᠠᠨ ᠬᠡᠯᠪᠡᠷᠢ ᠵᠢᠨ ᠦᠢ᠍ᠯᠡᠴᠢᠯᠡᠭᠡᠨ᠎ᠢ ᠭᠠᠳᠠᠭ᠋ᠠᠳᠤ᠎ᠳᠤ ᠭᠠᠷᠭ᠋ᠠᠬᠤ ᠵᠢ ᠠᠬᠢᠭᠤᠯᠵᠤ᠂ ᠲᠣᠭ᠋ᠠᠴᠢᠯᠠᠭᠰᠠᠨ ᠠᠷᠠᠯᠵᠢᠶ᠎ᠠ ᠵᠢᠨ ᠣᠯᠠᠨ ᠡᠰᠢᠵᠢᠭᠰᠡᠨ ᠡᠵᠡᠩᠨᠡᠯᠲᠡ ᠵᠢᠨ ᠪᠠᠶ᠋ᠢᠳᠠᠯ᠎ᠤᠨ ᠵᠠᠭᠪᠤᠷ᠎ᠢ ᠰᠦᠪᠡᠭᠴᠢᠯᠡᠨ ᠬᠥᠭᠵᠢᠭᠦᠯᠦᠨ᠎ᠡ᠃
ᠳᠥᠴᠢᠨ ᠲᠠᠪᠤᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠠᠷᠠᠯᠵᠢᠶ᠎ᠠ ᠪᠠ ᠬᠣᠣᠰ ᠴᠢᠭᠯᠡᠯ᠎ᠤᠨ ᠪᠡᠯᠡ ᠣᠷᠣᠭᠤᠯᠤᠯᠲᠠ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠭᠠᠳᠠᠭ᠋ᠠᠳᠤ᠎ᠳᠤ ᠪᠡᠯᠡ ᠣᠷᠣᠭᠤᠯᠵᠤ ᠬᠠᠮᠲᠤᠷᠠᠯᠴᠠᠬᠤ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠲᠡᠬᠦ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠲᠤᠷᠠᠯᠴᠠᠭ᠋ᠠᠨ᠎ᠤ ᠰᠢᠰᠲ᠋ᠧᠮ᠎ᠢ ᠪᠠᠶ᠋ᠢᠭᠤᠯᠬᠤ ᠬᠡᠷᠡᠭᠲᠡᠢ᠃
ᠳᠥᠴᠢᠨ ᠵᠢᠷᠭᠤᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ ᠤᠷᠤᠰ᠂ ᠮᠣᠩᠭᠣᠯ᠎ᠯᠤᠭ᠎ᠠ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠤᠷᠤᠰ ᠮᠣᠩᠭᠣᠯ᠎ᠯᠤᠭ᠎ᠠ ᠵᠢᠨ ᠠᠵᠤ ᠦᠢ᠍ᠯᠡᠰ᠎ᠤᠨ ᠪᠦᠲᠦᠴᠡ᠂ ᠵᠠᠬ᠎ᠠ ᠳᠡᠯᠭᠡᠭᠦᠷ᠎ᠤᠨ ᠪᠦᠲᠦᠴᠡ ᠵᠢᠨ ᠲᠠᠯ᠎ᠠ᠎ᠪᠠᠷ᠎ᠬᠢ ᠵᠥᠷᠢᠶᠡᠲᠦ ᠴᠢᠨᠠᠷ ᠪᠠ ᠬᠠᠷᠢᠯᠴᠠᠨ ᠨᠥᠬᠥᠪᠥᠷᠢᠯᠡᠬᠦ ᠴᠢᠨᠠᠷ᠎ᠢ ᠠᠰᠢᠭᠯᠠᠨ᠂ ᠰᠤᠷᠭ᠋ᠠᠨ ᠬᠥᠮᠦᠵᠢᠯ᠂ ᠡᠮ ᠡᠮᠨᠡᠯᠭᠡ᠂ ᠰᠢᠨᠵᠢᠯᠡᠬᠦ ᠤᠬᠠᠭ᠋ᠠᠨ ᠮᠡᠷᠭᠡᠵᠢᠯ᠂ ᠠᠮᠢ ᠠᠬᠤᠢ᠂ ᠡᠨᠧᠷᠭᠢ᠂ ᠴᠢᠳᠠᠪᠤᠷᠢᠲᠠᠨ ᠵᠡᠷᠭᠡ ᠬᠦᠷᠢᠶᠡᠨ᠎ᠤ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠳᠤᠮᠳᠠᠳᠤ ᠮᠣᠩᠭᠣᠯ ᠤᠷᠤᠰ᠎ᠤᠨ ᠠᠵᠤ ᠠᠬᠤᠢ ᠵᠢᠨ ᠬᠤᠩᠬᠢᠯ᠎ᠤᠨ ᠪᠦᠲᠦᠭᠡᠨ ᠪᠠᠶ᠋ᠢᠭᠤᠯᠤᠯᠲᠠ᠎ᠳᠤ ᠭᠦᠨᠵᠡᠭᠡᠢ ᠣᠷᠣᠯᠴᠠᠨ᠎ᠠ᠃
ᠳᠥᠴᠢᠨ ᠳᠣᠯᠣᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠠᠴᠠ ᠠᠵᠤ ᠠᠬᠤᠶ᠋ᠢᠯᠠᠯ᠎ᠤᠨ ᠪᠥᠬᠥ ᠪᠥᠮᠪᠥᠷᠴᠡᠭ᠎ᠤᠨ ᠠᠵᠤ ᠦᠢ᠍ᠯᠡᠰ᠎ᠤᠨ ᠠᠵᠢᠯ᠎ᠤᠨ ᠬᠤᠪᠢᠶᠠᠷᠢᠯᠠᠯ ᠪᠠ ᠬᠠᠮᠲᠤᠷᠠᠯᠴᠠᠭ᠎ᠠ᠎ᠳᠤ ᠭᠦᠨᠵᠡᠭᠡᠶ ᠣᠷᠣᠯᠴᠠᠬᠤ ᠵᠢ ᠳᠡᠮᠵᠢᠨ᠎ᠡ; ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶ᠋ᠢᠯᠠᠯ᠎ᠤᠨ ᠪᠠᠭ᠎ᠠ ᠬᠠᠷᠢᠴᠠᠯ ᠵᠶ᠋ᠠᠷ ᠬᠤᠪᠢ ᠣᠷᠣᠭᠤᠯᠬᠤ᠂ ᠰᠤᠳᠤᠯᠤᠨ ᠨᠡᠭᠡᠭᠡᠬᠦ ᠲᠥᠪ᠎ᠢ ᠬᠠᠮᠲᠤ᠎ᠪᠠᠷ ᠪᠠᠶ᠋ᠢᠭᠤᠯᠬᠤ᠂ ᠠᠩᠬ᠎ᠠ ᠡᠭᠦᠳᠦᠨ ᠪᠠᠶ᠋ᠢᠭᠤᠯᠤᠭᠰᠠᠨ ᠠᠵᠤ ᠠᠬᠤᠶ᠋ᠢᠯᠠᠯ᠎ᠳᠤ ᠪᠠᠯᠠ ᠣᠷᠣᠭᠤᠯᠬᠤ᠂ ᠬᠠᠮᠲᠤᠷᠠᠭᠰᠠᠨ ᠰᠠᠭᠤᠷᠢ ᠮᠥᠩᠭᠥ ᠪᠠᠶ᠋ᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠢᠯᠢ ᠵᠢᠨ ᠭᠠᠳᠠᠨ᠎ᠠ ᠪᠠᠯᠠ ᠣᠷᠣᠭᠤᠯᠤᠯᠲᠠ ᠬᠢᠬᠦ ᠵᠢ ᠵᠣᠷᠢᠭᠵᠢᠭᠤᠯᠤᠨ᠎ᠠ᠃
ᠠᠵᠤ ᠠᠬᠤᠶ᠋ᠢᠯᠠᠯ᠎ᠤᠨ ᠬᠢᠯᠢ ᠵᠢᠨ ᠭᠠᠳᠠᠨᠠᠬᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠳᠠᠭ᠋ᠠᠭ᠋ᠠᠨ ᠠᠪᠬᠤ ᠵᠢ ᠳᠡᠮᠵᠢᠵᠦ᠂ ᠭᠤᠷᠪᠠᠳᠠᠬᠢ ᠡᠲᠡᠭᠡᠳ᠎ᠤᠨ ᠵᠠᠬ᠎ᠠ ᠳᠡᠯᠭᠡᠭᠦᠷ᠎ᠤᠨ ᠬᠠᠮᠲᠤᠷᠠᠯᠴᠠᠭ᠎ᠠ᠎ᠳᠤ ᠣᠷᠣᠯᠴᠠᠵᠤ᠂ ᠲᠣᠨᠣᠭ ᠲᠥᠬᠥᠭᠡᠷᠦᠮᠵᠢ᠂ ᠠᠵᠢᠯᠲᠠᠨ᠂ ᠮᠡᠷᠭᠡᠵᠢᠯ᠂ ᠪᠠᠷᠢᠮᠵᠢᠶ᠎ᠠ ᠪᠠ ᠦᠢ᠍ᠯᠡᠴᠢᠯᠡᠭᠡ ᠵᠢ ᠳᠠᠶ᠋ᠢᠴᠢᠯᠠᠨ ᠣᠯᠠᠨ ᠤᠯᠤᠰ᠎ᠤᠨ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠳᠤ ᠣᠷᠣᠯᠴᠠᠭᠤᠯᠤᠨ᠎ᠠ᠃
ᠳᠥᠴᠢᠨ ᠨᠠᠢ᠍ᠮᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠬᠢᠯᠢ ᠵᠢᠨ ᠭᠠᠳᠠᠨᠠᠬᠢ ᠪᠡᠯᠡ ᠣᠷᠣᠭᠤᠯᠤᠯᠲᠠ ᠵᠢᠨ ᠲᠦᠭᠰᠢᠭᠦᠷᠢ ᠵᠢ ᠬᠢᠨᠠᠨ ᠰᠢᠨᠵᠢᠵᠦ ᠵᠠᠳᠠᠯᠤᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ᠎ᠪᠠᠨ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠲᠦᠭᠰᠢᠭᠦᠷᠢ ᠵᠢ ᠰᠡᠷᠭᠡᠶ᠋ᠢᠯᠡᠬᠦ ᠵᠢ ᠬᠥᠲᠥᠯᠥᠨ ᠵᠢᠯᠣᠭᠣᠳᠴᠤ᠂ ᠬᠢᠯᠢ ᠵᠢᠨ ᠭᠠᠳᠠᠨᠠᠬᠢ ᠪᠡᠯᠡ ᠣᠷᠣᠭᠤᠯᠤᠯᠲᠠ ᠵᠢᠨ ᠠᠮᠤᠷ ᠲᠦᠪᠰᠢᠨ᠎ᠤ ᠯᠠᠪᠯᠠᠯᠭ᠎ᠠ ᠵᠢᠨ ᠦᠢ᠍ᠯᠡᠴᠢᠯᠡᠭᠡ ᠵᠢ ᠴᠢᠩᠭ᠋ᠠᠳᠬᠠᠨ᠂ ᠬᠢᠯᠢ ᠵᠢᠨ ᠭᠠᠳᠠᠨᠠᠬᠢ ᠪᠡᠯᠡ ᠣᠷᠣᠭᠤᠯᠤᠯᠲᠠ ᠵᠢᠨ ᠠᠵᠤ ᠠᠬᠤᠶ᠋ᠢᠯᠠᠯ᠎ᠤᠨ ᠠᠮᠤᠷ ᠲᠦᠪᠰᠢᠨ᠎ᠤ ᠲᠣᠭᠣᠷᠢᠨ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠢᠯᠢ ᠵᠢᠨ ᠭᠠᠳᠠᠨᠠᠬᠢ ᠪᠡᠯᠡ ᠣᠷᠣᠭᠤᠯᠤᠯᠲᠠ ᠵᠢᠨ ᠠᠵᠤ ᠠᠬᠤᠶ᠋ᠢᠯᠠᠯ ᠪᠠ ᠪᠠᠶ᠋ᠢᠭᠤᠯᠤᠮᠵᠢ ᠵᠢᠨ ᠲᠦᠭᠰᠢᠭᠦᠷᠢ ᠵᠢ ᠰᠡᠷᠭᠡᠶ᠋ᠢᠯᠡᠬᠦ ᠡᠯ᠎ᠡ ᠲᠥᠷᠥᠯ᠎ᠤᠨ ᠠᠷᠭ᠎ᠠ ᠬᠡᠮᠵᠢᠶ᠎ᠡ᠎ᠪᠠᠨ ᠴᠢᠩᠭ᠋ᠠᠳᠬᠠᠬᠤ ᠵᠢ ᠠᠬᠢᠭᠤᠯᠬᠤ ᠬᠡᠷᠡᠭᠲᠡᠶ᠃
ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭ᠋ᠠᠨ᠎ᠤ ᠶᠠᠪᠤᠳᠠᠯ᠂ ᠭᠠᠳᠠᠭ᠋ᠠᠳᠤ ᠶᠠᠪᠤᠳᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠂ ᠡᠨᠧᠷᠭᠢ᠂ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ᠂ ᠠᠷᠠᠯᠵᠢᠶ᠎ᠠ ᠵᠢ ᠠᠬᠢᠭᠤᠯᠬᠤ ᠡᠪᠯᠡᠯ ᠵᠡᠷᠭᠡ ᠰᠠᠯᠠᠭ᠎ᠠ ᠮᠥᠴᠢᠷ ᠪᠠ ᠨᠢᠭᠡᠴᠢ᠎ᠨᠦᠭᠦᠳ ᠬᠢᠯᠢ ᠵᠢᠨ ᠭᠠᠳᠠᠨᠠᠬᠢ ᠪᠠᠯᠠ ᠣᠷᠣᠭᠤᠯᠤᠯᠲᠠ ᠵᠢᠨ ᠲᠥᠷᠥ ᠵᠢᠨ ᠪᠣᠳᠣᠯᠭ᠎ᠠ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠮᠥᠩᠭᠥᠨ ᠭᠦᠢ᠍ᠯᠭᠡᠭᠡᠨ᠂ ᠬᠠᠤᠯᠢ ᠴᠠᠭ᠋ᠠᠵᠠ ᠵᠢᠨ ᠪᠣᠳᠠᠲᠤ ᠶᠠᠪᠤᠳᠠᠯ᠂ ᠣᠭ ᠭᠠᠷᠤᠯᠲᠠ ᠵᠢᠨ ᠭᠠᠵᠠᠷ᠎ᠤᠨ ᠲᠦᠷᠢᠮ ᠵᠡᠷᠭᠡ ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢᠨ ᠪᠤᠯᠪᠠᠰᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠢᠯᠢ ᠵᠢᠨ ᠭᠠᠳᠠᠨᠠᠬᠢ ᠪᠠᠯᠠ ᠣᠷᠣᠭᠤᠯᠤᠯᠲᠠ ᠵᠢᠨ ᠠᠵᠤ ᠠᠬᠤᠶ᠋ᠢᠯᠠᠯ ᠪᠠ ᠭᠠᠳᠠᠨ᠎ᠠ᠎ᠠᠴᠠ ᠲᠣᠮᠢᠯᠠᠭᠰᠠᠨ ᠬᠥᠮᠦᠰ᠎ᠤᠨ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠬᠦ ᠤᠬᠠᠮᠰᠠᠷ ᠪᠠ ᠲᠣᠰ ᠪᠡᠶ᠎ᠡ ᠵᠢᠨ ᠬᠠᠤᠯᠢ ᠶᠣᠰᠣᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃
ᠳᠥᠴᠢ ᠶᠢᠰᠦᠳᠦᠭᠡᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠬᠢᠭᠡᠳ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭ᠋ᠠᠨ᠎ᠤ ᠶᠠᠪᠤᠳᠠᠯ᠂ ᠪᠣᠭᠣᠮᠲᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠪᠠᠨ ᠬᠤᠪᠢᠷᠠᠭᠤᠯᠬᠤ᠂ ᠪᠡᠯᠡ ᠣᠷᠣᠭᠤᠯᠤᠯᠲᠠ ᠠᠷᠠᠯᠵᠢᠶ᠎ᠠ ᠵᠢ ᠳᠥᠭᠥᠮᠴᠢᠯᠡᠬᠦ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ ᠵᠢᠨ ᠡᠷᠴᠢᠮ ᠵᠶ᠋ᠠᠨ ᠨᠡᠮᠡᠭᠳᠡᠭᠦᠯᠵᠦ᠂ ᠣᠯᠠᠨ ᠤᠯᠤᠰ᠎ᠤᠨ ᠠᠷᠠᠯᠵᠢᠶᠠᠨ᠎ᠤ ᠭᠠᠭᠴᠠ ᠴᠣᠩᠬᠤᠪᠴᠢ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠪᠠᠷᠠᠭ᠎ᠠ ᠵᠢᠨ ᠡᠷᠭᠢᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃
ᠲᠠᠪᠢᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭ᠋ᠠᠨ᠎ᠤ ᠶᠠᠪᠤᠳᠠᠯ᠂ ᠠᠷᠠᠯᠵᠢᠶ᠎ᠠ ᠵᠢ ᠠᠬᠢᠭᠤᠯᠬᠤ ᠡᠪᠯᠡᠯ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠪᠠᠯᠠ ᠣᠷᠣᠭᠤᠯᠤᠯᠲᠠ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠦᠨ᠂ ᠭᠠᠳᠠᠭ᠋ᠠᠳᠤ ᠵᠢᠨ ᠬᠤᠳᠠᠯᠳᠤᠭ᠋ᠠᠴᠢᠳ᠎ᠤᠨ ᠪᠠᠯᠠ ᠣᠷᠣᠭᠤᠯᠤᠯᠲᠠ ᠵᠢ ᠠᠬᠢᠭᠤᠯᠬᠤ ᠪᠠ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠬᠦᠯᠵᠦ᠂ ᠪᠠᠯᠠ ᠣᠷᠣᠭᠤᠯᠤᠯᠲᠠ ᠵᠢᠨ ᠲᠥᠷᠥᠯ ᠵᠤᠷᠪᠤᠰ᠎ᠢ ᠬᠢᠨᠠᠨ ᠵᠥᠪᠰᠢᠶᠡᠷᠡᠬᠦ᠎ᠳᠤ ᠲᠥᠬᠥᠮ ᠦᠵᠡᠭᠦᠯᠬᠦ ᠵᠢ ᠠᠬᠢᠭᠤᠯᠤᠨ᠂ ᠭᠠᠳᠠᠭ᠋ᠠᠳᠤ ᠵᠢᠨ ᠬᠤᠳᠠᠯᠳᠤᠭ᠋ᠠᠴᠢᠳ᠎ᠤᠨ ᠪᠠᠯᠠ ᠣᠷᠣᠭᠤᠯᠤᠭᠰᠠᠨ ᠠᠵᠤ ᠠᠬᠤᠶ᠋ᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠶ᠃
ᠲᠠᠪᠢᠨ ᠨᠢᠭᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠠᠴᠠ 《ᠥᠪᠥᠷ ᠮᠣᠩᠭᠣᠯ᠎ᠤᠨ ᠠᠷᠠᠯᠵᠢᠶ᠎ᠠ ᠨᠡᠪᠲᠡᠷᠡᠯ》 ᠵᠡᠷᠭᠡ ᠭᠠᠳᠠᠭ᠋ᠠᠳᠤ ᠠᠷᠠᠯᠵᠢᠶᠠᠨ᠎ᠤ ᠶᠡᠷᠦᠩᠬᠡᠶ᠋ᠢᠯᠡᠭᠰᠡᠨ ᠲᠠᠪᠴᠠᠩ᠎ᠤᠨ ᠪᠥᠲᠥᠭᠡᠨ ᠪᠠᠶ᠋ᠢᠭᠤᠯᠤᠯᠲᠠ ᠵᠢ ᠰᠠᠶ᠋ᠢᠲᠤᠷ ᠬᠢᠵᠦ᠂ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠳᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ᠂ ᠠᠷᠠᠯᠵᠢᠶᠠᠨ᠎ᠤ ᠴᠠᠭ ᠴᠢᠮᠡᠭᠡ᠂ ᠤᠬᠠᠭᠤᠯᠤᠨ ᠲᠠᠨᠢᠯᠴᠠᠭᠤᠯᠬᠤ᠂ ᠲᠤᠬᠠᠶ᠋ᠢᠯᠠᠭᠰᠠᠨ ᠠᠵᠢᠯ᠎ᠤᠨ ᠪᠤᠯᠪᠠᠰᠤᠷᠠᠯ᠂ ᠪᠠᠷᠠᠭ᠋ᠠᠨ᠎ᠤ ᠭᠦᠢ᠍ᠯᠭᠡᠭᠡ ᠵᠢ ᠵᠣᠯᠭ᠋ᠠᠭᠤᠯᠬᠤ᠂ ᠠᠷᠠᠯᠵᠢᠶᠠᠨ᠎ᠤ ᠪᠠᠯᠠ ᠲᠣᠬᠢᠷᠠᠭᠤᠯᠭ᠎ᠠ᠂ ᠭᠠᠳᠠᠭ᠋ᠠᠳᠤ ᠭᠠᠷᠭ᠋ᠠᠯᠲᠠ ᠵᠢᠨ ᠢᠲᠡᠭᠡᠮᠵᠢ ᠵᠢ ᠪᠠᠲᠤᠯᠠᠬᠤ᠂ ᠠᠪᠤᠷᠠᠨ ᠲᠤᠰᠠᠯᠠᠵᠤ ᠲᠤᠰᠠᠯᠠᠬᠤ ᠵᠡᠷᠭᠡ ᠪᠥᠬᠥ ᠲᠠᠯ᠎ᠠ᠎ᠪᠠᠷ ᠲᠥᠬᠥᠮ ᠦᠵᠡᠭᠦᠯᠬᠦ ᠦᠢ᠍ᠯᠡᠴᠢᠯᠡᠭᠡ ᠬᠠᠩᠭ᠋ᠠᠨ᠎ᠠ᠃
ᠵᠢᠷᠭᠤᠳᠤᠭ᠋ᠠᠷ ᠪᠦᠯᠦᠭ ᠨᠡᠭᠡᠭᠡᠯᠲᠡᠲᠦ ᠮᠠᠶᠢᠭ᠎ᠤᠨ ᠠᠵᠤ ᠠᠬᠤᠢ ᠵᠢᠨ ᠬᠥᠭᠵᠢᠯᠲᠡ ᠵᠢᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ
ᠲᠠᠪᠢᠨ ᠬᠣᠶᠠᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ ᠤᠨ ᠣᠷᠳᠣᠨ ᠪᠡᠯᠡ ᠮᠥᠩᠭᠥ ᠲᠥᠷᠥᠯ ᠵᠦᠢ᠍ᠯ ᠣᠷᠣᠭᠤᠯᠤᠨ ᠠᠪᠴᠢᠷᠠᠬᠤ ᠠᠷᠭ᠎ᠠ ᠬᠡᠯᠪᠡᠷᠢ᠎ᠪᠠᠨ ᠰᠢᠨᠡᠴᠢᠯᠡᠵᠦ᠂ ᠲᠡᠷᠢᠭᠦᠨ᠎ᠤ ᠨᠡᠭᠡᠭᠡᠯᠲᠡᠲᠦ ᠬᠥᠭᠵᠢᠯᠲᠡ ᠵᠢᠨ ᠣᠷᠴᠢᠨ᠎ᠢ ᠪᠣᠢ ᠪᠣᠯᠭ᠋ᠠᠵᠤ᠂ ᠨᠡᠭᠡᠭᠡᠯᠲᠡᠲᠦ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠵᠤ᠂ ᠥᠨᠳᠥᠷ ᠲᠦᠪᠰᠢᠨ᠎ᠲᠠᠢ ᠭᠠᠳᠠᠭ᠋ᠠᠳᠤ ᠨᠡᠭᠡᠭᠡᠯᠲᠡ ᠵᠢ ᠠᠬᠢᠭᠤᠯᠵᠤ᠂ ᠨᠡᠭᠡᠭᠡᠯᠲᠡᠲᠦ ᠬᠡᠯᠪᠡᠷᠢ ᠵᠢᠨ ᠠᠵᠤ ᠠᠬᠤᠢ ᠵᠢᠨ ᠬᠥᠭᠵᠢᠯᠲᠡ ᠵᠢᠨ ᠲᠤᠯᠭ᠋ᠠᠭᠤᠷᠢᠯᠠᠯ᠎ᠢ ᠴᠢᠩᠭ᠋ᠠᠳᠬᠠᠬᠤ ᠬᠡᠷᠡᠭᠲᠡᠢ᠃
ᠲᠠᠪᠢᠨ ᠭᠤᠷᠪᠠᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠭ᠋ᠠᠭᠰᠠᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠪᠡ ᠵᠢᠴᠢ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠣᠷᠢᠨ᠎ᠳᠤ᠂ ᠲᠣᠰ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠂ ᠡᠬᠢ ᠪᠠᠶᠠᠯᠢᠭ᠎ᠤᠨ ᠤᠭ ᠰᠤᠷᠪᠤᠯᠵᠢ᠂ ᠠᠵᠤ ᠦᠢ᠍ᠯᠡᠰ᠎ᠤᠨ ᠰᠠᠭᠤᠷᠢ ᠪᠠ ᠬᠥᠭᠵᠢᠯᠲᠡ ᠵᠢᠨ ᠳᠠᠯᠳᠠ ᠬᠦᠴᠦᠨ᠎ᠢ ᠨᠢᠭᠡᠳᠦᠯᠲᠡᠢ᠎ᠳᠤ ᠲᠥᠯᠥᠪᠯᠡᠨ ᠪᠣᠳᠣᠯᠬᠢᠯᠠᠵᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠥᠷᠨᠢᠭᠦᠯᠬᠦ ᠬᠡᠷᠡᠭᠲᠡᠢ᠃
ᠲᠠᠪᠢᠨ ᠳᠥᠷᠪᠡᠳᠦᠭᠡᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ ᠤᠨ ᠣᠷᠳᠣᠨ ᠣᠯᠠᠨ ᠤᠯᠤᠰ᠎ᠠᠴᠠ ᠬᠣᠭᠣᠷᠣᠨᠳᠣᠬᠢ ᠨᠥᠬᠥᠷᠰᠡᠭ ᠬᠣᠲᠠ ᠵᠢ ᠵᠣᠯᠭ᠋ᠠᠭᠤᠯᠬᠤ᠂ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠵᠢᠨ ᠠᠵᠢᠯᠯᠠᠭ᠎ᠠ ᠡᠷᠬᠢᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠨ ᠭᠠᠳᠠᠭ᠋ᠠᠳᠤ᠎ᠳᠤ ᠬᠤᠳᠠᠯᠳᠤᠭ᠋ᠠᠴᠢᠨ ᠤᠷᠢᠬᠤ ᠲᠠᠪᠴᠠᠩ᠎ᠢ ᠪᠠᠶ᠋ᠢᠭᠤᠯᠵᠤ᠂ ᠳᠤᠮᠳᠠᠳᠤ ᠤᠯᠤᠰ᠎ᠠᠴᠠ ᠣᠯᠠᠨ ᠤᠯᠤᠰ᠎ᠠᠴᠠ ᠭᠠᠳᠠᠭ᠋ᠠᠳᠤ ᠣᠷᠣᠭᠤᠯᠤᠯᠲᠠ ᠵᠢᠨ ᠦᠵᠡᠰᠬᠦᠯᠡᠩ᠂ ᠳᠤᠮᠳᠠᠳᠤ ᠤᠯᠤᠰ᠎ᠠᠴᠠ ᠣᠯᠠᠨ ᠤᠯᠤᠰ᠎ᠠᠴᠠ ᠪᠡᠯᠡ ᠣᠷᠣᠭᠤᠯᠤᠯᠲᠠ ᠵᠢᠨ ᠠᠷᠠᠯᠵᠢᠶᠠᠨ᠎ᠤ ᠵᠥᠪᠳᠡᠨ ᠬᠡᠯᠡᠯᠴᠡᠬᠦ ᠬᠤᠷᠠᠯ᠂ ᠳᠤᠮᠳᠠᠳᠤ ᠤᠯᠤᠰ᠎ᠠᠴᠠ ᠣᠯᠠᠨ ᠤᠯᠤᠰ᠎ᠠᠴᠠ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ᠂ ᠳᠤᠮᠳᠠᠳᠤ ᠤᠯᠤᠰ᠎ᠠᠴᠠ ᠣᠯᠠᠨ ᠤᠯᠤᠰ᠎ᠠᠴᠠ ᠬᠡᠷᠡᠭᠯᠡᠭᠡᠨ᠎ᠤ ᠵᠦᠢ᠍ᠯ᠎ᠤᠨ ᠦᠵᠡᠰᠬᠦᠯᠡᠩ ᠵᠡᠷᠭᠡ ᠤᠯᠤᠰ᠎ᠠᠴᠠ ᠲᠡᠰ᠎ᠤᠨ ᠦᠵᠡᠰᠬᠦᠯᠡᠩ᠎ᠢ ᠠᠰᠢᠭᠯᠠ ᠬᠤᠳᠠᠯᠳᠤᠭ᠋ᠠᠴᠢᠨ ᠤᠷᠢᠬᠤ ᠠᠷᠭ᠎ᠠ ᠵᠠᠮ ᠵᠶ᠋ᠠᠨ ᠥᠷᠭᠡᠳᠬᠡᠵᠦ᠂ ᠭᠠᠳᠠᠭ᠋ᠠᠳᠤ ᠪᠡᠯᠡ ᠣᠷᠣᠭᠤᠯᠬᠤ ᠬᠡᠪᠴᠢᠶ᠎ᠡ᠎ᠪᠠᠨ ᠥᠷᠭᠡᠳᠬᠡᠵᠦ ᠪᠣᠯᠤᠨ᠎ᠠ᠃
ᠲᠠᠪᠢᠨ ᠲᠠᠪᠤᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠵᠤ᠂ ᠠᠵᠤ ᠦᠢ᠍ᠯᠡᠰ ᠤᠨ ᠪᠦᠲᠦᠴᠡ ᠵᠢ ᠳᠣᠭᠢᠷᠠᠭᠤᠯᠤᠨ ᠰᠢᠯᠢᠳᠡᠭᠵᠢᠭᠦᠯᠵᠦ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠂ ᠠᠵᠤ ᠦᠢ᠍ᠯᠡᠰ᠎ᠤᠨ ᠠᠮᠤᠷ ᠲᠦᠪᠰᠢᠨ᠎ᠢ ᠬᠠᠮᠠᠭ᠋ᠠᠯᠠᠵᠤ᠂ ᠪᠣᠳᠠᠲᠤ ᠴᠣᠭᠴᠠ ᠵᠢᠨ ᠠᠵᠤ ᠠᠬᠤᠶ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠂ ᠣᠲᠣ ᠦᠶ᠎ᠡ ᠵᠢᠨ ᠮᠥᠩᠭᠥᠨ ᠬᠦᠢ᠍ᠯᠭᠡᠭᠡᠨ᠂ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠵᠣᠬᠢᠴᠠᠯᠳᠤᠭᠤᠯᠤᠨ ᠬᠥᠭᠵᠢᠭᠦᠯᠦᠭᠰᠡᠨ ᠣᠯᠠᠨ ᠡᠰᠢᠵᠢᠭᠰᠡᠨ ᠨᠡᠭᠡᠭᠡᠯᠲᠡᠲᠦ ᠬᠡᠯᠪᠡᠷᠢ ᠵᠢᠨ ᠣᠲᠣ ᠦᠶ᠎ᠡ ᠵᠢᠨ ᠠᠵᠤ ᠦᠢ᠍ᠯᠡᠰ᠎ᠤᠨ ᠰᠢᠨ᠎ᠡ ᠰᠢᠰᠲ᠋ᠧᠮᠵᠢ ᠵᠢ ᠪᠠᠶ᠋ᠢᠭᠤᠯᠬᠤ ᠬᠡᠷᠡᠭᠲᠡᠶ᠃
ᠲᠠᠪᠢᠨ ᠵᠢᠷᠭᠤᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠣᠰ ᠭᠠᠵᠠᠷ ᠣᠷᠣᠨ᠎ᠤ ᠣᠨᠴᠠᠯᠢᠭ ᠪᠥᠬᠥᠶ ᠳᠠᠪᠠᠭᠤᠯᠢᠭ ᠵᠶ᠋ᠠᠨ ᠦᠨᠳᠦᠰᠦᠯᠡᠨ᠂ ᠣᠲᠣ ᠦᠶ᠎ᠡ ᠵᠢᠨ ᠡᠨᠧᠷᠭᠢ᠂ ᠡᠳ᠋ᠰᠢᠭᠦᠯᠵᠦ ᠦᠢ᠍ᠯᠡᠳᠬᠦ᠂ ᠠᠷᠠᠯᠵᠢᠶ᠎ᠠ ᠬᠤᠳᠠᠯᠳᠤᠭ᠎ᠠ ᠪᠠᠷᠠᠭ᠋ᠠᠨ᠎ᠤ ᠭᠦᠢ᠍ᠯᠭᠡᠭᠡᠨ᠂ ᠰᠣᠶᠣᠯ ᠵᠢᠭᠤᠯᠴᠢᠯᠠᠯ᠂ ᠴᠡᠷᠢᠭ ᠠᠷᠠᠳ᠎ᠤᠨ ᠬᠠᠮ ᠬᠥᠭᠵᠢᠭᠦᠯᠦᠯᠲᠡ᠂ ᠲᠣᠭ᠋ᠠᠴᠢᠯᠠᠭᠰᠠᠨ ᠠᠵᠤ ᠠᠬᠤᠶ᠂ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠵᠡᠷᠭᠡ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ᠂ ᠦᠢ᠍ᠯᠡᠴᠢᠯᠡᠭᠡᠨ᠎ᠤ ᠥᠨᠳᠥᠷ ᠬᠢᠷᠢ ᠲᠦᠪᠰᠢᠨ ᠪᠥᠬᠥᠶ ᠭᠠᠳᠠᠭ᠋ᠠᠳᠤ ᠨᠡᠭᠡᠭᠡᠯᠲᠡ ᠵᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠬᠡᠷᠡᠭᠲᠡᠶ᠃
ᠲᠠᠪᠢᠨ ᠳᠣᠯᠣᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠢᠭᠡᠳ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢ᠍ᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ᠂ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠰᠠᠯᠠᠭ᠎ᠠ ᠮᠥᠴᠢᠷ᠎ᠤᠳ ᠨᠡᠭᠡᠭᠡᠯᠳᠡ ᠬᠢᠵᠦ ᠰᠢᠨ᠎ᠡ ᠵᠢ ᠡᠭᠦᠳᠬᠦ᠎ᠪᠠᠨ ᠴᠢᠩᠭ᠋ᠠᠳᠬᠠᠨ᠂ ᠳᠡᠭᠡᠳᠦ ᠰᠢᠨ᠎ᠡ ᠮᠡᠷᠭᠡᠵᠢᠯ ᠪᠣᠯᠤᠨ ᠲᠡᠷᠢᠭᠦᠨ᠎ᠤ ᠬᠡᠷᠡᠭᠯᠡᠭᠡᠨ᠎ᠤ ᠴᠢᠨᠠᠷ᠎ᠢ ᠠᠰᠢᠭᠯᠠᠨ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠬᠦ ᠵᠢ ᠲᠥᠯᠬᠢᠨ ᠠᠬᠢᠭᠤᠯᠵᠤ᠂ ᠲᠡᠬᠢᠨ ᠡᠭᠦᠰᠴᠦ ᠪᠣᠯᠬᠤ ᠡᠨᠧᠷᠬᠢ᠎ᠪᠠᠷ ᠣᠷᠣᠯᠠᠭᠤᠯᠬᠤ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠢ; ᠲᠡᠷᠢᠭᠦᠨ᠎ᠤ ᠲᠣᠨᠣᠭ ᠲᠥᠬᠥᠭᠡᠷᠦᠮᠵᠢ ᠦᠢ᠍ᠯᠡᠳᠬᠦ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ᠂ ᠠᠮᠢᠳᠤ ᠪᠣᠳᠠᠰ᠎ᠤᠨ ᠡᠮ ᠡᠮᠨᠡᠯᠭᠡ᠂ ᠣᠳᠣ ᠦᠶ᠎ᠡ ᠵᠢᠨ ᠡᠨᠧᠷᠭᠢ᠂ ᠡᠨᠧᠷᠭᠢ ᠠᠷᠪᠢᠯᠠᠨ ᠣᠷᠴᠢᠨ ᠲᠣᠭᠣᠷᠢᠨ᠎ᠢ ᠬᠠᠮᠠᠭ᠋ᠠᠯᠠᠬᠤ ᠵᠡᠷᠭᠡ ᠬᠠᠮᠢᠶ᠎ᠠ ᠪᠦᠬᠦᠢ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠦᠨ᠎ᠡ᠃
ᠲᠠᠪᠢᠨ ᠨᠠᠢ᠍ᠮᠠᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠢᠭᠡᠳ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠭᠤᠯᠤᠯᠲᠠ᠂ ᠰᠢᠨᠵᠢᠯᠡᠬᠦ ᠤᠬᠠᠭ᠋ᠠᠨ ᠮᠡᠷᠭᠡᠵᠢᠯ᠂ ᠡᠨᠧᠷᠭᠢ ᠵᠡᠷᠭᠡ ᠰᠠᠯᠠᠭ᠎ᠠ ᠮᠥᠴᠢᠷ ᠤᠳ ᠦᠢ᠍ᠯᠡᠳᠬᠦ ᠦᠢ᠍ᠯᠡᠰ ᠤᠨ ᠳᠡᠭᠡᠳᠦ ᠲᠡᠰᠴᠢᠯᠡᠬᠦ᠂ ᠤᠶᠤᠨᠴᠢᠯᠠᠬᠤ᠂ ᠪᠣᠬᠢᠷᠲᠤᠯ ᠥᠭᠡᠢ ᠪᠣᠯᠭ᠋ᠠᠬᠤ ᠵᠢ ᠲᠥᠯᠬᠢᠨ ᠠᠬᠢᠭᠤᠯᠵᠤ᠂ ᠳᠡᠭᠡᠳᠦ ᠲᠡᠰ᠎ᠤᠨ ᠲᠤᠨᠤᠭ ᠲᠥᠬᠥᠭᠡᠷᠦᠮᠵᠢ᠂ ᠮᠡᠳᠡᠭᠡ ᠵᠠᠩᠭᠢ ᠵᠢᠨ ᠮᠡᠷᠭᠡᠵᠢᠯ᠂ ᠨᠡᠶ᠋ᠢᠳᠡᠮ ᠬᠡᠷᠡᠭᠯᠡᠬᠦ ᠠᠭ᠋ᠠᠷ᠎ᠤᠨ ᠲᠡᠭᠡᠭᠡᠪᠦᠷᠢ᠂ ᠪᠣᠬᠢᠷᠲᠤᠯ ᠥᠭᠡᠢ ᠲᠡᠮᠦᠷᠯᠢᠭ ᠬᠠᠶ᠋ᠢᠯᠤᠭᠤᠯᠬᠤ ᠵᠡᠷᠭᠡ ᠰᠢᠨ᠎ᠡ᠎ᠪᠠᠷ ᠪᠤᠢ ᠪᠣᠯᠤᠭᠰᠠᠨ ᠠᠵᠤ ᠦᠢ᠍ᠯᠡᠰ᠎ᠢ ᠢᠳᠡᠪᠬᠢᠲᠡᠢ᠎ᠪᠠᠷ ᠣᠷᠣᠭᠤᠯᠵᠤ ᠢᠷᠡᠨ᠂ ᠠᠷᠢᠭᠤᠨ ᠴᠡᠪᠡᠷ ᠦᠢ᠍ᠯᠡᠳᠪᠦᠷᠢᠯᠡᠬᠦ ᠵᠢ ᠲᠥᠯᠬᠢᠨ ᠠᠬᠢᠭᠤᠯᠵᠤ᠂ ᠭᠣᠣᠯᠳᠠᠯᠭ᠎ᠠ᠎ᠲᠠᠢ ᠠᠵᠢᠯ ᠲᠥᠷᠥᠯ ᠪᠣᠯᠤᠨ ᠴᠢᠬᠤᠯᠠ ᠬᠦᠷᠢᠶᠡᠨ᠎ᠤ ᠪᠣᠬᠢᠷᠲᠤᠯ ᠥᠭᠡᠢ ᠪᠣᠯᠭ᠋ᠠᠬᠤ ᠥᠭᠡᠷᠡᠴᠢᠯᠡᠯᠲᠡ ᠵᠢ ᠲᠦᠷᠭᠡᠳᠬᠡᠨ᠂ ᠪᠣᠬᠢᠷᠲᠤᠯ ᠥᠭᠡᠢ ᠣᠷᠴᠢᠯ ᠠᠵᠤ ᠠᠬᠤᠢ ᠵᠢ ᠬᠥᠭᠵᠢᠭᠦᠯᠵᠦ᠂ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃
ᠲᠠᠪᠢ ᠶᠢᠰᠦᠳᠦᠭᠡᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ ᠤᠨ ᠣᠷᠳᠣᠨ ᠵᠢᠴᠢ ᠲᠠᠷᠢᠶᠠᠯᠠᠩ ᠮᠠᠯ ᠠᠵᠤ ᠠᠬᠤᠢ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ᠎ᠤᠳ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠰᠢᠰᠲ᠋ᠧᠮᠵᠢ ᠵᠢ ᠪᠦᠬᠦ ᠲᠠᠯ᠎ᠠ᠎ᠪᠠᠷ᠂ ᠥᠨᠳᠥᠷ ᠪᠠᠷᠢᠮᠵᠢᠶ᠎ᠠ᠎ᠪᠠᠷ ᠪᠠᠶ᠋ᠢᠭᠤᠯᠵᠤ᠂ ᠲᠣᠭ᠎ᠠ ᠬᠡᠮᠵᠢᠶ᠎ᠡ ᠵᠢ ᠥᠷᠭᠡᠳᠬᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠭᠠᠷᠤᠯᠲᠠ ᠵᠢ ᠨᠡᠮᠡᠭᠳᠡᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠬᠦ ᠠᠵᠤ ᠦᠢ᠍ᠯᠡᠰ᠎ᠤᠨ ᠰᠦᠷᠦᠭᠵᠢᠯ᠎ᠢ ᠪᠦᠲᠦᠭᠡᠨ ᠪᠠᠶ᠋ᠢᠭᠤᠯᠬᠤ ᠬᠡᠷᠡᠭᠲᠡᠢ᠃
ᠵᠢᠷᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠥᠭᠵᠢᠭᠦᠯᠦᠯᠲᠡ ᠥᠭᠡᠷᠡᠴᠢᠯᠡᠯᠲᠡ᠂ ᠰᠣᠶᠣᠯ ᠪᠠ ᠵᠢᠭᠤᠯᠴᠢᠯᠠᠯ ᠵᠡᠷᠭᠡ ᠰᠠᠯᠠᠭ᠎ᠠ ᠮᠥᠴᠢᠷ᠎ᠨᠢ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠢ ᠡᠭᠦᠳᠦᠨ ᠪᠠᠶ᠋ᠢᠭᠤᠯᠵᠤ᠂ ᠠᠶ᠋ᠢᠮᠠᠭ ᠬᠣᠲᠠ ᠠᠯᠤᠰᠯᠠᠨ ᠲᠣᠮᠣ ᠦᠵᠡᠮᠵᠢ ᠵᠢᠨ ᠣᠷᠣᠨ᠎ᠢ ᠪᠥᠲᠥᠭᠡᠨ ᠪᠠᠶ᠋ᠢᠭᠤᠯᠵᠤ᠂ ᠬᠢᠯᠢ ᠠᠯᠤᠰᠯᠠᠭᠰᠠᠨ ᠵᠢᠭᠤᠯᠴᠢᠯᠠᠯ᠎ᠢ ᠶᠡᠬᠡᠪᠡᠷ ᠬᠥᠭᠵᠢᠭᠦᠯᠦᠨ᠂ ᠵᠢᠭᠤᠯᠴᠢᠯᠠᠯ᠎ᠤᠨ ᠦᠢ᠍ᠯᠡᠰ᠎ᠤᠨ ᠵᠦᠷᠢᠶᠡᠴᠢᠯᠡᠭᠰᠡᠨ ᠵᠣᠬᠢᠴᠠᠩᠭᠤᠶ ᠬᠥᠭᠵᠢᠯᠲᠡ ᠵᠢ ᠠᠬᠢᠭᠤᠯᠬᠤ ᠬᠡᠷᠡᠭᠲᠡᠶ᠃
ᠵᠢᠷᠠᠨ ᠨᠢᠭᠡᠳᠦᠭᠡᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠢᠭᠡᠳ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭ᠋ᠠᠨ᠎ᠤ ᠶᠠᠪᠤᠳᠠᠯ᠂ ᠰᠣᠶᠣᠯ ᠪᠣᠯᠤᠨ ᠵᠢᠭᠤᠯᠴᠢᠯᠠᠯ ᠵᠡᠷᠭᠡ ᠰᠠᠯᠠᠭ᠎ᠠ ᠮᠥᠴᠢᠷ᠎ᠤᠳ ᠴᠢᠨᠠᠷ ᠰᠠᠶ᠋ᠢᠲᠠᠢ ᠥᠨᠳᠥᠷ ᠦᠷ᠎ᠡ ᠪᠦᠲᠦᠮᠵᠢᠲᠡᠢ ᠦᠢ᠍ᠯᠡᠴᠢᠯᠡᠭᠡᠨ᠎ᠤ ᠦᠢ᠍ᠯᠡᠰ᠎ᠤᠨ ᠰᠢᠨ᠎ᠡ ᠰᠢᠰᠲᠸᠮᠵᠢ ᠵᠢ ᠪᠠᠶ᠋ᠢᠭᠤᠯᠤᠨ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠲᠡᠷᠢᠭᠦᠨ᠎ᠤ ᠦᠢ᠍ᠯᠡᠳᠬᠦ ᠦᠢ᠍ᠯᠡᠰ ᠪᠣᠯᠤᠨ ᠤᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠢ᠎ᠯᠤᠭ᠎ᠠ ᠭᠦᠨᠵᠡᠭᠡᠢ ᠠᠭᠤᠰᠤᠯᠴᠠᠭᠤᠯᠬᠤ ᠵᠢ ᠲᠥᠯᠬᠢᠨ ᠠᠬᠢᠭᠤᠯᠬᠤ ᠬᠡᠷᠡᠭᠲᠡᠢ᠃
ᠵᠢᠷᠠᠨ ᠬᠣᠶᠠᠳᠤᠭ᠋ᠠᠷ ᠵᠤᠷᠪᠤᠰ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠡᠵᠡᠩᠨᠡᠯᠲᠡ ᠵᠢᠨ ᠪᠠᠶ᠋ᠢᠳᠠᠯ ᠲᠥᠯᠥᠪ ᠬᠢᠭᠡᠳ ᠵᠠᠭᠪᠤᠷ᠎ᠤᠨ ᠰᠢᠨ᠎ᠡ ᠵᠢ ᠡᠭᠦᠳᠬᠦ ᠵᠢ ᠵᠣᠷᠢᠭᠵᠢᠭᠤᠯᠵᠤ᠂ ᠲᠣᠭ᠋ᠠᠴᠢᠯᠠᠭᠰᠠᠨ ᠤᠶᠤᠨᠴᠢᠯᠠᠭᠰᠠᠨ ᠥᠭᠡᠷᠡᠴᠢᠯᠡᠯᠲᠡ ᠪᠠ ᠠᠵᠢᠯ ᠲᠥᠷᠥᠯ ᠠᠯᠤᠰᠯᠠᠨ ᠠᠭᠤᠰᠤᠯᠴᠠᠬᠤ ᠵᠢ ᠠᠬᠢᠭᠤᠯᠤᠨ᠂ ᠤᠯᠠᠮᠵᠢᠯᠠᠯᠲᠤ ᠬᠡᠷᠡᠭᠯᠡᠭᠡ ᠬᠢᠭᠡᠳ ᠰᠢᠨ᠎ᠡ ᠬᠡᠯᠪᠡᠷᠢ ᠵᠢᠨ ᠬᠡᠷᠡᠭᠯᠡᠭᠡ᠂ ᠰᠦᠯᠵᠢᠶᠡᠨ ᠳᠡᠭᠡᠷᠡᠬᠢ ᠬᠡᠷᠡᠭᠯᠡᠭᠡ ᠬᠢᠭᠡᠳ ᠰᠦᠯᠵᠢᠶᠡᠨ ᠭᠠᠳᠠᠨᠠᠬᠢ ᠬᠡᠷᠡᠭᠯᠡᠭᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃
ᠵᠢᠷᠠᠨ ᠭᠤᠷᠪᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠠᠴᠠ ᠳᠠᠪᠠᠭᠤᠯᠢᠭ ᠠᠵᠤ ᠦᠢ᠍ᠯᠡᠰ᠎ᠤᠨ ᠭᠠᠳᠠᠭ᠋ᠠᠳᠤ᠎ᠳᠠᠬᠢ ᠪᠡᠯᠡ ᠣᠷᠣᠭᠤᠯᠤᠯᠲᠠ ᠵᠢᠨ ᠪᠠᠶ᠋ᠢᠷᠢᠰᠢᠭᠤᠯᠤᠯᠲᠠ᠎ᠲᠠᠢ ᠤᠶᠠᠯᠳᠤᠭᠤᠯᠤᠨ᠂ ᠠᠵᠤ ᠦᠢ᠍ᠯᠡᠰ᠎ᠤᠨ ᠬᠠᠮᠲᠤᠷᠠᠯᠴᠠᠭ᠎ᠠ ᠵᠢ ᠡᠳ᠋ᠰᠢᠭᠦᠯᠵᠦ ᠦᠢ᠍ᠯᠡᠳᠬᠦ ᠭᠣᠭᠴᠣᠭ᠎ᠠ᠎ᠪᠠᠷ ᠭᠣᠣᠯ ᠪᠣᠯᠭ᠋ᠠᠵᠤ ᠪᠠᠶ᠋ᠢᠭᠰᠠᠨ᠎ᠠᠴᠠ ᠬᠣᠷᠰᠢᠵᠤ ᠰᠤᠳᠤᠯᠤᠨ ᠨᠡᠭᠡᠭᠡᠬᠦ᠂ ᠬᠠᠮᠲᠤᠷᠠᠨ ᠵᠢᠷᠤᠭᠯᠠᠨ ᠲᠥᠯᠥᠪᠯᠡᠬᠦ᠂ ᠵᠠᠬ᠎ᠠ ᠳᠡᠯᠭᠡᠭᠦᠷ ᠵᠶ᠋ᠠᠷ ᠡᠵᠡᠩᠨᠡᠨ ᠪᠣᠷᠣᠯᠠᠭᠤᠯᠬᠤ᠂ ᠨᠡᠷᠡᠲᠦ ᠲᠥᠷᠥᠯ ᠲᠡᠮᠳᠡᠭᠲᠦ ᠵᠢ ᠪᠣᠶ᠋ᠢᠵᠢᠭᠤᠯᠬᠤ ᠵᠡᠷᠭᠡ ᠳᠡᠭᠡᠳᠦ ᠦᠵᠦᠭᠦᠷ᠎ᠤᠨ ᠭᠣᠭᠴᠣᠭ᠎ᠠ ᠲᠡᠰᠢ ᠤᠷᠲᠤᠳᠬᠠᠬᠤ ᠵᠢ ᠠᠬᠢᠭᠤᠯᠤᠨ᠎ᠠ᠃
ᠠᠵᠤ ᠠᠬᠤᠶ᠋ᠢᠯᠠᠯ᠎ᠤᠨ ᠰᠢᠨ᠎ᠡ᠎ᠪᠠᠷ ᠬᠥᠭᠵᠢᠭᠰᠡᠨ ᠬᠦᠷᠢᠶᠡᠨ᠎ᠳᠤ ᠤᠯᠠᠨ ᠤᠯᠤᠰ᠎ᠤᠨ ᠠᠵᠤ ᠦᠢ᠍ᠯᠡᠰ᠎ᠤᠨ ᠠᠵᠢᠯ᠎ᠤᠨ ᠬᠤᠪᠢᠶᠠᠷᠢᠯᠠᠯ᠎ᠤᠨ ᠬᠠᠮᠲᠤᠷᠠᠯᠴᠠᠭ᠎ᠠ᠎ᠳᠤ ᠢᠳᠡᠪᠬᠢᠲᠡᠢ᠎ᠪᠠᠷ ᠠᠭᠤᠰᠤᠨ ᠣᠷᠣᠬᠤ ᠵᠢ ᠵᠣᠷᠢᠭᠵᠢᠭᠤᠯᠵᠤ᠂ ᠤᠯᠠᠨ ᠤᠯᠤᠰ᠎ᠤᠨ ᠡᠬᠢ ᠪᠠᠶᠠᠯᠢᠭ ᠪᠠ ᠵᠠᠬ᠎ᠠ ᠳᠡᠯᠭᠡᠭᠦᠷ᠎ᠢ ᠨᠡᠩ ᠰᠠᠶ᠋ᠢᠲᠤᠷ ᠠᠰᠢᠭᠯᠠᠨ᠂ ᠬᠦᠷᠢᠶ᠎ᠡ ᠪᠠ ᠠᠵᠢᠯ ᠲᠦᠷᠦᠯ ᠠᠯᠤᠰᠯᠠᠨ ᠬᠠᠮᠵᠢᠯᠴᠠᠨ ᠰᠢᠨ᠎ᠡ ᠵᠢ ᠡᠭᠦᠳᠬᠦ ᠵᠢ ᠥᠷᠨᠢᠭᠦᠯᠵᠦ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠦᠨ᠂ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠃
ᠳᠣᠯᠣᠳᠤᠭ᠋ᠠᠷ ᠪᠦᠯᠦᠭ ᠤᠯᠠᠨ ᠤᠯᠤᠰ᠎ᠤᠨ ᠬᠥᠮᠦᠨ ᠰᠣᠶᠣᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ᠎ᠡ
ᠵᠢᠷᠠᠨ ᠳᠥᠷᠪᠡᠳᠦᠭᠡᠷ ᠵᠤᠷᠪᠤᠰ ᠤᠯᠠᠨ ᠤᠯᠤᠰ᠎ᠤᠨ ᠬᠥᠮᠦᠨ ᠰᠣᠶᠣᠯ᠎ᠤᠨ ᠰᠣᠯᠢᠯᠴᠠᠭ᠋ᠠᠨ᠎ᠤ ᠠᠵᠢᠯ᠎ᠢ ᠭᠦᠨᠵᠡᠭᠡᠶ᠋ᠢᠷᠡᠭᠦᠯᠬᠦ᠎ᠳᠤ ᠤᠯᠤᠰ᠎ᠤᠨ ᠥᠭᠡᠷᠡᠴᠢᠯᠡᠯᠲᠡ ᠬᠥᠭᠵᠢᠯᠲᠡ ᠪᠠ ᠭᠠᠳᠠᠭ᠋ᠠᠳᠤ ᠪᠠᠶ᠋ᠢᠯᠳᠤᠬᠤ ᠪᠤᠳᠤᠯᠭ᠎ᠠ᠎ᠳᠤ ᠦᠢ᠍ᠯᠡᠴᠢᠯᠡᠬᠦ᠎ᠪᠠᠷ ᠦᠨᠳᠦᠰᠦ ᠪᠣᠯᠭ᠋ᠠᠵᠤ᠂ ᠳᠤᠮᠳᠠᠳᠤ ᠭᠠᠳᠠᠭ᠋ᠠᠳᠤ ᠵᠢᠨ ᠠᠷᠠᠳ᠎ᠤᠨ ᠰᠡᠳᠬᠢᠯ᠎ᠤᠨ ᠨᠡᠪᠲᠡᠷᠡᠯᠴᠡᠭᠡ ᠪᠠ ᠪᠣᠯᠪᠠᠰᠤᠨ᠎ᠤ ᠲᠣᠯᠢᠯᠠᠯ᠎ᠢ ᠠᠬᠢᠭᠤᠯᠬᠤ᠎ᠪᠠᠷ ᠵᠣᠷᠢᠯᠲᠠ ᠪᠣᠯᠭ᠋ᠠᠵᠤ᠂ ᠤᠯᠠᠨ ᠤᠯᠤᠰ᠎ᠤᠨ ᠬᠥᠮᠦᠨ ᠰᠣᠶᠣᠯ᠎ᠤᠨ ᠰᠣᠯᠢᠯᠴᠠᠭ᠋ᠠᠨ᠎ᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠳᠡᠭᠡᠳᠦ ᠲᠡᠰ᠎ᠤᠨ ᠬᠥᠮᠦᠨ ᠰᠣᠶᠣᠯ᠎ᠤᠨ ᠰᠣᠯᠢᠯᠴᠠᠭ᠋ᠠᠨ᠎ᠤ ᠲᠣᠭᠲᠠᠴᠠ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠬᠥᠮᠦᠨ ᠰᠣᠶᠣᠯ᠎ᠤᠨ ᠰᠣᠯᠢᠯᠴᠠᠭ᠎ᠠ ᠪᠠ ᠬᠠᠮᠲᠤᠷᠠᠯᠴᠠᠭ᠋ᠠᠨ᠎ᠤ ᠣᠶ᠋ᠢᠯᠠᠭ᠋ᠠᠭᠳᠠᠬᠤᠨ᠎ᠢ ᠭᠠᠳᠠᠭ᠋ᠠᠳᠤ ᠬᠠᠷᠢᠯᠴᠠᠭ᠋ᠠᠨ᠎ᠤ ᠡᠯ᠎ᠡ ᠬᠦᠷᠢᠶᠡᠨ᠎ᠳᠤ ᠠᠭᠤᠰᠬᠠᠨ ᠨᠡᠶ᠋ᠢᠯᠡᠭᠦᠯᠬᠦ ᠬᠡᠷᠡᠭᠲᠡᠢ᠃
ᠵᠢᠷᠠᠨ ᠲᠠᠪᠤᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠰᠤᠷᠭ᠋ᠠᠨ ᠬᠥᠮᠦᠵᠢᠯ᠂ ᠰᠣᠶᠣᠯ ᠪᠠ ᠵᠢᠭᠤᠯᠴᠢᠯᠠᠯ ᠵᠡᠷᠭᠡ ᠰᠠᠯᠠᠭ᠎ᠠ ᠮᠥᠴᠢᠷ᠎ᠤᠳ ᠭᠠᠳᠠᠭ᠋ᠠᠳᠤ᠎ᠳᠤ ᠰᠠᠭᠤᠭ᠎ᠠ ᠳᠤᠮᠳᠠᠳᠤ ᠵᠢᠨ ᠬᠠᠷᠢᠶᠠᠲᠤ ᠲᠤᠮᠳᠠᠳᠤᠴᠤᠳ᠂ ᠭᠠᠳᠠᠭ᠋ᠠᠳᠤ᠎ᠳᠤ ᠰᠤᠷᠤᠯᠴᠠᠭᠰᠠᠳ᠂ ᠰᠠᠶ᠋ᠢᠨ ᠳᠤᠷᠠᠴᠤᠳ ᠵᠢᠴᠢ ᠭᠠᠳᠠᠭ᠋ᠠᠳᠤ᠎ᠳᠤ ᠪᠠᠯᠠ ᠣᠷᠣᠭᠤᠯᠤᠭᠰᠠᠨ ᠳᠤᠮᠳᠠᠳᠤ ᠵᠢᠨ ᠪᠠᠯᠠ᠎ᠲᠤ ᠠᠵᠤ ᠠᠬᠤᠶ᠋ᠢᠯᠠᠯ᠎ᠢ ᠬᠥᠲᠥᠯᠦᠨ ᠵᠢᠯᠣᠭᠣᠳᠴᠤ ᠪᠠᠶ᠋ᠢᠭ᠋ᠠᠳ ᠰᠣᠶᠣᠯ ᠢᠷᠭᠡᠨᠰᠢᠯ᠎ᠤᠨ ᠰᠣᠯᠢᠯᠴᠠᠭ᠎ᠠ᠎ᠳᠤ ᠢᠳᠡᠪᠬᠢᠲᠡᠶ ᠣᠷᠣᠯᠴᠠᠭᠤᠯᠵᠤ᠂ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠳᠤᠮᠳᠠᠳᠤ ᠭᠠᠳᠠᠭ᠋ᠠᠳᠤ ᠵᠢᠨ ᠠᠷᠠᠳ ᠣᠯᠠᠨ᠎ᠤ ᠡᠳᠦᠷ ᠲᠤᠲᠤᠮ᠎ᠤᠨ ᠶᠠᠪᠤᠯᠴᠠᠭ᠎ᠠ ᠳᠤᠮᠳᠠ ᠠᠭᠤᠯᠬᠤ ᠬᠡᠷᠡᠭᠲᠡᠶ᠃
ᠲᠤᠰᠬᠠᠶ᠋ᠢᠵᠢᠭᠰᠠᠨ᠂ ᠳᠡᠯᠡᠬᠡᠶ᠋ᠢᠵᠢᠭᠰᠡᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠠ ᠠᠷᠠᠳ᠎ᠤᠨ ᠬᠦᠴᠦᠨ᠎ᠤ ᠰᠣᠶᠣᠯ ᠢᠷᠭᠡᠨᠰᠢᠯ᠎ᠤᠨ ᠰᠣᠯᠢᠯᠴᠠᠭ᠋ᠠᠨ᠎ᠤ ᠪᠣᠳᠠᠲᠠᠶ ᠲᠥᠷᠥᠯ ᠵᠤᠷᠪᠤᠰ᠎ᠤᠨ ᠠᠵᠢᠯᠯᠠᠭ᠋ᠠᠨ᠎ᠳᠤ ᠣᠷᠣᠯᠴᠠᠬᠤ ᠵᠢ ᠵᠣᠷᠢᠭᠵᠢᠭᠤᠯᠤᠨ᠎ᠠ᠃
ᠵᠢᠷᠠᠨ ᠵᠢᠷᠭᠤᠳᠤᠭ᠋ᠠᠷ ᠵᠤᠷᠪᠤᠰ ᠨᠥᠬᠥᠴᠡᠯ ᠪᠦᠷᠢᠯᠳᠦᠭᠦᠯᠦᠭᠰᠡᠨ ᠭᠠᠵᠠᠷ ᠣᠷᠣᠨ᠎ᠤ ᠠᠵᠤ ᠦᠢ᠍ᠯᠡᠰ᠎ᠤᠨ ᠬᠡᠯᠬᠢᠶ᠎ᠡ ᠵᠢᠨ ᠭᠤᠤᠯ ᠭᠣᠭᠴᠣᠭ᠎ᠠ ᠪᠠ ᠬᠣᠰᠢᠭᠤᠷᠠᠯ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ᠂ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠰᠠᠭᠤᠷᠢ ᠰᠤᠳᠤᠯᠭ᠋ᠠᠨ ᠪᠠ ᠠᠩᠬᠠᠨ᠎ᠤ ᠰᠢᠨ᠎ᠡ ᠡᠭᠦᠳᠦᠯᠲᠡ ᠵᠢ ᠴᠢᠩᠭ᠋ᠠᠳᠬᠠᠵᠤ᠂ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠰᠢᠨ᠎ᠡ ᠵᠢ ᠡᠭᠦᠳᠦᠨ ᠲᠠᠰ ᠳᠡᠪᠰᠢᠬᠦ ᠵᠢ ᠠᠬᠢᠭᠤᠯᠬᠤ ᠵᠢ ᠳᠡᠮᠵᠢᠨ᠎ᠡ᠃
ᠣᠷᠣᠨ᠎ᠤ ᠳᠣᠲᠣᠷᠠᠬᠢ ᠠᠵᠤ ᠠᠬᠤᠶ᠋ᠢᠯᠠᠯ ᠬᠢᠭᠡᠳ ᠣᠯᠠᠨ ᠤᠯᠤᠰ᠎ᠤᠨ ᠨᠠᠷᠠᠲᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠶ᠋ᠢᠭᠤᠯᠤᠮᠵᠢ᠎ᠯᠤᠭ᠎ᠠ ᠬᠠᠮᠲᠤᠷᠠᠯᠴᠠᠭ᠎ᠠ ᠥᠷᠨᠢᠭᠦᠯᠬᠦ ᠵᠢ ᠵᠣᠷᠢᠭᠵᠢᠭᠤᠯᠵᠤ᠂ ᠥᠨᠳᠥᠷ ᠬᠢᠷᠢ ᠲᠦᠪᠰᠢᠨ ᠪᠥᠬᠥᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠣᠷᠣᠨ᠎ᠤ ᠳᠣᠲᠣᠷ᠎ᠠ ᠤᠯᠠᠷᠢᠭᠤᠯᠬᠤ ᠵᠢ ᠠᠬᠢᠭᠤᠯᠤᠨ᠎ᠠ᠃ ᠠᠵᠤ ᠠᠬᠤᠶ᠋ᠢᠯᠠᠯ᠎ᠤᠨ ᠬᠢᠯᠢ ᠵᠢᠨ ᠭᠠᠳᠠᠨ᠎ᠠ ᠰᠤᠳᠤᠯᠤᠨ ᠨᠡᠭᠡᠭᠡᠬᠦ ᠲᠥᠪ᠂ ᠰᠠᠯᠪᠤᠷᠢ ᠪᠠᠶ᠋ᠢᠭᠤᠯᠤᠮᠵᠢ ᠪᠠᠶ᠋ᠢᠭᠤᠯᠬᠤ ᠵᠢ ᠳᠡᠮᠵᠢᠵᠦ᠂ ᠨᠥᠬᠥᠴᠡᠯ᠎ᠲᠠᠢ ᠭᠠᠵᠠᠷ ᠣᠷᠣᠨ᠎ᠨᠢ ᠬᠢᠯᠢ ᠵᠢᠨ ᠭᠠᠳᠠᠨᠠᠬᠢ ᠴᠢᠳᠠᠪᠤᠷᠢᠲᠠᠨ᠎ᠤ ᠪᠣᠭᠣᠮᠲᠠ᠎ᠠᠴᠠ ᠰᠠᠯᠵᠤ ᠰᠢᠨ᠎ᠡ ᠵᠢ ᠡᠭᠦᠳᠦᠨ ᠠᠳᠠᠯ ᠦᠢ᠍ᠯᠡᠰ ᠴᠣᠭᠴᠠᠯᠠᠬᠤ ᠰᠠᠭᠤᠷᠢᠨ ᠭᠠᠵᠠᠷ ᠪᠠᠶ᠋ᠢᠭᠤᠯᠬᠤ ᠵᠢ ᠵᠣᠷᠢᠭᠵᠢᠭᠤᠯᠤᠨ᠎ᠠ᠃
ᠵᠢᠷᠠᠨ ᠳᠣᠯᠣᠳᠤᠭ᠋ᠠᠷ ᠵᠤᠷᠪᠤᠰ ᠨᠥᠬᠥᠴᠡᠯ᠎ᠲᠠᠢ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠢᠨ ᠬᠣᠯᠪᠣᠭᠳᠠᠯ ᠪᠦᠬᠦᠢ ᠤᠯᠤᠰ᠎ᠤᠨ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ᠎ᠲᠠᠢ ᠬᠠᠮᠲᠤᠷᠠᠨ ᠰᠤᠷᠭ᠋ᠠᠭᠤᠯᠢ ᠡᠷᠬᠢᠯᠡᠬᠦ ᠵᠢ ᠵᠣᠷᠢᠭᠵᠢᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠠᠪᠴᠠᠩ᠎ᠢ ᠬᠠᠮᠲᠤ᠎ᠪᠠᠷ ᠪᠠᠶ᠋ᠢᠭᠤᠯᠬᠤ᠂ ᠰᠤᠷᠤᠬ᠍ᠴᠢ ᠵᠢ ᠬᠠᠮᠲᠤᠷᠠᠨ ᠬᠥᠮᠦᠵᠢᠭᠦᠯᠬᠦ᠂ ᠠᠵᠢᠯᠳᠠᠨ᠎ᠢ ᠬᠠᠷᠢᠯᠴᠠᠨ ᠰᠤᠷᠪᠤᠯᠵᠢᠯᠠᠬᠤ᠂ ᠬᠠᠮᠲᠤᠷᠠᠨ ᠰᠤᠳᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠦᠨ᠎ᠡ᠃
ᠭᠠᠳᠠᠭ᠋ᠠᠳᠤ᠎ᠠᠴᠠ ᠴᠢᠳᠠᠪᠤᠷᠢᠲᠠᠨ ᠤᠷᠢᠵᠤ ᠤᠶᠤᠨ ᠤᠬᠠᠭ᠋ᠠᠨ ᠣᠷᠣᠭᠤᠯᠬᠤ ᠠᠷᠭ᠎ᠠ ᠵᠠᠮ᠎ᠢ ᠥᠷᠭᠡᠳᠬᠡᠬᠦ ᠵᠢ ᠵᠣᠷᠢᠭᠵᠢᠭᠤᠯᠵᠤ᠂ ᠭᠠᠳᠠᠭ᠋ᠠᠳᠤ᠎ᠳᠠᠬᠢ ᠴᠢᠳᠠᠪᠤᠷᠢᠲᠠᠨ᠎ᠤ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠤᠨ᠂ ᠴᠢᠳᠠᠪᠤᠷᠢᠲᠠᠨ᠎ᠤ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠰᠣᠯᠢᠯᠴᠠᠭ᠎ᠠ ᠪᠠ ᠠᠶ᠋ᠢᠯᠴᠢᠯᠠᠯᠲᠠ ᠵᠢ ᠠᠬᠢᠭᠤᠯᠤᠨ᠎ᠠ᠃
ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠠᠮᠢᠶ᠎ᠠ ᠪᠥᠬᠥᠶ ᠬᠠᠤᠯᠢ ᠴᠠᠭ᠋ᠠᠵᠠ᠂ ᠠᠷᠠᠯᠵᠢᠶᠠᠨ᠎ᠤ ᠲᠦᠷᠢᠮ ᠪᠣᠯᠤᠨ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠰᠠᠶ᠋ᠢᠨ ᠮᠡᠳᠡᠬᠦ ᠲᠤᠰᠬᠠᠶ ᠬᠡᠷᠡᠭᠯᠡᠭᠡᠨ᠎ᠤ ᠬᠡᠯᠪᠡᠷᠢ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠵᠢ ᠵᠣᠷᠢᠭᠵᠢᠭᠤᠯᠵᠤ᠂ ᠴᠢᠳᠠᠪᠤᠷᠢᠲᠠᠨ ᠬᠥᠮᠦᠵᠢᠭᠦᠯᠬᠦ ᠵᠠᠭᠪᠤᠷ᠎ᠢ ᠰᠢᠨᠡᠴᠢᠯᠡᠨ ᠳᠡᠯᠭᠡᠷᠡᠭᠦᠯᠵᠦ᠂ ᠳᠡᠯᠡᠬᠡᠶ ᠵᠢᠨ ᠬᠠᠷᠠᠭ᠋ᠠᠰᠤ᠎ᠲᠠᠢ ᠰᠢᠯᠢᠳᠡᠭ ᠴᠢᠳᠠᠪᠤᠷᠢᠲᠠᠨ᠎ᠢ ᠬᠥᠮᠦᠵᠢᠭᠦᠯᠦᠨ᠎ᠡ᠃
ᠵᠢᠷᠠᠨ ᠨᠠᠢ᠍ᠮᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤᠨ ᠣᠷᠳᠣᠨ ᠬᠠᠮᠢᠶ᠎ᠠ ᠪᠦᠬᠦᠢ ᠤᠯᠤᠰ᠎ᠯᠤᠭ᠎ᠠ ᠡᠮᠴᠢᠯᠡᠭᠡ ᠡᠷᠡᠭᠦᠯ ᠬᠠᠮᠠᠭ᠋ᠠᠯᠠᠯ ᠪᠠ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠵᠡᠷᠭᠡ ᠬᠠᠮᠲᠤᠷᠠᠯᠴᠠᠭ᠎ᠠ ᠥᠷᠨᠢᠭᠦᠯᠬᠦ ᠵᠢ ᠴᠢᠩᠭ᠋ᠠᠳᠬᠠᠵᠤ᠂ ᠮᠡᠳᠡᠭᠡ ᠵᠠᠩᠭᠢ ᠵᠢᠨ ᠰᠣᠯᠢᠯᠴᠠᠭ᠎ᠠ ᠪᠠ ᠬᠠᠮᠲᠤ᠎ᠪᠠᠷ ᠬᠦᠷᠲᠡᠬᠦ ᠵᠢ ᠴᠢᠩᠭ᠋ᠠᠳᠬᠠᠵᠤ᠂ ᠡᠷᠡᠭᠦᠯ ᠡᠩᠬᠡ ᠲᠣᠷᠭ᠋ᠠᠨ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠬᠠᠮᠲᠤ᠎ᠪᠠᠷ ᠠᠬᠢᠭᠤᠯᠬᠤ ᠬᠡᠷᠡᠭᠲᠡᠢ᠃
ᠵᠢᠷᠠ ᠶᠢᠰᠦᠳᠦᠭᠡᠷ ᠵᠤᠷᠪᠤᠰ ᠰᠣᠶᠣᠯ᠎ᠤᠨ ᠠᠵᠤ ᠠᠬᠤᠶ᠋ᠢᠯᠠᠯ᠎ᠤᠨ ᠰᠣᠶᠣᠯ᠎ᠤᠨ ᠪᠦᠲᠦᠭᠡᠭᠳᠡᠬᠦᠨ ᠪᠠ ᠦᠢ᠍ᠯᠡᠴᠢᠯᠡᠭᠡ ᠵᠢ ᠭᠠᠳᠠᠭ᠋ᠠᠳᠤ᠎ᠳᠤ ᠭᠠᠷᠭ᠋ᠠᠬᠤ᠎ᠳᠤ ᠣᠷᠣᠯᠴᠠᠬᠤ ᠵᠢ ᠵᠣᠷᠢᠭᠵᠢᠭᠤᠯᠤᠨ ᠬᠥᠳᠥᠯᠥᠨ ᠵᠢᠯᠣᠭᠣᠳᠴᠤ᠂ ᠬᠢᠯᠢ ᠵᠢᠨ ᠭᠠᠳᠠᠨ᠎ᠠ ᠰᠣᠶᠣᠯ᠎ᠤᠨ ᠬᠦᠷᠢᠶᠡᠨ᠎ᠳᠤ ᠪᠡᠯᠡ ᠣᠷᠣᠭᠤᠯᠤᠯᠲᠠ ᠵᠢᠨ ᠬᠠᠮᠲᠤᠷᠠᠯᠴᠠᠭ᠎ᠠ ᠥᠷᠨᠢᠭᠦᠯᠵᠦ᠂ ᠰᠣᠶᠣᠯ᠎ᠤᠨ ᠪᠦᠲᠦᠭᠡᠭᠳᠡᠬᠦᠨ ᠪᠠ ᠦᠢ᠍ᠯᠡᠴᠢᠯᠡᠭᠡ ᠵᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠠᠷᠠᠯᠵᠢᠶᠠᠨ᠎ᠤ ᠲᠠᠪᠴᠠᠩ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠰᠣᠶᠣᠯ᠎ᠤᠨ ᠤᠯᠠᠮᠵᠢᠯᠠᠨ ᠲᠠᠷᠬᠠᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃
ᠳᠠᠯᠠᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠰᠣᠶᠣᠯ ᠪᠠ ᠵᠢᠭᠤᠯᠴᠢᠯᠠᠯ᠂ ᠪᠡᠶ᠎ᠡ ᠵᠢᠨ ᠲᠠᠮᠢᠷ᠂ ᠷᠠᠳᠢᠣ᠋ ᠲᠧᠯᠸᠢᠰ ᠵᠡᠷᠭᠡ ᠰᠠᠯᠠᠭ᠎ᠠ ᠮᠥᠴᠢᠷ᠎ᠨᠢ ᠭᠠᠳᠠᠭ᠋ᠠᠳᠤ᠎ᠳᠤ ᠤᠯᠠᠮᠵᠢᠯᠠᠨ ᠲᠠᠷᠬᠠᠭ᠋ᠠᠬᠤ ᠬᠦᠴᠦᠨ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠴᠢᠬᠤᠯᠠ ᠶᠡᠬᠡ ᠭᠤᠤᠯ ᠰᠡᠳᠦᠪ᠂ ᠴᠢᠬᠤᠯᠠ ᠠᠵᠢᠯᠯᠠᠭ᠎ᠠ ᠵᠢᠨ ᠭᠠᠳᠠᠭ᠋ᠠᠳᠤ ᠤᠬᠠᠭᠤᠯᠭ᠎ᠠ ᠵᠢ ᠴᠢᠩᠭ᠋ᠠᠳᠬᠠᠨ᠂ ᠰᠣᠨᠢᠨ ᠰᠡᠳᠬᠦᠯ᠎ᠤᠨ ᠰᠦᠯᠵᠢᠶ᠎ᠡ᠂ ᠷᠠᠳᠢᠣ᠋ ᠲᠧᠯᠸᠢᠰ᠂ ᠨᠣᠮ ᠪᠢᠴᠢᠭ᠎ᠤᠨ ᠬᠡᠪᠯᠡᠯ᠂ ᠺᠢᠨᠣ᠋ ᠲᠧᠯᠸᠢᠰ ᠵᠦᠴᠦᠭᠡ ᠵᠡᠷᠭᠡ ᠣᠯᠠᠨ ᠨᠢᠭᠡ ᠴᠣᠭᠴᠠ ᠵᠢ ᠪᠠᠶ᠋ᠢᠭᠤᠯᠵᠤ᠂ ᠬᠠᠷᠢᠯᠴᠠᠨ ᠨᠥᠬᠥᠪᠥᠷᠢᠯᠡᠨ ᠬᠣᠯᠪᠣᠭ᠋ᠠᠯᠠᠨ ᠬᠥᠳᠡᠯᠦᠯᠴᠡᠵᠦ ᠭᠠᠳᠠᠭ᠋ᠠᠳᠤ᠎ᠳᠤ ᠤᠯᠠᠮᠵᠢᠯᠠᠨ ᠲᠠᠷᠬᠠᠭ᠋ᠠᠬᠤ ᠵᠢᠭᠰᠠᠭ᠋ᠠᠯ᠎ᠢ ᠪᠠᠶ᠋ᠢᠭᠤᠯᠵᠤ᠂ ᠳᠤᠮᠳᠠᠳᠤ ᠤᠯᠤᠰ᠎ᠤᠨ ᠥᠯᠢᠭᠡᠷ᠎ᠢ ᠰᠠᠶ᠋ᠢᠲᠤᠷ ᠶᠠᠷᠢᠬᠤ ᠬᠡᠷᠡᠭᠲᠡᠶ᠃
ᠳᠠᠯᠠᠨ ᠨᠢᠭᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠠᠴᠠ ᠣᠯᠠᠨ ᠤᠯᠤᠰ ᠪᠠ ᠤᠯᠤᠰ᠎ᠠᠴᠠ ᠳᠣᠲᠣᠭ᠋ᠠᠳᠤ ᠵᠢᠨ ᠪᠠᠷᠢᠮᠵᠢᠶ᠎ᠠ ᠵᠢ ᠤᠯᠠᠷᠢᠭᠤᠯᠬᠤ ᠵᠢ ᠢᠳᠡᠪᠬᠢᠲᠡᠢ ᠥᠷᠨᠢᠭᠦᠯᠵᠦ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠠᠵᠢᠯ ᠲᠥᠷᠥᠯ᠎ᠤᠨ ᠨᠡᠶ᠋ᠢᠭᠡᠮᠯᠢᠭ᠎ᠤᠨ ᠣᠯᠠᠨ ᠤᠯᠤᠰ᠂ ᠤᠯᠤᠰ᠂ ᠠᠵᠢᠯ ᠲᠥᠷᠥᠯ᠎ᠤᠨ ᠪᠠᠷᠢᠮᠵᠢᠶ᠎ᠠ ᠵᠢᠴᠢ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠲᠣᠭᠲᠠᠭ᠋ᠠᠬᠤ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠤᠨ᠎ᠠ᠃
ᠳᠠᠯᠠᠨ ᠬᠣᠶᠠᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠠᠮᠢ ᠠᠬᠤᠶ ᠵᠢᠨ ᠣᠷᠴᠢᠨ ᠲᠣᠭᠣᠷᠢᠨ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠤᠳ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠨᠤᠭᠤ ᠭᠠᠵᠠᠷ᠎ᠤᠨ ᠬᠠᠮᠠᠭ᠋ᠠᠯᠠᠯᠲᠠ ᠵᠢᠴᠢ ᠴᠥᠯᠡᠷᠬᠡᠭᠵᠢᠯᠢ ᠰᠡᠷᠭᠡᠶ᠋ᠢᠯᠡᠨ ᠵᠠᠰᠠᠬᠤ ᠵᠡᠷᠭᠡ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶᠡᠨ᠎ᠳᠠᠬᠢ ᠣᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠮᠡᠷᠭᠡᠵᠢᠯ᠎ᠤᠨ ᠬᠠᠮᠲᠤᠷᠠᠯᠴᠠᠭ᠎ᠠ ᠵᠢ ᠠᠬᠢᠭᠤᠯᠤᠨ᠂ ᠬᠢᠯᠢ ᠠᠯᠤᠰᠯᠠᠭᠰᠠᠨ ᠤᠰᠤᠨ ᠴᠣᠭᠴᠠ ᠵᠢᠨ ᠤᠰᠤᠨ᠎ᠤ ᠴᠢᠨᠠᠷ᠎ᠢ ᠬᠠᠮᠲᠤᠷᠠᠨ ᠬᠢᠨᠠᠨ ᠰᠢᠨᠵᠢᠬᠦ ᠠᠵᠢᠯ ᠥᠷᠨᠢᠭᠦᠯᠵᠦ᠂ ᠲᠦᠭᠰᠢᠭᠦᠷᠢᠳᠡᠭᠰᠡᠨ ᠠᠮᠢᠳᠤ ᠪᠣᠳᠠᠰ᠎ᠤᠨ ᠳᠦᠷᠰᠦ ᠵᠢᠨ ᠬᠠᠮᠠᠭ᠋ᠠᠯᠠᠯᠲᠠ ᠵᠢ ᠠᠬᠢᠭᠤᠯᠬᠤ ᠬᠡᠷᠡᠭᠲᠡᠶ᠃
ᠳᠠᠯᠠᠨ ᠭᠤᠷᠪᠠᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠠᠷᠢᠶᠠᠯᠠᠩ ᠮᠠᠯ ᠠᠵᠤ ᠠᠬᠤᠶ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠤᠳ ᠬᠠᠮᠢᠶ᠎ᠠ ᠪᠦᠬᠦᠢ ᠤᠯᠤᠰ᠎ᠯᠤᠭ᠎ᠠ ᠬᠠᠮᠵᠢᠯᠴᠠᠨ ᠬᠢᠯᠢ ᠠᠯᠤᠰᠯᠠᠭᠰᠠᠨ ᠣᠶ ᠰᠢᠭᠤᠶ ᠪᠠ ᠨᠤᠲᠤᠭ ᠪᠡᠯᠴᠢᠭᠡᠷ᠎ᠤᠨ ᠭᠠᠯ᠎ᠤᠨ ᠠᠶᠤᠯ᠂ ᠠᠮᠢᠲᠠᠨ ᠤᠷᠭᠤᠮᠠᠯ᠎ᠤᠨ ᠬᠢᠵᠢᠭ ᠡᠪᠡᠳᠴᠢᠨ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠥᠷᠨᠢᠭᠦᠯᠵᠦ᠂ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠢ ᠬᠠᠮᠲᠤᠷᠠᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠡᠯᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠶ᠃
ᠨᠠᠢ᠍ᠮᠠᠳᠤᠭ᠋ᠠᠷ ᠪᠦᠯᠦᠭ ᠪᠠᠲᠤᠯᠠᠭ᠎ᠠ ᠵᠢᠨ ᠠᠷᠭ᠎ᠠ ᠬᠡᠮᠵᠢ᠊ ᠢ᠎ᠡ
ᠳᠠᠯᠠᠨ ᠳᠥᠷᠪᠡᠳᠦᠭᠡᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠥᠲᠥᠭᠡᠨ ᠪᠠᠶ᠋ᠢᠭᠤᠯᠬᠤ ᠠᠵᠢᠯ᠎ᠢ ᠲᠣᠰ ᠱᠠᠲᠤᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠡᠭᠡᠨ ᠣᠷᠣᠭᠤᠯᠵᠤ᠂ ᠬᠡᠷᠡᠭᠰᠡᠬᠦ ᠵᠠᠷᠤᠳᠠᠯ᠎ᠢ ᠲᠣᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠡᠭᠡᠨ ᠣᠷᠣᠭᠤᠯᠬᠤ ᠬᠡᠷᠡᠭᠲᠡᠶ᠃
ᠲᠠᠯᠠᠨ ᠲᠠᠪᠤᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ ᠤᠨ ᠵᠠᠰᠠᠭ ᠤᠨ ᠣᠷᠳᠣᠨ᠎ᠨᠢ ᠤᠯᠤᠰ᠎ᠠᠴᠠ ᠬᠢᠯᠢ ᠳᠠᠭ᠋ᠠᠤ ᠵᠢᠨ ᠭᠣᠣᠯᠳᠠᠯᠭ᠎ᠠ᠎ᠲᠠᠢ ᠭᠠᠵᠠᠷ ᠣᠷᠣᠨᠲᠤ ᠰᠢᠯᠵᠢᠭᠦᠯᠦᠨ ᠥᠭᠬᠦ ᠪᠠ ᠪᠣᠭᠣᠮᠲᠠ ᠵᠢᠨ ᠰᠠᠭᠤᠷᠢ ᠪᠡᠯᠡᠳᠬᠡᠮᠵᠢ ᠵᠢᠨ ᠲᠤᠰᠬᠠᠢ ᠵᠦᠢ᠍ᠯ ᠤᠨ ᠪᠡᠯᠡ ᠮᠥᠩᠭᠥ ᠵᠢᠨ ᠳᠡᠮᠵᠢᠯᠭᠡ ᠦᠵᠡᠭᠦᠯᠬᠦ ᠡᠷᠴᠢᠮ᠎ᠢ ᠨᠡᠮᠡᠭᠳᠡᠭᠦᠯᠬᠦ᠎ᠪᠠᠷ ᠴᠢᠷᠮᠠᠶ᠋ᠢᠨ ᠣᠯᠵᠤ᠂ ᠲᠤᠰᠬᠠᠢ ᠵᠦᠢ᠍ᠯ ᠤᠨ ᠵᠢᠭᠡᠯᠡᠯᠭᠡ ᠵᠢᠨ ᠲᠡᠮᠳᠡᠭ ᠲᠠᠷᠬᠠᠭ᠋ᠠᠬᠤ ᠨᠥᠬᠥᠴᠡᠯ᠎ᠲᠤ ᠨᠡᠶ᠋ᠢᠴᠡᠬᠦ ᠲᠥᠷᠥᠯ ᠵᠦᠢ᠍ᠯ᠎ᠲᠤ ᠳᠡᠮᠵᠢᠯᠭᠡ ᠦᠵᠡᠭᠦᠯᠬᠦ ᠬᠡᠷᠡᠭᠲᠡᠢ᠃
ᠳᠠᠯᠠᠨ ᠵᠢᠷᠭᠤᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠥᠬᠥᠶ ᠰᠠᠯᠠᠭ᠎ᠠ ᠮᠥᠴᠢᠷ᠎ᠨᠢ ᠭᠠᠶ᠋ᠢᠯᠢ ᠵᠢ ᠬᠠᠰᠤᠵᠤ ᠰᠦᠢ᠍ᠳᠭᠡᠯ᠎ᠢ ᠪᠠᠭᠤᠷᠠᠭᠤᠯᠬᠤ᠂ ᠭᠠᠳᠠᠭ᠋ᠠᠳᠤ᠎ᠳᠤ ᠭᠠᠷᠭ᠋ᠠᠬᠤ ᠢᠲᠡᠭᠡᠮᠵᠢᠲᠦ ᠵᠢᠭᠡᠯᠡᠯᠭᠡ᠂ ᠭᠠᠳᠠᠭ᠋ᠠᠳᠤ᠎ᠳᠤ ᠭᠠᠷᠭ᠋ᠠᠬᠤ ᠢᠲᠡᠭᠡᠮᠵᠢ ᠵᠢᠨ ᠳᠠᠭ᠋ᠠᠳᠬᠠᠯ᠂ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ ᠣᠯᠭᠣᠬᠤ᠂ ᠴᠠᠬᠢᠯᠭ᠋ᠠᠨ ᠬᠡᠷᠡᠭᠯᠡᠬᠦ ᠤᠰᠤ ᠬᠡᠷᠡᠭᠯᠡᠬᠦ ᠵᠡᠷᠭᠡ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠨᠠᠩ ᠣᠯᠠᠨ ᠠᠵᠤ ᠠᠬᠤᠶ᠋ᠢᠯᠠᠯ᠎ᠢ ᠲᠠᠲᠠᠵᠤ ᠪᠠᠶ᠋ᠢᠭ᠋ᠠᠳ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠠᠷᠠᠯᠵᠢᠶ᠎ᠠ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠡᠳ᠋ᠰᠢᠭᠦᠯᠦᠯᠲᠡ ᠪᠠ ᠣᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡ᠂ ᠭᠠᠶ᠋ᠢᠯᠢ ᠪᠠᠲᠤᠯᠠᠬᠤ ᠰᠠᠩ ᠬᠥᠮᠥᠷᠭᠡ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠪᠣᠳᠠᠲᠠᠶ ᠭᠠᠵᠠᠷ᠎ᠲᠤᠨᠢ ᠬᠥᠭᠵᠢᠭᠦᠯᠬᠦ ᠬᠡᠷᠡᠭᠲᠡᠶ᠃
ᠳᠠᠯᠠᠨ ᠳᠣᠯᠣᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠡᠷᠭᠡ ᠰᠠᠯᠠᠭ᠎ᠠ ᠮᠥᠴᠢᠷ᠎ᠤᠳ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠂ ᠪᠠᠭᠤᠯᠭ᠋ᠠᠬᠤ ᠪᠠ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠤᠳᠠᠯᠳᠤᠭ᠋ᠠᠴᠢᠨ ᠤᠷᠢᠬᠤ᠂ ᠪᠣᠳᠠᠲᠠᠶ᠋ᠢᠵᠢᠭᠤᠯᠬᠤ᠂ ᠪᠦᠲᠦᠭᠡᠨ ᠪᠠᠶ᠋ᠢᠭᠤᠯᠬᠤ᠎ᠠᠴᠠ ᠠᠰᠢᠭᠯᠠᠯᠲᠠ᠎ᠳᠤ ᠣᠷᠣᠭᠤᠯᠬᠤ ᠬᠦᠷᠲᠡᠯᠡᠬᠢ ᠪᠦᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠦᠢ᠍ᠯᠡᠴᠢᠯᠡᠭᠡ ᠵᠢ ᠴᠢᠩᠭ᠋ᠠᠷᠠᠭᠤᠯᠤᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠥᠮ ᠳᠥᠲᠡ ᠪᠣᠯᠭ᠋ᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠵᠤ ᠠᠬᠤᠶ᠋ᠢᠯᠠᠯ᠎ᠤᠨ ᠥᠮᠴᠢᠯᠡᠬᠦ ᠡᠷᠬᠡ᠂ ᠡᠵᠡᠨ ᠮᠡᠳᠡᠵᠦ ᠡᠵᠡᠩᠨᠡᠬᠦ ᠡᠷᠬᠡ ᠪᠣᠯᠤᠨ ᠠᠵᠤ ᠠᠬᠤᠶ᠋ᠢᠯᠠᠯᠲᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠬᠣᠭᠣᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠵᠢ ᠪᠠᠶ᠋ᠢᠭᠤᠯᠤᠨ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠪᠠᠯᠠ ᠮᠥᠩᠭᠥ᠂ ᠮᠡᠷᠭᠡᠵᠢᠯ᠂ ᠬᠥᠮᠦᠨ᠎ᠤ ᠬᠦᠴᠦᠨ᠂ ᠪᠠᠶ᠋ᠢᠭ᠋ᠠᠯᠢ ᠵᠢᠨ ᠡᠬᠢ ᠪᠠᠶᠠᠯᠢᠭ ᠵᠡᠷᠭᠡ ᠦᠢ᠍ᠯᠡᠳᠪᠦᠷᠢᠯᠡᠯ᠎ᠤᠨ ᠬᠦᠴᠦᠨ ᠵᠤᠷᠪᠤᠰ ᠪᠣᠯᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠡᠷᠡᠭᠯᠡᠬᠦ ᠵᠢ ᠪᠠᠲᠤᠯᠠᠬᠤ ᠬᠡᠷᠡᠭᠲᠡᠶ᠃
ᠳᠠᠯᠠᠨ ᠨᠠᠢ᠍ᠮᠠᠳᠤᠭ᠋ᠠᠷ ᠵᠤᠷᠪᠤᠰ ᠡᠯ᠎ᠡ ᠭᠠᠵᠠᠷ ᠣᠷᠣᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠡᠩᠨᠡᠭᠡᠨ᠎ᠤ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠪᠠᠶ᠋ᠢᠭᠤᠯᠤᠮᠵᠢ ᠵᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠤᠭᠰᠠᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃
ᠳᠠᠯ᠎ᠠ ᠶᠢᠰᠦᠳᠦᠭᠡᠷ ᠵᠤᠷᠪᠤᠰ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠡᠯ᠎ᠡ ᠨᠢᠭᠡᠴᠢ᠎ᠨᠦᠭᠦᠳ ᠬᠠᠷᠢᠭᠤᠴᠠᠯᠭ᠎ᠠ ᠵᠢᠨ ᠦᠵᠡᠯ ᠤᠬᠠᠮᠰᠠᠷ ᠵᠶ᠋ᠠᠨ ᠴᠢᠩᠭ᠋ᠠᠷᠠᠭᠤᠯᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠳᠦᠷᠢᠮ ᠲᠣᠭᠲᠠᠴᠠ ᠵᠢᠨ ᠪᠠᠶ᠋ᠢᠭᠤᠯᠤᠯᠲᠠ ᠵᠢ ᠴᠢᠩᠭ᠋ᠠᠷᠠᠭᠤᠯᠵᠤ᠂ ᠪᠣᠳᠠᠲᠠᠶ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ᠂ ᠲᠤᠰ ᠭᠠᠵᠠᠷ ᠣᠷᠣᠨ᠂ ᠲᠤᠰ ᠰᠢᠰᠲ᠋ᠧᠮ᠂ ᠲᠤᠰ ᠬᠦᠷᠢᠶ᠎ᠡ ᠴᠠᠷᠠᠭ᠎ᠠ ᠵᠢᠨ ᠤᠯᠤᠰ᠎ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢᠨ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠬᠦ ᠬᠡᠷᠡᠭᠲᠡᠶ᠃
ᠨᠠᠶᠠᠳᠤᠭ᠋ᠠᠷ ᠵᠤᠷᠪᠤᠰ ᠲᠦᠷᠦ ᠵᠢᠨ ᠪᠠᠶ᠋ᠢᠭᠤᠯᠭ᠎ᠠ᠂ ᠠᠷᠠᠳ᠎ᠤᠨ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠨᠤᠭᠤᠳ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠪᠠᠶ᠋ᠢᠭᠤᠯᠬᠤ᠎ᠲᠠᠢ ᠬᠣᠯᠪᠣᠭᠳᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠥᠷᠨᠢᠭᠦᠯᠬᠦ ᠬᠡᠷᠡᠭᠲᠡᠢ᠃
ᠨᠠᠶᠠᠨ ᠨᠢᠭᠡᠳᠦᠭᠡᠷ ᠵᠤᠷᠪᠤᠰ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠠᠶ᠋ᠢᠭᠤᠯᠬᠤ ᠠᠵᠢᠯ᠎ᠳᠤ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢᠨ ᠳᠦᠷᠢᠮ ᠪᠣᠯᠤᠨ ᠬᠠᠷᠠᠯᠲᠠᠲᠤ ᠬᠠᠷᠢᠭᠤᠴᠠᠯᠭ᠎ᠠ ᠵᠢᠨ ᠬᠢᠨᠠᠨ ᠰᠢᠯᠭ᠋ᠠᠬᠤ ᠳᠦᠷᠢᠮ᠎ᠢ ᠬᠡᠷᠡᠭᠵᠢᠭᠦᠯᠵᠦ᠂ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ᠎ᠤᠨ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ᠎ᠳᠤ ᠣᠷᠣᠭᠤᠯᠬᠤ ᠬᠡᠷᠡᠭᠲᠡᠶ᠃
ᠨᠠᠶᠠᠨ ᠬᠣᠶᠠᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠥᠲᠥᠭᠡᠨ ᠪᠠᠶ᠋ᠢᠭᠤᠯᠬᠤ ᠠᠵᠢᠯ᠎ᠤᠨ ᠳᠤᠮᠳᠠ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶ᠋ᠢᠭᠤᠯᠤᠯᠲᠠ ᠪᠣᠯᠤᠨ ᠬᠤᠪᠢ ᠬᠥᠮᠦᠨ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠰᠠᠶ᠋ᠢᠰᠢᠶᠠᠨ ᠬᠥᠬᠢᠭᠦᠯᠬᠦ ᠪᠠ ᠱᠠᠩᠨᠠᠨ᠎ᠠ᠃
ᠨᠠᠶᠠᠨ ᠭᠤᠷᠪᠠᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠨᠢ ᠲᠤᠰᠬᠠᠢ ᠠᠵᠢᠯ᠎ᠤᠨ ᠮᠡᠳᠡᠭᠦᠯᠦᠯᠲᠡ ᠵᠢ ᠰᠣᠨᠣᠰᠬᠤ ᠪᠠ ᠬᠢᠨᠠᠨ ᠵᠥᠪᠯᠡᠬᠦ᠂ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠤᠯᠤᠰ᠎ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠠᠶ᠋ᠢᠭᠤᠯᠬᠤ ᠠᠵᠢᠯ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠢ᠃
ᠨᠠᠶᠠᠨ ᠳᠥᠷᠪᠡᠳᠦᠭᠡᠷ ᠵᠤᠷᠪᠤᠰ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠪᠣᠳᠠᠲᠠᠶ ᠰᠢᠳᠬᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠣᠯ ᠲᠡᠷᠡ ᠲᠣᠭᠲᠠᠭ᠋ᠠᠯ᠎ᠢ᠎ᠨᠢ ᠳᠠᠭ᠋ᠠᠬᠤ ᠬᠡᠷᠡᠭᠲᠡᠶ᠃
ᠨᠠᠶᠠᠨ ᠲᠠᠪᠤᠳᠤᠭ᠋ᠠᠷ ᠵᠤᠷᠪᠤᠰ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠦᠲᠦᠭᠡᠨ ᠪᠠᠶ᠋ᠢᠭᠤᠯᠬᠤ ᠠᠵᠢᠯ᠎ᠤᠨ ᠳᠤᠮᠳᠠ ᠠᠯᠪᠠᠨ ᠲᠤᠰᠢᠶᠠᠯ᠎ᠳᠠᠭᠠᠨ ᠠᠯᠮᠠᠶ᠋ᠢᠷᠠᠨ ᠣᠰᠣᠯᠳᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠬᠠᠤᠯᠢ ᠶᠣᠰᠣ ᠵᠢ ᠵᠥᠷᠢᠴᠡᠭᠰᠡᠨ ᠪᠠᠶ᠋ᠢᠪᠠᠯ᠂ ᠰᠢᠭᠤᠳ ᠬᠠᠷᠢᠭᠤᠴᠠᠵᠤ ᠪᠦᠬᠦᠢ ᠭᠣᠣᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠬᠠᠤᠯᠢ ᠶᠣᠰᠣᠭ᠋ᠠᠷ ᠰᠢᠢ᠍ᠳᠭᠡᠯ ᠣᠯᠭᠣᠨ᠎ᠠ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠶᠢᠰᠦᠳᠦᠭᠡᠷ ᠪᠦᠯᠦᠭ ᠳᠠᠭ᠋ᠠᠯᠳᠤᠭᠤᠯᠤᠭᠰᠠᠨ ᠳᠦᠷᠢᠮ
ᠨᠠᠶᠠᠨ ᠵᠢᠷᠭᠤᠳᠤᠭ᠋ᠠᠷ ᠵᠤᠷᠪᠤᠰ ᠲᠣᠰ ᠲᠦᠷᠢᠮ᠎ᠢ 2023 ᠣᠨ᠎ᠤ 9 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃