《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠠᠩᠬᠠᠨ᠎ᠤ ᠳᠡᠯᠭᠡᠭᠦᠷ᠎ᠢ ᠶᠡᠬᠡᠪᠡᠷ ᠬᠥᠭᠵᠢᠭᠦᠯᠵᠦ ᠠᠩᠬ᠎ᠠ ᠲᠠᠷᠬᠠᠭ᠋ᠠᠬᠤ ᠠᠵᠤ ᠠᠬᠤᠶ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠤᠨ ᠲᠤᠬᠠᠶ ᠮᠡᠳᠡᠭᠳᠡᠯ》 ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠨ᠎ᠤ ᠳᠡᠯᠭᠡᠭᠦᠷ᠎ᠢ ᠠᠩᠬ᠎ᠠ ᠲᠠᠷᠬᠠᠭ᠋ᠠᠬᠤ ᠠᠵᠤ ᠠᠬᠤᠶ ᠵᠢ ᠦᠨᠡᠯᠡᠨ ᠲᠣᠭᠲᠠᠭ᠋ᠠᠬᠤ ᠠᠷᠭ᠎ᠠ (ᠲᠦᠷ ᠬᠡᠷᠡᠭᠵᠢᠭᠦᠯᠬᠦ)》 ᠵᠢ ᠦᠨᠳᠦᠰᠦᠯᠡᠨ᠂ ᠰᠠᠶ᠋ᠢᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠬᠦ᠂ ᠠᠶ᠋ᠢᠮᠠᠭ ᠬᠤᠲᠠ ᠵᠢᠨ ᠠᠩᠬᠠᠨ᠎ᠤ ᠬᠢᠨᠠᠯᠲᠠ᠂ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠵᠶ᠋ᠠᠷ ᠬᠢᠨᠠᠨ ᠵᠥᠪᠯᠡᠭᠡᠳ᠂ 2023 ᠣᠨ᠎ᠤ ᠨᠢᠭᠡᠳᠦᠭᠡᠷ ᠪᠦᠯᠦᠭ᠎ᠤᠨ ᠠᠩᠬᠠᠨ᠎ᠤ ᠳᠡᠯᠭᠡᠭᠦᠷ᠎ᠤᠨ ᠠᠵᠤ ᠠᠬᠤᠶ ᠵᠢᠨ 22 ᠲᠥᠷᠥᠯ ᠵᠦᠢ᠍ᠯ᠎ᠢ ᠲᠣᠭᠲᠠᠭ᠋ᠠᠪᠠ᠂ ᠡᠳᠦᠭᠡ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠨᠡᠶ᠋ᠢᠭᠡᠮ᠎ᠳᠤ ᠵᠠᠷᠯᠠᠨ ᠨᠡᠶ᠋ᠢᠲᠡᠯᠡᠵᠦ᠂ ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 2023 ᠣᠨ᠎ᠤ 8 ᠳ᠋ᠤᠭ᠋ᠠᠷ ᠰᠠᠷ᠎ᠠ ᠵᠢᠨ 11᠎ᠤ ᠡᠳᠦᠷ᠎ᠠᠴᠠ 21᠎ᠤ ᠡᠳᠦᠷ ᠪᠣᠯᠲᠠᠯ᠎ᠠ᠂ ᠨᠡᠶ᠋ᠢᠲᠡ 7 ᠠᠵᠢᠯᠯᠠᠬᠤ ᠡᠳᠦᠷ ᠪᠣᠯᠤᠨ᠎ᠠ᠃ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ ᠶᠠᠮᠠᠷᠪᠠ ᠨᠢᠭᠡᠴᠢ ᠪᠠ ᠬᠤᠪᠢ ᠬᠥᠮᠦᠨ ᠬᠡᠷᠪᠡ ᠣᠨᠳᠣᠤ ᠰᠠᠨᠠᠯ᠎ᠲᠠᠢ ᠪᠣᠯ ᠰᠤᠷᠪᠤᠯᠵᠢᠯᠠᠯ᠂ ᠳ᠋ᠢᠶᠠᠩᠬᠤᠸᠠ᠂ ᠵᠠᠬᠢᠳᠠᠯ ᠢᠷᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠤᠰᠬᠠᠵᠤ ᠪᠣᠯᠤᠨ᠎ᠠ᠃ ᠪᠠᠶ᠋ᠢᠳᠠᠯ ᠪᠣᠯᠤᠨ ᠠᠰᠠᠭᠤᠳᠠᠯ᠎ᠢ ᠲᠤᠰᠬᠠᠬᠤ᠎ᠳᠤ ᠦᠨᠡᠨ᠎ᠠᠴᠠ ᠵᠥᠪ᠎ᠢ ᠡᠷᠢᠵᠦ᠂ ᠪᠤᠰᠤᠳᠴᠢ ᠲᠥᠪ ᠭᠣᠣᠯᠴᠢ ᠪᠠᠶ᠋ᠢᠬᠤ ᠬᠡᠷᠡᠭᠲᠡᠢ᠃
ᠬᠦᠯᠢᠶᠡᠨ ᠠᠪᠴᠤ ᠰᠢᠢ᠍ᠳᠪᠦᠷᠢᠯᠡᠬᠦ ᠨᠢᠭᠡᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠭᠠᠵᠠᠷ
ᠬᠠᠷᠢᠯᠴᠠᠬᠤ ᠤᠲᠠᠰᠤ᠄ 0471—6945930
2023 ᠣᠨ᠎ᠤ 8 ᠳ᠋ᠤᠭ᠋ᠠᠷ ᠰᠠᠷ᠎ᠠ ᠵᠢᠨ 10᠎ᠤ ᠡᠳᠦᠷ
ᠳᠠᠭ᠋ᠠᠯᠳᠤᠭᠤᠯᠤᠯ᠄ 2023 ᠣᠨ᠎ᠤ ᠨᠢᠭᠡᠳᠦᠭᠡᠷ ᠪᠦᠯᠦᠭ᠎ᠤᠨ ᠠᠩᠬᠠᠨ᠎ᠤ ᠳᠡᠯᠭᠡᠭᠦᠷ᠎ᠤᠨ ᠠᠵᠤ ᠠᠬᠤᠶ ᠵᠢᠨ ᠲᠥᠷᠥᠯ ᠵᠦᠢ᠍ᠯ
ᠳᠠᠭ᠋ᠠᠯᠳᠤᠭᠤᠯᠤᠯ᠄ ᠠᠩᠬᠠᠨ᠎ᠤ ᠳᠡᠯᠭᠡᠭᠦᠷ᠎ᠢ ᠵᠠᠷᠯᠠᠨ ᠨᠡᠢ᠌ᠲᠡᠯᠡᠬᠦ.xlsx