《〈ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠥᠷᠥᠯ ᠲᠡᠮᠳᠡᠭᠲᠦ ᠵᠢᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ (2021-2023 ᠣᠨ)〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 ᠪᠠ ᠲᠠᠪᠴᠠᠩ᠎ᠤᠨ ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠡᠷᠬᠡ ᠲᠡᠭᠰᠢ᠂ ᠢᠯᠡ ᠲᠣᠳᠣ᠂ ᠲᠥᠪ ᠭᠤᠤᠯᠴᠢ ᠪᠠᠶ᠋ᠢᠬᠤ ᠵᠠᠷᠴᠢᠮ ᠶᠣᠰᠣᠭ᠋ᠠᠷ᠂ ᠵᠢᠩ ᠳ᠋ᠦᠩ ᠳᠤᠮᠳᠠᠳᠤ ᠤᠯᠤᠰ᠎ᠤᠨ ᠣᠷᠣᠨ ᠨᠤᠲᠤᠭ᠎ᠤᠨ ᠣᠨᠴᠠ ᠭᠠᠷᠤᠯᠲᠠ ᠵᠢᠨ ᠣᠷᠳᠣᠨ᠎ᠢ ᠡᠵᠡᠩᠨᠡᠬᠦ ᠠᠵᠤ ᠠᠬᠤᠶ᠋ᠢᠯᠠᠯ᠎ᠤᠨ ᠶᠡᠷᠦᠩᠬᠡᠶ᠋ᠢᠯᠡᠭᠰᠡᠨ ᠦᠨᠡᠯᠡᠯᠲᠡ᠎ᠳᠤ ᠣᠷᠣᠯᠴᠠᠬᠤ ᠬᠡᠷᠡᠭᠲᠡᠶ ᠭᠡᠵᠦ ᠣᠨᠴᠠᠭ᠋ᠠᠶ᠋ᠢᠯᠠᠨ ᠱᠠᠭ᠋ᠠᠷᠳᠠᠪᠠ᠃ ᠬᠢᠷᠢ ᠬᠡᠮ᠎ᠤᠨ ᠨᠥᠬᠦᠴᠡᠯ᠎ᠳᠤ ᠨᠡᠶ᠋ᠢᠴᠡᠬᠦ ᠠᠵᠤ ᠠᠬᠤᠶ᠋ᠢᠯᠠᠯ᠎ᠤᠳ ᠢᠷᠡᠵᠦ ᠨᠡᠷ᠎ᠡ᠎ᠪᠠᠨ ᠮᠡᠳᠡᠭᠦᠯᠵᠦ ᠣᠷᠣᠯᠴᠠᠬᠤ ᠵᠢ ᠪᠠᠶᠠᠷᠯᠠᠨ ᠤᠭᠲᠤᠨ᠎ᠠ᠃
ᠨᠢᠭᠡ᠂ ᠠᠭᠤᠯᠭ᠎ᠠ ᠵᠢᠨ ᠲᠤᠶ᠋ᠢᠮᠤᠴᠢᠯᠠᠯ
ᠠᠵᠤ ᠠᠬᠤᠶ᠋ᠢᠯᠠᠯ᠎ᠤᠨ ᠪᠣᠳᠠᠲᠠᠶ ᠡᠵᠡᠩᠨᠡᠯᠲᠡ ᠵᠢᠨ ᠬᠡᠷᠡᠭᠴᠡᠭᠡ ᠵᠢ ᠦᠨᠳᠦᠰᠦᠯᠡᠨ᠂ ᠠᠵᠤ ᠠᠬᠤᠶ᠋ᠢᠯᠠᠯ᠎ᠤᠨ ᠰᠠᠶ᠋ᠢᠨ ᠳᠤᠷ᠎ᠠ᠎ᠠᠴᠠ᠎ᠪᠠᠨ ᠣᠷᠣᠯᠴᠠᠬᠤ ᠠᠷᠭ᠎ᠠ ᠮᠠᠶᠢᠭ ᠵᠶ᠋ᠠᠷ 《ᠠᠵᠤ ᠠᠬᠤᠶ᠋ᠢᠯᠠᠯ ᠣᠷᠣᠯᠴᠠᠵᠤ᠂ ᠵᠠᠬ᠎ᠠ ᠳᠡᠯᠭᠡᠭᠦᠷᠴᠢᠯᠡᠨ ᠠᠵᠢᠯᠯᠠᠬᠤ》 ᠵᠠᠷᠴᠢᠮ ᠶᠣᠰᠣᠭ᠋ᠠᠷ᠂ ᠪᠣᠯᠪᠠᠰᠤᠷᠠᠩᠭᠤᠶ ᠪᠥᠭᠡᠳ ᠨᠠᠶ᠋ᠢᠳᠠᠪᠤᠷᠢᠲᠠᠶ ᠠᠵᠤ ᠠᠬᠤᠶ᠋ᠢᠯᠠᠯ᠎ᠢ ᠲᠠᠨᠢᠯᠴᠠᠭᠤᠯᠤᠨ ᠵᠢᠩ ᠳ᠋ᠦᠩ ᠳᠤᠮᠳᠠᠳᠤ ᠤᠯᠤᠰ᠎ᠤᠨ ᠣᠷᠣᠨ ᠨᠤᠲᠤᠭ᠎ᠤᠨ ᠣᠨᠴᠠ ᠭᠠᠷᠤᠯᠲᠠ ᠵᠢᠨ ᠣᠷᠳᠣᠨ᠎ᠤ ᠡᠵᠡᠩᠨᠡᠯᠲᠡ ᠵᠢᠨ ᠬᠤᠳᠠᠯᠳᠤᠭ᠋ᠠᠴᠢᠨ ᠪᠣᠯᠭ᠋ᠠᠨ ᠥᠪᠥᠷ ᠮᠣᠩᠭᠤᠯ ᠣᠷᠣᠨ᠎ᠤ ᠡᠯ᠎ᠡ ᠲᠥᠷᠥᠯ᠎ᠤᠨ ᠣᠨᠴᠠᠯᠢᠭᠲᠤ ᠪᠦᠲᠦᠭᠡᠭᠳᠡᠬᠦᠨ᠎ᠢ ᠵᠢᠩ ᠳ᠋ᠦᠩ ᠲᠠᠪᠴᠠᠩ᠎ᠳᠤ ᠪᠣᠷᠣᠯᠠᠭᠤᠯᠵᠤ ᠳᠡᠯᠭᠡᠷᠡᠭᠦᠯᠬᠦ ᠵᠢ ᠬᠠᠷᠢᠭᠤᠴᠠᠭᠤᠯᠤᠨ᠎ᠠ᠃
ᠬᠤᠶᠠᠷ᠂ ᠣᠷᠣᠯᠴᠠᠬᠤ ᠨᠥᠬᠦᠴᠡᠯ
(ᠨᠢᠭᠡ) ᠡᠯᠸᠺᠲᠷᠦᠨ ᠬᠤᠳᠠᠯᠳᠤᠭ᠋ᠠᠨ᠎ᠤ ᠳᠡᠯᠭᠡᠭᠦᠷ᠎ᠤᠨ ᠡᠵᠡᠩᠨᠡᠯᠲᠡ ᠵᠢᠨ ᠬᠢᠷᠢ ᠬᠡᠮ ᠪᠠ ᠨᠥᠬᠦᠴᠡᠯ᠎ᠲᠠᠢ ᠪᠠᠶ᠋ᠢᠵᠤ᠂ ᠡᠯᠸᠺᠲᠷᠦᠨ ᠬᠤᠳᠠᠯᠳᠤᠭ᠋ᠠᠨ᠎ᠤ ᠳᠡᠯᠭᠡᠭᠦᠷ᠎ᠢ ᠠᠮᠵᠢᠯᠲᠠ᠎ᠲᠠᠢ᠎ᠪᠠᠷ ᠠᠵᠢᠯᠯᠠᠭᠤᠯᠤᠭᠰᠠᠨ ᠲᠤᠷᠰᠢᠯᠭ᠎ᠠ᠎ᠲᠠᠢ ᠪᠠᠢ᠌ᠬᠤ᠃
(ᠬᠤᠶᠠᠷ) ᠵᠢᠩ ᠳ᠋ᠦᠩ ᠲᠠᠪᠴᠠᠩ᠎ᠤᠨ ᠳᠡᠯᠭᠡᠭᠦᠷ ᠡᠵᠡᠩᠨᠡᠯᠲᠡ ᠵᠢᠨ ᠬᠢᠷᠢ ᠭᠡᠮ᠎ᠢ ᠬᠠᠤᠯᠢ ᠶᠣᠰᠣᠭ᠋ᠠᠷ ᠲᠤᠰᠢᠶᠠᠬᠤ᠃
(ᠭᠤᠷᠪᠠ) ᠠᠵᠤ ᠠᠬᠤᠶ᠋ᠢᠯᠠᠯ ᠦᠨᠡᠨᠴᠢ ᠢᠲᠡᠭᠡᠮᠵᠢᠲᠡᠶ ᠡᠵᠡᠩᠨᠡᠬᠦ ᠵᠢ ᠪᠠᠲᠤᠯᠠᠵᠤ᠂ 《ᠡᠯᠸᠺᠲᠷᠦᠨ ᠬᠤᠳᠠᠯᠳᠤᠭ᠋ᠠᠨ᠎ᠤ ᠶᠠᠪᠤᠳᠠᠯ᠎ᠤᠨ ᠬᠠᠤᠯᠢ》᠂ 《ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ》 ᠵᠡᠷᠭᠡ ᠬᠠᠮᠢᠶ᠎ᠠ ᠪᠥᠬᠦᠶ ᠬᠠᠤᠯᠢ ᠲᠣᠭᠲᠠᠭ᠋ᠠᠯ᠎ᠢ ᠵᠢᠷᠤᠮᠯᠠᠨ᠎ᠠ᠃
(ᠲᠦᠷᠪᠡ) ᠲᠠᠨᠢᠯᠴᠠᠭᠤᠯᠭ᠎ᠠ ᠵᠢᠨ ᠠᠵᠤ ᠠᠬᠤᠶ᠋ᠢᠯᠠᠯ ᠰᠠᠶ᠋ᠢᠨ ᠳᠤᠷ᠎ᠠ᠎ᠠᠴᠠ᠎ᠪᠠᠨ 《ᠬᠤᠶᠠᠷ ᠪᠦᠲᠦᠭᠡᠭᠳᠡᠬᠦᠨ᠎ᠤ ᠰᠦᠯᠵᠢᠶ᠎ᠡ᠎ᠪᠠᠷ ᠬᠤᠳᠠᠯᠳᠤᠨ ᠠᠪᠬᠤ ᠡᠳᠦᠷ》᠂ 《ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠪᠠᠷᠠᠭ᠋ᠠᠨ᠎ᠤ ᠡᠳᠦᠷ》 ᠵᠢᠴᠢ ᠪᠤᠰᠤᠳ ᠡᠯᠸᠺᠲᠷᠦᠨ ᠬᠤᠳᠠᠯᠳᠤᠭ᠋ᠠᠨ᠎ᠤ ᠭᠤᠤᠯ ᠰᠡᠳᠦᠪᠲᠦ ᠬᠡᠷᠡᠭᠯᠡᠭᠡ ᠵᠢ ᠠᠬᠢᠭᠤᠯᠬᠤ ᠠᠵᠢᠯᠯᠠᠭ᠎ᠠ᠎ᠳᠤ ᠣᠷᠣᠯᠴᠠᠨ᠎ᠠ᠃
(ᠲᠠᠪᠤ) ᠲᠠᠨᠢᠯᠴᠠᠭᠤᠯᠤᠭᠰᠠᠨ ᠠᠵᠤ ᠠᠬᠤᠶ᠋ᠢᠯᠠᠯ᠎ᠠᠴᠠ ᠡᠵᠡᠩᠨᠡᠯᠲᠡ ᠵᠢᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠳᠤ ᠵᠢᠩ ᠳ᠋ᠦᠩ ᠲᠠᠪᠴᠠᠩ ᠵᠶ᠋ᠠᠷ ᠪᠠᠷᠢᠮᠵᠢᠶ᠎ᠠ ᠪᠣᠯᠭ᠋ᠠᠬᠤ ᠵᠢ ᠠᠮᠠᠯᠠᠵᠤ᠂ ᠠᠵᠤ ᠠᠬᠤᠶ᠋ᠢᠯᠠᠯ᠎ᠠᠴᠠ ᠪᠤᠰᠤᠳ ᠰᠦᠢ᠍ᠳᠬᠡᠯ ᠬᠤᠷᠢᠶᠠᠵᠤ ᠪᠣᠯᠬᠤ ᠥᠬᠡᠶ᠃
ᠭᠤᠷᠪᠠ᠂ ᠮᠠᠲ᠋ᠧᠷᠢᠶᠠᠯ ᠲᠤᠰᠢᠶᠠᠬᠤ ᠴᠠᠭ ᠬᠤᠭᠤᠴᠠᠭ᠎ᠠ᠂ ᠭᠠᠵᠠᠷ ᠣᠷᠣᠨ᠂ ᠠᠷᠭ᠎ᠠ ᠬᠡᠯᠪᠡᠷᠢ
ᠪᠠᠷᠠᠭ᠎ᠠ ᠬᠠᠩᠭ᠋ᠠᠭᠴᠢ 2023 ᠣᠨ᠎ᠤ 7 ᠳ᠋ᠤᠭ᠋ᠠᠷ ᠰᠠᠷ᠎ᠠ ᠵᠢᠨ 28᠎ᠤ ᠡᠳᠦᠷ᠎ᠠᠴᠠ ᠡᠬᠢᠯᠡᠨ ᠭᠤᠷᠪᠠᠨ ᠠᠵᠢᠯᠯᠠᠬᠤ ᠡᠳᠦᠷ᠎ᠤᠨ ᠳᠣᠲᠣᠷ᠎ᠠ ᠭᠤᠶᠤᠴᠢᠯᠠᠯ᠎ᠤᠨ ᠪᠢᠴᠢᠭ ᠵᠢᠴᠢ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠵᠢ ᠲᠤᠰᠢᠶᠠᠵᠤ ᠬᠢᠨᠠᠨ ᠲᠣᠭᠲᠠᠭ᠋ᠠᠯᠲᠠ᠎ᠳᠤ ᠣᠷᠣᠯᠴᠠᠭᠤᠯᠵᠤ ᠪᠣᠯᠤᠨ᠎ᠠ᠃ ᠪᠣᠳᠠᠲᠠᠢ ᠦᠷ᠎ᠡ ᠳ᠋ᠦᠩ᠎ᠢ ᠦᠨᠡᠯᠡᠬᠦ ᠠᠵᠢᠯ ᠳᠠᠭᠤᠰᠤᠭᠰᠠᠨ᠎ᠤ ᠳᠠᠷᠠᠭ᠎ᠠ ᠵᠢᠩ ᠳ᠋ᠦᠩ ᠲᠠᠪᠴᠠᠩ᠎ᠳᠤ ᠲᠠᠨᠢᠯᠴᠠᠭᠤᠯᠤᠨ᠎ᠠ᠃
ᠲᠤᠰᠢᠶᠠᠬᠤ ᠭᠠᠵᠠᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠲᠣᠭ᠋ᠠᠲᠤ ᠬᠦᠷᠢᠶᠡᠨ᠎ᠤ 5 ᠳ᠋ᠤᠭ᠋ᠠᠷ ᠠᠰᠠᠷ᠎ᠤᠨ 616 ᠳ᠋ᠤᠭ᠋ᠠᠷ ᠥᠷᠥᠭᠡ
ᠬᠠᠷᠢᠯᠴᠠᠬᠤ ᠬᠥᠮᠦᠨ᠄ ᠮᠠ ᠴᠤᠤ
ᠬᠠᠷᠢᠯᠴᠠᠬᠤ ᠤᠲᠠᠰᠤ᠄ 0471-6945094