ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠲᠤᠭᠳᠠᠯᠴᠠᠭ᠎ᠠ ᠵᠢᠨ ᠪᠠᠶ᠋ᠢᠭᠤᠯᠤᠯᠲᠠ ᠵᠢᠨ 《ᠲᠤᠷᠰᠢᠯᠲᠠ ᠵᠢᠨ ᠰᠢᠶᠠᠨ》᠎ᠤ ᠨᠡᠷᠡᠰ᠎ᠤᠨ ᠲᠤᠬᠠᠶ ᠨᠡᠶ᠋ᠢᠳᠡᠯᠡᠯ
ᠨᠡᠶ᠋ᠢᠲᠡᠯᠡᠭᠰᠡᠨ ᠴᠠᠭ᠄ 2023-07-17

  《ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠶᠡᠷᠦᠩᠬᠡᠶ᠋ᠢᠯᠡᠭᠰᠡᠨ ᠵᠤᠷᠭ᠋ᠠᠨ᠎ᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠬᠦ ᠵᠢ ᠳᠡᠮᠵᠢᠬᠦ ᠲᠤᠬᠠᠶ ᠮᠡᠳᠡᠭᠳᠡᠯ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ 2023 ᠣᠨ᠎ᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠠᠵᠢᠯᠯᠠᠭ᠋ᠠᠨ᠎ᠤ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 ᠵᠡᠷᠭᠡ ᠪᠢᠴᠢᠭ ᠮᠠᠲᠸᠷᠢᠶᠠᠯ᠎ᠤᠨ ᠱᠠᠭ᠋ᠠᠷᠳᠠᠯᠭ᠎ᠠ ᠶᠤᠰᠤᠭ᠋ᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ ᠡᠳ᠋᠎ᠤᠨ ᠵᠠᠰᠠᠭ᠎ᠤᠨ ᠲᠢᠩᠬᠢᠮ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠲᠠᠢ ᠬᠠᠮᠲᠤᠷᠠᠨ 2023 ᠣᠨ᠎ᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢᠨ 《ᠲᠤᠷᠰᠢᠯᠲᠠ ᠵᠢᠨ ᠰᠢᠶᠠᠨ》᠎ᠢ ᠭᠤᠶᠤᠴᠢᠯᠠᠨ ᠮᠡᠳᠡᠭᠦᠯᠬᠦ ᠠᠵᠢᠯ᠎ᠢ ᠬᠠᠮᠲᠤ᠎ᠪᠠᠷ ᠵᠣᠬᠢᠶᠠᠨ ᠪᠠᠶ᠋ᠢᠭᠤᠯᠵᠤ᠂ ᠠᠶ᠋ᠢᠮᠠᠭ ᠬᠤᠲᠠ ᠵᠢ ᠬᠢᠨᠠᠨ ᠬᠠᠷᠭᠤᠭᠤᠯᠵᠤ ᠲᠠᠨᠢᠯᠴᠠᠭᠤᠯᠬᠤ᠂ ᠲᠤᠰᠬᠠᠶ ᠮᠡᠷᠭᠡᠵᠢᠯᠲᠡᠨ᠎ᠢ ᠰᠢᠯᠭ᠋ᠠᠷᠠᠭᠤᠯᠬᠤ᠂ ᠰᠠᠯᠠᠭ᠎ᠠ ᠮᠥᠴᠢᠷ᠎ᠤᠨ ᠵᠥᠪᠳᠡᠯᠴᠡᠬᠦ ᠵᠢᠴᠢ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠳᠤᠭᠤᠶ᠋ᠢᠯᠠᠩ᠎ᠤᠨ ᠬᠤᠷᠠᠯ ᠵᠶ᠋ᠠᠷ ᠬᠢᠨᠠᠨ ᠲᠣᠭᠲᠠᠭ᠋ᠠᠬᠤ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ 2023 ᠣᠨ᠎ᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢᠨ 《ᠲᠤᠷᠰᠢᠯᠲᠠ ᠵᠢᠨ ᠰᠢᠶᠠᠨ》᠎ᠢ ᠲᠣᠭᠲᠠᠭ᠋ᠠᠵᠤ᠂ ᠣᠲᠣ ᠨᠡᠷᠡᠰ᠎ᠢ ᠵᠠᠷᠯᠠᠨ ᠨᠡᠶ᠋ᠢᠲᠡᠯᠡᠪᠡ᠄

   ᠬᠤᠷᠢᠨᠭᠡᠷ ᠰᠢᠶᠠᠨ᠂ ᠭᠦᠶᠡᠩ ᠰᠢᠶᠠᠨ᠂ ᠲᠦᠮᠡᠳ ᠪᠠᠷᠠᠭᠤᠨ ᠬᠤᠰᠢᠭᠤ᠂ ᠶᠠᠭᠰᠢ ᠬᠤᠳᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠤᠯᠠᠭ᠋ᠠᠨᠬᠤᠲᠠ᠂ ᠪᠠᠭ᠋ᠠᠷᠢᠨ ᠪᠠᠷᠠᠭᠤᠨ ᠬᠤᠰᠢᠭᠤ᠂ ᠪᠠᠭ᠋ᠠᠷᠢᠨ ᠵᠡᠭᠦᠨ ᠬᠤᠰᠢᠭᠤ᠂ ᠬᠠᠷᠠᠴᠢᠨ ᠬᠤᠰᠢᠭᠤ᠂ ᠳᠥᠷᠪᠡᠳ ᠬᠤᠰᠢᠭᠤ᠂ ᠱᠠᠩᠳᠤ ᠰᠢᠶᠠᠨ᠂ ᠦᠶᠤᠸᠠᠨ ᠰᠢᠶᠠᠨ᠂ ᠬᠠᠩᠭᠢᠨ ᠬᠤᠶ᠋ᠢᠲᠤ ᠬᠤᠰᠢᠭᠤ᠂ ᠯᠢᠨᠾᠸ ᠲᠣᠭᠤᠷᠢᠭ᠂ ᠬᠠᠶ᠋ᠢᠷᠤᠪ᠎ᠤᠨ ᠲᠤᠬᠤᠢ ᠲᠣᠭᠤᠷᠢᠭ᠂ ᠠᠯᠠᠱ᠌ᠠ ᠪᠠᠷᠠᠭᠤᠨ ᠬᠤᠰᠢᠭᠤ᠃

   ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 7 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ 19᠎ᠤ ᠡᠳᠦᠷ ᠪᠣᠯᠲᠠᠯ᠎ᠠ᠃ ᠶᠠᠮᠠᠷᠪᠠ ᠨᠢᠭᠡᠴᠢ ᠪᠤᠶᠤ ᠬᠤᠪᠢ ᠬᠥᠮᠦᠨ ᠢᠯᠡ ᠨᠡᠶ᠋ᠢᠲᠡᠯᠡᠭᠰᠡᠨ ᠠᠭᠤᠯᠭ᠎ᠠ᠎ᠳᠤ ᠣᠨᠳᠣᠤ ᠰᠠᠨᠠᠯ᠎ᠲᠠᠢ ᠪᠣᠯ ᠲᠤᠰ ᠬᠤᠭᠤᠴᠠᠭ᠋ᠠᠨ᠎ᠳᠤ ᠡᠵᠡᠮᠰᠢᠭᠰᠡᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠳᠤ ᠲᠤᠰᠬᠠᠬᠤ ᠬᠡᠷᠡᠭᠲᠡᠶ᠃ ᠲᠤᠰᠬᠠᠭᠰᠠᠨ ᠮᠠᠲ᠋ᠧᠷᠢᠶᠠᠯ᠎ᠳᠤ ᠲᠠᠮᠠᠭ᠎ᠠ᠎ᠪᠠᠨ ᠳᠠᠷᠤᠭ᠋ᠠᠷᠠᠢ᠂ ᠬᠤᠪᠢ ᠬᠥᠮᠦᠨ ᠭᠠᠷ᠎ᠤᠨ ᠦᠰᠦᠭ ᠵᠢᠷᠤᠬᠤ ᠵᠢᠨ ᠬᠠᠮᠲᠤ ᠪᠡᠶ᠎ᠡ ᠵᠢᠨ ᠦᠨᠡᠮᠯᠡᠯ᠎ᠤᠨ ᠬᠠᠭᠤᠯᠪᠤᠷᠢ᠂ ᠬᠠᠷᠢᠯᠴᠠᠬᠤ ᠬᠡᠯᠪᠡᠷᠢ᠎ᠪᠠᠨ ᠳᠠᠭ᠋ᠠᠯᠳᠤᠭᠤᠯᠤᠨ᠎ᠠ᠃

   ᠬᠠᠷᠢᠯᠴᠠᠬᠤ ᠬᠡᠯᠪᠡᠷᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠭᠦᠢ᠍ᠯᠭᠡᠭᠡᠨ᠎ᠤ ᠦᠢ᠍ᠯᠡᠰ᠎ᠤᠨ ᠬᠦᠭᠵᠢᠬᠦᠯᠦᠯᠲᠡ ᠵᠢᠨ ᠭᠠᠵᠠᠷ

   ᠤᠲᠠᠰᠤ᠄ 0471-6945209

   ᠬᠠᠶᠢᠭ᠄ ᠬᠥᠬᠡᠬᠤᠲᠠ ᠵᠢᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠲᠣᠭ᠋ᠠᠲᠤ ᠬᠦᠷᠢᠶᠡᠨ᠎ᠤ 5 ᠳ᠋ᠤᠭ᠋ᠠᠷ ᠠᠰᠠᠷ᠎ᠤᠨ 614 ᠳ᠋ᠤᠭ᠋ᠠᠷ ᠥᠷᠥᠭᠡ

 

ᠢᠷᠡᠯᠲᠡ᠄ ᠊ᠦ᠋ᠢ᠍ᠯᠭᠡᠭᠡᠨ᠎ᠤ ᠦᠢ᠍ᠯᠡᠰ᠎ᠤᠨ ᠬᠦᠭᠵᠢᠬᠦᠯᠦᠯᠳᠡ ᠵᠢᠨ ᠭᠠᠵᠠᠷ
          
ᠬᠠᠮᠢᠶ᠎ᠡ ᠪᠦᠬᠦᠢ ᠰᠣᠨᠢᠨ
ᠠᠵᠤ ᠠᠬᠤᠢ᠌ᠯᠠᠯ᠎ᠢ ᠲᠠᠨᠢᠯᠴᠠᠭᠤᠯᠵᠤ ᠵᠢᠩ ᠳ᠋ᠦᠩ ᠳᠤᠮᠳᠠᠳᠤ ᠤᠯᠤᠰ᠎ᠤᠨ ᠣᠷᠣᠨ ᠨᠤᠲᠤᠭ᠎ᠤᠨ ᠣᠨᠴᠠ ᠭᠠᠷᠤᠯᠲᠠ ᠵᠢᠨ ᠣᠷᠳᠣᠨ᠎ᠢ ᠡᠵᠡᠩᠨᠡᠭᠦᠯᠬᠦ ᠲᠤᠬᠠᠢ ᠵᠠᠷᠯᠠᠯ
ᠳᠤᠮᠳᠠᠳᠤ ᠤᠯᠤᠰ (ᠪᠤᠭᠤᠲᠤ)᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠶᠡᠷᠦᠩᠬᠡᠶ᠋ᠢᠯᠡᠭᠰᠡᠨ ᠲᠤᠷᠰᠢᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ᠎ᠤᠨ ᠢᠯᠡ᠎ᠪᠠᠷ ᠰᠠᠨᠠᠯ ᠬᠤᠷᠢᠶᠠᠬᠤ ᠲᠤᠬᠠᠶ ᠠᠯᠪᠠᠨ ᠵᠠᠷ
ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠋ᠠᠨ᠎ᠤ ᠬᠤᠷᠳᠤᠴᠠ ᠵᠢ ᠲᠦᠷᠭᠡᠳᠬᠡᠬᠦ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠤᠨ ᠢᠯᠡ᠎ᠪᠠᠷ ᠰᠠᠨᠠᠯ ᠬᠤᠷᠢᠶᠠᠬᠤ ᠲᠤᠬᠠᠶ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠨᠢᠭᠡᠳᠦᠭᠡᠷ ᠪᠦᠯᠦᠭ᠎ᠤᠨ ᠠᠩᠬᠠᠨ᠎ᠤ ᠳᠡᠯᠭᠡᠭᠦᠷ᠎ᠤᠨ ᠠᠵᠤ ᠠᠬᠤᠶ ᠵᠢᠨ ᠲᠥᠷᠥᠯ ᠵᠦᠢ᠍ᠯ᠎ᠤᠨ ᠨᠡᠷᠡᠰ᠎ᠢ ᠵᠠᠷᠯᠠᠨ ᠨᠡᠢ᠌ᠲᠡᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠦᠲᠦᠭᠡᠨ ᠪᠠᠶ᠋ᠢᠭᠤᠯᠬᠤ ᠳᠦᠷᠢᠮ
 
            