ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠮᠠᠰᠢᠨ ᠲᠡᠷᠭᠡ ᠪᠠ ᠮᠣᠲ᠋ᠣᠷ ᠲᠡᠷᠭᠡᠨ᠎ᠤ ᠭᠠᠳᠠᠭ᠋ᠠᠳᠤ᠎ᠳᠤ ᠭᠠᠷᠭ᠋ᠠᠬᠤ ᠵᠥᠪᠰᠢᠶᠡᠷᠡᠯ (ᠣᠨ᠂ ᠲᠦᠷ ᠴᠠᠭ) (ᠠᠩᠬᠠᠨ᠎ᠤ ᠬᠢᠨᠠᠯᠲᠠ ᠵᠢ ᠰᠢᠯᠵᠢᠭᠦᠯᠦᠨ ᠮᠡᠳᠡᠭᠦᠯᠬᠦ)》᠂ 《ᠨᠦᠬᠡᠴᠡ ᠮᠢᠬ᠎ᠠ ᠵᠢᠨ ᠪᠡᠯᠡ ᠮᠥᠩᠭᠦ ᠵᠢ ᠰᠠᠯᠭ᠋ᠠᠨ ᠥᠭᠬᠦ》 ᠵᠡᠷᠭᠡ ᠲᠤᠬᠠᠶ᠋ᠢᠯᠠᠭᠰᠠᠨ ᠠᠵᠢᠯ᠎ᠤᠨ ᠮᠡᠳᠡᠭᠦᠯᠬᠦ ᠮᠠᠲ᠋ᠧᠷᠢᠶᠠᠯ᠎ᠢ ᠰᠢᠤᠳᠠᠨ ᠢᠯᠡᠭᠡᠯᠲᠡ ᠵᠢᠨ ᠬᠠᠶᠠᠭ᠎ᠢ ᠬᠤᠪᠢᠷᠠᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-04-18

ᠡᠯ᠎ᠡ ᠠᠶ᠋ᠢᠮᠠᠭ ᠬᠤᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠂ ᠬᠠᠮᠢᠶ᠎ᠠ ᠪᠦᠬᠦᠢ ᠠᠵᠤ ᠠᠬᠤᠶ᠋ᠢᠯᠠᠯ᠎ᠳᠤ᠄
       ᠣᠯᠠᠨ ᠲᠦᠮᠡᠨ᠎ᠤ ᠬᠡᠷᠡᠭ ᠶᠠᠪᠤᠳᠠᠯ ᠰᠢᠢ᠍ᠳᠪᠤᠷᠢᠯᠡᠬᠦ᠎ᠲᠤ ᠳᠥᠭᠦᠮ ᠦᠵᠡᠭᠦᠯᠤᠨ᠂ ᠠᠵᠤ ᠠᠬᠤᠶ᠋ᠢᠯᠠᠯ᠎ᠤᠨ ᠶᠠᠪᠤᠵᠤ ᠰᠠᠭᠤᠬᠤ ᠵᠢ ᠪᠠᠭ᠋ᠠᠰᠬᠠᠵᠤ᠂ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ 《ᠮᠠᠰᠢᠨ ᠲᠡᠷᠭᠡ ᠪᠠ ᠮᠣᠲ᠋ᠣᠷ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠵᠥᠪᠰᠢᠶᠡᠷᠡᠯ (ᠣᠨ᠂ ᠲᠦᠷ ᠴᠠᠭ) (ᠠᠩᠬᠠᠨ᠎ᠤ ᠬᠢᠨᠠᠯᠲᠠ ᠰᠢᠯᠵᠢᠭᠦᠯᠤᠨ ᠮᠡᠳᠡᠭᠦᠯᠬᠦ)᠂ 《ᠰᠢᠲᠠᠭ᠋ᠠᠯᠭ᠎ᠠ ᠵᠢᠨ ᠲᠣᠰᠣ ᠵᠢ ᠤᠯᠤᠰ᠎ᠤᠨ ᠡᠵᠡᠩᠨᠡᠯᠲᠡ ᠵᠢᠨ ᠪᠤᠰᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠬᠤ ᠵᠢ ᠵᠥᠪᠰᠢᠶᠡᠷᠡᠬᠦ ᠬᠡᠮᠵᠢᠶ᠎ᠡ (ᠠᠩᠬᠠᠨ᠎ᠤ ᠬᠢᠨᠠᠯᠲᠠ ᠰᠢᠯᠵᠢᠭᠦᠯᠦᠨ ᠮᠡᠳᠡᠭᠦᠯᠬᠦ)》᠂ 《ᠲᠦᠭᠦᠬᠡᠶ ᠴᠢᠯᠠᠭᠤᠨ ᠲᠣᠰᠣ ᠵᠢ ᠤᠯᠤᠰ᠎ᠤᠨ ᠡᠵᠡᠩᠨᠡᠯᠲᠡ ᠵᠢᠨ ᠪᠤᠰᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠬᠤ ᠵᠢ ᠵᠥᠪᠰᠢᠶᠡᠷᠡᠬᠦ ᠬᠡᠮᠵᠢᠶ᠎ᠡ (ᠠᠩᠬᠠᠨ᠎ᠤ ᠬᠢᠨᠠᠯᠲᠠ ᠰᠢᠯᠵᠢᠭᠦᠯᠦᠨ ᠮᠡᠳᠡᠭᠦᠯᠬᠦ)》᠂ 《ᠡᠮ᠎ᠤᠨ ᠮᠠᠲ᠋ᠧᠷᠢᠶᠠᠯ᠎ᠢ ᠬᠥᠮᠥᠨ᠎ᠤ ᠬᠦᠴᠦ᠎ᠪᠠᠷ ᠳᠠᠷᠢᠭᠰᠠᠨ ᠵᠡᠭᠡᠷᠭᠡᠨ᠎ᠡ᠎ᠪᠠᠷ ᠭᠠᠳᠠᠭ᠋ᠠᠳᠣ᠎ᠳᠤ ᠭᠠᠷᠭ᠋ᠠᠬᠤ ᠲᠤᠭ᠎ᠠ (ᠠᠩᠬᠠᠨ᠎ᠤ ᠬᠢᠨᠠᠯᠲᠠ ᠰᠢᠯᠵᠢᠭᠦᠯᠦᠨ ᠮᠡᠳᠡᠭᠦᠯᠬᠦ)》᠂ 《ᠡᠳ᠋ ᠪᠣᠳᠠᠰ᠎ᠤᠨ ᠲᠥᠷᠥᠯ ᠵᠦᠢ᠍ᠯ᠎ᠤᠨ ᠶᠡᠷᠦᠩᠬᠡᠢ ᠳᠠᠭ᠋ᠠᠭ᠋ᠠᠴᠢᠯᠠᠯᠲᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ (ᠠᠩᠬᠠᠨ᠎ᠤ ᠬᠢᠨᠠᠯᠲᠠ ᠰᠢᠯᠵᠢᠭᠦᠯᠦᠨ ᠮᠡᠳᠡᠭᠦᠯᠬᠦ)》᠂ 《ᠭᠠᠳᠠᠭ᠋ᠠᠳᠤ᠎ᠳᠤ ᠲᠤᠰᠠᠯᠠᠬᠤ ᠢᠵᠢ ᠪᠦᠷᠢᠨ ᠲᠥᠷᠥᠯ ᠵᠦᠢ᠍ᠯ᠎ᠤᠨ ᠶᠡᠷᠦᠩᠬᠡᠢ ᠳᠠᠭ᠋ᠠᠭ᠋ᠠᠴᠢᠯᠠᠯᠲᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ (ᠠᠩᠬᠠᠨ᠎ᠤ ᠬᠢᠨᠠᠯᠲᠠ ᠰᠢᠯᠵᠢᠭᠦᠯᠦᠨ ᠮᠡᠳᠡᠭᠦᠯᠬᠦ)》᠂ 《ᠨᠦᠬᠡᠴᠡ ᠮᠢᠬᠠᠨ᠎ᠤ ᠪᠡᠯᠡ ᠮᠥᠩᠭᠦ ᠵᠢ ᠰᠠᠯᠭ᠋ᠠᠨ ᠥᠭᠬᠦ》 ᠵᠡᠷᠭᠡ ᠳᠣᠯᠣᠭ᠋ᠠᠨ ᠵᠦᠢ᠍ᠯ᠎ᠤᠨ ᠲᠤᠬᠠᠶ᠋ᠢᠯᠠᠭᠰᠠᠨ ᠠᠵᠢᠯ᠎ᠢ ᠰᠢᠢ᠍ᠳᠪᠤᠷᠢᠯᠡᠬᠦ ᠶᠠᠪᠤᠴᠠ᠎ᠳᠤ ᠲᠤᠰᠢᠶᠠᠬᠤ ᠴᠢᠬᠤᠯᠠᠲᠠᠢ ᠴᠠᠭ᠋ᠠᠰᠤᠨ᠎ᠪᠠᠷ᠎ᠤᠨ ᠮᠡᠳᠡᠭᠦᠯᠦᠯᠲᠡ ᠵᠢᠨ ᠮᠠᠲ᠋ᠧᠷᠢᠶᠠᠯ᠎ᠢ ᠨᠢᠭᠡᠳᠤᠯᠳᠠᠢ᠎ᠪᠠᠷ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠶᠡᠷᠦᠩᠬᠡᠶ᠋ᠢᠯᠡᠭᠰᠡᠨ ᠴᠣᠩᠬᠤᠪᠴᠢ᠎ᠳᠤ ᠰᠢᠤᠳᠠᠨ ᠵᠶ᠋ᠠᠷ ᠢᠯᠡᠭᠡᠬᠥ ᠪᠤᠶᠤ ᠳᠤᠰᠢᠶᠠᠨ ᠦᠭᠭᠦᠭᠡᠷᠡᠢ᠃
       ᠬᠡᠷᠪᠡ ᠬᠠᠮᠢᠶ᠎ᠠ ᠪᠥᠬᠦᠶ ᠵᠠᠰᠠᠭ᠎ᠤᠨ ᠶᠠᠪᠤᠳᠠᠯ᠎ᠤᠨ ᠦᠶᠯᠡᠴᠢᠯᠡᠭᠡᠨ᠎ᠤ ᠵᠦᠶᠯᠡᠰ ᠵᠶ᠋ᠠᠨ ᠨᠢᠭᠡᠨᠲᠡ ᠪᠤᠰᠤᠳ ᠰᠠᠯᠠᠭ᠎ᠠ ᠮᠥᠴᠢᠷ ᠨᠢᠭᠡᠴᠢ᠎ᠳᠤ ᠰᠢᠯᠵᠢᠭᠦᠯᠵᠦ᠂ ᠡᠷᠬᠡ ᠤᠯᠭᠤᠨ᠂ ᠨᠠᠢ᠌ᠳᠠᠭᠰᠠᠨ ᠪᠠᠶ᠋ᠢᠪᠠᠯ᠂ ᠡᠯ᠎ᠡ ᠠᠶ᠋ᠢᠮᠠᠭ ᠬᠤᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠲᠣᠰ ᠮᠡᠳᠡᠭᠳᠡᠯ᠎ᠢ ᠬᠠᠮᠢᠶ᠎ᠠ ᠪᠥᠬᠦᠶ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠬᠦ ᠬᠡᠷᠡᠭᠲᠡᠶ᠃
       ᠰᠢᠤᠳᠠᠨ ᠵᠶ᠋ᠠᠷ ᠢᠯᠡᠭᠡᠬᠦ ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠴᠡᠯᠡᠭᠡᠷ ᠲᠠᠯ᠎ᠠ ᠶᠡᠭᠡ ᠵᠡᠭᠡᠯᠢ ᠵᠢᠨ 6 ᠳ᠋ᠤᠭ᠋ᠠᠷ ᠨᠣᠮᠧᠷ᠂ 13 ᠳ᠋ᠤᠭ᠋ᠠᠷ ᠠᠰᠠᠷ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠶᠡᠷᠦᠩᠬᠡᠶ᠋ᠢᠯᠡᠭᠰᠡᠨ ᠴᠤᠩᠬᠤᠪᠴᠢ 5332334
       ᠰᠢᠤᠳᠠᠨ ᠵᠶ᠋ᠠᠷ ᠢᠯᠡᠭᠡᠬᠦ᠎ᠳᠡᠭᠡᠨ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ ᠭᠡᠵᠦ ᠳᠤᠳᠤᠷᠬᠠᠢ᠌ᠯᠠᠭ᠋ᠠᠷᠠᠢ᠃

 

ᠢᠷᠡᠯᠲᠡ᠄ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠲᠥᠪ᠎ᠤᠨ ᠥᠪᠥᠷ ᠮᠣᠩᠭᠤᠯ᠎ᠤᠨ ᠤᠬᠢ ᠠᠮᠲᠠ — ᠨᠡᠶ᠋ᠢᠭᠡᠮ᠎ᠤᠨ ᠲᠣᠭᠲᠠᠭᠤᠨ᠎ᠤ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠦᠢ᠍ᠯᠡᠴᠢᠯᠡᠭᠡᠨ᠎ᠤ ᠬᠤᠳᠠᠯᠳᠤᠨ ᠠᠪᠬᠤ ᠲᠥᠷᠥᠯ ᠵᠦᠢ᠍ᠯ᠎ᠤᠨ ᠦᠨ᠎ᠡ ᠯᠠᠪᠯᠠᠬᠤ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ 2023 ᠣᠨ᠎ᠳᠤ ᠬᠠᠮᠳᠤ᠎ᠪᠠᠷ ᠡᠳ᠋ᠯᠡᠬᠦ ᠡᠭᠦᠯᠡᠨ ᠬᠥᠮᠥᠷᠭᠡ ᠵᠢᠨ ᠲᠤᠷᠰᠢᠯᠲᠠ ᠵᠢᠨ ᠴᠡᠭ ᠪᠠ ᠳᠠᠪᠠᠭᠤᠯᠢᠭ ᠠᠵᠤ ᠦᠢ᠍ᠯᠡᠰ᠂ ᠣᠨᠴᠠᠯᠢᠭᠲᠤ ᠪᠦᠳᠦᠭᠡᠭᠳᠡᠭᠦᠨ᠎ᠢ ᠡᠯᠧᠺᠳ᠋ᠷᠣᠨ ᠬᠤᠳᠠᠯᠳᠤᠭ᠋ᠠᠨ᠎ᠤ ᠪᠤᠯᠭ᠋ᠠᠵᠤ ᠦᠭᠡᠷᠡᠴᠢᠯᠡᠬᠦ ᠲᠥᠷᠥᠯ ᠵᠦᠢ᠍ᠯ᠎ᠢ ᠬᠢᠨᠠᠨ ᠲᠤᠭᠳᠠᠭ᠋ᠠᠬᠤ ᠲᠤᠬᠠᠢ ᠦᠨ᠎ᠡ ᠯᠠᠪᠯᠠᠬᠤ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷ
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ (ᠱᠠᠩᠬᠠᠢ)᠎ᠤᠨ ᠣᠯᠠᠨ ᠤᠯᠤᠰ᠎ᠤᠨ ᠮᠡᠷᠭᠡᠵᠢᠯ᠎ᠤᠨ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠠᠷᠠᠯᠵᠢᠶᠠᠨ᠎ᠤ ᠴᠤᠭᠯᠠᠭ᠋ᠠᠨ᠎ᠤ ᠣᠨᠴᠠ ᠴᠢᠮᠡᠭᠯᠡᠯ᠎ᠤᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠣᠯᠤᠭᠰᠠᠨ (ᠠᠷᠠᠯᠵᠢᠶ᠎ᠠ ᠪᠦᠲᠦᠭᠰᠡᠨ) ᠠᠯᠪᠠᠨ ᠵᠠᠷᠯᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠵᠢᠨ ᠬᠤᠷᠠᠯ ᠬᠢᠭᠡᠳ ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠤᠨ ᠭᠡᠷ᠎ᠡ ᠲᠣᠭᠲᠠᠬᠤ ᠶᠣᠰᠣᠯᠠᠯ (ᠬᠦᠬᠡ ᠮᠦᠷᠢᠨ᠎ᠤ ᠭᠤᠷᠪᠠᠯᠵᠢᠨ ᠬᠤᠶ᠋ᠢᠭ)᠎ᠤᠨ ᠰᠢᠨ᠎ᠡ ᠵᠠᠭᠤᠴᠢᠯᠠᠭᠤᠷ᠎ᠤᠨ ᠦᠢ᠍ᠯᠡᠳᠭᠦᠨ ᠦᠢ᠍ᠯᠡᠳᠬᠦ ᠵᠢ ᠬᠤᠳᠠᠯᠳᠤᠨ ᠠᠪᠬᠤ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠲᠦᠷᠦᠭᠦᠦ ᠳᠡᠯᠭᠡᠭᠦᠷ᠎ᠤᠨ ᠠᠵᠤ ᠠᠬᠤᠶ ᠵᠢ ᠬᠢᠨᠠᠨ ᠲᠣᠭᠲᠠᠭ᠋ᠠᠬᠤ ᠦᠢ᠍ᠯᠡᠴᠢᠯᠡᠭᠡ ᠵᠢ ᠬᠤᠳᠠᠯᠳᠤᠨ ᠠᠪᠬᠤ ᠲᠥᠷᠥᠯ ᠵᠦᠢ᠍ᠯ᠎ᠤᠨ ᠦᠨ᠎ᠡ ᠯᠠᠪᠯᠠᠬᠤ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷ
 
            