ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠠᠳᠠᠯᠢᠳᠬᠠᠨ ᠰᠣᠩᠭᠣᠵᠤ ᠬᠤᠪᠢ ᠣᠯᠭᠣᠬᠤ ᠠᠷᠭ᠎ᠠ ᠮᠠᠶᠢᠭ ᠵᠶ᠋ᠠᠷ 2024 ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠤᠯᠪᠣᠭ᠋ᠠᠨ᠎ᠤ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠶ᠋ᠢᠳ᠎ᠤᠨ 《ᠥᠪᠥᠷ ᠮᠣᠩᠭᠣᠯ᠎ᠲᠠᠢ ᠪᠣᠯᠵᠣᠬᠤ》 ᠪᠠᠯᠠ ᠣᠷᠣᠭᠤᠯᠤᠯᠲᠠ ᠵᠢᠨ ᠠᠷᠠᠯᠵᠢᠶᠠᠨ᠎ᠤ ᠵᠥᠪᠳᠡᠯᠴᠡᠬᠡᠷ᠎ᠤᠨ ᠬᠤᠷᠠᠯ᠎ᠤᠨ ᠦᠢ᠍ᠯᠡᠴᠢᠯᠡᠭᠡ ᠬᠤᠳᠠᠯᠳᠤᠨ ᠠᠪᠬᠤ ᠲᠥᠷᠥᠯ ᠵᠦᠢ᠍ᠯ᠎ᠢ ᠥᠪᠡᠰᠦᠪᠡᠨ ᠵᠣᠬᠢᠶᠠᠨ ᠪᠠᠶ᠋ᠢᠭᠤᠯᠤᠨ ᠬᠤᠳᠠᠯᠳᠤᠨ ᠠᠪᠤᠪᠠ᠃ ᠬᠢᠷᠢ ᠬᠡᠮ᠎ᠤᠨ ᠨᠥᠬᠥᠴᠡᠯ᠎ᠳᠤ ᠨᠡᠢ᠌ᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ ᠢᠷᠡᠵᠦ ᠨᠡᠷ᠎ᠡ ᠮᠡᠳᠡᠭᠦᠯᠵᠦ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ᠃
ᠨᠢᠭᠡ᠂ ᠲᠥᠷᠥᠯ ᠵᠦᠢ᠍ᠯ᠎ᠤᠨ ᠲᠣᠶ᠋ᠢᠮᠣᠴᠢᠯᠠᠯ
(ᠨᠢᠭᠡ) ᠲᠥᠷᠥᠯ ᠵᠦᠢ᠍ᠯ᠎ᠤᠨ ᠨᠡᠷᠡᠶ᠋ᠢᠳᠦᠯ᠄ 2024 ᠵᠡᠭᠦᠨ ᠡᠮᠦᠨᠡᠲᠦ ᠠᠽᠢᠶ᠎ᠠ ᠵᠢᠨ ᠬᠤᠯᠪᠣᠭ᠋ᠠᠨ᠎ᠤ ᠤᠯᠤᠰ᠎ᠤᠳ᠎ᠤᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠶ᠋ᠢᠳ᠎ᠤᠨ 《ᠥᠪᠥᠷ ᠮᠣᠩᠭᠤᠯ᠎ᠲᠠᠢ ᠪᠣᠯᠵᠣᠬᠤ》 ᠪᠠᠯᠠ ᠣᠷᠣᠭᠤᠯᠤᠯᠲᠠ ᠵᠢᠨ ᠠᠷᠠᠯᠵᠢᠶᠠᠨ᠎ᠤ ᠵᠥᠪᠳᠡᠯᠴᠡᠬᠡᠷ᠎ᠤᠨ ᠬᠤᠷᠠᠯ
(ᠬᠣᠶᠠᠷ) ᠲᠥᠰᠦᠪ᠎ᠤᠨ ᠵᠣᠭᠣᠰ᠎ᠤᠨ ᠲᠣᠭ᠎ᠠ᠄ 9.9 ᠲᠦᠮᠡᠨ ᠲᠥᠭᠥᠷᠢᠭ
(ᠭᠤᠷᠪᠠ) ᠪᠡᠯᠡ ᠮᠥᠩᠭᠥ ᠵᠢᠨ ᠢᠷᠡᠯᠲᠡ᠄ ᠡᠳ᠋᠎ᠤᠨ ᠵᠠᠰᠠᠭ᠎ᠤᠨ ᠪᠡᠯᠡ ᠮᠥᠩᠭᠥ
ᠬᠣᠶᠠᠷ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠬᠢᠷᠢ ᠬᠡᠮ᠎ᠤᠨ ᠱᠠᠭ᠋ᠠᠷᠳᠠᠯᠭ᠎ᠠ
(ᠨᠢᠭᠡ) ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠨᠢ ᠡᠷᠬᠡᠪᠰᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠠᠮᠢᠶ᠎ᠠ ᠪᠥᠬᠥᠶ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ;
(ᠬᠣᠶᠠᠷ) ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠨᠢ ᠡᠷᠬᠡᠪᠰᠢ ᠬᠦᠴᠦᠨ ᠪᠦᠬᠦᠢ ᠡᠵᠡᠩᠨᠡᠯᠲᠡ ᠵᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ᠎ᠢ ᠪᠦᠷᠢᠯᠳᠦᠭᠦᠯᠦᠭᠰᠡᠨ ᠪᠠᠶ᠋ᠢᠬᠤ;
(ᠭᠤᠷᠪᠠ) 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠳᠤᠮᠳᠠ ᠢᠲᠡᠭᠡᠮᠵᠢ ᠵᠢᠨ ᠲᠡᠮᠳᠡᠭᠯᠡᠯ᠎ᠢ ᠪᠠᠶ᠋ᠢᠴᠠᠭ᠋ᠠᠨ ᠯᠠᠪᠯᠠᠬᠤ ᠵᠢᠴᠢ ᠬᠡᠷᠡᠭᠯᠡᠬᠦ ᠬᠣᠯᠪᠣᠭᠳᠠᠯ ᠪᠥᠬᠥᠶ ᠠᠰᠠᠭᠤᠳᠠᠯ᠎ᠤᠨ ᠲᠤᠬᠠᠶ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠳ᠋᠎ᠤᠨ ᠬᠥᠮᠥᠷᠭᠡ (2016) 125 ᠳ᠋ᠤᠭ᠋ᠠᠷ ᠲᠣᠭ᠋ᠠᠲᠤ)᠎ᠢ ᠦᠨᠳᠦᠰᠦᠯᠡᠨ᠎ᠡ᠂ ᠲᠥᠰᠦᠪ ᠠᠪᠬᠤ ᠬᠥᠮᠦᠨ ᠨᠡᠷ᠎ᠡ ᠮᠡᠳᠡᠭᠦᠯᠬᠦ ᠦᠶᠡᠰ᠂ ᠪᠠᠶ᠋ᠢᠴᠠᠭ᠋ᠠᠨ ᠠᠰᠠᠭᠤᠬᠤ ᠳᠠᠭᠤᠰᠬᠤ ᠴᠠᠭ ᠪᠣᠯ ᠲᠤᠰ ᠠᠯᠪᠠᠨ ᠵᠠᠷ᠎ᠤᠨ ᠬᠤᠭᠤᠴᠠᠭ᠎ᠠ ᠪᠣᠯᠤᠨ᠎ᠠ᠂ 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn)᠎ᠪᠠᠷ ᠳᠠᠮᠵᠢᠭᠤᠯᠤᠨ ᠪᠠᠶ᠋ᠢᠴᠠᠭ᠋ᠠᠨ ᠯᠠᠪᠯᠠᠵᠤ ᠪᠣᠯᠤᠨ᠎ᠠ᠂ 《ᠢᠲᠡᠭᠡᠮᠵᠢ ᠠᠯᠳᠠᠭᠰᠠᠨ ᠭᠦᠢ᠍ᠴᠡᠳᠬᠡᠭᠳᠡᠭᠴᠢ》᠎ᠳᠤ ᠣᠷᠣᠭᠤᠯᠤᠭᠰᠠᠨ᠂ 《ᠭᠠᠶ᠋ᠢᠯᠢ ᠲᠠᠲᠠᠪᠤᠷᠢ ᠵᠢᠨ ᠬᠠᠤᠯᠢ ᠵᠢ ᠵᠥᠷᠢᠴᠡᠭᠰᠡᠨ ᠬᠦᠨᠳᠦ ᠶᠡᠬᠡ ᠬᠡᠷᠡᠭ᠎ᠤᠨ ᠲᠤᠬᠠᠢ ᠵᠢᠨ ᠬᠥᠮᠦᠨ᠎ᠤ ᠨᠡᠷᠡᠰ》᠂ 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠠᠴᠠ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠲᠡᠮᠳᠡᠭᠯᠡᠬᠦ ᠨᠡᠷᠡᠰ》 ᠵᠢᠴᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn)᠎ᠪᠠᠷ ᠳᠠᠮᠵᠢᠭᠤᠯᠤᠨ ᠪᠠᠶ᠋ᠢᠴᠠᠭ᠋ᠠᠨ ᠯᠠᠪᠯᠠᠬᠤ᠂ 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠠᠴᠠ ᠬᠦᠨᠳᠦ ᠨᠣᠴᠢᠲᠠᠶ ᠵᠥᠷᠢᠴᠡᠨ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠲᠡᠮᠳᠡᠭᠯᠡᠬᠦ ᠨᠡᠷᠡᠰ》᠎ᠲᠤ ᠳᠠᠭ᠋ᠠᠭ᠋ᠠᠴᠢᠯᠠᠯᠲᠠ ᠬᠦᠯᠢᠶᠡᠭᠴᠢ (ᠡᠰᠡᠬᠦᠯ᠎ᠡ ᠳᠠᠭ᠋ᠠᠬᠤ ᠬᠠᠩᠭ᠋ᠠᠯᠭ᠎ᠠ ᠵᠢᠨ ᠬᠤᠳᠠᠯᠳᠤᠭ᠋ᠠᠴᠢᠨ)᠂ ᠲᠡᠭᠦᠨ᠎ᠤ ᠲᠣᠰ ᠤᠳᠠᠭ᠋ᠠᠨ᠎ᠤ ᠳᠠᠭ᠋ᠠᠭ᠋ᠠᠴᠢᠯᠠᠯᠲᠠ ᠬᠦᠯᠢᠶᠡᠬᠦ᠎ᠳᠤ ᠣᠷᠣᠯᠴᠠᠬᠤ ᠵᠢ ᠵᠥᠪᠰᠢᠶᠡᠷᠡᠬᠦ ᠦᠭᠡᠢ᠃
(ᠲᠦᠷᠪᠡ) ᠲᠤᠰ ᠤᠳᠠᠭ᠋ᠠᠨ᠎ᠤ ᠳᠠᠭ᠋ᠠᠭ᠋ᠠᠴᠢᠯᠠᠯᠲᠠ ᠬᠦᠯᠢᠶᠡᠬᠦ ᠠᠵᠢᠯᠯᠠᠭ᠎ᠠ᠎ᠳᠤ ᠬᠣᠯᠪᠣᠭ᠋ᠠᠲᠤ ᠴᠣᠭᠴᠠ ᠵᠢᠨ ᠳᠠᠭ᠋ᠠᠭ᠋ᠠᠴᠢᠯᠠᠯᠲᠠ ᠵᠢ ᠬᠦᠯᠢᠶᠡᠬᠦ ᠦᠭᠡᠢ᠃
ᠭᠤᠷᠪᠠ᠂ ᠨᠡᠷ᠎ᠡ ᠮᠡᠳᠡᠭᠦᠯᠬᠦ᠎ᠳᠤ ᠡᠷᠬᠡᠪᠰᠢ ᠮᠡᠳᠡᠬᠦ ᠵᠦᠢ᠍ᠯ
(ᠨᠢᠭᠡ) ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ 706 ᠲᠠᠰᠤᠭ᠃
(ᠬᠣᠶᠠᠷ) ᠠᠪᠴᠤ ᠶᠠᠪᠤᠭ᠎ᠠ ᠮᠠᠲ᠋ᠧᠷᠢᠶᠠᠯ᠄
1 . ᠬᠠᠤᠯᠢ ᠵᠢᠨ ᠡᠷᠬᠡᠲᠡᠨ᠎ᠤ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ ᠪᠤᠶᠤ ᠪᠤᠰᠤᠳ ᠬᠦᠴᠦᠨ ᠪᠥᠬᠥᠶ ᠭᠡᠷᠡᠴᠢᠯᠡᠬᠦ ᠮᠠᠲ᠋ᠧᠷᠢᠶᠠᠯ;
2 . ᠠᠵᠤ ᠠᠬᠤᠶ᠋ᠢᠯᠠᠯ᠎ᠤᠨ ᠣᠶ᠋ᠢᠷ᠎ᠠ ᠵᠢᠨ ᠬᠠᠭ᠋ᠠᠰ ᠵᠢᠯ᠎ᠤᠨ 2023 ᠣᠨ᠎ᠤ 7 ᠳ᠋ᠤᠭ᠋ᠠᠷ ᠰᠠᠷ᠎ᠠ᠎ᠠᠴᠠ 2023 ᠣᠨ᠎ᠤ 12 ᠳ᠋ᠤᠭ᠋ᠠᠷ ᠰᠠᠷ᠎ᠠ ᠪᠣᠯᠲᠠᠯᠠᠬᠢ ᠠᠯᠢ ᠨᠢᠭᠡ ᠰᠠᠷ᠎ᠠ ᠵᠢᠨ ᠭᠠᠶ᠋ᠢᠯᠢ ᠲᠤᠰᠢᠶᠠᠭᠰᠠᠨ ᠭᠡᠷᠡᠴᠢ (ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ ᠵᠶ᠋ᠠᠷ ᠲᠠᠮᠠᠭ᠎ᠠ ᠳᠠᠷᠤᠭᠤᠯᠤᠭᠰᠠᠨ ᠪᠤᠶᠤ ᠭᠠᠷᠲᠠᠨ ᠡᠷᠭᠢᠯᠡᠭᠰᠡᠨ ᠪᠠᠩᠬᠢ ᠲᠠᠮᠠᠭ᠎ᠠ ᠳᠠᠷᠤᠨ ᠨᠤᠲᠠᠯᠠᠭᠰᠠᠨ ᠵᠡᠷᠭᠡ ᠭᠠᠶ᠋ᠢᠯᠢ ᠲᠤᠰᠢᠶᠠᠭᠰᠠᠨ ᠭᠡᠷᠡᠴᠢ ᠮᠠᠲ᠋ᠧᠷᠢᠶᠠᠯ᠎ᠳᠤᠨᠢ ᠭᠠᠶ᠋ᠢᠯᠢ ᠲᠤᠰᠢᠶᠠᠭᠰᠠᠨ ᠰᠠᠷ᠎ᠠ ᠭᠠᠷᠤᠭᠰᠠᠨ ᠥᠬᠡᠶ ᠪᠣᠯ ᠭᠠᠶ᠋ᠢᠯᠢ ᠲᠤᠰᠢᠶᠠᠭᠰᠠᠨ ᠵᠶ᠋ᠠᠷ ᠮᠡᠳᠡᠭᠦᠯᠬᠦ ᠪᠠᠷᠢᠮᠲᠠ ᠬᠠᠩᠭ᠋ᠠᠬᠤ ᠥᠬᠡᠶ);
3.《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠢᠨ ᠢᠲᠡᠭᠡᠮᠵᠢ ᠵᠢᠨ ᠪᠠᠶ᠋ᠢᠴᠠᠭ᠋ᠠᠨ ᠯᠠᠪᠯᠠᠬᠤ ᠲᠡᠮᠳᠡᠭᠯᠡᠯ᠎ᠤᠨ ᠵᠢᠷᠤᠭ;
4 . ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠠᠴᠠ ᠤᠢ᠍ᠢ᠍ᠷ᠎ᠠ ᠵᠢᠨ ᠭᠤᠷᠪᠠᠨ ᠵᠢᠯ᠎ᠳᠤ ᠬᠤᠳᠠᠯᠳᠤᠨ ᠠᠪᠬᠤ ᠠᠵᠢᠯᠯᠠᠭ᠎ᠠ ᠵᠢᠨ ᠳᠤᠮᠳᠠ ᠬᠠᠤᠯᠢ ᠵᠢ ᠵᠥᠷᠢᠴᠡᠭᠰᠡᠨ ᠬᠦᠨᠳᠦ ᠶᠡᠬᠡ ᠲᠡᠮᠳᠡᠭᠯᠡᠯ᠎ᠤᠨ ᠢᠯᠡᠷᠬᠡᠶ᠋ᠢᠯᠡᠯᠲᠡ ᠵᠢᠨ ᠪᠢᠴᠢᠭ ᠬᠠᠩᠭ᠋ᠠᠭᠰᠠᠨ ᠦᠭᠡᠢ;
5 . ᠬᠠᠩᠭ᠋ᠠᠯᠭ᠎ᠠ ᠵᠢᠨ ᠬᠤᠳᠠᠯᠳᠤᠭ᠋ᠠᠴᠢᠨ ᠤᠢ᠍ᠢ᠍ᠷ᠎ᠠ ᠵᠢᠨ ᠭᠤᠷᠪᠠᠨ ᠵᠢᠯ᠎ᠤᠨ ᠠᠳᠠᠯᠢᠪᠲᠤᠷ ᠲᠥᠷᠥᠯ ᠵᠦᠢ᠍ᠯ᠎ᠤᠨ ᠠᠵᠢᠯ᠎ᠤᠨ ᠠᠮᠵᠢᠯᠲᠠ ᠵᠢ ᠬᠠᠩᠭ᠋ᠠᠨ᠎ᠠ;
6 . ᠦᠨ᠎ᠡ ᠮᠡᠳᠡᠭᠦᠯᠬᠦ ᠬᠠᠭᠤᠳᠠᠰᠤ;
7 . ᠦᠢ᠍ᠯᠡᠴᠢᠯᠡᠭᠡᠨ᠎ᠤ ᠲᠥᠰᠦᠯ᠂ ᠦᠢ᠍ᠯᠡᠴᠢᠯᠡᠭᠡᠨ᠎ᠤ ᠠᠮᠠᠯᠠᠯᠲᠠ ᠵᠢᠴᠢ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ;
8 . ᠠᠵᠢᠯᠲᠠᠨ᠎ᠤ ᠲᠣᠬᠢᠷᠠᠭᠤᠯᠤᠯᠲᠠ᠃
ᠳᠡᠭᠡᠷᠡᠬᠢ ᠮᠠᠲ᠋ᠧᠷᠢᠶᠠᠯ᠎ᠢ ᠳᠡᠪᠲᠡᠷᠯᠡᠬᠦ ᠵᠢᠨ ᠬᠠᠮᠲᠤ ᠤᠭᠤᠲᠠᠯᠠᠵᠤ ᠪᠢᠲᠡᠭᠦᠮᠵᠢᠯᠡᠬᠦ ᠬᠡᠷᠡᠭᠲᠡᠶ᠂ ᠪᠢᠲᠡᠭᠦᠮᠵᠢᠯᠡᠬᠦ ᠭᠠᠵᠠᠷ᠎ᠲᠤ ᠨᠢᠭᠡᠴᠢ ᠵᠢᠨ ᠲᠠᠮᠠᠭ᠎ᠠ ᠵᠢ ᠳᠠᠷᠤᠵᠤ᠂ ᠮᠠᠲ᠋ᠧᠷᠢᠶᠠᠯ᠎ᠤᠨ ᠳᠣᠲᠣᠷᠠᠬᠢ ᠪᠠᠭᠤᠯᠭ᠋ᠠᠪᠤᠷᠢ᠎ᠳᠤ ᠨᠢᠭᠡᠴᠢ ᠵᠢᠨ ᠲᠠᠮᠠᠭ᠎ᠠ ᠵᠢ ᠳᠠᠷᠤᠬᠤ ᠬᠡᠷᠡᠭᠲᠡᠶ᠃
(ᠭᠤᠷᠪᠠ) ᠮᠠᠲ᠋ᠧᠷᠢᠶᠠᠯ ᠲᠤᠰᠢᠶᠠᠬᠤ ᠡᠴᠦᠰ᠎ᠤᠨ ᠴᠠᠭ᠄ 2024 ᠣᠨ᠎ᠤ 1 ᠳ᠋ᠦ᠍ᠭᠡᠷ ᠰᠠᠷ᠎ᠠ ᠵᠢᠨ 17᠎ᠤ ᠡᠳᠦᠷ᠎ᠤᠨ 17᠄ 00 ᠴᠠᠭ᠎ᠠᠴᠠ ᠡᠮᠦᠨ᠎ᠡ᠃
ᠳᠥᠷᠪᠡ᠂ ᠬᠠᠷᠢᠯᠴᠠᠬᠤ ᠠᠷᠭ᠎ᠠ ᠮᠠᠶᠢᠭ
ᠬᠤᠳᠠᠯᠳᠤᠨ ᠠᠪᠬᠤ ᠨᠢᠭᠡᠴᠢ ᠵᠢᠨ ᠨᠡᠷᠡᠶ᠋ᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ
ᠬᠠᠷᠢᠯᠴᠠᠬᠤ ᠬᠥᠮᠦᠨ᠄ ᠫᠧᠩ ᠬᠠᠢ ᠰᠢᠶᠠ
ᠬᠠᠷᠢᠯᠴᠠᠬᠤ ᠤᠳᠠᠰᠦ᠄ 0471— 6946140
2024 ᠣᠨ᠎ᠤ1 ᠳ᠋ᠦ᠍ᠭᠡᠷ ᠰᠠᠷ᠎ᠠ ᠵᠢᠨ15᠎ᠤ ᠡᠳᠦᠷ