ᠡᠯ᠎ᠡ ᠠᠶ᠋ᠢᠮᠠᠭ ᠬᠤᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠂ ᠡᠯ᠎ᠡ ᠬᠠᠮᠢᠶ᠎ᠠ ᠪᠥᠬᠦᠶ ᠠᠵᠤ ᠠᠬᠤᠶ᠋ᠢᠯᠠᠯ᠎ᠳᠤ᠄
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 5 ᠰᠠᠯᠠᠭ᠎ᠠ ᠮᠥᠴᠢᠷ᠎ᠤᠨ 《ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠬᠤᠯᠪᠣᠭᠳᠠᠯ ᠪᠥᠬᠦᠶ ᠵᠦᠢ᠍ᠯᠡᠰ᠎ᠤᠨ ᠲᠤᠬᠠᠶ ᠠᠯᠪᠠᠨ ᠵᠠᠷ》 (2024 ᠣᠨ᠎ᠤ 6 ᠳ᠋ᠤᠭ᠋ᠠᠷ ᠲᠣᠭ᠋ᠠᠲᠤ)᠂ 《ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠮᠡᠳᠡᠭᠳᠡᠯ》 (ᠬᠤᠳᠠᠯᠳᠤᠭ᠎ᠠ ᠠᠷᠠᠯᠵᠢᠶ᠎ᠠ ᠲᠠᠷᠬᠠᠭ᠋ᠠᠭᠰᠠᠨ [2024] 25 ᠳ᠋ᠤᠭ᠋ᠠᠷ ᠲᠣᠭ᠋ᠠᠲᠤ)᠎ᠤᠨ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ 3 ᠳ᠋ᠤᠭ᠋ᠠᠷ ᠰᠠᠷ᠎ᠠ ᠵᠢᠨ 1᠎ᠤ ᠡᠳᠦᠷ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠠᠵᠤ ᠠᠬᠤᠶ᠋ᠢᠯᠠᠯ ᠤᠨ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠮᠡᠳᠡᠭᠦᠯᠬᠦ ᠠᠵᠢᠯ᠎ᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ
ᠡᠯ᠎ᠡ ᠠᠶ᠋ᠢᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠎ᠨᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠶᠣᠰᠣᠭ᠋ᠠᠷ᠂ ᠨᠥᠬᠥᠴᠡᠯ᠎ᠳᠤ ᠨᠡᠶ᠋ᠢᠴᠡᠬᠦ ᠠᠵᠤ ᠠᠬᠤᠶ᠋ᠢᠯᠠᠯ᠎ᠢ ᠢᠳᠡᠪᠬᠢᠲᠡᠶ᠎ᠪᠠᠷ ᠳᠡᠶ᠋ᠢᠴᠢᠯᠡᠨ 《ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠨᠢᠭᠡᠳᠦᠯᠲᠡᠶ ᠲᠤᠬᠠᠶ᠋ᠢᠯᠠᠭᠰᠠᠨ ᠠᠵᠢᠯ᠎ᠤᠨ ᠲᠠᠪᠴᠠᠩ》᠎ᠤᠨ ᠠᠵᠤ ᠠᠬᠤᠶ᠋ᠢᠯᠠᠯ᠎ᠳᠤ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠲᠤᠬᠠᠶ᠋ᠢᠯᠠᠭᠰᠠᠨ ᠠᠵᠢᠯ ᠥᠷᠨᠢᠭᠦᠯᠬᠦ ᠵᠢ ᠭᠤᠶᠤᠴᠢᠯᠠᠵᠤ᠂ ᠠᠵᠠ ᠲᠣᠬᠢᠶᠠᠯᠳᠤ ᠬᠤᠭᠤᠴᠠᠭ᠎ᠠ ᠵᠢ ᠪᠦᠬᠦ ᠲᠠᠯ᠎ᠠ᠎ᠪᠠᠷ ᠴᠢᠯᠥᠭᠡᠲᠡᠶ ᠪᠣᠯᠭ᠋ᠠᠬᠤ ᠵᠢ ᠵᠠᠪᠳᠤᠨ ᠠᠳᠬᠤᠵᠤ᠂ ᠲᠤᠰ ᠭᠠᠵᠠᠷ ᠣᠷᠣᠨ᠎ᠤ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠬᠡᠪᠴᠢᠶ᠎ᠡ᠎ᠪᠠᠨ ᠥᠷᠭᠡᠳᠬᠡᠬᠦ ᠬᠡᠷᠡᠭᠲᠡᠶ᠃ ᠭᠤᠶᠤᠴᠢᠯᠠᠬᠤ ᠮᠠᠲ᠋ᠧᠷᠢᠶᠠᠯ᠎ᠢ ᠵᠠᠷᠯᠠᠨ ᠨᠡᠶ᠋ᠢᠲᠡᠯᠡᠬᠦ ᠱᠠᠭ᠋ᠠᠷᠳᠠᠯᠭ᠎ᠠ ᠶᠣᠰᠣᠭ᠋ᠠᠷ ᠨᠢᠭᠡᠳᠦᠯᠲᠡᠶ 《ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠨᠢᠭᠡᠳᠦᠯᠲᠡᠶ ᠲᠤᠬᠠᠶ᠋ᠢᠯᠠᠭᠰᠠᠨ ᠠᠵᠢᠯ᠎ᠤᠨ ᠲᠠᠪᠴᠠᠩ》 ᠵᠶ᠋ᠠᠷ ᠳᠠᠮᠵᠢᠭᠤᠯᠤᠨ ᠡᠯᠸᠺᠲᠷᠣᠨ ᠬᠡᠯᠪᠡᠷᠢ᠎ᠪᠠᠷ ᠲᠤᠰᠢᠶᠠᠵᠤ᠂ ᠰᠦᠯᠵᠢᠶᠡᠨ ᠭᠠᠳᠠᠨᠠᠬᠢ ᠮᠠᠲ᠋ᠧᠷᠢᠶᠠᠯ᠎ᠢ ᠭᠤᠶᠤᠴᠢᠯᠠᠨ ᠠᠪᠬᠤ ᠥᠬᠡᠶ᠃ ᠠᠵᠤ ᠠᠬᠤᠶ᠋ᠢᠯᠠᠯ᠎ᠤᠨ ᠲᠤᠰᠢᠶᠠᠭᠰᠠᠨ ᠮᠠᠲ᠋ᠧᠷᠢᠶᠠᠯ᠎ᠨᠢ ᠴᠥᠮ ᠬᠠᠤᠯᠢ ᠵᠢᠨ ᠡᠷᠬᠡᠲᠡᠨ ᠵᠶ᠋ᠠᠷ ᠭᠠᠷᠤᠨ ᠦᠰᠦᠭ ᠵᠢᠷᠤᠭᠤᠯᠬᠤ ᠵᠢᠨ ᠬᠠᠮᠲᠤ ᠠᠵᠤ ᠠᠬᠤᠶ᠋ᠢᠯᠠᠯ᠎ᠤᠨ ᠲᠠᠮᠠᠭ᠎ᠠ ᠵᠢ ᠳᠠᠷᠤᠬᠤ ᠬᠡᠷᠡᠭᠲᠡᠶ᠂ ᠭᠦᠢ᠍ᠯᠭᠡᠭᠡᠨ᠎ᠤ ᠠᠵᠤ ᠠᠬᠤᠶ᠋ᠢᠯᠠᠯ᠎ᠤᠨ ᠬᠠᠮᠢᠶ᠎ᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ᠎ᠳᠤ ᠤᠭ ᠮᠠᠲ᠋ᠧᠷᠢᠶᠠᠯ᠎ᠢ ᠰᠢᠷᠪᠢᠬᠦ ᠵᠦᠢ᠍ᠯ᠎ᠢ ᠬᠠᠩᠭ᠋ᠠᠬᠤ ᠬᠡᠷᠡᠭᠲᠡᠶ᠃ ᠲᠣᠰ ᠭᠠᠵᠠᠷ᠎ᠢ ᠵᠢᠯᠣᠭᠤᠳᠴᠤ ᠪᠠᠶ᠋ᠢᠭ᠋ᠠᠳ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠲᠤᠬᠠᠶ᠋ᠢᠯᠠᠭᠰᠠᠨ ᠠᠵᠢᠯ ᠥᠷᠨᠢᠭᠦᠯᠬᠦ ᠵᠢ ᠨᠢᠭᠡᠨᠲᠡ ᠵᠥᠪᠰᠢᠶᠡᠷᠡᠭᠳᠡᠭᠰᠡᠨ ᠠᠵᠤ ᠠᠬᠤᠶ᠋ᠢᠯᠠᠯ᠎ᠢ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ 6 ᠰᠠᠷ᠎ᠠ ᠵᠢᠨ ᠳᠣᠲᠣᠷ᠎ᠠ ᠠᠯᠪᠠᠨ ᠵᠠᠷ᠎ᠤᠨ ᠱᠠᠭ᠋ᠠᠷᠳᠠᠯᠭ᠎ᠠ ᠵᠢᠨ ᠨᠥᠬᠦᠴᠡᠯ ᠵᠢᠴᠢ ᠲᠠᠰ ᠳᠠᠷᠠᠭ᠋ᠠᠯᠠᠯ᠎ᠤᠨ ᠶᠣᠰᠣᠭ᠋ᠠᠷ ᠭᠤᠶᠤᠴᠢᠯᠠᠨ ᠮᠡᠳᠡᠭᠦᠯᠬᠦ ᠪᠠ ᠬᠢᠨᠠᠨ ᠬᠠᠷᠭᠤᠭᠤᠯᠬᠤ ᠵᠢ ᠳᠠᠭᠢᠵᠤ ᠪᠡᠶᠡᠯᠡᠭᠦᠯᠬᠦ ᠬᠡᠷᠡᠭᠲᠡᠶ᠃ (ᠬᠠᠮᠢᠶ᠎ᠠ ᠪᠥᠬᠦᠶ ᠴᠤᠪᠤᠷᠠᠯ᠎ᠢ ᠳᠠᠭ᠋ᠠᠯᠳᠤᠭᠤᠯᠤᠯ 1᠂ ᠳᠠᠭ᠋ᠠᠯᠳᠤᠭᠤᠯᠤᠯ 2᠎ᠳᠤ ᠦᠵᠡ)
ᠬᠤᠶᠠᠷ᠂ ᠠᠵᠤ ᠠᠬᠤᠶ᠋ᠢᠯᠠᠯ᠎ᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠵᠢ ᠴᠢᠩᠭ᠋ᠠᠳᠬᠠᠨ᠎ᠠ
ᠡᠯ᠎ᠡ ᠠᠢ᠌ᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠠᠯᠪᠠᠨ ᠵᠠᠷ᠎ᠤᠨ ᠱᠠᠭ᠋ᠠᠷᠳᠠᠯᠭ᠎ᠠ ᠶᠣᠰᠣᠭ᠋ᠠᠷ᠂ ᠲᠤᠰ ᠭᠠᠵᠠᠷ ᠣᠷᠣᠨ᠎ᠤ᠎ᠪᠠᠨ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠠᠵᠤ ᠠᠬᠤᠢ᠌ᠯᠠᠯ᠎ᠤᠨ ᠪᠠᠢ᠌ᠳᠠᠯ᠎ᠢ ᠬᠢᠨᠠᠮᠠᠭ᠋ᠠᠢ ᠬᠢᠨᠠᠨ ᠬᠠᠷᠭᠤᠭᠤᠯᠵᠤ᠂ ᠦᠢ᠍ᠯᠡᠳᠪᠦᠷᠢᠯᠡᠬᠦ ᠠᠵᠤ ᠠᠬᠤᠢ᠌ᠯᠠᠯ᠎ᠨᠢ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠡ ᠵᠢᠨ ᠶᠠᠮᠤᠨ᠎ᠤ 《ᠵᠠᠰᠠᠮᠠᠯ ᠵᠠᠮ᠎ᠤᠨ ᠮᠠᠰᠢᠨ ᠲᠡᠷᠭᠡ ᠦᠢ᠍ᠯᠡᠳᠪᠦᠷᠢᠯᠡᠬᠦ ᠠᠵᠤ ᠠᠬᠤᠢ᠌ᠯᠠᠯ ᠵᠢᠴᠢ ᠦᠢ᠍ᠯᠡᠳᠬᠦᠨ᠎ᠤ ᠠᠯᠪᠠᠨ ᠵᠠᠷ》᠎ᠲᠤ ᠵᠢᠭᠰᠠᠭ᠋ᠠᠨ ᠣᠷᠣᠭᠤᠯᠬᠤ ᠬᠡᠷᠡᠭᠲᠡᠢ᠂ ᠭᠠᠳᠠᠭ᠋ᠠᠳᠤ᠎ᠳᠤ ᠭᠠᠷᠭ᠋ᠠᠬᠤ ᠲᠡᠷᠭᠡ ᠬᠥᠰᠭᠡ᠎ᠪᠠᠨ ᠡᠷᠬᠡᠪᠰᠢ ᠲᠤᠰ ᠠᠵᠤ ᠠᠬᠤᠢ᠌ᠯᠠᠯ᠎ᠳᠤ ᠦᠢ᠍ᠯᠡᠳᠪᠦᠷᠢᠯᠡᠬᠦ ᠬᠡᠷᠡᠭᠲᠡᠢ᠂ ᠬᠡᠷᠪᠡ ᠭᠠᠳᠠᠭ᠋ᠠᠳᠤ᠎ᠳᠤ ᠭᠠᠷᠭ᠋ᠠᠬᠤ ᠲᠤᠰ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠤᠨ ᠪᠤᠰᠤ ᠲᠡᠷᠭᠡ ᠬᠥᠰᠭᠡ᠎ᠪᠠᠨ ᠭᠦᠢ᠍ᠯᠭᠡᠭᠡᠨ᠎ᠤ ᠠᠵᠤ ᠠᠬᠤᠢ᠌ᠯᠠᠯ᠎ᠤᠨ ᠶᠣᠰᠣᠭ᠋ᠠᠷ ᠭᠤᠶᠤᠴᠢᠯᠠᠬᠤ ᠬᠡᠷᠡᠭᠲᠡᠢ᠃ ᠡᠭᠦᠨ᠎ᠤ ᠬᠠᠮᠲᠤ ᠠᠵᠤ ᠠᠬᠤᠶ᠋ᠢᠯᠠᠯ᠎ᠢ ᠵᠢᠯᠣᠭᠤᠳᠴᠤ ᠪᠠᠶ᠋ᠢᠭ᠋ᠠᠳ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠤᠨ ᠶᠣᠰᠣᠭ᠋ᠠᠷ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠲᠤᠬᠠᠶ᠋ᠢᠯᠠᠭᠰᠠᠨ ᠠᠵᠢᠯ᠎ᠤᠨ ᠭᠤᠶᠤᠴᠢᠯᠠᠯ᠎ᠤᠨ ᠪᠢᠴᠢᠭ ᠵᠢᠴᠢ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ᠎ᠢ ᠠᠯᠢ ᠲᠦᠷᠭᠡᠨ ᠵᠶ᠋ᠠᠷ ᠪᠡᠯᠡᠳᠬᠡᠵᠦ᠂ ᠲᠤᠰᠢᠶᠠᠭᠰᠠᠨ ᠮᠠᠲ᠋ᠧᠷᠢᠶᠠᠯ᠎ᠤᠨ ᠦᠨᠡᠨ ᠪᠣᠳᠠᠲᠠᠶ ᠪᠥᠭᠡᠳ ᠬᠦᠴᠦᠨ ᠲᠡᠭᠦᠯᠳᠡᠷ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ᠃ ᠡᠭᠦᠨ᠎ᠳᠤ᠂ ᠭᠦᠢ᠍ᠯᠭᠡᠭᠡᠨ᠎ᠤ ᠠᠵᠤ ᠠᠬᠤᠢ᠌ᠯᠠᠯ᠎ᠤᠨ ᠭᠠᠷ ᠳᠠᠮᠵᠢᠭᠰᠠᠨ ᠮᠠᠰᠢᠨ ᠲᠡᠷᠭᠡ ᠵᠢ ᠬᠢᠨᠠᠨ ᠲᠣᠭᠲᠠᠭ᠋ᠠᠵᠤ ᠦᠨᠡᠯᠡᠨ ᠵᠢᠱ᠌ᠢᠬᠦ ᠲᠤᠰᠬᠠᠢ ᠠᠵᠢᠯᠲᠠᠨ ᠨᠡᠢ᠌ᠭᠡᠮ᠎ᠤᠨ ᠪᠠᠲᠤᠯᠠᠭ᠎ᠠ ᠵᠢᠨ ᠭᠡᠷᠡᠴᠢ᠂ ᠮᠠᠰᠢᠨ ᠲᠡᠷᠭᠡ ᠪᠣᠷᠣᠯᠠᠭᠤᠯᠬᠤ ᠪᠤᠶᠤ ᠠᠷᠠᠯᠵᠢᠶᠠᠨ᠎ᠤ ᠭᠡᠷᠡᠴᠢ ᠪᠢᠴᠢᠭ ᠮᠠᠲᠸᠷᠢᠶᠠᠯ᠎ᠢ 3 ᠰᠠᠷ᠎ᠠ᠎ᠠᠴᠠ ᠳᠤᠲᠠᠭᠤ ᠦᠭᠡᠢ ᠬᠠᠩᠭ᠋ᠠᠵᠤ᠂ 2023 ᠣᠨ᠎ᠤ ᠪᠦᠬᠦ ᠵᠢᠯ᠎ᠤᠨ ᠪᠠᠢ᠌ᠳᠠᠯ᠎ᠢ ᠬᠠᠩᠭ᠋ᠠᠬᠤ ᠬᠡᠷᠡᠭᠲᠡᠢ᠃
ᠭᠤᠷᠪᠠ᠂ ᠠᠵᠤ ᠠᠬᠤᠶ᠋ᠢᠯᠠᠯ᠎ᠤᠨ ᠬᠠᠮᠢᠶᠠᠷᠤᠯᠲᠠ ᠦᠢ᠍ᠯᠡᠴᠢᠯᠡᠭᠡ ᠵᠢ ᠴᠢᠩᠭ᠋ᠠᠷᠠᠭᠤᠯᠬᠤ ᠬᠡᠷᠡᠭᠲᠡᠢ
ᠡᠯ᠎ᠡ ᠠᠶ᠋ᠢᠮᠠᠭ ᠬᠤᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠎ᠨᠢ ᠠᠵᠤ ᠠᠬᠤᠶ᠋ᠢᠯᠠᠯ᠎ᠤᠨ ᠬᠠᠷᠢᠶ᠎ᠠ ᠭᠠᠵᠠᠷ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠬᠠᠷᠢᠭᠤᠴᠠᠯᠭ᠎ᠠ ᠵᠢ ᠦᠨᠡᠨᠬᠦ ᠡᠭᠦᠷᠭᠡᠯᠡᠵᠦ᠂ ᠲᠤᠬᠠᠶ ᠵᠢᠨ ᠭᠠᠵᠠᠷ᠎ᠤᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ᠂ ᠪᠣᠭᠤᠮᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠲᠣᠰ ᠭᠠᠵᠠᠷ ᠣᠷᠣᠨ᠎ᠤ ᠭᠠᠳᠠᠭ᠋ᠠᠳᠤ ᠭᠠᠷᠭ᠋ᠠᠯᠲᠠ ᠵᠢᠨ ᠪᠠᠶ᠋ᠢᠳᠠᠯ᠎ᠢ ᠴᠠᠭ ᠲᠤᠬᠠᠶ᠎ᠳᠤᠨᠢ ᠮᠥᠷᠳᠡᠵᠦ᠂ ᠭᠠᠷ ᠳᠠᠮᠵᠢᠭᠰᠠᠨ ᠮᠠᠰᠢᠨ ᠲᠡᠷᠭᠡᠨ᠎ᠤ ᠭᠠᠳᠠᠭ᠋ᠠᠳᠤ ᠭᠠᠷᠭ᠋ᠠᠯᠲᠠ ᠵᠢᠨ ᠡᠯ᠎ᠡ ᠵᠠᠩᠭᠢᠯᠠᠭ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠡᠷᠭᠡ ᠬᠥᠰᠬᠡ ᠵᠢᠨ ᠠᠷᠠᠯᠵᠢᠶᠠᠨ᠎ᠤ ᠳᠠᠩᠰᠠᠯᠠᠯ᠂ ᠪᠣᠭᠤᠮᠲᠠ᠎ᠪᠠᠷ ᠥᠩᠭᠡᠷᠡᠬᠦ᠂ ᠲᠡᠷᠭᠡ ᠬᠥᠰᠬᠡ ᠵᠢ ᠬᠦᠴᠦᠨ ᠥᠬᠡᠶ ᠪᠣᠯᠭ᠋ᠠᠬᠤ ᠵᠡᠷᠭᠡ ᠭᠤᠭᠴᠤᠭ᠎ᠠ᠎ᠳᠤ ᠲᠥᠬᠦᠮ ᠦᠵᠡᠭᠦᠯᠬᠦ ᠦᠢ᠍ᠯᠡᠴᠢᠯᠡᠭᠡ ᠬᠠᠩᠭ᠋ᠠᠵᠤ᠂ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ᠎ᠳᠤ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠢ ᠪᠣᠶ ᠪᠣᠯᠭ᠋ᠠᠬᠤ ᠬᠡᠷᠡᠭᠲᠡᠶ᠃ ᠠᠯᠪᠠᠨ ᠵᠠᠷ᠎ᠤᠨ ᠱᠠᠭ᠋ᠠᠷᠳᠠᠯᠭ᠎ᠠ ᠶᠣᠰᠣᠭ᠋ᠠᠷ᠂ ᠠᠵᠤ ᠠᠬᠤᠶ᠋ᠢᠯᠠᠯ᠎ᠢ ᠵᠢᠯᠣᠭᠤᠳᠴᠤ ᠪᠠᠶ᠋ᠢᠭ᠋ᠠᠳ ᠭᠠᠷ ᠳᠠᠮᠵᠢᠭᠰᠠᠨ ᠮᠠᠰᠢᠨ ᠲᠡᠷᠭᠡᠨ᠎ᠤ ᠭᠠᠳᠠᠭ᠋ᠠᠳᠤ᠎ᠳᠤ ᠭᠠᠷᠭ᠋ᠠᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠨ ᠠᠪᠬᠤ ᠶᠠᠪᠤᠴᠠ᠂ ᠭᠤᠶᠤᠴᠢᠯᠠᠨ ᠠᠪᠬᠤ ᠮᠠᠲ᠋ᠧᠷᠢᠶᠠᠯ᠎ᠤᠨ ᠱᠠᠭ᠋ᠠᠷᠳᠠᠯᠭ᠎ᠠ (ᠳᠠᠭ᠋ᠠᠯᠳᠤᠭᠤᠯᠤᠯ 3 ᠵᠢ ᠦᠵᠡ) ᠵᠢ ᠰᠤᠷᠤᠯᠴᠠᠨ ᠡᠵᠡᠮᠰᠢᠭᠦᠯᠵᠦ᠂ ᠨᠢᠭᠡᠨᠲᠡ ᠭᠠᠳᠠᠭ᠋ᠠᠳᠤ᠎ᠳᠤ ᠭᠠᠷᠭ᠋ᠠᠭᠰᠠᠨ ᠭᠠᠷ ᠳᠠᠮᠵᠢᠭᠰᠠᠨ ᠮᠠᠰᠢᠨ ᠲᠡᠷᠭᠡ ᠵᠢ ᠬᠦᠴᠦᠨ ᠥᠬᠡᠶ ᠪᠣᠯᠭ᠋ᠠᠬᠤ ᠳᠡᠩᠰᠡᠯᠡᠯᠲᠡ ᠵᠢᠨ ᠠᠵᠢᠯ᠎ᠢ ᠲᠣᠭᠲᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠰᠠᠶ᠋ᠢᠲᠤᠷ ᠬᠢᠬᠦ ᠬᠡᠷᠡᠭᠲᠡᠶ (ᠳᠠᠭ᠋ᠠᠯᠳᠤᠭᠤᠯᠤᠯ 4 ᠵᠢ ᠦᠵᠡ)᠂ ᠭᠤᠶᠤᠴᠢᠯᠠᠨ ᠠᠪᠬᠤ ᠶᠠᠪᠤᠴᠠ᠎ᠳᠤ ᠠᠯᠳᠠᠭ᠎ᠠ ᠪᠤᠷᠤᠭᠤ ᠭᠠᠷᠭ᠋ᠠᠬᠤ᠂ ᠮᠡᠳᠡᠭᠦᠯᠬᠦ ᠥᠬᠡᠶ ᠨᠢᠭᠤᠬᠤ᠂ ᠭᠡᠷᠡᠴᠢᠯᠡᠯ᠎ᠢ ᠪᠤᠴᠠᠭ᠋ᠠᠬᠤ᠂ ᠦᠨᠡᠮᠯᠡᠯ ᠣᠯᠭᠤᠬᠤ ᠵᠢ ᠲᠦᠷ ᠵᠣᠭᠰᠣᠭ᠋ᠠᠬᠤ ᠵᠡᠷᠭᠡ ᠪᠠᠶ᠋ᠢᠳᠠᠯ ᠭᠠᠷᠬᠤ᠎ᠠᠴᠠ ᠵᠠᠶ᠋ᠢᠯᠠᠰᠬᠢᠨ᠎ᠡ᠃
ᠳᠥᠷᠪᠡ᠂ ᠭᠠᠳᠠᠭ᠋ᠠᠳᠤ ᠭᠠᠷᠭ᠋ᠠᠯᠲᠠ ᠵᠢᠨ ᠠᠵᠤ ᠠᠬᠤᠶ᠋ᠢᠯᠠᠯ ᠶᠠᠰᠤ ᠴᠢᠨᠠᠷ᠎ᠤᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠶ
ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠠᠵᠤ ᠠᠬᠤᠶ᠋ᠢᠯᠠᠯ ᠪᠣᠯ ᠶᠠᠰᠤ ᠴᠢᠨᠠᠷ᠎ᠢ ᠮᠥᠷᠳᠡᠨ ᠤᠬᠤᠴᠢᠯᠠᠬᠤ ᠬᠠᠷᠢᠭᠤᠴᠠᠯᠭ᠎ᠠ ᠵᠢᠨ ᠭᠤᠣᠯ ᠴᠣᠭᠴᠠ ᠮᠥᠨ᠂ ᠭᠠᠳᠠᠭ᠋ᠠᠳᠤ᠎ᠳᠤ ᠭᠠᠷᠭ᠋ᠠᠬᠤ ᠲᠡᠷᠭᠡ ᠬᠥᠰᠬᠡ᠎ᠨᠢ 《ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠶᠠᠰᠤ ᠴᠢᠨᠠᠷ᠎ᠤᠨ ᠱᠠᠭ᠋ᠠᠷᠳᠠᠯᠭ᠎ᠠ》 (WM/T8—2022) ᠪᠤᠶᠤ 《ᠭᠠᠷ ᠳᠠᠮᠵᠢᠭᠰᠠᠨ ᠬᠤᠳᠠᠯᠳᠤᠭ᠋ᠠᠨ᠎ᠤ ᠲᠡᠷᠭᠡ ᠵᠢᠴᠢ ᠴᠢᠷᠦᠭᠦᠯ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠶᠠᠰᠤ ᠴᠢᠨᠠᠷ᠎ᠤᠨ ᠱᠠᠭ᠋ᠠᠷᠳᠠᠯᠭ᠎ᠠ》 (WM/T—2022)᠎ᠲᠠᠢ ᠨᠡᠶ᠋ᠢᠴᠡᠬᠦ ᠵᠢᠨ ᠬᠠᠮᠲᠤ ᠭᠤᠷᠪᠠᠳᠠᠬᠢ ᠡᠲᠡᠭᠡᠳ᠎ᠤᠨ ᠪᠠᠶ᠋ᠢᠴᠠᠭ᠋ᠠᠨ ᠰᠢᠯᠭ᠋ᠠᠬᠤ ᠪᠠᠶ᠋ᠢᠭᠤᠯᠤᠮᠵᠢ᠎ᠠᠴᠠ ᠦᠢ᠍ᠯᠡᠳᠬᠦᠨ᠎ᠤ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠭᠠᠷᠭ᠋ᠠᠬᠤ ᠬᠡᠷᠡᠭᠲᠡᠢ᠃ ᠦᠢ᠍ᠯᠡᠳᠬᠦᠨ᠎ᠢ ᠪᠠᠶ᠋ᠢᠴᠠᠭ᠋ᠠᠨ ᠰᠢᠯᠭ᠋ᠠᠬᠤ᠂ ᠲᠡᠷᠭᠡ ᠬᠥᠰᠬᠡ ᠵᠢᠨ ᠮᠡᠳᠡᠭᠡ ᠵᠠᠩᠭᠢ ᠵᠢ ᠦᠨᠡᠨ ᠪᠣᠳᠠᠲᠠᠶ᠎ᠪᠠᠷ ᠲᠣᠳᠣᠷᠬᠠᠶ᠋ᠢᠯᠠᠬᠤ ᠵᠡᠷᠭᠡ ᠡᠭᠦᠷᠭᠡ ᠵᠢ ᠴᠢᠩᠭ᠎ᠠ ᠭᠦᠢ᠍ᠴᠡᠳᠬᠡᠵᠦ᠂ ᠭᠠᠳᠠᠭ᠋ᠠᠳᠤ᠎ᠳᠤ ᠭᠠᠷᠭ᠋ᠠᠵᠤ ᠬᠤᠯᠠᠭ᠋ᠠᠶ᠋ᠢᠯᠠᠬᠤ᠂ ᠨᠢᠭᠤᠴᠠ᠎ᠪᠠᠷ ᠠᠷᠠᠯᠵᠢᠶᠠᠯᠠᠬᠤ᠂ ᠬᠠᠤᠯᠢ ᠪᠤᠰᠤ᠎ᠪᠠᠷ ᠨᠡᠶ᠋ᠢᠯᠡᠭᠦᠯᠦᠨ ᠤᠭᠰᠠᠷᠠᠬᠤ᠂ ᠬᠡᠷᠡᠭᠯᠡᠭᠡᠨ᠎ᠠᠴᠠ ᠭᠠᠷᠭ᠋ᠠᠬᠤ ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠲᠡᠷᠭᠡ ᠬᠥᠰᠬᠡ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃ ᠭᠠᠳᠠᠭ᠋ᠠᠳᠤ᠎ᠳᠤ ᠭᠠᠷᠭ᠋ᠠᠬᠤ ᠬᠠᠷᠠᠯᠲᠠ ᠵᠢᠨ ᠤᠯᠤᠰ᠎ᠤᠨ ᠥᠮᠴᠢᠯᠡᠯᠲᠦ ᠵᠥᠪᠰᠢᠶᠡᠷᠡᠨ ᠣᠷᠣᠭᠤᠯᠬᠤ ᠪᠠᠷᠢᠮᠵᠢᠶ᠎ᠠ᠎ᠳᠤ ᠪᠣᠯ ᠭᠠᠳᠠᠭ᠋ᠠᠳᠤ᠎ᠳᠤ ᠭᠠᠷᠭ᠋ᠠᠬᠤ ᠠᠵᠤ ᠠᠬᠤᠶ᠋ᠢᠯᠠᠯ᠎ᠨᠢ ᠬᠠᠮᠲᠤᠳᠤᠨᠢ ᠲᠣᠳᠣᠷᠬᠠᠶ᠋ᠢᠯᠠᠬᠤ ᠵᠢᠨ ᠬᠠᠮᠲᠤ ᠲᠤᠬᠠᠶ ᠵᠢᠨ ᠭᠠᠵᠠᠷ᠎ᠤᠨ ᠪᠠᠷᠢᠮᠵᠢᠶ᠎ᠠ᠎ᠳᠤ ᠨᠡᠶ᠋ᠢᠴᠡᠭᠦᠯᠬᠦ ᠬᠡᠷᠡᠭᠲᠡᠶ᠃ 《ᠮᠠᠰᠢᠨ ᠲᠡᠷᠭᠡ ᠰᠡᠯᠪᠢᠨ ᠵᠠᠰᠠᠬᠤ ᠡᠷᠡᠭᠦᠯ ᠮᠡᠨᠳᠦ ᠵᠢᠨ ᠡᠯᠧᠺᠲᠷᠣᠨ ᠳᠠᠩᠰᠠ ᠡᠪᠬᠡᠮᠡᠯ᠎ᠤᠨ ᠰᠢᠰᠲ᠋ᠧᠮ》᠎ᠢ ᠢᠳᠡᠪᠬᠢᠲᠡᠶ ᠬᠡᠷᠡᠭᠯᠡᠨ ᠲᠡᠷᠭᠡ ᠰᠡᠯᠪᠢᠨ ᠵᠠᠰᠠᠭᠰᠠᠨ ᠲᠡᠮᠳᠡᠭᠯᠡᠯ᠎ᠢ ᠪᠠᠶ᠋ᠢᠴᠠᠭ᠋ᠠᠨ ᠯᠠᠪᠯᠠᠬᠤ ᠬᠡᠷᠡᠭᠲᠡᠶ᠃ ᠠᠯᠪᠠᠨ ᠵᠠᠷ᠎ᠠᠴᠠ ᠵᠥᠷᠢᠴᠡᠨ ᠲᠣᠳᠣᠷᠬᠠᠶ ᠴᠠᠭ᠋ᠠᠵᠠᠯᠠᠭᠰᠠᠨ ᠪᠠᠶ᠋ᠢᠳᠠᠯ᠎ᠳᠤ᠂ ᠲᠣᠭᠲᠠᠭ᠋ᠠᠯ᠎ᠠᠴᠠ ᠵᠥᠷᠢᠴᠡᠭᠰᠡᠨ ᠠᠵᠤ ᠠᠬᠤᠶ᠋ᠢᠯᠠᠯ᠎ᠢ ᠢᠲᠡᠭᠡᠮᠵᠢ ᠵᠢᠨ ᠳᠠᠩᠰᠠ ᠡᠪᠬᠡᠮᠡᠯ᠎ᠳᠤ ᠣᠷᠣᠭᠤᠯᠵᠤ᠂ ᠬᠠᠤᠯᠢ ᠵᠢ ᠵᠦᠷᠢᠴᠡᠭᠰᠡᠨ ᠰᠡᠵᠢᠭᠯᠡᠯᠲᠡᠢ ᠪᠠᠢ᠌ᠵᠤ ᠬᠠᠤᠯᠢ ᠶᠤᠰᠤᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠳᠠᠭ᠋ᠠᠯᠳᠤᠭᠤᠯᠤᠯ᠄ 1. ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠬᠦ ᠴᠤᠪᠤᠷᠠᠯ
2. ᠭᠠᠷ ᠳᠠᠮᠵᠢᠭᠰᠠᠨ ᠮᠠᠰᠢᠨ ᠲᠡᠷᠭᠡ᠎ᠪᠠᠨ ᠭᠠᠳᠠᠭ᠋ᠠᠳᠤ᠎ᠳᠤ ᠭᠠᠷᠭ᠋ᠠᠬᠤ ᠭᠠᠷ ᠭᠦᠢ᠍ᠴᠡᠳᠬᠡᠯ᠎ᠢ ᠭᠦᠢ᠍ᠴᠡᠳᠬᠡᠬᠦ ᠴᠤᠪᠤᠷᠠᠯ
3. ᠭᠠᠷ ᠳᠠᠮᠵᠢᠭᠰᠠᠨ ᠮᠠᠰᠢᠨ ᠲᠡᠷᠭᠡᠨ᠎ᠤ ᠭᠠᠳᠠᠭ᠋ᠠᠳᠤ᠎ᠳᠤ ᠭᠠᠷᠭ᠋ᠠᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠨ ᠠᠪᠬᠤ ᠶᠠᠪᠤᠴᠠ
4. ᠭᠠᠷ ᠳᠠᠮᠵᠢᠭᠰᠠᠨ ᠮᠠᠰᠢᠨ ᠲᠡᠷᠭᠡᠨ᠎ᠤ ᠭᠠᠳᠠᠭ᠋ᠠᠳᠤ ᠭᠠᠷᠭ᠋ᠠᠯᠲᠠ ᠵᠢᠨ ᠪᠣᠭᠤᠮᠲᠠ᠎ᠳᠤ ᠮᠡᠳᠡᠭᠦᠯᠬᠦ ᠵᠢᠴᠢ ᠬᠦᠴᠦᠨ ᠦᠭᠡᠢ ᠪᠣᠯᠭ᠋ᠠᠬᠤ ᠵᠢ ᠭᠦᠢ᠍ᠴᠡᠳᠬᠡᠬᠦ ᠶᠠᠪᠤᠴᠠ
5᠂ 《ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 5 ᠰᠠᠯᠠᠭ᠎ᠠ ᠮᠥᠴᠢᠷ᠎ᠤᠨ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠬᠤᠯᠪᠣᠭᠳᠠᠯ ᠪᠦᠬᠦᠢ ᠵᠦᠢ᠍ᠯᠡᠰ᠎ᠤᠨ ᠲᠤᠬᠠᠶ ᠠᠯᠪᠠᠨ ᠵᠠᠷ》 (2024 ᠣᠨ᠎ᠤ 6 ᠳ᠋ᠤᠭ᠋ᠠᠷ ᠲᠣᠭ᠋ᠠᠲᠤ)
6᠂ 《ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 5 ᠰᠠᠯᠠᠭ᠎ᠠ ᠮᠥᠴᠢᠷ᠎ᠤᠨ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠮᠡᠳᠡᠭᠳᠡᠯ》 (ᠠᠷᠠᠯᠵᠢᠶ᠎ᠠ ᠬᠤᠳᠠᠯᠳᠤᠭ᠎ᠠ ᠲᠠᠷᠬᠠᠭ᠋ᠠᠭᠰᠠᠨ [2024 ] 25 ᠳ᠋ᠤᠭ᠋ᠠᠷ ᠲᠣᠭ᠋ᠠᠲᠤ)
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ
2024 ᠣᠨ᠎ᠤ 2 ᠳ᠋ᠤᠭ᠋ᠠᠷ ᠰᠠᠷ᠎ᠠ ᠵᠢᠨ 26᠎ᠤ ᠡᠳᠦᠷ
(ᠬᠠᠷᠢᠯᠴᠠᠬᠤ ᠬᠥᠮᠦᠨ᠄ ᠫᠠᠨ ᠶᠤᠸᠠᠢ ᠮᠧᠶ; ᠬᠠᠷᠢᠯᠴᠠᠬᠤ ᠠᠷᠭ᠎ᠠ ᠮᠠᠶᠢᠭ᠄ 0471 — 6945721)
2. ᠭᠠᠷ ᠳᠠᠮᠵᠢᠭᠰᠠᠨ ᠮᠠᠰᠢᠨ ᠲᠡᠷᠭᠡ᠎ᠪᠠᠨ ᠭᠠᠳᠠᠭ᠋ᠠᠳᠤ᠎ᠳᠤ ᠭᠠᠷᠭ᠋ᠠᠬᠤ ᠭᠠᠷ ᠭᠦᠢ᠍ᠴᠡᠳᠬᠡᠯ᠎ᠢ ᠭᠦᠢ᠍ᠴᠡᠳᠬᠡᠬᠦ ᠴᠤᠪᠤᠷᠠᠯ
3. ᠭᠠᠷ ᠳᠠᠮᠵᠢᠭᠰᠠᠨ ᠮᠠᠰᠢᠨ ᠲᠡᠷᠭᠡᠨ᠎ᠤ ᠭᠠᠳᠠᠭ᠋ᠠᠳᠤ᠎ᠳᠤ ᠭᠠᠷᠭ᠋ᠠᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠨ ᠠᠪᠬᠤ ᠶᠠᠪᠤᠴᠠ