ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠲᠣᠰᠬᠠᠢ ᠵᠦᠢ᠍ᠯ᠎ᠤᠨ ᠪᠡᠯᠡ ᠮᠦᠩᠭᠦ ᠵᠢ ᠳᠠᠩᠰᠠ ᠪᠣᠳᠣᠵᠤ ᠬᠤᠳᠠᠯᠳᠤᠨ ᠠᠪᠬᠤ ᠵᠠᠷᠯᠠᠯ
ᠨᠡᠶ᠋ᠢᠲᠡᠯᠡᠭᠰᠡᠨ ᠴᠠᠭ᠄ 2024-03-14

   ᠨᠢᠭᠡ᠂ ᠦᠨᠳᠦᠰᠦᠨ ᠪᠠᠶ᠋ᠢᠳᠠᠯ

   ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ 2023 ᠣᠨ᠎ᠤ 1 ᠳ᠋ᠦ᠍ᠭᠡᠷ ᠰᠠᠷ᠎ᠠ — 2023 ᠣᠨ᠎ᠤ 12 ᠳ᠋ᠤᠭ᠋ᠠᠷ ᠰᠠᠷ᠎ᠠ ᠵᠢᠨ ᠬᠠᠮᠢᠶ᠎ᠠ ᠪᠥᠬᠦᠶ ᠲᠤᠰᠬᠠᠶ ᠪᠠᠯᠠ ᠮᠥᠩᠭᠦ ᠵᠢ ᠳᠠᠩᠰᠠ ᠪᠤᠳᠤᠵᠤ᠂ ᠬᠠᠷᠢᠴᠠᠭᠤᠯᠤᠨ ᠰᠣᠩᠭᠤᠵᠤ ᠬᠤᠪᠢ ᠥᠭᠬᠦ ᠠᠷᠭ᠎ᠠ ᠮᠠᠶᠢᠭ ᠵᠶ᠋ᠠᠷ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠰᠣᠩᠭᠤᠨ ᠲᠣᠭᠲᠠᠭ᠋ᠠᠵᠤ᠂ ᠣᠲᠣ ᠬᠢᠷᠢ ᠬᠡᠮ᠎ᠤᠨ ᠨᠥᠬᠦᠴᠡᠯ᠎ᠳᠤ ᠨᠡᠶ᠋ᠢᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠨᠡᠷ᠎ᠡ ᠮᠡᠳᠡᠭᠦᠯᠵᠦ ᠣᠷᠣᠯᠴᠠᠬᠤ ᠵᠢ ᠪᠠᠶᠠᠷᠯᠠᠨ ᠤᠭᠲᠤᠨ᠎ᠠ᠃

   ᠬᠤᠶᠠᠷ᠂ ᠲᠥᠷᠥᠯ ᠵᠦᠢ᠍ᠯ᠎ᠤᠨ ᠲᠦᠢ᠍ᠮᠣ ᠪᠠᠶ᠋ᠢᠳᠠᠯ

  (ᠨᠢᠭᠡ) ᠲᠥᠷᠥᠯ ᠵᠦᠢ᠍ᠯ᠎ᠤᠨ ᠨᠡᠷᠡᠶ᠋ᠢᠳᠦᠯ᠄ 2023 ᠣᠨ᠎ᠤ 1 ᠳ᠋ᠦ᠍ᠭᠡᠷ ᠰᠠᠷ᠎ᠠ᠎ᠠᠴᠠ 2023 ᠣᠨ᠎ᠤ 12 ᠳ᠋ᠤᠭ᠋ᠠᠷ ᠰᠠᠷ᠎ᠠ ᠵᠢᠨ ᠬᠤᠯᠪᠣᠭᠳᠠᠯ ᠪᠥᠬᠦᠶ ᠲᠤᠰᠬᠠᠶ ᠪᠠᠯᠠ ᠮᠥᠩᠭᠦ ᠵᠢᠨ ᠳᠠᠩᠰᠠ ᠪᠤᠳᠤᠬᠤ ᠲᠥᠷᠥᠯ ᠵᠦᠢ᠍ᠯ

  (ᠬᠤᠶᠠᠷ)᠂ ᠲᠥᠷᠥᠯ ᠵᠦᠢ᠍ᠯ᠎ᠤᠨ ᠳ᠋ᠤᠭ᠋ᠠᠷ᠄ ᠥᠪᠥᠷ ᠮᠣᠩᠭᠤᠯ᠎ᠤᠨ ᠬᠤᠳᠠᠯᠳᠤᠭ᠋ᠠᠨ᠎ᠤ ᠲᠣᠭᠲᠠᠭ᠋ᠠᠯ ᠡᠳ᠋᠎ᠤᠨ ᠵᠠᠰᠠᠭ᠎ᠤᠨ ᠬᠤᠳᠠᠯᠳᠤᠨ ᠠᠪᠬᠤ [2024] 001 ᠳ᠋ᠦ᠍ᠭᠡᠷ ᠲᠤᠭ᠋ᠠᠲᠦ

  (ᠭᠤᠷᠪᠠ) ᠲᠥᠯᠥᠪᠯᠡᠭᠰᠡᠨ ᠪᠡᠯᠡ ᠣᠷᠣᠭᠤᠯᠤᠯᠲᠠ᠎ᠨᠢ᠄ 9 ᠲᠦᠮᠡᠨ ᠲᠥᠭᠦᠷᠢᠭ

  (ᠲᠦᠷᠪᠡ) ᠪᠡᠯᠡ ᠮᠥᠩᠭᠦ ᠵᠢᠨ ᠢᠷᠡᠯᠲᠡ᠄ ᠡᠳ᠋᠎ᠤᠨ ᠵᠠᠰᠠᠭ᠎ᠤᠨ ᠪᠡᠯᠡ ᠮᠥᠩᠭᠦ

   ᠭᠤᠷᠪᠠ᠂ ᠬᠤᠳᠠᠯᠳᠤᠨ ᠠᠪᠬᠤ ᠠᠭᠤᠯᠭ᠎ᠠ

  2023 ᠣᠨ᠎ᠤ 1 ᠳ᠋ᠦ᠍ᠭᠡᠷ ᠰᠠᠷ᠎ᠠ᠎ᠠᠴᠠ 2023 ᠣᠨ᠎ᠤ 12 ᠳ᠋ᠤᠭ᠋ᠠᠷ ᠰᠠᠷ᠎ᠠ ᠵᠢᠨ ᠬᠤᠯᠪᠣᠭᠳᠠᠯ ᠪᠥᠬᠦᠶ ᠲᠤᠰᠬᠠᠶ ᠪᠠᠯᠠ ᠮᠥᠩᠭᠦ ᠵᠢᠨ ᠳᠠᠩᠰᠠ ᠪᠤᠳᠤᠬᠤ ᠦᠢ᠍ᠯᠡᠴᠢᠯᠡᠭᠡ

   ᠳᠥᠷᠪᠡ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠬᠢᠷᠢ ᠬᠡᠮ᠎ᠤᠨ ᠱᠠᠭ᠋ᠠᠷᠳᠠᠯᠭ᠎ᠠ

  (ᠨᠢᠭᠡ) ᠬᠠᠩᠭ᠋ᠠᠯᠭ᠎ᠠ ᠵᠢᠨ ᠬᠤᠳᠠᠯᠳᠤᠭ᠋ᠠᠴᠢᠨ ᠡᠷᠬᠡᠪᠰᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠠᠮᠢᠶ᠎ᠠ ᠪᠥᠬᠦᠶ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ;

  (ᠬᠤᠶᠠᠷ) ᠬᠠᠩᠭ᠋ᠠᠯᠭ᠎ᠠ ᠵᠢᠨ ᠬᠤᠳᠠᠯᠳᠤᠭ᠋ᠠᠴᠢᠨ ᠡᠷᠬᠡᠪᠰᠢ ᠬᠦᠴᠦᠨ ᠪᠦᠬᠦᠢ ᠡᠵᠡᠩᠨᠡᠯᠲᠡ ᠵᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ᠎ᠢ ᠪᠦᠷᠢᠯᠳᠦᠭᠦᠯᠬᠦ ᠬᠡᠷᠡᠭᠲᠡᠢ;

  (ᠭᠤᠷᠪᠠ) ᠬᠦᠴᠦᠨ ᠲᠡᠭᠦᠯᠳᠡᠷ ᠨᠢᠭᠲᠠᠯᠠᠨ ᠪᠣᠳᠣᠭᠴᠢ ᠵᠢᠨ ᠬᠡᠷᠡᠭ ᠡᠷᠬᠢᠯᠡᠬᠦ ᠭᠠᠵᠠᠷ᠎ᠤᠨ ᠠᠵᠢᠯ ᠡᠷᠬᠢᠯᠡᠬᠦ ᠦᠨᠡᠮᠯᠡᠯ᠎ᠲᠠᠢ;

  (ᠲᠦᠷᠪᠡ) ᠲᠦᠷᠦᠯ ᠵᠦᠢ᠍ᠯ᠎ᠤᠨ ᠬᠠᠷᠢᠭᠤᠴᠠᠯᠭ᠋ᠠᠲᠠᠨ᠎ᠨᠢ ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ ᠵᠢᠨ ᠦᠨᠡᠮᠯᠡᠯ᠎ᠲᠠᠢ ᠪᠠᠶ᠋ᠢᠬᠤ ᠬᠡᠷᠡᠭᠲᠡᠶ;

  (ᠲᠠᠪᠤ) ᠲᠣᠰ ᠤᠳᠠᠭ᠋ᠠᠨ᠎ᠤ ᠬᠤᠳᠠᠯᠳᠤᠨ ᠠᠪᠬᠤ᠎ᠳᠤ   ᠬᠠᠮᠲᠤᠷᠠᠨ ᠬᠤᠯᠪᠤᠭ᠋ᠠᠯᠠᠨ ᠳᠠᠭ᠋ᠠᠭ᠋ᠠᠴᠢᠯᠠᠯᠲᠠ ᠬᠦᠯᠢᠶᠡᠬᠦ ᠵᠢ ᠬᠦᠯᠢᠶᠡᠬᠦ ᠦᠭᠡᠢ᠃

   ᠲᠠᠪᠤ᠂ ᠨᠡᠷ᠎ᠡ ᠮᠡᠳᠡᠭᠦᠯᠬᠦ᠎ᠳᠤ ᠮᠡᠳᠡᠬᠦ ᠴᠢᠬᠤᠯᠠᠲᠠᠢ ᠵᠦᠢ᠍ᠯ

  (ᠨᠢᠭᠡ) ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠃

  (ᠬᠤᠶᠠᠷ) ᠨᠡᠷ᠎ᠡ ᠮᠡᠳᠡᠭᠦᠯᠬᠦ ᠬᠠᠶᠢᠭ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠲᠣᠭ᠋ᠠᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ 611 ᠳ᠋ᠦ᠍ᠭᠡᠷ ᠥᠷᠥᠭᠡ᠃

  (ᠭᠤᠷᠪᠠ) ᠠᠪᠴᠤ ᠶᠠᠪᠤᠬᠤ ᠮᠠᠲ᠋ᠧᠷᠢᠶᠠᠯ᠄

  1. ᠬᠠᠤᠯᠢ ᠵᠢᠨ ᠡᠷᠬᠡᠲᠡᠨ᠎ᠤ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ;

  2. ᠠᠵᠤ ᠠᠬᠤᠶ᠋ᠢᠯᠠᠯ᠎ᠤᠨ ᠣᠶ᠋ᠢᠷ᠎ᠠ ᠵᠢᠨ ᠬᠠᠭ᠋ᠠᠰ ᠵᠢᠯ᠎ᠳᠤ 2023 ᠣᠨ᠎ᠤ 7 ᠳ᠋ᠤᠭ᠋ᠠᠷ ᠰᠠᠷ᠎ᠠ᠎ᠠᠴᠠ 2023 ᠣᠨ᠎ᠤ 12 ᠳ᠋ᠤᠭ᠋ᠠᠷ ᠰᠠᠷ᠎ᠠ ᠪᠣᠯᠲᠠᠯᠠᠬᠢ ᠭᠠᠶ᠋ᠢᠯᠢ ᠲᠤᠰᠢᠶᠠᠭᠰᠠᠨ ᠭᠡᠷᠡᠴᠢ (ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠲᠠᠮᠠᠭ᠎ᠠ᠎ᠪᠠᠨ ᠳᠠᠷᠤᠭᠰᠠᠨ ᠪᠤᠶᠤ ᠭᠠᠷᠲᠠᠨ ᠡᠷᠬᠢᠯᠡᠬᠦ ᠪᠠᠩᠬᠢ ᠵᠢᠨ ᠲᠠᠮᠠᠭ᠎ᠠ᠎ᠪᠠᠨ ᠳᠠᠷᠤᠭᠰᠠᠨ ᠵᠡᠷᠭᠡ ᠭᠠᠶ᠋ᠢᠯᠢ ᠲᠤᠰᠢᠶᠠᠭᠰᠠᠨ ᠭᠡᠷᠡᠴᠢ ᠮᠠᠲ᠋ᠧᠷᠢᠶᠠᠯ᠎ᠨᠢ ᠭᠠᠶ᠋ᠢᠯᠢ ᠲᠤᠰᠢᠶᠠᠭᠰᠠᠨ ᠰᠠᠷ᠎ᠠ ᠵᠢᠨ ᠭᠠᠶ᠋ᠢᠯᠢ ᠮᠡᠳᠡᠭᠦᠯᠦᠭᠰᠡᠨ ᠦᠭᠡᠢ ᠭᠡᠷᠡᠴᠢ ᠪᠠᠷᠢᠮᠲᠠ)

  3. ᠨᠢᠭᠲᠠᠯᠠᠨ ᠪᠣᠳᠣᠭᠴᠢ ᠵᠢᠨ ᠬᠡᠷᠡᠭ ᠡᠷᠬᠢᠯᠡᠬᠦ ᠭᠠᠵᠠᠷ᠎ᠤᠨ ᠠᠵᠢᠯ ᠡᠷᠬᠢᠯᠡᠬᠦ ᠦᠨᠡᠮᠯᠡᠯ

  4. ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ ᠵᠢᠨ ᠦᠨᠡᠮᠯᠡᠯ

  5.《ᠢᠲᠡᠭᠡᠮᠵᠢᠲᠦ ᠳᠤᠮᠳᠠᠳᠤ ᠤᠯᠤᠰ》᠎ᠤᠨ ᠰᠦᠯᠵᠢᠶ᠎ᠡ (www.creditchina.gov.cn )᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn ) ᠵᠢᠨ ᠢᠲᠡᠭᠡᠮᠵᠢ ᠵᠢᠨ ᠪᠠᠶ᠋ᠢᠴᠠᠭ᠋ᠠᠨ ᠯᠠᠪᠯᠠᠬᠤ ᠲᠡᠮᠳᠡᠭᠯᠡᠯ᠎ᠤᠨ ᠲᠠᠰᠤᠯᠪᠤᠷᠢ ᠵᠢᠷᠤᠭ᠎ᠢ ᠬᠠᠮᠢᠶᠠᠷᠤᠨ᠎ᠠ᠃

  6. ᠬᠠᠩᠭ᠋ᠠᠯᠭ᠎ᠠ ᠵᠢᠨ ᠬᠤᠳᠠᠯᠳᠤᠭ᠋ᠠᠴᠢᠨ ᠣᠶ᠋ᠢᠷ᠎ᠠ ᠵᠢᠨ ᠭᠤᠷᠪᠠᠨ ᠵᠢᠯ᠎ᠳᠤ ᠬᠤᠳᠠᠯᠳᠤᠨ ᠠᠪᠬᠤ ᠠᠵᠢᠯᠯᠠᠭ᠎ᠠ᠎ᠳᠤ ᠬᠠᠤᠯᠢ ᠵᠢ ᠵᠥᠷᠢᠴᠡᠭᠰᠡᠨ ᠬᠦᠨᠳᠦ ᠶᠡᠭᠡ ᠲᠡᠮᠳᠡᠭᠯᠡᠯ᠎ᠤᠨ ᠲᠣᠳᠣᠷᠬᠠᠶ᠋ᠢᠯᠠᠯᠲᠠ ᠵᠢᠨ ᠪᠢᠴᠢᠭ ᠪᠠᠶ᠋ᠢᠬᠤ ᠦᠭᠡᠢ;

  7. ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠠᠴᠠ ᠣᠶ᠋ᠢᠷ᠎ᠠ ᠵᠢᠨ ᠭᠤᠷᠪᠠᠨ ᠵᠢᠯ᠎ᠤᠨ ᠡᠶ᠋ᠢᠮᠦᠷᠬᠦ ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢ ᠬᠠᠩᠭ᠋ᠠᠨ᠎ᠠ;

  8. ᠦᠨ᠎ᠡ ᠮᠡᠳᠡᠭᠦᠯᠬᠦ ᠬᠠᠭᠤᠳᠠᠰᠤ;

  9. ᠦᠢ᠍ᠯᠡᠴᠢᠯᠡᠭᠡᠨ᠎ᠤ ᠲᠥᠰᠦᠯ᠂ ᠦᠢ᠍ᠯᠡᠴᠢᠯᠡᠭᠡᠨ᠎ᠤ ᠠᠮᠠᠯᠠᠯᠲᠠ ᠵᠢᠴᠢ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ;

  10. ᠠᠵᠢᠯᠲᠠᠨ᠎ᠤ ᠲᠣᠬᠢᠷᠠᠭᠤᠯᠤᠯᠲᠠ᠃

   ᠳᠡᠭᠡᠷᠡᠬᠢ ᠮᠠᠲ᠋ᠧᠷᠢᠶᠠᠯ᠎ᠨᠢ ᠳᠡᠪᠲᠡᠷ ᠪᠣᠯᠭ᠋ᠠᠨ ᠪᠢᠳᠡᠭᠦᠮᠵᠢᠯᠡᠬᠦ ᠵᠢᠨ ᠬᠠᠮᠲᠤ ᠤᠭᠤᠲᠠ᠎ᠪᠠᠨ ᠪᠢᠲᠡᠭᠦᠮᠵᠢᠯᠡᠵᠦ᠂ ᠠᠮᠠᠰᠠᠷ ᠳᠡᠭᠡᠷ᠎ᠡ᠎ᠨᠢ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠵᠤ᠂ ᠮᠠᠲ᠋ᠧᠷᠢᠶᠠᠯ᠎ᠤᠨ ᠳᠣᠲᠣᠷ᠎ᠠ ᠬᠠᠭᠤᠯᠪᠤᠷᠢ᠎ᠨᠢ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠶ᠃

  (ᠲᠦᠷᠪᠡ) ᠮᠠᠲ᠋ᠧᠷᠢᠶᠠᠯ ᠵᠶ᠋ᠠᠨ ᠲᠣᠰᠢᠶᠠᠬᠤ ᠴᠠᠭ᠄ 2024 ᠣᠨ᠎ᠤ 3 ᠳ᠋ᠤᠭ᠋ᠠᠷ ᠰᠠᠷ᠎ᠠ ᠵᠢᠨ 18᠎ᠤ ᠡᠳᠦᠷ᠎ᠤᠨ 17᠄ 00 ᠴᠠᠭ᠃

   ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ

   ᠬᠤᠳᠠᠯᠳᠤᠨ ᠠᠪᠤᠭᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ

   ᠬᠠᠷᠢᠯᠴᠠᠬᠤ ᠬᠦᠮᠦᠨ᠄ ᠮᠠᠨᠳᠤᠯ᠎ᠠ

   ᠬᠠᠷᠢᠯᠴᠠᠬᠤ ᠤᠲᠠᠰᠤ᠄ 0471 – 6945879

  

  2024 ᠣᠨ᠎ᠤ 3 ᠳ᠋ᠤᠭ᠋ᠠᠷ ᠰᠠᠷ᠎ᠠ ᠵᠢᠨ 14᠎ᠤ ᠡᠳᠦᠷ

 

ᠢᠷᠡᠯᠲᠡ᠄ ᠲᠦᠯᠦᠪᠵᠢᠭᠦᠯᠭᠡ ᠵᠢᠨ ᠡᠳ᠋᠎ᠤᠨ ᠵᠠᠰᠠᠭ᠎ᠤᠨ ᠭᠠᠵᠠᠷ
          
ᠬᠠᠮᠢᠶ᠎ᠡ ᠪᠦᠬᠦᠢ ᠰᠣᠨᠢᠨ
2024 ᠣᠨ᠎ᠤ ᠡᠯᠸᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠳᠠᠪᠠᠭᠤᠯᠢᠭ ᠠᠵᠤ ᠦᠢ᠍ᠯᠡᠰ᠎ᠤᠨ ᠣᠨᠴᠠᠯᠢᠭᠲᠤ ᠪᠦᠲᠦᠭᠡᠭᠳᠡᠬᠦᠨ᠎ᠢ ᠡᠯᠸᠺᠲᠷᠣᠨ ᠵᠶ᠋ᠠᠷ ᠥᠭᠡᠷᠡᠴᠢᠯᠡᠨ ᠰᠢᠨᠡᠳᠬᠡᠬᠦ ᠲᠥᠷᠥᠯ ᠵᠦᠢ᠍ᠯ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠶ ᠠᠯᠪᠠᠨ ᠨᠡᠶ᠋ᠢᠳᠡᠯᠡᠯ
ᠬᠠᠶᠠᠭᠳᠠᠮᠠᠯ ᠮᠠᠰᠢᠨ ᠲᠡᠷᠭᠡ ᠵᠢ ᠪᠤᠴᠠᠭ᠋ᠠᠨ ᠬᠤᠷᠢᠶᠠᠵᠤ ᠵᠠᠳᠠᠯᠤᠨ ᠰᠠᠯᠭ᠋ᠠᠬᠤ ᠠᠵᠤ ᠠᠬᠤᠶ᠋ᠢᠯᠠᠯ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠠᠯᠪᠠᠨ ᠵᠠᠷᠯᠠᠯ
2024 ᠣᠨ᠎ᠳᠤ ᠢᠨᠳᠣᠨᠧᠰᠢᠶ᠎ᠠ ᠵᠢᠨ ᠬᠤᠯᠪᠣᠭᠳᠠᠯ ᠪᠦᠬᠦᠢ ᠠᠵᠤ ᠠᠬᠤᠶ ᠠᠷᠠᠯᠵᠢᠶᠠᠨ᠎ᠤ ᠠᠵᠢᠯᠯᠠᠭ᠎ᠠ ᠵᠢᠨ ᠦᠢ᠍ᠯᠡᠴᠢᠯᠡᠭᠡ ᠬᠤᠳᠠᠯᠳᠤᠨ ᠠᠪᠬᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠰᠢᠨ ᠲᠡᠷᠭᠡᠨ᠎ᠤ ᠬᠡᠷᠡᠭᠯᠡᠭᠡᠨ᠎ᠤ ᠵᠦᠢ᠍ᠯᠡᠰ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠡᠷᠭᠡ 5 ᠰᠠᠯᠠᠭ᠎ᠠ ᠮᠥᠴᠢᠷ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠭᠤᠤᠯᠳᠠᠯᠭ᠎ᠠ᠎ᠲᠠᠢ ᠬᠠᠩᠭ᠋ᠠᠯᠭ᠎ᠠ ᠵᠢ ᠪᠠᠲᠤᠯᠠᠬᠤ ᠠᠵᠤ ᠠᠬᠤᠶ᠋ᠢᠯᠠᠯ᠎ᠤᠨ ᠨᠡᠷᠡᠰ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠵᠠᠷᠯᠠᠯ
 
            