ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠠᠳᠠᠯᠢᠳᠬᠠᠨ ᠰᠣᠩᠭᠤᠵᠤ ᠬᠤᠪᠢ ᠥᠭᠬᠦ ᠠᠷᠭ᠎ᠠ᠎ᠪᠠᠷ 2024 ᠣᠨ᠎ᠤ ᠢᠨᠳᠣᠨᠧᠰᠢᠶ᠎ᠠ ᠵᠢᠨ ᠬᠠᠮᠢᠶ᠎ᠠ ᠪᠥᠬᠦᠶ ᠠᠵᠤ ᠠᠬᠤᠶ ᠠᠷᠠᠯᠵᠢᠶᠠᠨ᠎ᠤ ᠠᠵᠢᠯᠯᠠᠭ᠎ᠠ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠥᠪᠡᠰᠦᠪᠡᠨ ᠵᠣᠬᠢᠶᠠᠨ ᠪᠠᠶ᠋ᠢᠭᠤᠯᠵᠤ ᠬᠤᠳᠠᠯᠳᠤᠨ ᠠᠪᠤᠨ᠎ᠠ᠃ ᠬᠢᠷᠢ ᠬᠡᠮ᠎ᠤᠨ ᠨᠥᠬᠦᠴᠡᠯ᠎ᠳᠤ ᠨᠡᠶ᠋ᠢᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ ᠢᠷᠡᠵᠦ ᠨᠡᠷ᠎ᠡ ᠮᠡᠳᠡᠭᠦᠯᠵᠦ ᠣᠷᠣᠯᠴᠠᠬᠤ ᠵᠢ ᠪᠠᠶᠠᠷᠯᠠᠨ ᠤᠭᠲᠤᠨ᠎ᠠ᠃
ᠨᠢᠭᠡ᠂ ᠲᠦᠷᠦᠯ ᠵᠦᠢ᠍ᠯ᠎ᠤᠨ ᠲᠦᠢ᠍ᠮᠦ ᠪᠠᠶ᠋ᠢᠳᠠᠯ
(ᠨᠢᠭᠡ) ᠲᠥᠷᠥᠯ ᠵᠦᠢ᠍ᠯ᠎ᠤᠨ ᠨᠡᠷᠡᠶ᠋ᠢᠳᠦᠯ᠄ 2024 ᠣᠨ᠎ᠳᠤ ᠢᠨᠳᠣᠨᠧᠰᠢᠶ᠎ᠠ ᠵᠢᠨ ᠬᠤᠯᠪᠣᠭᠳᠠᠯ ᠪᠦᠬᠦᠢ ᠠᠵᠤ ᠠᠬᠤᠶ ᠠᠷᠠᠯᠵᠢᠶᠠᠨ᠎ᠤ ᠠᠵᠢᠯᠯᠠᠭ᠎ᠠ
(ᠬᠤᠶᠠᠷ) ᠲᠥᠰᠥᠪ᠎ᠤᠨ ᠮᠥᠩᠭᠦ᠄ 6.6 ᠲᠦᠮᠡᠨ ᠲᠥᠭᠦᠷᠢᠭ
(ᠭᠤᠷᠪᠠ) ᠪᠡᠯᠡ ᠮᠥᠩᠭᠦ ᠵᠢᠨ ᠢᠷᠡᠯᠲᠡ᠄ ᠡᠳ᠋᠎ᠤᠨ ᠵᠠᠰᠠᠭ᠎ᠤᠨ ᠪᠡᠯᠡ ᠮᠥᠩᠭᠦ
ᠬᠤᠶᠠᠷ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠬᠢᠷᠢ ᠬᠡᠮ᠎ᠤᠨ ᠱᠠᠭ᠋ᠠᠷᠳᠠᠯᠭ᠎ᠠ
(ᠨᠢᠭᠡ) ᠬᠠᠩᠭ᠋ᠠᠯᠭ᠎ᠠ ᠵᠢᠨ ᠬᠤᠳᠠᠯᠳᠤᠭ᠋ᠠᠴᠢᠨ ᠡᠷᠬᠡᠪᠰᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠠᠮᠢᠶ᠎ᠠ ᠪᠥᠬᠦᠶ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ;
(ᠬᠤᠶᠠᠷ) ᠬᠠᠩᠭ᠋ᠠᠯᠭ᠎ᠠ ᠵᠢᠨ ᠬᠤᠳᠠᠯᠳᠤᠭ᠋ᠠᠴᠢᠨ ᠡᠷᠬᠡᠪᠰᠢ ᠬᠦᠴᠦᠨ ᠪᠦᠬᠦᠢ ᠡᠵᠡᠩᠨᠡᠯᠲᠡ ᠵᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ᠎ᠢ ᠪᠦᠷᠢᠯᠳᠦᠭᠦᠯᠬᠦ ᠬᠡᠷᠡᠭᠲᠡᠢ;
(ᠭᠤᠷᠪᠠ᠂ 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠳᠤᠮᠳᠠ ᠢᠲᠡᠭᠡᠮᠵᠢ ᠵᠢᠨ ᠲᠡᠮᠳᠡᠭᠯᠡᠯ᠎ᠢ ᠪᠠᠶ᠋ᠢᠴᠠᠭ᠋ᠠᠨ ᠯᠠᠪᠯᠠᠬᠤ ᠵᠢᠴᠢ ᠬᠡᠷᠡᠭᠯᠡᠬᠦ ᠢᠲᠡᠭᠡᠮᠵᠢ ᠵᠢᠨ ᠲᠡᠮᠳᠡᠭᠯᠡᠯ᠎ᠤᠨ ᠬᠤᠯᠪᠣᠭᠳᠠᠯ ᠪᠥᠬᠦᠶ ᠠᠰᠠᠭᠤᠳᠠᠯ᠎ᠤᠨ ᠲᠤᠬᠠᠶ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠳ᠋᠎ᠤᠨ ᠬᠥᠮᠥᠷᠭᠡ (2016) 125 ᠳ᠋ᠤᠭ᠋ᠠᠷ ᠲᠣᠭ᠋ᠠᠲᠤ) ᠵᠢ ᠦᠨᠳᠦᠰᠦᠯᠡᠨ᠂ ᠳᠠᠭ᠋ᠠᠭ᠋ᠠᠴᠢᠯᠠᠯᠲᠠ ᠬᠦᠯᠢᠶᠡᠭᠴᠢ (ᠪᠤᠶᠤ ᠬᠠᠩᠭ᠋ᠠᠯᠭ᠎ᠠ ᠵᠢᠨ ᠬᠤᠳᠠᠯᠳᠤᠭ᠋ᠠᠴᠢᠨ) ᠨᠡᠷ᠎ᠡ ᠮᠡᠳᠡᠭᠦᠯᠬᠦ ᠦᠶ᠎ᠡ᠎ᠳᠤ᠂ ᠪᠠᠶ᠋ᠢᠴᠠᠭ᠋ᠠᠨ ᠯᠠᠪᠯᠠᠬᠤ ᠴᠠᠭ᠎ᠨᠢ ᠲᠣᠰ ᠠᠯᠪᠠᠨ ᠵᠠᠷ᠎ᠤᠨ ᠬᠤᠭᠤᠴᠠᠭ᠋ᠠᠨ᠎ᠳᠤ᠂ 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠵᠢ ᠪᠠᠶ᠋ᠢᠴᠠᠭ᠋ᠠᠨ ᠯᠠᠪᠯᠠᠵᠤ᠂ 《ᠢᠲᠡᠭᠡᠯ ᠠᠯᠳᠠᠭᠰᠠᠨ ᠭᠦᠢ᠍ᠴᠡᠳᠬᠡᠭᠳᠡᠭᠴᠢ》᠂ 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ᠎ᠠᠴᠠ ᠵᠥᠷᠢᠴᠡᠭᠰᠡᠨ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ》 ᠵᠢᠴᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn ) ᠵᠢ ᠪᠠᠶ᠋ᠢᠴᠠᠭ᠋ᠠᠨ ᠯᠠᠪᠯᠠᠵᠤ᠂ 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ᠎ᠠᠴᠠ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ》᠎ᠲᠤ ᠣᠷᠣᠭᠤᠯᠤᠭᠰᠠᠨ ᠳᠠᠭ᠋ᠠᠭ᠋ᠠᠴᠢᠯᠠᠯᠲᠠ ᠬᠦᠯᠢᠶᠡᠭᠴᠢ (ᠪᠤᠶᠤ ᠬᠠᠩᠭ᠋ᠠᠯᠭ᠎ᠠ ᠵᠢᠨ ᠬᠤᠳᠠᠯᠳᠤᠭ᠋ᠠᠴᠢᠨ) ᠡᠨᠡ ᠤᠳᠠᠭ᠋ᠠᠨ᠎ᠤ ᠳᠠᠭ᠋ᠠᠭ᠋ᠠᠴᠢᠯᠠᠯᠲᠠ᠎ᠳᠤ ᠣᠷᠣᠯᠴᠠᠵᠤ ᠪᠣᠯᠬᠤ ᠦᠭᠡᠢ᠃
(ᠲᠦᠷᠪᠡ) ᠲᠣᠰ ᠤᠳᠠᠭ᠋ᠠᠨ᠎ᠤ ᠬᠤᠳᠠᠯᠳᠤᠨ ᠠᠪᠬᠤ᠎ᠳᠤ ᠬᠤᠯᠪᠣᠭ᠋ᠠᠲᠤ ᠴᠣᠭᠴᠠ ᠵᠢᠨ ᠳᠠᠭ᠋ᠠᠭ᠋ᠠᠴᠢᠯᠠᠯᠲᠠ ᠬᠦᠯᠢᠶᠡᠬᠦ ᠵᠢ ᠬᠦᠯᠢᠶᠡᠬᠦ ᠦᠭᠡᠢ᠃
ᠭᠤᠷᠪᠠ᠂ ᠨᠡᠷ᠎ᠡ ᠮᠡᠳᠡᠭᠦᠯᠬᠦ᠎ᠳᠤ ᠡᠷᠬᠡᠪᠰᠢ ᠮᠡᠳᠡᠬᠦ ᠬᠡᠷᠡᠭᠲᠡᠶ
(ᠨᠢᠭᠡ) ᠨᠡᠷ᠎ᠡ ᠮᠡᠳᠡᠭᠦᠯᠬᠦ ᠭᠠᠵᠠᠷ᠄ ᠬᠥᠬᠡᠬᠤᠲᠠ ᠵᠢᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠲᠣᠭ᠋ᠠᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ 706 ᠳ᠋ᠤᠭ᠋ᠠᠷ ᠥᠷᠥᠭᠡ᠃
(ᠬᠤᠶᠠᠷ) ᠠᠪᠴᠤ ᠶᠠᠪᠤᠭ᠎ᠠ ᠮᠠᠲ᠋ᠧᠷᠢᠶᠠᠯ᠄
1. ᠬᠠᠤᠯᠢ ᠵᠢᠨ ᠡᠷᠬᠡᠲᠡᠨ᠎ᠤ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ;
2. ᠠᠵᠤ ᠠᠬᠤᠶ᠋ᠢᠯᠠᠯ᠎ᠤᠨ ᠣᠶ᠋ᠢᠷ᠎ᠠ ᠵᠢᠨ ᠬᠠᠭ᠋ᠠᠰ ᠵᠢᠯ᠎ᠳᠤ 2023 ᠣᠨ᠎ᠤ 10 ᠳ᠋ᠤᠭ᠋ᠠᠷ ᠰᠠᠷ᠎ᠠ᠎ᠠᠴᠠ 2024 ᠣᠨ᠎ᠤ 3 ᠳ᠋ᠤᠭ᠋ᠠᠷ ᠰᠠᠷ᠎ᠠ ᠪᠣᠯᠲᠠᠯ᠎ᠠ ᠳᠤᠷ᠎ᠠ ᠵᠢᠨ ᠨᠢᠭᠡ ᠰᠠᠷ᠎ᠠ ᠵᠢᠨ ᠭᠠᠶ᠋ᠢᠯᠢ ᠲᠤᠰᠢᠶᠠᠭᠰᠠᠨ ᠭᠡᠷᠡᠴᠢ (ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠲᠠᠮᠠᠭ᠎ᠠ ᠳᠠᠷᠤᠭᠰᠠᠨ ᠪᠤᠶᠤ ᠭᠠᠷᠲᠠᠨ ᠡᠷᠬᠢᠯᠡᠬᠦ ᠪᠠᠩᠬᠢ ᠵᠢᠨ ᠲᠠᠮᠠᠭ᠎ᠠ ᠳᠠᠷᠤᠭᠰᠠᠨ ᠵᠡᠷᠭᠡ ᠭᠠᠶ᠋ᠢᠯᠢ ᠲᠤᠰᠢᠶᠠᠭᠰᠠᠨ ᠭᠡᠷᠡᠴᠢ᠂ ᠭᠠᠢ᠌ᠯᠢ ᠲᠤᠰᠢᠶᠠᠬᠤ ᠰᠠᠷ᠎ᠠ᠎ᠳᠤ ᠨᠢᠭᠡ ᠴᠦ᠍ ᠭᠠᠢ᠌ᠯᠢ ᠲᠤᠰᠢᠶᠠᠬᠤ ᠦᠭᠡᠢ᠎ᠪᠠᠷ ᠮᠡᠳᠡᠭᠦᠯᠬᠦ ᠪᠠᠷᠢᠮᠲᠠ ᠬᠠᠩᠭ᠋ᠠᠬᠤ ᠶᠠᠪᠤᠳᠠᠯ ᠭᠠᠷᠤᠭ᠎ᠠ ᠦᠭᠡᠢ)᠃
3᠂ 《ᠢᠲᠡᠭᠡᠮᠵᠢᠲᠦ ᠳᠤᠮᠳᠠᠳᠤ ᠤᠯᠤᠰ》᠎ᠤᠨ ᠰᠦᠯᠵᠢᠶ᠎ᠡ (www.creditchina.gov.cn )᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn ) ᠵᠢᠨ ᠢᠲᠡᠭᠡᠮᠵᠢ ᠵᠢᠨ ᠪᠠᠶ᠋ᠢᠴᠠᠭ᠋ᠠᠨ ᠯᠠᠪᠯᠠᠬᠤ ᠲᠡᠮᠳᠡᠭᠯᠡᠯ᠎ᠤᠨ ᠣᠭᠲᠣᠯᠣᠭᠰᠠᠨ ᠵᠢᠷᠤᠭ;
4. ᠬᠠᠩᠭ᠋ᠠᠯᠭ᠎ᠠ ᠵᠢᠨ ᠬᠤᠳᠠᠯᠳᠤᠭ᠋ᠠᠴᠢᠨ ᠣᠶ᠋ᠢᠷ᠎ᠠ ᠵᠢᠨ ᠭᠤᠷᠪᠠᠨ ᠵᠢᠯ᠎ᠤᠨ ᠬᠤᠳᠠᠯᠳᠤᠨ ᠠᠪᠬᠤ ᠠᠵᠢᠯᠯᠠᠭ᠎ᠠ᠎ᠳᠤ ᠬᠠᠤᠯᠢ ᠵᠢ ᠵᠥᠷᠢᠴᠡᠭᠰᠡᠨ ᠬᠦᠨᠳᠦ ᠶᠡᠭᠡ ᠲᠡᠮᠳᠡᠭᠯᠡᠯ᠎ᠤᠨ ᠲᠣᠳᠣᠷᠬᠠᠶ᠋ᠢᠯᠠᠯᠲᠠ ᠵᠢᠨ ᠪᠢᠴᠢᠭ ᠪᠠᠶ᠋ᠢᠬᠤ ᠦᠭᠡᠢ;
5. ᠬᠠᠩᠭ᠋ᠠᠯᠭ᠎ᠠ ᠵᠢᠨ ᠬᠤᠳᠠᠯᠳᠤᠭ᠋ᠠᠴᠢᠨ ᠣᠶ᠋ᠢᠷ᠎ᠠ ᠵᠢᠨ ᠭᠤᠷᠪᠠᠨ ᠵᠢᠯ᠎ᠤᠨ ᠲᠥᠰᠥᠭᠡᠲᠡᠢ ᠠᠵᠢᠯ ᠲᠦᠷᠦᠯ᠎ᠤᠨ ᠪᠦᠲᠦᠮᠵᠢ ᠵᠢ ᠬᠠᠩᠭ᠋ᠠᠨ᠎ᠠ;
6. ᠦᠨ᠎ᠡ ᠮᠡᠳᠡᠭᠦᠯᠬᠦ ᠬᠠᠭᠤᠳᠠᠰᠤ;
7. ᠦᠢ᠍ᠯᠡᠴᠢᠯᠡᠭᠡᠨ᠎ᠤ ᠲᠥᠰᠦᠯ᠂ ᠦᠢ᠍ᠯᠡᠴᠢᠯᠡᠭᠡᠨ᠎ᠤ ᠠᠮᠠᠯᠠᠯᠲᠠ ᠵᠢᠴᠢ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ;
ᠳᠡᠭᠡᠷᠡᠬᠢ ᠮᠠᠲ᠋ᠧᠷᠢᠶᠠᠯ᠎ᠨᠢ ᠳᠡᠪᠲᠡᠷ ᠪᠣᠯᠭ᠋ᠠᠨ ᠪᠢᠳᠡᠭᠦᠮᠵᠢᠯᠡᠬᠦ ᠵᠢᠨ ᠬᠠᠮᠲᠤ ᠤᠭᠤᠲᠠᠨ᠎ᠳᠤ ᠬᠢᠵᠤ ᠪᠢᠲᠡᠭᠦᠮᠵᠢᠯᠡᠵᠦ᠂ ᠠᠮᠠᠰᠠᠷ ᠳᠡᠭᠡᠷ᠎ᠡ᠎ᠨᠢ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠵᠤ᠂ ᠮᠠᠲ᠋ᠧᠷᠢᠶᠠᠯ᠎ᠤᠨ ᠳᠣᠲᠣᠷ᠎ᠠ ᠬᠠᠭᠤᠯᠪᠤᠷᠢ᠎ᠨᠢ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠶ᠃
(ᠲᠦᠷᠪᠡ) ᠮᠠᠲ᠋ᠧᠷᠢᠶᠠᠯ ᠵᠶ᠋ᠠᠨ ᠲᠤᠰᠢᠶᠠᠬᠤ ᠴᠠᠭ᠄ 2024 ᠣᠨ᠎ᠤ 4 ᠳ᠋ᠦ᠍ᠭᠡᠷ ᠰᠠᠷ᠎ᠠ ᠵᠢᠨ 19᠎ᠤ ᠡᠳᠦᠷ᠎ᠤᠨ 17᠄ 00᠎ᠠᠴᠠ ᠡᠮᠦᠨ᠎ᠡ᠃
ᠳᠥᠷᠪᠡ᠂ ᠬᠠᠷᠢᠯᠴᠠᠬᠤ ᠠᠷᠭ᠎ᠠ ᠮᠠᠶᠢᠭ
ᠬᠤᠳᠠᠯᠳᠤᠨ ᠠᠪᠬᠤ ᠨᠢᠭᠡᠴᠢ ᠵᠢᠨ ᠨᠡᠷᠡᠶ᠋ᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ
ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠲᠣᠭ᠋ᠠᠲᠤ
ᠬᠠᠷᠢᠯᠴᠠᠬᠤ ᠬᠥᠮᠥᠨ᠄ ᠫᠧᠩ ᠬᠠᠢ ᠰᠢᠶᠠ
ᠤᠲᠠᠰᠤ᠄ 0471 – 6946140
2024 ᠣᠨ᠎ᠤ 4 ᠳ᠋ᠦ᠍ᠭᠡᠷ ᠰᠠᠷ᠎ᠠ ᠵᠢᠨ 17᠎ᠤ ᠡᠳᠦᠷ