《ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠭᠤᠤᠯᠳᠠᠯᠭ᠎ᠠ᠎ᠲᠠᠢ ᠬᠠᠩᠭ᠋ᠠᠯᠭ᠎ᠠ ᠵᠢ ᠪᠠᠲᠤᠯᠠᠬᠤ ᠠᠵᠤ ᠠᠬᠤᠶ᠋ᠢᠯᠠᠯ᠎ᠤᠨ ᠡᠩᠨᠡᠭᠡ ᠵᠢ ᠰᠢᠨᠡᠳᠬᠡᠨ ᠮᠡᠳᠡᠭᠦᠯᠬᠦ ᠲᠤᠬᠠᠶ ᠵᠠᠬᠢᠳᠠᠯ》 (ᠬᠤᠳᠠᠯᠳᠤᠭ᠋ᠠᠨ ᠬᠡᠷᠡᠭᠯᠡᠭᠡᠨ ᠵᠤᠷᠭ᠋ᠠᠨ ᠵᠠᠬᠢᠳᠠᠯ [2024] 194 ᠳ᠋ᠦ᠍ᠭᠡᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠪᠠ ᠮᠠᠨ᠎ᠤ ᠣᠷᠣᠨ᠎ᠤ ᠪᠣᠳᠠᠲᠠᠶ ᠪᠠᠶ᠋ᠢᠳᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ ᠠᠵᠤ ᠠᠬᠤᠶ᠋ᠢᠯᠠᠯ᠎ᠢ ᠳᠣᠭᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠶ᠋ᠢᠯᠠᠯ᠎ᠤᠨ ᠰᠠᠶ᠋ᠢᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠬᠦ᠂ ᠠᠶ᠋ᠢᠮᠠᠭ ᠬᠤᠲᠠ᠎ᠠᠴᠠ ᠲᠠᠨᠢᠯᠴᠠᠭᠤᠯᠬᠤ ᠵᠡᠷᠭᠡ ᠴᠤᠪᠤᠷᠠᠯ ᠵᠶ᠋ᠠᠷ ᠳᠡᠮᠵᠢᠨ᠂ ᠣᠲᠣ ᠨᠡᠷᠡᠰ᠎ᠢ ᠢᠯᠡ ᠨᠡᠶ᠋ᠢᠲᠡᠯᠡᠪᠡ᠃
ᠢᠯᠡ ᠨᠡᠶ᠋ᠢᠲᠡᠯᠡᠬᠦ ᠬᠤᠭᠤᠴᠠᠭ᠎ᠠ᠎ᠨᠢ 7 ᠠᠵᠢᠯᠯᠠᠬᠤ ᠡᠳᠦᠷ (2024 ᠣᠨ᠎ᠤ 4 ᠳ᠋ᠦ᠍ᠭᠡᠷ ᠰᠠᠷ᠎ᠠ ᠵᠢᠨ 28᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 9᠎ᠤ ᠡᠳᠦᠷ) ᠪᠣᠯᠤᠨ᠎ᠠ᠃ ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠢᠯᠡ ᠨᠡᠶ᠋ᠢᠲᠡᠯᠡᠭᠰᠡᠨ ᠨᠡᠷᠡᠰ᠎ᠲᠤ ᠣᠨᠳᠣᠤ ᠰᠠᠨᠠᠯ᠎ᠲᠠᠢ ᠨᠢᠭᠡᠴᠢ ᠪᠠ ᠬᠤᠪᠢ ᠬᠥᠮᠦᠨ᠂ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠡᠷᠡᠭᠯᠡᠭᠡ ᠵᠢ ᠠᠬᠢᠭᠤᠯᠬᠤ ᠪᠠ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠭᠠᠵᠠᠷ᠎ᠲᠤ ᠲᠤᠰᠬᠠᠬᠤ ᠬᠡᠷᠡᠭᠲᠡᠶ᠃ ᠲᠤᠰᠬᠠᠬᠤ ᠬᠡᠯᠪᠡᠷᠢ᠎ᠨᠢ ᠤᠲᠠᠰᠤ᠂ ᠵᠠᠬᠢᠳᠠᠯ ᠪᠠᠢ᠌ᠵᠤ᠂ ᠵᠠᠬᠢᠳᠠᠯ᠎ᠢ ᠬᠥᠷᠥᠭᠰᠡᠨ ᠡᠳᠦᠷ᠎ᠤᠨ ᠰᠢᠤᠳᠠᠨ᠎ᠤ ᠲᠠᠮᠠᠭ᠎ᠠ᠎ᠪᠠᠷ ᠪᠠᠷᠢᠮᠵᠢᠶ᠎ᠠ ᠪᠣᠯᠭ᠋ᠠᠨ᠎ᠠ᠃ ᠨᠢᠭᠡᠴᠢ ᠵᠢᠨ ᠨᠡᠷ᠎ᠡ᠎ᠪᠠᠷ ᠲᠤᠰᠬᠠᠭᠰᠠᠨ ᠪᠠᠶ᠋ᠢᠪᠠᠯ᠂ ᠨᠢᠭᠡᠴᠢ ᠵᠢᠨ ᠲᠠᠮᠠᠭ᠎ᠠ ᠳᠠᠷᠤᠬᠤ ᠵᠢᠨ ᠬᠠᠮᠲᠤ ᠬᠠᠷᠢᠯᠴᠠᠬᠤ ᠠᠷᠭ᠎ᠠ ᠮᠠᠶᠢᠭ ᠵᠶ᠋ᠠᠨ ᠬᠠᠩᠭ᠋ᠠᠬᠤ ᠬᠡᠷᠡᠭᠲᠡᠶ; ᠬᠤᠪᠢ ᠬᠥᠮᠦᠨ᠎ᠤ ᠨᠡᠷ᠎ᠡ᠎ᠪᠠᠷ ᠲᠤᠰᠬᠠᠭᠰᠠᠨ ᠪᠣᠯ᠂ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠠᠷᠭ᠎ᠠ ᠮᠠᠶᠢᠭ ᠵᠶ᠋ᠠᠨ ᠪᠢᠴᠢᠵᠦ᠂ ᠬᠠᠮᠢᠶ᠎ᠠ ᠪᠦᠬᠦᠢ ᠪᠠᠶ᠋ᠢᠳᠠᠯ᠎ᠢ ᠣᠶ᠋ᠢᠯᠠᠭ᠋ᠠᠵᠤ ᠬᠢᠨᠠᠨ ᠬᠠᠷᠭᠤᠭᠤᠯᠬᠤ᠎ᠳᠤ ᠳᠥᠭᠥᠮ ᠪᠠᠶ᠋ᠢᠯᠭ᠋ᠠᠬᠤ ᠬᠡᠷᠡᠭᠲᠡᠶ᠃
ᠣᠨᠳᠣᠣ ᠰᠠᠨᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠨᠢᠭᠡᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠡᠷᠡᠭᠯᠡᠭᠡ ᠵᠢ ᠠᠬᠢᠭᠤᠯᠬᠤ ᠪᠠ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠭᠠᠵᠠᠷ
ᠬᠠᠷᠢᠯᠴᠠᠬᠤ ᠤᠲᠠᠰᠤ᠄ 0471 - 6945930 (ᠹᠠᠺᠰ)
ᠬᠠᠶᠢᠭ᠄ ᠬᠥᠬᠡᠬᠤᠲᠠ ᠵᠢᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠲᠣᠭ᠋ᠠᠲᠤ ᠬᠦᠷᠢᠶᠡᠨ᠎ᠤ 5 ᠳ᠋ᠤᠭ᠋ᠠᠷ ᠠᠰᠠᠷ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠡᠷᠡᠭᠯᠡᠭᠡ ᠵᠢ ᠠᠬᠢᠭᠤᠯᠬᠤ ᠪᠠ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠭᠠᠵᠠᠷ