ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠳᠠᠷᠤᠮᠠᠯᠯᠠᠨ ᠲᠠᠷᠬᠠᠭ᠋ᠠᠭᠰᠠᠨ 《ᠶᠡᠭᠡ ᠬᠡᠪᠴᠢᠶᠡᠨ᠎ᠤ ᠲᠣᠨᠤᠭ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯᠡᠰ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠎ᠠ ᠵᠢᠨ ᠲᠥᠰᠥᠯ》᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 14 ᠰᠠᠯᠠᠭ᠎ᠠ ᠮᠥᠴᠢᠷ᠎ᠤᠨ ᠳᠠᠷᠤᠮᠠᠯᠯᠠᠨ ᠲᠠᠷᠬᠠᠭ᠋ᠠᠭᠰᠠᠨ 《ᠬᠡᠷᠡᠭᠯᠡᠭᠡ ᠵᠢᠨ ᠵᠦᠢ᠍ᠯᠡᠰ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠋ᠠᠨ᠎ᠤ ᠲᠥᠰᠥᠯ》 ᠪᠠ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ ᠵᠡᠷᠭᠡ 7 ᠰᠠᠯᠠᠭ᠎ᠠ ᠮᠥᠴᠢᠷ᠎ᠤᠨ ᠳᠠᠷᠤᠮᠠᠯᠯᠠᠨ ᠲᠠᠷᠬᠠᠭ᠋ᠠᠭᠰᠠᠨ 《ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠨᠥᠬᠦᠪᠦᠷᠢᠯᠡᠬᠦ ᠬᠡᠷᠡᠭᠵᠢᠭᠦᠯᠬᠦ ᠨᠠᠷᠢᠨ ᠳᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠰᠢᠨ ᠲᠡᠷᠭᠡᠨ᠎ᠤ ᠬᠡᠷᠡᠭᠯᠡᠭᠡ ᠵᠢ ᠬᠦᠴᠦᠯᠡᠨ ᠠᠬᠢᠭᠤᠯᠬᠤ ᠵᠢᠨ ᠲᠤᠰᠠᠳᠠ᠂ 4 ᠳ᠋ᠤᠭᠡᠷ ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠵᠢᠴᠢ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ 5 ᠰᠠᠯᠠᠭ᠎ᠠ ᠮᠥᠴᠢᠷ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠰᠢᠨ ᠲᠡᠷᠭᠡᠨ᠎ᠤ ᠬᠡᠷᠡᠭᠯᠡᠭᠡ ᠵᠢᠨ ᠵᠦᠢ᠍ᠯᠡᠰ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠡᠷᠡᠭᠵᠢᠭᠦᠯᠬᠦ ᠲᠥᠰᠥᠯ》 (ᠳᠣᠷᠣᠭᠰᠢ 《ᠬᠡᠷᠡᠭᠵᠢᠭᠦᠯᠬᠦ ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃
《ᠬᠡᠷᠡᠭᠵᠢᠭᠦᠯᠬᠦ ᠲᠥᠰᠦᠯ》᠎ᠳᠤ ᠨᠥᠬᠦᠪᠥᠷᠢ ᠥᠭᠬᠦ ᠬᠡᠪᠴᠢᠶ᠎ᠡ ᠪᠠ ᠪᠠᠷᠢᠮᠵᠢᠶ᠎ᠠ ᠵᠢ ᠲᠣᠳᠣᠷᠬᠠᠶ ᠲᠣᠭᠲᠠᠭ᠋ᠠᠪᠠ᠃ 2024 ᠣᠨ᠎ᠤ 4 ᠳ᠋ᠦ᠍ᠭᠡᠷ ᠰᠠᠷ᠎ᠠ ᠵᠢᠨ 24᠎ᠤ ᠡᠳᠦᠷ᠎ᠠᠴᠠ 2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠂ ᠬᠤᠪᠢ ᠬᠥᠮᠦᠨ᠎ᠤ ᠬᠡᠷᠡᠭᠯᠡᠭᠴᠢ ᠬᠤᠪᠢ ᠬᠦᠮᠦᠨ᠎ᠤ ᠨᠡᠷ᠎ᠡ ᠳᠤᠤᠷᠠᠬᠢ ᠤᠯᠤᠰ᠎ᠤᠨ ᠭᠤᠷᠪᠠᠳᠤᠭ᠋ᠠᠷ ᠳᠡᠰ ᠵᠢᠴᠢ ᠲᠡᠭᠦᠨ᠎ᠠᠴᠠ ᠳᠣᠷᠣᠭᠰᠢᠬᠢ ᠪᠣᠬᠢᠷᠲᠤᠯ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭ᠋ᠠᠯᠭ᠎ᠠ ᠵᠢᠨ ᠲᠣᠰᠣ ᠬᠡᠷᠡᠭᠯᠡᠬᠦ ᠲᠡᠷᠭᠡ ᠪᠤᠶᠤ 2018 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ᠎ᠠᠴᠠ ᠡᠮᠦᠨ᠎ᠡ (ᠲᠣᠰ ᠡᠳᠦᠷ᠎ᠢ ᠪᠠᠭᠲᠠᠭ᠋ᠠᠨ᠎ᠠ) ᠳᠡᠩᠰᠡᠯᠡᠨ ᠲᠡᠮᠳᠡᠭᠯᠡᠭᠰᠡᠨ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠠᠶᠠᠭᠳᠠᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠳᠡᠩᠰᠡᠯᠡᠨ ᠲᠡᠮᠳᠡᠭᠯᠡᠭᠦᠯᠦᠭᠰᠡᠨ ᠮᠠᠰᠢᠨ ᠲᠡᠷᠭᠡ ᠪᠣᠷᠣᠯᠠᠭᠤᠯᠬᠤ ᠪᠠᠶ᠋ᠢᠭᠤᠯᠤᠮᠵᠢ᠎ᠠᠴᠠ ᠡᠨᠧᠷᠭᠢ ᠠᠷᠪᠢᠯᠠᠬᠤ ᠱᠠᠭ᠋ᠠᠷᠳᠠᠯᠭ᠎ᠠ᠎ᠳᠤ ᠨᠡᠶ᠋ᠢᠴᠡᠬᠦ ᠮᠠᠰᠢᠨ ᠲᠡᠷᠭᠡ ᠵᠢ ᠬᠤᠳᠠᠯᠳᠤᠨ ᠠᠪᠴᠤ᠂ ᠲᠤᠬᠠᠶ ᠵᠢᠨ ᠭᠠᠵᠠᠷ᠎ᠤᠨ ᠮᠠᠰᠢᠨ ᠲᠡᠷᠭᠡ ᠵᠢ ᠨᠢᠭᠡᠳᠦᠯᠲᠡᠶ ᠪᠣᠷᠣᠯᠠᠭᠤᠯᠤᠭᠰᠠᠨ ᠪᠠᠷᠢᠮᠲᠠ ᠵᠢ ᠬᠢᠵᠦ᠂ ᠲᠤᠬᠠᠶ ᠵᠢᠨ ᠭᠠᠵᠠᠷ᠎ᠤᠨ ᠳᠡᠩᠰᠡᠯᠡᠨ ᠲᠡᠮᠳᠡᠭᠯᠡᠭᠰᠡᠨ ᠫᠠᠶ᠋ᠢᠰᠠ ᠭᠠᠷᠭ᠋ᠠᠵᠤ᠂ ᠨᠢᠭᠡ ᠯᠡ ᠤᠳᠠᠭ᠎ᠠ᠎ᠳᠤ ᠲᠣᠭᠲᠠᠭᠰᠠᠨ ᠲᠤᠭ᠎ᠠ᠎ᠪᠠᠷ ᠲᠡᠷᠭᠡ ᠬᠤᠳᠠᠯᠳᠤᠨ ᠠᠪᠬᠤ ᠨᠥᠬᠦᠪᠥᠷᠢ ᠭᠤᠶᠤᠴᠢᠯᠠᠵᠤ ᠪᠣᠯᠤᠨ᠎ᠠ᠃ ᠡᠭᠦᠨ᠎ᠳᠤ᠄ ᠬᠤᠪᠢ ᠬᠥᠮᠦᠨ᠎ᠤ ᠬᠡᠷᠡᠭᠯᠡᠭᠴᠢᠳ ᠬᠠᠶᠠᠭᠳᠠᠮᠠᠯ ᠬᠤᠶᠠᠷ ᠲᠥᠷᠥᠯ᠎ᠤᠨ ᠬᠠᠭᠤᠴᠢᠨ ᠲᠡᠷᠭᠡ ᠵᠢ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ 《ᠲᠡᠷᠭᠡ ᠬᠥᠰᠬᠡ ᠬᠤᠳᠠᠯᠳᠤᠨ ᠠᠪᠬᠤ ᠭᠠᠶ᠋ᠢᠯᠢ ᠵᠢ ᠬᠠᠰᠤᠵᠤ ᠬᠡᠯᠲᠦᠷᠢᠭᠦᠯᠦᠭᠰᠡᠨ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠯᠪᠡᠷᠢ ᠵᠢᠨ ᠭᠠᠷᠴᠠᠭ》᠎ᠲᠤ ᠣᠷᠣᠭᠤᠯᠤᠭᠰᠠᠨ ᠰᠢᠨ᠎ᠡ ᠡᠨᠧᠷᠭᠢ ᠵᠢᠨ ᠮᠠᠰᠢᠨ ᠲᠡᠷᠭᠡ 12000 ᠲᠥᠭᠦᠷᠢᠭ / ᠨᠥᠬᠦᠪᠥᠷᠢ ᠭᠤᠶᠤᠴᠢᠯᠠᠵᠤ ᠪᠣᠯᠤᠨ᠎ᠠ; ᠬᠠᠶᠠᠭᠳᠠᠮᠠᠯ ᠤᠯᠤᠰ᠎ᠤᠨ ᠭᠤᠷᠪᠠᠳᠤᠭ᠋ᠠᠷ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭ᠋ᠠᠯᠭ᠎ᠠ ᠵᠢᠨ ᠲᠣᠰᠣᠨ᠎ᠤ ᠰᠠᠭᠤᠳᠠᠯ᠎ᠤᠨ ᠮᠠᠰᠢᠨ ᠲᠡᠷᠭᠡ ᠬᠤᠳᠠᠯᠳᠤᠨ ᠠᠪᠬᠤ᠎ᠳᠤ 2.0L (ᠪᠠᠭᠲᠠᠨ᠎ᠠ) ᠵᠢᠨ ᠭᠠᠳᠠᠭᠰᠢᠯᠠᠭᠤᠯᠬᠤ ᠪᠠᠷᠢᠮᠵᠢᠶ᠎ᠠ᠎ᠠᠴᠠ ᠳᠣᠷᠣᠭᠰᠢᠬᠢ ᠰᠢᠲᠠᠭ᠋ᠠᠯᠭ᠎ᠠ ᠵᠢᠨ ᠲᠣᠰᠣᠨ᠎ᠤ ᠮᠠᠰᠢᠨ ᠲᠡᠷᠭᠡ ᠬᠤᠳᠠᠯᠳᠤᠨ ᠠᠪᠬᠤ᠎ᠳᠤ 9000 ᠲᠥᠭᠦᠷᠢᠭ / ᠨᠥᠬᠦᠪᠥᠷᠢ ᠭᠤᠶᠤᠴᠢᠯᠠᠵᠤ ᠪᠣᠯᠤᠨ᠎ᠠ᠃
《ᠬᠡᠷᠡᠭᠵᠢᠭᠦᠯᠬᠦ ᠲᠥᠰᠦᠯ》᠎ᠳᠤ ᠨᠥᠬᠦᠪᠥᠷᠢ ᠭᠤᠶᠤᠴᠢᠯᠠᠨ ᠠᠪᠬᠤ ᠶᠠᠪᠤᠴᠠ ᠵᠢ ᠲᠣᠳᠣᠷᠬᠠᠶ᠋ᠢᠯᠠᠪᠠ᠃ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠦᠪᠦᠷᠢ ᠭᠤᠶᠤᠴᠢᠯᠠᠬᠤ᠎ᠪᠠᠷ ᠪᠠᠶ᠋ᠢᠭ᠎ᠠ ᠬᠤᠪᠢ ᠬᠥᠮᠥᠨ᠎ᠤ ᠬᠡᠷᠡᠭᠯᠡᠭᠴᠢ 2025 ᠣᠨ᠎ᠤ 1 ᠳ᠋ᠦ᠍ᠭᠡᠷ ᠰᠠᠷ᠎ᠠ ᠵᠢᠨ 10᠎ᠤ ᠡᠳᠦᠷ᠎ᠠᠴᠠ ᠡᠮᠦᠨ᠎ᠡ᠂ ᠪᠥᠬᠦ ᠤᠯᠤᠰ᠎ᠤᠨ ᠮᠠᠰᠢᠨ ᠲᠡᠷᠭᠡᠨ᠎ᠤ ᠭᠦᠢ᠍ᠯᠭᠡᠭᠡᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠰᠦᠯᠵᠢᠶᠡᠨ ᠥᠷᠲᠡᠭᠡ ᠪᠤᠶᠤ 《ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ》 ᠵᠢᠵᠢᠭ ᠫᠷᠤᠭ᠌ᠷᠠᠮ᠎ᠳᠤ ᠳᠠᠩᠰᠠᠯᠠᠬᠤ᠎ᠪᠠᠷ ᠳᠠᠮᠵᠢᠭᠤᠯᠤᠨ᠂ ᠭᠤᠶᠤᠴᠢᠯᠠᠯ᠎ᠤᠨ ᠮᠠᠲ᠋ᠧᠷᠢᠶᠠᠯ᠎ᠢ ᠲᠠᠭᠯᠠᠨ ᠮᠡᠳᠡᠭᠦᠯᠵᠦ᠂ ᠬᠠᠮᠢᠶ᠎ᠠ ᠪᠦᠬᠦᠢ ᠮᠠᠲ᠋ᠧᠷᠢᠶᠠᠯ᠎ᠢ 2024 ᠣᠨ᠎ᠤ 4 ᠳ᠋ᠦ᠍ᠭᠡᠷ ᠰᠠᠷ᠎ᠠ ᠵᠢᠨ 24᠎ᠤ ᠡᠳᠦᠷ᠎ᠠᠴᠠ 2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠤᠨ ᠬᠤᠭᠤᠴᠠᠭ᠋ᠠᠨ᠎ᠳᠤ ᠣᠯᠪᠠᠯ ᠵᠣᠬᠢᠨ᠎ᠠ᠃ ᠬᠢᠨᠠᠨ ᠬᠠᠷᠭᠤᠭᠤᠯᠤᠭᠰᠠᠨ ᠮᠡᠳᠡᠭᠡ ᠵᠠᠩᠭᠢ ᠵᠢᠨ ᠦᠨᠡᠨ ᠪᠣᠳᠠᠲᠠᠶ ᠪᠦᠷᠢᠨ ᠪᠦᠲᠦᠨ ᠪᠠᠶ᠋ᠢᠵᠤ᠂ ᠨᠥᠬᠥᠪᠥᠷᠢ ᠥᠭᠬᠦ ᠨᠥᠬᠥᠴᠡᠯ᠎ᠳᠤ ᠨᠡᠶ᠋ᠢᠴᠡᠬᠦ ᠵᠢ ᠬᠢᠨᠠᠨ ᠬᠠᠷᠭᠤᠭᠤᠯᠵᠤ ᠪᠠᠲᠤᠯᠠᠬᠤ ᠬᠡᠷᠡᠭᠲᠡᠶ᠃
《ᠬᠡᠷᠡᠭᠵᠢᠭᠦᠯᠬᠦ ᠲᠥᠰᠦᠯ》᠎ᠳᠤ ᠬᠢᠨᠠᠯᠲᠠ ᠲᠠᠯᠪᠢᠵᠤ ᠬᠠᠮᠢᠶᠠᠷᠬᠤ ᠱᠠᠭ᠋ᠠᠷᠳᠠᠯᠭ᠎ᠠ ᠵᠢ ᠲᠣᠳᠣᠷᠬᠠᠶ ᠲᠣᠭᠲᠠᠭ᠋ᠠᠪᠠ᠃ ᠡᠯ᠎ᠡ ᠠᠶ᠋ᠢᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠳ ᠨᠥᠬᠥᠪᠥᠷᠢ ᠪᠡᠯᠡ ᠮᠥᠩᠭᠥ ᠵᠢ ᠬᠢᠨᠠᠨ ᠬᠠᠷᠭᠤᠭᠤᠯᠵᠤ ᠬᠢᠨᠠᠨ ᠬᠠᠮᠢᠶᠠᠷᠬᠤ ᠵᠢ ᠬᠠᠷᠢᠭᠤᠴᠠᠵᠤ᠂ ᠡᠯ᠎ᠡ ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠨᠥᠬᠥᠪᠥᠷᠢ ᠪᠡᠯᠡ ᠮᠥᠩᠭᠥ ᠵᠢ ᠰᠠᠯᠭ᠋ᠠᠨ ᠥᠭᠬᠦ᠎ᠳᠤ ᠬᠢᠨᠠᠯᠲᠠ ᠬᠠᠮᠢᠶᠠᠷᠤᠯᠲᠠ ᠬᠢᠬᠦ ᠵᠢ ᠬᠠᠷᠢᠭᠤᠴᠠᠬᠤ ᠬᠡᠷᠡᠭᠲᠡᠶ᠃ ᠳᠣᠲᠣᠭ᠋ᠠᠳᠤ ᠵᠢ ᠬᠠᠮᠠᠭ᠋ᠠᠯᠠᠬᠤ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠭᠠᠶ᠋ᠢᠯᠢ ᠵᠢᠨ ᠶᠠᠪᠤᠳᠠᠯ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ ᠮᠠᠰᠢᠨ ᠲᠡᠷᠭᠡ ᠵᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠂ ᠬᠠᠭᠤᠴᠢᠨ ᠲᠡᠷᠭᠡ ᠵᠢ ᠬᠠᠶᠠᠭᠳᠠᠬᠤ ᠪᠠ ᠰᠢᠨ᠎ᠡ ᠲᠡᠷᠭᠡ ᠬᠤᠳᠠᠯᠳᠤᠨ ᠠᠪᠬᠤ᠂ ᠨᠥᠬᠦᠪᠥᠷᠢ ᠣᠯᠭᠤᠬᠤ᠂ ᠮᠡᠳᠡᠭᠡ ᠵᠠᠩᠭᠢ ᠵᠢ ᠪᠦᠷᠢᠳᠬᠡᠨ ᠳᠡᠭᠡᠭᠰᠢ ᠮᠡᠳᠡᠭᠦᠯᠬᠦ ᠵᠡᠷᠭᠡ ᠠᠵᠢᠯ᠎ᠳᠤ ᠬᠠᠮᠵᠢᠯᠴᠠᠵᠤ᠂ ᠪᠡᠯᠡ ᠮᠥᠩᠭᠦ ᠵᠢ ᠠᠮᠤᠷ ᠲᠦᠪᠰᠢᠨ᠂ ᠴᠠᠭ ᠲᠤᠬᠠᠶ᠎ᠳᠤᠨᠢ ᠣᠯᠭᠤᠬᠤ ᠵᠢ ᠦᠨᠡᠨᠬᠦ ᠪᠠᠲᠤᠯᠠᠵᠤ᠂ ᠨᠥᠬᠦᠪᠥᠷᠢ ᠵᠢᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠯᠡᠬᠦ ᠬᠡᠷᠡᠭᠲᠡᠶ᠃ ᠡᠯ᠎ᠡ ᠠᠶ᠋ᠢᠮᠠᠭ ᠬᠣᠲᠠ᠎ᠨᠢ ᠬᠠᠶᠠᠭᠳᠠᠮᠠᠯ ᠮᠠᠰᠢᠨ ᠲᠡᠷᠭᠡ ᠵᠢ ᠵᠢᠭ᠋ᠠᠨ ᠲᠣᠭᠲᠠᠭ᠋ᠠᠭᠰᠠᠨ ᠠᠵᠤ ᠠᠬᠤᠶ᠋ᠢᠯᠠᠯ᠎ᠳᠤ ᠲᠤᠰᠢᠶᠠᠨ ᠬᠤᠳᠠᠯᠳᠤᠬᠤ᠎ᠪᠠᠷ ᠱᠠᠭ᠋ᠠᠷᠳᠠᠵᠤ ᠪᠣᠯᠬᠤ ᠦᠭᠡᠶ᠂ ᠣᠷᠣᠨ ᠨᠤᠲᠤᠭ᠎ᠤᠨ ᠴᠢᠨᠠᠷᠲᠠᠶ᠂ ᠮᠡᠷᠭᠡᠵᠢᠯ᠎ᠤᠨ ᠦᠢ᠍ᠯᠡᠳᠬᠦᠨ᠎ᠤ ᠬᠠᠨᠳᠤᠯᠭ᠋ᠠᠲᠤ ᠴᠢᠨᠠᠷᠲᠠᠶ ᠨᠥᠬᠥᠪᠥᠷᠢ ᠵᠢᠨ ᠭᠠᠷᠴᠠᠭ ᠪᠤᠶᠤ ᠠᠵᠤ ᠠᠬᠤᠶ᠋ᠢᠯᠠᠯ᠎ᠤᠨ ᠨᠡᠷᠡᠰ᠎ᠢ ᠠᠰᠲᠤᠨᠢ ᠲᠣᠭᠲᠠᠭ᠋ᠠᠵᠤ ᠪᠣᠯᠬᠤ ᠦᠭᠡᠶ᠃ ᠡᠯ᠎ᠡ ᠠᠶ᠋ᠢᠮᠠᠭ ᠬᠣᠲᠠ᠎ᠨᠤᠭᠤᠳ ᠮᠠᠰᠢᠨ ᠲᠡᠷᠭᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠳ᠋ᠢᠶᠠᠩᠬᠤᠸᠠ ᠵᠢᠨ ᠯᠠᠪᠯᠠᠯᠭ᠎ᠠ ᠵᠢᠨ ᠬᠠᠯᠠᠮᠰᠢᠯ ᠤᠲᠠᠰᠤ ᠭᠠᠷᠭ᠋ᠠᠵᠤ᠂ ᠣᠯᠠᠨ ᠨᠡᠶ᠋ᠢᠲᠡ ᠵᠢᠨ ᠬᠦᠰᠡᠯ ᠱᠠᠭ᠋ᠠᠷᠳᠠᠯᠭ᠎ᠠ᠎ᠳᠤ ᠴᠠᠭ ᠲᠤᠬᠠᠶ᠎ᠳᠤᠨᠢ ᠬᠠᠷᠢᠭᠤᠯᠲᠠ ᠥᠭᠴᠦ᠂ ᠨᠡᠶ᠋ᠢᠭᠡᠮ᠎ᠤᠨ᠎ᠬᠢᠨ᠎ᠤ ᠬᠢᠨᠠᠯᠲᠠ ᠲᠠᠯᠪᠢᠬᠤ ᠵᠢ ᠬᠦᠯᠢᠶᠡᠬᠦ ᠬᠡᠷᠡᠭᠲᠡᠶ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ᠂ ᠡᠯ᠎ᠡ ᠠᠶ᠋ᠢᠮᠠᠭ ᠬᠤᠲᠠ ᠵᠢ ᠵᠢᠯᠣᠭᠤᠳᠤᠨ ᠨᠥᠬᠦᠪᠥᠷᠢ ᠵᠢᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠤᠬᠠᠭᠤᠯᠤᠨ ᠲᠠᠶ᠋ᠢᠯᠪᠤᠷᠢᠯᠠᠬᠤ ᠡᠷᠴᠢᠮ ᠵᠶ᠋ᠠᠨ ᠴᠢᠩᠭ᠋ᠠᠷᠠᠭᠤᠯᠤᠨ᠂ ᠬᠡᠷᠡᠭᠯᠡᠭᠴᠢᠳ᠎ᠤᠨ ᠮᠠᠰᠢᠨ ᠲᠡᠷᠭᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯᠯᠠᠭ᠎ᠠ᠎ᠳᠤ ᠣᠷᠣᠯᠴᠠᠬᠤ᠎ᠳᠤ ᠲᠥᠬᠦᠮ ᠦᠵᠡᠭᠦᠯᠵᠦ᠂ ᠨᠠᠩ ᠣᠯᠠᠨ ᠴᠢᠨᠠᠷ ᠰᠠᠶ᠋ᠢᠲᠠᠶ ᠦᠢ᠍ᠯᠡᠳᠬᠦᠨ᠎ᠢ ᠠᠷᠠᠳ ᠣᠯᠠᠨ᠎ᠤ ᠠᠮᠢᠳᠤᠷᠠᠯ᠎ᠳᠤ ᠣᠷᠣᠭᠤᠯᠬᠤ ᠵᠢ ᠠᠬᠢᠭᠤᠯᠤᠨ᠂ ᠬᠠᠭᠤᠴᠢᠨ ᠵᠶ᠋ᠠᠷ ᠰᠢᠨ᠎ᠡ ᠵᠢ ᠰᠣᠯᠢᠵᠤ ᠰᠢᠨ᠎ᠡ ᠬᠡᠷᠡᠭᠯᠡᠭᠴᠢᠳ᠎ᠲᠤ ᠠᠰᠢᠭ ᠬᠦᠷᠲᠡᠭᠡᠨ᠎ᠡ᠃