ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠢᠯᠣᠭᠤᠳᠬᠤ ᠰᠠᠨᠠᠯ (ᠰᠠᠨᠠᠯ ᠬᠤᠷᠢᠶᠠᠬᠤ ᠨᠣᠤᠷᠠᠭ)
ᠨᠡᠶ᠋ᠢᠲᠡᠯᠡᠭᠰᠡᠨ ᠴᠠᠭ᠄ 2024-06-07

   ᠶᠡᠷᠦᠩᠬᠡᠶ ᠱᠦᠵᠢ ᠰᠢ ᠵᠢᠨ ᠫᠢᠩ᠎ᠤᠨ 《ᠣᠶᠤᠨᠴᠢ ᠪᠣᠭᠤᠮᠲᠠ᠂ ᠣᠶᠤᠨᠴᠢ ᠬᠢᠯᠢ ᠬᠢᠵᠠᠭ᠋ᠠᠷ᠂ ᠣᠶᠤᠨᠴᠢ ᠨᠡᠪᠲᠡᠷᠡᠯᠴᠡᠭᠡ》 ᠵᠢᠨ ᠲᠤᠬᠠᠶ ᠴᠢᠬᠤᠯᠠ ᠣᠶ᠋ᠢᠯᠠᠭ᠋ᠠᠭᠳᠠᠬᠤᠨ᠎ᠢ ᠭᠦᠨᠵᠡᠭᠡᠶ ᠦᠢ᠍ᠯᠡᠳᠦᠯᠭᠡᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ ᠠᠵᠢᠯ᠎ᠤᠨ ᠭᠤᠤᠯ ᠰᠢᠵᠢᠮ᠎ᠤᠨ ᠲᠣᠭᠤᠷᠢᠨ᠎ᠳᠤ᠂ 《ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2020] 16 ᠳ᠋ᠤᠭ᠋ᠠᠷ ᠲᠣᠭ᠋ᠠᠲᠤ) ᠪᠠ 《ᠤᠯᠤᠰ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠪᠣᠭᠤᠮᠲᠠ ᠵᠢᠨ ᠬᠥᠭᠵᠢᠯᠲᠡ ᠵᠢᠨ ᠲᠥᠯᠥᠪᠵᠢᠭᠦᠯᠭᠡ》 ᠵᠢᠴᠢ ᠥᠪᠡᠷᠲᠡᠭᠡᠨ ᠵᠠᠰᠠᠬᠤ ᠣᠷᠣᠨ᠎ᠤ 《ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢ ᠪᠥᠲᠥᠭᠡᠨ ᠪᠠᠶ᠋ᠢᠭᠤᠯᠬᠤ ᠲᠤᠬᠠᠶ ᠬᠡᠷᠡᠭᠵᠢᠭᠦᠯᠬᠦ ᠲᠥᠰᠦᠯ》᠎ᠤᠨ ᠣᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠤᠬᠠᠶ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠣᠷᠣᠨ᠎ᠤ ᠪᠣᠭᠤᠮᠲᠠ ᠵᠢᠨ ᠬᠥᠭᠵᠢᠯᠲᠡ ᠵᠢᠨ ᠬᠡᠷᠡᠭᠴᠡᠭᠡ᠎ᠲᠠᠢ ᠤᠶᠠᠯᠳᠤᠭᠤᠯᠤᠨ᠂ ᠳᠣᠤᠷᠠᠬᠢ ᠮᠡᠲᠦ ᠰᠠᠨᠠᠯ ᠳᠤᠷᠠᠳᠪᠠ᠃

   ᠨᠢᠭᠡ᠂ ᠪᠦᠲᠦᠭᠡᠨ ᠪᠠᠶ᠋ᠢᠭᠤᠯᠤᠯᠲᠠ ᠵᠢᠨ ᠬᠠᠷᠠᠯᠲᠠ

   ᠨᠢᠭᠡᠳᠦᠯᠲᠡᠶ ᠲᠦᠯᠦᠪᠯᠡᠨ ᠠᠬᠢᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠡᠷᠴᠢᠮᠵᠢᠭᠰᠡᠨ ᠥᠨᠳᠥᠷ ᠪᠦᠲᠦᠮᠵᠢᠲᠡᠶ᠂ ᠴᠢᠨᠠᠷ ᠰᠠᠶ᠋ᠢᠲᠠᠶ ᠳᠥᠭᠦᠮ ᠳᠥᠲᠡ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠨᠡᠭᠡᠭᠡᠯᠲᠡ ᠬᠢᠵᠦ ᠬᠠᠮᠲᠤ᠎ᠪᠠᠷ ᠡᠳ᠋ᠯᠡᠬᠦ᠂ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠠᠷᠴᠢᠮ ᠶᠣᠰᠣᠭ᠋ᠠᠷ᠂ 《ᠨᠢᠭᠡ ᠰᠦᠯᠵᠢᠶ᠎ᠡ᠂ ᠨᠢᠭᠡ ᠲᠠᠪᠴᠠᠩ᠂ ᠨᠢᠭᠡ ᠥᠷᠲᠡᠭᠡᠨ᠎ᠤ ᠮᠠᠶᠢᠭ᠎ᠤᠨ ᠦᠢ᠍ᠯᠡᠴᠢᠯᠡᠭᠡ》᠎ᠪᠠᠷ ᠬᠠᠷᠠᠯᠲᠠ ᠪᠣᠯᠭ᠋ᠠᠵᠤ᠂ ᠪᠣᠭᠤᠮᠲᠠ ᠵᠢᠨ ᠪᠡᠯᠡᠳᠬᠡᠮᠵᠢ ᠲᠥᠬᠦᠭᠡᠷᠦᠮᠵᠢ ᠵᠢ ᠤᠶᠤᠨᠴᠢᠯᠠᠬᠤ᠂ ᠮᠡᠳᠡᠭᠡ ᠵᠠᠩᠭᠢ ᠵᠢᠨ ᠰᠢᠰᠲ᠋ᠧᠮ᠎ᠢ ᠡᠷᠴᠢᠮᠵᠢᠭᠦᠯᠬᠦ᠂ ᠠᠵᠢᠯᠯᠠᠭ᠋ᠠᠨ᠎ᠤ ᠬᠠᠮᠢᠶᠠᠷᠤᠯᠲᠠ ᠵᠢ ᠲᠣᠭ᠋ᠠᠴᠢᠯᠠᠬᠤ᠂ ᠶᠡᠷᠦᠩᠬᠡᠶ᠋ᠢᠯᠡᠭᠰᠡᠨ ᠦᠢ᠍ᠯᠡᠴᠢᠯᠡᠭᠡ ᠵᠢ ᠳᠥᠭᠦᠮᠴᠢᠯᠡᠬᠦ᠂ ᠬᠢᠯᠢ ᠠᠯᠤᠰᠯᠠᠭᠰᠠᠨ ᠬᠠᠮᠲᠤᠷᠠᠯᠴᠠᠭ᠎ᠠ ᠵᠢ ᠪᠠᠶ᠋ᠢᠩᠭᠤᠵᠢᠭᠤᠯᠬᠤ᠎ᠪᠠᠷ ᠭᠤᠤᠯ ᠣᠨᠴᠠᠯᠢᠭ ᠪᠣᠯᠭ᠋ᠠᠭᠰᠠᠨ ᠪᠠᠶ᠋ᠢᠪᠠᠯ᠂ ᠴᠢᠳᠠᠮᠵᠢ ᠵᠢᠨ ᠪᠠᠶ᠋ᠢᠷᠢᠰᠢᠭᠤᠯᠤᠯ᠎ᠨᠢ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ᠂ ᠪᠡᠯᠡᠳᠬᠡᠮᠵᠢ ᠲᠥᠬᠦᠭᠡᠷᠦᠮᠵᠢ᠎ᠨᠢ ᠨᠠᠩ ᠲᠡᠷᠢᠭᠦᠨ᠎ᠤ᠂ ᠠᠵᠢᠯᠯᠠᠭ᠋ᠠᠨ᠎ᠤ ᠬᠠᠮᠢᠶᠠᠷᠤᠯᠲᠠ᠎ᠨᠢ ᠠᠮᠤᠷ ᠲᠦᠪᠰᠢᠨ ᠥᠨᠳᠥᠷ ᠪᠦᠲᠦᠮᠵᠢᠲᠡᠶ᠂ ᠦᠢ᠍ᠯᠡᠴᠢᠯᠡᠭᠡᠨ᠎ᠤ ᠪᠠᠲᠤᠯᠠᠭ᠎ᠠ᠎ᠨᠢ ᠴᠢᠨᠠᠷ ᠰᠠᠶ᠋ᠢᠲᠠᠶ ᠳᠥᠭᠦᠮ ᠳᠥᠲᠡ᠂ ᠪᠣᠭᠤᠮᠲᠠ ᠵᠢᠨ ᠠᠵᠤ ᠠᠬᠤᠶ ᠵᠢ ᠵᠣᠬᠢᠴᠠᠩᠭᠤᠶ ᠬᠥᠭᠵᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠱᠠᠭ᠋ᠠᠷᠳᠠᠯᠭ᠎ᠠ᠎ᠳᠤ ᠵᠣᠬᠢᠴᠠᠭᠰᠠᠨ ᠣᠳᠣᠬᠢᠴᠢᠯᠠᠭᠰᠠᠨ ᠣᠶᠤᠨᠴᠢ ᠪᠣᠭᠤᠮᠲᠠ ᠵᠢ ᠪᠠᠶ᠋ᠢᠭᠤᠯᠤᠨ᠎ᠠ᠃

  2025 ᠣᠨ ᠪᠣᠯᠬᠤ᠎ᠳᠤ᠂ ᠤᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠢᠳᠡᠪᠬᠢᠲᠡᠶ ᠠᠭᠢᠵᠤ᠂ ᠮᠠᠨᠵᠤᠤᠷ᠂ ᠡᠷᠢᠶᠡᠨ ᠬᠤᠲᠠ ᠵᠢᠨ ᠶᠡᠷᠦᠩᠬᠡᠶ᠋ᠢᠯᠡᠭᠰᠡᠨ ᠵᠠᠩᠭᠢᠯᠠᠭ᠎ᠠ ᠵᠢᠨ ᠪᠣᠭᠤᠮᠲᠠ ᠵᠢ ᠦᠨᠳᠦᠰᠦᠨ᠎ᠳᠤ᠎ᠪᠠᠨ ᠪᠠᠶ᠋ᠢᠭᠤᠯᠤᠨ ᠪᠦᠲᠦᠭᠡᠵᠦ᠂ ᠪᠥᠬᠦ ᠤᠯᠤᠰ᠎ᠲᠤ ᠵᠢᠱ᠌ᠢᠶ᠎ᠡ ᠦᠵᠡᠭᠦᠯᠵᠦ ᠬᠥᠲᠥᠯᠦᠨ ᠳᠠᠭ᠋ᠠᠭᠤᠯᠬᠤ ᠦᠢ᠍ᠯᠡᠳᠦᠯ ᠭᠠᠷᠭ᠋ᠠᠨ᠎ᠠ; ᠭᠠᠭᠴᠠᠮᠤᠳᠤ᠂ ᠴᠡᠭᠡ᠂ ᠵᠡᠭᠦᠨ ᠬᠠᠲᠠᠪᠴᠢ ᠵᠡᠷᠭᠡ ᠭᠤᠤᠯᠳᠠᠯᠭ᠎ᠠ᠎ᠲᠠᠢ ᠲᠤᠰᠬᠠᠶ ᠮᠡᠷᠭᠡᠵᠢᠯ᠎ᠤᠨ ᠪᠣᠭᠤᠮᠲᠠ ᠵᠢᠨ ᠶᠡᠭᠡ ᠬᠡᠮᠵᠢᠶᠡᠨ᠎ᠤ ᠲᠠᠸᠠᠷ᠎ᠤᠨ ᠪᠣᠭᠤᠮᠲᠠ᠎ᠪᠠᠷ ᠥᠩᠭᠡᠷᠡᠬᠦ ᠵᠢ ᠪᠠᠶ᠋ᠢᠴᠠᠭ᠋ᠠᠨ ᠰᠢᠯᠭ᠋ᠠᠬᠤ᠂ ᠪᠠᠷᠠᠭ᠋ᠠᠨ᠎ᠤ ᠭᠦᠢ᠍ᠯᠭᠡᠭᠡᠨ᠎ᠤ ᠬᠥᠮᠥᠷᠭᠡᠯᠡᠨ ᠬᠠᠳᠠᠭ᠋ᠠᠯᠠᠬᠤ ᠪᠡᠯᠡᠳᠬᠡᠮᠵᠢ ᠲᠥᠬᠦᠭᠡᠷᠦᠮᠵᠢ ᠵᠢᠨ ᠮᠡᠳᠡᠭᠡ ᠵᠠᠩᠭᠢᠴᠢᠯᠠᠯᠲᠠ ᠵᠢᠨ ᠤᠶᠤᠨᠴᠢᠯᠠᠭᠰᠠᠨ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠵᠦ᠂ ᠠᠵᠢᠯᠯᠠᠭ᠋ᠠᠨ᠎ᠤ ᠬᠠᠮᠢᠶᠠᠷᠤᠯᠲᠠ ᠵᠢ ᠲᠣᠭ᠋ᠠᠴᠢᠯᠠᠬᠤ᠂ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠳᠥᠭᠦᠮᠴᠢᠯᠡᠯᠲᠡ ᠵᠢ ᠢᠳᠡᠪᠬᠢᠲᠡᠶ ᠦᠷ᠎ᠡ ᠪᠦᠲᠦᠮᠵᠢ ᠤᠯᠤᠨ᠎ᠠ; ᠡᠩ᠎ᠤᠨ ᠪᠣᠭᠤᠮᠲᠠ ᠵᠢᠨ ᠪᠡᠯᠡᠳᠬᠡᠮᠵᠢ ᠲᠥᠬᠦᠭᠡᠷᠦᠮᠵᠢ ᠵᠢᠨ ᠤᠶᠤᠨᠴᠢᠯᠠᠯᠲᠠ᠂ ᠮᠡᠳᠡᠭᠡ   ᠵᠠᠩᠭᠢᠴᠢᠯᠠᠯᠲᠠ᠂ ᠡᠷᠴᠢᠮᠵᠢᠭᠦᠯᠦᠭᠰᠡᠨ ᠳᠤᠲᠠᠭᠤᠳᠠᠯ᠎ᠢ ᠨᠥᠬᠦᠪᠥᠷᠢᠯᠡᠵᠦ᠂ ᠪᠣᠭᠤᠮᠲᠠ ᠵᠢᠨ ᠨᠡᠪᠲᠡᠷᠡᠬᠦ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠪᠡ᠃

  2030 ᠣᠨ ᠪᠤᠯᠳᠡᠯ᠎ᠠ᠂ ᠣᠶᠣᠨᠴᠢ ᠪᠤᠭᠤᠮᠳᠡ ᠴᠢᠬᠤᠯᠡ ᠶᠡᠭᠡ ᠠᠬᠢᠴᠠ᠎ᠲᠠᠢ ᠪᠤᠯᠵᠦ᠂ ᠡᠯ᠎ᠠ ᠪᠤᠭᠤᠮᠳᠡ ᠵᠢᠨ ᠭᠤᠤᠯ ᠴᠣᠠᠠᠴᠠ ᠵᠢᠨ ᠬᠤᠭᠤᠷᠤᠨᠳᠣᠬᠢ ᠣᠶᠣᠨᠴᠢ ᠬᠠᠷᠢᠯᠴᠠᠨ ᠬᠤᠯᠪᠤᠭ᠋ᠠᠯᠬᠠᠰᠠᠨ᠂ ᠬᠠᠮᠵᠢᠯᠴᠠᠨ ᠬᠠᠮᠳᠣᠷᠡᠨ ᠬᠦᠳᠡᠯᠥᠯᠴᠡᠭᠰᠡᠨ᠂ ᠦᠨᠳᠣᠷ ᠦᠷ᠎ᠠ ᠪᠦᠳᠦᠮᠵᠢᠳᠡᠢ᠎ᠪᠠᠷ ᠠᠵᠢᠯᠯᠠᠵᠤ ᠪᠦᠬᠦᠢ ᠰᠠᠶ᠋ᠢᠨ ᠰᠠᠶ᠋ᠢᠬᠠᠨ ᠠᠮᠢ ᠠᠬᠤᠢ ᠵᠢ ᠪᠦᠷᠢᠯᠳᠦᠬᠦᠯᠵᠦ᠂ ᠲᠣᠷᠰᠢᠯᠳᠡ ᠵᠢᠨ ᠴᠡᠭ᠎ᠢ ᠪᠦᠳᠦᠭᠡᠨ ᠪᠠᠶ᠋ᠢᠭᠤᠯᠬᠤ ᠵᠢᠨ ᠣᠶᠣᠨᠴᠢᠯᠬᠠᠰᠠᠨ ᠭᠡᠮᠵᠢᠶ᠎ᠠ ᠵᠢ ᠳᠡᠯᠡᠭᠡᠢ ᠵᠢᠨ ᠳᠡᠷᠢᠬᠦᠨ᠎ᠤ ᠬᠢᠷᠢ ᠭᠡᠮᠵᠢᠶ᠎ᠠ᠎ᠳᠤ ᠬᠦᠷᠦᠬᠦᠯᠥᠨ᠎ᠠ᠃

  2035 ᠣᠨ ᠪᠣᠯᠬᠤ᠎ᠳᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠳᠡᠯᠡᠬᠡᠶ ᠵᠢᠨ ᠲᠡᠷᠢᠭᠦᠨ᠎ᠤ ᠬᠢᠷᠢ ᠲᠦᠪᠰᠢᠨ᠎ᠳᠤ ᠬᠦᠷᠦᠭᠰᠡᠨ ᠤᠶᠤᠨᠴᠢ ᠪᠣᠭᠤᠮᠲᠠ ᠵᠢ ᠦᠨᠳᠦᠰᠦᠨ᠎ᠳᠡᠭᠡᠨ ᠪᠠᠶ᠋ᠢᠭᠤᠯᠵᠤ᠂ ᠡᠷᠬᠢᠨ ᠲᠣᠭᠤᠷᠢᠨ᠎ᠤ ᠤᠯᠤᠰ᠎ᠤᠨ ᠤᠶᠤᠨᠴᠢ ᠪᠣᠭᠤᠮᠲᠠ ᠵᠢᠨ ᠬᠥᠭᠵᠢᠯᠲᠡ ᠵᠢ ᠬᠥᠲᠥᠯᠦᠨ ᠳᠠᠭ᠋ᠠᠭᠤᠯᠤᠨ᠎ᠠ᠃

   ᠬᠤᠶᠠᠷ᠂ ᠭᠤᠣᠯᠳᠠᠯᠭ᠎ᠠ᠎ᠲᠠᠢ ᠡᠭᠦᠷᠭᠡ

  (ᠨᠢᠭᠡ) ᠪᠡᠯᠡᠳᠬᠡᠮᠵᠢ ᠲᠥᠬᠦᠭᠡᠷᠦᠮᠵᠢ ᠵᠢᠨ ᠤᠶᠤᠨᠴᠢᠯᠠᠯᠲᠠ ᠵᠢ ᠲᠦᠷᠭᠡᠪᠴᠢᠯᠡᠨ ᠠᠬᠢᠭᠤᠯᠤᠨ᠎ᠠ

  1. ᠪᠣᠭᠣᠮᠲᠠ ᠵᠢᠨ ᠣᠷᠣᠨ ᠪᠦᠰᠡ ᠵᠢᠨ ᠴᠢᠳᠠᠮᠵᠢ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠎ᠡ᠃ ᠪᠣᠭᠣᠮᠲᠠ ᠵᠢᠨ ᠪᠠᠶ᠋ᠢᠴᠠᠭ᠋ᠠᠨ ᠰᠢᠯᠭ᠋ᠠᠬᠤ ᠨᠡᠪᠲᠡᠷᠡᠬᠦ ᠵᠠᠮ᠎ᠤᠨ ᠴᠢᠳᠠᠮᠵᠢᠲᠦ ᠣᠷᠣᠨ᠎ᠤ ᠬᠤᠪᠢᠶᠠᠷᠢᠯᠠᠯᠲᠠ ᠵᠢ ᠵᠦᠢ ᠵᠣᠬᠢᠰᠲᠠᠶ ᠲᠥᠯᠥᠪᠵᠢᠭᠦᠯᠦᠨ ᠪᠠᠶ᠋ᠢᠷᠢᠯᠠᠭᠤᠯᠵᠤ᠂ ᠡᠭᠦᠷᠭᠡ ᠭᠦᠢ᠍ᠴᠡᠳᠬᠡᠬᠦ ᠲᠤᠬᠠᠶ᠋ᠢᠯᠠᠭᠰᠠᠨ ᠠᠵᠢᠯ᠎ᠤᠨ ᠭᠡᠷ ᠪᠠᠶ᠋ᠢᠰᠢᠩ᠎ᠢ ᠪᠠᠷᠢᠮᠵᠢᠶ᠎ᠠ ᠶᠣᠰᠣᠭ᠋ᠠᠷ ᠪᠦᠷᠢᠨ ᠭᠦᠢ᠍ᠴᠡᠳ ᠲᠣᠬᠢᠷᠠᠭᠤᠯᠤᠨ᠎ᠠ᠃ ᠬᠡᠷᠡᠭᠴᠡᠭᠡ᠎ᠪᠠᠨ ᠦᠨᠳᠦᠰᠦᠯᠡᠨ ᠬᠢᠯᠢ ᠵᠢᠨ ᠪᠣᠭᠤᠮᠲᠠ᠎ᠪᠠᠷ ᠣᠷᠣᠵᠤ ᠭᠠᠷᠬᠤ ᠣᠷᠣᠨ ᠪᠦᠰᠡ᠎ᠳᠠᠬᠢ ᠠᠮᠤᠷ ᠲᠦᠪᠰᠢᠨ᠎ᠤ ᠪᠠᠶ᠋ᠢᠴᠠᠭ᠋ᠠᠯᠲᠠ ᠵᠢᠨ ᠪᠡᠯᠡᠳᠬᠡᠮᠵᠢ ᠵᠢ ᠪᠠᠶ᠋ᠢᠭᠤᠯᠵᠤ᠂ ᠬᠢᠯᠢ ᠵᠢᠨ ᠪᠣᠭᠤᠮᠲᠠ ᠵᠢᠨ ᠵᠢᠭᠤᠯᠴᠢᠯᠠᠯ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠨᠡᠪᠲᠡᠷᠡᠬᠦ ᠵᠠᠮ᠎ᠳᠤ ᠠᠮᠤᠷ ᠲᠦᠪᠰᠢᠨ᠎ᠤ ᠰᠢᠯᠭ᠋ᠠᠨ ᠪᠠᠶ᠋ᠢᠴᠠᠭ᠋ᠠᠯᠲᠠ ᠵᠢᠨ ᠤᠷᠢᠳᠠᠴᠢ ᠠᠷᠭ᠎ᠠ ᠬᠡᠮᠵᠢᠶ᠎ᠡ ᠵᠢ ᠪᠥᠬᠦ ᠲᠠᠯ᠎ᠠ᠎ᠪᠠᠷ ᠬᠡᠷᠡᠭᠵᠢᠭᠦᠯᠬᠦ ᠵᠢ ᠲᠦᠯᠬᠢᠨ ᠠᠬᠢᠭᠤᠯᠵᠤ᠂ ᠨᠥᠬᠦᠴᠡᠯ ᠪᠦᠷᠢᠳᠦᠭᠦᠯᠦᠭᠰᠡᠨ ᠪᠠᠷᠠᠭ᠋ᠠᠨ᠎ᠤ ᠪᠠᠶ᠋ᠢᠴᠠᠭ᠋ᠠᠯᠲᠠ ᠵᠢᠨ ᠨᠡᠪᠲᠡᠷᠡᠬᠦ ᠵᠠᠮ᠎ᠳᠤ ᠠᠮᠤᠷ ᠲᠦᠪᠰᠢᠨ᠎ᠤ ᠪᠠᠶ᠋ᠢᠴᠠᠭ᠋ᠠᠯᠲᠠ ᠬᠢᠬᠦ ᠵᠢ ᠤᠷᠢᠳᠠᠪᠠᠷ ᠬᠢᠬᠦ ᠵᠢ ᠪᠡᠶᠡᠯᠡᠭᠦᠯᠦᠨ᠎ᠡ᠃  ᠬᠡᠷᠡᠭᠴᠡᠭᠡ᠎ᠪᠠᠨ ᠦᠨᠳᠦᠰᠦᠯᠡᠨ ᠲᠡᠮᠦᠷ ᠵᠠᠮ᠎ᠤᠨ ᠪᠣᠭᠤᠮᠲᠠ᠎ᠨᠢ ᠪᠣᠭᠤᠮᠲᠠ ᠵᠢᠨ ᠡᠮᠦᠨᠡᠬᠢ ᠬᠣᠷᠢᠭᠯᠠᠬᠤ᠂ ᠬᠢᠵᠢᠭ᠎ᠤᠨ ᠪᠠᠶ᠋ᠢᠴᠠᠭ᠋ᠠᠯᠲᠠ ᠬᠢᠬᠦ᠂ ᠴᠥᠮ᠎ᠡ ᠠᠮᠢᠳᠤ ᠪᠣᠳᠠᠰ᠎ᠢ ᠰᠢᠢ᠍ᠳᠪᠦᠷᠢᠯᠡᠬᠦ᠂ ᠬᠤᠭᠤᠴᠠᠭ᠎ᠠ ᠬᠢᠵᠠᠭ᠋ᠠᠷᠯᠠᠨ ᠠᠵᠢᠯᠯᠠᠬᠤ᠂ ᠬᠥᠮᠦᠨ᠎ᠤ ᠬᠦᠴᠦ᠎ᠪᠠᠷ ᠪᠠᠶ᠋ᠢᠴᠠᠭ᠋ᠠᠬᠤ᠂ ᠬᠢᠵᠢᠭ᠎ᠤᠨ ᠪᠠᠶ᠋ᠢᠴᠠᠭ᠋ᠠᠯᠲᠠ ᠵᠢ ᠰᠢᠢ᠍ᠳᠪᠦᠷᠢᠯᠡᠬᠦ᠂ ᠲᠦᠷ ᠬᠠᠳᠠᠭ᠋ᠠᠯᠠᠬᠤ ᠵᠡᠷᠭᠡ ᠡᠯ᠎ᠡ ᠠᠵᠢᠯᠯᠠᠬᠤ ᠲᠣᠭᠤᠷᠢᠭ (ᠬᠥᠮᠥᠷᠭᠡ)᠎ᠤᠨ ᠴᠢᠳᠠᠮᠵᠢ ᠵᠢᠨ ᠪᠠᠶ᠋ᠢᠷᠢᠰᠢᠭᠤᠯᠤᠯᠲᠠ ᠵᠢ ᠵᠦᠢ ᠵᠣᠬᠢᠰᠲᠠᠶ ᠰᠢᠯᠢᠳᠡᠭᠵᠢᠭᠦᠯᠵᠦ᠂ ᠬᠠᠮᠲᠤ᠎ᠪᠠᠷ ᠬᠡᠷᠡᠭᠯᠡᠵᠦ ᠬᠠᠮᠲᠤ᠎ᠪᠠᠷ ᠪᠠᠶ᠋ᠢᠴᠠᠭ᠋ᠠᠨ ᠰᠢᠯᠭ᠋ᠠᠬᠤ ᠪᠡᠯᠡᠳᠬᠡᠮᠵᠢ ᠲᠥᠬᠦᠭᠡᠷᠦᠮᠵᠢ ᠪᠠ ᠲᠤᠭ᠎ᠠ ᠪᠠᠷᠢᠮᠲᠠ ᠵᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠨ᠎ᠡ᠃  ᠵᠠᠰᠠᠮᠠᠯ ᠵᠠᠮ᠎ᠤᠨ ᠪᠣᠭᠤᠮᠲᠠ᠎ᠪᠠᠷ ᠣᠷᠣᠵᠤ ᠢᠷᠡᠭᠰᠡᠨ ᠵᠢᠯᠣᠭᠤᠴᠢ ᠪᠠ ᠰᠠᠭᠤᠳᠠᠯ᠎ᠤᠨ ᠠᠵᠢᠯᠲᠠᠨ᠎ᠤ ᠡᠷᠡᠭᠦᠯ ᠬᠠᠮᠠᠭ᠋ᠠᠯᠠᠯ᠎ᠤᠨ ᠬᠢᠵᠢᠭ᠎ᠤᠨ ᠪᠠᠶ᠋ᠢᠴᠠᠭ᠋ᠠᠯᠲᠠ᠂ ᠲᠡᠷᠭᠡ ᠬᠥᠰᠬᠡ ᠵᠢᠨ ᠠᠷᠢᠭᠤᠳᠬᠠᠯ᠂ ᠴᠥᠮ᠎ᠡ ᠵᠢᠨ ᠠᠮᠢᠳᠤ ᠪᠣᠳᠠᠰ᠎ᠤᠨ ᠬᠢᠮᠢ ᠵᠢᠨ ᠪᠠᠶ᠋ᠢᠴᠠᠭ᠋ᠠᠨ ᠬᠡᠮᠵᠢᠯᠲᠡ ᠵᠡᠷᠭᠡ ᠠᠵᠢᠯ᠎ᠤᠨ ᠲᠣᠭᠤᠷᠢᠭ ᠪᠠ ᠲᠤᠭ᠎ᠠ ᠪᠠᠷᠢᠮᠲᠠ ᠵᠢᠨ ᠮᠡᠳᠡᠭᠡ ᠵᠠᠩᠭᠢ ᠵᠢ ᠲᠦᠪᠯᠡᠷᠡᠭᠦᠯᠦᠨ ᠡᠮᠬᠢᠯᠡᠨ ᠨᠡᠶ᠋ᠢᠯᠡᠭᠦᠯᠵᠦ᠂ ᠠᠳᠠᠯᠢ ᠨᠢᠭᠡᠨ ᠣᠷᠣᠨ ᠪᠦᠰᠡ᠎ᠳᠤ ᠵᠡᠷᠭᠡ᠎ᠪᠠᠷ ᠪᠡᠶᠡᠯᠡᠭᠦᠯᠬᠦ ᠵᠢ ᠪᠡᠶᠡᠯᠡᠭᠦᠯᠦᠨ᠎ᠡ᠃ ᠠᠭ᠋ᠠᠷ᠎ᠤᠨ ᠠᠶᠠᠯᠠᠯ᠎ᠤᠨ ᠪᠣᠭᠣᠮᠲᠠ᠎ᠳᠤ ᠠᠶᠠᠨᠴᠢᠳ᠎ᠤᠨ ᠵᠠᠮ ᠵᠢᠴᠢ ᠣᠯᠠᠨ ᠤᠯᠤᠰ᠎ᠤᠨ ᠲᠦᠷᠭᠡᠨ ᠬᠦᠷᠭᠡᠬᠦ ᠵᠦᠢ᠍ᠯ᠎ᠤᠨ ᠰᠢᠤᠳᠠᠨ᠎ᠤ ᠵᠦᠢ᠍ᠯ᠎ᠤᠨ ᠣᠷᠣᠨ ᠪᠦᠰᠡ ᠵᠢ ᠰᠢᠨᠵᠢᠯᠡᠬᠦ ᠤᠬᠠᠭ᠋ᠠᠨᠴᠢ᠎ᠪᠠᠷ ᠪᠠᠢ᠍ᠷᠢᠯᠠᠭᠤᠯᠬᠤ ᠬᠡᠷᠡᠭᠲᠡᠢ᠃

  2. ᠳᠡᠰ ᠳᠡᠪᠰᠢᠭᠦᠯᠬᠦ ᠤᠶᠤᠨᠴᠢ ᠵᠢᠭᠤᠯᠴᠢᠯᠠᠯ᠎ᠤᠨ ᠪᠠᠶ᠋ᠢᠴᠠᠭ᠋ᠠᠬᠤ ᠪᠡᠯᠡᠳᠬᠡᠮᠵᠢ ᠲᠥᠬᠦᠭᠡᠷᠦᠮᠵᠢ ᠲᠣᠬᠢᠷᠠᠭᠤᠯᠤᠨ᠎ᠠ᠃  ᠮᠠᠨᠵᠤᠤᠷ᠂ ᠡᠷᠢᠶᠡᠨ ᠬᠤᠲᠠ᠂ ᠠᠷᠤᠬᠠᠰᠢᠶᠠᠲᠤ ᠵᠡᠷᠭᠡ ᠬᠢᠯᠢ᠎ᠪᠠᠷ ᠣᠷᠣᠵᠤ ᠭᠠᠷᠬᠤ ᠠᠶᠠᠨᠴᠢᠳ᠎ᠤᠨ ᠴᠤᠪᠤᠷᠠᠯ᠎ᠤᠨ ᠬᠡᠮᠵᠢᠶ᠎ᠡ ᠨᠡᠯᠢᠶᠡᠳ ᠶᠡᠭᠡ ᠬᠢᠯᠢ ᠵᠢᠨ ᠪᠣᠭᠤᠮᠲᠠ ᠪᠠ ᠠᠭ᠋ᠠᠷ᠎ᠤᠨ ᠠᠶᠠᠯᠠᠯ᠎ᠤᠨ ᠪᠣᠭᠤᠮᠲᠠ᠎ᠨᠢ ᠪᠣᠭᠤᠮᠲᠠ᠎ᠪᠠᠷ ᠥᠩᠭᠡᠷᠡᠬᠦ ᠣᠷᠭᠢᠯ ᠬᠡᠮᠵᠢᠭᠳᠡᠯ᠎ᠤᠨ ᠤᠷᠤᠰᠬᠠᠯ᠎ᠤᠨ ᠬᠡᠮᠵᠢᠶ᠎ᠡ᠎ᠪᠠᠷ ᠰᠠᠭᠤᠷᠢ   ᠪᠣᠯᠭ᠋ᠠᠵᠤ᠂ ᠡᠷᠡᠭᠦᠯ ᠮᠡᠨᠳᠦ ᠵᠢ ᠭᠤᠶᠤᠴᠢᠯᠠᠨ ᠮᠡᠳᠡᠭᠦᠯᠵᠦ ᠬᠢᠨᠠᠨ ᠰᠢᠯᠭ᠋ᠠᠬᠤ ᠨᠢᠭᠡ ᠴᠣᠭᠴᠠᠲᠤ ᠮᠠᠰᠢᠨ᠂ ᠳᠤᠯᠠᠭ᠋ᠠᠨ᠎ᠤ ᠬᠡᠮᠵᠢᠶ᠎ᠡ ᠵᠢ ᠤᠶᠤᠨᠴᠢ᠎ᠪᠠᠷ ᠰᠢᠯᠭ᠋ᠠᠨ ᠪᠠᠶ᠋ᠢᠴᠠᠭ᠋ᠠᠬᠤ ᠵᠢᠭᠤᠯᠴᠢᠯᠠᠯ᠎ᠤᠨ ᠨᠡᠪᠲᠡᠷᠡᠬᠦ ᠵᠠᠮ᠂ ᠬᠥᠮᠦᠨ᠎ᠤ ᠬᠦᠴᠦ᠎ᠪᠠᠷ ᠰᠢᠯᠭ᠋ᠠᠨ ᠬᠢᠨᠠᠬᠤ ᠠᠵᠢᠯ᠎ᠤᠨ ᠥᠷᠲᠡᠭᠡ ᠵᠡᠷᠭᠡ ᠣᠶᠤᠨᠴᠢᠯᠠᠭᠰᠠᠨ ᠲᠥᠬᠦᠭᠡᠷᠦᠮᠵᠢ ᠵᠢ ᠤᠷᠢᠳᠠᠪᠠᠷ ᠳᠣᠭᠢᠷᠠᠭᠤᠯᠵᠤ᠂ ᠣᠲᠣ ᠵᠢᠨ ᠪᠠᠶ᠋ᠢᠭ᠎ᠠ ᠡᠷᠡᠭᠦᠯ ᠬᠠᠮᠠᠭ᠋ᠠᠯᠠᠯ᠎ᠤᠨ ᠬᠢᠵᠢᠭ ᠪᠠᠶ᠋ᠢᠴᠠᠭ᠋ᠠᠬᠤ ᠨᠡᠪᠲᠡᠷᠡᠬᠦ ᠵᠠᠮ᠎ᠢ ᠲᠠᠰ ᠳᠡᠪᠰᠢᠭᠦᠯᠦᠨ ᠥᠭᠡᠷᠡᠴᠢᠯᠡᠵᠦ᠂ ᠡᠷᠡᠭᠦᠯ ᠬᠠᠮᠠᠭ᠋ᠠᠯᠠᠯ᠎ᠤᠨ ᠬᠢᠵᠢᠭ ᠪᠠᠶ᠋ᠢᠴᠠᠭ᠋ᠠᠬᠤ ᠠᠵᠢᠯ᠎ᠤᠨ ᠴᠤᠪᠤᠷᠠᠯ᠎ᠢ ᠰᠢᠯᠢᠳᠡᠭᠵᠢᠭᠦᠯᠦᠨ᠂ ᠠᠶᠠᠨᠴᠢᠳ᠎ᠤᠨ ᠪᠣᠭᠤᠮᠲᠠ᠎ᠪᠠᠷ ᠥᠩᠭᠡᠷᠡᠬᠦ ᠴᠠᠭ᠎ᠢ ᠪᠠᠭ᠋ᠠᠰᠬᠠᠪᠠ᠃   ᠵᠠᠰᠠᠮᠠᠯ ᠵᠠᠮ᠎ᠤᠨ ᠪᠣᠭᠤᠮᠲᠠ ᠵᠢᠨ ᠬᠢᠯᠢ᠎ᠪᠠᠷ ᠣᠷᠣᠵᠤ ᠭᠠᠷᠬᠤ ᠪᠠᠷᠠᠭ᠋ᠠᠨ᠎ᠤ ᠲᠡᠭᠡᠭᠡᠪᠦᠷᠢ ᠵᠢᠨ ᠵᠢᠯᠣᠭᠤᠴᠢ ᠪᠠ ᠠᠶᠠᠨᠴᠢᠳ᠎ᠤᠨ ᠡᠷᠡᠭᠦᠯ ᠬᠠᠮᠠᠭ᠋ᠠᠯᠠᠯ᠎ᠤᠨ ᠬᠢᠵᠢᠭ ᠪᠠᠶ᠋ᠢᠴᠠᠭ᠋ᠠᠬᠤ ᠵᠠᠮ᠎ᠳᠤ ᠡᠷᠡᠭᠦᠯ ᠬᠠᠮᠠᠭ᠋ᠠᠯᠠᠯ᠎ᠤᠨ ᠬᠢᠵᠢᠭ ᠪᠠᠶ᠋ᠢᠴᠠᠭ᠋ᠠᠬᠤ ᠨᠢᠭᠡ ᠴᠣᠭᠴᠠᠲᠤ ᠮᠠᠰᠢᠨ᠎ᠢ ᠳᠣᠭᠢᠷᠠᠭᠤᠯᠵᠤ᠂ ᠪᠠᠷᠠᠭ᠋ᠠᠨ᠎ᠤ ᠲᠡᠭᠡᠭᠡᠪᠦᠷᠢ ᠵᠢᠨ ᠵᠢᠯᠣᠭᠤᠴᠢ ᠪᠠ ᠠᠶᠠᠨᠴᠢᠳ᠎ᠤᠨ ᠥᠯᠥ ᠬᠦᠷᠦᠯᠴᠡᠬᠦ ᠬᠡᠯᠪᠡᠷᠢ ᠵᠢᠨ ᠪᠣᠭᠤᠮᠲᠠ᠎ᠪᠠᠷ ᠥᠩᠭᠡᠷᠡᠬᠦ ᠵᠠᠭᠪᠤᠷ᠎ᠢ ᠦᠷᠭᠦᠯᠵᠢᠯᠡᠨ ᠰᠠᠶ᠋ᠢᠵᠢᠷᠠᠭᠤᠯᠵᠤ᠂ ᠪᠣᠭᠤᠮᠲᠠ᠎ᠪᠠᠷ ᠥᠩᠭᠡᠷᠡᠬᠦ ᠬᠦᠴᠦᠨ᠎ᠲᠠᠢ ᠬᠤᠭᠤᠴᠠᠭ᠎ᠠ ᠵᠢ ᠳᠡᠭᠡᠭᠰᠢᠯᠡᠭᠦᠯᠦᠨ᠎ᠡ᠃

  3. ᠪᠠᠷᠠᠭ᠋ᠠᠨ᠎ᠤ ᠲᠡᠭᠡᠭᠡᠪᠦᠷᠢ ᠵᠢᠨ ᠪᠣᠭᠤᠮᠲᠠ᠎ᠪᠠᠷ ᠥᠩᠭᠡᠷᠡᠬᠦ ᠣᠶᠤᠨᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃  ᠮᠠᠨᠵᠤᠤᠷ᠂ ᠡᠷᠢᠶᠡᠨ ᠬᠤᠲᠠ ᠵᠢᠨ ᠶᠡᠷᠦᠩᠬᠡᠶ᠋ᠢᠯᠡᠭᠰᠡᠨ ᠵᠠᠩᠭᠢᠯᠠᠭ᠎ᠠ ᠵᠢᠨ ᠪᠣᠭᠤᠮᠲᠠ᠂ ᠭᠠᠭᠴᠠᠮᠤᠳᠤ᠂ ᠴᠡᠭᠡ᠂ ᠵᠡᠭᠦᠨ ᠬᠠᠲᠠᠪᠴᠢ ᠵᠡᠷᠭᠡ ᠭᠤᠣᠯᠳᠠᠯᠭ᠎ᠠ᠎ᠲᠠᠢ ᠲᠤᠰᠬᠠᠢ ᠮᠡᠷᠭᠡᠵᠢᠯ᠎ᠤᠨ ᠪᠣᠭᠤᠮᠲᠠ ᠪᠠ ᠡᠪᠦᠳᠦᠭ ᠪᠣᠭᠤᠮᠲᠠ᠎ᠨᠢ ᠵᠣᠬᠢᠶᠠᠮᠠᠯ ᠣᠶᠤᠨᠴᠢ᠂ ᠠᠮᠢᠳᠤ ᠪᠣᠳᠠᠰ᠎ᠢ ᠢᠯᠭ᠋ᠠᠨ ᠲᠠᠨᠢᠬᠤ᠂ ᠪᠣᠳᠠᠰ᠎ᠤᠨ ᠮᠡᠳᠡᠭᠡ ᠵᠠᠩᠭᠢ ᠵᠢᠨ ᠰᠦᠯᠵᠢᠶ᠎ᠡ᠂ ᠳᠠᠭ᠋ᠠᠭᠤᠯᠢ ᠣᠳᠣᠨ᠎ᠤ ᠠᠶᠠᠯᠠᠯ ᠵᠠᠯᠠᠬᠤ ᠵᠡᠷᠭᠡ ᠲᠡᠷᠢᠭᠦᠨ᠎ᠤ ᠮᠡᠷᠭᠡᠵᠢᠯ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠳᠣᠲᠣᠭ᠋ᠠᠳᠤ᠎ᠳᠤ᠎ᠪᠠᠨ ᠨᠡᠪᠲᠡ ᠦᠵᠡᠬᠦ᠂ ᠭᠠᠳᠠᠷ ᠲᠠᠯ᠎ᠠ ᠵᠢᠨ ᠰᠢᠷᠪᠢᠯᠲᠡ᠂ ᠵᠢᠷᠤᠭ ᠳᠦᠷᠰᠦ ᠵᠢᠨ ᠵᠠᠳᠠᠯᠤᠯᠲᠠ᠂ ᠣᠶᠤᠨᠴᠢ ᠲᠦᠭᠰᠢᠭᠦᠷᠢ ᠮᠡᠳᠡᠭᠦᠯᠬᠦ ᠵᠡᠷᠭᠡ ᠴᠢᠳᠠᠮᠵᠢ᠎ᠲᠠᠢ ᠲᠣᠮᠣ ᠬᠡᠯᠪᠡᠷᠢ ᠵᠢᠨ ᠴᠢᠩᠭᠡᠯᠢᠭᠲᠦ ᠨᠡᠪᠲᠡ ᠦᠵᠡᠬᠦ ᠪᠠᠶ᠋ᠢᠴᠠᠭ᠋ᠠᠯᠲᠠ᠂ ᠨᠡᠶ᠋ᠢᠯᠡᠮᠡᠯ ᠨᠢᠷᠤᠭᠤᠨ ᠳᠡᠭᠡᠷᠡᠬᠢ ᠰᠠᠴᠤᠷᠠᠭ᠎ᠤᠨ ᠪᠠᠶ᠋ᠢᠴᠠᠭ᠋ᠠᠯᠲᠠ᠂ ᠬᠤᠭᠤᠰᠣᠨ ᠬᠠᠶ᠋ᠢᠷᠴᠠᠭ᠎ᠤᠨ ᠡᠭᠦᠷᠬᠦ ᠰᠠᠴᠤᠷᠠᠭ᠎ᠤᠨ ᠪᠠᠶ᠋ᠢᠴᠠᠭ᠋ᠠᠯᠲᠠ᠂ ᠳᠡᠯᠪᠡᠷᠡᠬᠦ ᠪᠣᠳᠠᠰ᠎ᠢ ᠪᠠᠶ᠋ᠢᠴᠠᠭ᠋ᠠᠨ ᠰᠢᠯᠭ᠋ᠠᠬᠤ ᠰᠢᠰᠲ᠋ᠧᠮ ᠵᠡᠷᠭᠡ ᠲᠡᠷᠭᠡᠨ᠎ᠤ ᠪᠠᠶ᠋ᠢᠴᠠᠭ᠋ᠠᠬᠤ ᠪᠡᠯᠡᠳᠬᠡᠮᠵᠢ ᠲᠥᠬᠦᠭᠡᠷᠦᠮᠵᠢ ᠵᠢ ᠪᠠᠶ᠋ᠢᠭᠤᠯᠵᠤ᠂ ᠭᠠᠳᠠᠷ 360 ᠭ᠋ᠷᠠᠳᠦ᠋ᠰ᠎ᠤᠨ ᠰᠢᠷᠪᠢᠯᠲᠡ ᠵᠢᠨ ᠪᠠᠶ᠋ᠢᠴᠠᠭ᠋ᠠᠨ ᠰᠢᠯᠭ᠋ᠠᠬᠤ᠂ ᠳᠣᠲᠣᠭ᠋ᠠᠳᠤ᠎ᠳᠤ᠎ᠪᠠᠨ ᠥᠨᠳᠥᠷ ᠲᠣᠳᠣ ᠨᠡᠪᠲᠡ ᠬᠠᠷᠠᠭ᠎ᠠ ᠵᠢ ᠪᠠᠶ᠋ᠢᠴᠠᠭ᠋ᠠᠨ ᠰᠢᠯᠭ᠋ᠠᠬᠤ᠂ ᠵᠢᠷᠤᠭ ᠳᠦᠷᠰᠦ ᠵᠢ ᠤᠶᠤᠨᠴᠢᠯᠠᠨ ᠪᠠᠶ᠋ᠢᠴᠠᠭ᠋ᠠᠨ ᠰᠢᠯᠭ᠋ᠠᠬᠤ᠂ ᠬᠥᠮᠥᠨ ᠪᠠ ᠮᠠᠰᠢᠨ᠎ᠢ ᠤᠶᠠᠯᠳᠤᠭᠤᠯᠤᠨ ᠭᠤᠣᠯᠳᠠᠯᠭ᠎ᠠ᠎ᠲᠠᠢ ᠪᠠᠶ᠋ᠢᠴᠠᠭ᠋ᠠᠨ ᠰᠢᠯᠭ᠋ᠠᠬᠤ ᠠᠷᠭ᠎ᠠ ᠮᠠᠶᠢᠭ᠎ᠢ ᠠᠯᠬᠤᠮ ᠠᠯᠬᠤᠮ ᠵᠶ᠋ᠠᠷ ᠬᠡᠷᠡᠭᠵᠢᠭᠦᠯᠦᠨ᠎ᠡ᠃  ᠪᠣᠭᠤᠮᠲᠠ ᠵᠢᠨ ᠣᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠲᠡᠷᠭᠡᠨ ᠫᠠᠶ᠋ᠢᠰᠠ ᠵᠢ ᠠᠦ᠋ᠲ᠋ᠣ᠋ ᠢᠯᠭ᠋ᠠᠨ ᠲᠠᠨᠢᠬᠤ᠂ ᠠᠦ᠋ᠲ᠋ᠣ᠋ ᠥᠯᠢᠭᠡᠷ ᠴᠤᠭᠯᠠᠭᠤᠯᠬᠤ᠂ ᠣᠶᠤᠨᠴᠢ᠎ᠪᠠᠷ ᠬᠠᠷᠭᠤᠭᠤᠯᠤᠨ ᠪᠠᠶ᠋ᠢᠴᠠᠭ᠋ᠠᠨ ᠰᠢᠯᠭ᠋ᠠᠬᠤ ᠴᠢᠳᠠᠮᠵᠢ᠎ᠲᠠᠢ ᠬᠢᠯᠢ᠎ᠪᠠᠷ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠬᠤ ᠪᠣᠭᠤᠮᠲᠠ ᠵᠢᠨ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠵᠤ᠂ ᠪᠣᠭᠤᠮᠲᠠ ᠵᠢᠨ ᠲᠣᠮᠣ ᠳ᠋ᠠᠶ᠋ᠢᠲ᠋ᠠ ᠵᠢᠨ ᠶᠡᠷᠦᠩᠬᠡᠶ᠋ᠢᠯᠡᠭᠰᠡᠨ ᠰᠤᠳᠤᠯᠤᠨ ᠮᠠᠭ᠋ᠠᠳᠯᠠᠬᠤ ᠴᠢᠳᠠᠮᠵᠢ ᠵᠢ ᠭᠤᠤᠯᠳᠠᠯᠭ᠎ᠠ᠎ᠲᠠᠢ ᠪᠡᠶᠡᠯᠡᠭᠦᠯᠦᠨ᠎ᠡ᠃

  4. ᠬᠢᠯᠢ᠎ᠪᠠᠷ ᠣᠷᠣᠵᠤ ᠭᠠᠷᠬᠤ ᠪᠤᠰᠤ ᠬᠥᠮᠦᠰ᠎ᠤᠨ ᠤᠶᠤᠨᠴᠢᠯᠠᠭᠰᠠᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠬᠢᠯᠢ ᠵᠢᠨ ᠪᠣᠭᠤᠮᠲᠠ᠎ᠪᠠᠷ ᠬᠢᠵᠠᠭ᠋ᠠᠷᠯᠠᠨ ᠲᠣᠭᠲᠠᠭ᠋ᠠᠭᠰᠠᠨ ᠣᠷᠣᠨ ᠪᠦᠰᠡ᠎ᠳᠤ ᠪᠦᠷᠢᠳᠬᠡᠨ ᠳᠠᠩᠰᠠᠯᠠᠵᠤ ᠨᠡᠪᠲᠡᠷᠡᠬᠦ᠂ ᠲᠡᠷᠭᠡ ᠬᠥᠰᠬᠡ᠂ ᠬᠥᠮᠥᠰ᠎ᠤᠨ ᠮᠡᠳᠡᠭᠡ ᠵᠠᠩᠭᠢ ᠵᠢ ᠤᠷᠢᠳᠴᠢᠯᠠᠨ ᠮᠡᠳᠡᠭᠡᠯᠡᠬᠦ ᠵᠢ ᠨᠢᠭᠡ ᠴᠤᠭᠴᠠᠵᠢᠭᠤᠯᠤᠭᠰᠠᠨ ᠬᠢᠯᠢ᠎ᠪᠠᠷ ᠣᠷᠣᠵᠤ ᠭᠠᠷᠬᠤ ᠪᠤᠰᠤ ᠬᠥᠮᠥᠰ᠎ᠤᠨ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠵᠤ᠂ ᠠᠵᠢᠯᠲᠠᠨ᠎ᠤ ᠨᠡᠪᠲᠡᠷᠡᠬᠦ ᠵᠠᠮ᠎ᠳᠤ ᠪᠡᠶ᠎ᠡ ᠵᠢᠨ ᠭᠠᠷᠤᠯ᠎ᠢ ᠬᠠᠷᠭᠤᠭᠤᠯᠤᠨ ᠪᠠᠶ᠋ᠢᠴᠠᠭ᠋ᠠᠬᠤ ᠡᠯᠧᠺᠲᠷᠣᠨ ᠡᠭᠦᠳᠡ᠎ᠪᠠᠷ ᠴᠠᠭ᠋ᠠᠵᠠᠯᠠᠬᠤ ᠪᠤᠶᠤ ᠡᠭᠦᠳᠡ ᠭᠠᠷᠭ᠋ᠠᠵᠤ᠂ ᠬᠥᠮᠦᠨ᠎ᠤ ᠨᠢᠭᠤᠷ᠂ ᠬᠤᠷᠤᠭᠤᠨ ᠣᠷᠣᠮ᠂ ᠰᠣᠯᠣᠩᠭ᠋ᠠᠨ ᠪᠦᠷᠬᠦᠪᠴᠢ᠂ ᠳᠠᠭᠤᠨ᠎ᠤ ᠢᠷᠠᠯᠵᠢ ᠵᠡᠷᠭᠡ ᠨᠠᠷᠢᠯᠢᠭ ᠣᠨᠣᠴᠠᠲᠠᠢ ᠠᠮᠢᠳᠤ ᠪᠣᠳᠠᠰ᠎ᠢ ᠢᠯᠭ᠋ᠠᠨ ᠲᠠᠨᠢᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠪᠡᠶ᠎ᠡ ᠵᠢᠨ ᠭᠠᠷᠤᠯ᠎ᠢ ᠬᠠᠷᠭᠤᠭᠤᠯᠤᠨ ᠰᠢᠯᠭ᠋ᠠᠨ᠎ᠠ᠃

  5. ᠪᠣᠭᠤᠮᠲᠠ ᠵᠢᠨ ᠣᠷᠣᠨ ᠪᠦᠰᠡ ᠵᠢᠨ ᠣᠶᠤᠨᠴᠢᠯᠠᠭᠰᠠᠨ ᠬᠠᠮᠢᠶᠠᠷᠤᠯᠲᠠ ᠡᠵᠡᠮᠳᠡᠯ᠎ᠢ ᠴᠢᠩᠭ᠋ᠠᠷᠠᠭᠤᠯᠤᠨ᠎ᠠ᠃ ᠬᠠᠭᠤᠷᠠᠶ ᠵᠠᠮ᠎ᠤᠨ ᠪᠣᠭᠤᠮᠲᠠ ᠵᠢᠨ ᠭᠠᠷᠠᠭ᠎ᠤᠨ ᠵᠠᠭ᠋ᠠᠭ᠎ᠤᠨ ᠰᠠᠭᠤᠷᠢ ᠲᠣᠤᠷ᠎ᠤᠨ ᠬᠦᠷᠢᠶ᠎ᠡ ᠵᠢ ᠲᠠᠰ ᠳᠡᠪᠰᠢᠭᠦᠯᠦᠨ ᠥᠭᠡᠷᠡᠴᠢᠯᠡᠵᠦ᠂ ᠹᠢᠽᠢᠺ᠎ᠤᠨ ᠲᠤᠰᠠᠭ᠋ᠠᠷᠯᠠᠯ᠂ ᠡᠯᠧᠺᠲᠷᠣᠨ ᠬᠠᠰᠢᠶ᠎ᠠ᠂ ᠡᠯᠧᠺᠲᠷᠣᠨ ᠡᠭᠦᠳᠡ᠎ᠪᠠᠷ ᠴᠠᠭ᠋ᠠᠵᠠᠯᠠᠬᠤ ᠵᠡᠷᠭᠡ ᠠᠷᠭ᠎ᠠ ᠮᠠᠶᠢᠭ᠎ᠢ ᠠᠪᠴᠤ᠂ ᠪᠣᠭᠤᠮᠲᠠ ᠵᠢᠨ ᠬᠢᠵᠠᠭ᠋ᠠᠷᠯᠠᠭᠰᠠᠨ ᠣᠷᠣᠨ ᠪᠦᠰᠡ᠎ᠳᠤ ᠬᠠᠮᠢᠶᠠᠷᠤᠯᠲᠠ ᠬᠢᠨ᠎ᠠ᠃ ᠪᠣᠭᠤᠮᠲᠠ ᠵᠢᠨ ᠲᠤᠬᠠᠶ ᠵᠢᠨ ᠲᠠᠯᠠᠪᠠᠶ᠎ᠳᠤ ᠡᠮᠦᠨ᠎ᠡ ᠦᠵᠦᠭᠦᠷ᠎ᠲᠤ ᠮᠡᠳᠡᠷᠡᠬᠦ᠂ ᠰᠠᠨᠠᠭ᠋ᠠᠴᠢᠯᠠᠭ᠎ᠠ᠎ᠠᠴᠠ᠎ᠪᠠᠨ ᠰᠡᠷᠭᠡᠶ᠋ᠢᠯᠡᠬᠦ᠂ ᠳᠠᠭᠤᠨ ᠭᠡᠷᠡᠯ᠎ᠢ ᠲᠦᠭᠰᠢᠭᠦᠷᠢ ᠮᠡᠳᠡᠭᠦᠯᠬᠦ ᠪᠠ ᠰᠡᠷᠡᠮᠵᠢᠯᠡᠭᠦᠯᠵᠦ ᠵᠠᠶ᠋ᠢᠯᠠᠭᠤᠯᠬᠤ ᠰᠢᠰᠲ᠋ᠧᠮ᠎ᠢ ᠪᠠᠶ᠋ᠢᠭᠤᠯᠵᠤ᠂ ᠫᠤᠤ ᠪᠥᠮᠪᠦᠭᠡ ᠬᠤᠯᠪᠣᠭ᠋ᠠᠯᠠᠨ ᠬᠥᠳᠡᠯᠦᠯᠴᠡᠬᠦ᠂ ᠭᠠᠷᠠᠭ᠎ᠤᠨ ᠵᠠᠭ᠋ᠠᠭ᠎ᠤᠨ ᠷᠠᠳᠠᠷ᠂ ᠯᠤᠭᠰᠢᠯᠲᠠ ᠵᠢᠨ ᠴᠠᠬᠢᠯᠭ᠋ᠠᠨ ᠲᠣᠣᠷ ᠵᠡᠷᠭᠡ ᠭᠠᠷᠠᠭ᠎ᠤᠨ ᠵᠠᠭ᠋ᠠᠭ᠎ᠤᠨ ᠤᠶᠤᠨᠴᠢᠯᠠᠭᠰᠠᠨ ᠰᠡᠷᠭᠡᠶ᠋ᠢᠯᠡᠨ ᠡᠵᠡᠮᠳᠡᠬᠦ ᠪᠡᠯᠡᠳᠬᠡᠮᠵᠢ ᠵᠢ ᠢᠵᠢ ᠪᠥᠷᠢᠳᠦᠭᠦᠯᠦᠨ ᠬᠡᠷᠡᠭᠯᠡᠨ᠎ᠡ᠃  ᠭᠤᠣᠯᠳᠠᠯᠭ᠎ᠠ᠎ᠲᠠᠢ ᠬᠠᠮᠢᠶᠠᠷᠬᠤ ᠬᠡᠰᠡᠭ᠂ ᠪᠣᠭᠤᠮᠲᠠ ᠪᠠ ᠣᠷᠣᠨ ᠪᠦᠰᠡ᠎ᠳᠤ ᠥᠨᠳᠥᠷ ᠣᠭᠲᠠᠷᠭᠤᠢ ᠵᠢᠨ ᠪᠦᠬᠦ ᠦᠵᠡᠮᠵᠢ ᠵᠢ ᠬᠢᠨᠠᠨ ᠡᠵᠡᠮᠳᠡᠬᠦ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠲᠣᠬᠢᠷᠠᠭᠤᠯᠵᠤ᠂ 《ᠪᠣᠯᠣᠳ ᠲᠡᠮᠦᠷ᠎ᠤᠨ ᠪᠠᠶ᠋ᠢᠯᠳᠤᠭᠴᠢ》 《ᠡᠯᠧᠺᠲᠷᠣᠨ ᠬᠠᠷᠠᠭᠤᠯ᠎ᠤᠨ ᠴᠡᠷᠢᠭ》 ᠵᠡᠷᠭᠡ ᠲᠡᠷᠢᠭᠦᠨ᠎ᠤ ᠲᠣᠨᠣᠭᠯᠠᠯ᠎ᠢ ᠰᠦᠪᠡᠭᠴᠢᠯᠡᠨ ᠬᠡᠷᠡᠭᠯᠡᠵᠦ᠂ ᠪᠣᠭᠤᠮᠲᠠ ᠵᠢᠨ ᠬᠢᠵᠠᠭ᠋ᠠᠷᠯᠠᠭᠰᠠᠨ ᠣᠷᠣᠨ ᠪᠦᠰᠡ ᠵᠢᠴᠢ ᠭᠠᠳᠠᠷ ᠲᠠᠯ᠎ᠠ ᠵᠢᠨ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠨ᠎ᠡ᠃ CT ᠣᠶᠤᠨᠴᠢ ᠵᠢᠷᠤᠭ ᠬᠢᠨᠠᠬᠤ ᠰᠢᠰᠲ᠋ᠧᠮ ᠵᠶ᠋ᠠᠷ ᠭᠤᠣᠯ ᠪᠣᠯᠭ᠋ᠠᠵᠤ᠂ ᠣᠶᠤᠨᠴᠢ ᠵᠢᠷᠤᠭ ᠬᠢᠨᠠᠬᠤ᠂ ᠬᠠᠶ᠋ᠢᠷᠴᠠᠭ ᠪᠡᠶᠡᠲᠦ ᠵᠢ ᠢᠯᠭ᠋ᠠᠨ ᠲᠠᠨᠢᠬᠤ᠂ ᠪᠣᠭᠤᠮᠲᠠ ᠵᠢᠨ ᠪᠣᠭᠤᠳᠠᠯ ᠪᠠᠭᠯᠠᠭ᠎ᠠ ᠵᠢ ᠬᠢᠨᠠᠨ ᠬᠠᠮᠢᠶᠠᠷᠴᠤ ᠣᠨᠢᠰᠤᠯᠠᠬᠤ ᠵᠢ ᠠᠶᠠᠨᠳᠠᠭ᠋ᠠᠨ ᠪᠢᠲᠡᠭᠦᠮᠵᠢᠯᠡᠬᠦ᠂ ᠪᠣᠭᠤᠳᠠᠯ ᠪᠠᠭᠯᠠᠭ᠎ᠠ ᠵᠢ ᠮᠥᠷᠳᠡᠨ ᠪᠠᠶ᠋ᠢᠷᠢ ᠲᠣᠭᠲᠠᠭ᠋ᠠᠬᠤ᠂ ᠣᠶᠤᠨᠴᠢᠯᠠᠭᠰᠠᠨ ᠵᠠᠮ ᠵᠡᠷᠭᠡ ᠬᠠᠮᠤᠭ᠎ᠤᠨ ᠰᠢᠨ᠎ᠡ ᠮᠡᠷᠭᠡᠵᠢᠯ᠎ᠢ ᠬᠡᠷᠡᠭᠯᠡᠨ᠂ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ᠂ ᠤᠷᠢᠳ ᠵᠶ᠋ᠠᠷ ᠮᠠᠰᠢᠨ ᠪᠠᠶ᠋ᠢᠴᠠᠭ᠋ᠠᠬᠤ ᠰᠢᠰᠲ᠋ᠧᠮ᠎ᠢ ᠢᠵᠢ ᠪᠦᠷᠢᠳᠦᠭᠦᠯᠦᠨ ᠬᠡᠷᠡᠭᠯᠡᠨ᠎ᠡ᠃  ᠤᠶᠤᠨᠴᠢ ᠬᠠᠭ᠋ᠠᠯᠲᠠ ᠵᠢᠨ ᠮᠠᠰᠢᠨ᠂ ᠳᠠᠭᠤ ᠳᠦᠷᠰᠦ ᠰᠢᠩᠭᠡᠭᠡᠯᠲᠡ ᠴᠤᠭᠯᠠᠭᠤᠯᠬᠤ᠂ X ᠰᠠᠴᠤᠷᠠᠭ᠎ᠤᠨ ᠮᠠᠰᠢᠨ᠂ CT ᠮᠠᠰᠢᠨ᠂ ᠳᠡᠯᠪᠡᠷᠡᠯᠲᠡ ᠵᠢ ᠰᠡᠷᠭᠡᠶ᠋ᠢᠯᠡᠬᠦ᠂ ᠬᠤᠤᠷᠲᠤ ᠡᠳ᠋᠎ᠢ ᠪᠠᠶ᠋ᠢᠴᠠᠭ᠋ᠠᠨ ᠰᠢᠯᠭ᠋ᠠᠬᠤ᠂ ᠰᠠᠴᠤᠷᠠᠭ᠎ᠤᠨ ᠬᠠᠶ᠋ᠢᠨ ᠬᠡᠮᠵᠢᠬᠦ᠂ ᠪᠠᠶ᠋ᠢᠴᠠᠭ᠋ᠠᠨ ᠰᠢᠯᠭ᠋ᠠᠬᠤ ᠪᠠᠭ᠋ᠠᠵᠢ ᠵᠢᠨ ᠬᠠᠶ᠋ᠢᠷᠴᠠᠭ ᠵᠡᠷᠭᠡ ᠪᠡᠯᠡᠳᠬᠡᠮᠵᠢ ᠲᠥᠬᠦᠭᠡᠷᠦᠮᠵᠢ ᠵᠢ ᠳᠣᠭᠢᠷᠠᠭᠤᠯᠵᠤ᠂ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠢᠯᠭ᠋ᠠᠬᠤ ᠪᠠ ᠰᠢᠢ᠍ᠳᠪᠦᠷᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃  ᠮᠠᠰᠢᠨ ᠬᠥᠮᠦᠨ᠎ᠤ ᠴᠠᠭᠳᠠᠨ ᠪᠠᠶ᠋ᠢᠴᠠᠭ᠋ᠠᠬᠤ ᠪᠠ ᠵᠣᠬᠢᠶᠠᠮᠠᠯ ᠣᠶᠤᠨᠴᠢ ᠲᠣᠭ᠋ᠠᠴᠠᠭ᠎ᠠ ᠬᠢᠬᠦ ᠠᠷᠭ᠎ᠠ ᠵᠢ ᠳᠡᠯᠭᠡᠷᠡᠭᠦᠯᠦᠨ ᠬᠡᠷᠡᠭᠯᠡᠵᠦ᠂ ᠬᠦᠮᠦᠨ ᠥᠬᠡᠶ ᠮᠠᠰᠢᠨ᠎ᠤ ᠭᠠᠵᠠᠷ ᠳᠡᠭᠡᠷᠡᠬᠢ ᠴᠠᠭᠳᠠᠨ ᠪᠠᠶ᠋ᠢᠴᠠᠭ᠋ᠠᠬᠤ ᠮᠠᠰᠢᠨ ᠬᠥᠮᠦᠨ᠎ᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠪᠦᠬᠦᠯᠢ ᠡᠳᠦᠷ᠂ ᠪᠥᠬᠦ ᠴᠠᠭ᠂ ᠪᠥᠬᠦ ᠣᠷᠣᠨ ᠪᠦᠰᠡ᠎ᠳᠤ ᠲᠠᠰᠤᠯᠳᠠᠬᠤ ᠥᠬᠡᠶ ᠴᠠᠭᠳᠠᠨ ᠪᠠᠶ᠋ᠢᠴᠠᠭ᠋ᠠᠬᠤ ᠪᠠ ᠢᠯᠭ᠋ᠠᠨ ᠲᠠᠨᠢᠵᠤ ᠲᠦᠭᠰᠢᠭᠦᠷᠢ ᠮᠡᠳᠡᠭᠦᠯᠬᠦ ᠴᠢᠳᠠᠮᠵᠢ ᠵᠢ ᠪᠡᠶᠡᠯᠡᠭᠦᠯᠵᠦ᠂ ᠤᠶᠤᠨᠴᠢᠯᠠᠭᠰᠠᠨ ᠬᠠᠮᠢᠶᠠᠷᠤᠨ ᠡᠵᠡᠮᠳᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃

  6. ᠤᠶᠤᠨᠴᠢᠯᠠᠭᠰᠠᠨ ᠪᠠᠶ᠋ᠢᠴᠠᠭ᠋ᠠᠨ ᠰᠢᠨᠵᠢᠵᠦ ᠬᠢᠨᠠᠨ ᠰᠢᠨᠵᠢᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠡᠷᠢᠭᠦᠨ᠎ᠤ ᠪᠠᠶ᠋ᠢᠴᠠᠭ᠋ᠠᠨ ᠬᠡᠮᠵᠢᠬᠦ ᠲᠥᠬᠦᠭᠡᠷᠦᠮᠵᠢ ᠲᠣᠬᠢᠷᠠᠭᠤᠯᠵᠤ᠂ ᠬᠢᠮᠢ ᠵᠢᠨ ᠠᠭᠤᠷᠬᠠᠢ ᠵᠢᠨ ᠲᠥᠷᠥᠯ᠂ ᠢᠳᠡᠭᠡᠨ᠂ ᠠᠮᠤ ᠪᠤᠳᠠᠭ᠎ᠠ᠂ ᠮᠢᠬᠠᠨ᠎ᠤ ᠵᠦᠢ᠍ᠯ᠂ ᠵᠢᠮᠢᠰ᠂ ᠳᠠᠯᠠᠢ ᠵᠢᠨ ᠭᠠᠷᠤᠯᠲᠠ ᠵᠡᠷᠭᠡ ᠭᠠᠳᠠᠭ᠋ᠠᠳᠤ᠎ᠠᠴᠠ ᠣᠷᠣᠭᠤᠯᠤᠭᠰᠠᠨ ᠲᠠᠸᠠᠷ᠎ᠢ ᠬᠠᠤᠯᠢ᠎ᠪᠠᠷ ᠲᠣᠭᠲᠠᠭ᠋ᠠᠭᠰᠠᠨ ᠰᠢᠯᠭ᠋ᠠᠨ ᠪᠠᠶ᠋ᠢᠴᠠᠭ᠋ᠠᠬᠤ ᠵᠢ ᠲᠤᠰ ᠭᠠᠵᠠᠷ ᠣᠷᠣᠨ᠎ᠳᠤ ᠪᠡᠶᠡᠯᠡᠭᠦᠯᠪᠡ᠃  ᠲᠡᠷᠢᠭᠦᠨ᠎ᠤ ᠡᠮᠴᠢᠯᠡᠭᠡᠨ᠎ᠤ ᠲᠥᠬᠥᠭᠡᠷᠦᠮᠵᠢ ᠵᠢ ᠪᠦᠷᠢᠨ ᠲᠣᠬᠢᠷᠠᠭᠤᠯᠵᠤ᠂ ᠡᠷᠡᠭᠦᠯ ᠮᠡᠨᠳᠦ ᠵᠢᠨ ᠪᠡᠶ᠎ᠡ ᠵᠢᠨ ᠪᠠᠶ᠋ᠢᠴᠠᠭ᠋ᠠᠯᠲᠠ᠂ ᠪᠠᠴᠢᠮ ᠡᠮᠴᠢᠯᠡᠭᠡ᠂ ᠰᠡᠵᠢᠭᠲᠡᠶ ᠴᠢᠨᠠᠷᠲᠠᠶ ᠬᠠᠳᠠᠮᠠᠯ ᠡᠪᠡᠳᠴᠢᠨ᠎ᠤ ᠪᠠᠶ᠋ᠢᠴᠠᠭ᠋ᠠᠯᠲᠠ ᠪᠠ ᠡᠮᠴᠢᠯᠡᠭᠡᠨ᠎ᠤ ᠰᠢᠯᠭ᠋ᠠᠨ ᠪᠠᠶ᠋ᠢᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠪᠣᠭᠤᠮᠲᠠ ᠵᠢᠨ ᠲᠦᠷᠭᠡᠨ ᠪᠠᠶ᠋ᠢᠴᠠᠭ᠋ᠠᠯᠲᠠ ᠵᠢᠨ ᠲᠤᠷᠰᠢᠯᠲᠠ ᠵᠢᠨ ᠲᠠᠰᠤᠭ᠎ᠤᠨ ᠲᠥᠬᠦᠭᠡᠷᠦᠮᠵᠢ ᠪᠠ ᠲᠤᠷᠰᠢᠯᠲᠠ ᠵᠢᠨ ᠡᠮ᠎ᠢ ᠭᠦᠢ᠍ᠴᠡᠳ ᠲᠣᠬᠢᠷᠠᠭᠤᠯᠵᠤ᠂ ᠲᠦᠷᠭᠡᠨ ᠰᠢᠭᠰᠢᠨ ᠪᠠᠶ᠋ᠢᠴᠠᠭ᠋ᠠᠬᠤ ᠪᠠ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠠᠶᠤᠯ ᠲᠦᠭᠰᠢᠭᠦᠷᠢ ᠵᠢ ᠢᠯᠭ᠋ᠠᠨ ᠲᠠᠨᠢᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃

  (ᠬᠤᠶᠠᠷ) ᠮᠡᠳᠡᠭᠡ ᠵᠠᠩᠭᠢ ᠵᠢᠨ ᠰᠢᠰᠲ᠋ᠧᠮ᠎ᠤᠨ ᠡᠷᠴᠢᠮᠵᠢᠬᠦ ᠵᠢ ᠲᠦᠷᠭᠡᠳᠭᠡᠨ ᠠᠬᠢᠭᠤᠯᠤᠨ᠎ᠠ

  7. ᠨᠢᠭᠡᠳᠦᠯᠲᠡᠶ ᠪᠥᠭᠡᠳ ᠥᠨᠳᠥᠷ ᠪᠦᠲᠦᠮᠵᠢᠲᠡᠶ ᠲᠤᠯᠭ᠋ᠠᠭᠤᠷᠢᠯᠠᠬᠤ ᠲᠠᠪᠴᠠᠩ᠎ᠢ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠪᠣᠭᠤᠮᠲᠠ ᠵᠢᠨ ᠳ᠋ᠠᠶ᠋ᠢᠲ᠋ᠠ ᠵᠢᠨ ᠰᠠᠭᠤᠷᠢ ᠰᠠᠭᠤᠳᠠᠯ ᠪᠠ ᠨᠢᠭᠡᠳᠦᠯᠲᠡᠶ ᠮᠡᠷᠭᠡᠵᠢᠯ᠎ᠤᠨ ᠪᠠᠷᠢᠮᠵᠢᠶ᠎ᠠ ᠵᠢᠨ ᠲᠤᠯᠭ᠋ᠠᠭᠤᠷᠢᠯᠠᠬᠤ ᠲᠠᠪᠴᠠᠩ᠎ᠢ ᠪᠠᠶ᠋ᠢᠭᠤᠯᠵᠤ᠂ ᠪᠣᠭᠤᠮᠲᠠ ᠵᠢᠨ ᠨᠡᠶ᠋ᠢᠳᠡᠮ ᠬᠡᠷᠡᠭᠯᠡᠬᠦ ᠰᠠᠭᠤᠷᠢ ᠪᠠᠶ᠋ᠢᠴᠠᠭ᠋ᠠᠨ ᠰᠢᠯᠭ᠋ᠠᠬᠤ᠂ ᠬᠠᠮᠢᠶᠠᠷᠤᠨ ᠡᠵᠡᠮᠳᠡᠬᠦ ᠪᠡᠯᠡᠳᠬᠡᠮᠵᠢ ᠲᠥᠬᠦᠭᠡᠷᠦᠮᠵᠢ ᠵᠢ ᠪᠥᠬᠦ ᠲᠠᠯ᠎ᠠ᠎ᠪᠠᠷ ᠪᠦᠷᠢᠨ ᠭᠦᠢ᠍ᠴᠡᠳ ᠵᠠᠯᠭ᠋ᠠᠨ ᠣᠷᠣᠭᠤᠯᠵᠤ᠂ ᠲᠣᠭ᠋ᠠᠴᠢᠯᠠᠭᠰᠠᠨ ᠠᠷᠠᠯᠵᠢᠶ᠎ᠠ᠂ ᠲᠣᠭ᠋ᠠᠴᠢᠯᠠᠭᠰᠠᠨ ᠪᠠᠷᠠᠭ᠋ᠠᠨ᠎ᠤ ᠭᠦᠢ᠍ᠯᠭᠡᠭᠡ᠂ ᠲᠣᠭ᠋ᠠᠴᠢᠯᠠᠭᠰᠠᠨ ᠮᠥᠩᠭᠦᠨ ᠭᠦᠢ᠍ᠯᠭᠡᠭᠡ ᠵᠡᠷᠭᠡ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠡᠯ᠎ᠡ ᠲᠥᠷᠥᠯ᠎ᠤᠨ ᠮᠡᠳᠡᠭᠡ ᠵᠠᠩᠭᠢ ᠵᠢᠨ ᠲᠤᠭ᠎ᠠ ᠪᠠᠷᠢᠮᠲᠠ ᠵᠢ ᠳᠡᠭᠡᠳᠦ ᠬᠡᠮᠵᠢᠶ᠎ᠡ᠎ᠪᠠᠷ ᠬᠤᠷᠠᠮᠳᠤᠭᠤᠯᠵᠤ᠂ ᠬᠠᠮᠲᠤ᠎ᠪᠠᠷ ᠡᠳ᠋ᠯᠡᠵᠦ ᠬᠠᠮᠲᠤ᠎ᠪᠠᠷ ᠬᠡᠷᠡᠭᠯᠡᠬᠦ ᠵᠢ ᠪᠡᠶᠡᠯᠡᠭᠦᠯᠬᠦ ᠬᠡᠷᠡᠭᠲᠡᠢ᠃  ᠪᠠᠶ᠋ᠢᠴᠠᠭ᠋ᠠᠨ ᠰᠢᠯᠭ᠋ᠠᠬᠤ ᠰᠠᠯᠠᠭ᠎ᠠ ᠮᠥᠴᠢᠷ ᠵᠢᠴᠢ ᠵᠠᠰᠠᠭ᠎ᠤᠨ ᠣᠷᠳᠣᠨ᠎ᠤ ᠡᠯᠧᠺᠲᠷᠣᠨ ᠵᠠᠰᠠᠭ᠎ᠤᠨ ᠶᠠᠪᠤᠳᠠᠯ᠎ᠤᠨ ᠠᠮᠤᠷ ᠲᠦᠪᠰᠢᠨ᠎ᠤ ᠳᠠᠮᠵᠢᠭᠤᠯᠬᠤ ᠪᠠᠷᠢᠮᠵᠢᠶ᠎ᠠ ᠶᠣᠰᠣᠭ᠋ᠠᠷ᠂ ᠰᠦᠯᠵᠢᠶᠡᠨ᠎ᠤ ᠵᠠᠭ᠋ᠠᠭ ᠬᠢᠵᠠᠭ᠋ᠠᠷ᠎ᠤᠨ ᠠᠮᠤᠷ ᠲᠦᠪᠰᠢᠨ᠎ᠤ ᠵᠠᠯᠭ᠋ᠠᠨ ᠣᠷᠣᠭᠤᠯᠬᠤ ᠲᠠᠪᠴᠠᠩ᠎ᠢ ᠪᠠᠶ᠋ᠢᠭᠤᠯᠵᠤ᠂ ᠲᠤᠰᠬᠠᠶ ᠰᠦᠯᠵᠢᠶ᠎ᠡ᠂ ᠵᠠᠰᠠᠭ᠎ᠤᠨ ᠣᠷᠳᠣᠨ᠎ᠤ ᠡᠯᠧᠺᠲᠷᠣᠨ ᠵᠠᠰᠠᠭ᠎ᠤᠨ ᠶᠠᠪᠤᠳᠠᠯ᠎ᠤᠨ ᠰᠦᠯᠵᠢᠶ᠎ᠡ᠂ ᠢᠨᠲ᠋ᠧᠷ ᠰᠦᠯᠵᠢᠶ᠎ᠡ ᠵᠢ ᠵᠣᠯᠭ᠋ᠠᠭᠤᠯᠬᠤ ᠵᠢ ᠪᠡᠶᠡᠯᠡᠭᠦᠯᠵᠦ᠂ ᠠᠳᠠᠯᠢ ᠪᠤᠰᠤ ᠰᠦᠯᠵᠢᠶᠡᠨ᠎ᠤ ᠣᠷᠴᠢᠨ ᠲᠣᠭᠤᠷᠢᠨ᠎ᠤ ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠰᠣᠯᠢᠯᠴᠠᠭ᠎ᠠ᠂ ᠲᠣᠭᠲᠠᠭᠤᠨ ᠰᠣᠯᠢᠯᠴᠠᠭ᠎ᠠ ᠵᠢ ᠪᠡᠶᠡᠯᠡᠭᠦᠯᠵᠦ᠂ ᠠᠵᠤ ᠠᠬᠤᠶ᠋ᠢᠯᠠᠯ᠎ᠤᠨ ᠦᠢ᠍ᠯᠡᠴᠢᠯᠡᠭᠡ᠂ ᠰᠠᠯᠠᠭ᠎ᠠ ᠮᠥᠴᠢᠷ᠎ᠤᠨ ᠰᠢᠯᠵᠢᠭᠦᠯᠦᠨ ᠬᠡᠷᠡᠭᠯᠡᠬᠦ᠂ ᠵᠠᠰᠠᠭ᠎ᠤᠨ ᠣᠷᠳᠣᠨ᠎ᠤ ᠲᠣᠬᠢᠷᠠᠭᠤᠯᠤᠯᠲᠠ᠎ᠳᠤ ᠲᠠᠪᠴᠠᠩ᠎ᠤᠨ ᠲᠤᠯᠭ᠋ᠠᠭᠤᠷᠢᠯᠠᠯ ᠬᠠᠩᠭ᠋ᠠᠨ᠎ᠠ᠃

  8. ᠪᠣᠭᠣᠮᠲᠠ ᠵᠢᠨ ᠬᠢᠨᠠᠯᠲᠠ ᠬᠠᠮᠢᠶᠠᠷᠤᠯᠲᠠ ᠵᠢᠨ ᠡᠬᠢ ᠪᠠᠶᠠᠯᠢᠭ ᠎ᠢ ᠡᠮᠬᠢᠯᠡᠨ ᠨᠡᠶ᠋ᠢᠯᠡᠭᠦᠯᠵᠦ ᠰᠢᠯᠢᠳᠡᠭᠵᠢᠭᠦᠯᠦᠨ᠎ᠡ᠃ ᠰᠠᠯᠠᠭ᠎ᠠ ᠮᠥᠴᠢᠷ ᠠᠯᠤᠰᠯᠠᠭᠰᠠᠨ ᠬᠥᠨᠳᠡᠯᠡᠨ ᠭᠤᠯᠳᠤ ᠬᠤᠯᠪᠣᠭ᠋ᠠᠯᠠᠨ ᠬᠥᠳᠡᠯᠦᠯᠴᠡᠬᠦ᠂ ᠬᠠᠮᠲᠤ᠎ᠪᠠᠷ ᠬᠠᠮᠢᠶᠠᠷᠴᠤ ᠬᠠᠮᠲᠤ᠎ᠪᠠᠷ ᠵᠠᠰᠠᠬᠤ᠂ ᠥᠨᠳᠥᠷ ᠪᠦᠲᠦᠮᠵᠢᠲᠡᠶ ᠬᠠᠮᠵᠢᠯᠴᠠᠭᠰᠠᠨ ᠨᠢᠭᠡ ᠴᠣᠭᠴᠠᠵᠢᠭᠰᠠᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠤᠨ᠎ᠠ᠃  ᠠᠶᠤᠯ᠎ᠲᠠᠢ ᠡᠳ᠋ ᠪᠣᠳᠠᠰ᠂ ᠬᠡᠭᠡᠷ᠎ᠡ ᠵᠢᠨ ᠠᠮᠢᠲᠠᠨ᠂ ᠣᠯᠠᠨ ᠤᠯᠤᠰ᠎ᠤᠨ ᠵᠠᠮ ᠲᠡᠭᠡᠭᠡᠪᠦᠷᠢ ᠵᠢᠨ ᠲᠡᠷᠭᠡ ᠬᠥᠰᠬᠡ ᠪᠣᠯᠤᠨ ᠵᠢᠯᠣᠭᠣᠴᠢ ᠵᠢᠨ ᠳᠠᠩᠰᠠᠯᠠᠭᠤᠯᠤᠭᠰᠠᠨ ᠮᠡᠳᠡᠭᠡ ᠵᠠᠩᠭᠢ᠂ ᠬᠢᠯᠢ᠎ᠪᠠᠷ ᠣᠷᠣᠵᠤ ᠭᠠᠷᠬᠤ ᠬᠥᠮᠦᠰ᠎ᠤᠨ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠭ᠋ᠠᠵᠢ ᠵᠢᠨ ᠬᠥᠳᠡᠯᠦᠩᠭᠦᠶ ᠮᠡᠳᠡᠭᠡ ᠵᠠᠩᠭᠢ᠂ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠮᠡᠳᠡᠭᠦᠯᠦᠯᠲᠡ ᠵᠡᠷᠭᠡ ᠮᠡᠳᠡᠭᠡ ᠵᠠᠩᠭᠢ ᠵᠢ ᠰᠦᠯᠵᠢᠶ᠎ᠡ᠎ᠪᠠᠷ ᠬᠣᠯᠪᠣᠵᠤ ᠬᠠᠮᠲᠤᠪᠠᠷ ᠬᠡᠷᠡᠭᠯᠡᠬᠦ ᠵᠢ ᠠᠬᠢᠭᠤᠯᠵᠤ᠂ ᠪᠦᠬᠦ ᠬᠡᠯᠬᠢᠶᠡᠰᠦ ᠵᠢᠨ ᠴᠢᠩᠭ᠎ᠠ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠦᠨ᠎ᠡ᠃  ᠰᠠᠯᠠᠭ᠎ᠠ ᠮᠥᠴᠢᠷ ᠠᠯᠤᠰᠯᠠᠨ ᠬᠠᠮᠵᠢᠯᠴᠠᠵᠤ ᠬᠢᠨᠠᠨ ᠬᠠᠮᠢᠶᠠᠷᠬᠤ ᠵᠢ ᠠᠬᠢᠭᠤᠯᠵᠤ᠂ ᠬᠢᠯᠢ᠎ᠪᠠᠷ ᠣᠷᠣᠵᠤ ᠭᠠᠷᠬᠤ ᠠᠭ᠋ᠠᠷ᠎ᠤᠨ ᠨᠢᠰᠦᠭᠦᠷ᠂ ᠭᠠᠯᠲᠤ ᠲᠡᠷᠭᠡ᠂ ᠬᠢᠯᠢ ᠠᠯᠤᠰᠯᠠᠭᠰᠠᠨ ᠲᠡᠭᠡᠭᠡᠪᠦᠷᠢ ᠵᠢᠨ ᠲᠡᠷᠭᠡ ᠬᠥᠰᠬᠡ ᠵᠡᠷᠭᠡ ᠲᠡᠭᠡᠭᠡᠪᠦᠷᠢ ᠵᠢᠨ ᠪᠠᠭ᠋ᠠᠵᠢ ᠬᠡᠷᠡᠭᠰᠡᠯ᠎ᠢ ᠬᠠᠮᠲᠤᠷᠠᠨ ᠪᠠᠶ᠋ᠢᠴᠠᠭ᠋ᠠᠬᠤ ᠵᠢ ᠬᠡᠷᠡᠭᠵᠢᠭᠦᠯᠦᠨ᠂ ᠬᠢᠯᠢ ᠠᠯᠤᠰᠯᠠᠭᠰᠠᠨ ᠲᠡᠷᠭᠡ ᠬᠥᠰᠬᠡ ᠵᠢᠨ ᠣᠶᠤᠨᠴᠢ ᠰᠢᠯᠭ᠋ᠠᠨ ᠪᠠᠶ᠋ᠢᠴᠠᠭ᠋ᠠᠵᠤ ᠶᠠᠪᠤᠭᠤᠯᠬᠤ ᠵᠢ ᠨᠢᠭᠡ ᠴᠤᠭᠴᠠᠵᠢᠭᠤᠯᠬᠤ ᠵᠢ ᠳᠡᠯᠭᠡᠷᠡᠭᠦᠯᠦᠨ᠎ᠡ᠃

  9. ᠪᠡᠯᠡᠳᠬᠡᠮᠵᠢ ᠲᠥᠬᠦᠭᠡᠷᠦᠮᠵᠢ ᠵᠢ ᠡᠷᠴᠢᠮᠵᠢᠭᠦᠯᠦᠨ ᠬᠠᠮᠲᠤᠪᠠᠷ ᠡᠳ᠋ᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠪᠡᠯᠡᠳᠬᠡᠮᠵᠢ ᠲᠥᠬᠦᠭᠡᠷᠦᠮᠵᠢ ᠵᠢᠨ ᠬᠤᠭᠤᠷᠣᠨᠳᠣᠬᠢ ᠲᠤᠭ᠎ᠠ ᠪᠠᠷᠢᠮᠲᠠ ᠵᠢ ᠬᠠᠮᠲᠤᠪᠠᠷ ᠭᠥᠷᠳᠡᠬᠦ ᠪᠠᠬᠢᠯᠡᠯᠲᠡ ᠵᠢ ᠨᠡᠪᠲᠡᠷᠡᠭᠦᠯᠵᠦ᠂ ᠪᠣᠭᠤᠮᠲᠠ ᠵᠢᠨ ᠲᠥᠬᠦᠭᠡᠷᠦᠮᠵᠢ᠂ ᠪᠠᠶ᠋ᠢᠴᠠᠭ᠋ᠠᠨ ᠰᠢᠯᠭ᠋ᠠᠬᠤ ᠪᠡᠯᠡᠳᠬᠡᠮᠵᠢ ᠲᠥᠬᠦᠭᠡᠷᠦᠮᠵᠢ᠂ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠵᠢᠴᠢ ᠭᠠᠭᠴᠠ ᠴᠡᠷᠢᠭ᠎ᠤᠨ ᠣᠶᠤᠨᠴᠢ ᠲᠥᠬᠦᠭᠡᠷᠦᠮᠵᠢ ᠵᠢᠨ ᠲᠤᠭ᠎ᠠ ᠪᠠᠷᠢᠮᠲᠠ ᠵᠢ ᠬᠤᠯᠪᠣᠨ ᠨᠡᠪᠲᠡᠷᠡᠭᠦᠯᠬᠦ ᠵᠢ ᠠᠬᠢᠭᠤᠯᠤᠨ᠂ ᠣᠶᠤᠨᠴᠢ ᠵᠢᠷᠤᠭ ᠬᠢᠨᠠᠬᠤ᠂ ᠬᠠᠷᠠᠭ᠋ᠠᠨ ᠳᠠᠪᠲᠠᠮᠵᠢ᠎ᠪᠠᠷ ᠢᠯᠭ᠋ᠠᠨ ᠲᠠᠨᠢᠬᠤ ᠵᠡᠷᠭᠡ ᠣᠶᠤᠨᠴᠢ ᠬᠡᠷᠡᠭᠯᠡᠯᠲᠡ ᠵᠢ ᠴᠢᠩᠭ᠋ᠠᠳᠬᠠᠵᠤ᠂ ᠮᠡᠳᠡᠭᠡ ᠵᠠᠩᠭᠢ ᠵᠢ ᠡᠷᠴᠢᠮᠵᠢᠭᠦᠯᠦᠨ ᠬᠠᠮᠲᠤᠪᠠᠷ ᠭᠥᠷᠳᠡᠬᠦ᠂ ᠣᠶᠤᠨᠴᠢ ᠰᠤᠳᠤᠯᠤᠨ ᠮᠠᠭ᠋ᠠᠳᠯᠠᠵᠤ ᠰᠢᠢ᠍ᠳᠪᠦᠷᠢᠯᠡᠬᠦ ᠵᠢ ᠪᠡᠶᠡᠯᠡᠭᠦᠯᠦᠨ᠎ᠡ᠃ ᠪᠣᠳᠠᠰᠯᠢᠭ ᠬᠣᠯᠪᠣᠭ᠋ᠠᠲᠤ ᠰᠦᠯᠵᠢᠶ᠎ᠡ ᠵᠢᠨ ᠮᠡᠷᠭᠡᠵᠢᠯ ᠎ᠢ ᠬᠡᠷᠡᠭᠯᠡᠨ ᠬᠢᠨᠠᠨ ᠬᠠᠮᠢᠶᠠᠷᠬᠤ ᠲᠥᠬᠥᠭᠡᠷᠦᠮᠵᠢ ᠵᠢᠨ ᠲᠣᠤᠷ ᠬᠣᠯᠪᠣᠭᠰᠠᠨ ᠬᠥᠳᠡᠯᠦᠩᠭᠦᠶ ᠬᠠᠮᠢᠶᠠᠷᠤᠯᠲᠠ ᠪᠠ ᠲᠦᠪᠯᠡᠷᠡᠭᠦᠯᠦᠨ ᠬᠢᠨᠠᠨ ᠡᠵᠡᠮᠳᠡᠬᠦ ᠵᠢ ᠪᠡᠶᠡᠯᠡᠭᠦᠯᠵᠦ᠂ ᠪᠣᠳᠠᠰᠯᠢᠭ ᠬᠣᠯᠪᠣᠭ᠋ᠠᠲᠤ ᠰᠦᠯᠵᠢᠶ᠎ᠡ ᠵᠢᠨ ᠬᠢᠨᠠᠨ ᠬᠠᠮᠢᠶᠠᠷᠬᠤ ᠲᠥᠬᠥᠭᠡᠷᠦᠮᠵᠢ ᠵᠢᠨ ᠲᠣᠭ᠎ᠠ ᠪᠠᠷᠢᠮᠲᠠ᠂ ᠳᠠᠭᠤ ᠬᠠᠷᠠᠭ᠋ᠠᠨ ᠳᠠᠪᠲᠠᠮᠵᠢ᠂ ᠵᠢᠷᠤᠭ ᠳᠦᠷᠰᠦ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠬᠦᠯᠢᠶᠡᠨ ᠠᠪᠴᠤ᠂ ᠬᠤᠷᠢᠶᠠᠩᠭᠤᠶ᠋ᠢᠯᠠᠵᠤ᠂ ᠡᠮᠬᠢᠯᠡᠨ ᠨᠡᠶ᠋ᠢᠯᠡᠭᠦᠯᠬᠦ ᠵᠢᠨ ᠬᠠᠮᠲᠤ ᠲᠥᠬᠥᠭᠡᠷᠦᠮᠵᠢ ᠵᠢᠨ ᠠᠵᠢᠯᠯᠠᠭ᠋ᠠᠨ᠎ᠤ ᠲᠣᠭ᠎ᠠ ᠪᠠᠷᠢᠮᠲᠠ᠂ ᠬᠠᠷᠠᠭ᠋ᠠᠨ ᠳᠠᠪᠲᠠᠮᠵᠢ ᠪᠠ ᠯᠣᠭᠢᠭ ᠬᠡᠪ᠎ᠤᠨ ᠪᠤᠰᠤ ᠪᠠᠶ᠋ᠢᠳᠠᠯ᠎ᠳᠤ ᠤᠷᠢᠳᠴᠢᠯᠠᠨ ᠰᠡᠷᠡᠮᠵᠢ ᠨᠡᠶ᠋ᠢᠲᠡᠯᠡᠬᠦ᠂ ᠬᠢᠨᠠᠯᠲᠠ ᠲᠠᠯᠪᠢᠨ ᠰᠡᠷᠡᠮᠵᠢᠯᠡᠭᠦᠯᠬᠦ ᠵᠠᠩᠭᠢᠯᠠᠭ᠎ᠠ᠂ ᠰᠡᠷᠭᠡᠭ ᠲᠤᠬᠠᠶ᠋ᠢᠯᠠᠭᠰᠠᠨ ᠠᠵᠢᠯ᠎ᠤᠨ ᠵᠠᠩᠭᠢᠯᠠᠭ᠎ᠠ ᠵᠢᠨ ᠲᠦᠭᠰᠢᠭᠦᠷᠢ ᠵᠢ ᠴᠠᠭ ᠲᠤᠬᠠᠶ᠎ᠳᠤᠨᠢ ᠢᠯᠡᠷᠡᠭᠦᠯᠬᠦ ᠬᠡᠷᠡᠭᠲᠡᠶ᠃ ᠪᠡᠯᠡᠳᠬᠡᠮᠵᠢ ᠲᠥᠬᠦᠭᠡᠷᠦᠮᠵᠢ ᠵᠢᠨ ᠠᠵᠢᠯᠯᠠᠭᠤᠯᠵᠤ ᠬᠠᠮᠠᠭ᠋ᠠᠯᠠᠬᠤ᠂ ᠠᠮᠵᠢᠯᠲᠠ ᠪᠦᠲᠦᠮᠵᠢ ᠵᠢ ᠦᠨᠡᠯᠡᠨ ᠵᠢᠱ᠌ᠢᠬᠦ ᠵᠢ ᠣᠶᠤᠨᠴᠢ ᠬᠡᠷᠡᠭᠯᠡᠭᠡᠨ᠎ᠤ ᠲᠠᠪᠴᠠᠩ᠎ᠳᠤ ᠵᠠᠯᠭ᠋ᠠᠨ ᠣᠷᠣᠭᠤᠯᠵᠤ ᠡᠷᠴᠢᠮᠵᠢᠭᠦᠯᠦᠭᠰᠡᠨ ᠬᠠᠮᠢᠶᠠᠷᠤᠯᠲᠠ ᠬᠢᠨ᠎ᠠ᠃

  (ᠭᠤᠷᠪᠠ)  ᠠᠵᠢᠯᠯᠠᠭ᠋ᠠᠨ᠎ᠤ ᠬᠠᠮᠢᠶᠠᠷᠤᠯᠲᠠ ᠵᠢᠨ ᠲᠣᠭ᠋ᠠᠴᠢᠯᠠᠯᠲᠠ ᠵᠢ ᠲᠦᠷᠭᠡᠪᠴᠢᠯᠡᠨ ᠪᠡᠶᠡᠯᠡᠭᠦᠯᠦᠨ᠎ᠡ

  10. ᠪᠠᠷᠢᠮᠵᠢᠶᠠᠵᠢᠭᠤᠯᠤᠭᠰᠠᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠤᠨ ᠲᠠᠲᠠᠭ᠋ᠠᠯ ᠪᠠᠶ᠋ᠢᠭᠤᠯᠤᠨ᠎ᠠ᠃ AR ᠪᠣᠳᠠᠲᠤ ᠦᠵᠡᠮᠵᠢ᠂ ᠭᠤᠷᠪᠠᠨ ᠬᠡᠮᠵᠢᠯᠳᠦ ᠭᠠᠵᠠᠷ᠎ᠤᠨ ᠵᠢᠷᠤᠭ᠂ ᠠᠵᠢᠯᠲᠠᠨ᠎ᠤ ᠪᠠᠶ᠋ᠢᠷᠢ ᠲᠣᠭᠲᠠᠭ᠋ᠠᠯᠲᠠ᠂ ᠨᠢᠭᠤᠷ ᠲᠠᠯ᠎ᠠ ᠵᠢᠨ ᠬᠠᠷᠢᠴᠠᠭᠤᠯᠤᠯ᠂ ᠪᠣᠭᠤᠮᠲᠠ ᠵᠢᠨ ᠬᠠᠮᠢᠶᠠᠷᠤᠯᠲᠠ᠂ ᠵᠠᠮ᠎ᠤᠨ ᠵᠠᠭ᠋ᠠᠭ᠎ᠤᠨ ᠡᠬᠢ ᠡᠭᠦᠰᠦᠯ᠂ ᠬᠤᠯᠪᠣᠭ᠋ᠠᠯᠠᠨ ᠬᠥᠳᠡᠯᠦᠯᠴᠡᠵᠦ ᠲᠦᠭᠰᠢᠭᠦᠷᠢ ᠮᠡᠳᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ᠂ ᠲᠤᠭ᠎ᠠ ᠪᠠᠷᠢᠮᠲᠠ ᠵᠢ ᠠᠭᠤᠰᠤᠯᠴᠠᠭᠤᠯᠬᠤ ᠵᠡᠷᠭᠡ ᠴᠢᠳᠠᠮᠵᠢ ᠵᠢᠨ ᠮᠡᠷᠭᠡᠵᠢᠯ᠎ᠢ ᠭᠦᠨᠵᠡᠭᠡᠶ ᠬᠡᠷᠡᠭᠯᠡᠵᠦ᠂ ᠣᠶᠤᠨᠴᠢ ᠺᠠᠷᠲ᠂ ᠥᠷᠥᠭᠡᠨ᠎ᠤ ᠬᠠᠮᠢᠶᠠᠷᠤᠯᠲᠠ᠂ ᠲᠡᠭᠡᠭᠡᠪᠦᠷᠢ ᠵᠢᠨ ᠪᠠᠭ᠋ᠠᠵᠢ ᠵᠢᠨ ᠬᠠᠮᠢᠶᠠᠷᠤᠯᠲᠠ᠂ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ᠂ ᠪᠠᠷᠠᠭ᠋ᠠᠨ᠎ᠤ ᠭᠦᠢ᠍ᠯᠭᠡᠭᠡᠨ᠎ᠤ ᠡᠬᠡ ᠲᠠᠩᠰᠠ ᠵᠡᠷᠭᠡ ᠰᠢᠰᠲ᠋ᠧᠮ᠎ᠢ ᠪᠦᠲᠦᠮᠵᠢᠲᠡᠶ ᠡᠮᠬᠢᠯᠡᠨ ᠨᠡᠶ᠋ᠢᠯᠡᠭᠦᠯᠵᠦ᠂ ᠪᠠᠷᠠᠭ᠋ᠠᠨ᠎ᠤ ᠭᠦᠢ᠍ᠯᠭᠡᠭᠡ᠂ ᠬᠥᠮᠦᠨ᠎ᠤ ᠤᠷᠤᠰᠬᠠᠯ᠂ ᠬᠠᠭᠤᠳᠠᠰᠤ ᠪᠠᠷᠢᠮᠲᠠ ᠵᠢᠨ ᠴᠤᠪᠤᠷᠠᠯ᠂ ᠠᠵᠢᠯ᠎ᠤᠨ ᠤᠷᠤᠰᠬᠠᠯ ᠵᠶ᠋ᠠᠷ ᠭᠤᠤᠯ ᠪᠣᠯᠭ᠋ᠠᠭᠰᠠᠨ ᠲᠤᠬᠠᠶ᠋ᠢᠯᠠᠭᠰᠠᠨ ᠠᠵᠢᠯ᠎ᠤᠨ ᠠᠵᠢᠯᠯᠠᠭ᠋ᠠᠨ᠎ᠤ ᠬᠢᠨᠠᠨ ᠡᠵᠡᠮᠳᠡᠬᠦ ᠲᠣᠮᠣ ᠳ᠋ᠠᠶ᠋ᠢᠲ᠋ᠠ ᠵᠢᠨ ᠬᠥᠮᠥᠷᠭᠡ ᠵᠢ ᠪᠠᠶ᠋ᠢᠭᠤᠯᠤᠨ᠎ᠠ᠃  ᠬᠢᠯᠢ᠎ᠪᠠᠷ ᠣᠷᠣᠵᠤ ᠭᠠᠷᠬᠤ ᠬᠥᠮᠦᠰ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠭ᠋ᠠᠵᠢ᠂ ᠪᠠᠷᠠᠭ᠋ᠠᠨ᠎ᠤ ᠲᠤᠭ᠎ᠠ ᠪᠠᠷᠢᠮᠲᠠ ᠵᠢᠴᠢ ᠬᠢᠯᠢ ᠠᠯᠤᠰᠯᠠᠭᠰᠠᠨ ᠠᠷᠠᠯᠵᠢᠶᠠᠨ᠎ᠤ ᠭᠤᠤᠯ ᠴᠣᠭᠴᠠ ᠪᠠ ᠬᠢᠯᠢ ᠵᠢᠨ ᠬᠠᠮᠢᠶᠠᠷᠤᠯᠲᠠ ᠡᠵᠡᠮᠳᠡᠯ᠂ ᠬᠠᠤᠯᠢ᠎ᠠᠴᠠ ᠵᠥᠷᠢᠴᠡᠵᠦ ᠶᠠᠯ᠎ᠠ ᠬᠢᠭᠰᠡᠨ ᠵᠡᠷᠭᠡ ᠵᠠᠩᠭᠢᠯᠠᠭ᠎ᠠ ᠵᠢᠨ ᠮᠡᠳᠡᠭᠡ ᠵᠠᠩᠭᠢ ᠵᠢ ᠴᠤᠭᠯᠠᠭᠤᠯᠵᠤ᠂ ᠲᠣᠮᠣ ᠳ᠋ᠠᠶ᠋ᠢᠲ᠋ᠠ ᠵᠢᠨ ᠵᠠᠳᠠᠯᠤᠯᠲᠠ᠎ᠪᠠᠷ ᠳᠠᠮᠵᠢᠭᠤᠯᠤᠨ᠂ ᠪᠣᠭᠤᠮᠲᠠ ᠵᠢᠨ ᠲᠤᠬᠠᠶ᠋ᠢᠯᠠᠭᠰᠠᠨ ᠠᠵᠢᠯ᠎ᠢ ᠪᠦᠷᠢᠳᠬᠡᠨ ᠵᠠᠳᠠᠯᠬᠤ᠂ ᠬᠤᠷᠸ᠎ᠠ ᠠᠵᠤ ᠠᠬᠤᠶ ᠵᠢ ᠵᠠᠳᠠᠯᠤᠨ ᠰᠤᠳᠤᠯᠵᠤ ᠮᠠᠭ᠋ᠠᠳᠯᠠᠬᠤ ᠂ ᠬᠢᠯᠢ ᠵᠢᠨ ᠬᠠᠮᠢᠶᠠᠷᠤᠯᠲᠠ ᠡᠵᠡᠮᠳᠡᠯ᠎ᠢ ᠰᠤᠳᠤᠯᠤᠨ ᠮᠠᠭ᠋ᠠᠳᠯᠠᠵᠤ ᠤᠷᠢᠳᠴᠢᠯᠠᠨ ᠰᠡᠷᠡᠮᠵᠢᠯᠡᠭᠦᠯᠬᠦ ᠵᠡᠷᠭᠡ᠎ᠪᠠᠷ ᠭᠤᠤᠯᠳᠠᠯᠭ᠎ᠠ ᠪᠣᠯᠭ᠋ᠠᠭᠰᠠᠨ ᠲᠣᠭ᠋ᠠᠴᠢᠯᠠᠭᠰᠠᠨ ᠬᠢᠯᠢ ᠵᠢᠨ ᠪᠥᠬᠦ ᠦᠵᠡᠮᠵᠢ ᠵᠢ ᠳᠡᠯᠭᠡᠨ ᠦᠵᠡᠭᠦᠯᠬᠦ ᠲᠠᠪᠴᠠᠩ᠎ᠢ ᠪᠠᠶ᠋ᠢᠭᠤᠯᠤᠨ᠎ᠠ᠃ ᠳ᠋ᠠᠶ᠋ᠢᠲ᠋ᠠ ᠵᠢᠨ ᠬᠠᠮᠲᠤ᠎ᠳᠤ᠎ᠪᠠᠨ ᠬᠦᠷᠲᠡᠬᠦ ᠲᠣᠭᠲᠠᠴᠠ ᠵᠢ ᠪᠠᠶ᠋ᠢᠭᠤᠯᠵᠤ᠂ ᠳ᠋ᠠᠶ᠋ᠢᠲ᠋ᠠ ᠵᠢᠨ ᠡᠬᠢ ᠪᠠᠶᠠᠯᠢᠭ᠎ᠢ ᠬᠠᠮᠲᠤ᠎ᠳᠤ᠎ᠪᠠᠨ ᠬᠦᠷᠲᠡᠬᠦ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ᠃

  11. ᠲᠣᠭ᠋ᠠᠴᠢᠯᠠᠭᠰᠠᠨ ᠬᠠᠮᠢᠶᠠᠷᠤᠨ ᠡᠵᠡᠮᠳᠡᠬᠦ ᠰᠢᠰᠲ᠋ᠧᠮᠵᠢ ᠵᠢ ᠪᠠᠶ᠋ᠢᠭᠤᠯᠤᠨ᠎ᠠ᠃  ᠵᠠᠳᠠᠯᠬᠤ᠂   ᠰᠡᠷᠡᠮᠵᠢᠯᠡᠭᠦᠯᠬᠦ᠂ ᠰᠢᠢ᠍ᠳᠪᠦᠷᠢᠯᠡᠬᠦ᠂ ᠬᠢᠨᠠᠯᠲᠠ ᠲᠠᠯᠪᠢᠬᠤ ᠪᠠ ᠰᠢᠯᠭ᠋ᠠᠨ ᠬᠢᠨᠠᠬᠤ ᠵᠢ ᠨᠢᠭᠡ ᠴᠣᠭᠴᠠᠵᠢᠭᠤᠯᠤᠭᠰᠠᠨ ᠲᠤᠬᠠᠶ᠋ᠢᠯᠠᠭᠰᠠᠨ ᠠᠵᠢᠯ᠎ᠤᠨ ᠠᠵᠢᠯᠯᠠᠭ᠋ᠠᠨ᠎ᠤ ᠳᠡᠯᠭᠡᠨ ᠦᠵᠡᠭᠦᠯᠬᠦ ᠲᠠᠪᠴᠠᠩ᠎ᠢ ᠪᠠᠶ᠋ᠢᠭᠤᠯᠤᠨ᠎ᠠ᠃  ᠡᠯ᠎ᠡ ᠬᠢᠯᠢ ᠵᠢᠨ ᠪᠣᠭᠤᠮᠲᠠ᠎ᠨᠢ ᠠᠳᠠᠯᠢ ᠪᠤᠰᠤ ᠬᠢᠨᠠᠨ ᠬᠠᠮᠢᠶᠠᠷᠬᠤ ᠡᠲᠡᠭᠡᠳ ᠪᠠ ᠬᠢᠨᠠᠨ ᠬᠠᠮᠢᠶᠠᠷᠬᠤ ᠠᠷᠭ᠎ᠠ ᠮᠠᠶᠢᠭ᠎ᠢ ᠦᠨᠳᠦᠰᠦᠯᠡᠨ᠂ ᠠᠵᠢᠯᠯᠠᠬᠤ ᠲᠠᠯᠠᠪᠤᠷ᠎ᠤᠨ ᠲᠥᠷᠥᠯ ᠬᠤᠪᠢᠶᠠᠬᠤ ᠲᠣᠪᠶᠤᠭ ᠪᠠᠶ᠋ᠢᠭᠤᠯᠵᠤ᠂ AI ᠤᠶᠤᠨᠴᠢ ᠲᠣᠮᠣ ᠵᠠᠭᠪᠤᠷ ᠵᠶ᠋ᠠᠷ ᠳᠠᠮᠵᠢᠭᠤᠯᠤᠨ ᠬᠢᠯᠢ᠎ᠪᠠᠷ ᠣᠷᠣᠵᠤ ᠭᠠᠷᠬᠤ ᠬᠥᠮᠦᠰ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠭ᠋ᠠᠵᠢ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠪᠠᠷᠠᠭ᠎ᠠ᠂ ᠪᠡᠶ᠎ᠡ᠎ᠳᠡᠭᠡᠨ ᠠᠪᠴᠤ ᠶᠠᠪᠤᠭ᠎ᠠ ᠡᠳ᠋ ᠪᠣᠳᠠᠰ ᠵᠢᠴᠢ ᠡᠷᠡᠭᠦᠯ ᠬᠠᠮᠠᠭ᠋ᠠᠯᠠᠯ᠎ᠤᠨ ᠬᠢᠵᠢᠭ᠎ᠢ ᠰᠡᠷᠭᠡᠶ᠋ᠢᠯᠡᠬᠦ᠂ ᠠᠮᠢᠲᠠᠨ ᠤᠷᠭᠤᠮᠠᠯ᠎ᠤᠨ ᠬᠢᠵᠢᠭ᠎ᠤᠨ ᠪᠠᠶ᠋ᠢᠴᠠᠭ᠋ᠠᠯᠲᠠ᠂ ᠢᠳᠡᠭᠡᠨ᠎ᠤ ᠠᠮᠤᠷ ᠲᠦᠪᠰᠢᠨ᠎ᠤ ᠬᠢᠨᠠᠨ ᠬᠠᠮᠢᠶᠠᠷᠤᠯᠲᠠ᠂ ᠲᠠᠸᠠᠷ᠎ᠤᠨ ᠰᠢᠯᠭ᠋ᠠᠨ ᠪᠠᠶ᠋ᠢᠴᠠᠭ᠋ᠠᠯᠲᠠ ᠵᠡᠷᠭᠡ ᠬᠢᠨᠠᠨ ᠬᠠᠮᠢᠶᠠᠷᠬᠤ ᠭᠤᠭᠴᠤᠭ᠎ᠠ᠎ᠳᠤ ᠪᠥᠬᠦ ᠲᠠᠯ᠎ᠠ ᠵᠢᠨ ᠵᠠᠳᠠᠯᠤᠯᠲᠠ ᠬᠢᠵᠦ᠂ ᠨᠢᠭᠡ ᠳᠡᠯᠭᠡᠴᠡ᠎ᠳᠤ ᠣᠯᠠᠨ ᠵᠢᠷᠤᠭ    ᠭᠠᠷᠭ᠋ᠠᠬᠤ᠂ ᠬᠢᠨᠠᠨ ᠬᠠᠮᠢᠶᠠᠷᠴᠤ ᠠᠵᠢᠯᠯᠠᠬᠤ ᠪᠥᠬᠦ ᠶᠠᠪᠤᠴᠠ᠎ᠪᠠᠷ ᠬᠢᠨᠠᠨ ᠡᠵᠡᠮᠳᠡᠬᠦ ᠵᠢ ᠪᠡᠶᠡᠯᠡᠭᠦᠯᠦᠨ᠎ᠡ᠃  ᠲᠡᠮᠦᠷ ᠵᠠᠮ᠎ᠤᠨ ᠪᠣᠭᠤᠮᠲᠠ ᠵᠢᠨ ᠬᠢᠨᠠᠯᠲᠠ ᠬᠠᠮᠢᠶᠠᠷᠤᠯᠲᠠ ᠵᠢᠨ ᠣᠷᠣᠨ ᠪᠦᠰᠡ᠎ᠳᠤ ᠡᠯᠧᠺᠲᠷᠣᠨ ᠣᠷᠣᠨ ᠪᠠᠶ᠋ᠢᠷᠢ ᠲᠣᠬᠢᠷᠠᠭᠤᠯᠵᠤ᠂ ᠪᠡᠯᠡᠳᠬᠡᠮᠵᠢ ᠲᠥᠬᠦᠭᠡᠷᠦᠮᠵᠢ ᠵᠢ ᠲᠠᠰ ᠳᠡᠪᠰᠢᠭᠦᠯᠦᠨ᠂ ᠲᠡᠷᠢᠭᠦᠨ᠎ᠤ ᠲᠥᠬᠦᠭᠡᠷᠦᠮᠵᠢ ᠳᠣᠭᠢᠷᠠᠭᠤᠯᠵᠤ᠂ ᠬᠢᠵᠢᠭ ᠪᠠᠶ᠋ᠢᠴᠠᠭ᠋ᠠᠬᠤ ᠵᠡᠷᠭᠡ ᠠᠵᠢᠯ᠎ᠢ ᠤᠯᠠᠮ ᠨᠢᠭᠡ ᠠᠯᠬᠤᠮ ᠡᠷᠴᠢᠮᠵᠢᠭᠦᠯᠦᠨ ᠪᠠᠶ᠋ᠢᠴᠠᠭ᠋ᠠᠨ ᠰᠢᠯᠭ᠋ᠠᠬᠤ᠂ ᠬᠢᠵᠢᠭ ᠪᠠᠶ᠋ᠢᠴᠠᠭ᠋ᠠᠬᠤ ᠵᠡᠷᠭᠡ ᠠᠵᠢᠯ᠎ᠢ ᠤᠯᠠᠮ ᠨᠢᠭᠡ ᠠᠯᠬᠤᠮ ᠡᠷᠴᠢᠮᠵᠢᠭᠦᠯᠦᠨ ᠂ 《ᠬᠥᠮᠦᠨ ᠪᠠᠷᠠᠭ᠎ᠠ  ᠡᠷᠢᠬᠦ》 ᠪᠠᠶ᠋ᠢᠭᠰᠠᠨ᠎ᠠᠴᠠ 《ᠬᠥᠮᠦᠨ ᠪᠠᠷᠠᠭ᠎ᠠ ᠬᠦᠯᠢᠶᠡᠬᠦ》 ᠪᠣᠯᠭ᠋ᠠᠨ ᠬᠤᠪᠢᠷᠠᠭᠤᠯᠬᠤ ᠵᠢ ᠪᠡᠶᠡᠯᠡᠭᠦᠯᠦᠨ᠎ᠡ᠃

  12. ᠬᠠᠪᠲᠠᠭ᠋ᠠᠢ᠍ᠢ᠍ᠵᠢᠭᠤᠯᠤᠭᠰᠠᠨ ᠵᠢᠯᠣᠭᠤᠳᠬᠤ ᠰᠢᠰᠲ᠋ᠧᠮ᠎ᠢ ᠲᠡᠭᠦᠯᠳᠡᠷᠵᠢᠭᠦᠯᠦᠨ᠎ᠡ᠃  ᠴᠡᠷᠢᠭ᠂ ᠴᠠᠭᠳᠠᠭ᠎ᠠ᠂ ᠠᠷᠠᠳ᠎ᠤᠨ ᠬᠠᠮᠵᠢᠯᠴᠠᠭᠰᠠᠨ ᠬᠠᠮᠢᠶᠠᠷᠤᠨ ᠡᠵᠡᠮᠳᠡᠬᠦ ᠵᠢ ᠨᠢᠭᠡ ᠴᠣᠭᠴᠠᠵᠢᠭᠤᠯᠤᠭᠰᠠᠨ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠬᠦ ᠪᠠ ᠲᠡᠭᠦᠨ᠎ᠳᠤ ᠣᠷᠣᠯᠴᠠᠵᠤ᠂ ᠪᠣᠭᠤᠮᠲᠠ ᠵᠢᠨ ᠠᠮᠤᠷ ᠲᠦᠪᠰᠢᠨ᠎ᠤ ᠰᠡᠷᠭᠡᠶ᠋ᠢᠯᠡᠨ ᠡᠵᠡᠮᠳᠡᠬᠦ ᠪᠠ ᠣᠶᠤᠨᠴᠢᠯᠠᠭᠰᠠᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ; ᠪᠣᠭᠤᠮᠲᠠ ᠵᠢᠨ᠎ᠬᠢᠨ ᠬᠤᠶᠠᠳᠤᠭ᠋ᠠᠷ   ᠳᠡᠰ᠂ ᠭᠤᠷᠪᠠᠳᠤᠭ᠋ᠠᠷ ᠳᠡᠰ᠎ᠤᠨ ᠵᠢᠯᠤᠭᠤᠳᠬᠤ ᠲᠥᠪ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ   ᠠᠬᠢᠭᠤᠯᠵᠤ᠂ ᠬᠢᠯᠢ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠬᠤ ᠰᠠᠯᠠᠭ᠎ᠠ ᠮᠥᠴᠢᠷ᠎ᠤᠨ ᠵᠢᠯᠤᠭᠤᠳᠬᠤ ᠲᠥᠪ᠎ᠤᠨ ᠴᠢᠳᠠᠮᠵᠢ ᠵᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠬᠠᠮᠤᠷᠬᠤ ᠬᠡᠪᠴᠢᠶ᠎ᠡ ᠵᠢ ᠥᠷᠭᠡᠳᠬᠡᠨ᠂ ᠲᠡᠮᠦᠷ ᠵᠠᠮ᠎ᠤᠨ ᠰᠠᠯᠠᠭ᠎ᠠ ᠮᠥᠴᠢᠷ᠎ᠤᠨ ᠵᠢᠯᠤᠭᠤᠳᠬᠤ ᠰᠢᠰᠲ᠋ᠧᠮ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠤᠯᠪᠣᠭ᠋ᠠᠯᠠᠨ ᠪᠠᠶ᠋ᠢᠴᠠᠭ᠋ᠠᠵᠤ ᠬᠤᠯᠪᠣᠭ᠋ᠠᠯᠠᠨ ᠲᠡᠭᠡᠭᠡᠪᠦᠷᠢᠯᠡᠬᠦ ᠰᠠᠯᠠᠭ᠎ᠠ ᠮᠥᠴᠢᠷ᠎ᠤᠳ ᠬᠥᠨᠳᠡᠯᠡᠨ ᠵᠶ᠋ᠠᠷ ᠬᠠᠮᠵᠢᠯᠴᠠᠬᠤ᠂ ᠭᠤᠯᠳᠤ᠎ᠪᠠᠷ ᠬᠤᠯᠪᠣᠭ᠋ᠠᠯᠠᠨ ᠬᠥᠳᠡᠯᠦᠯᠴᠡᠬᠦ᠂ ᠬᠠᠮᠲᠤ᠎ᠪᠠᠷ ᠵᠠᠰᠠᠵᠤ ᠬᠠᠮᠲᠤ᠎ᠪᠠᠷ ᠬᠠᠮᠢᠶᠠᠷᠬᠤ᠂ ᠥᠨᠳᠥᠷ ᠪᠦᠲᠦᠮᠵᠢᠲᠡᠶ ᠠᠵᠢᠯᠯᠠᠭ᠋ᠠᠨ᠎ᠲᠠᠢ ᠣᠶᠤᠨᠴᠢ ᠬᠢᠨᠠᠯᠲᠠ ᠬᠠᠮᠢᠶᠠᠷᠤᠯᠲᠠ ᠵᠢᠨ ᠵᠢᠯᠤᠭᠤᠳᠬᠤ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠲᠣᠣᠷᠵᠢᠯ᠎ᠳᠤ ᠨᠡᠶ᠋ᠢᠯᠡᠭᠦᠯᠦᠨ ᠬᠠᠮᠲᠤᠪᠠᠷ ᠡᠳ᠋ᠯᠡᠬᠦ ᠵᠢ ᠪᠡᠶᠡᠯᠡᠭᠦᠯᠦᠨ᠎ᠡ᠃   ᠪᠣᠭᠤᠮᠲᠠ ᠵᠢᠨ ᠬᠢᠵᠠᠭ᠋ᠠᠷᠯᠠᠭᠰᠠᠨ ᠣᠷᠣᠨ ᠪᠦᠰᠡ᠂ ᠪᠣᠭᠤᠮᠲᠠ ᠵᠢᠨ ᠬᠢᠨᠠᠨ ᠬᠠᠮᠢᠶᠠᠷᠬᠤ ᠭᠠᠵᠠᠷ᠎ᠤᠨ ᠣᠷᠣᠨ ᠪᠦᠰᠡ ᠵᠢᠨ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠪᠠ ᠴᠢᠮᠡᠭᠡ ᠬᠤᠯᠪᠣᠭ᠋ᠠᠨ᠎ᠤ ᠲᠣᠤᠷ ᠰᠦᠯᠵᠢᠶ᠎ᠡ ᠵᠢ ᠨᠡᠶ᠋ᠢᠳᠡᠮ ᠪᠦᠷᠬᠦᠭᠦᠯᠵᠦ᠂ ᠠᠮᠤᠷ ᠲᠦᠪᠰᠢᠨ᠎ᠤ ᠬᠠᠮᠢᠶᠠᠷᠤᠯᠲᠠ᠂ ᠵᠠᠳᠠᠯᠤᠯᠲᠠ ᠬᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠡᠷᠭᠡ ᠡᠯ᠎ᠡ ᠭᠤᠭᠴᠤᠭ᠎ᠠ᠎ᠳᠤ ᠦᠵᠡᠭᠳᠡᠬᠦ᠋ᠢ᠍ᠴᠡ ᠲᠣᠬᠢᠷᠠᠭᠤᠯᠵᠤ᠂ ᠬᠠᠪᠲᠠᠭ᠋ᠠᠶ᠋ᠢᠷᠠᠭᠤᠯᠤᠨ ᠵᠢᠯᠣᠭᠤᠳᠬᠤ ᠵᠢ ᠪᠡᠶᠡᠯᠡᠭᠦᠯᠦᠨ᠎ᠡ᠃   ᠡᠯ᠎ᠡ ᠬᠢᠯᠢ ᠵᠢᠨ ᠪᠣᠭᠤᠮᠲᠠ᠎ᠨᠢ ᠲᠤᠬᠠᠶ᠋ᠢᠯᠠᠭᠰᠠᠨ ᠠᠵᠢᠯ᠎ᠤᠨ ᠬᠠᠮᠵᠢᠯᠴᠠᠬᠤ ᠲᠠᠪᠴᠠᠩ᠎ᠢ ᠪᠥᠲᠥᠭᠡᠨ ᠪᠠᠶ᠋ᠢᠭᠤᠯᠵᠤ᠂ ᠵᠠᠭ᠋ᠠᠭ ᠬᠡᠮᠵᠢᠭᠳᠡᠯ᠂ AI ᠵᠠᠭᠪᠤᠷ᠂ ᠲᠦᠭᠰᠢᠭᠦᠷᠢ ᠵᠢᠨ ᠪᠣᠯᠵᠣᠯᠲᠤ ᠲᠤᠭ᠎ᠠ ᠠᠴᠢᠶᠠᠯᠠᠬᠤ ᠵᠡᠷᠭᠡ ᠠᠷᠭ᠎ᠠ ᠮᠠᠶᠢᠭ ᠵᠶ᠋ᠠᠷ ᠬᠢᠯᠢ᠎ᠪᠠᠷ ᠣᠷᠣᠵᠤ ᠭᠠᠷᠬᠤ ᠲᠡᠭᠡᠭᠡᠪᠦᠷᠢ ᠵᠢᠨ ᠪᠠᠭ᠋ᠠᠵᠢ᠂ ᠠᠵᠢᠯᠲᠠᠨ᠂ ᠡᠳ᠋ ᠪᠠᠷᠠᠭ᠎ᠠ᠂ ᠡᠳ᠋ ᠪᠣᠳᠠᠰ᠎ᠤᠨ ᠪᠥᠬᠦ ᠬᠡᠯᠬᠢᠶ᠎ᠡ ᠵᠢᠨ ᠤᠶᠤᠨᠴᠢᠯᠠᠭᠰᠠᠨ ᠴᠠᠭ ᠲᠤᠬᠠᠶ᠎ᠳᠤᠨᠢ ᠬᠢᠨᠠᠨ ᠡᠵᠡᠮᠳᠡᠬᠦ ᠵᠢ ᠪᠡᠶᠡᠯᠡᠭᠦᠯᠦᠨ᠎ᠡ᠃

  (ᠲᠦᠷᠪᠡ) ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠳᠥᠭᠦᠮᠴᠢᠯᠡᠯᠲᠡ ᠵᠢ ᠲᠦᠷᠭᠡᠳᠬᠡᠨ ᠳᠡᠭᠡᠭᠰᠢᠯᠡᠭᠦᠯᠦᠨ᠎ᠡ

  13. ᠣᠶᠤᠨᠴᠢ ᠪᠣᠭᠤᠮᠲᠠ᠎ᠪᠠᠷ ᠥᠩᠭᠡᠷᠡᠬᠦ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠤᠨ᠎ᠠ᠃ ᠬᠡᠷᠡᠭᠴᠡᠭᠡ ᠶᠣᠰᠣᠭ᠋ᠠᠷ ᠣᠶᠤᠨᠴᠢ ᠪᠣᠭᠤᠮᠲᠠ ᠵᠢᠨ ᠲᠤᠰᠠᠯᠠᠬᠤ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠵᠤ᠂ ᠣᠶᠤᠨᠴᠢ ᠭᠠᠶ᠋ᠢᠯᠢ ᠵᠢᠨ ᠲᠦᠷᠢᠮ᠎ᠤᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ᠂ ᠬᠠᠭᠤᠳᠠᠰᠤ ᠪᠠᠷᠢᠮᠲᠠ ᠵᠢ ᠣᠶᠤᠨᠴᠢ᠎ᠪᠠᠷ ᠪᠣᠶ ᠪᠣᠯᠭ᠋ᠠᠬᠤ᠂ ᠣᠶᠤᠨᠴᠢ ᠲᠤᠰᠠᠯᠠᠮᠵᠢ ᠵᠢ ᠲᠥᠷᠥᠯ ᠬᠤᠪᠢᠶᠠᠬᠤ᠂ ᠣᠶᠤᠨᠴᠢ ᠬᠢᠨᠠᠨ ᠰᠢᠯᠭ᠋ᠠᠯᠲᠠ ᠵᠢ ᠵᠣᠬᠢᠴᠠᠭᠤᠯᠬᠤ᠂ ᠣᠶᠤᠨᠴᠢ ᠲᠣᠭᠲᠠᠭ᠋ᠠᠯ᠎ᠳᠤ ᠨᠡᠶ᠋ᠢᠴᠡᠭᠦᠯᠦᠨ ᠪᠠᠶ᠋ᠢᠴᠠᠭ᠋ᠠᠬᠤ᠂ ᠣᠶᠤᠨᠴᠢ ᠲᠦᠭᠰᠢᠭᠦᠷᠢ ᠵᠢᠨ ᠰᠠᠨᠠᠭᠤᠯᠤᠮᠵᠢ ᠵᠡᠷᠭᠡ ᠦᠢ᠍ᠯᠡᠴᠢᠯᠡᠭᠡ ᠵᠢ ᠬᠠᠩᠭ᠋ᠠᠨ᠎ᠠ᠃  ᠳᠡᠮᠥᠷ ᠵᠠᠮ᠎ᠤᠨ ᠬᠢᠯᠢ ᠠᠯᠥᠰᠯᠬᠠᠰᠠᠨ ᠠᠷᠡᠯᠵᠢᠶ᠎ᠠ ᠵᠢᠨ ᠳᠡᠩ ᠭᠡᠷᠡᠴᠢ ᠪᠠ ᠪᠠᠶ᠋ᠢᠴᠠᠭ᠋ᠠᠨ ᠰᠢᠯᠭ᠋ᠠᠠᠠᠰᠠᠨ ᠦᠷ᠎ᠠ ᠳ᠋ᠦᠩ ᠵᠡᠷᠭᠡ ᠲᠤᠭ᠎ᠠ ᠪᠡᠷᠢᠮᠳᠡ ᠵᠢ ᠬᠠᠮᠳᠣᠪᠡᠷ ᠬᠦᠷᠲᠡᠬᠦ ᠵᠢ ᠠᠬᠢᠭᠤᠯᠵᠦ᠂ ᠨᠦᠬᠦᠴᠡᠯ᠎ᠳᠤ ᠨᠡᠶ᠋ᠢᠴᠡᠬᠦᠯᠥᠨ ᠠᠦ᠋ᠲ᠋ᠤ᠋ ᠳᠡᠯᠪᠢᠨ ᠶᠠᠪᠤᠭᠤᠯᠥᠨ᠎ᠠ᠃  ᠬᠢᠯᠢ ᠠᠯᠤᠰᠯᠠᠭᠰᠠᠨ ᠠᠷᠠᠯᠵᠢᠶᠠᠨ᠎ᠤ ᠮᠡᠳᠡᠯᠭᠡ ᠵᠢᠨ ᠬᠥᠮᠥᠷᠭᠡ ᠵᠢ ᠪᠠᠶ᠋ᠢᠭᠤᠯᠵᠤ᠂ ᠠᠵᠤ ᠠᠬᠤᠶ᠋ᠢᠯᠠᠯ᠎ᠳᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠭ ᠣᠨᠣᠴᠠᠲᠠᠶ᠎ᠪᠠᠷ ᠲᠠᠯᠪᠢᠬᠤ᠂ ᠪᠣᠭᠤᠮᠲᠠ᠎ᠪᠠᠷ ᠥᠩᠭᠡᠷᠡᠬᠦ ᠴᠤᠪᠤᠷᠠᠯ᠎ᠤᠨ ᠵᠢᠯᠣᠭᠤᠳᠣᠯᠭ᠎ᠠ᠂ ᠠᠷᠠᠯᠵᠢᠶᠠᠨ᠎ᠤ ᠲᠦᠭᠰᠢᠭᠦᠷᠢ ᠵᠢ ᠦᠨᠡᠯᠡᠨ ᠵᠢᠱ᠌ᠢᠵᠦ ᠤᠷᠢᠳᠴᠢᠯᠠᠨ ᠰᠡᠷᠡᠮᠵᠢᠯᠡᠭᠦᠯᠬᠦ᠂ ᠣᠶᠤᠨᠴᠢ᠎ᠪᠠᠷ ᠪᠠᠶ᠋ᠢᠴᠠᠭ᠋ᠠᠨ ᠡᠷᠢᠬᠦ ᠠᠰᠠᠭᠤᠯᠲᠠ ᠬᠠᠷᠢᠭᠤᠯᠲᠠ ᠵᠡᠷᠭᠡ 《ᠨᠢᠭᠡ ᠥᠷᠲᠡᠭᠡ ᠮᠠᠶᠢᠭ》᠎ᠤᠨ ᠤᠶᠤᠨᠴᠢ᠎ᠪᠠᠷ ᠵᠠᠮᠴᠢᠯᠠᠬᠤ ᠦᠢ᠍ᠯᠡᠴᠢᠯᠡᠭᠡ ᠵᠢ ᠬᠠᠩᠭ᠋ᠠᠨ᠎ᠠ᠃ ᠰᠢᠯᠵᠢᠮᠡᠯ ᠬᠡᠡᠭᠯᠡᠭᠡᠨ᠎ᠤ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠤᠨ ᠪᠠᠶ᠋ᠢᠩᠭᠤ ᠭᠦᠢ᠍ᠴᠡᠳᠬᠡᠬᠦ ᠵᠦᠢ᠍ᠯᠡᠰ᠎ᠢ ᠰᠢᠯᠵᠢᠮᠡᠯ ᠦᠵᠦᠭᠦᠷ ᠳᠠᠰᠢ ᠤᠷᠲᠤᠳᠬᠠᠬᠤ ᠵᠢ ᠠᠬᠢᠭᠤᠯᠤᠨ᠂ ᠨᠠᠩ ᠣᠯᠠᠨ ᠦᠢ᠍ᠯᠡᠴᠢᠯᠡᠭᠡᠨ᠎ᠤ ᠵᠦᠢ᠍ᠯᠡᠰ᠎ᠢ ᠠᠯᠠᠭ᠋ᠠᠨ ᠳᠡᠭᠡᠷ᠎ᠡ ᠭᠦᠢ᠍ᠴᠡᠳᠬᠡᠬᠦ᠂ ᠴᠠᠭ ᠲᠤᠬᠠᠶ᠎ᠳᠤᠨᠢ ᠭᠦᠢ᠍ᠴᠡᠳᠬᠡᠬᠦ ᠵᠢ ᠪᠡᠶᠡᠯᠡᠭᠦᠯᠦᠨ᠎ᠡ᠃  ᠪᠣᠭᠣᠮᠲᠠ ᠪᠠ ᠲᠡᠮᠦᠷ ᠵᠠᠮ᠎ᠤᠨ ᠵᠠᠮ ᠰᠣᠯᠢᠬᠤ ᠪᠠᠶ᠋ᠢᠳᠠᠯ᠎ᠳᠤ ᠨᠡᠶ᠋ᠢᠴᠡᠭᠦᠯᠦᠨ ᠠᠵᠢᠯᠯᠠᠵᠤ᠂ ᠲᠡᠮᠦᠷ ᠵᠠᠮ᠎ᠤᠨ ᠤᠶᠤᠨᠴᠢ ᠬᠠᠶ᠋ᠢᠷᠴᠠᠭ ᠲᠡᠭᠡᠭᠡᠬᠦ᠂ ᠬᠠᠶ᠋ᠢᠷᠴᠠᠭ ᠨᠥᠬᠥᠪᠥᠷᠢᠯᠡᠬᠦ᠂ ᠡᠳ᠋ ᠪᠠᠷᠠᠭ᠎ᠠ ᠵᠢ ᠲᠤᠰ ᠡᠳᠦᠷ᠎ᠲᠤᠨᠢ ᠣᠯᠭᠣᠬᠤ ᠵᠢ ᠪᠡᠶᠡᠯᠡᠭᠦᠯᠬᠦ ᠬᠡᠷᠡᠭᠲᠡᠶ᠃   ᠵᠠᠰᠠᠮᠠᠯ ᠵᠠᠮ᠎ᠤᠨ ᠪᠣᠭᠤᠮᠲᠠ ᠵᠢᠨ 《ᠬᠢᠯᠢ ᠠᠯᠤᠰᠯᠠᠭᠰᠠᠨ ᠨᠢᠭᠡ ᠣᠨᠢᠰᠤ》 ᠵᠢᠨ ᠪᠣᠭᠤᠮᠲᠠ᠎ᠪᠠᠷ ᠲᠦᠷᠭᠡᠨ ᠥᠩᠭᠡᠷᠡᠬᠦ ᠵᠠᠭᠪᠤᠷ᠎ᠢ ᠵᠢᠷᠤᠮᠯᠠᠨ ᠳᠠᠭ᠋ᠠᠵᠤ ᠳᠡᠯᠭᠡᠷᠡᠭᠦᠯᠦᠨ᠂ 《ᠨᠢᠭᠡ ᠤᠳᠠᠭ᠎ᠠ᠎ᠳᠤ ᠣᠷᠣᠭᠤᠯᠬᠤ᠂ ᠣᠯᠠᠨ ᠬᠠᠭᠤᠳᠠᠰᠤ᠎ᠪᠠᠷ ᠬᠤᠯᠪᠣᠭᠳᠠᠭᠤᠯᠬᠤ᠂ ᠬᠤᠶᠠᠷ ᠭᠠᠵᠠᠷ ᠵᠶ᠋ᠠᠷ ᠭᠤᠶᠤᠴᠢᠯᠠᠨ ᠮᠡᠳᠡᠭᠦᠯᠬᠦ》 ᠵᠢ ᠰᠦᠪᠡᠭᠴᠢᠯᠡᠨ ᠠᠬᠢᠭᠤᠯᠵᠤ᠂ ᠬᠥᠷᠰᠢ ᠵᠡᠷᠭᠡᠯᠡᠳᠡᠭᠡ ᠤᠯᠤᠰ᠂ ᠭᠤᠷᠪᠠᠳᠠᠬᠢ ᠡᠲᠡᠭᠡᠳ᠎ᠤᠨ ᠲᠠᠪᠴᠠᠩ᠎ᠤᠨ ᠪᠠᠷᠢᠮᠵᠢᠶ᠎ᠠ ᠵᠢ ᠵᠣᠯᠭ᠋ᠠᠭᠤᠯᠬᠤ ᠪᠠ ᠬᠠᠷᠢᠯᠴᠠᠨ ᠮᠡᠳᠡᠷᠡᠬᠦ ᠵᠢ ᠳᠡᠮᠵᠢᠨ᠎ᠡ᠃   ᠠᠭ᠋ᠠᠷ᠎ᠤᠨ ᠠᠶᠠᠯᠠᠯ᠎ᠤᠨ ᠪᠠᠷᠠᠭ᠋ᠠᠨ᠎ᠤ ᠭᠦᠢ᠍ᠯᠭᠡᠭᠡᠨ᠎ᠤ ᠪᠥᠬᠦ ᠬᠡᠯᠬᠢᠶ᠎ᠡ ᠵᠢᠨ ᠮᠡᠳᠡᠭᠡ ᠵᠠᠩᠭᠢ ᠵᠢᠨ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠠᠬᠢᠭᠤᠯᠵᠤ᠂ ᠨᠢᠰᠬᠡᠯ᠎ᠤᠨ ᠪᠠᠭᠤᠳᠠᠯ᠎ᠤᠨ ᠠᠮᠤᠷ ᠲᠦᠪᠰᠢᠨ᠎ᠤ ᠪᠠᠶ᠋ᠢᠴᠠᠭ᠋ᠠᠯᠲᠠ᠂ ᠲᠡᠭᠡᠭᠡᠪᠦᠷᠢ ᠵᠢᠨ ᠬᠠᠭᠤᠳᠠᠰᠤ᠂ ᠪᠠᠷᠠᠭ᠎ᠠ ᠭᠠᠷᠭ᠋ᠠᠵᠤ ᠠᠪᠬᠤ ᠬᠠᠭᠤᠳᠠᠰᠤ ᠵᠡᠷᠭᠡ ᠬᠠᠭᠤᠳᠠᠰᠤ ᠪᠠᠷᠢᠮᠲᠠ ᠵᠢ ᠴᠠᠭ᠋ᠠᠰᠤ ᠬᠡᠷᠡᠭᠯᠡᠬᠦ ᠦᠭᠡᠢ ᠪᠣᠯᠭ᠋ᠠᠬᠤ ᠵᠢ ᠪᠡᠶᠡᠯᠡᠭᠦᠯᠵᠦ᠂ ᠲᠡᠭᠡᠭᠡᠪᠦᠷᠢ ᠵᠢᠨ ᠬᠠᠭᠤᠳᠠᠰᠤ ᠮᠡᠳᠡᠭᠦᠯᠬᠦ᠂ ᠲᠡᠭᠡᠭᠡᠪᠦᠷᠢ ᠵᠢᠨ ᠬᠢᠨᠠᠨ ᠲᠣᠭᠲᠠᠭ᠋ᠠᠯᠲᠠ ᠵᠢᠨ ᠮᠡᠳᠡᠭᠦᠯᠦᠯᠲᠡ᠂ ᠡᠳ᠋ ᠪᠠᠷᠠᠭ᠎ᠠ ᠵᠢᠨ ᠮᠥᠷᠳᠡᠯᠲᠡ᠂ ᠠᠭ᠋ᠠᠷ᠎ᠤᠨ ᠠᠶᠠᠯᠠᠯ᠎ᠤᠨ ᠱᠤᠭᠤᠮ᠎ᠤᠨ ᠲᠣᠤᠷ ᠰᠦᠯᠵᠢᠶ᠎ᠡ ᠵᠢᠨ ᠦᠵᠡᠭᠳᠡᠬᠦᠶ᠋ᠢᠴᠡ ᠵᠡᠷᠭᠡ 《ᠨᠢᠭᠡ ᠥᠷᠲᠡᠭᠡ ᠮᠠᠶᠢᠭ》᠎ᠤᠨ ᠦᠢ᠍ᠯᠡᠴᠢᠯᠡᠭᠡ ᠬᠠᠩᠭ᠋ᠠᠨ᠎ᠠ᠃

  14. ᠣᠶᠤᠨᠴᠢ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠣᠣᠷ᠎ᠢ ᠪᠠᠶ᠋ᠢᠭᠤᠯᠤᠨ᠎ᠠ᠃ ᠠᠳᠠᠯᠢ ᠪᠤᠰᠤ ᠪᠠᠷᠠᠭ᠋ᠠᠨ᠎ᠤ ᠭᠦᠢ᠍ᠯᠭᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠵᠢᠨ ᠬᠤᠭᠤᠷᠣᠨᠳᠣᠬᠢ ᠵᠣᠯᠭ᠋ᠠᠯᠴᠠᠭ᠎ᠠ ᠬᠤᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠳᠣᠲᠣᠭ᠋ᠠᠳᠤ᠎ᠳᠠᠭᠠᠨ ᠰᠠᠭ᠋ᠠᠳ ᠥᠬᠡᠶ ᠨᠡᠪᠲᠡᠷᠡᠭᠦᠯᠵᠦ ᠭᠠᠳᠠᠭᠰᠢ ᠬᠤᠯᠪᠣᠭᠰᠠᠨ ᠣᠶᠤᠨᠴᠢ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠣᠤᠷ᠎ᠢ ᠪᠠᠶ᠋ᠢᠭᠤᠯᠤᠨ᠎ᠠ᠃   ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ᠂ ᠲᠤᠮᠤ ᠳ᠋ᠠᠶ᠋ᠢᠲ᠋ᠠ᠂ ᠣᠷᠣᠨ ᠬᠡᠰᠡᠭ᠎ᠤᠨ ᠬᠡᠯᠬᠢᠶ᠎ᠡ ᠵᠡᠷᠭᠡ ᠮᠡᠷᠭᠡᠵᠢᠯ᠎ᠢ ᠠᠰᠢᠭᠯᠠᠵᠤ᠂ ᠦᠢ᠍ᠯᠡᠳᠪᠦᠷᠢᠯᠡᠯ᠂ ᠠᠷᠠᠯᠵᠢᠶ᠎ᠠ᠂ ᠬᠥᠮᠥᠷᠭᠡᠯᠡᠨ ᠬᠠᠳᠠᠭ᠋ᠠᠯᠠᠬᠤ᠂ ᠡᠳ᠋ ᠪᠠᠷᠠᠭ᠋ᠠᠨ᠎ᠤ ᠭᠦᠢ᠍ᠯᠭᠡᠭᠡ ᠵᠡᠷᠭᠡ ᠠᠵᠢᠯ ᠲᠦᠷᠦᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠤᠯᠠᠮᠵᠢᠯᠠᠯᠲᠤ ᠦᠢ᠍ᠯᠡᠴᠢᠯᠡᠭᠡᠨ᠎ᠤ ᠵᠠᠭᠪᠤᠷ᠎ᠢ ᠲᠣᠭ᠋ᠠᠴᠢᠯᠠᠭᠰᠠᠨ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ᠃   ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ᠎ᠳᠤ 《ᠨᠢᠭᠡ  ᠬᠠᠭᠤᠳᠠᠰᠤ ᠵᠢᠨ ᠳᠦᠷᠢᠮ》᠂ 《ᠨᠢᠭᠡ ᠬᠠᠶ᠋ᠢᠷᠴᠠᠭ ᠳᠦᠷᠢᠮ》᠎ᠢ ᠠᠬᠢᠭᠤᠯᠵᠤ᠂ ᠨᠠᠶ᠋ᠢᠳᠠᠨ ᠲᠡᠭᠡᠭᠡᠪᠦᠷᠢᠯᠡᠭᠦᠯᠦᠭᠴᠢ ᠵᠢ ᠨᠢᠭᠡ ᠯᠡ ᠤᠳᠠᠭ᠎ᠠ᠎ᠳᠤ ᠨᠠᠶ᠋ᠢᠳᠠᠬᠤ᠂ ᠵᠠᠷᠤᠳᠠᠯ ᠎ᠢ ᠨᠢᠭᠡ ᠯᠡ ᠤᠳᠠᠭ᠎ᠠ᠎ᠳᠤ ᠳ᠋ᠦᠩᠨᠡᠨ ᠪᠣᠳᠣᠬᠤ᠂ ᠪᠠᠷᠠᠭ᠎ᠠ᠎ᠪᠠᠨ ᠨᠢᠭᠡ ᠯᠡ ᠤᠳᠠᠭ᠎ᠠ᠎ᠳᠤ ᠳᠠᠭ᠋ᠠᠳᠬᠠᠬᠤ ᠵᠢ ᠪᠡᠶᠡᠯᠡᠭᠦᠯᠵᠦ᠂ ᠬᠠᠮᠲᠤᠷᠠᠭᠰᠠᠨ ᠲᠡᠭᠡᠭᠡᠪᠦᠷᠢ ᠵᠢᠨ ᠪᠦᠬᠦ ᠶᠠᠪᠤᠴᠠ ᠵᠢ 《ᠬᠠᠶ᠋ᠢᠷᠴᠠᠭ ᠰᠣᠯᠢᠬᠤ ᠦᠭᠡᠶ᠂ ᠬᠠᠶ᠋ᠢᠷᠴᠠᠭ ᠨᠡᠭᠡᠭᠡᠬᠦ ᠦᠭᠡᠶ᠂ ᠨᠢᠭᠡ ᠬᠠᠶ᠋ᠢᠷᠴᠠᠭ ᠡᠴᠦᠰ᠎ᠲᠤᠨᠢ ᠲᠤᠯᠲᠠᠯ᠎ᠠ ᠬᠢᠬᠦ》᠂ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢ ᠡᠵᠡᠩᠨᠡᠭᠴᠢ ᠪᠦᠬᠦ ᠶᠠᠪᠤᠴᠠ᠎ᠳᠤ ᠬᠠᠷᠢᠭᠤᠴᠠᠨ᠎ᠠ᠃   ᠣᠶᠤᠨᠴᠢ ᠬᠥᠮᠥᠷᠭᠡᠯᠡᠨ ᠬᠠᠳᠠᠭ᠋ᠠᠯᠠᠬᠤ᠂ ᠣᠶᠤᠨᠴᠢ ᠪᠠᠷᠠᠭ᠋ᠠᠨ᠎ᠤ ᠭᠦᠢ᠍ᠯᠭᠡᠭᠡ᠂ ᠣᠶᠤᠨᠴᠢ ᠦᠢ᠍ᠯᠡᠳᠪᠦᠷᠢ ᠪᠣᠯᠤᠨ ᠣᠶᠤᠨᠴᠢ ᠪᠣᠭᠤᠮᠲᠠ ᠵᠢᠨ ᠪᠦᠳᠦᠭᠡᠨ ᠪᠠᠶ᠋ᠢᠭᠤᠯᠤᠯᠲᠠ ᠵᠢᠨ ᠠᠭᠤᠰᠤᠯᠴᠠᠯ᠎ᠢ ᠠᠬᠢᠭᠤᠯᠤᠨ᠎ᠠ᠃ ᠬᠢᠯᠢ ᠵᠢᠨ ᠪᠣᠭᠤᠮᠲᠠ ᠬᠢᠭᠡᠳ ᠠᠵᠤ ᠠᠬᠤᠶ ᠵᠢᠨ ᠲᠤᠳᠤᠷ᠎ᠠ ᠭᠠᠵᠠᠷ᠂ ᠬᠦᠷᠢᠶᠡᠯᠡᠩ ᠲᠣᠭᠤᠷᠢᠭ᠎ᠤᠨ ᠬᠤᠭᠤᠷᠣᠨᠳᠣᠬᠢ ᠣᠶᠤᠨᠴᠢᠯᠠᠭᠰᠠᠨ ᠬᠠᠮᠵᠢᠯᠴᠠᠨ ᠬᠠᠮᠲᠤᠷᠠᠯᠴᠠᠬᠤ ᠵᠢ ᠴᠢᠩᠭ᠋ᠠᠳᠬᠠᠵᠤ᠂ 《ᠣᠨᠳᠣᠤ ᠭᠠᠵᠠᠷ᠎ᠤᠨ ᠪᠠᠷᠠᠭ᠋ᠠᠨ᠎ᠤ ᠥᠷᠲᠡᠭᠡ》 《ᠬᠠᠮ ᠭᠠᠷᠠᠮ》 《ᠬᠤᠯᠪᠣᠭ᠋ᠠᠯᠠᠨ ᠬᠥᠳᠡᠯᠦᠯᠴᠡᠵᠦ ᠭᠥᠯᠢᠶᠡᠨ ᠠᠪᠴᠤ ᠪᠠᠭᠤᠯᠭ᠋ᠠᠬᠤ》 ᠲᠤᠷᠰᠢᠯᠲᠠ ᠵᠢᠨ ᠴᠡᠭ᠎ᠢ ᠳᠡᠮᠵᠢᠵᠦ᠂ ᠪᠠᠷᠠᠭ᠋ᠠᠨ᠎ᠤ ᠲᠡᠭᠡᠭᠡᠪᠦᠷᠢ ᠵᠢᠨ ᠨᠡᠪᠲᠡᠷᠡᠬᠦ ᠴᠢᠨᠠᠷ᠎ᠢ ᠥᠷᠭᠡᠳᠬᠡᠨ᠎ᠡ᠃

  15. ᠣᠯᠠᠨ ᠤᠯᠤᠰ᠎ᠤᠨ ᠠᠷᠠᠯᠵᠢᠶᠠᠨ᠎ᠤ 《ᠭᠠᠭᠴᠠ ᠴᠣᠩᠬᠤᠪᠴᠢ》 ᠵᠢᠨ ᠬᠡᠷᠡᠭᠯᠡᠯᠲᠡ ᠵᠢ ᠴᠢᠩᠭ᠋ᠠᠷᠠᠭᠤᠯᠤᠨ᠎ᠠ᠃ ᠣᠯᠠᠨ ᠤᠯᠤᠰ᠎ᠤᠨ ᠠᠷᠠᠯᠵᠢᠶ᠎ᠠ (ᠥᠪᠥᠷ ᠮᠣᠩᠭᠣᠯ) ᠵᠢᠨ 《ᠭᠠᠭᠴᠠ ᠴᠣᠩᠬᠤᠪᠴᠢ》 ᠵᠢᠨ ᠴᠢᠳᠠᠮᠵᠢ ᠵᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠦᠢ᠍ᠯᠡᠴᠢᠯᠡᠭᠡᠨ᠎ᠤ ᠵᠦᠢ᠍ᠯᠡᠰ᠎ᠢ ᠥᠷᠭᠡᠳᠬᠡᠨ᠎ᠡ᠃   ᠬᠢᠯᠢ ᠠᠯᠤᠰᠯᠠᠭᠰᠠᠨ ᠪᠠᠷᠠᠭ᠋ᠠᠨ᠎ᠤ ᠰᠢᠨ᠎ᠡ ᠲᠥᠬᠦᠭᠡᠷᠦᠮᠵᠢ ᠪᠠ ᠮᠡᠷᠭᠡᠵᠢᠯ᠎ᠤᠨ ᠬᠡᠷᠡᠭᠯᠡᠯᠲᠡ ᠵᠢ 《ᠭᠠᠭᠴᠠ ᠴᠣᠩᠬᠤᠪᠴᠢ》 ᠵᠢᠨ ᠴᠢᠳᠠᠮᠵᠢ᠎ᠲᠠᠢ ᠵᠣᠯᠭ᠋ᠠᠭᠤᠯᠬᠤ ᠵᠢ ᠠᠬᠢᠭᠤᠯᠵᠤ᠂ ᠤᠯᠤᠰ᠎ᠤᠨ ᠬᠤᠯᠪᠣᠭᠳᠠᠯ ᠪᠥᠬᠦᠶ ᠰᠦᠯᠵᠢᠶ᠎ᠡ ᠪᠠ ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠠᠵᠢᠯᠯᠠᠭᠤᠯᠵᠤ ᠪᠠᠲᠤᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠳᠠᠯᠳᠠ ᠬᠡᠮ᠎ᠢ ᠲᠦᠷᠭᠡᠨ ᠳᠠᠭ᠋ᠠᠵᠤ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠂ ᠰᠢᠰᠲ᠋ᠧᠮ᠎ᠤᠨ ᠠᠮᠤᠷ ᠲᠦᠪᠰᠢᠨ᠂ ᠲᠣᠭᠲᠠᠭᠤᠨ᠂ ᠥᠨᠳᠥᠷ ᠪᠦᠲᠦᠮᠵᠢᠲᠡᠶ ᠠᠵᠢᠯᠯᠠᠬᠤ ᠵᠢ ᠦᠨᠡᠨᠬᠦ ᠪᠠᠲᠤᠯᠠᠨ᠎ᠠ᠃

  16. ᠪᠣᠭᠤᠮᠲᠠ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠦᠢ᠍ᠯᠡᠴᠢᠯᠡᠨ᠎ᠡ᠃ ᠡᠬᠢ ᠪᠠᠶᠠᠯᠢᠭ᠎ᠤᠨ ᠳᠠᠪᠠᠭᠤᠯᠢᠭ᠂ ᠣᠷᠣᠨ ᠪᠠᠶ᠋ᠢᠷᠢ ᠵᠢᠨ ᠳᠠᠪᠠᠭᠤᠯᠢᠭ ᠪᠠ ᠠᠵᠤ ᠦᠢ᠍ᠯᠡᠰ᠎ᠤᠨ ᠰᠠᠭᠤᠷᠢ᠎ᠳᠤ ᠰᠠᠭᠤᠷᠢᠯᠠᠨ᠂ ᠲᠣᠭ᠋ᠠᠴᠢᠯᠠᠭᠰᠠᠨ ᠮᠡᠷᠭᠡᠵᠢᠯ ᠬᠢᠭᠡᠳ ᠪᠣᠭᠤᠮᠲᠠ ᠵᠢᠨ ᠠᠵᠤ ᠠᠬᠤᠶ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠡᠬᠢ ᠪᠠᠶᠠᠯᠢᠭ᠎ᠤᠨ ᠡᠯᠧᠮᠧᠨ᠋ᠲ᠎ᠤᠨ ᠰᠢᠯᠵᠢᠯᠲᠡ ᠵᠢ ᠲᠦᠷᠭᠡᠳᠬᠡᠨ᠂ ᠬᠠᠩᠭ᠋ᠠᠯᠭ᠎ᠠ ᠬᠡᠷᠡᠭᠴᠡᠭᠡ ᠵᠢ ᠵᠣᠬᠢᠴᠠᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠣᠭᠤᠮᠲᠠ ᠵᠢᠨ ᠳᠠᠪᠠᠭᠤᠯᠢᠭ ᠠᠵᠤ ᠦᠢ᠍ᠯᠡᠰ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠤᠨ᠎ᠠ᠃  《ᠤᠶᠤᠨᠴᠢ ᠪᠤᠭᠤᠮᠳᠡ +》 ᠵᠢᠨ ᠣᠨᠴᠠᠯᠢᠠᠠᠳᠦ ᠡᠳ᠋ᠰᠢᠬᠦᠯᠬᠦ᠂ ᠲᠣᠰᠬᠠᠢ ᠵᠠᠬ᠎ᠠ ᠳᠡᠯᠭᠡᠬᠦᠷ᠂ ᠠᠷᠡᠯᠵᠢᠶ᠎ᠠ ᠬᠤᠳᠠᠯᠳᠤᠭ᠎ᠠ ᠪᠠᠷᠡᠭ᠋ᠠᠨ᠎ᠤ ᠬᠦᠢ᠍ᠯᠭᠡᠭᠡᠨ᠂ ᠶᠡᠷᠦᠩᠭᠡᠶ᠋ᠢᠯᠡᠭᠰᠡᠨ ᠭᠠᠶ᠋ᠢᠯᠢ ᠪᠠᠳᠣᠯᠠᠬᠤ ᠣᠷᠣᠨ᠂ ᠬᠢᠯᠢ ᠵᠢᠨ ᠠᠷᠡᠳ᠎ᠤᠨ ᠬᠠᠷᠢᠯᠴᠠᠨ ᠮᠠᠶ᠋ᠢᠮᠠᠶ᠋ᠢᠯᠠᠬᠤ ᠵᠠᠬ᠎ᠠ ᠳᠡᠯᠭᠡᠬᠦᠷ᠂ ᠬᠢᠯᠢ ᠵᠢᠨ ᠵᠢᠭᠤᠯᠴᠢᠯᠠᠯ ᠵᠡᠷᠭᠡ ᠢᠨᠵᠧᠨᠧᠷᠢᠩ᠎ᠢ ᠠᠬᠢᠭᠤᠯᠵᠦ᠂ ᠣᠨᠴᠠᠯᠢᠠᠠᠳᠦ ᠠᠵᠦ ᠦᠢ᠍ᠯᠡᠰ᠎ᠤᠨ ᠲᠦᠪᠯᠡᠷᠡᠬᠦ ᠵᠢ ᠳᠦᠷᠭᠡᠳᠭᠡᠨ᠂ ᠠᠵᠦ ᠠᠬᠤᠢ ᠵᠢᠨ ᠨᠡᠪᠲᠡᠷᠡᠯ ᠵᠠᠮ᠎ᠤᠨ ᠠᠵᠦ ᠠᠬᠤᠢ ᠵᠢᠨ ᠭᠡᠯᠪᠡᠷᠢ᠎ᠪᠠᠨ ᠬᠤᠪᠢᠷᠡᠭᠤᠯᠬᠤ ᠵᠢ ᠪᠠᠶᠠᠯᠠᠬᠦᠯᠦᠨ᠎ᠠ᠃ ᠳᠤᠮᠳᠠᠳᠤ ᠮᠣᠩᠭᠤᠯ ᠡᠷᠢᠶᠡᠨ ᠬᠤᠲᠠ — ᠵᠠᠮ᠎ᠤᠨ ᠡᠭᠦᠳᠡ ᠵᠢᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠡᠭᠦᠳᠦᠨ ᠪᠠᠶ᠋ᠢᠭᠤᠯᠬᠤ ᠵᠢ ᠢᠳᠡᠪᠬᠢᠲᠡᠶ ᠠᠬᠢᠭᠤᠯᠵᠤ᠂ ᠬᠢᠯᠢ ᠠᠯᠤᠰᠯᠠᠭᠰᠠᠨ ᠠᠵᠤ ᠦᠢ᠍ᠯᠡᠰ᠎ᠤᠨ ᠬᠡᠯᠬᠢᠶ᠎ᠡ ᠵᠢᠨ ᠬᠠᠮᠲᠤᠷᠠᠯᠴᠠᠭ᠋ᠠᠨ᠎ᠤ ᠪᠦᠯᠦᠭᠵᠢᠯ᠎ᠢ ᠪᠣᠶ ᠪᠣᠯᠭ᠋ᠠᠵᠤ᠂ ᠭᠠᠵᠠᠷ ᠣᠷᠣᠨ᠎ᠤ ᠣᠨᠴᠠᠯᠢᠭ᠎ᠲᠠᠢ ᠪᠣᠭᠤᠮᠲᠠ ᠵᠢᠨ ᠠᠵᠤ ᠠᠬᠤᠶ ᠵᠢᠨ ᠬᠥᠭᠵᠢᠯᠲᠡ ᠵᠢᠨ ᠵᠠᠭᠪᠤᠷ᠎ᠢ ᠪᠡᠶᠡᠯᠡᠭᠦᠯᠵᠦ᠂ 《ᠬᠤᠶᠠᠷ ᠵᠠᠬ᠎ᠠ ᠳᠡᠯᠭᠡᠭᠦᠷ᠂ ᠬᠤᠶᠠᠷ ᠵᠦᠢ᠍ᠯ᠎ᠤᠨ ᠡᠬᠢ ᠪᠠᠶᠠᠯᠢᠭ》᠎ᠢ ᠨᠠᠩ ᠰᠠᠶ᠋ᠢᠲᠤᠷ ᠨᠡᠪᠲᠡᠷᠡᠯᠴᠡᠭᠦᠯᠦᠨ᠎ᠡ᠃  ᠬᠢᠯᠢ ᠳᠠᠭ᠋ᠠᠤ ᠵᠢᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠎ᠢ ᠡᠮᠬᠢᠯᠡᠨ ᠨᠡᠶ᠋ᠢᠯᠡᠭᠦᠯᠵᠦ ᠰᠢᠯᠢᠳᠡᠭᠵᠢᠭᠦᠯᠦᠨ᠂ ᠣᠷᠣᠨ ᠪᠦᠰᠡ ᠠᠯᠤᠰᠯᠠᠨ ᠡᠬᠢ ᠪᠠᠶᠠᠯᠢᠭ ᠎ᠢ ᠬᠠᠮᠲᠤᠪᠠᠷ ᠡᠳ᠋ᠯᠡᠬᠦ᠂ ᠠᠵᠤ ᠦᠢ᠍ᠯᠡᠰ᠎ᠤᠨ ᠬᠡᠯᠬᠢᠶ᠎ᠡ ᠵᠢ ᠵᠣᠯᠭ᠋ᠠᠭᠤᠯᠬᠤ ᠵᠢ ᠠᠬᠢᠭᠤᠯᠵᠤ᠂ ᠳᠣᠲᠣᠷ ᠭᠠᠵᠠᠷ ᠬᠣᠲᠠ ᠵᠢᠨ ᠳᠠᠯᠠᠶ ᠳᠠᠭ᠋ᠠᠤ ᠭᠠᠵᠠᠷ ᠣᠷᠣᠨ᠎ᠤ ᠠᠵᠤ ᠦᠢ᠍ᠯᠡᠰ᠎ᠤᠨ ᠰᠢᠯᠵᠢᠯᠲᠡ ᠵᠢ ᠡᠮᠬᠢ ᠵᠢᠷᠤᠮ᠎ᠲᠠᠢ᠎ᠪᠠᠷ ᠵᠣᠯᠭ᠋ᠠᠭᠤᠯᠬᠤ ᠵᠢ ᠠᠬᠢᠭᠤᠯᠤᠨ᠎ᠠ᠃

  (ᠲᠠᠪᠤ) ᠬᠢᠯᠢ ᠠᠯᠤᠰᠯᠠᠭᠰᠠᠨ ᠬᠠᠮᠲᠤᠷᠠᠯᠴᠠᠭ᠎ᠠ ᠵᠢ ᠪᠠᠶ᠋ᠢᠩᠭᠤᠵᠢᠭᠤᠯᠬᠤ ᠵᠢ ᠲᠦᠷᠭᠡᠳᠭᠡᠨ ᠪᠤᠢ ᠪᠣᠯᠭ᠋ᠠᠬᠤ

  17. ᠣᠷᠣᠨ ᠪᠦᠰᠡ ᠵᠢᠨ ᠬᠠᠮᠵᠢᠯᠴᠠᠨ ᠰᠢᠨ᠎ᠡ ᠵᠢ ᠡᠭᠦᠳᠦᠨ ᠬᠥᠭᠵᠢᠬᠦ ᠵᠢ ᠴᠢᠩᠭ᠋ᠠᠷᠠᠭᠤᠯᠤᠨ᠎ᠠ᠃ ᠪᠡᠭᠡᠵᠢᠩ ᠲᠢᠶᠠᠨᠵᠢᠨ ᠡᡁᠧᠪᠸᠢ ᠵᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠤᠬ᠍ᠴᠠᠵᠢᠭᠤᠯᠤᠬᠰᠠᠨ ᠬᠥᠭᠵᠢᠯᠲᠡ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠤᠮᠤ ᠪᠤᠯᠤᠩ᠎ᠤᠨ ᠣᠷᠣᠨ᠎ᠤ ᠪᠦᠳᠦᠭᠡᠨ ᠪᠠᠶ᠋ᠢᠭᠤᠯᠤᠯᠲᠠ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ᠂ ᠪᠠᠷᠠᠭᠤᠨ ᠣᠷᠣᠨ᠎ᠤ ᠡᠬᠡ ᠬᠠᠭᠤᠷᠠᠢ ᠳᠠᠯᠠᠢ ᠵᠢᠨ ᠰᠢᠨ᠎ᠡ ᠵᠠᠮ ᠵᠡᠷᠭᠡ ᠤᠯᠤᠰ᠎ᠤᠨ ᠣᠷᠣᠨ ᠪᠦᠰᠡ ᠵᠢᠨ ᠴᠢᠬᠤᠯᠠ ᠶᠡᠭᠡ ᠪᠠᠶ᠋ᠢᠯᠳᠤᠬᠤ ᠪᠤᠳᠤᠯᠭ᠎ᠠ ᠵᠢᠨ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠵᠦ᠂ ᠬᠠᠩᠭ᠋ᠠᠯᠭ᠎ᠠ ᠬᠡᠷᠡᠭᠴᠡᠭᠡ ᠬᠤᠯᠪᠣᠯᠳᠤᠭᠰᠠᠨ ᠣᠷᠣᠨ ᠪᠦᠰᠡ ᠵᠢᠨ ᠲᠣᠭ᠋ᠠᠴᠢᠯᠠᠭᠰᠠᠨ ᠠᠮᠢ ᠠᠬᠤᠢ ᠵᠢ ᠪᠠᠶ᠋ᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠵᠢᠯᠴᠠᠨ ᠢᠵᠢ ᠪᠦᠷᠢᠳᠦᠭᠰᠡᠨ ᠴᠢᠳᠠᠪᠤᠷᠢ ᠵᠢ ᠳᠡᠭᠡᠭᠰᠢᠯᠡᠭᠦᠯᠵᠦ᠂ ᠪᠣᠭᠤᠮᠲᠠ ᠵᠢᠨ ᠪᠦᠯᠦᠭᠯᠡᠯ᠂ ᠭᠤᠣᠯᠳᠠᠯᠭ᠎ᠠ᠎ᠲᠠᠢ ᠣᠷᠣᠨ ᠪᠦᠰᠡ ᠵᠢᠨ ᠨᠢᠭᠡ ᠴᠤᠬ᠍ᠴᠠᠵᠢᠭᠤᠯᠤᠬᠰᠠᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠢ ᠰᠠᠭ᠋ᠠᠳ ᠦᠭᠡᠢ ᠨᠡᠪᠲᠡᠷᠡᠭᠦᠯᠦᠨ᠎ᠡ᠃ ᠡᡁᠧᠪᠸᠢ᠂ ᠲᠢᠶᠠᠨᠵᠢᠨ ᠂ ᠯᠢᠶᠣᠤᠨᠢᠩ ᠵᠡᠷᠭᠡ ᠭᠠᠵᠠᠷ ᠣᠷᠣᠨ᠎ᠤ ᠭᠠᠷᠠᠮ᠎ᠤᠨ ᠡᠬᠢ ᠪᠠᠶᠠᠯᠢᠭ᠎ᠢ ᠬᠠᠮᠲᠤᠪᠠᠷ ᠡᠳ᠋ᠯᠡᠬᠦ ᠪᠠ ᠳᠣᠲᠣᠭ᠋ᠠᠳᠤ ᠬᠠᠭᠤᠷᠠᠶ ᠵᠢᠨ ᠭᠠᠷᠠᠮ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠳᠠᠯᠠᠢ᠎ᠪᠠᠷ ᠭᠠᠷᠴᠤ ᠣᠷᠣᠬᠤ ᠬᠢᠯᠢ᠎ᠠᠴᠠ ᠭᠠᠷᠬᠤ ᠶᠡᠭᠡ ᠵᠠᠮ᠎ᠤᠨ ᠪᠣᠭᠤᠮᠲᠠ᠎ᠪᠠᠷ ᠥᠩᠭᠡᠷᠡᠬᠦ᠎ᠳᠤ ᠳᠥᠭᠦᠮ ᠦᠵᠡᠭᠦᠯᠬᠦ ᠵᠢ ᠠᠬᠢᠭᠤᠯᠤᠨ᠎ᠠ᠃

  18. ᠪᠣᠭᠣᠮᠲᠠ ᠵᠢᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠣᠯᠠᠨ ᠤᠯᠤᠰ᠎ᠤᠨ ᠬᠠᠮᠲᠤᠷᠠᠯᠴᠠᠭ᠎ᠠ ᠵᠢ ᠠᠬᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠬᠢᠭᠡᠳ ᠬᠥᠷᠰᠢ ᠵᠡᠷᠭᠡᠯᠡᠳᠡᠭᠡ ᠤᠯᠤᠰ᠎ᠯᠤᠭ᠎ᠠ ᠵᠢᠨ ᠬᠠᠮᠲᠤᠷᠠᠯᠴᠠᠭ᠋ᠠᠨ᠎ᠤ ᠲᠠᠪᠴᠠᠩ᠎ᠳᠤ ᠲᠦᠰᠢᠭᠯᠡᠨ᠂ ᠮᠣᠩᠭᠤᠯ ᠤᠯᠤᠰ᠂ ᠣᠷᠣᠰ᠎ᠤᠨ ᠣᠶᠤᠨᠴᠢ ᠪᠣᠭᠤᠮᠲᠠ᠎ᠯᠤᠭ᠎ᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠤᠯᠠᠨ ᠤᠯᠤᠰ᠎ᠤᠨ ᠠᠷᠠᠯᠵᠢᠶᠠᠨ᠎ᠤ 《ᠭᠠᠭᠴᠠ ᠴᠣᠩᠬᠤᠪᠴᠢ》 ᠵᠢᠨ ᠤᠯᠠᠨ ᠤᠯᠤᠰ᠎ᠤᠨ ᠬᠠᠮᠳᠤᠷᠠᠯᠴᠠᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠬᠢᠯᠢ ᠠᠯᠤᠰᠯᠠᠭᠰᠠᠨ ᠠᠷᠠᠯᠵᠢᠶᠠᠨ᠎ᠤ ᠳᠥᠭᠦᠮᠴᠢᠯᠡᠯᠲᠡ ᠵᠢ ᠠᠬᠢᠭᠤᠯᠤᠨ᠎ᠠ᠃  ᠮᠠᠨᠵᠤᠤᠷ᠎ᠤᠨ ᠵᠠᠰᠠᠮᠠᠯ ᠵᠠᠮ᠎ᠤᠨ ᠪᠣᠭᠣᠮᠲᠠ᠎ᠳᠤ 24 ᠴᠠᠭ᠎ᠤᠨ ᠠᠦ᠋ᠲ᠋ᠤ᠋ ᠪᠣᠭᠣᠮᠲᠠ ᠥᠩᠭᠡᠷᠡᠬᠦ ᠰᠢᠨ᠎ᠡ ᠵᠠᠭᠪᠤᠷ᠎ᠢ ᠬᠠᠢ᠌ᠨ ᠰᠦᠪᠡᠭᠴᠢᠯᠡᠨ᠎ᠡ᠃ 《ᠭᠡᠷᠡᠴᠢᠯᠡᠭᠳᠡᠭᠰᠡᠨ ᠡᠵᠡᠩᠨᠡᠭᠴᠢ》 (AEO)᠎ᠤᠨ ᠮᠡᠳᠡᠭᠡ ᠵᠠᠩᠭᠢ ᠵᠢᠨ ᠬᠠᠷᠢᠯᠴᠠᠨ ᠰᠣᠯᠢᠯᠴᠠᠬᠤ ᠵᠢ ᠠᠬᠢᠭᠤᠯᠤᠨ᠎ᠠ᠃ ᠵᠠᠰᠠᠮᠠᠯ ᠵᠠᠮ᠎ᠤᠨ ᠪᠣᠭᠤᠮᠲᠠ᠎ᠳᠤ ᠰᠢᠨ᠎ᠡ ᠮᠡᠷᠭᠡᠵᠢᠯ ᠪᠠ ᠪᠠᠷᠠᠭ᠋ᠠᠨ᠎ᠤ ᠲᠡᠭᠡᠭᠡᠪᠦᠷᠢ ᠵᠢᠨ ᠲᠥᠬᠦᠭᠡᠷᠦᠮᠵᠢ ᠬᠡᠷᠡᠭᠯᠡᠬᠦ ᠵᠢ ᠠᠬᠢᠭᠤᠯᠵᠤ᠂ ᠤᠶᠤᠨᠴᠢ ᠪᠣᠭᠤᠮᠲᠠ ᠵᠢᠨ ᠬᠡᠷᠡᠭᠯᠡᠭᠡᠨ᠎ᠤ ᠬᠡᠪᠴᠢᠶ᠎ᠡ ᠵᠢ ᠥᠷᠭᠡᠳᠬᠡᠨ᠂ AGV ᠬᠦᠮᠦᠨ ᠥᠬᠡᠶ ᠲᠡᠷᠭᠡ ᠵᠢᠯᠣᠭᠤᠳᠬᠤ᠂ ᠤᠶᠤᠨᠴᠢ ᠬᠦᠨᠳᠦ ᠠᠴᠢᠶᠠᠨ᠎ᠤ ᠮᠠᠰᠢᠨ ᠲᠡᠷᠭᠡ ᠪᠠ ᠠᠭ᠋ᠠᠷ᠎ᠤᠨ ᠵᠠᠮ ᠵᠡᠷᠭᠡ ᠬᠢᠯᠢ ᠠᠯᠤᠰᠯᠠᠭᠰᠠᠨ ᠲᠡᠭᠡᠭᠡᠪᠦᠷᠢ ᠵᠢᠨ ᠲᠦᠰᠦᠯ᠎ᠤᠨ ᠪᠥᠲᠥᠭᠡᠨ ᠪᠠᠶ᠋ᠢᠭᠤᠯᠤᠯᠲᠠ ᠵᠢ ᠳᠡᠯᠭᠡᠷᠡᠭᠦᠯᠦᠨ᠎ᠡ᠃   ᠠᠵᠤ ᠠᠬᠤᠶ᠋ᠢᠯᠠᠯ᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ TIR ᠺᠠᠷᠲ᠎ᠤᠨ ᠲᠡᠭᠡᠭᠡᠪᠦᠷᠢ ᠥᠷᠨᠢᠭᠦᠯᠬᠦ ᠵᠢ ᠳᠡᠮᠵᠢᠵᠦ᠂ 《ᠨᠢᠭᠡ ᠪᠦᠰᠡ ᠨᠢᠭᠡ ᠵᠠᠮ》 ᠳᠠᠭ᠋ᠠᠤ ᠵᠢᠨ ᠤᠯᠤᠰ᠎ᠤᠨ ᠵᠠᠮ ᠱᠤᠭᠤᠮ᠎ᠢ ᠰᠦᠪᠡᠭᠴᠢᠯᠡᠨ ᠨᠡᠭᠡᠭᠡᠨ᠎ᠡ᠃ ᠪᠠᠷᠠᠭ᠎ᠠ ᠠᠴᠢᠶᠠᠯᠠᠬᠤ ᠨᠠᠷᠢᠨ ᠳᠠᠩᠰᠠ ᠵᠢ ᠡᠯᠧᠺᠲᠷᠣᠨ ᠳᠠᠮᠵᠢᠭᠤᠯᠬᠤ᠂ ᠥᠷᠥᠭᠡᠨ᠎ᠤ ᠳᠠᠩᠰᠠ ᠵᠢᠨ ᠮᠡᠳᠡᠭᠡ ᠵᠠᠩᠭᠢ ᠵᠢᠨ ᠡᠯᠧᠺᠲᠷᠣᠨ ᠳᠠᠮᠵᠢᠭᠤᠯᠭ᠎ᠠ ᠵᠡᠷᠭᠡ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠬᠦᠷᠢᠶ᠎ᠡ ᠬᠡᠪᠴᠢᠶ᠎ᠡ ᠵᠢ ᠥᠷᠭᠡᠳᠬᠡᠨ᠎ᠡ᠃

   ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ

   ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠠᠵᠢᠯ᠎ᠤᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠭᠤᠮᠲᠠ ᠵᠢᠨ ᠬᠠᠮᠢᠶᠠᠷᠤᠯᠲᠠ ᠵᠢᠨ ᠠᠯᠪᠠᠨ ᠬᠡᠷ᠎ᠨᠢ ᠪᠥᠬᠦ ᠣᠷᠣᠨ᠎ᠤ ᠤᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠨᠢᠭᠡᠳᠦᠯᠲᠡᠶ ᠲᠦᠯᠦᠪᠯᠡᠨ ᠵᠣᠬᠢᠴᠠᠭᠤᠯᠵᠤ᠂ ᠵᠢᠯᠣᠭᠤᠳᠤᠨ ᠠᠬᠢᠭᠤᠯᠵᠤ᠂ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠵᠢᠷᠤᠮᠵᠢᠭᠤᠯᠬᠤ ᠬᠡᠷᠡᠭᠲᠡᠶ; ᠪᠣᠭᠤᠮᠲᠠ᠂ ᠬᠢᠯᠢ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠯᠲᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠲᠤᠭ᠎ᠠ ᠪᠠᠷᠢᠮᠲᠠ ᠵᠢᠨ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ (ᠠᠵᠤ ᠠᠬᠤᠶ᠋ᠢᠯᠠᠯ)᠎ᠨᠤᠭᠤᠳ ᠢᠳᠡᠪᠬᠢᠲᠡᠶ ᠣᠷᠣᠯᠴᠠᠵᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠲᠣᠰ ᠰᠠᠯᠠᠭ᠎ᠠ ᠮᠥᠴᠢᠷ᠂ ᠲᠣᠰ ᠠᠵᠢᠯ ᠲᠥᠷᠥᠯ᠎ᠤᠨ ᠤᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠦᠰᠦᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢᠨ ᠱᠠᠭ᠋ᠠᠷᠳᠠᠯᠭ᠎ᠠ ᠵᠢ ᠨᠠᠷᠢᠨ ᠨᠢᠮᠪᠠᠶ ᠨᠠᠶ᠋ᠢᠳᠠᠪᠤᠷᠢᠵᠢᠭᠤᠯᠬᠤ ᠬᠡᠷᠡᠭᠲᠡᠶ; ᠪᠣᠭᠤᠮᠲᠠ ᠵᠢᠨ ᠪᠠᠶ᠋ᠢᠭ᠎ᠠ ᠭᠠᠵᠠᠷ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠤᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠭᠦᠢ᠍ᠴᠡᠳᠬᠡᠵᠦ᠂  ᠤᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢ ᠲᠤᠬᠠᠶ ᠵᠢᠨ ᠭᠠᠵᠠᠷ᠎ᠤᠨ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠣᠭᠤᠯᠵᠤ᠂ ᠲᠣᠰ ᠭᠠᠵᠠᠷ ᠣᠷᠣᠨ ᠭᠠᠳᠠᠭᠰᠢ ᠴᠢᠭᠯᠡᠭᠦᠯᠦᠭᠰᠡᠨ ᠠᠵᠤ ᠠᠬᠤᠶ ᠵᠢᠨ ᠬᠥᠭᠵᠢᠯᠲᠡ ᠵᠢᠨ ᠬᠠᠨᠳᠤᠰᠢ᠎ᠲᠠᠢ ᠤᠶᠠᠯᠳᠤᠭᠤᠯᠤᠨ ᠵᠣᠬᠢᠰᠲᠠᠶ ᠤᠷᠢᠳᠴᠢᠯᠠᠨ ᠲᠥᠯᠥᠪᠵᠢᠭᠦᠯᠬᠦ ᠬᠡᠷᠡᠭᠲᠡᠶ᠃  ᠡᠯ᠎ᠡ ᠪᠣᠭᠤᠮᠲᠠ᠎ᠨᠢ ᠵᠠᠰᠠᠭ᠎ᠤᠨ ᠣᠷᠳᠣᠨ ᠲᠦᠷᠦᠭᠦᠯᠡᠨ᠂ ᠰᠠᠯᠠᠭ᠎ᠠ ᠮᠥᠴᠢᠷ ᠣᠷᠣᠯᠴᠠᠭᠰᠠᠨ ᠣᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠨᠢᠭᠡᠳᠦᠯᠲᠡᠶ ᠲᠦᠯᠦᠪᠯᠡᠨ ᠰᠦᠪᠡᠭᠴᠢᠯᠡᠬᠦ᠎ᠪᠠᠨ ᠴᠢᠩᠭ᠋ᠠᠳᠬᠠᠨ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠶ᠋ᠢᠯᠠᠵᠤ᠂ ᠬᠠᠷᠠᠯᠲᠠ ᠡᠭᠦᠷᠭᠡ᠎ᠪᠠᠨ ᠨᠠᠷᠢᠯᠢᠬ᠍ᠵᠢᠭᠤᠯᠤᠨ᠂ ᠡᠯ᠎ᠡ ᠵᠦᠢ᠍ᠯ᠎ᠤᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠠᠵᠤ ᠠᠬᠤᠶ᠋ᠢᠯᠠᠯ᠎ᠤᠨ AGV ᠬᠥᠮᠦᠨ ᠦᠭᠡᠶ ᠲᠡᠷᠭᠡ ᠵᠢᠯᠣᠭᠣᠳᠬᠤ᠂ ᠤᠶᠤᠨᠴᠢᠯᠠᠭᠰᠠᠨ ᠬᠦᠨᠳᠦ ᠺᠠᠷᠲ ᠪᠠ ᠠᠭ᠋ᠠᠷ᠎ᠤᠨ ᠵᠠᠮ ᠵᠡᠷᠭᠡ ᠬᠢᠯᠢ ᠠᠯᠤᠰᠯᠠᠭᠰᠠᠨ ᠲᠡᠭᠡᠭᠡᠪᠦᠷᠢ ᠵᠢᠨ ᠲᠦᠰᠦᠯ᠎ᠤᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠵᠣᠷᠢᠭᠵᠢᠭᠤᠯᠤᠨ᠎ᠠ᠃  ᠤᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠬᠠᠮᠢᠶ᠎ᠠ ᠪᠥᠬᠦᠶ ᠪᠠᠯᠠ ᠮᠥᠩᠭᠦ ᠵᠢᠨ ᠬᠡᠷᠡᠭᠴᠡᠭᠡ ᠱᠠᠭ᠋ᠠᠷᠳᠠᠯᠭ᠎ᠠ ᠵᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠭᠤᠮᠲᠠ ᠵᠢᠨ ᠬᠥᠭᠵᠢᠯᠲᠡ ᠵᠢᠨ ᠲᠥᠯᠥᠪᠵᠢᠭᠦᠯᠭᠡ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ ᠬᠤᠶᠠᠷ ᠱᠠᠲᠤᠨ᠎ᠤ ᠵᠠᠰᠠᠭ᠎ᠤᠨ ᠣᠷᠳᠣᠨ᠎ᠤ ᠵᠠᠷᠤᠯᠭ᠎ᠠ ᠵᠢᠨ ᠠᠷᠭ᠎ᠠ ᠮᠠᠶᠢᠭ ᠶᠣᠰᠣᠭ᠋ᠠᠷ ᠵᠠᠷᠤᠳᠠᠯ᠎ᠤᠨ ᠪᠠᠲᠤᠯᠠᠭ᠎ᠠ ᠵᠢ ᠦᠨᠡᠨ ᠬᠦ᠌ ᠪᠠᠲᠤᠯᠠᠵᠤ᠂ ᠪᠣᠭᠤᠮᠲᠠ ᠵᠢᠨ ᠪᠠᠶ᠋ᠢᠭ᠎ᠠ ᠭᠠᠵᠠᠷ᠎ᠤᠨ ᠵᠠᠰᠠᠭ᠎ᠤᠨ ᠣᠷᠳᠣᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠵᠤ᠂ ᠲᠦᠰᠦᠯ᠎ᠢ ᠰᠢᠨᠵᠢᠯᠡᠬᠦ ᠤᠬᠠᠭ᠋ᠠᠨᠴᠢ᠎ᠪᠠᠷ ᠨᠤᠲᠠᠯᠠᠬᠤ ᠵᠢ ᠴᠢᠩᠭ᠋ᠠᠳᠬᠠᠵᠤ᠂ ᠪᠠᠯᠠ ᠮᠥᠩᠭᠦ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠪᠠᠳᠠᠷᠠᠭᠤᠯᠬᠤ ᠬᠡᠷᠡᠭᠲᠡᠶ᠃

 

ᠢᠷᠡᠯᠲᠡ᠄ ᠪᠣᠭᠤᠮᠲᠠ ᠵᠢᠨ ᠠᠯᠪᠠᠨ ᠬᠡᠷ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2024 ᠣᠨ᠎ᠤ ᠥᠪᠡᠷᠲᠡᠭᠡᠨ ᠵᠠᠰᠠᠬᠤ ᠣᠷᠣᠨ᠎ᠤ ᠦᠢ᠍ᠯᠡᠴᠢᠯᠡᠭᠡᠨ᠎ᠤ ᠠᠷᠠᠯᠵᠢᠶ᠎ᠠ ᠵᠢᠨ ᠭᠤᠤᠯᠳᠠᠯᠭ᠎ᠠ᠎ᠲᠠᠢ ᠪᠤᠶ᠋ᠢᠵᠢᠭᠤᠯᠬᠤ ᠠᠵᠤ ᠠᠬᠤᠶ᠋ᠢᠯᠠᠯ᠎ᠤᠨ ᠬᠢᠨᠠᠨ ᠲᠣᠭᠲᠠᠭ᠋ᠠᠬᠤ ᠲᠦᠰᠦᠯ᠎ᠤᠨ ᠳᠠᠭ᠋ᠠᠭ᠋ᠠᠴᠢᠯᠠᠯᠲᠠ ᠣᠯᠣᠭᠰᠠᠨ (ᠠᠷᠠᠯᠵᠢᠶ᠎ᠠ ᠪᠦᠲᠦᠬᠦ) ᠠᠯᠪᠠᠨ ᠵᠠᠷᠯᠠᠯ
2023 ᠣᠨ᠎ᠤ ᠣᠨᠴᠠᠯᠢᠭᠲᠤ ᠬᠤᠳᠠᠯᠳᠤᠭ᠋ᠠᠨ᠎ᠤ ᠴᠤᠭᠯᠠᠷᠠᠯ᠎ᠤᠨ ᠣᠷᠣᠨ᠎ᠢ ᠵᠠᠷᠯᠠᠨ ᠨᠡᠢ᠌ᠲᠡᠯᠡᠬᠦ ᠲᠤᠬᠠᠢ
ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠤᠯ᠎ᠤᠨ ᠦᠵᠡᠰᠬᠦᠯᠡᠩ᠎ᠤᠨ ᠴᠤᠭᠯᠠᠭᠠᠨ᠎ᠤ ᠡᠬᠢᠯᠡᠯᠲᠡ᠎ᠶᠢᠨ ᠶᠣᠰᠣᠯᠠᠯ ᠵᠢᠴᠢ ᠠᠭᠤᠯᠵᠠᠯᠲᠠ᠎ᠶᠢᠨ ᠠᠵᠢᠯᠯᠠᠭ᠎ᠠ ᠪᠠ ᠤᠬᠠᠭᠤᠯᠭ᠎ᠠ᠎ᠶᠢᠨ ᠮᠠᠲᠧᠷᠢᠶᠠᠯ᠎ᠢ ᠵᠢᠷᠤᠵᠤ ᠲᠥᠯᠥᠪᠯᠡᠨ ᠦᠢᠯᠡᠳᠬᠦ ᠵᠡᠷᠭᠡ ᠬᠠᠮᠢᠶ᠎ᠠ ᠪᠥᠬᠦᠶ ᠲᠥᠷᠥᠯ ᠵᠦᠢᠯ᠎ᠤᠨ ᠳᠠᠭᠠᠭᠠᠴᠢᠯᠠᠯᠲᠠ ᠵᠠᠷᠯᠠᠬᠤ᠎ᠶᠢ ᠣᠷᠣᠯᠠᠬᠤ ᠪᠠᠶ᠋ᠢᠭᠤᠯᠤᠮᠵᠢ᠎ᠶᠢᠨ ᠨᠡᠷ᠎ᠡ ᠮᠡᠳᠡᠭᠦᠯᠬᠦ ᠠᠯᠪᠠᠨ ᠵᠠᠷ
 
            