《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠢ ᠭᠠᠳᠠᠭᠰᠢ ᠳᠡᠯᠭᠡᠵᠦ ᠠᠵᠤ ᠠᠬᠤᠶ ᠵᠢᠨ ᠬᠥᠭᠵᠢᠯᠲᠡ ᠵᠢ ᠵᠣᠷᠢᠭᠵᠢᠭᠤᠯᠬᠤ ᠲᠤᠬᠠᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ〉 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠦᠪᠦᠷ ᠭᠦᠢ᠍ᠯᠭᠡᠭᠡᠨ᠎ᠤ ᠦᠢ᠍ᠯᠡᠰ᠎ᠤᠨ ᠬᠦᠭᠵᠢᠭᠦᠯᠦᠯᠲᠡ ᠥᠰᠥᠭ [2023] 409 ᠳ᠋ᠤᠭᠡᠷ ᠲᠣᠭ᠋ᠠᠲᠤ)᠂ 《ᠣᠨᠴᠠᠯᠢᠭᠲᠤ ᠬᠤᠳᠠᠯᠳᠤᠭ᠋ᠠᠨ᠎ᠤ ᠶᠠᠪᠤᠳᠠᠯ ᠲᠥᠪᠯᠡᠷᠡᠭᠰᠡᠨ ᠣᠷᠣᠨ᠎ᠳᠤ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ》 (ᠦᠪᠦᠷ ᠭᠦᠢ᠍ᠯᠭᠡᠭᠡᠨ᠎ᠤ ᠦᠢ᠍ᠯᠡᠰ᠎ᠤᠨ ᠬᠦᠭᠵᠢᠭᠦᠯᠦᠯᠲᠡ ᠥᠰᠥᠭ [2023] 917 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠠᠶ᠋ᠢᠮᠠᠭ ᠬᠤᠲᠠ ᠵᠢᠨ ᠵᠣᠬᠢᠶᠠᠨ ᠪᠠᠶ᠋ᠢᠭᠤᠯᠤᠨ ᠭᠤᠶᠤᠴᠢᠯᠠᠨ ᠮᠡᠳᠡᠭᠦᠯᠬᠦ᠂ ᠲᠤᠰᠬᠠᠶ ᠮᠡᠷᠭᠡᠵᠢᠯᠲᠡᠨ ᠬᠢᠨᠠᠨ ᠲᠣᠭᠲᠠᠭ᠋ᠠᠬᠤ᠂ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠬᠦ ᠵᠢᠴᠢ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠠᠴᠠ ᠬᠢᠨᠠᠨ ᠲᠣᠭᠲᠠᠭ᠋ᠠᠬᠤ᠎ᠪᠠᠷ ᠳᠡᠮᠵᠢᠨ᠂ 2023 ᠣᠨ᠎ᠤ ᠣᠨᠴᠠᠯᠢᠭᠲᠤ ᠬᠤᠳᠠᠯᠳᠤᠭ᠋ᠠᠨ᠎ᠤ ᠶᠠᠪᠤᠳᠠᠯ᠎ᠤᠨ ᠴᠤᠭᠯᠠᠷᠠᠯ᠎ᠤᠨ 3 ᠣᠷᠣᠨ᠎ᠢ ᠲᠣᠭᠲᠠᠭ᠋ᠠᠪᠠ᠃ ᠡᠳᠦᠭᠡ ᠨᠡᠷᠡᠰ᠎ᠢ ᠨᠡᠶ᠋ᠢᠲᠡᠯᠡᠶᠠ᠄
1. ᠬᠥᠬᠡᠬᠤᠲᠠ ᠵᠢᠨ ᠵᠥᠩ ᠱᠠᠨ ᠪᠠᠷᠠᠭᠤᠨ ᠵᠠᠮ᠎ᠤᠨ ᠣᠨᠴᠠᠯᠢᠭᠲᠤ ᠬᠤᠳᠠᠯᠳᠤᠭ᠋ᠠᠨ᠎ᠤ ᠦᠢ᠍ᠯᠡᠰ᠎ᠤᠨ ᠲᠥᠪᠯᠡᠷᠡᠭᠰᠡᠨ ᠣᠷᠣᠨ
2. ᠴᠢᠨ ᠬᠠᠨ ᠵᠢᠦᠶᠤᠧᠠᠨ · ᠪᠣᠭᠤᠲᠦ ᠬᠤᠳᠠ ᠵᠢᠨ ᠬᠦᠨᠳᠡᠯᠡᠨ ᠭᠣᠯᠳᠤ ᠵᠡᠭᠡᠯᠢ
3. ᠬᠠᠶ᠋ᠢᠯᠠᠷ᠎ᠤᠨ ᠳ᠋ᠦᠩ ᠱᠠᠨ ᠬᠤᠩ ᠰᠢᠩ ᠰᠦᠨᠢ ᠵᠢᠨ ᠬᠤᠳᠠ
ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠬᠡᠷᠪᠡ ᠵᠠᠷᠯᠠᠨ ᠨᠡᠶ᠋ᠢᠲᠡᠯᠡᠭᠰᠡᠨ ᠨᠡᠷᠡᠰ᠎ᠲᠤ ᠣᠨᠳᠣᠤ ᠰᠠᠨᠠᠯ᠎ᠲᠠᠢ ᠪᠠᠶ᠋ᠢᠪᠠᠯ᠂ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠳᠤ ᠲᠤᠰᠬᠠᠬᠤ ᠬᠡᠷᠡᠭᠲᠡᠶ᠃ ᠲᠤᠰᠬᠠᠭᠰᠠᠨ ᠮᠠᠲ᠋ᠧᠷᠢᠶᠠᠯ᠎ᠳᠤ ᠠᠯᠪᠠᠨ ᠲᠠᠮᠠᠭ᠎ᠠ ᠳᠠᠷᠤᠭ᠋ᠠᠷᠠᠢ᠂ ᠬᠤᠪᠢ ᠬᠥᠮᠦᠨ ᠭᠠᠷᠤᠨ ᠦᠰᠦᠭ ᠵᠢᠷᠤᠬᠤ ᠵᠢᠨ ᠬᠠᠮᠲᠤ ᠪᠡᠶ᠎ᠡ ᠵᠢᠨ ᠦᠨᠡᠮᠯᠡᠯ᠎ᠤᠨ ᠬᠠᠭᠤᠯᠪᠤᠷᠢ᠂ ᠬᠠᠷᠢᠯᠴᠠᠬᠤ ᠠᠷᠭ᠎ᠠ ᠮᠠᠶᠢᠭ᠎ᠢ ᠳᠠᠭ᠋ᠠᠯᠳᠤᠭᠤᠯᠤᠨ᠎ᠠ᠃
ᠢᠯᠡ ᠨᠡᠶ᠋ᠢᠳᠡᠯᠡᠬᠦ ᠴᠠᠭ᠄ 5 ᠠᠵᠢᠯᠯᠠᠬᠤ ᠡᠳᠦᠷ
ᠬᠠᠷᠢᠯᠴᠠᠬᠤ ᠪᠠᠶ᠋ᠢᠭᠤᠯᠭ᠎ᠠ ᠨᠢᠭᠡᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠭᠦᠢ᠍ᠯᠭᠡᠭᠡᠨ᠎ᠤ ᠦᠢ᠍ᠯᠡᠰ᠎ᠤᠨ ᠬᠦᠭᠵᠢᠭᠦᠯᠦᠯᠲᠡ ᠵᠢᠨ ᠭᠠᠵᠠᠷ
ᠬᠠᠷᠢᠯᠴᠠᠬᠤ ᠤᠲᠠᠰᠤ᠄ 0471 — 6945209
ᠬᠠᠷᠢᠯᠴᠠᠬᠤ ᠬᠠᠶᠢᠭ᠄ ᠬᠥᠬᠡᠬᠤᠲᠠ ᠵᠢᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠲᠣᠭ᠋ᠠᠲᠤ ᠬᠦᠷᠢᠶᠡᠨ᠎ᠤ 5 ᠳ᠋ᠤᠭ᠋ᠠᠷ ᠠᠰᠠᠷ᠎ᠤᠨ 614 ᠳ᠋ᠦ᠍ᠭᠡᠷ ᠥᠷᠥᠭᠡ
2024 ᠣᠨ᠎ᠤ 6 ᠳ᠋ᠤᠭ᠋ᠠᠷ ᠰᠠᠷ᠎ᠠ ᠵᠢᠨ 26᠎ᠤ ᠡᠳᠦᠷ