ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠮᠣᠩᠭᠤᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠭᠤᠷᠪᠠᠳᠤᠭ᠋ᠠᠷ ᠬᠤᠭᠤᠴᠠᠭ᠋ᠠᠨ᠎ᠤ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ᠎ᠤ ᠵᠥᠪᠳᠡᠯᠴᠡᠭᠡᠷ᠎ᠤᠨ ᠬᠤᠷᠠᠯ᠎ᠤᠨ ᠲᠥᠷᠥᠯ ᠵᠦᠢ᠍ᠯ᠎ᠤᠨ ᠭᠤᠷᠪᠠᠳᠠᠬᠢ ᠡᠲᠡᠭᠡᠳ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠨᠡᠷ᠎ᠡ ᠮᠡᠳᠡᠭᠦᠯᠬᠦ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2025-07-04

  ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠤᠳᠠᠯᠳᠤᠨ ᠠᠪᠬᠤ ᠠᠵᠢᠯᠯᠠᠭ᠎ᠠ ᠵᠢ ᠵᠢᠷᠤᠮᠵᠢᠭᠤᠯᠤᠨ᠂ ᠭᠤᠷᠪᠠᠳᠤᠭ᠋ᠠᠷ ᠬᠤᠭᠤᠴᠠᠭ᠋ᠠᠨ᠎ᠤ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ᠎ᠤ ᠵᠥᠪᠳᠡᠯᠴᠡᠬᠦ ᠬᠤᠷᠠᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠬᠤᠳᠠᠯᠳᠤᠨ ᠠᠪᠬᠤ ᠡᠭᠦᠷᠭᠡ ᠵᠢ ᠤᠷᠤᠭᠰᠢᠲᠠᠶ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠡᠳᠦᠭᠡ ᠬᠢᠷᠢ ᠭᠡᠮ᠎ᠤᠨ ᠨᠥᠬᠥᠴᠡᠯ᠎ᠳᠤ ᠨᠡᠶ᠋ᠢᠴᠡᠬᠦ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠤᠷᠢᠵᠤ ᠨᠡᠷ᠎ᠡ ᠮᠡᠳᠡᠭᠦᠯᠵᠦ ᠤᠷᠤᠯᠴᠠᠬᠤ ᠵᠢ ᠤᠷᠢᠵᠦ ᠪᠠᠢ᠌ᠨ᠎ᠠ᠃

  ᠨᠢᠭᠡ᠂ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ

  ᠴᠤᠤᠷᠢᠶᠠᠳᠤᠨ ᠳᠠᠭ᠋ᠠᠬᠤ ᠬᠥᠮᠦᠨ᠎ᠨᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠨ ᠬᠤᠷᠢᠨ ᠬᠤᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠨᠥᠬᠦᠴᠡᠯ᠎ᠢ ᠪᠦᠷᠢᠯᠳᠦᠭᠦᠯᠵᠦ᠂ ᠡᠯ᠎ᠡ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠮᠡᠳᠡᠷᠡᠬᠦ ᠪᠥᠭᠡᠳ ᠠᠮᠠᠯᠠᠯᠲᠠ᠎ᠪᠠᠷ ᠭᠦᠢ᠍ᠴᠡᠳᠬᠡᠬᠦ ᠵᠢᠨ ᠬᠠᠮᠲᠤ᠂ ᠳᠣᠤᠷᠠᠬᠢ ᠨᠥᠬᠦᠴᠡᠯ᠎ᠢ ᠪᠦᠷᠢᠯᠳᠦᠭᠦᠯᠬᠦ ᠬᠡᠷᠡᠭᠲᠡᠶ᠄

  1. ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ;

  2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯ᠎ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ ᠵᠢᠨ ᠬᠠᠮᠲᠤ ᠪᠠᠶ᠋ᠢᠴᠠᠭ᠋ᠠᠨ ᠯᠠᠪᠯᠠᠬᠤ ᠤᠭᠲᠤᠯᠤᠭᠰᠠᠨ ᠵᠢᠷᠤᠭ᠎ᠢ ᠬᠠᠩᠭ᠋ᠠᠨ᠎ᠠ;

  3. ᠣᠶ᠋ᠢᠷ᠎ᠠ ᠵᠢᠨ ᠨᠢᠭᠡ ᠵᠢᠯ᠎ᠤᠨ ᠭᠠᠶ᠋ᠢᠯᠢ ᠲᠤᠰᠢᠶᠠᠭᠰᠠᠨ ᠭᠡᠷᠡᠴᠢ (ᠭᠠᠶ᠋ᠢᠯᠢ ᠵᠢᠨ ᠶᠠᠪᠤᠳᠠᠯ᠎ᠤᠨ ᠪᠠᠢ᠌ᠭᠤᠯᠭ᠎ᠠ ᠵᠢᠨ ᠬᠢᠵᠦ ᠥᠭᠭᠦᠭᠰᠡᠨ ᠭᠠᠶ᠋ᠢᠯᠢ ᠲᠤᠰᠢᠶᠠᠭᠰᠠᠨ ᠵᠣᠭᠣᠰ ᠲᠤᠰᠢᠶᠠᠭᠰᠠᠨ ᠪᠢᠴᠢᠭ ᠪᠤᠶᠤ ᠪᠠᠩᠬᠢ ᠵᠢᠨ ᠭᠠᠶ᠋ᠢᠯᠢ ᠬᠠᠰᠤᠭᠰᠠᠨ ᠭᠡᠷᠡᠴᠢ᠎ᠪᠠᠷ ᠪᠠᠷᠢᠮᠵᠢᠶ᠎ᠠ ᠪᠣᠯᠭ᠋ᠠᠨ᠎ᠠ);

  4. ᠠᠵᠢᠯᠲᠠᠨ᠂ ᠲᠥᠬᠦᠭᠡᠷᠦᠮᠵᠢ ᠪᠠ ᠶᠠᠰᠤ ᠴᠢᠨᠠᠷ᠎ᠤᠨ ᠪᠠᠲᠤᠯᠠᠭ᠎ᠠ ᠵᠢ ᠪᠦᠷᠢᠯᠳᠦᠭᠦᠯᠵᠦ᠂ ᠲᠦᠷᠦᠯ ᠵᠦᠢ᠍ᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭᠰᠡᠨ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ;

  5. ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠤᠭ᠋ᠠᠬᠤ᠂ ᠳᠠᠭ᠋ᠠᠭ᠋ᠠᠴᠢᠯᠠᠯᠲᠠ᠎ᠳᠤ ᠣᠷᠣᠬᠤ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠬᠤ᠂ ᠡᠳ᠋ ᠬᠥᠷᠥᠩᠭᠡ ᠵᠢ᠎ᠨᠢ ᠭᠥᠯᠢᠶᠡᠨ ᠠᠪᠴᠤ ᠬᠠᠮᠢᠶᠠᠷᠬᠤ᠂ ᠴᠡᠪᠳᠡᠭᠯᠡᠬᠦ᠂ ᠲᠠᠮᠫᠤᠷᠠᠬᠤ ᠵᠡᠷᠭᠡ ᠪᠠᠢ᠌ᠳᠠᠯ᠎ᠳᠤ ᠤᠷᠤᠭᠰᠠᠨ ᠦᠭᠡᠢ;

  6. ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ᠂ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ᠎ᠠᠴᠠ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠦᠭᠡᠢ;

  7. ᠲᠣᠰ ᠲᠥᠷᠥᠯ ᠵᠦᠢ᠍ᠯ᠎ᠨᠢ ᠬᠤᠯᠪᠣᠭ᠋ᠠᠲᠤ ᠴᠣᠭᠴᠠ ᠵᠢᠨ ᠳᠠᠭ᠋ᠠᠭ᠋ᠠᠴᠢᠯᠠᠯᠲᠠ ᠵᠢ ᠬᠦᠯᠢᠶᠡᠬᠦ ᠦᠭᠡᠢ᠃

  ᠬᠤᠶᠠᠷ᠂ ᠣᠷᠣᠯᠠᠬᠤ ᠪᠠᠶ᠋ᠢᠭᠤᠯᠤᠮᠵᠢ ᠳᠣᠤᠷᠠᠬᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ

  1. ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ;

  2. ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠪᠡᠶ᠎ᠡ ᠵᠢᠨ ᠦᠨᠡᠮᠯᠡᠯ ᠵᠢᠴᠢ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠎ᠤ ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ;

  3. 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠬᠤ ᠪᠠᠶ᠋ᠢᠭᠤᠯᠤᠮᠵᠢ᠎ᠳᠤ ᠪᠦᠷᠢᠳᠬᠡᠨ ᠳᠡᠩᠰᠡᠯᠡᠵᠦ᠂ ᠰᠦᠯᠵᠢᠶᠡᠨ ᠥᠷᠲᠡᠭᠡ ᠵᠢᠨ ᠪᠠᠶ᠋ᠢᠴᠠᠭ᠋ᠠᠨ ᠯᠠᠪᠯᠠᠬᠤ ᠣᠭᠲᠤᠯᠤᠭᠰᠠᠨ ᠵᠢᠷᠤᠭ᠎ᠢ ᠬᠠᠩᠭ᠋ᠠᠨ᠎ᠠ;

  4. ᠢᠲᠡᠭᠡᠮᠵᠢᠲᠦ ᠳᠤᠮᠳᠠᠳᠤ ᠤᠯᠤᠰ᠎ᠤᠨ ᠰᠦᠯᠵᠢᠶᠡᠨ ᠥᠷᠲᠡᠭᠡ᠎ᠳᠤ ᠢᠲᠡᠭᠡᠯ ᠵᠶ᠋ᠠᠨ ᠠᠯᠳᠠᠭᠰᠠᠨ ᠭᠦᠢ᠍ᠴᠡᠳᠬᠡᠭᠳᠡᠭᠴᠢ ᠵᠢᠨ ᠨᠡᠷᠡᠰ᠎ᠤᠨ ᠬᠤᠯᠪᠣᠭᠳᠠᠯ ᠪᠦᠬᠦᠢ ᠣᠭᠲᠤᠯᠤᠭᠰᠠᠨ ᠵᠢᠷᠤᠭ᠎ᠲᠤ ᠵᠢᠭᠰᠠᠭ᠋ᠠᠭᠳᠠᠭᠰᠠᠨ ᠦᠭᠡᠢ᠃

  5. ᠳᠠᠭ᠋ᠠᠭ᠋ᠠᠴᠢᠯᠠᠯᠲᠠ ᠵᠠᠷᠯᠠᠬᠤ ᠪᠢᠴᠢᠭ ᠬᠠᠷ᠎ᠠ ᠵᠢ ᠨᠠᠶ᠋ᠢᠷᠠᠭᠤᠯᠤᠨ ᠵᠣᠬᠢᠶᠠᠬᠤ ᠦᠢ᠍ᠯᠡᠴᠢᠯᠡᠭᠡᠨ᠎ᠤ ᠲᠥᠰᠦᠯ ᠵᠢᠴᠢ ᠦᠢ᠍ᠯᠡᠴᠢᠯᠡᠭᠡᠨ᠎ᠤ ᠮᠡᠳᠡᠭᠦᠯᠬᠦ ᠦᠨ᠎ᠡ;

  6. ᠲᠣᠰ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠎ᠤ ᠠᠵᠢᠯ᠎ᠤᠨ ᠨᠠᠮᠲᠠᠷ᠂ ᠬᠢᠷᠢ ᠬᠡᠮ ᠵᠡᠷᠭᠡ ᠪᠠᠶ᠋ᠢᠳᠠᠯ; ᠲᠥᠷᠥᠯ ᠵᠦᠢ᠍ᠯ᠎ᠤᠨ ᠳᠤᠭᠤᠶ᠋ᠢᠯᠠᠩ᠎ᠤᠨ ᠠᠵᠢᠯᠲᠠᠨ᠎ᠤ ᠬᠢᠷᠢ ᠬᠡᠮ᠂ ᠠᠵᠢᠯ᠎ᠤᠨ ᠨᠠᠮᠲᠠᠷ;

  7. ᠲᠤᠰᠠᠭ᠋ᠠᠷ ᠠᠵᠢᠯᠯᠠᠬᠤ ᠭᠠᠵᠠᠷ᠎ᠤᠨ ᠭᠡᠷᠡᠴᠢ᠂ ᠲᠤᠰᠠᠭ᠋ᠠᠷ ᠵᠣᠬᠢᠶᠠᠨ ᠪᠠᠶ᠋ᠢᠭᠤᠯᠤᠯᠲᠠ ᠵᠢᠨ ᠬᠢᠨᠠᠨ ᠲᠣᠭᠲᠠᠭ᠋ᠠᠬᠤ ᠭᠠᠵᠠᠷ᠎ᠤᠨ ᠭᠡᠷᠡᠴᠢ᠂ ᠭᠠᠷᠭ᠋ᠠᠵᠤ ᠠᠪᠬᠤ ᠭᠠᠵᠠᠷ᠎ᠲᠤ ᠲᠦᠷᠢᠶᠡᠰᠦᠯᠡᠭᠦᠯᠬᠦ ᠬᠡᠯᠡᠯᠴᠡᠭᠡᠷ ᠪᠤᠶᠤ ᠭᠡᠷ ᠪᠠᠶ᠋ᠢᠰᠢᠩ ᠬᠤᠳᠠᠯᠳᠤᠨ ᠠᠪᠬᠤ ᠬᠡᠯᠡᠯᠴᠡᠭᠡᠷ ᠪᠤᠶᠤ ᠭᠡᠷ ᠪᠠᠶ᠋ᠢᠰᠢᠩ᠎ᠤᠨ ᠥᠮᠴᠢᠯᠡᠬᠦ ᠡᠷᠬᠡ ᠵᠢᠨ ᠦᠨᠡᠮᠯᠡᠯ ᠵᠡᠷᠭᠡ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠨ᠎ᠠ;

  8. ᠣᠶ᠋ᠢᠷ᠎ᠠ ᠵᠢᠨ ᠭᠤᠷᠪᠠᠨ ᠵᠢᠯ᠎ᠤᠨ ᠳᠣᠲᠣᠷ᠎ᠠ ᠪᠡᠶᠡᠯᠡᠭᠦᠯᠦᠭᠰᠡᠨ ᠬᠠᠮᠢᠶ᠎ᠠ ᠪᠥᠬᠦᠶ ᠠᠵᠢᠯ᠎ᠤᠨ ᠠᠮᠵᠢᠯᠲᠠ ᠵᠢᠨ ᠭᠡᠷᠡᠴᠢ ᠮᠠᠲ᠋ᠧᠷᠢᠶᠠᠯ;

  9. ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ᠎ᠳᠤ ᠪᠤᠰᠤᠳ ᠭᠡᠷᠡᠴᠢᠯᠡᠬᠦ ᠮᠠᠲ᠋ᠧᠷᠢᠶᠠᠯ;

  10. ᠬᠠᠷᠢᠯᠴᠠᠬᠤ ᠨᠢᠭᠡᠴᠢ (ᠪᠠᠶ᠋ᠢᠭᠤᠯᠭ᠎ᠠ ᠵᠢᠨ ᠨᠡᠷᠡᠶ᠋ᠢᠳᠦᠯ᠂ ᠬᠠᠷᠢᠯᠴᠠᠬᠤ ᠬᠥᠮᠥᠨ ᠵᠢᠴᠢ ᠬᠠᠷᠢᠯᠴᠠᠬᠤ ᠬᠡᠯᠪᠡᠷᠢ ᠵᠢ ᠪᠠᠭᠲᠠᠭ᠋ᠠᠨ᠎ᠠ);

  ᠲᠣᠳᠣᠷᠬᠠᠶ᠋ᠢᠯᠠᠯ᠄ ᠳᠡᠭᠡᠷᠡᠬᠢ ᠮᠠᠲ᠋ᠧᠷᠢᠶᠠᠯ᠎ᠤᠨ ᠪᠠᠭᠤᠯᠭ᠋ᠠᠪᠤᠷᠢ᠎ᠨᠢ ᠨᠢᠭᠡᠴᠢ ᠵᠢᠨ ᠲᠠᠮᠠᠭ᠎ᠠ ᠵᠢ ᠳᠠᠷᠤᠬᠤ ᠴᠢᠬᠤᠯᠠ᠎ᠲᠠᠢ ᠪᠥᠭᠡᠳ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ ᠵᠢᠨ ᠪᠢᠴᠢᠭ ᠬᠠᠩᠭ᠋ᠠᠬᠤ ᠬᠡᠷᠡᠭᠲᠡᠶ᠃

  ᠭᠤᠷᠪᠠ᠂ ᠲᠠᠰᠢᠷᠠᠮ᠎ᠤᠨ ᠰᠤᠭᠤᠯᠬᠤ ᠴᠠᠭ ᠪᠠ ᠭᠠᠵᠠᠷ

  ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ 2025 ᠣᠨ᠎ᠤ 7 ᠳ᠋ᠤᠭ᠋ᠠᠷ ᠰᠠᠷ᠎ᠠ ᠵᠢᠨ 7᠎ᠤ ᠡᠳᠦᠷ᠎ᠤᠨ 17 ᠴᠠᠭ᠎ᠠᠴᠠ ᠡᠮᠦᠨ᠎ᠡ ᠨᠡᠷ᠎ᠡ ᠮᠡᠳᠡᠭᠦᠯᠦᠭᠰᠡᠨ ᠮᠠᠲ᠋ᠧᠷᠢᠶᠠᠯ᠎ᠳᠤ ᠠᠯᠪᠠᠨ ᠲᠠᠮᠠᠭ᠎ᠠ ᠳᠠᠷᠤᠭᠰᠠᠨ᠎ᠤ ᠳᠠᠷᠠᠭ᠋ᠠᠬᠢ ᠰᠢᠷᠪᠢᠯᠲᠡ ᠵᠢᠨ ᠮᠠᠲ᠋ᠧᠷᠢᠶᠠᠯ᠎ᠢ ᠰᠢᠤᠳᠠᠨ᠎ᠤ ᠬᠠᠶ᠋ᠢᠷᠴᠠᠭ 120717853@qq.com᠎ᠳᠤ ᠶᠠᠪᠤᠭᠤᠯᠵᠤ ᠪᠣᠯᠤᠨ᠎ᠠ᠃

  ᠲᠠᠪᠤ᠂ ᠬᠠᠷᠢᠯᠴᠠᠬᠤ ᠠᠷᠭ᠎ᠠ ᠮᠠᠶᠢᠭ

  ᠬᠤᠳᠠᠯᠳᠤᠨ ᠠᠪᠬᠤ ᠨᠢᠭᠡᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ

  ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠲᠣᠭ᠋ᠠᠲᠤ

  ᠬᠠᠷᠢᠯᠴᠠᠬᠤ ᠬᠥᠮᠦᠰ᠄ ᠯᠢᠦᠶ ᠮᠢᠨ

  ᠬᠠᠷᠢᠯᠴᠠᠬᠤ ᠣᠳᠠᠰᠣ᠄ 15764713295

  2025 ᠣᠨ᠎ᠤ 7 ᠳ᠋ᠤᠭ᠋ᠠᠷ ᠰᠠᠷ᠎ᠠ ᠵᠢᠨ 4᠎ᠤ ᠡᠳᠦᠷ

ᠢᠷᠡᠯᠲᠡ᠄ ᠪᠡᠯᠡ ᠣᠷᠣᠭᠤᠯᠤᠯᠲᠠ ᠵᠢ ᠠᠬᠢᠭᠤᠯᠬᠤ ᠲᠥᠪ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠲᠤᠭᠳᠠᠯᠴᠠᠭ᠎ᠠ ᠵᠢᠨ ᠪᠠᠶ᠋ᠢᠭᠤᠯᠤᠯᠲᠠ ᠵᠢᠨ 《ᠲᠤᠷᠰᠢᠯᠲᠠ ᠵᠢᠨ ᠰᠢᠶᠠᠨ》᠎ᠤ ᠨᠡᠷᠡᠰ᠎ᠤᠨ ᠲᠤᠬᠠᠶ ᠨᠡᠶ᠋ᠢᠳᠡᠯᠡᠯ
ᠠᠵᠤ ᠠᠬᠤᠢ᠌ᠯᠠᠯ᠎ᠢ ᠲᠠᠨᠢᠯᠴᠠᠭᠤᠯᠵᠤ ᠵᠢᠩ ᠳ᠋ᠦᠩ ᠳᠤᠮᠳᠠᠳᠤ ᠤᠯᠤᠰ᠎ᠤᠨ ᠣᠷᠣᠨ ᠨᠤᠲᠤᠭ᠎ᠤᠨ ᠣᠨᠴᠠ ᠭᠠᠷᠤᠯᠲᠠ ᠵᠢᠨ ᠣᠷᠳᠣᠨ᠎ᠢ ᠡᠵᠡᠩᠨᠡᠭᠦᠯᠬᠦ ᠲᠤᠬᠠᠢ ᠵᠠᠷᠯᠠᠯ
ᠳᠤᠮᠳᠠᠳᠤ ᠤᠯᠤᠰ (ᠪᠤᠭᠤᠲᠤ)᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠶᠡᠷᠦᠩᠬᠡᠶ᠋ᠢᠯᠡᠭᠰᠡᠨ ᠲᠤᠷᠰᠢᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ᠎ᠤᠨ ᠢᠯᠡ᠎ᠪᠠᠷ ᠰᠠᠨᠠᠯ ᠬᠤᠷᠢᠶᠠᠬᠤ ᠲᠤᠬᠠᠶ ᠠᠯᠪᠠᠨ ᠵᠠᠷ
ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠋ᠠᠨ᠎ᠤ ᠬᠤᠷᠳᠤᠴᠠ ᠵᠢ ᠲᠦᠷᠭᠡᠳᠬᠡᠬᠦ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠤᠨ ᠢᠯᠡ᠎ᠪᠠᠷ ᠰᠠᠨᠠᠯ ᠬᠤᠷᠢᠶᠠᠬᠤ ᠲᠤᠬᠠᠶ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠨᠢᠭᠡᠳᠦᠭᠡᠷ ᠪᠦᠯᠦᠭ᠎ᠤᠨ ᠠᠩᠬᠠᠨ᠎ᠤ ᠳᠡᠯᠭᠡᠭᠦᠷ᠎ᠤᠨ ᠠᠵᠤ ᠠᠬᠤᠶ ᠵᠢᠨ ᠲᠥᠷᠥᠯ ᠵᠦᠢ᠍ᠯ᠎ᠤᠨ ᠨᠡᠷᠡᠰ᠎ᠢ ᠵᠠᠷᠯᠠᠨ ᠨᠡᠢ᠌ᠲᠡᠯᠡᠪᠡ
 
            