ᠰᠣᠷᠪᠤᠯᠵᠢᠯᠠᠭᠰᠨ ᠴᠠᠭ᠄
2015 ᠣᠨ᠎ᠤ 9 ᠳ᠋ᠦ᠍ᠭᠡᠷ ᠰᠠᠷ᠎ᠠ ᠵᠢᠨ 28᠎ᠤ ᠡᠳᠦᠷ
ᠰᠣᠷᠪᠤᠯᠵᠢᠯᠠᠭᠰᠠᠨ ᠵᠣᠴᠢᠨ᠄
ᠦᠪᠡᠷᠳᠡᠭᠡᠨ ᠵᠠᠰᠠᠬᠤ ᠣᠷᠣᠨ᠎ᠤ ᠬᠦᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ
ᠺᠸ ᠶᠦᠩ ᠭᠦᠸᠸ

ᠰᠣᠷᠪᠤᠯᠵᠢᠯᠡᠨ ᠶᠠᠷᠢᠯᠴᠠᠭᠰᠠᠨ ᠲᠣᠪᠴᠢ᠄
2015 ᠣᠨ 6 ᠳ᠋ᠤᠭ᠋ᠠᠷ ᠰᠠᠷ᠎ᠠ᠎ᠳᠤ ᠲᠦᠷᠥ ᠵᠢᠨ ᠶᠠᠪᠤᠳᠠᠯ᠎ᠤᠨ ᠬᠣᠷᠢᠶ᠎ᠠ᠎ᠠᠴᠠ 《ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠢ ᠶᠡᠬᠡᠪᠡᠷ ᠠᠬᠢᠭᠤᠯᠬᠤ ᠲᠦᠷᠥ ᠵᠢᠨ ᠪᠣᠳᠣᠯᠭ᠎ᠠ ᠲᠣᠭᠲᠠᠭ᠋ᠠᠯ᠎ᠤᠳ᠎ᠤᠨ ᠲᠤᠬᠠᠢ ᠰᠠᠨᠠᠯ》 (ᠲᠦᠷᠥ ᠲᠠᠷᠬᠠᠭ᠋ᠠᠭᠰᠠᠨ [2015] 32 ᠳ᠋ᠤᠭ᠋ᠠᠷ ᠲᠤᠭ᠋ᠠᠲᠤ)᠎ᠢ ᠳᠠᠷᠤᠮᠠᠯᠯᠠᠨ ᠲᠠᠷᠬᠠᠭ᠋ᠠᠪᠠ᠂ ᠲᠦᠷᠥ ᠵᠢᠨ ᠶᠠᠪᠤᠳᠠᠯ᠎ᠤᠨ ᠬᠣᠷᠢᠶ᠎ᠠ ᠵᠢᠨ 32 ᠳ᠋ᠤᠭ᠋ᠠᠷ ᠲᠣᠭ᠋ᠠᠲᠤ ᠪᠢᠴᠢᠭ ᠮᠠᠲᠸᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ 《ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠢ ᠶᠡᠬᠡᠪᠡᠷ ᠠᠬᠢᠭᠤᠯᠬᠤ ᠲᠦᠷᠥ ᠵᠢᠨ ᠪᠣᠳᠣᠯᠭ᠎ᠠ ᠵᠢᠨ ᠲᠣᠭᠲᠠᠭ᠋ᠠᠯ᠎ᠤᠳ᠎ᠤᠨ ᠲᠤᠬᠠᠢ ᠪᠣᠳᠠᠲᠠᠢ ᠬᠡᠷᠡᠭᠵᠢᠭᠦᠯᠬᠦ ᠰᠠᠨᠠᠯ》᠎ᠢ ᠰᠣᠳᠣᠯᠠᠨ ᠲᠣᠭᠲᠠᠭ᠋ᠠᠪᠠ᠂ ᠦᠪᠡᠷᠲᠡᠭᠡᠨ ᠵᠠᠰᠠᠬᠤ ᠣᠷᠣᠨ᠎ᠤ ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠢ ᠠᠬᠢᠭᠤᠯᠤᠭᠰᠠᠨ ᠪᠠᠢ᠌ᠳᠠᠯ ᠵᠢ ᠨᠠᠷᠢᠨ ᠣᠢ᠌ᠯᠠᠭ᠋ᠠᠬᠤ ᠵᠢᠨ ᠲᠣᠰᠠᠲᠠ᠂ ᠦᠪᠡᠷᠲᠡᠭᠡᠨ ᠵᠠᠰᠠᠬᠤ ᠣᠷᠣᠨ᠎ᠤ ᠬᠦᠭᠵᠢᠭᠦᠯᠦᠯᠳᠡ ᠦᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠺᠸ ᠶᠦᠩ ᠭᠦᠸᠸᠢ ᠤᠷᠢᠵᠤ ᠰᠣᠷᠪᠤᠯᠵᠢᠯᠡᠨ ᠶᠠᠷᠢᠯᠴᠠᠪᠠ᠃
ᠰᠣᠷᠪᠤᠯᠵᠢᠯᠡᠨ ᠶᠠᠷᠢᠯᠴᠠᠭᠰᠠᠨ ᠪᠣᠳᠠᠳᠤ ᠲᠡᠮᠳᠡᠭᠯᠡᠯ
ᠬᠦᠳᠦᠯᠦᠭᠴᠢ᠄
ᠦᠪᠡᠷᠲᠡᠭᠡᠨ ᠵᠠᠰᠠᠬᠤ ᠣᠷᠣᠨ᠎ᠤ ᠰᠣᠳᠣᠯᠠᠨ ᠲᠣᠭᠲᠠᠭ᠋ᠠᠭᠰᠠᠨ 《ᠬᠡᠷᠡᠭᠵᠢᠭᠦᠯᠬᠦ ᠰᠠᠨᠠᠯ》᠎ᠳᠤ ᠭᠤᠤᠯᠳᠠᠭᠤ ᠠᠯᠢ ᠬᠡᠳᠦᠨ ᠲᠠᠯ᠎ᠠ ᠵᠢᠨ ᠠᠭᠤᠯᠭ᠎ᠠ ᠪᠠᠭᠲᠠᠵᠤ ᠪᠠᠢ᠌ᠬᠤ ᠪᠤᠢ?
ᠺᠸ ᠡᠷᠬᠢᠯᠡᠭᠴᠢ᠄
ᠲᠦᠷᠥ ᠵᠢᠨ ᠶᠠᠪᠤᠳᠠᠯ᠎ᠤᠨ ᠬᠣᠷᠢᠶ᠎ᠠ ᠵᠢᠨ 32 ᠳ᠋ᠤᠭ᠋ᠠᠷ ᠲᠣᠭ᠋ᠠᠲᠤ ᠪᠢᠴᠢᠭ ᠮᠠᠲᠸᠷᠢᠶᠠᠯ᠎ᠳᠤ ᠭᠣᠣᠯᠳᠠᠭᠤ 9 ᠲᠠᠯ᠎ᠠ 30 ᠵᠣᠷᠪᠤᠰ 96 ᠵᠦᠢ᠍ᠯ᠎ᠤᠨ ᠲᠦᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠠᠭᠲᠠᠭ᠋ᠠᠭᠰᠠᠨ ᠪᠠᠢ᠌ᠨ᠎ᠠ᠂ ᠲᠦᠷᠥ ᠵᠢᠨ ᠶᠠᠪᠤᠳᠠᠯ᠎ᠤᠨ ᠬᠣᠷᠢᠶ᠎ᠠ ᠵᠢᠨ ᠪᠢᠴᠢᠭ ᠮᠠᠲᠸᠷᠢᠶᠠᠯ᠎ᠳᠤ ᠬᠢᠨᠠᠮᠠᠭ᠋ᠠᠢ ᠵᠤᠬᠢᠴᠠᠭᠣᠯᠣᠨ ᠲᠢᠭᠯᠡᠯᠲᠡ ᠬᠢᠭᠰᠡᠨ ᠰᠠᠭᠤᠷᠢᠨ ᠳᠡᠭᠡᠷ᠎ᠡ᠂ ᠦᠪᠡᠷᠲᠡᠭᠡᠨ ᠵᠠᠰᠠᠬᠤ ᠣᠷᠣᠨ᠎ᠤ ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠢ ᠠᠬᠢᠭᠤᠯᠬᠤ ᠶᠠᠪᠣᠴᠠ᠎ᠳᠤ ᠪᠠᠴᠢᠮ ᠰᠢᠪᠲᠤᠯᠬᠤ ᠬᠡᠷᠡᠭᠲᠡᠢ ᠪᠠᠢ᠌ᠭᠤᠯᠤᠯ ᠲᠣᠭᠲᠠᠴᠠ ᠵᠢᠨ ᠪᠣᠭᠣᠮᠢ ᠪᠠ ᠲᠦᠷᠥ ᠵᠢᠨ ᠪᠣᠳᠣᠯᠭ᠎ᠠ ᠵᠢᠨ ᠣᠷᠴᠢᠨ ᠠᠬᠣᠢ ᠵᠢᠨ ᠬᠠᠷᠰᠢ ᠰᠠᠭ᠋ᠠᠳ᠎ᠲᠤ ᠴᠢᠭᠯᠡᠭᠦᠯᠦᠨ᠂ 《ᠬᠡᠷᠡᠭᠵᠢᠭᠦᠯᠬᠦ ᠰᠠᠨᠠᠯ》 ᠨᠢ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ᠂ ᠡᠳ᠋᠎ᠤᠨ ᠵᠠᠰᠠᠭ ᠭᠠᠢ᠌ᠯᠢ ᠮᠥᠩᠭᠥᠨ ᠭᠦᠢ᠍ᠯᠭᠡᠭᠡᠨ ᠵᠶ᠋ᠡᠷ ᠲᠡᠳᠭᠥᠬᠥ ᠡᠷᠴᠢᠮ᠎ᠢ ᠨᠡᠮᠡᠭᠳᠡᠭᠦᠯᠬᠦ᠂ ᠠᠳᠠᠯ ᠦᠢ᠍ᠯᠡᠰ ᠴᠣᠭᠴᠠᠯᠠᠬᠤ ᠪᠡᠯᠡ ᠣᠷᠤᠭᠤᠯᠤᠯᠲᠠ ᠵᠢ ᠪᠣᠢ᠌ᠵᠢᠭᠤᠯᠤᠨ ᠬᠦᠭᠵᠢᠭᠦᠯᠬᠦ᠂ ᠠᠳᠠᠯ ᠦᠢ᠍ᠯᠡᠰ ᠴᠤᠭᠴᠠᠯᠠᠬᠤ ᠦᠢ᠍ᠯᠡᠴᠢᠯᠡᠭᠡᠨ᠎ᠢ ᠬᠦᠭᠵᠢᠭᠦᠯᠬᠦ᠂ ᠡᠭᠦᠳᠦᠨ ᠪᠦᠳᠦᠭᠡᠬᠦ ᠠᠮᠢᠵᠢᠷᠠᠯ᠎ᠤᠨ ᠬᠦᠴᠦᠨ᠎ᠢ ᠬᠦᠭᠵᠢᠭᠡᠬᠦ᠂ ᠨᠢᠭᠡᠳᠦᠯᠲᠡᠢ ᠲᠦᠯᠦᠪᠯᠡᠨ ᠵᠣᠬᠢᠴᠠᠭᠤᠯᠬᠤ ᠵᠢ ᠴᠢᠩᠭ᠋ᠠᠳᠬᠠᠬᠤ ᠵᠡᠷᠭᠡ 6 ᠲᠠᠯ᠎ᠠ᠎ᠠᠴᠠ ᠭᠤᠤᠯᠳᠠᠯᠭ᠎ᠠ᠎ᠲᠠᠢ ᠰᠣᠳᠣᠯᠣᠨ 21 ᠵᠤᠷᠪᠣᠰ᠂ 71 ᠵᠦᠢ᠍ᠯ᠎ᠤᠨ ᠪᠣᠳᠠᠲᠠᠢ ᠲᠦᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠳᠣᠷᠠᠳᠴᠠᠢ᠃
ᠬᠦᠳᠦᠯᠦᠭᠴᠢ᠄
《ᠬᠡᠷᠡᠭᠵᠢᠭᠦᠯᠬᠦ ᠰᠠᠨᠠᠯ》᠎ᠨᠢ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠴᠦ᠂ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢ ᠪᠡᠶᠡᠯᠡᠭᠦᠯᠬᠦ᠎ᠳᠤ ᠳᠦᠭᠦᠮ ᠦᠵᠡᠭᠦᠯᠬᠦ ᠲᠠᠯ᠎ᠠ᠎ᠪᠠᠷ ᠠᠯᠢ ᠠᠯᠢ ᠪᠣᠳᠠᠲᠠᠢ ᠲᠦᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠷᠠᠳᠤᠭᠰᠠᠨ ᠪᠤᠢ?
ᠺᠸ ᠡᠷᠬᠢᠯᠡᠭᠴᠢ᠄
ᠪᠠᠢ᠌ᠭᠤᠯᠤᠯ ᠲᠣᠭᠲᠠᠴᠠ ᠵᠢᠨ ᠢᠯᠭᠣᠮ ᠪᠣᠰᠤ᠎ᠨᠢ ᠮᠠᠨ᠎ᠤ ᠣᠷᠣᠨ᠎ᠤ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢᠨ ᠪᠣᠭᠤᠮᠢ ᠪᠣᠯᠣᠨ᠎ᠠ᠂ 《ᠬᠡᠷᠡᠭᠵᠢᠭᠦᠯᠬᠦ ᠰᠠᠨᠠᠯ》᠎ᠨᠢ ᠵᠠᠰᠠᠭ᠎ᠤᠨ ᠣᠷᠳᠤᠨ ᠬᠢᠭᠡᠳ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠵᠥᠪ ᠵᠶ᠋ᠡᠷ ᠰᠢᠢ᠍ᠳᠪᠦᠷᠢᠯᠡᠬᠦ ᠶᠠᠪᠣᠳᠠᠯ᠎ᠠᠴᠠ ᠭᠠᠷᠳᠠᠵᠤ᠂ ᠭᠣᠤᠯᠴᠢ᠎ᠪᠠᠷ ᠦᠷᠢᠰᠤᠯᠳᠡᠬᠦ ᠵᠠᠬ᠎ᠠ ᠳᠡᠯᠭᠡᠭᠦᠷ᠎ᠤᠨ ᠣᠷᠴᠢᠨ ᠠᠬᠤᠢ ᠵᠢ ᠳᠡᠭᠦᠯᠳᠡᠷᠵᠢᠭᠦᠯᠬᠦ᠂ ᠬᠣᠳᠠᠯᠳᠤᠭ᠋ᠠᠨᠤ ᠶᠠᠪᠤᠳᠠᠯ᠎ᠤᠨ ᠳᠦᠷᠢᠮ᠎ᠤᠨ ᠦᠭᠡᠷᠡᠴᠢᠯᠡᠯᠲᠡ ᠵᠢ ᠲᠦᠷᠭᠡᠳᠭᠡᠨ ᠠᠬᠢᠭᠤᠯᠬᠤ ᠵᠡᠷᠭᠡ ᠲᠠᠯ᠎ᠠ᠎ᠪᠠᠷ ᠬᠦᠴᠦᠯᠡᠨ ᠠᠯᠢ ᠤᠯᠠᠨ ᠲᠦᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠳᠣᠷᠠᠳᠣᠭᠰᠠᠨ ᠪᠠᠢ᠌ᠨ᠎ᠠ᠃ ᠵᠢᠱ᠌ᠢᠶᠡᠯᠡᠪᠡᠯ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠬᠦᠨᠵᠡᠭᠡᠢ᠌ᠷᠡᠭᠦᠯᠬᠦ ᠲᠠᠯ᠎ᠠ᠎ᠪᠠᠷ ᠠᠵᠤ ᠠᠬᠤᠢ᠌ᠯᠠᠯ᠎ᠤᠨ ᠪᠡᠯᠡ ᠣᠷᠣᠭᠤᠯᠤᠯᠲᠠ ᠵᠢᠨ ᠲᠦᠷᠦᠯ ᠵᠦᠢ᠍ᠯ᠎ᠤᠨ ᠰᠦᠯᠵᠢᠶᠡᠨ ᠲᠡᠭᠡᠷ᠎ᠡ ᠵᠡᠷᠭᠡᠴᠡᠭᠦᠯᠦᠨ ᠬᠤᠯᠪᠤᠵᠤ ᠬᠢᠨᠠᠨ ᠵᠦᠪᠰᠢᠶᠡᠷᠡᠬᠦ ᠳᠦᠷᠢᠮ᠎ᠢ ᠲᠦᠷᠭᠡᠳᠭᠡᠨ ᠠᠬᠢᠭᠤᠯᠬᠤ᠂ ᠪᠡᠯᠡ ᠣᠷᠤᠭᠤᠯᠤᠯᠲᠠ ᠵᠢᠨ ᠲᠦᠷᠥᠯ ᠵᠦᠢ᠍ᠯ᠎ᠤᠨ ᠰᠦᠯᠵᠢᠶᠡᠨ ᠲᠡᠭᠡᠷ᠎ᠡ ᠬᠢᠨᠠᠨ ᠵᠦᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠪᠠᠢ᠌ᠭᠤᠯᠬᠤ ᠵᠢ ᠳᠣᠷᠠᠳᠴᠤ; ᠬᠣᠳᠠᠯᠳᠤᠭ᠋ᠠᠨᠤ ᠶᠠᠪᠤᠳᠠᠯ᠎ᠤᠨ ᠳᠦᠷᠢᠮ᠎ᠤᠨ ᠦᠭᠡᠷᠡᠴᠢᠯᠡᠯᠲᠡ ᠵᠢᠨ ᠲᠠᠯ᠎ᠠ᠎ᠪᠠᠷ 《ᠭᠤᠷᠪᠠᠨ ᠦᠨᠡᠮᠯᠡᠯ᠎ᠢ ᠨᠢᠭᠡᠳᠭᠡᠬᠦ》 ᠪᠠ 《ᠨᠢᠭᠡ ᠦᠨᠡᠮᠯᠡᠯ ᠨᠢᠭᠡ ᠳᠡᠮᠳᠡᠭ》᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠵᠤ ᠠᠬᠤᠢ᠌ᠯᠠᠯ ᠪᠠᠢ᠌ᠭᠤᠯᠬᠤ᠂ ᠬᠤᠪᠢᠷᠠᠭ᠋ᠠᠬᠤ᠂ ᠬᠦᠴᠦᠨ ᠦᠭᠡᠢ ᠪᠣᠯᠭ᠋ᠠᠬᠤ ᠵᠡᠷᠭᠡ ᠳᠡᠮᠳᠡᠭᠯᠡᠬᠦ ᠲᠤᠬᠠᠢ᠌ᠯᠠᠭᠰᠠᠨ ᠠᠵᠢᠯ᠎ᠤᠨ ᠪᠦᠬᠦ ᠶᠠᠪᠤᠴᠠ ᠵᠢᠨ ᠡᠯᠸᠺᠲᠷᠥᠨᠴᠢᠯᠡᠭᠦ ᠵᠢ ᠢᠳᠡᠪᠬᠢᠲᠡᠢ᠎ᠪᠠᠷ ᠲᠦᠯᠬᠢᠨ ᠠᠬᠢᠭᠤᠯᠵᠤ᠂ 《ᠭᠤᠷᠪᠠᠨ ᠦᠨᠡᠮᠯᠡᠯ᠎ᠢ ᠨᠢᠭᠡᠳᠭᠡᠨ》 ᠰᠦᠯᠵᠢᠶᠡᠨ ᠳᠡᠭᠡᠷ᠎ᠡ ᠬᠦᠢ᠍ᠴᠡᠳᠭᠡᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠬᠦ ᠵᠢ ᠳᠣᠷᠠᠳᠴᠠᠢ᠃ ᠡᠳᠡᠭᠡᠷ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠭᠲᠠᠭ᠋ᠠᠨ ᠨᠡᠢ᠌ᠲᠡᠯᠡᠭᠰᠡᠨ ᠶᠠᠪᠤᠳᠠᠯ᠎ᠨᠢ ᠠᠳᠠᠯ ᠦᠢ᠍ᠯᠡᠰ ᠴᠤᠭᠴᠠᠯᠠᠵᠤ ᠰᠢᠨ᠎ᠡ ᠵᠢ ᠡᠭᠦᠳᠬᠦ ᠬᠦᠰᠡᠯ ᠰᠠᠨᠠᠭ᠎ᠠ᠎ᠲᠠᠢ ᠠᠵᠤ ᠠᠬᠤᠢ᠌ᠯᠠᠯ ᠪᠠ ᠬᠤᠪᠢ ᠬᠦᠮᠥᠨ᠎ᠤ ᠠᠳᠠᠯ ᠦᠢ᠍ᠯᠡᠰ ᠴᠤᠭᠴᠠᠯᠠᠵᠤ ᠰᠢᠨ᠎ᠡ ᠵᠢ ᠡᠭᠦᠳᠬᠦ ᠠᠵᠢᠯᠯᠠᠭ᠎ᠠ ᠦᠷᠨᠢᠭᠦᠯᠬᠦ ᠳᠠᠬᠢ ᠳᠦᠭᠦᠮ ᠲᠥᠳᠡ ᠴᠢᠨᠠᠷ᠎ᠢ ᠮᠡᠳᠡᠭᠳᠡᠭᠦᠢ᠌ᠴᠡ ᠳᠡᠭᠡᠭᠰᠢᠯᠡᠭᠦᠯᠵᠦ᠂ ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ᠎ᠳᠤ ᠪᠠᠢ᠌ᠭᠤᠯᠤᠯ ᠲᠤᠭᠲᠠᠴᠠ ᠵᠢᠨ ᠰᠠᠢ᠌ᠨ ᠰᠠᠢ᠌ᠬᠠᠨ ᠤᠷᠴᠢᠨ ᠠᠬᠤᠢ ᠵᠢ ᠪᠣᠢ ᠪᠣᠯᠭ᠋ᠠᠬᠤ ᠪᠣᠯᠣᠨ᠎ᠠ᠃
ᠬᠦᠳᠦᠯᠦᠭᠴᠢ᠄
ᠪᠠᠢ᠌ᠭᠤᠯᠤᠯ ᠲᠤᠭᠲᠠᠴᠠ ᠵᠢᠨ ᠰᠠᠢ᠌ᠨ ᠰᠠᠢ᠌ᠬᠠᠨ ᠤᠷᠴᠢᠨ ᠠᠬᠣᠢ ᠵᠢ ᠪᠤᠢ ᠪᠤᠯᠭ᠋ᠠᠵᠤ ᠥᠭᠬᠦ᠎ᠠᠴᠠ ᠭᠠᠳᠠᠨ᠎ᠠ᠂ ᠦᠪᠡᠷᠲᠡᠭᠡᠨ ᠵᠠᠰᠠᠬᠤ ᠣᠷᠤᠨ ᠲ᠋ᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠢ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠳᠡᠳᠭᠥᠬᠦ ᠲᠥᠷᠥ ᠵᠢᠨ ᠪᠣᠳᠣᠯᠭ᠎ᠠ ᠵᠢ ᠠᠪᠬᠣ ᠪᠤᠢ?
ᠺᠸ ᠡᠷᠬᠢᠯᠡᠭᠴᠢ᠄
《ᠬᠡᠷᠡᠭᠵᠢᠭᠦᠯᠬᠦ ᠰᠠᠨᠠᠯ》᠎ᠢ ᠲᠤᠭᠲᠠᠭ᠋ᠠᠬᠤ ᠶᠠᠪᠤᠴᠠ᠎ᠳᠤ᠂ ᠪᠢᠳᠠ ᠵᠠᠰᠠᠭ᠎ᠤᠨ ᠣᠷᠳᠤᠨ ᠬᠢᠭᠡᠳ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠰᠠᠢ᠌ᠲᠣᠷ ᠡᠵᠡᠮᠰᠢᠬᠦ ᠵᠢ ᠢᠮᠠᠭᠲᠠ ᠠᠩᠬᠠᠷᠴᠤ᠂ ᠡᠬᠢ ᠪᠠᠶᠠᠯᠢᠭ᠎ᠢ ᠲᠣᠬᠢᠷᠠᠭᠤᠯᠬᠤ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠬᠦ ᠴᠢᠨᠠᠷᠲᠠᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠵᠡᠷᠭᠡᠴᠡᠪᠡᠷ᠂ ᠮᠠᠨ᠎ᠤ ᠣᠷᠣᠨ᠎ᠤ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ ᠵᠶ᠋ᠡᠷ ᠴᠢᠩᠭ᠎ᠠ ᠪᠤᠰᠤ᠂ ᠬᠥᠭᠵᠢᠭᠰᠡᠨ ᠭᠠᠵᠠᠷ ᠣᠷᠣᠨ᠎ᠲᠠᠢ ᠬᠠᠷᠢᠴᠠᠭᠤᠯᠪᠠᠯ ᠨᠡᠯᠢᠶᠡᠳ ᠶᠡᠬᠡ ᠵᠦᠷᠢᠶ᠎ᠡ᠎ᠲᠠᠢ ᠪᠠᠢ᠌ᠬᠤ ᠪᠣᠳᠠᠳᠤ ᠪᠠᠢ᠌ᠳᠠᠯ᠎ᠢ ᠪᠣᠳᠣᠯᠬᠢᠯᠠᠭ᠋ᠠᠳ᠂ ᠵᠠᠰᠠᠭ᠎ᠤᠨ ᠣᠷᠳᠤᠨ᠎ᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠬᠤ ᠬᠡᠷᠡᠭᠲᠡᠢ ᠭᠡᠳᠡᠭ᠎ᠢ ᠳᠤᠷᠠᠳᠪᠠ᠃ ᠨᠢᠭᠡ᠎ᠳᠤ ᠡᠳ᠋᠎ᠤᠨ ᠵᠠᠰᠠᠭ᠎ᠤᠨ ᠳᠡᠳᠭᠥᠬᠦ ᠡᠷᠴᠢᠮ᠎ᠢ ᠨᠡᠮᠡᠭᠳᠡᠭᠦᠯᠪᠡ᠂ ᠨᠦᠬᠦᠴᠡᠯ᠎ᠲᠠᠢ ᠭᠠᠵᠠᠷ ᠤᠷᠤᠨᠨᠤᠭᠤᠳᠤᠨ ᠠᠳᠠᠯ ᠦᠢ᠍ᠯᠡᠰ ᠴᠤᠭᠴᠠᠯᠠᠵᠤ ᠰᠢᠨ᠎ᠡ ᠵᠢ ᠡᠭᠦᠳᠬᠦ ᠰᠠᠭᠤᠷᠢ ᠮᠦᠩᠭᠦ ᠪᠠᠢ᠌ᠭᠤᠯᠬᠤ ᠵᠢ ᠳᠡᠮᠵᠢᠭᠥ ᠵᠢᠨ ᠵᠡᠷᠭᠡᠴᠡᠪᠡᠷ ᠠᠳᠠᠯ ᠦᠢ᠍ᠯᠡᠰ ᠴᠤᠭᠴᠠᠯᠠᠬᠤ ᠵᠢᠨ ᠨᠡᠪᠴᠢᠭᠦᠯᠦᠬᠦ ᠰᠢᠰᠲᠸᠮᠵᠢ ᠪᠠᠢ᠌ᠭᠤᠯᠬᠤ ᠡᠷᠴᠢᠮ᠎ᠢ ᠨᠡᠮᠡᠭᠳᠡᠭᠦᠯᠦᠨ᠂ ᠣᠯᠣᠰ᠎ᠤᠨ ᠱᠠᠳᠤᠨ᠎ᠤ ᠪᠠ ᠦᠪᠡᠷᠲᠡᠭᠡᠨ ᠵᠠᠰᠠᠬᠤ ᠣᠷᠣᠨ᠎ᠤ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ50 ᠠᠵᠤ ᠠᠬᠤᠢ᠌ᠯᠠᠯ᠎ᠤᠨ ᠨᠡᠪᠴᠢᠭᠦᠯᠦᠭᠦᠷ ᠪᠣᠯᠣᠨ ᠲᠦᠮᠡᠨ ᠣᠯᠠᠨ᠎ᠤ ᠠᠳᠠᠯ ᠦᠢ᠍ᠯᠡᠰ ᠴᠤᠭᠴᠠᠯᠠᠵᠤ ᠰᠢᠨ᠎ᠡ ᠵᠢ ᠡᠭᠦᠳᠬᠦ 100 ᠣᠷᠣᠨ ᠵᠠᠢ ᠵᠢ ᠭᠤᠤᠯᠳᠠᠯᠭ᠎ᠠ᠎ᠲᠠᠢ ᠪᠠᠢ᠌ᠭᠤᠯᠵᠤ ᠂ ᠡᠯ᠎ᠡ ᠭᠠᠵᠠᠷ ᠣᠷᠣᠨ᠎ᠢ ᠵᠣᠷᠢᠭᠵᠢᠭᠤᠯᠤᠨ ᠨᠡᠪᠴᠢᠭᠦᠯᠥᠬᠦ ᠪᠠᠢ᠌ᠭᠤᠯᠤᠮᠵᠢ᠎ᠳᠤ ᠠᠯᠪᠠᠨ ᠠᠵᠢᠯ᠎ᠤᠨ ᠬᠡᠷᠡᠭᠯᠡᠬᠦ ᠭᠡᠷ᠂ ᠣᠰᠤ᠂ ᠡᠨ᠋ᠸᠷᠬᠢ᠂ ᠲᠣᠣᠷ ᠰᠦᠯᠵᠢᠶ᠎ᠡ ᠵᠡᠷᠭᠡ ᠵᠦᠭᠡᠯᠡᠨ ᠬᠡᠷᠡᠭᠰᠡᠯ᠎ᠤᠨ ᠲᠠᠯ᠎ᠠ᠎ᠪᠠᠷ ᠬᠠᠷᠠᠭ᠋ᠠᠯᠵᠠᠯ ᠪᠤᠶᠤ ᠨᠦᠬᠦᠪᠦᠷᠢ ᠦᠭᠴᠦ᠂ ᠠᠳᠠᠯ ᠦᠢ᠍ᠯᠡᠰ ᠴᠤᠭᠴᠠᠯᠠᠵᠤ ᠰᠢᠨ᠎ᠡ ᠵᠢ ᠡᠭᠦᠳᠦᠭᠴᠢ ᠵᠢᠨ ᠳᠠᠷᠤᠭ᠋ᠠᠰᠤ ᠵᠢ ᠬᠦᠩᠭᠡᠷᠡᠭᠦᠯᠬᠦ ᠬᠡᠷᠡᠭᠲᠡᠢ ᠭᠡᠵᠦ ᠲᠣᠷᠠᠳᠪᠠ᠃ ᠬᠣᠶᠠᠷ᠎ᠲᠤ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ ᠭᠠᠢ᠌ᠯᠢ ᠲᠠᠲᠠᠪᠤᠷᠢ ᠵᠢᠨ ᠲᠦᠷᠥ ᠵᠢᠨ ᠪᠣᠳᠣᠯᠭ᠎ᠠ ᠵᠢ ᠲᠡᠭᠥᠯᠳᠡᠷᠵᠢᠭᠦᠯᠪᠡ᠂ ᠵᠦᠩ ᠭᠤᠸᠠᠨ ᠼᠦᠨ᠎ᠤ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ᠎ᠤ ᠭᠠᠢ᠌ᠯᠢ ᠳᠠᠳᠠᠪᠤᠷᠢ ᠵᠢᠨ ᠲᠣᠷᠰᠢᠯᠲᠠ ᠵᠢᠨ ᠴᠢᠭ᠋ ᠤᠨ ᠲᠦᠷᠥ ᠵᠢᠨ ᠪᠣᠳᠣᠯᠭ᠎ᠠ ᠵᠢ ᠲᠣᠯᠢᠳᠠᠵᠤ᠂ ᠬᠠᠮᠢᠶ᠎ᠠ ᠪᠦᠬᠦᠢ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠦᠷᠥ ᠵᠢᠨ ᠪᠣᠳᠣᠯᠭ᠎ᠠ ᠵᠢ ᠲᠦᠷᠭᠡᠨ ᠨᠠᠢ᠌ᠳᠠᠪᠤᠷᠢᠵᠢᠭᠤᠯᠬᠤ ᠵᠢᠨ ᠵᠡᠷᠭᠡᠴᠡᠪᠡᠷ ᠣᠯᠣᠰ ᠪᠠ ᠦᠪᠡᠷᠲᠡᠭᠡᠨ ᠵᠠᠰᠠᠬᠤ ᠣᠷᠣᠨ᠎ᠤ ᠣᠢ᠌ᠷ᠎ᠠ ᠵᠢᠨ ᠬᠤᠭᠤᠴᠠᠭ᠋ᠠᠨ᠎ᠳᠤ ᠨᠡᠢ᠌ᠲᠡᠯᠡᠭᠰᠡᠨ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠣᠬᠠᠢ ᠲᠦᠷᠥ ᠵᠢᠨ ᠪᠣᠳᠣᠯᠭ᠎ᠠ ᠨᠡᠯᠢᠶᠡᠳ ᠠᠷᠪᠢᠨ ᠪᠠᠢ᠌ᠬᠤ ᠵᠢ ᠪᠤᠳᠤᠯᠬᠢᠯᠠᠨ᠂ ᠠᠵᠤ ᠠᠬᠤᠢ᠌ᠯᠠᠯ᠎ᠤᠳ᠎ᠲᠤ ᠲᠦᠷᠥ ᠵᠢᠨ ᠪᠣᠳᠣᠯᠭ᠎ᠠ ᠵᠢᠨ ᠠᠭᠤᠯᠭ᠎ᠠ ᠵᠢ ᠴᠠᠭ ᠲᠤᠬᠠᠢᠳᠤᠨᠢ ᠤᠢ᠌ᠯᠠᠭ᠋ᠠᠭᠤᠯᠬᠤ᠎ᠳᠤ ᠳᠦᠭᠦᠮ ᠪᠠᠢ᠌ᠯᠭ᠋ᠠᠬᠤ ᠵᠢᠨ ᠲᠣᠰᠠᠳᠠ᠂ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠦᠴᠢᠷ᠎ᠤᠳ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠦ ᠵᠢᠨ ᠪᠣᠳᠣᠯᠭ᠎ᠠ ᠵᠢᠨ ᠭᠠᠷᠴᠠᠭ ᠵᠶ᠋ᠠᠨ ᠲᠦᠷᠭᠡᠬᠡᠨ ᠲᠣᠭᠲᠠᠭ᠋ᠠᠬᠤ ᠵᠢ ᠲᠤᠳᠤᠷᠬᠠᠢ᠌ᠯᠠᠨ᠂ ᠡᠯ᠎ᠡ ᠵᠦᠢ᠍ᠯ᠎ᠤᠨ ᠭᠠᠢ᠌ᠯᠢ ᠲᠠᠲᠠᠪᠤᠷᠢ ᠵᠢᠨ ᠲᠦᠷᠥ ᠵᠢᠨ ᠪᠤᠳᠣᠯᠭ᠎ᠠ ᠵᠢ ᠪᠤᠳᠠᠳᠤ ᠭᠠᠵᠠᠷ᠎ᠲᠤᠨᠢ ᠨᠠᠢ᠌ᠳᠠᠪᠤᠷᠢᠵᠢᠭᠤᠯᠤᠭᠳᠠᠬᠤ ᠵᠢ ᠦᠨᠡᠨᠬᠦ ᠪᠠᠲᠤᠯᠠᠬᠤ ᠬᠡᠷᠡᠭᠲᠡᠢ ᠭᠡᠵᠦ ᠳᠤᠷᠠᠳᠪᠠ᠃ ᠭᠤᠷᠪᠠ᠎ᠳᠤ ᠳᠡᠳᠭᠥᠬᠦ ᠠᠷᠭ᠎ᠠ ᠮᠠᠶᠢᠭ᠎ᠤᠨ ᠰᠢᠨ᠎ᠡ ᠵᠢ ᠡᠭᠦᠳᠪᠡ᠂ ᠠᠳᠠᠯ ᠦᠢ᠍ᠯᠡᠰ ᠴᠣᠭᠴᠠᠯᠠᠬᠤ ᠲᠡᠮᠳᠡᠭᠲᠥ᠂ ᠰᠢᠨ᠎ᠡ ᠵᠢ ᠡᠭᠦᠳᠬᠦ ᠲᠡᠮᠳᠡᠭᠲᠦ ᠵᠡᠷᠭᠡ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠢᠨ᠎ᠡ ᠵᠠᠭᠪᠤᠷ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠦ᠂ ᠠᠵᠤ ᠠᠬᠤᠢ᠌ᠯᠠᠯ᠎ᠢ ᠵᠤᠷᠢᠭᠵᠢᠭᠤᠯᠬᠤ ᠪᠠ ᠬᠦᠲᠥᠯᠥᠨ ᠵᠢᠯᠤᠭᠤᠳᠴᠤ ᠪᠠᠢ᠌ᠭ᠋ᠠᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠰᠣᠳᠣᠯᠣᠨ ᠨᠡᠬᠡᠭᠡᠬᠥ ᠤᠷᠣᠭᠣᠯᠣᠯᠲᠠ ᠵᠢ᠎ᠨᠢ ᠨᠡᠮᠡᠭᠳᠡᠭᠦᠯᠦᠨ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠵᠢᠨ ᠬᠤᠷᠰᠢᠯᠴᠠᠭ᠎ᠠ ᠵᠢ ᠠᠬᠢᠭᠤᠯᠵᠤ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠦᠭᠵᠢᠭᠡᠬᠦ ᠬᠡᠷᠡᠭᠲᠡᠢ ᠭᠡᠵᠦ ᠲᠣᠷᠠᠳᠪᠠ᠃
ᠬᠦᠳᠦᠯᠦᠭᠴᠢ᠄
ᠴᠢᠳᠠᠪᠤᠷᠢᠲᠠᠨ ᠪᠣᠯ ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠢᠨ ᠭᠣᠣᠯ ᠬᠦᠴᠦᠨ ᠵᠦᠢ᠍ᠯ ᠪᠣᠯᠣᠨ᠎ᠠ᠂ 《ᠬᠡᠷᠡᠭᠵᠢᠭᠦᠯᠬᠦ ᠰᠠᠨᠠᠯ》᠎ᠳᠤ ᠡᠨᠡ ᠲᠠᠯ᠎ᠠ᠎ᠪᠠᠷ ᠶᠠᠮᠠᠷ ᠪᠣᠳᠠᠲᠠᠢ ᠲᠦᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠠᠢ᠌ᠬᠤ ᠪᠤᠢ?
ᠺᠸ ᠡᠷᠬᠢᠯᠡᠭᠴᠢ᠄
ᠶᠠᠭ ᠲᠡᠢ᠌ᠮᠦ ᠡ᠂ ᠴᠢᠳᠠᠪᠤᠷᠢᠲᠠᠨ ᠪᠣᠯ ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠬᠤ ᠵᠢᠨ ᠵᠠᠩᠬᠢᠯᠠᠭ᠎ᠠ ᠪᠤᠯᠬᠣ ᠪᠦᠭᠡᠳ ᠮᠦᠨ ᠴᠦ᠍ ᠮᠠᠨ᠎ᠤ ᠣᠷᠣᠨ᠎ᠤ ᠬᠢᠵᠠᠭ᠋ᠠᠷᠯᠠᠭᠳᠠᠵᠤ ᠪᠠᠢ᠌ᠭ᠎ᠠ ᠬᠦᠴᠦᠨ ᠵᠦᠢ᠍ᠯ ᠪᠣᠯᠣᠨ᠎ᠠ᠃ ᠡᠢ᠌ᠮᠦ᠎ᠠᠴᠠ 《ᠬᠡᠷᠡᠭᠵᠢᠭᠦᠯᠬᠦ ᠰᠠᠨᠠᠯ》᠎ᠨᠢ ᠴᠢᠳᠠᠪᠤᠷᠢᠲᠠᠨ᠎ᠤ ᠲᠤᠬᠠᠢ ᠲᠥᠷᠦ ᠵᠢᠨ ᠪᠣᠳᠣᠯᠭ᠎ᠠ ᠵᠢ ᠨᠢᠭᠡᠨ ᠭᠣᠣᠳᠠᠯᠭᠠ ᠪᠤᠯᠠᠭ᠋ᠠᠨ᠂ ᠪᠣᠳᠠᠲᠠᠢ ᠲᠥᠷᠦ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠳᠤᠷᠠᠳᠪᠠ᠃ ᠨᠢᠭᠡ᠎ᠳᠤ ᠴᠢᠳᠠᠪᠤᠷᠢᠲᠠᠨ ᠬᠦᠮᠦᠵᠢᠭᠥᠯᠬᠦ ᠪᠠ ᠤᠷᠤᠭᠤᠯᠵᠤ ᠢᠷᠡᠬᠦ ᠳᠦᠷᠢᠮ᠎ᠢ ᠪᠠᠢ᠌ᠭᠤᠯᠤᠨ ᠪᠦᠷᠢᠨᠰᠢᠭᠦᠯᠦᠨ᠎ᠡ᠃ ᠴᠢᠳᠠᠪᠤᠷᠢᠲᠠᠨ᠎ᠤ ᠲᠣᠰᠬᠠᠢ ᠵᠦᠢ᠍ᠯ᠎ᠤᠨ ᠪᠡᠯᠡ ᠮᠦᠩᠭᠦ ᠵᠢ ᠡᠮᠬᠢᠯᠡᠨ ᠨᠡᠢ᠌ᠯᠡᠭᠦᠯᠵᠦ᠂ ᠴᠢᠳᠠᠪᠤᠷᠢᠲᠠᠨ ᠤᠷᠣᠭᠣᠯᠵᠤ ᠢᠷᠡᠬᠦ ᠵᠢ ᠳᠡᠮᠵᠢᠬᠦ ᠡᠷᠴᠢᠮ᠎ᠢ ᠨᠡᠮᠡᠭᠳᠡᠭᠦᠯᠬᠥ ᠬᠡᠷᠡᠭᠲᠡᠢ ᠭᠡᠵᠦ ᠳᠣᠷᠠᠳᠤᠭᠰᠠᠨᠤ ᠵᠡᠷᠭᠡᠴᠡᠪᠡᠷ ᠳᠡᠭᠡᠲᠦ ᠰᠣᠷᠭ᠋ᠠᠭᠤᠯᠢ ᠵᠢᠨ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠬᠢᠴᠢᠶᠡᠯ ᠲᠤᠬᠢᠷᠠᠭᠤᠯᠬᠤ ᠵᠢ ᠲᠦᠷᠭᠡᠳᠭᠡᠨ ᠲᠡᠭᠦᠯᠳᠡᠷᠵᠢᠭᠦᠯᠵᠦ᠂ ᠠᠳᠠᠯ ᠦᠢ᠍ᠯᠡᠰ ᠴᠣᠭᠴᠠᠯᠠᠬᠤ ᠳᠠᠳᠤᠯᠭ᠎ᠠ ᠪᠤᠯᠪᠠᠰᠤᠷᠠᠭᠤᠯᠤᠯ᠎ᠤᠨ ᠰᠢᠰᠲᠸᠮᠵᠢ ᠵᠢᠨ ᠪᠠᠢ᠌ᠭᠤᠯᠤᠯᠲᠠ᠎ᠶᠢ ᠴᠢᠩᠭ᠋ᠠᠳᠬᠠᠨ᠂ ᠬᠠᠷᠢᠮᠠᠬᠠᠢ ᠴᠢᠨᠠᠷᠲᠠᠢ ᠰᠤᠷᠤᠯᠭ᠎ᠠ ᠵᠢᠨ ᠲᠥᠷᠢᠮ ᠵᠡᠷᠭᠡ ᠲᠦᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠨᠡᠬᠥ ᠠᠳᠠᠯ ᠦᠢ᠍ᠯᠡᠰ ᠴᠤᠭᠴᠠᠯᠠᠵᠤ ᠰᠢᠨ᠎ᠡ ᠵᠢ ᠡᠭᠦᠳᠬᠦ ᠤᠶᠤᠲᠠᠳ᠎ᠤᠨ ᠨᠢᠭᠡᠨ ᠭᠣᠣᠯ ᠬᠦᠴᠦᠨ᠎ᠤ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠬᠦᠰᠡᠯ ᠰᠠᠨᠠᠭ᠎ᠠ ᠪᠠ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠢ ᠭᠡᠵᠦ ᠳᠤᠷᠠᠳᠪᠠ᠃ ᠬᠣᠶᠠᠷ᠎ᠲᠤ ᠴᠢᠳᠠᠪᠤᠷᠢᠲᠠᠨ᠎ᠤ ᠦᠪᠡᠷ ᠵᠶ᠋ᠡᠨ ᠰᠢᠯᠵᠢᠬᠦ ᠵᠢ ᠠᠬᠢᠭᠤᠯᠤᠨ᠎ᠠ᠂ ᠰᠢᠨᠵᠢᠡᠬᠦ ᠤᠬᠠᠭ᠋ᠠᠨ ᠮᠡᠷᠭᠡᠵᠢᠯ᠎ᠤᠨ ᠠᠵᠢᠯᠲᠠᠳ᠎ᠤᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ ᠵᠢᠨ ᠬᠣᠭᠣᠷᠣᠨᠳᠤ ᠰᠢᠯᠵᠢᠬᠦ ᠵᠢᠨ ᠨᠡᠢ᠌ᠭᠡᠮ᠎ᠤᠨ ᠪᠠᠳᠣᠯᠠᠭ᠎ᠠ ᠵᠢᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠲᠦᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠰᠢᠨᠵᠢᠯᠡᠬᠦ ᠣᠬᠠᠭ᠋ᠠᠨ ᠮᠡᠷᠭᠡᠵᠢᠯ᠎ᠤᠨ ᠠᠵᠢᠯᠲᠠᠳ᠎ᠤᠨ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢᠨ ᠬᠣᠢ᠌ᠰᠢᠳᠠ ᠵᠢᠨ ᠵᠣᠪᠠᠨᠢᠯ᠎ᠢ᠎ᠨᠢ ᠠᠷᠢᠯᠭ᠋ᠠᠵᠤ ᠦᠭᠬᠥ ᠬᠡᠷᠡᠭᠲᠡᠢ ᠬᠡᠵᠥ ᠳᠤᠷᠠᠳᠪᠠ᠃ ᠭᠤᠷᠪᠠ᠎ᠳᠤ ᠡᠯ᠎ᠡ ᠲᠦᠷᠦᠯ᠎ᠤᠨ ᠴᠢᠳᠠᠪᠤᠷᠢᠲᠠᠨ᠎ᠤ ᠠᠳᠠᠯ ᠦᠢ᠍ᠯᠡᠰ ᠴᠤᠭᠴᠠᠯᠠᠵᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠦᠭᠵᠢᠭᠡᠨ᠎ᠡ᠃ ᠳᠡᠭᠡᠲᠦ ᠰᠣᠷᠭ᠋ᠠᠭᠤᠯᠢ ᠪᠣᠯᠣᠨ ᠰᠢᠨᠵᠢᠯᠡᠬᠦ ᠤᠬᠠᠭ᠋ᠠᠨ᠎ᠤ ᠰᠣᠳᠣᠯᠤᠯ᠎ᠤᠨ ᠬᠦᠷᠢᠶᠡᠯᠡᠩ ᠭᠠᠵᠠᠷ᠎ᠤᠨ ᠦᠷ᠎ᠡ ᠪᠦᠳᠦᠭᠡᠯ ᠬᠣᠪᠢᠷᠠᠭᠤᠯᠤᠭᠰᠠᠨ ᠠᠰᠢᠭ ᠣᠯᠵᠠᠪᠤᠷᠢ ᠵᠢ ᠰᠢᠨᠵᠢᠯᠡᠬᠦ ᠤᠬᠠᠭ᠋ᠠᠨ᠎ᠤ ᠰᠣᠳᠣᠯᠤᠯ᠎ᠤᠨ ᠬᠠᠷᠢᠭᠤᠴᠠᠯᠭ᠋ᠠᠲᠠᠨ᠂ ᠭᠤᠤᠯᠯᠬᠤ ᠮᠡᠷᠭᠡᠵᠢᠯ᠎ᠤᠨ ᠠᠵᠢᠯᠲᠠᠨ ᠵᠡᠷᠭᠡ ᠴᠢᠬᠤᠯᠠ ᠬᠤᠪᠢ ᠨᠡᠮᠡᠷᠢ ᠦᠵᠡᠭᠦᠯᠦᠭᠰᠡᠨ ᠬᠦᠮᠦᠰ ᠪᠣᠯᠣᠨ ᠪᠦᠯᠬᠦᠮ ᠨᠡᠢ᠌ᠲᠡ ᠵᠢ ᠬᠦᠬᠢᠭᠦᠯᠦᠨ ᠱᠠᠩᠨᠠᠬᠤ᠎ᠳᠤ ᠬᠡᠷᠡᠭᠯᠡᠬᠦ ᠬᠠᠷᠢᠴᠠᠯ᠎ᠢ ᠣᠯᠣᠰ᠎ᠠᠴᠠ ᠳᠣᠷᠠᠳᠣᠭᠰᠠᠨ 50%᠎ᠠᠴᠠ ᠳᠣᠣᠷ᠎ᠠ ᠦᠭᠡᠢ ᠪᠠᠢ᠌ᠯᠭ᠋ᠠᠬᠤ ᠬᠡᠷᠡᠭᠲᠡᠢ ᠭᠡᠰᠡᠨᠠᠴᠠᠨᠢ 70%᠎ᠠᠴᠠ ᠳᠣᠣᠷ᠎ᠠ ᠦᠭᠡᠢ ᠪᠠᠢ᠌ᠯᠭ᠋ᠠᠬᠤ᠎ᠳᠤ ᠬᠦᠷᠲᠡᠯ᠎ᠡ ᠳᠡᠭᠡᠭᠰᠢᠯᠡᠭᠦᠯᠵᠦ᠂ ᠡᠯ᠎ᠡ ᠲᠦᠷᠥᠯ᠎ᠤᠨ ᠴᠢᠳᠠᠪᠤᠷᠢᠲᠠᠨ᠎ᠤ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠢᠳᠡᠪᠬᠢᠵᠢᠯ᠎ᠢ ᠭᠦᠢ᠍ᠴᠡᠳ ᠪᠠᠳᠠᠷᠠᠭᠤᠯᠬᠤ ᠪᠤᠯᠤᠨ᠎ᠠ ᠃
ᠬᠦᠳᠦᠯᠦᠭᠴᠢ᠄
ᠴᠢᠳᠠᠪᠤᠷᠢᠲᠠᠨ᠎ᠠᠴᠠ ᠭᠠᠳᠠᠨ᠎ᠠ᠂ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠲᠠᠯ᠎ᠠ᠎ᠪᠠᠷ᠎ᠬᠢ ᠮᠦᠩᠭᠦᠨ ᠭᠦᠢ᠍ᠯᠭᠡᠭᠡᠨ᠎ᠤ ᠲᠤᠯᠭ᠋ᠠᠭᠤᠷᠢᠯᠠᠬᠤ ᠦᠢ᠍ᠯᠡᠳᠦᠯ᠎ᠢ ᠭᠡᠳ ᠣᠮᠳᠠᠭ᠋ᠠᠢ᠌ᠯᠠᠵᠤ ᠪᠣᠯᠬᠤ ᠦᠭᠡᠢ ᠭᠡᠳᠡᠭ᠎ᠢ ᠮᠡᠳᠡᠪᠡ᠂ 《ᠬᠡᠷᠡᠭᠵᠢᠭᠦᠯᠬᠦ ᠰᠠᠨᠠᠯ》᠎ᠳᠤ ᠡᠨᠡ ᠲᠠᠯ᠎ᠠ᠎ᠪᠠᠷ ᠶᠠᠮᠠᠷ ᠶᠠᠮᠠᠷ ᠲᠦᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠠᠢ᠌ᠬᠤ ᠪᠣᠢ?
ᠺᠸ ᠡᠷᠬᠢᠯᠡᠭᠴᠢ᠄
ᠪᠡᠯᠡ ᠲᠤᠬᠢᠷᠠᠭᠤᠯᠬᠤ᠎ᠳᠤ ᠬᠦᠴᠢᠷ ᠪᠠᠢ᠌ᠬᠤ᠎ᠨᠢ ᠵᠢᠵᠢᠭ ᠪᠢᠴᠢᠯ ᠠᠵᠤ ᠠᠬᠤᠢ᠌ᠯᠠᠯ᠎ᠤᠳ᠎ᠢ ᠭᠠᠴᠢᠭᠳᠠᠭᠤᠯᠵᠤ ᠪᠠᠢ᠌ᠭ᠎ᠠ ᠳᠤᠪᠣᠢ᠌ᠮ᠎ᠠ ᠠᠰᠠᠭᠤᠳᠠᠯ ᠪᠣᠯᠣᠭᠰᠠᠭ᠋ᠠᠷ ᠢᠷᠡᠪᠡ᠂ 《ᠬᠡᠷᠡᠭᠵᠢᠭᠦᠯᠬᠦ ᠰᠠᠨᠠᠯ》᠎ᠨᠢ ᠬᠦᠭᠵᠢᠭᠰᠡᠨ ᠭᠠᠵᠠᠷ ᠣᠷᠣᠨ᠎ᠤ ᠠᠮᠵᠢᠯᠲᠠ᠎ᠲᠠᠢ ᠲᠣᠷᠰᠢᠯᠭ᠎ᠠ ᠪᠣᠯᠣᠨ ᠬᠢᠭᠰᠡᠨ ᠠᠷᠭ᠎ᠠ ᠵᠢ ᠭᠦᠢ᠍ᠴᠡᠳ ᠲᠣᠯᠢᠳᠠᠨ᠂ ᠮᠦᠩᠭᠦᠨ ᠭᠦᠢ᠍ᠯᠭᠡᠭᠡᠨ᠎ᠤ ᠳᠡᠳᠭᠥᠨ ᠠᠬᠢᠭᠤᠯᠬᠤ ᠦᠢ᠍ᠯᠡᠳᠦᠯ᠎ᠢ ᠴᠢᠩᠭ᠋ᠠᠷᠠᠭᠤᠯᠬᠤ ᠲᠠᠯ᠎ᠠ᠎ᠪᠠᠷ ᠰᠢᠪᠳᠤᠯᠤᠯᠲᠠ ᠵᠢᠨ ᠴᠢᠨᠠᠷᠲᠠᠢ ᠪᠠ ᠪᠦᠳᠦᠭᠡᠯᠴᠢ ᠴᠢᠨᠠᠷᠲᠠᠢ ᠲᠦᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠢ ᠳᠤᠷᠠᠳᠪᠠ᠃ ᠨᠢᠭᠡ᠎ᠳᠤ ᠪᠠᠩᠬᠢ ᠵᠢᠨ ᠳᠡᠮᠵᠢᠯᠭᠡ ᠦᠵᠡᠭᠦᠯᠬᠦ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠠᠳᠠᠯ ᠦᠢ᠍ᠯᠡᠰ ᠴᠣᠭᠴᠠᠯᠠᠬᠤ ᠰᠠᠭᠤᠷᠢᠨ ᠭᠠᠵᠠᠷ᠂ ᠰᠢᠨᠵᠢᠯᠡᠬᠦ ᠣᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠂ ᠶᠡᠬᠡ ᠰᠤᠷᠭ᠋ᠠᠭᠤᠯᠢ ᠵᠢᠨ ᠰᠢᠨᠵᠢᠯᠡᠬᠦ ᠣᠬᠠᠭ᠋ᠠᠨ ᠮᠡᠷᠭᠡᠵᠢᠯ᠎ᠤᠨ ᠬᠥᠷᠢᠶᠡᠯᠠᠩ᠂ ᠳᠡᠭᠡᠲᠦ ᠰᠢᠨ᠎ᠡ ᠮᠡᠷᠭᠡᠵᠢᠯ᠎ᠤᠨ ᠨᠡᠬᠡᠭᠡᠯᠲᠡ ᠵᠢᠨ ᠲᠣᠭᠣᠷᠢᠭ ᠪᠠ ᠡᠯ᠎ᠡ ᠲᠦᠷᠦᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠵᠡᠷᠭᠡ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠴᠣᠭᠯᠠᠷᠠᠯ᠎ᠤᠨ ᠣᠷᠣᠨ᠎ᠳᠤ ᠡᠯ᠎ᠡ ᠲᠦᠷᠦᠯ᠎ᠤᠨ ᠪᠠᠩᠬᠢ ᠵᠢᠨ ᠪᠠᠢ᠌ᠭᠤᠯᠤᠮᠵᠢ᠎ᠨᠤᠭᠤᠳ᠎ᠤᠨ ᠰᠢᠨᠵᠢᠯᠡᠬᠦ ᠣᠬᠠᠭ᠋ᠠᠨ ᠮᠡᠷᠭᠡᠵᠢᠯ᠎ᠤᠨ ᠪᠠᠩᠬᠢ ᠪᠠ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠪᠠᠩᠬᠢ ᠨᠡᠬᠡᠭᠡᠨ ᠡᠷᠬᠢᠯᠡᠬᠦ ᠵᠢ ᠵᠣᠷᠢᠭᠵᠢᠭᠤᠯᠤᠨ᠎ᠠ᠃ ᠬᠣᠶᠠᠷ᠎ᠲᠤ ᠠᠳᠠᠯ ᠦᠢ᠍ᠯᠡᠰ ᠴᠣᠭᠴᠠᠯᠠᠬᠤ ᠪᠡᠯᠡ ᠲᠤᠬᠢᠷᠠᠭᠤᠯᠬᠤ ᠰᠢᠨ᠎ᠡ ᠵᠠᠭᠪᠤᠷ᠎ᠢ ᠪᠠᠶᠠᠯᠢᠭᠵᠢᠭᠤᠯᠵᠤ᠂ ᠪᠠᠩᠬᠢ᠂ ᠦᠨᠡᠲᠦ ᠲᠡᠮᠳᠡᠭ᠂ ᠳᠠᠭ᠋ᠠᠳᠬᠠᠯ᠂ ᠪᠠᠭ᠎ᠠ ᠲᠣᠭ᠋ᠠᠨ᠎ᠤ ᠵᠢᠭᠡᠯᠡᠯᠭᠡ ᠵᠢᠨ ᠺᠤᠮᠫᠠᠨᠢ ᠪᠣᠯᠣᠨ ᠳᠠᠭ᠋ᠠᠭ᠋ᠠᠯᠲᠠ ᠬᠢᠬᠦ ᠪᠠᠢ᠌ᠭᠤᠯᠤᠮᠵᠢ᠎ᠨᠤᠭᠤᠳ᠎ᠤᠨ ᠢᠨᠲᠸᠷ ᠰᠦᠯᠵᠢᠶᠡᠨ ᠮᠦᠩᠭᠦᠨ ᠭᠦᠢ᠍ᠯᠭᠡᠭᠡᠨ᠎ᠤ ᠬᠦᠷᠢᠶ᠎ᠡ ᠵᠢᠨ ᠨᠡᠷᠡᠳᠬᠦᠨ ᠪᠠ ᠦᠢ᠍ᠯᠡᠴᠢᠯᠡᠭᠡᠨ᠎ᠤ ᠰᠢᠨ᠎ᠡ ᠵᠢ ᠡᠭᠦᠳᠬᠦ ᠵᠢ ᠢᠳᠡᠪᠬᠢᠲᠡᠢ ᠦᠷᠨᠢᠭᠦᠯᠵᠦ᠂ ᠠᠷᠠᠳ᠎ᠤᠨ ᠬᠦᠷᠦᠩᠭᠡ ᠵᠢ ᠬᠦᠳᠦᠯᠦᠨ ᠵᠢᠯᠣᠭᠣᠳᠴᠤ ᠪᠠᠢ᠌ᠭ᠋ᠠᠳ ᠢᠨᠲᠸᠷ ᠰᠦᠯᠵᠢᠶᠡᠨ ᠮᠦᠩᠭᠦᠨ ᠭᠦᠢ᠍ᠯᠭᠡᠭᠡᠨ᠎ᠤ ᠲᠣᠬᠠᠢ᠌ᠯᠠᠭᠰᠠᠨ ᠠᠵᠢᠯ᠎ᠢ ᠵᠢᠷᠤᠮᠵᠢᠯ᠎ᠲᠠᠢ ᠬᠦᠭᠵᠢᠭᠦᠯᠵᠦ᠂ ᠲᠦᠮᠡᠨ ᠣᠯᠠᠨ ᠵᠶ᠋ᠠᠷ ᠵᠶ᠋ᠠᠨ ᠪᠡᠯᠡ ᠴᠤᠭᠯᠠᠭᠤᠯᠵᠤ ᠲᠤᠬᠢᠷᠠᠭᠤᠯᠬᠤ ᠲᠠᠪᠴᠠᠩ᠎ᠢ ᠵᠢᠷᠤᠮᠵᠢᠯ᠎ᠲᠠᠢ ᠬᠦᠭᠵᠢᠭᠦᠯᠬᠦ ᠵᠢ ᠳᠡᠮᠵᠢᠭᠥ ᠪᠠ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠳᠤᠷᠠᠳᠪᠠ᠃ ᠭᠤᠷᠪᠠ᠎ᠳᠤ ᠬᠦᠷᠦᠩᠭᠡ ᠵᠢᠨ ᠵᠠᠬ᠎ᠠ ᠳᠡᠯᠭᠡᠭᠦᠷ᠎ᠤᠨ ᠰᠢᠰᠲᠸᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠠᠵᠤ ᠠᠬᠤᠢ᠌ᠯᠠᠯ᠎ᠢ ᠪᠤᠢ᠌ᠵᠢᠭᠤᠯᠤᠨ ᠵᠠᠬ᠎ᠠ ᠳᠡᠯᠭᠡᠭᠦᠷ᠎ᠲᠤ ᠭᠠᠷᠭ᠋ᠠᠬᠤ ᠢᠨᠵᠸᠨ᠋ᠸᠷᠢᠩ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠨᠥᠬᠥᠴᠡᠯ᠎ᠳᠤ ᠨᠡᠢ᠌ᠴᠡᠬᠦ ᠠᠳᠠᠯ ᠦᠢ᠍ᠯᠡᠰ ᠴᠣᠭᠴᠠᠯᠠᠬᠤ ᠠᠵᠤ ᠠᠬᠤᠢ᠌ᠯᠠᠯ᠎ᠤᠨ ᠲᠥᠷᠢᠮ ᠵᠶ᠋ᠡᠨ ᠦᠭᠡᠷᠡᠴᠢᠯᠡᠨ ᠵᠠᠬ᠎ᠠ ᠳᠡᠯᠭᠡᠭᠦᠷ᠎ᠲᠤ ᠭᠠᠷᠬᠤ᠂ ᠰᠢᠨ᠎ᠡ ᠭᠣᠷᠪᠠᠳᠤᠭ᠋ᠠᠷ ᠵᠦᠢ᠍ᠯ᠎ᠤᠨ ᠵᠠᠬ᠎ᠠ ᠳᠡᠯᠭᠡᠭᠦᠷ᠎ᠲᠤ ᠭᠠᠷᠴᠤ ᠵᠢᠩᠬᠢᠨᠢ᠎ᠪᠠᠷ ᠠᠵᠢᠯ ᠡᠬᠢᠯᠡᠭᠦᠯᠬᠦ᠂ ᠣᠷᠣᠨ ᠪᠦᠰᠡ ᠵᠢᠨ ᠰᠲ᠋ᠤᠺ ᠠᠷᠠᠯᠵᠢᠶᠠᠯᠠᠬᠤ ᠲᠥᠪ᠎ᠤᠨ ᠫᠠᠢ᠌ᠰᠠ ᠡᠯᠭᠦᠬᠦ᠂ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠡᠯᠡ ᠮᠦᠩᠭᠦ ᠴᠤᠭᠯᠠᠭᠤᠯᠬᠤ ᠵᠢ ᠵᠤᠷᠢᠭᠵᠢᠭᠤᠯᠬᠤ ᠪᠠ ᠬᠦᠳᠦᠯᠦᠨ ᠵᠢᠯᠤᠭᠤᠳᠤᠨ᠎ᠠ᠃ ᠳᠥᠷᠪᠡ᠎ᠳᠤ ᠠᠳᠠᠯ ᠦᠢ᠍ᠯᠡᠰ ᠴᠣᠭᠴᠠᠯᠠᠬᠤ ᠪᠡᠯᠡ ᠣᠷᠤᠭᠤᠯᠤᠯᠲᠠ ᠵᠢ ᠶᠡᠬᠡᠪᠡᠷ ᠪᠤᠢ᠌ᠵᠢᠭᠤᠯᠤᠨ ᠬᠦᠭᠵᠢᠭᠦᠯᠵᠦ᠂ ᠰᠢᠨ᠎ᠡ᠎ᠪᠠᠷ ᠪᠤᠢ ᠪᠤᠯᠤᠭᠰᠠᠨ ᠠᠵᠤ ᠦᠢ᠍ᠯᠡᠰ᠎ᠤᠨ ᠠᠳᠠᠯ ᠦᠢ᠍ᠯᠡᠰ ᠴᠣᠭᠴᠠᠯᠠᠬᠤ ᠪᠡᠯᠡ ᠤᠷᠤᠭᠤᠯᠤᠯᠲᠠ ᠵᠢ ᠬᠦᠳᠦᠯᠦᠨ ᠵᠢᠯᠣᠭᠣᠳᠬᠤ 5 ᠳ᠋ᠦᠩᠰᠢᠭᠤᠷ ᠲᠦᠭᠦᠷᠢᠭ᠎ᠤᠨ ᠰᠠᠭᠤᠷᠢ ᠮᠦᠩᠭᠦ ᠪᠠᠢ᠌ᠭᠤᠯᠵᠤ᠂ ᠠᠳᠠᠯ ᠦᠢ᠍ᠯᠡᠰ ᠴᠣᠭᠴᠠᠯᠠᠬᠤ ᠪᠡᠯᠡ ᠣᠷᠣᠭᠤᠯᠤᠯᠲᠠ ᠵᠢ ᠲᠦᠷᠥ ᠵᠢᠨ ᠪᠣᠳᠣᠯᠭ᠎ᠠ᠎ᠪᠠᠷ ᠳᠡᠳᠭᠥᠬᠥ ᠡᠷᠴᠢᠮ ᠢ ᠨᠡᠮᠡᠭᠳᠡᠭᠦᠯᠦᠨ᠂ ᠠᠳᠠᠯ ᠦᠢ᠍ᠯᠡᠰ ᠴᠣᠭᠴᠠᠯᠠᠬᠤ ᠪᠡᠯᠡ ᠣᠷᠣᠭᠤᠯᠤᠯᠲᠠ ᠵᠢᠨ ᠬᠡᠮᠵᠢᠶ᠎ᠡ ᠵᠢ ᠲᠦᠷᠭᠡᠨ ᠦᠷᠭᠡᠳᠭᠡᠨ᠎ᠡ᠃
ᠬᠦᠳᠦᠯᠦᠭᠴᠢ᠄
ᠲᠠᠨ᠎ᠤ ᠰᠠᠶᠢ ᠦᠪᠡᠷᠲᠡᠭᠡᠨ ᠵᠠᠰᠠᠬᠤ ᠣᠷᠣᠨ ᠰᠢᠨ᠎ᠡ᠎ᠪᠠᠷ ᠬᠦᠭᠵᠢᠭᠰᠡᠨ ᠠᠵᠤ ᠦᠢ᠍ᠯᠡᠰ᠎ᠤᠨ ᠠᠳᠠᠯ ᠦᠢ᠍ᠯᠡᠰ ᠴᠣᠭᠴᠠᠯᠠᠬᠤ ᠪᠡᠯᠡ ᠤᠷᠤᠭᠤᠯᠤᠯᠳᠠ ᠵᠢ ᠬᠦᠳᠦᠯᠦᠨ ᠵᠢᠯᠤᠭᠤᠳᠬᠤ 5 ᠳ᠋ᠦᠩᠰᠢᠭᠤᠷ ᠲᠦᠭᠥᠷᠢᠭᠤᠨ ᠰᠠᠭᠤᠷᠢ ᠮᠦᠩᠭᠥ ᠪᠠᠢ᠌ᠭᠤᠯᠤᠨ᠎ᠠ ᠭᠡᠵᠥ ᠳᠤᠷᠠᠳᠪᠠ᠂ ᠲᠡᠭᠦᠨ᠎ᠤ ᠠᠵᠢᠯᠯᠠᠭᠤᠯᠬᠤ ᠵᠠᠭᠪᠤᠷ᠎ᠨᠢ ᠶᠠᠮᠠᠷ ᠰᠢᠭ᠋ ᠪᠣᠢ?
ᠺᠸ ᠡᠷᠬᠢᠯᠡᠭᠴᠢ᠄
ᠬᠡᠷᠡᠭᠵᠢᠭᠦᠯᠬᠦ ᠲᠠᠯ᠎ᠠ᠎ᠪᠠᠷ ᠣᠯᠣᠰ᠎ᠠᠴᠠ ᠠᠯᠢ ᠡᠷᠲᠡ 2009 ᠣᠨ᠎ᠠᠴᠠ ᠡᠬᠢᠯᠡᠨ ᠰᠢᠨ᠎ᠡ᠎ᠪᠠᠷ ᠬᠦᠭᠵᠢᠭᠰᠡᠨ ᠠᠵᠤ ᠦᠢ᠍ᠯᠡᠰ᠎ᠤᠨ ᠠᠳᠠᠯ ᠦᠢ᠍ᠯᠡᠰ ᠴᠣᠭᠴᠠᠯᠠᠬᠤ ᠪᠡᠯᠡ ᠣᠷᠣᠭᠤᠯᠤᠯᠲᠠ ᠵᠢᠨ ᠲᠦᠯᠦᠪᠯᠡᠭᠡ ᠵᠢ ᠡᠬᠢᠯᠡᠨ ᠬᠡᠷᠡᠭᠵᠢᠭᠦᠯᠪᠡ᠂ ᠲᠡᠭᠦᠨ᠎ᠤ ᠠᠵᠢᠯᠯᠠᠭᠤᠯᠬᠤ ᠵᠠᠭᠪᠤᠷ᠎ᠨᠢ ᠪᠣᠯ᠄ ᠲᠥᠪ ᠤᠨ ᠡᠳ᠋᠎ᠤᠨ ᠵᠠᠰᠠᠭ᠎ᠠᠴᠠ 5000 ᠲᠦᠮᠡᠨ ᠲᠥᠭᠥᠷᠢᠭ᠎ᠤᠨ ᠪᠡᠯᠡ ᠭᠠᠷᠭ᠋ᠠᠵᠤ᠂ ᠣᠷᠣᠨ ᠨᠣᠳᠣᠭ᠎ᠤᠨ ᠵᠠᠰᠠᠭ᠎ᠤᠨ ᠣᠷᠳᠣᠨ ᠢᠵᠢ ᠪᠦᠷᠢᠳᠦᠭᠦᠯᠦᠨ 5000 ᠲᠦᠮᠡᠨ ᠲᠦᠭᠦᠷᠢᠭ᠎ᠤᠨ ᠪᠡᠯᠡ ᠭᠠᠷᠭ᠋ᠠᠵᠤ᠂ ᠨᠡᠢ᠌ᠭᠡᠮ᠎ᠤᠨ ᠡᠭᠦᠰᠭᠡᠨ ᠪᠠᠢ᠌ᠭᠤᠯᠤᠭᠴᠢ 1.5 ᠳ᠋ᠦᠩᠰᠢᠭᠤᠷ ᠲᠦᠭᠦᠷᠢᠭ᠎ᠤᠨ ᠪᠡᠯᠡ ᠭᠠᠷᠭ᠋ᠠᠭᠤᠯᠵᠤ᠂ ᠬᠠᠮᠳᠤ᠎ᠪᠠᠷ ᠬᠤᠪᠢ ᠤᠷᠣᠭᠤᠯᠤᠨ ᠶᠡᠷᠥᠩᠬᠡᠢ ᠬᠡᠪᠴᠢᠶ᠎ᠡ᠎ᠨᠢ 2.5 ᠳ᠋ᠦᠩᠰᠢᠭᠤᠷ ᠲᠦᠭᠦᠷᠢᠭ᠎ᠤᠨ ᠠᠳᠠᠯ ᠦᠢ᠍ᠯᠡᠰ ᠴᠣᠭᠴᠠᠯᠠᠬᠤ ᠪᠡᠯᠡ ᠣᠷᠣᠭᠤᠯᠤᠯᠲᠠ ᠵᠢᠨ ᠰᠠᠭᠤᠷᠢ ᠮᠦᠩᠭᠦ ᠪᠠᠢ᠌ᠭᠤᠯᠵᠤ᠂ ᠵᠠᠰᠠᠭ᠎ᠤᠨ ᠣᠷᠳᠤᠨ᠎ᠤ ᠪᠡᠯᠡ ᠮᠦᠩᠭᠦ ᠵᠢᠨ ᠭᠦᠳᠦᠯᠦᠨ ᠵᠢᠯᠤᠭᠤᠳᠬᠤ ᠦᠢ᠍ᠯᠡᠳᠦᠯ᠎ᠢ ᠪᠠᠳᠠᠷᠠᠭᠤᠯᠤᠨ᠂ ᠨᠡᠢ᠌ᠭᠡᠮ᠎ᠤᠨ ᠬᠦᠷᠦᠩᠭᠡ ᠵᠢ ᠬᠦᠳᠦᠯᠦᠨ ᠵᠢᠯᠤᠭᠣᠳᠴᠤ ᠪᠠᠢ᠌ᠭ᠋ᠠᠳ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠪᠤᠢ ᠪᠤᠯᠤᠭᠰᠠᠨ ᠠᠵᠤ ᠦᠢ᠍ᠯᠡᠰ᠎ᠤᠨ ᠭᠤᠤᠯᠳᠠᠯᠭ᠎ᠠ᠎ᠲᠠᠢ ᠬᠦᠷᠢᠶᠡᠨ᠎ᠤ ᠠᠩᠬᠠᠨ᠎ᠤ ᠪᠠ ᠳᠤᠮᠳᠠᠬᠢ ᠦᠶ᠎ᠡ᠂ ᠠᠩᠬ᠎ᠠ ᠴᠣᠭᠴᠠᠯᠠᠬᠤ ᠦᠶ᠎ᠡ᠎ᠳᠤ ᠣᠷᠣᠰᠢᠵᠤ ᠪᠠᠢ᠌ᠭ᠎ᠠ ᠠᠵᠤ ᠠᠬᠤᠢ᠌ᠯᠠᠯ ᠲᠡᠰᠢ ᠣᠷᠣᠭᠣᠯᠵᠤ᠂ ᠠᠵᠤ ᠠᠬᠤᠢ᠌ᠯᠠᠯ᠎ᠤᠨ ᠰᠢᠨᠵᠢᠯᠡᠬᠦ ᠣᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠠᠬᠢᠭᠤᠯᠵᠤ᠂ ᠰᠢᠨ᠎ᠡ ᠵᠢ ᠡᠭᠦᠳᠦᠭᠰᠡᠨ ᠦᠷ᠎ᠡ ᠪᠦᠳᠦᠭᠡᠯ ᠵᠶ᠋ᠡᠨ ᠠᠵᠤ ᠦᠢ᠍ᠯᠡᠰᠵᠢᠭᠦᠯᠬᠦ ᠵᠢ ᠲᠦᠷᠭᠡᠳᠭᠡᠨ᠎ᠡ᠃ ᠤᠳᠤᠬᠠᠨ᠎ᠳᠤ᠂ ᠤᠯᠤᠰ ᠵᠶ᠋ᠠᠷ ᠵᠦᠪᠰᠢᠶᠡᠷᠡᠭᠦᠯᠦᠭᠡᠳ ᠪᠦᠬᠦ ᠣᠯᠣᠰ᠎ᠲᠤ ᠰᠢᠨ᠎ᠡ᠎ᠪᠠᠷ ᠪᠤᠢ ᠪᠤᠯᠤᠭᠰᠠᠨ ᠠᠵᠤ ᠦᠢ᠍ᠯᠡᠰ᠎ᠤᠨ ᠠᠳᠠᠯ ᠦᠢ᠍ᠯᠡᠰ ᠴᠣᠭᠴᠠᠯᠠᠬᠤ ᠪᠡᠯᠡ ᠤᠷᠣᠭᠣᠯᠣᠯᠲᠠ ᠵᠢᠨ213 ᠰᠠᠭᠤᠷᠢ ᠮᠦᠩᠭᠦ ᠪᠠᠢ᠌ᠭᠤᠯᠵᠤ᠂ ᠶᠡᠷᠦᠩᠬᠡᠢ ᠬᠡᠪᠴᠢᠶ᠎ᠡ᠎ᠨᠢ 574 ᠳ᠋ᠦᠩᠰᠢᠭᠤᠷ ᠲᠦᠭᠦᠷᠢᠭ ᠪᠠᠢ᠌ᠵᠤ᠂ ᠡᠭᠦᠨ᠎ᠳᠤ ᠲᠥᠪ᠎ᠠᠴᠠ 106 ᠳ᠋ᠦᠩᠰᠢᠭᠤᠷ ᠲᠦᠭᠦᠷᠢᠭ᠎ᠤᠨ ᠪᠡᠯᠡ ᠭᠠᠷᠭ᠋ᠠᠪᠠ᠃ ᠲᠦᠷᠦᠭᠦᠬᠡᠨ ᠣᠯᠣᠰ᠎ᠠᠴᠠ ᠶᠡᠷᠦᠩᠬᠡᠢ ᠬᠡᠪᠴᠢᠶ᠎ᠡ᠎ᠨᠢ 400 ᠳ᠋ᠦᠩᠰᠢᠭᠤᠷ ᠲᠦᠭᠦᠷᠢᠭ ᠪᠦᠬᠦᠢ ᠣᠯᠣᠰ᠎ᠤᠨ ᠰᠢᠨ᠎ᠡ᠎ᠪᠠᠷ ᠪᠤᠢ ᠪᠤᠯᠤᠭᠰᠠᠨ ᠠᠵᠤ ᠦᠢ᠍ᠯᠡᠰ᠎ᠤᠨ ᠠᠳᠠᠯ ᠦᠢ᠍ᠯᠡᠰ ᠴᠣᠭᠴᠠᠯᠠᠬᠤ ᠪᠡᠯᠡ ᠣᠷᠤᠭᠤᠯᠤᠯᠲᠠ᠎ᠶᠢ ᠬᠦᠳᠦᠯᠦᠨ ᠵᠢᠯᠤᠭᠣᠳᠬᠤ ᠰᠠᠭᠤᠷᠢ ᠮᠦᠩᠭᠦ ᠪᠠᠢ᠌ᠭᠤᠯᠬᠤ᠎ᠪᠠᠷ ᠲᠤᠭᠲᠠᠵᠤ᠂ ᠬᠦᠳᠦᠯᠦᠨ ᠵᠢᠯᠣᠭᠤᠳᠬᠤ ᠰᠠᠭᠤᠷᠢ ᠮᠦᠩᠭᠦ ᠵᠢ ᠪᠠᠢ᠌ᠭᠤᠯᠤᠭᠰᠠᠨ᠎ᠤ ᠳᠠᠷᠠᠭ᠎ᠠ ᠲᠥᠪ᠎ᠤᠨ ᠬᠤᠪᠢ ᠤᠷᠤᠭᠤᠯᠬᠤ ᠪᠡᠯᠡ ᠮᠦᠩᠭᠦ ᠵᠢ ᠬᠦᠳᠦᠯᠦᠨ ᠵᠢᠯᠣᠭᠤᠳᠬᠤ ᠰᠠᠭᠤᠷᠢ ᠮᠦᠩᠭᠦ᠎ᠠᠴᠠ ᠪᠡᠯᠡ ᠮᠦᠩᠭᠦ ᠭᠠᠷᠭ᠋ᠠᠵᠤ᠂ ᠲᠥᠪ᠎ᠤᠨ ᠪᠡᠯᠡ ᠭᠠᠷᠭ᠋ᠠᠬᠤ᠎ᠨᠢ ᠨᠡᠩ ᠢᠯᠡᠭᠦᠦ ᠪᠠᠲᠣᠯᠠᠭ᠎ᠠ᠎ᠲᠠᠢ ᠪᠣᠯᠵᠤ᠂ ᠬᠡᠪᠴᠢᠶ᠎ᠡ᠎ᠨᠢ ᠶᠡᠬᠡ ᠬᠡᠮᠵᠢᠶ᠎ᠡ᠎ᠪᠠᠷ ᠨᠡᠮᠡᠭᠳᠡᠬᠦ ᠪᠣᠯᠣᠨ᠎ᠠ᠃ ᠮᠠᠨ᠎ᠤ ᠣᠷᠣᠨ᠎ᠤ ᠠᠳᠠᠯ ᠦᠢ᠍ᠯᠡᠰ ᠴᠣᠭᠴᠠᠯᠠᠬᠤ ᠪᠡᠯᠡ ᠣᠷᠣᠭᠤᠯᠤᠯᠲᠠ ᠵᠢᠨ ᠬᠦᠭᠵᠢᠯᠲᠡ᠎ᠪᠠᠷ ᠬᠠᠷᠢᠴᠠᠩᠭᠤᠢ ᠬᠤᠴᠤᠷᠴᠤ᠂ ᠤᠳᠤᠬᠠᠨ᠎ᠳᠤ ᠣᠯᠣᠰ᠎ᠤᠨ ᠰᠢᠨ᠎ᠡ᠎ᠪᠠᠷ ᠪᠤᠢ ᠪᠤᠯᠤᠭᠰᠠᠨ ᠠᠵᠤ ᠦᠢ᠍ᠯᠡᠰ᠎ᠤᠨ ᠠᠳᠠᠯ ᠦᠢ᠍ᠯᠡᠰ ᠴᠣᠭᠴᠠᠯᠠᠬᠤ ᠪᠡᠯᠡ ᠤᠷᠤᠭᠤᠯᠤᠯᠳᠠ ᠵᠢᠨ ᠰᠠᠭᠤᠷᠢ ᠮᠦᠩᠭᠦ 3 ᠪᠠᠢ᠌ᠵᠤ᠂ ᠬᠡᠪᠴᠢᠶ᠎ᠡ᠎ᠨᠢ ᠪᠦᠬᠦ ᠣᠯᠣᠰ᠎ᠤᠨ ᠶᠡᠷᠦᠩᠬᠡᠢ ᠬᠡᠪᠴᠢᠶ᠎ᠡ ᠵᠢᠨ ᠵᠦᠪᠬᠡᠨ 1.4% ᠵᠢ ᠡᠵᠡᠯᠡᠵᠦ᠂ ᠵᠡᠬᠦᠨ ᠬᠡᠰᠡᠭ᠎ᠤᠨ ᠭᠠᠵᠠᠷ ᠣᠷᠤᠨᠯᠤᠭᠠᠠᠴᠠ ᠨᠡᠯᠢᠶᠡᠳ ᠶᠡᠬᠡ ᠵᠦᠷᠢᠶ᠎ᠡ᠎ᠲᠠᠢ ᠪᠠᠢ᠌ᠬᠤ᠎ᠪᠠᠷ ᠪᠠᠷᠠᠬᠤ ᠦᠭᠡᠢ᠂ ᠪᠠᠷᠠᠭᠤᠨ ᠬᠡᠰᠡᠭ᠎ᠤᠨ ᠭᠠᠵᠠᠷ ᠣᠷᠣᠨ ᠳᠤ ᠭᠡᠳ ᠬᠣᠴᠤᠷᠤᠩᠭᠤᠢ ᠪᠠᠢ᠌ᠷᠢ᠎ᠳᠤ ( ᠤᠢ᠌ᠯᠠᠭ᠋ᠠᠭᠰᠠᠨ ᠵᠶ᠋ᠠᠷ᠂ ᠣᠳᠣᠬᠠᠨ᠎ᠳᠤ ᠪᠡᠭᠡᠵᠢᠩ ᠬᠣᠲᠠ 26 ᠰᠠᠭᠤᠷᠢ ᠮᠦᠩᠭᠦ ᠵᠦᠪᠰᠢᠶᠡᠷᠡᠭᠦᠯᠦᠨ ᠪᠠᠢ᠌ᠭᠤᠯᠤᠭ᠋ᠠᠳ᠂ ᠾᠧᠨᠠᠠ ᠮᠤᠵᠢ 16᠂ ᠬᠤᠪᠧᠢ ᠮᠤᠵᠢ 11᠂ ᠴᠦᠩᠴᠢᠩ ᠬᠣᠲᠠ 6᠂ ᠱᠠᠨ ᠰᠢ ᠮᠤᠵᠢ10 ᠵᠢ ᠪᠠᠢ᠌ᠭᠤᠯᠪᠠ) ᠤᠷᠤᠰᠢᠵᠤ ᠪᠠᠢ᠌ᠨ᠎ᠠ᠃ ᠠᠳᠠᠯ ᠦᠢ᠍ᠯᠡᠰ ᠴᠣᠭᠴᠠᠯᠠᠬᠤ ᠪᠡᠯᠡ ᠣᠷᠤᠭᠤᠯᠤᠯᠲᠠ ᠵᠢ ᠲᠦᠷᠭᠡᠳᠭᠡᠨ ᠬᠦᠭᠵᠢᠭᠦᠯᠵᠦ᠂ ᠠᠵᠤ ᠠᠬᠤᠢ᠌ᠯᠠᠯ᠎ᠤᠨ ᠰᠢᠭᠤᠳ ᠪᠡᠯᠡ ᠲᠤᠬᠢᠷᠠᠭᠤᠯᠬᠤ ᠠᠷᠭ᠎ᠠ ᠵᠠᠮ᠎ᠢ ᠦᠷᠭᠡᠵᠢᠭᠦᠯᠬᠦ ᠵᠢᠨ ᠲᠣᠰᠠᠳᠠ᠂ 《ᠬᠡᠷᠡᠭᠵᠢᠭᠦᠯᠬᠦ ᠰᠠᠨᠠᠯ》 ᠳᠤ ᠰᠢᠨ᠎ᠡ᠎ᠪᠠᠷ ᠪᠤᠢ ᠪᠤᠯᠤᠭᠰᠠᠨ ᠠᠵᠤ ᠦᠢ᠍ᠯᠡᠰ᠎ᠤᠨ ᠠᠳᠠᠯ ᠦᠢ᠍ᠯᠡᠰ ᠴᠤᠭᠴᠠᠯᠠᠬᠤ ᠪᠡᠯᠡ ᠤᠷᠤᠭᠤᠯᠤᠯᠳᠠ᠎ᠶᠢ ᠬᠦᠳᠦᠯᠦᠨ ᠵᠢᠯᠤᠭᠤᠳᠬᠤ 5 ᠳ᠋ᠦᠩᠰᠢᠭᠤᠷ ᠲᠦᠭᠦᠷᠢᠭ ᠪᠦᠬᠦᠢ ᠰᠠᠭᠤᠷᠢ ᠮᠦᠩᠭᠦ ᠪᠠᠢ᠌ᠭᠤᠯᠵᠤ᠂ ᠨᠢᠭᠡ ᠲᠠᠯ᠎ᠠ᠎ᠪᠠᠷ ᠬᠦᠳᠦᠯᠦᠨ ᠵᠢᠯᠣᠭᠣᠳᠬᠤ ᠰᠠᠭᠤᠷᠢ ᠮᠦᠩᠭᠦ ᠵᠢ ᠣᠯᠣᠰ᠎ᠤᠨ ᠬᠦᠳᠦᠯᠦᠨ ᠵᠢᠯᠣᠭᠤᠳᠬᠤ ᠰᠠᠭᠤᠷᠢ ᠮᠦᠩᠭᠦᠯᠦᠭᠡ ᠲᠦᠬᠦᠷᠵᠢᠭᠦᠯᠦᠨ᠂ ᠣᠯᠣᠰ᠎ᠤᠨ ᠬᠦᠳᠦᠯᠦᠨ ᠵᠢᠯᠤᠭᠤᠳᠬᠤ ᠰᠠᠭᠤᠷᠢ ᠮᠦᠩᠭᠦ ᠵᠢᠨ ᠳᠡᠮᠵᠢᠯᠭᠡ ᠵᠢ ᠣᠯᠬᠤ᠎ᠳᠤ ᠰᠠᠭᠤᠷᠢ ᠲᠠᠯᠪᠢᠵᠤ᠂ ᠨᠦᠭᠦᠭᠡ ᠲᠠᠯ᠎ᠠ᠎ᠪᠠᠷ ᠦᠪᠡᠷᠲᠡᠭᠡᠨ ᠵᠠᠰᠠᠬᠤ ᠣᠷᠤᠨ ᠤᠨᠴᠠᠯᠢᠭᠲᠤ ᠳᠠᠪᠠᠭᠤᠯᠢᠭ ᠠᠵᠤ ᠦᠢ᠍ᠯᠡᠰ᠎ᠤᠨ ᠬᠦᠷᠢᠶ᠎ᠡ ᠬᠡᠪᠴᠢᠶ᠎ᠡ ᠵᠢᠨ ᠲᠣᠭᠣᠷᠢᠨ᠎ᠳᠤ᠂ ᠦᠪᠡᠷᠲᠡᠭᠡᠨ ᠵᠠᠰᠠᠬᠤ ᠣᠷᠣᠨ᠎ᠤ ᠰᠢᠨ᠎ᠡ᠎ᠪᠠᠷ ᠪᠤᠢ ᠪᠤᠯᠤᠭᠰᠠᠨ ᠠᠵᠤ ᠦᠢ᠍ᠯᠡᠰ᠎ᠤᠨ ᠠᠳᠠᠯ ᠦᠢ᠍ᠯᠡᠰ ᠴᠤᠭᠴᠠᠯᠠᠬᠤ᠎ᠳᠤ ᠪᠡᠯᠡ ᠤᠷᠤᠭᠤᠯᠬᠤ ᠨᠢᠭᠡ ᠪᠦᠯᠦᠭ ᠰᠠᠭᠤᠷᠢ ᠮᠦᠩᠭᠦ ᠵᠢ ᠲᠦᠷᠭᠡᠳᠭᠡᠨ ᠪᠠᠢ᠌ᠭᠤᠯᠵᠤ᠂ ᠠᠳᠠᠯ ᠦᠢ᠍ᠯᠡᠰ ᠴᠣᠭᠴᠠᠯᠠᠬᠤ ᠪᠡᠯᠡ ᠣᠷᠣᠭᠤᠯᠤᠯᠲᠠ ᠵᠢᠨ ᠰᠠᠭᠤᠷᠢ ᠮᠦᠩᠭᠦ ᠵᠢᠨ ᠬᠡᠪᠴᠢᠶ᠎ᠡ ᠵᠢ ᠲᠦᠷᠭᠡᠳᠭᠡᠨ ᠦᠷᠭᠡᠳᠭᠡᠬᠦ ᠵᠢ ᠳᠤᠷᠠᠳᠤᠭᠰᠠᠨ ᠪᠠᠢ᠌ᠨ᠎ᠠ᠃
ᠬᠦᠳᠦᠯᠦᠭᠴᠢ᠄
《ᠬᠡᠷᠡᠭᠵᠢᠭᠦᠯᠬᠦ ᠰᠠᠨᠠᠯ》᠎ᠢ ᠨᠡᠢ᠌ᠲᠡᠯᠡᠭᠰᠡᠨ᠎ᠤ ᠳᠠᠷᠠᠭ᠎ᠠ᠂ ᠦᠪᠡᠷᠲᠡᠭᠡᠨ ᠵᠠᠰᠠᠬᠤ ᠣᠷᠤᠨ ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠭᠣᠣᠯᠳᠠᠯᠭ᠎ᠠ᠎ᠲᠠᠢ ᠠᠵᠢᠯ᠎ᠢ ᠦᠷᠨᠢᠭᠦᠯᠵᠦ ᠡᠯ᠎ᠡ ᠵᠦᠢ᠍ᠯ᠎ᠤᠨ ᠲᠦᠷᠥ ᠵᠢᠨ ᠪᠣᠳᠣᠯᠭ᠎ᠠ ᠵᠢ ᠪᠣᠳᠠᠳᠤ ᠭᠠᠵᠠᠷ᠎ᠲᠤᠨᠢ ᠨᠠᠢ᠌ᠳᠠᠪᠤᠷᠢᠵᠢᠭᠤᠯᠬᠤ ᠵᠢ ᠦᠨᠡᠨᠬᠦ ᠪᠠᠳᠤᠯᠠᠬᠤ ᠪᠣᠢ?
ᠺᠸ ᠡᠷᠬᠢᠯᠡᠭᠴᠢ᠄
ᠨᠢᠭᠡ᠎ᠳᠤ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠦᠨ᠂ ᠡᠭᠦᠷᠭᠡ ᠵᠢᠨ ᠬᠣᠪᠢᠶᠠᠷᠢᠯᠠᠯᠢ ᠲᠤᠳᠤᠷᠬᠠᠢ᠌ᠯᠠᠨ᠎ᠠ᠃ ᠦᠪᠡᠷᠲᠡᠭᠡᠨ ᠵᠠᠰᠠᠬᠤ ᠣᠷᠣᠨ᠎ᠤ ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠬᠤ ᠰᠠᠯᠠᠭ᠎ᠠ ᠮᠦᠴᠢᠷ᠎ᠤᠳ᠎ᠤᠨ ᠬᠠᠮᠳᠤᠷᠠᠭᠰᠠᠨ ᠬᠤᠷᠠᠯᠳᠤᠭ᠋ᠠᠨ᠎ᠤ ᠳᠦᠷᠢᠮ᠎ᠢ ᠲᠦᠷᠭᠡᠬᠡᠨ ᠪᠠᠢ᠌ᠭᠤᠯᠵᠤ᠂ ᠠᠵᠢᠯ᠎ᠤᠨ ᠵᠤᠬᠢᠴᠠᠭᠤᠯᠬᠤ ᠲᠣᠭᠲᠠᠴᠠ᠎ᠪᠠᠨ ᠲᠡᠭᠦᠯᠳᠡᠷᠵᠢᠭᠦᠯᠵᠦ᠂ ᠠᠵᠢᠯ ᠵᠶ᠋ᠠᠨ ᠲᠦᠯᠬᠢᠨ ᠠᠬᠢᠭᠤᠯᠬᠤ ᠨᠡᠢ᠌ᠯᠡᠮᠡᠯ ᠬᠦᠴᠦᠨ᠎ᠢ ᠪᠣᠢ ᠪᠤᠯᠭ᠋ᠠᠨ᠎ᠠ᠃ 《ᠬᠡᠷᠡᠭᠵᠢᠭᠦᠯᠬᠦ ᠰᠠᠨᠠᠯ》᠎ᠳᠤ ᠳᠤᠷᠠᠳᠤᠭᠰᠠᠨ ᠡᠭᠦᠷᠭᠡ ᠵᠢᠨ ᠬᠣᠪᠢᠶᠠᠷᠢᠯᠠᠯ ᠶᠤᠰᠣᠭ᠋ᠠᠷ᠂ ᠭᠤᠤᠯᠳᠠᠯᠭ᠎ᠠ᠎ᠲᠠᠢ ᠡᠭᠦᠷᠭᠡ ᠵᠢ ᠡᠯ᠎ᠡ ᠡᠭᠦᠷᠭᠡ ᠴᠢᠳᠠᠪᠤᠷᠢ᠎ᠳᠤ ᠰᠠᠯᠠᠭ᠎ᠠ ᠮᠦᠴᠢᠷ᠎ᠲᠤ ᠨᠠᠷᠢᠯᠢᠭᠵᠢᠭᠤᠯᠤᠨ ᠵᠠᠳᠠᠯᠵᠤ᠂ ᠠᠵᠢᠯ᠎ᠤᠨ ᠠᠬᠢᠴᠠ ᠵᠢᠨ ᠱᠠᠭ᠋ᠠᠷᠳᠠᠯᠭ᠎ᠠ ᠵᠢ ᠲᠤᠳᠤᠷᠬᠠᠢ᠌ᠯᠠᠨ᠂ ᠬᠠᠷᠢᠭᠤᠴᠠᠯᠭ᠎ᠠ ᠵᠢᠨ ᠭᠣᠣᠯ ᠴᠤᠭᠴᠠ ᠵᠢ ᠨᠠᠢ᠌ᠳᠠᠪᠤᠷᠢᠵᠢᠭᠤᠯᠤᠨ᠎ᠠ᠃ ᠬᠤᠶᠠᠷ᠎ᠲᠤ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠦᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠢ ᠦᠷᠨᠢᠭᠦᠯᠦᠨ᠎ᠡ᠃ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠦᠭᠡᠷᠡᠴᠢᠯᠡᠯᠲᠡ ᠵᠢᠨ ᠲᠣᠷᠰᠢᠯᠲᠠ ᠵᠢᠨ ᠲᠦᠰᠦᠯ᠎ᠢ ᠰᠤᠳᠤᠯᠤᠨ ᠲᠣᠭᠲᠠᠭ᠋ᠠᠵᠤ᠂ ᠨᠦᠬᠥᠴᠡᠯ᠎ᠲᠠᠢ ᠵᠠᠷᠢᠮ ᠭᠠᠵᠠᠷ ᠣᠷᠤᠨ᠎ᠢ ᠰᠤᠩᠭᠤᠨ ᠠᠳᠠᠯ ᠦᠢ᠍ᠯᠠᠰ ᠴᠣᠭᠴᠠᠯᠠᠵᠤ ᠰᠢᠨ᠎ᠡ ᠵᠢ ᠡᠭᠦᠳᠬᠦ ᠦᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠢ ᠢᠳᠡᠪᠬᠢᠲᠡᠢ ᠦᠷᠨᠢᠭᠦᠯᠵᠦ᠂ ᠵᠠᠬ᠎ᠠ ᠳᠡᠯᠭᠡᠭᠦᠷ᠎ᠲᠤ ᠭᠣᠣᠯᠴᠢ᠎ᠪᠠᠷ ᠦᠷᠢᠰᠦᠯᠳᠦᠬᠦ᠂ ᠮᠡᠳᠡᠯᠭᠡ ᠵᠢᠨ ᠪᠦᠳᠦᠭᠡᠭᠳᠡᠬᠦᠨ᠎ᠤ ᠦᠮᠴᠢᠯᠡᠬᠦ ᠡᠷᠬᠡ᠂ ᠰᠢᠨᠵᠢᠯᠡᠬᠦ ᠣᠬᠠᠭ᠋ᠠᠨ ᠮᠡᠷᠭᠡᠵᠢᠯ᠎ᠤᠨ ᠦᠷ᠎ᠡ ᠪᠦᠳᠦᠭᠡᠯ᠎ᠢ ᠬᠣᠪᠢᠷᠠᠭᠤᠯᠬᠤ᠂ ᠴᠢᠳᠠᠪᠤᠷᠢᠲᠠᠨ ᠬᠦᠮᠦᠵᠢᠭᠦᠯᠬᠦ ᠪᠠ ᠣᠷᠮᠠᠰᠢᠭᠤᠯᠬᠤ᠂ ᠮᠦᠩᠭᠦᠨ ᠭᠦᠢ᠍ᠯᠭᠡᠭᠡᠨ᠎ᠤ ᠰᠢᠨ᠎ᠡ ᠵᠢ ᠡᠭᠦᠳᠬᠦ᠂ ᠨᠡᠬᠡᠭᠡᠯᠲᠡᠲᠡᠢ᠎ᠪᠠᠷ ᠰᠢᠨ᠎ᠡ ᠵᠢ ᠡᠭᠦᠳᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠪᠠᠢ᠌ᠭᠤᠯᠤᠯ ᠵᠡᠷᠭᠡ ᠲᠠᠯ᠎ᠠ᠎ᠪᠠᠷ ᠴᠢᠬᠣᠯᠠ ᠶᠡᠬᠡ ᠦᠭᠡᠷᠡᠴᠢᠯᠡᠯᠲᠡ ᠵᠢᠨ ᠰᠢᠪᠳᠤᠯᠤᠯᠲᠠ᠎ᠲᠠᠢ ᠪᠤᠯᠭ᠋ᠠᠵᠤ᠂ ᠲᠣᠷᠰᠢᠯᠭ᠎ᠠ᠎ᠪᠠᠨ ᠴᠠᠭ ᠲᠤᠬᠠᠢᠳᠤᠨᠢ ᠳ᠋ᠦᠩᠨᠡᠨ ᠳᠡᠯᠭᠡᠷᠡᠭᠦᠯᠵᠦ᠂ ᠵᠢᠱ᠌ᠢᠶ᠎ᠡ ᠦᠵᠡᠭᠦᠯᠬᠦ ᠪᠠ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠤᠨ᠎ᠠ᠃ ᠭᠤᠷᠪᠠ᠎ᠳᠤ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ ᠪᠠ ᠲᠥᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ ᠪᠠᠢ᠌ᠭ᠎ᠠ ᠵᠢ ᠰᠢᠮᠳᠠᠭᠤᠯᠤᠨ ᠪᠠᠢ᠌ᠴᠠᠭ᠋ᠠᠬᠤ ᠵᠢ ᠴᠢᠩᠭ᠋ᠠᠳᠬᠠᠨ᠎ᠠ ᠃ ᠤᠢ᠌ᠷ᠎ᠠ ᠵᠢᠨ ᠬᠣᠭᠤᠴᠠᠭ᠋ᠠᠨᠳᠤ ᠣᠷᠤᠨ᠎ᠤ ᠳᠤᠲᠤᠷ᠎ᠠ ᠭᠠᠳᠠᠨᠠᠬᠢ ᠰᠣᠨᠢᠨ ᠮᠡᠳᠡᠭᠡᠨ᠎ᠤ ᠵᠠᠭᠤᠴᠢᠯᠠᠭᠤᠷᠤᠳᠢ ᠵᠤᠬᠢᠶᠠᠨ ᠪᠠᠢ᠌ᠭᠤᠯᠤᠨ ᠨᠢᠭᠡᠨ ᠣᠳᠠᠭ᠋ᠠᠨ᠎ᠤ ᠤᠬᠠᠭᠤᠯᠤᠨ ᠮᠡᠳᠡᠭᠡᠯᠡᠬᠦ ᠠᠵᠢᠯᠯᠠᠭ᠎ᠠ ᠵᠢ ᠲᠦᠪᠯᠡᠷᠡᠭᠦᠯᠦᠨ ᠦᠷᠨᠢᠭᠦᠯᠵᠦ᠂ ᠠᠳᠠᠯ ᠦᠢ᠍ᠯᠡᠰ ᠴᠤᠭᠴᠠᠯᠠᠵᠤ ᠰᠢᠨ᠎ᠡ ᠵᠢ ᠡᠭᠦᠳᠬᠦ ᠬᠠᠮᠢᠶ᠎ᠠ ᠪᠦᠬᠦᠢ ᠲᠦᠷᠥ ᠵᠢᠨ ᠪᠣᠳᠣᠯᠭ᠎ᠠ᠂ ᠨᠡᠢ᠌ᠳᠡᠯᠢᠭ ᠵᠢᠱ᠌ᠢᠶ᠎ᠡ ᠪᠠ ᠲᠤᠷᠰᠢᠯᠭ᠎ᠠ᠂ ᠰᠢᠯᠢᠳᠡᠭ ᠠᠳᠠᠯ ᠦᠢ᠍ᠯᠡᠰ ᠴᠣᠭᠴᠠᠯᠠᠭᠴᠢ᠂ ᠰᠢᠨ᠎ᠡ ᠵᠢ ᠡᠭᠦᠳᠦᠭᠰᠡᠨ ᠴᠢᠳᠠᠪᠤᠷᠢᠲᠠᠨ ᠪᠣᠯᠣᠨ ᠪᠦᠯᠬᠦᠮ ᠨᠡᠢ᠌ᠲᠡ ᠵᠢ ᠶᠡᠬᠡᠪᠡᠷ ᠤᠬᠠᠭᠤᠯᠵᠤ᠂ ᠵᠣᠷᠢᠭᠲᠠᠢ᠎ᠪᠠᠷ ᠬᠠᠢ᠌ᠨ ᠰᠦᠪᠡᠭᠴᠢᠯᠡᠵᠦ᠂ ᠰᠢᠨ᠎ᠡ ᠵᠢ ᠡᠭᠦᠳᠬᠦ ᠵᠢ ᠵᠤᠷᠢᠭᠵᠢᠭᠤᠯᠬᠤ᠂ ᠢᠯᠠᠭᠳᠠᠯ᠎ᠢ ᠠᠭᠤᠴᠢᠯᠠᠨ ᠪᠠᠭᠲᠠᠭ᠋ᠠᠬᠤ ᠰᠤᠶᠤᠯ ᠪᠤᠯᠤᠨ ᠨᠡᠢ᠌ᠭᠡᠮ᠎ᠤᠨ ᠤᠷᠴᠢᠨ ᠠᠬᠤᠢ ᠵᠢ ᠴᠢᠷᠮᠠᠢ᠌ᠨ ᠪᠣᠢ ᠪᠤᠯᠭ᠋ᠠᠨ᠎ᠠ᠃ ᠡᠭᠦᠨ᠎ᠤ ᠵᠡᠷᠭᠡᠴᠡᠪᠡᠷ᠂ ᠵᠢᠯ᠎ᠤᠨ ᠡᠴᠦᠰ᠎ᠠᠴᠠ ᠡᠮᠦᠨ᠎ᠡ ᠨᠢᠭᠡᠨ ᠣᠳᠠᠭ᠋ᠠᠨ᠎ᠤ ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠨᠠᠢ᠌ᠳᠠᠪᠤᠷᠢᠵᠢᠭᠤᠯᠵᠤ ᠪᠠᠢ᠌ᠭ᠎ᠠ ᠪᠠᠢ᠌ᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠵᠣᠬᠢᠶᠠᠨ ᠪᠠᠢ᠌ᠭᠤᠯᠤᠨ ᠦᠷᠨᠢᠭᠦᠯᠵᠦ᠂ ᠲᠥᠷᠥ ᠵᠢᠨ ᠪᠣᠳᠤᠯᠭ᠎ᠠ ᠵᠢ ᠬᠡᠷᠡᠭᠵᠢᠭᠦᠯᠦᠭᠰᠡᠨ᠎ᠢ ᠦᠨᠡᠯᠡᠨ ᠵᠢᠱ᠌ᠢᠬᠦ ᠰᠢᠰᠲᠸᠮᠵᠢ ᠪᠣᠯᠣᠨ ᠨᠡᠪᠲᠡᠷᠡᠭᠦᠯᠬᠦ ᠲᠥᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠣᠳᠠᠲᠠᠢ ᠨᠠᠢ᠌ᠳᠠᠪᠤᠷᠢᠵᠢᠭᠤᠯᠵᠤ ᠦᠷ᠎ᠡ ᠪᠦᠳᠦᠮᠵᠢ ᠭᠠᠷᠭ᠋ᠠᠬᠤ ᠵᠢ ᠪᠠᠲᠤᠯᠠᠨ᠎ᠠ᠃
ᠬᠦᠳᠦᠯᠦᠭᠴᠢ᠄
ᠵᠠ᠂ ᠺᠸ ᠡᠷᠬᠢᠯᠡᠭᠴᠢ ᠵᠢᠨ ᠨᠠᠷᠢᠨ ᠲᠤᠳᠤᠷᠬᠠᠢ ᠲᠠᠢ᠌ᠯᠪᠤᠷᠢᠯᠠᠭᠰᠠᠨ᠎ᠳᠤ ᠲᠠᠯᠠᠷᠬᠠᠵᠤ ᠪᠠᠢ᠌ᠨ᠎ᠠ ᠂ ᠮᠦᠨᠴᠦ ᠰᠦᠯᠵᠢᠶᠡᠨ ᠠᠨᠳᠠ ᠨᠠᠷ᠎ᠤᠨ ᠤᠷᠤᠯᠴᠠᠭᠰᠠᠨ᠎ᠳᠤ ᠲᠠᠯᠠᠷᠬᠠᠵᠤ ᠪᠠᠢ᠌ᠨ᠎ᠠ ᠂ ᠳᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠢ ᠵᠤᠯᠭ᠋ᠠᠶ᠎ᠠ!

ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠡᠯᠺᠸᠲᠷᠤᠨ ᠵᠠᠰᠠᠭ ᠶᠠᠪᠤᠳᠠᠯ᠎ᠤᠨ ᠭᠠᠵᠠᠷ᠎ᠤᠨ ᠳᠠᠷᠤᠭ᠎ᠠ ᠾᠧ ᠪᠢᠶᠤᠤ ᠰᠤᠷᠪᠤᠯᠵᠢᠯᠠᠭ᠎ᠠ ᠬᠦᠯᠢᠶᠡᠭᠰᠡᠨ ᠵᠤᠴᠢᠨ᠎ᠳᠤ ᠪᠠᠷ᠎ᠠ ᠪᠣᠯᠵᠤ ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠫᠤᠷᠲᠸᠯ ᠰᠦᠯᠵᠢᠶ᠎ᠡ ᠵᠢ ᠲᠣᠭᠤᠷᠢᠨ ᠦᠵᠡᠵᠦ ᠪᠠᠢ᠌ᠭ᠎ᠠ

ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠡᠯᠺᠸᠲᠷᠤᠨ ᠵᠠᠰᠠᠭ ᠶᠠᠪᠤᠳᠠᠯ᠎ᠤᠨ ᠭᠠᠵᠠᠷ᠎ᠤᠨ ᠳᠠᠷᠤᠭ᠎ᠠ ᠾᠧ ᠪᠢᠶᠤᠤ ᠰᠤᠷᠪᠤᠯᠵᠢᠯᠠᠭ᠎ᠠ ᠬᠦᠯᠢᠶᠡᠭᠰᠡᠨ ᠵᠤᠴᠢᠨ᠎ᠳᠤ ᠪᠠᠷ᠎ᠠ ᠪᠣᠯᠵᠤ ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠫᠤᠷᠲᠸᠯ ᠰᠦᠯᠵᠢᠶ᠎ᠡ ᠵᠢ ᠲᠣᠭᠤᠷᠢᠨ ᠦᠵᠡᠵᠦ ᠪᠠᠢ᠌ᠭ᠎ᠠ