
ᠰᠤᠷᠪᠤᠯᠵᠢᠯᠠᠨ ᠶᠠᠷᠢᠯᠴᠠᠭᠰᠠᠨ ᠴᠠᠭ᠄
2015 ᠤᠨ᠎ᠤ 8 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠦᠳᠡ ᠵᠢᠨ ᠬᠤᠢ᠌ᠨᠠᠬᠢ 15 ᠴᠠᠭ
ᠰᠤᠷᠪᠤᠯᠵᠢᠯᠠᠨ ᠶᠠᠷᠢᠯᠴᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ᠎ᠤ ᠬᠢᠨᠠᠨ ᠪᠣᠳᠣᠬᠤ ᠲᠢᠩᠬᠢᠮ᠎ᠤᠨ ᠶᠡᠷᠦᠩᠬᠡᠶ ᠬᠢᠨᠠᠨ ᠪᠣᠳᠣᠭᠴᠢ
ᠯᠢᠦ ᠸᠸᠨ ᠯᠸᠢ
ᠰᠤᠷᠪᠤᠯᠵᠢᠯᠠᠨ ᠶᠠᠷᠢᠯᠴᠠᠭᠰᠠᠨ ᠠᠭᠤᠯᠭ᠎ᠠ ᠵᠢᠨ ᠲᠣᠪᠴᠢ᠄
ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠳᠥᠯᠭᠢᠨ ᠠᠬᠢᠭᠤᠯᠬᠤ᠎ᠨᠢ ᠨᠢᠭᠡᠨᠲᠡ ᠦᠨᠦ ᠵᠢᠨ ᠮᠠᠨ᠎ᠤ ᠤᠯᠤᠰ᠎ᠤᠨ ᠱᠠᠲᠤ ᠦᠶ᠎ᠡ ᠵᠢᠨ ᠴᠢᠨᠠᠷᠲᠠᠶ ᠬᠦᠭᠵᠢᠯᠲᠡ ᠵᠢᠨ ᠰᠢᠨ᠎ᠡ ᠬᠡᠪ᠎ᠤᠨ ᠪᠠᠶ᠋ᠢᠳᠠᠯ ᠪᠤᠯᠪᠠ᠂ ᠬᠢᠨᠠᠨ ᠪᠣᠳᠣᠯᠲᠠ᠎ᠨᠢ ᠤᠯᠤᠰ ᠵᠶ᠋ᠠᠨ ᠵᠠᠰᠠᠬᠤ ᠴᠢᠬᠤᠯᠠ ᠪᠠᠭ᠋ᠠᠵᠢ ᠪᠣᠯᠤᠭᠰᠠᠨ᠎ᠤ ᠬᠤᠪᠢ᠎ᠳᠤ᠂ ᠥᠭᠡᠷᠡᠴᠢᠯᠡᠯᠲᠡ ᠬᠦᠭᠵᠢᠯᠲᠡ᠎ᠳᠤ ᠦᠢ᠍ᠯᠡᠴᠢᠯᠡᠬᠦ᠂ ᠠᠵᠤ ᠠᠬᠤᠶ ᠵᠢᠨ ᠡᠮᠬᠢ ᠲᠢᠭᠯᠢᠮ᠎ᠢ ᠬᠠᠮᠠᠭ᠋ᠠᠯᠠᠬᠤ᠂ ᠠᠵᠤ ᠠᠬᠤᠶ ᠨᠡᠶ᠋ᠢᠭᠡᠮ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠴᠢᠬᠤᠯᠠ ᠡᠭᠦᠷᠭᠡ ᠵᠢ ᠡᠭᠦᠷᠭᠡᠯᠡᠵᠤ ᠪᠠᠢ᠌ᠭ᠎ᠠ ᠶᠤᠮ᠃ ᠰᠢᠨ᠎ᠡ ᠬᠡᠪ᠎ᠤᠨ ᠪᠠᠶ᠋ᠢᠳᠠᠯ ᠳᠣᠣᠷ᠎ᠠ᠂ ᠮᠠᠨ᠎ᠤ ᠣᠷᠣᠨ᠎ᠤ ᠬᠢᠨᠠᠨ ᠪᠣᠳᠣᠬᠤ ᠰᠠᠯᠠᠭ᠎ᠠ ᠮᠥᠴᠢᠷ᠎ᠨᠢ ᠰᠢᠨ᠎ᠡ ᠥᠷᠢᠰᠥᠯᠳᠦᠭᠡᠨ᠎ᠢ ᠬᠡᠷᠬᠢᠨ ᠤᠭᠲᠤᠵᠤ᠂ ᠰᠢᠨ᠎ᠡ ᠡᠭᠦᠷᠭᠡ ᠬᠠᠷᠢᠭᠤᠴᠠᠯᠭ᠎ᠠ᠎ᠪᠠᠨ ᠬᠡᠷᠬᠢᠨ ᠬᠦᠢ᠍ᠴᠡᠳᠭᠡᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠬᠥᠭᠵᠢᠯᠲᠡ᠎ᠳᠤ ᠬᠡᠷᠬᠢᠨ ᠦᠢ᠍ᠯᠡᠴᠢᠯᠡᠵᠤ ᠪᠠᠢ᠌ᠭ᠎ᠠ ᠵᠢ ᠨᠡᠨᠭ ᠰᠠᠢ᠌ᠨ ᠤᠢ᠌ᠯᠠᠭ᠋ᠠᠬᠤ ᠵᠢᠨ ᠲᠤᠯᠠᠳᠠ᠂ ᠤᠢ᠌ᠷ᠎ᠠ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠬᠢᠨᠠᠨ ᠪᠣᠳᠣᠬᠤ ᠲᠢᠩᠬᠢᠮ᠎ᠤᠨ ᠶᠡᠷᠦᠩᠬᠡᠶ ᠬᠢᠨᠠᠨ ᠪᠣᠳᠣᠭᠴᠢ ᠯᠢᠦ ᠸᠸᠨ ᠯᠸᠢ ᠵᠢ ᠤᠷᠢᠵᠤ ᠰᠦᠯᠵᠢᠶᠡᠨ ᠳᠡᠭᠡᠷ᠎ᠡ ᠲᠠ ᠨᠠᠷ᠎ᠲᠠᠢ ᠶᠠᠷᠢᠯᠴᠠᠭᠤᠯᠬᠤ ᠪᠤᠯᠤᠨ᠎ᠠ᠃ ᠲᠤᠬᠠᠢ ᠵᠢᠨ ᠴᠠᠭ᠎ᠲᠤ᠂ ᠥᠷᠭᠡᠨ ᠣᠯᠠᠨ ᠰᠦᠯᠵᠢᠶᠡᠨ ᠠᠨᠳᠠ ᠨᠠᠷ ᠮᠢᠨᠢ ᠢᠳᠡᠪᠬᠢᠲᠠᠢ ᠤᠷᠤᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!
[ᠬᠦᠲᠦᠯᠦᠭᠴᠢ]
ᠰᠦᠯᠵᠢᠶᠡᠨ ᠠᠨᠳᠠ ᠨᠠᠷ ᠡ ᠰᠠᠢ᠌ᠨ ᠪᠠᠢ᠌ᠵᠠᠭ᠋ᠠᠨᠠᠤ! ᠲᠠ ᠪᠦᠬᠦᠨ ᠲᠤᠰ ᠬᠤᠭᠤᠴᠠᠭ᠋ᠠᠨ᠎ᠤ 《ᠳᠤᠮᠳᠠᠳᠤ ᠤᠯᠤᠰ ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠦᠨᠦᠳᠦᠷ ᠪᠢᠳᠡ ᠠᠵᠠ᠎ᠲᠠᠢ᠎ᠪᠠᠷ ᠥᠪᠡᠷᠲᠡᠭᠡᠨ ᠵᠠᠰᠠᠬᠤ ᠣᠷᠣᠨ᠎ᠤ ᠬᠢᠨᠠᠨ ᠪᠣᠳᠣᠬᠤ ᠲᠢᠩᠬᠢᠮ᠎ᠤᠨ ᠶᠡᠷᠦᠩᠬᠡᠶ ᠬᠢᠨᠠᠨ ᠪᠣᠳᠣᠭᠴᠢ ᠯᠢᠦ ᠸᠸᠨ ᠯᠸᠢ ᠵᠢ ᠤᠷᠢᠨ᠂ ᠰᠢᠨ᠎ᠡ ᠬᠡᠪ᠎ᠤᠨ ᠪᠠᠶ᠋ᠢᠳᠠᠯ ᠳᠣᠣᠷ᠎ᠠ᠂ ᠮᠠᠨ᠎ᠤ ᠣᠷᠣᠨ᠎ᠤ ᠬᠢᠨᠠᠨ ᠪᠣᠳᠣᠬᠤ ᠰᠠᠯᠠᠭ᠎ᠠ ᠮᠥᠴᠢᠷ᠎ᠨᠢ ᠰᠢᠨ᠎ᠡ ᠥᠷᠢᠰᠥᠯᠳᠦᠭᠡᠨ᠎ᠢ ᠬᠡᠷᠬᠢᠨ ᠤᠭᠲᠤᠵᠤ᠂ ᠰᠢᠨ᠎ᠡ ᠡᠭᠦᠷᠭᠡ ᠬᠠᠷᠢᠭᠤᠴᠠᠯᠭ᠎ᠠ᠎ᠪᠠᠨ ᠬᠡᠷᠬᠢᠨ ᠬᠦᠢ᠍ᠴᠡᠳᠭᠡᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠬᠥᠭᠵᠢᠯᠲᠡ᠎ᠳᠤ ᠬᠡᠷᠬᠢᠨ ᠦᠢ᠍ᠯᠡᠴᠢᠯᠡᠵᠤ ᠪᠠᠢ᠌ᠭ᠎ᠠ ᠬᠤᠯᠪᠤᠭᠳᠠᠯ ᠪᠦᠬᠦᠢ ᠪᠠᠢ᠌ᠳᠠᠯ᠎ᠢ ᠲᠠᠢ᠌ᠯᠪᠤᠷᠢᠯᠠᠭᠤᠯᠬᠤ᠎ᠪᠠᠷ ᠪᠤᠯᠪᠠ᠃ ᠯᠢᠦ ᠶᠡᠷᠦᠩᠬᠡᠶ ᠬᠢᠨᠠᠨ ᠪᠣᠳᠣᠭᠴᠢ ᠡ᠂ ᠲᠠᠨ᠎ᠢ ᠪᠠᠶᠠᠷᠯᠠᠨ ᠤᠭᠲᠤᠵᠤ ᠪᠠᠢ᠌ᠨ᠎ᠠ!
[ᠯᠢᠦ ᠸᠸᠨ ᠯᠸᠢ]
ᠬᠥᠲᠥᠯᠥᠭᠴᠢ ᠰᠠᠶ᠋ᠢᠨ ᠤᠤ! ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨᠠᠤ! ᠲᠠ ᠪᠦᠬᠦᠨ᠎ᠲᠠᠢ ᠶᠠᠷᠢᠯᠴᠠᠬᠤ ᠪᠤᠯᠤᠭᠰᠠᠨ᠎ᠳᠠᠭᠠᠨ ᠰᠡᠳᠬᠢᠯ ᠮᠠᠰᠢ ᠦᠨᠳᠦᠷ ᠪᠠᠢ᠌ᠨ᠎ᠠ!
[ᠬᠦᠲᠦᠯᠦᠭᠴᠢ]
ᠰᠢᠨ᠎ᠡ ᠬᠡᠪ᠎ᠤᠨ ᠪᠠᠢ᠌ᠳᠠᠯ᠎ᠨᠢ ᠬᠢᠨᠠᠨ ᠪᠣᠳᠣᠬᠤ ᠠᠵᠢᠯ᠎ᠳᠤ ᠶᠠᠮᠠᠷ ᠰᠢᠨ᠎ᠡ ᠱᠠᠭ᠋ᠠᠷᠳᠠᠯᠭ᠎ᠠ᠎ᠨᠤᠭᠤᠳ᠎ᠢ ᠲᠠᠯᠪᠢᠭᠰᠠᠨ ᠪᠤᠶ?
[ᠯᠢᠦ ᠸᠸᠨ ᠯᠸᠢ]
ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠠᠴᠠ ᠬᠢᠨᠠᠨ ᠪᠣᠳᠣᠬᠤ ᠳᠦᠷᠢᠮ᠎ᠢ ᠲᠡᠭᠦᠯᠳᠡᠷᠵᠢᠬᠦᠯᠵᠤ᠂ ᠬᠠᠤᠯᠢ ᠶᠣᠰᠣᠭ᠋ᠠᠷ ᠪᠡᠶ᠎ᠡ᠎ᠪᠠᠨ ᠳᠠᠭ᠋ᠠᠭ᠋ᠠᠭᠰᠠᠨ ᠬᠢᠨᠠᠨ ᠪᠤᠳᠤᠬᠤ ᠬᠢᠨᠠᠯᠲᠠ ᠲᠠᠯᠪᠢᠬᠤ ᠡᠷᠬᠡ᠎ᠪᠠᠨ ᠬᠡᠷᠡᠭᠵᠢᠭᠦᠯᠬᠦ ᠵᠢ ᠪᠠᠲᠤᠯᠠᠬᠤ ᠬᠡᠷᠡᠭᠲᠠᠢ᠃ ᠣᠯᠠᠨ ᠨᠡᠶ᠋ᠢᠲᠡ ᠵᠢᠨ ᠪᠡᠯᠡ ᠮᠥᠩᠭᠥ᠂ ᠤᠯᠤᠰ᠎ᠤᠨ ᠡᠳ᠋ ᠬᠥᠷᠥᠩᠭᠡ᠂ ᠤᠯᠤᠰ᠎ᠤᠨ ᠡᠬᠢ ᠪᠠᠶᠠᠯᠢᠭ ᠬᠢᠭᠡᠳ ᠤᠳᠤᠷᠢᠳᠬᠤ ᠺᠠᠳ᠋ᠷ᠎ᠤᠨ ᠠᠵᠤ ᠠᠬᠤᠶ ᠵᠢᠨ ᠬᠠᠷᠢᠭᠤᠴᠠᠯᠭ᠎ᠠ ᠵᠢ ᠬᠦᠢ᠍ᠴᠡᠳᠭᠡᠵᠤ ᠪᠠᠶ᠋ᠢᠭ᠎ᠠ ᠪᠠᠶ᠋ᠢᠳᠠᠯ᠎ᠳᠤ ᠬᠢᠨᠠᠨ ᠪᠣᠳᠣᠯᠲᠠ ᠵᠢ ᠪᠦᠷᠢᠨ ᠪᠦᠷᠬᠦᠬᠦᠯᠬᠦ ᠬᠡᠷᠡᠭᠲᠠᠢ᠃ ᠬᠢᠨᠠᠨ ᠪᠣᠳᠣᠯᠲᠠ ᠵᠢᠨ ᠠᠵᠢᠯ᠎ᠢ ᠲᠤᠰᠬᠠᠢ ᠮᠡᠷᠬᠡᠵᠢᠬᠦᠯᠬᠦ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠠᠢ᠃ ᠡᠭᠦᠨ᠎ᠤ ᠬᠠᠮᠲᠤ᠂ ᠪᠠᠰᠠ ᠬᠢᠨᠠᠨ ᠪᠤᠳᠤᠯᠲᠠ ᠵᠢᠨ ᠬᠢᠨᠠᠯᠲᠠ ᠲᠠᠯᠪᠢᠬᠤ ᠵᠢ ᠨᠠᠮ ᠪᠠ ᠤᠯᠤᠰ᠎ᠤᠨ ᠨᠠᠢ᠍ᠮᠠᠨ ᠶᠡᠭᠡ ᠬᠢᠨᠠᠯᠲᠠ ᠲᠠᠯᠪᠢᠬᠤ ᠰᠢᠰᠲᠸᠮᠵᠢ ᠵᠢᠨ ᠨᠢᠭᠡ ᠪᠤᠯᠭ᠋ᠠᠨ᠂ ᠤᠯᠤᠰ᠎ᠤᠨ ᠵᠠᠰᠠᠯᠲᠠ ᠵᠢᠨ ᠰᠢᠰᠲᠸᠮᠵᠢ ᠵᠢᠨ ᠴᠢᠬᠤᠯᠠ ᠪᠦᠷᠢᠯᠳᠦᠬᠦᠨ ᠬᠡᠰᠡᠭ ᠪᠤᠯᠭ᠋ᠠᠬᠤ ᠬᠡᠷᠡᠭᠲᠠᠢ ᠬᠡᠵᠤ ᠳᠤᠷᠠᠳᠴᠤ᠂ ᠬᠢᠨᠠᠨ ᠪᠣᠳᠣᠯᠲᠠ ᠵᠢ ᠰᠢᠨᠡᠴᠢᠯᠡᠬᠦ᠎ᠳᠤ ᠨᠡᠨᠭ ᠦᠨᠳᠦᠷ ᠬᠠᠷᠢᠭᠤᠴᠠᠯᠭ᠎ᠠ ᠪᠠ ᠡᠭᠦᠷᠭᠡ ᠤᠯᠭᠤᠭᠰᠠᠨ ᠪᠠᠢ᠌ᠨ᠎ᠠ᠃
《ᠬᠢᠨᠠᠨ ᠪᠣᠳᠣᠬᠤ ᠠᠵᠢᠯ᠎ᠢ ᠴᠢᠩᠭ᠋ᠠᠳᠬᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠬᠦᠯᠬᠦ ᠰᠠᠨᠠᠯ》 (ᠳᠣᠷᠣᠭᠰᠢ 《ᠬᠡᠷᠡᠭᠵᠢᠬᠦᠯᠬᠦ ᠰᠠᠨᠠᠯ》 ᠭᠡᠵᠦ ᠲᠤᠪᠴᠢᠯᠠᠨ᠎ᠠ)᠎ᠳᠤ ᠲᠥᠪ᠎ᠤᠨ ᠴᠢᠬᠤᠯᠠ ᠶᠡᠬᠡ ᠰᠢᠶᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠮᠥᠷᠳᠡᠨ ᠬᠢᠨᠠᠨ ᠪᠣᠳᠣᠬᠤ ᠡᠷᠴᠢᠮ ᠵᠶ᠋ᠠᠨ ᠴᠢᠩᠭ᠋ᠠᠷᠠᠭᠤᠯᠵᠤ᠂ ᠵᠠᠰᠠᠭ᠎ᠤᠨ ᠵᠠᠷᠯᠢᠭ᠎ᠤᠨ ᠰᠢᠯᠤᠭᠤᠬᠠᠨ ᠶᠠᠪᠤᠭᠳᠠᠬᠤ ᠵᠢ ᠠᠬᠢᠭᠤᠯᠬᠤ ᠬᠡᠷᠡᠭᠲᠠᠢ; ᠠᠵᠤ ᠠᠬᠤᠶ ᠨᠡᠶ᠋ᠢᠭᠡᠮ᠎ᠤᠨ ᠠᠵᠢᠯᠯᠠᠭ᠋ᠠᠨ᠎ᠤ ᠳᠤᠮᠳᠠᠬᠢ ᠲᠦᠭᠰᠢᠭᠦᠷᠢ ᠵᠢᠨ ᠳᠠᠯᠳᠠ ᠭᠡᠮ᠎ᠢ ᠢᠯᠡᠷᠡᠭᠦᠯᠬᠦ ᠪᠠ ᠲᠤᠰᠬᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠤᠯᠤᠰ ᠣᠷᠣᠨ᠎ᠤ ᠠᠵᠤ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠬᠤ ᠬᠡᠷᠡᠭᠲᠠᠢ; ᠰᠠᠬᠢᠯᠭ᠎ᠠ ᠪᠠᠲᠤ ᠵᠢ ᠵᠥᠷᠢᠴᠡᠵᠦ ᠬᠠᠤᠯᠢ ᠵᠢ ᠵᠥᠷᠢᠴᠡᠭᠰᠡᠨ ᠲᠤᠮᠤ ᠠᠰᠠᠭᠤᠳᠠᠯ᠎ᠢ ᠢᠯᠡᠴᠢᠯᠡᠬᠦ ᠪᠠ ᠪᠠᠶ᠋ᠢᠴᠠᠭ᠋ᠠᠨ ᠰᠢᠳᠭᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠢᠨᠠᠨ ᠪᠣᠳᠣᠬᠤ᠎ᠪᠠᠷ ᠳᠠᠮᠵᠢᠨ ᠤᠯᠵᠤ ᠮᠡᠳᠡᠭᠰᠡᠨ ᠰᠠᠬᠢᠯᠭ᠎ᠠ ᠪᠠᠲᠤ ᠵᠢ ᠵᠥᠷᠢᠴᠡᠵᠦ ᠬᠠᠤᠯᠢ ᠵᠢ ᠵᠥᠷᠢᠴᠡᠭᠰᠡᠨ ᠲᠤᠮᠤ ᠠᠰᠠᠭᠤᠳᠠᠯ᠎ᠢ ᠨᠡᠪᠲᠡ ᠭᠦᠨᠵᠡᠭᠡᠶ ᠲᠤᠤᠱᠲᠠᠢ ᠪᠠᠶ᠋ᠢᠴᠠᠭ᠋ᠠᠬᠤ ᠬᠡᠷᠡᠭᠲᠡᠶ; ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠨ ᠪᠤᠳᠤᠬᠤ ᠡᠷᠴᠢᠮ ᠵᠶ᠋ᠠᠨ ᠴᠢᠩᠭ᠋ᠠᠷᠠᠭᠤᠯᠵᠤ᠂ ᠠᠷᠠᠳᠴᠢᠯᠠᠯᠲᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠠᠬᠢᠭᠤᠯᠬᠤ ᠬᠡᠷᠡᠭᠲᠠᠢ; ᠡᠷᠬᠡ᠎ᠪᠠᠨ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠪᠠ ᠬᠢᠵᠠᠭ᠋ᠠᠷᠯᠠᠬᠤ ᠡᠷᠴᠢᠮ ᠵᠶ᠋ᠠᠨ ᠴᠢᠩᠭ᠋ᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠪᠠ ᠬᠠᠷᠢᠭᠤᠴᠠᠯᠭ᠎ᠠ ᠠᠰᠠᠭᠤᠬᠤ ᠲᠣᠭᠲᠠᠴᠠ ᠵᠢ ᠲᠡᠭᠦᠯᠳᠡᠷᠵᠢᠬᠦᠯᠦᠨ ᠪᠦᠷᠢᠨᠰᠢᠬᠦᠯᠬᠦ ᠵᠢ ᠠᠬᠢᠭᠤᠯᠬᠤ ᠬᠡᠷᠡᠭᠲᠠᠢ; ᠠᠮᠵᠢᠯᠲᠠ ᠪᠦᠲᠦᠭᠡᠯ᠎ᠳᠤ ᠬᠢᠨᠠᠨ ᠪᠤᠳᠤᠬᠤ ᠡᠷᠴᠢᠮ ᠵᠶ᠋ᠠᠨ ᠴᠢᠩᠭ᠋ᠠᠷᠠᠭᠤᠯᠵᠤ᠂ ᠦᠷ᠎ᠡ ᠠᠰᠢᠭ ᠱᠠᠭ᠋ᠠᠷᠳᠠᠬᠤ᠂ ᠪᠦᠲᠦᠮᠵᠢ ᠠᠰᠠᠭᠤᠬᠤ᠂ ᠬᠠᠷᠢᠭᠤᠴᠠᠯᠭ᠎ᠠ ᠨᠡᠬᠡᠮᠵᠢᠯᠡᠬᠦ ᠵᠢ ᠬᠢᠨᠠᠨ ᠪᠣᠳᠣᠬᠤ ᠠᠵᠢᠯ᠎ᠳᠤ ᠨᠡᠢ᠌ᠳᠡᠮ ᠲᠤᠤᠱᠯᠠᠭᠤᠯᠵᠤ᠂ ᠣᠯᠠᠨ ᠨᠡᠶ᠋ᠢᠲᠡ ᠵᠢᠨ ᠪᠡᠯᠡ ᠮᠦᠨᠭᠭᠦ ᠵᠢ ᠠᠮᠤᠷ ᠲᠦᠪᠰᠢᠨ ᠥᠨᠳᠥᠷ ᠪᠦᠲᠦᠮᠵᠢᠲᠡᠶ ᠬᠡᠷᠡᠭᠯᠡᠬᠦ ᠵᠢ ᠠᠬᠢᠭᠤᠯᠬᠤ ᠬᠡᠷᠡᠭᠲᠠᠢ; ᠠᠷᠠᠳ᠎ᠤᠨ ᠠᠮᠢᠳᠤᠷᠠᠯ ᠵᠶ᠋ᠠᠷ ᠭᠣᠣᠯᠳᠠᠯᠭ᠎ᠠ ᠪᠣᠯᠭ᠋ᠠᠭᠰᠠᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠳᠤ ᠬᠢᠨᠠᠨ ᠪᠤᠳᠤᠬᠤ ᠡᠷᠴᠢᠮ ᠵᠶ᠋ᠠᠨ ᠴᠢᠩᠭ᠋ᠠᠷᠠᠭᠤᠯᠵᠤ᠂ ᠠᠷᠠᠳ ᠣᠯᠠᠨ᠎ᠤ ᠦᠨᠳᠦᠰᠦᠨ ᠠᠰᠢᠭ ᠲᠤᠰᠠ ᠵᠢ ᠬᠠᠮᠠᠭ᠋ᠠᠯᠠᠬᠤ ᠬᠡᠷᠡᠭᠲᠠᠢ ᠭᠡᠵᠤ ᠱᠠᠭ᠋ᠠᠷᠳᠠᠪᠠ᠃ ᠡᠨᠡ᠎ᠨᠢ ᠬᠢᠨᠠᠨ ᠪᠣᠳᠣᠬᠤ᠎ᠳᠤ ᠳᠠᠩᠰᠠ ᠵᠢ ᠪᠠᠶ᠋ᠢᠴᠠᠭ᠋ᠠᠬᠤ ᠮᠦᠷᠲᠡᠭᠡᠨ ᠪᠠᠰᠠ ᠬᠥᠮᠦᠨ᠎ᠢ ᠬᠢᠨᠠᠵᠤ᠂ ᠪᠣᠳᠠᠰ᠎ᠢ ᠬᠢᠨᠠᠵᠤ᠂ ᠲᠥᠷᠥ ᠵᠢᠨ ᠪᠣᠳᠣᠯᠭ᠎ᠠ ᠵᠢ ᠬᠢᠨᠠᠵᠤ᠂ ᠬᠢᠨᠠᠨ ᠪᠣᠳᠣᠬᠤ ᠬᠢᠨᠠᠯᠲᠠ ᠲᠠᠯᠪᠢᠬᠤ᠎ᠳᠤ 《ᠪᠦᠬᠦᠨ᠎ᠢ ᠪᠦᠷᠬᠦᠬᠦᠯᠬᠦ》 ᠵᠢ ᠪᠡᠶᠡᠯᠡᠬᠦᠯᠬᠦ ᠵᠢ ᠬᠠᠷᠠᠭᠤᠯᠵᠤ ᠪᠤᠢ᠃
ᠰᠢᠨ᠎ᠡ ᠬᠡᠪ᠎ᠤᠨ ᠪᠠᠶ᠋ᠢᠳᠠᠯ ᠳᠤᠤᠷ᠎ᠠ ᠬᠢᠨᠠᠨ ᠪᠣᠳᠣᠬᠤ ᠠᠵᠢᠯ᠎ᠢ ᠰᠠᠢ᠌ᠲᠤᠷ ᠬᠢᠬᠦ᠎ᠳᠤ᠂ ᠵᠠᠪᠠᠯ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠲᠥᠪ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠲᠠᠨᠢᠯᠲᠠ ᠪᠠ ᠮᠠᠭ᠋ᠠᠳᠯᠠᠯᠲᠠ᠎ᠲᠠᠢ ᠨᠢᠭᠡᠳᠬᠡᠵᠦ᠂ ᠰᠢᠨ᠎ᠡ ᠬᠡᠪ ᠪᠠᠶ᠋ᠢᠳᠠᠯ᠎ᠢ ᠲᠠᠨᠢᠨ᠂ ᠰᠢᠨ᠎ᠡ ᠬᠡᠪ ᠪᠠᠶ᠋ᠢᠳᠠᠯ᠎ᠳᠤ ᠵᠤᠬᠢᠴᠠᠨ᠂ ᠰᠢᠨ᠎ᠡ ᠬᠡᠪ ᠪᠠᠶ᠋ᠢᠳᠠᠯ᠎ᠳᠤ ᠦᠢ᠍ᠯᠡᠴᠢᠯᠡᠵᠤ᠂ ᠰᠢᠨ᠎ᠡ ᠰᠡᠳᠬᠢᠬᠦᠶ᠂ ᠰᠢᠨ᠎ᠡ ᠠᠷᠭ᠎ᠠ᠂ ᠰᠢᠨ᠎ᠡ ᠬᠢᠳᠡᠯ᠎ᠢ ᠬᠡᠷᠡᠭᠯᠡᠨ ᠬᠢᠨᠠᠨ ᠪᠣᠳᠣᠬᠤ ᠠᠵᠢᠯ᠎ᠤᠨ ᠰᠠᠨᠠᠭ᠋ᠠᠴᠢᠯᠠᠭ᠋ᠠᠲᠤ ᠴᠢᠨᠠᠷ ᠪᠠ ᠵᠣᠬᠢᠴᠠᠬᠤ ᠴᠢᠨᠠᠷ᠎ᠢ ᠲᠠᠰᠤᠷᠠᠯᠲᠠ ᠦᠭᠡᠶ ᠴᠢᠨᠭ᠌ᠭ᠋ᠠᠷᠠᠭᠤᠯᠬᠤ ᠬᠡᠷᠡᠭᠲᠠᠢ᠃
[ᠬᠦᠲᠦᠯᠦᠭᠴᠢ]
《ᠬᠡᠷᠡᠭᠵᠢᠬᠦᠯᠬᠦ ᠰᠠᠨᠠᠯ》᠎ᠨᠢ ᠬᠣᠶ᠋ᠢᠰᠢᠳᠠ ᠵᠢᠨ ᠬᠢᠨᠠᠨ ᠪᠣᠳᠣᠬᠤ᠎ᠳᠤ ᠠᠵᠢᠯ ᠶᠠᠮᠠᠷ ᠶᠠᠮᠠᠷ ᠰᠢᠨ᠎ᠡ ᠱᠠᠭ᠋ᠠᠷᠳᠠᠯᠭ᠎ᠠ ᠪᠠ ᠰᠢᠨ᠎ᠡ ᠲᠤᠭᠲᠠᠭ᠋ᠠᠯ ᠭᠠᠷᠭ᠋ᠠᠭᠰᠠᠨ ᠪᠤᠶ?
[ᠯᠢᠦ ᠸᠸᠨ ᠯᠸᠢ]
《ᠬᠡᠷᠡᠭᠵᠢᠬᠦᠯᠬᠦ ᠰᠠᠨᠠᠯ》᠎ᠳᠤ ᠤᠯᠤᠰ᠎ᠤᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠨ ᠨᠠᠢ᠌ᠳᠠᠪᠤᠷᠢᠵᠢᠭᠤᠯᠤᠯᠢ ᠠᠬᠢᠭᠤᠯᠬᠤ ᠲᠠᠯ᠎ᠠ᠎ᠪᠠᠷ ᠬᠢᠨᠠᠨ ᠪᠤᠳᠤᠬᠤ ᠵᠢᠨ ᠪᠠᠲᠤᠯᠠᠭ᠎ᠠ ᠵᠢᠨ ᠦᠢ᠍ᠯᠡᠳᠦᠯ᠂ ᠬᠢᠨᠠᠨ ᠪᠣᠳᠣᠬᠤ ᠵᠢᠨ ᠬᠢᠨᠠᠯᠲᠠ ᠲᠠᠯᠪᠢᠯᠲᠠ ᠵᠢᠨ ᠦᠢ᠍ᠯᠡᠳᠦᠯ᠎ᠢ ᠪᠠᠳᠠᠷᠠᠭᠤᠯᠬᠤ ᠵᠢ ᠲᠠᠪᠤᠨ ᠲᠠᠯ᠎ᠠ᠎ᠪᠠᠷ ᠴᠢᠬᠤᠯᠠᠴᠢᠯᠠᠪᠠ᠃
ᠨᠢᠭᠡ᠎ᠳᠤ᠂ ᠬᠢᠨᠠᠨ ᠪᠤᠳᠤᠬᠤ ᠲᠠᠯ᠎ᠠ ᠵᠢ ᠤᠯᠠᠮ ᠨᠢᠭᠡ ᠠᠯᠬᠤᠮ ᠲᠤᠲᠤᠷᠬᠠᠢ᠌ᠯᠠᠪᠠ᠃ ᠤᠯᠠᠨ ᠨᠡᠶ᠋ᠢᠲᠡ ᠵᠢᠨ ᠪᠡᠯᠡ ᠮᠥᠩᠭᠥ᠂ ᠤᠯᠤᠰ᠎ᠤᠨ ᠡᠳ᠋ ᠬᠥᠷᠥᠩᠭᠡ᠂ ᠤᠯᠤᠰ᠎ᠤᠨ ᠦᠮᠴᠢᠯᠡᠯᠲᠦ ᠡᠬᠢ ᠪᠠᠶᠠᠯᠢᠭ᠎ᠢ ᠬᠠᠮᠢᠶᠠᠷᠬᠤ᠂ ᠬᠤᠪᠢᠶᠠᠷᠢᠯᠠᠬᠤ᠂ ᠬᠡᠷᠡᠭᠯᠡᠬᠦ᠎ᠳᠤ ᠬᠤᠯᠪᠤᠭᠳᠠᠭᠰᠠᠨ ᠰᠠᠯᠠᠭ᠎ᠠ ᠮᠥᠴᠢᠷ᠂ ᠨᠢᠭᠡᠴᠡ ᠪᠤᠯᠤᠨ ᠬᠤᠪᠢ ᠬᠥᠮᠦᠨ ᠶᠤᠮ
ᠪᠤᠯ᠂ ᠤᠳᠤᠷᠢᠳᠬᠤ ᠺᠠᠳ᠋ᠷ᠎ᠤᠨ ᠠᠵᠤ ᠠᠬᠤᠶ ᠵᠢᠨ ᠬᠠᠷᠢᠭᠤᠴᠠᠯᠭ᠎ᠠ ᠵᠢ ᠬᠦᠢ᠍ᠴᠡᠳᠭᠡᠭᠰᠡᠨ ᠪᠠᠶ᠋ᠢᠳᠠᠯ᠎ᠳᠤ ᠴᠥᠮ ᠬᠢᠨᠠᠨ ᠪᠣᠳᠣᠯᠲᠠ ᠵᠢ ᠬᠦᠯᠢᠶᠡᠵᠤ᠂ ᠬᠢᠨᠠᠨ ᠪᠣᠳᠣᠯᠲᠠ ᠵᠢ ᠬᠠᠮᠵᠢᠨ᠂ ᠬᠢᠨᠠᠨ ᠪᠣᠳᠣᠯᠲᠠ ᠵᠢᠨ ᠬᠢᠨᠠᠯᠲᠠ ᠲᠠᠯᠪᠢᠬᠤ ᠵᠢ 《ᠪᠦᠬᠦᠨ᠎ᠢ ᠪᠦᠷᠬᠦᠬᠦᠯᠬᠦ》 ᠵᠢ ᠦᠯᠡᠳᠡᠭᠡᠯ ᠦᠬᠡᠢ ᠪᠡᠶᠡᠯᠡᠬᠦᠯᠬᠦ ᠬᠡᠷᠡᠭᠲᠠᠢ᠃
ᠬᠣᠶᠠᠷ᠎ᠲᠤ᠂ ᠬᠢᠨᠠᠨ ᠪᠣᠳᠣᠬᠤ ᠵᠢᠨ ᠬᠢᠨᠠᠯᠲᠠ ᠲᠠᠯᠪᠢᠬᠤ ᠦᠢ᠍ᠯᠡᠳᠦᠯ᠎ᠢ ᠴᠢᠨᠭ᠌ᠭ᠋ᠠᠷᠠᠭᠤᠯᠪᠠ᠃ ᠬᠠᠤᠯᠢ ᠶᠣᠰᠣᠭ᠋ᠠᠷ ᠵᠠᠰᠠᠭ ᠶᠠᠪᠤᠭᠤᠯᠬᠤ ᠪᠠᠶ᠋ᠢᠳᠠᠯ᠎ᠳᠤ ᠬᠢᠨᠠᠨ ᠪᠤᠳᠤᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠠᠤᠯᠢ ᠪᠠᠢ᠌ᠭ᠋ᠠᠳ ᠵᠢᠷᠤᠮᠯᠠᠬᠤ ᠦᠭᠡᠶ᠂ ᠬᠠᠤᠯᠢ ᠬᠡᠷᠡᠭᠵᠢᠭᠦᠯᠬᠦ᠎ᠨᠢ ᠴᠢᠩᠭ᠎ᠠ ᠪᠤᠰᠤ ᠵᠡᠷᠭᠡ ᠠᠰᠠᠭᠤᠳᠠᠯ᠎ᠢ ᠣᠯᠵᠤ ᠮᠡᠳᠡᠬᠦ ᠵᠢ ᠠᠩᠬᠠᠷᠴᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠠᠬᠢᠭᠤᠯᠵᠤ᠂ ᠬᠠᠤᠯᠢ ᠴᠠᠭ᠋ᠠᠵᠠ ᠵᠢᠨ ᠰᠦᠷ ᠬᠦᠴᠦᠨ᠎ᠢ ᠦᠨᠡᠨ ᠬᠦ᠌ ᠬᠠᠮᠠᠭ᠋ᠠᠯᠠᠬᠤ ᠬᠡᠷᠡᠭᠲᠠᠢ᠃ ᠣᠯᠠᠨ ᠲᠦᠮᠡᠨ᠎ᠤ ᠠᠰᠢᠭ ᠲᠤᠰᠠ ᠵᠢ ᠬᠦᠨᠳᠦ ᠨᠣᠴᠢᠲᠠᠶ ᠬᠣᠬᠢᠷᠠᠭᠤᠯᠤᠭᠰᠠᠨ᠂ ᠡᠷᠬᠡ ᠲᠡᠭᠰᠢ ᠥᠷᠢᠰᠥᠯᠳᠦᠭᠡᠨ᠎ᠢ ᠬᠠᠷᠰᠢᠯᠠᠭᠰᠠᠨ ᠵᠡᠷᠭᠡ ᠠᠰᠠᠭᠤᠳᠠᠯ᠎ᠢ ᠬᠦᠴᠦ ᠲᠠᠯᠪᠢᠨ ᠲᠤᠰᠬᠠᠵᠤ᠂ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠡᠮᠬᠢ ᠲᠢᠭᠯᠢᠮ ᠪᠣᠯᠤᠨ ᠨᠡᠶ᠋ᠢᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠬᠤ ᠬᠡᠷᠡᠭᠲᠠᠢ᠃
[ᠯᠢᠦ ᠸᠸᠨ ᠯᠸᠢ]
《ᠬᠡᠷᠡᠭᠵᠢᠬᠦᠯᠬᠦ ᠰᠠᠨᠠᠯ》᠎ᠳᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠲᠠᠯ᠎ᠠ᠎ᠪᠠᠷ ᠲᠣᠳᠣᠷᠬᠠᠶ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃ ᠬᠢᠨᠠᠨ ᠪᠣᠳᠣᠯᠲᠠ ᠵᠢᠨ ᠳᠤᠮᠳᠠ ᠤᠯᠵᠤ ᠮᠡᠳᠡᠭᠰᠡᠨ ᠬᠠᠤᠯᠢ ᠴᠠᠭ᠋ᠠᠵᠠ ᠰᠠᠬᠢᠯᠭ᠎ᠠ ᠪᠠᠲᠤ ᠵᠢ ᠵᠥᠷᠢᠴᠡᠭᠰᠡᠨ ᠴᠢᠬᠤᠯᠠ ᠶᠡᠬᠡ ᠠᠰᠠᠭᠤᠳᠠᠯ᠎ᠢ᠂ ᠬᠦᠨᠵᠡᠭᠡᠢ᠂ ᠨᠡᠪᠲᠡ᠂ ᠲᠤᠤᠱᠲᠠᠢ ᠪᠠᠶ᠋ᠢᠴᠠᠭ᠋ᠠᠬᠤ ᠬᠡᠷᠡᠭᠲᠡᠶ᠃ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠤᠪᠢᠶᠠᠷᠢᠯᠠᠯᠲᠠ᠂ ᠴᠢᠬᠤᠯᠠ ᠶᠡᠬᠡ ᠪᠡᠯᠡ ᠣᠷᠣᠭᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠪᠤᠯᠤᠨ ᠲᠦᠷᠦᠯ ᠵᠦᠢ᠍ᠯ᠎ᠤᠨ ᠬᠢᠨᠠᠨ ᠵᠦᠪᠰᠢᠶᠡᠷᠡᠯ᠂ ᠴᠢᠬᠤᠯᠠ ᠶᠡᠬᠡ ᠡᠳ᠋ ᠪᠣᠳᠠᠰ ᠬᠤᠳᠠᠯᠳᠤᠨ ᠠᠪᠬᠤ ᠪᠠ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ᠎ᠳᠤ ᠣᠷᠣᠯᠴᠠᠬᠤ᠂ ᠵᠢᠭᠡᠯᠡᠯᠭᠡ ᠲᠠᠯᠪᠢᠬᠤ ᠪᠠ ᠦᠨᠡᠲᠦ ᠲᠡᠮᠳᠡᠭᠲᠦ ᠰᠤᠯᠢᠯᠴᠠᠭ᠎ᠠ᠂ ᠤᠯᠤᠰ᠎ᠤᠨ ᠦᠮᠴᠢᠯᠡᠯᠲᠦ ᠡᠳ᠋ ᠬᠥᠷᠥᠩᠭᠡ ᠪᠤᠯᠤᠨ ᠰᠲ᠋ᠣᠺ᠎ᠤᠨ ᠡᠷᠬᠡ ᠵᠢ ᠰᠢᠯᠵᠢᠭᠦᠯᠦᠨ ᠥᠭᠬᠦ᠂ ᠭᠠᠵᠠᠷ ᠰᠢᠷᠣᠶ ᠪᠤᠯᠤᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠰᠤᠯᠢᠯᠴᠠᠭ᠎ᠠ ᠵᠡᠷᠭᠡ ᠭᠣᠣᠯᠳᠠᠯᠭ᠎ᠠ᠎ᠲᠠᠢ ᠬᠦᠷᠢᠶ᠎ᠡ ᠪᠣᠯᠤᠨ ᠵᠠᠩᠭᠢᠯᠠᠭ᠎ᠠ ᠵᠢᠨ ᠭᠣᠭᠴᠣᠭ᠎ᠠ ᠵᠢ ᠭᠣᠤᠯᠳᠠᠯᠭ᠎ᠠ᠎ᠲᠠᠢ ᠠᠩᠬᠠᠷᠴᠤ᠂ ᠡᠷᠬᠡ᠎ᠪᠠᠨ ᠠᠰᠢᠭᠯᠠᠨ ᠠᠮᠢ᠎ᠪᠠᠨ ᠪᠤᠷᠳᠤᠭᠰᠠᠨ᠂ ᠬᠠᠷᠢᠭᠤᠴᠠᠯᠭ᠎ᠠ᠎ᠪᠠᠨ ᠠᠯᠳᠠᠭᠰᠠᠨ ᠲᠤᠰᠢᠶᠠᠯ ᠵᠶ᠋ᠠᠨ ᠭᠤᠲᠤᠭ᠋ᠠᠭᠰᠠᠨ᠂ ᠱᠠᠮᠰᠢᠭᠰᠠᠨ ᠬᠠᠬᠤᠤᠯᠢ ᠢᠳᠡᠭᠰᠡᠨ᠂ ᠳᠣᠲᠣᠭ᠋ᠠᠳᠤ᠎ᠳᠠᠭᠠᠨ ᠰᠤᠯᠢᠯᠴᠠᠭᠰᠠᠨ ᠵᠡᠷᠭᠡ ᠠᠰᠠᠭᠤᠳᠠᠯ᠎ᠢ ᠢᠯᠡᠴᠢᠯᠡᠨ᠂ ᠠᠷᠢᠭᠤᠨ ᠴᠢᠬᠡᠴᠢ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠠᠢ᠃ ᠤᠳᠤᠷᠢᠳᠬᠤ ᠺᠠᠳ᠋ᠷᠴᠤᠳ᠎ᠤᠨ ᠠᠵᠤ ᠠᠬᠤᠶ ᠵᠢᠨ ᠬᠠᠷᠢᠭᠤᠴᠠᠯᠭ᠎ᠠ ᠵᠢᠨ ᠬᠢᠨᠠᠨ ᠪᠣᠳᠣᠯᠲᠠ ᠵᠢ ᠭᠦᠨᠵᠡᠭᠡᠶ᠋ᠢᠷᠡᠭᠦᠯᠵᠦ᠂ ᠤᠳᠤᠷᠢᠳᠬᠤ ᠺᠠᠳ᠋ᠷᠴᠤᠳ᠎ᠤᠨ ᠬᠠᠤᠯᠢ ᠴᠠᠭ᠋ᠠᠵᠠ ᠰᠠᠬᠢᠯᠭ᠎ᠠ ᠪᠠᠲᠤ ᠳᠦᠷᠢᠮ ᠲᠤᠭᠲᠠᠭ᠋ᠠᠯ᠎ᠢ ᠵᠢᠷᠤᠮᠯᠠᠨ ᠰᠠᠬᠢᠵᠤ ᠬᠠᠷᠢᠭᠤᠴᠠᠯᠭ᠎ᠠ᠎ᠪᠠᠨ ᠬᠦᠢ᠍ᠴᠡᠳᠭᠡᠭᠰᠡᠨ ᠪᠠᠶ᠋ᠢᠳᠠᠯ᠎ᠢ ᠬᠦᠴᠦ ᠲᠠᠯᠪᠢᠨ ᠪᠠᠢ᠌ᠴᠠᠭ᠋ᠠᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠰᠠᠨᠠᠭ᠋ᠠᠴᠢᠯᠠᠭ᠎ᠠ᠎ᠲᠠᠢ ᠠᠵᠢᠯᠯᠠᠬᠤ᠂ ᠪᠦᠲᠦᠮᠵᠢ᠎ᠲᠠᠢ ᠠᠵᠢᠯᠯᠠᠬᠤ ᠵᠢ ᠲᠦᠯᠬᠢᠨ ᠠᠬᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠬᠦᠢ᠍ᠴᠡᠳᠭᠡᠬᠦ ᠬᠡᠷᠡᠭᠲᠠᠢ᠃ ᠠᠵᠢᠯ ᠶᠠᠪᠤᠳᠠᠯ ᠬᠢᠳᠡᠭ ᠦᠭᠡᠢ᠂ ᠠᠵᠢᠯ ᠶᠠᠪᠤᠳᠠᠯ᠎ᠢ ᠤᠳᠠᠭ᠋ᠠᠨ ᠪᠡᠶᠡᠯᠡᠭᠦᠯᠳᠡᠭ᠂ ᠠᠵᠢᠯ ᠶᠠᠪᠤᠳᠠᠯ᠎ᠢ ᠳᠤᠷ᠎ᠠ᠎ᠪᠠᠷ ᠵᠶ᠋ᠠᠨ ᠬᠢᠳᠡᠭ ᠠᠰᠠᠭᠤᠳᠠᠯ᠎ᠢ ᠬᠠᠤᠯᠢ ᠴᠠᠭ᠋ᠠᠵᠠ ᠰᠠᠬᠢᠯᠭ᠎ᠠ ᠪᠠᠲᠤ ᠶᠣᠰᠣᠭ᠋ᠠᠷ ᠲᠤᠰᠬᠠᠵᠤ᠂ ᠬᠠᠷᠢᠭᠤᠴᠠᠯᠭ᠎ᠠ ᠨᠡᠬᠡᠮᠵᠢᠯᠡᠬᠦ ᠪᠠ ᠬᠠᠷᠢᠭᠤᠴᠠᠯᠭ᠎ᠠ ᠠᠰᠠᠭᠤᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠬᠦᠯᠬᠦ ᠵᠢ ᠠᠬᠢᠭᠤᠯᠬᠤ ᠬᠡᠷᠡᠭᠲᠠᠢ᠃
《ᠬᠡᠷᠡᠭᠵᠢᠬᠦᠯᠬᠦ ᠰᠠᠨᠠᠯ》᠎ᠳᠤ ᠬᠢᠨᠠᠨ ᠪᠤᠳᠤᠯᠲᠠ᠎ᠨᠢ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠵᠣᠬᠢᠴᠠᠭᠤᠯᠤᠨ ᠤᠶᠠᠯᠳᠤᠭᠤᠯᠤᠭᠰᠠᠨ ᠪᠠᠶ᠋ᠢᠳᠠᠯ᠎ᠢ ᠨᠢᠭᠲᠠ ᠠᠩᠬᠠᠷᠴᠤ᠂ ᠥᠭᠡᠷᠡᠴᠢᠯᠡᠯᠲᠡ ᠵᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠠ ᠵᠣᠬᠢᠴᠠᠯᠳᠤ ᠴᠢᠨᠠᠷ᠎ᠢ ᠴᠢᠨᠭ᠌ᠭ᠋ᠠᠳᠬᠠᠬᠤ᠎ᠪᠠᠨ ᠠᠬᠢᠭᠤᠯᠬᠤ ᠬᠡᠷᠡᠭᠲᠠᠢ᠃ ᠥᠭᠡᠷᠡᠴᠢᠯᠡᠯᠲᠡ ᠪᠠ ᠬᠥᠭᠵᠢᠯᠲᠡ ᠵᠢᠨ ᠳᠤᠮᠳᠠ ᠢᠯᠡᠷᠡᠭᠰᠡᠨ ᠰᠢᠨ᠎ᠡ ᠪᠠᠶ᠋ᠢᠳᠠᠯ᠎ᠢ ᠵᠥᠪ ᠡᠵᠡᠮᠳᠡᠵᠦ᠂ ᠴᠠᠭ ᠦᠶ᠎ᠡ᠎ᠳᠤ ᠲᠤᠬᠢᠷᠠᠬᠤ ᠦᠭᠡᠢ᠂ ᠬᠥᠭᠵᠢᠯᠲᠡ ᠵᠢ ᠬᠢᠵᠠᠭ᠋ᠠᠷᠯᠠᠬᠤ᠂ ᠥᠭᠡᠷᠡᠴᠢᠯᠡᠯᠲᠡ ᠵᠢ ᠬᠠᠷᠰᠢᠯᠠᠬᠤ ᠳᠦᠷᠢᠮ ᠲᠣᠭᠲᠠᠭ᠋ᠠᠯ᠎ᠢ ᠴᠠᠭ ᠲᠤᠬᠠᠶ᠎ᠳᠤᠨᠢ ᠲᠤᠰᠬᠠᠵᠤ᠂ ᠰᠠᠶ᠋ᠢᠵᠢᠷᠠᠭᠤᠯᠬᠤ ᠪᠠ ᠲᠡᠭᠦᠯᠳᠡᠷᠵᠢᠭᠦᠯᠬᠦ ᠵᠢ ᠳᠥᠯᠭᠢᠨ ᠠᠬᠢᠭᠤᠯᠬᠤ ᠬᠡᠷᠡᠭᠲᠠᠢ ᠭᠡᠵᠤ ᠲᠤᠲᠤᠷᠬᠠᠢ᠌ᠯᠠᠪᠠ᠃
[ᠯᠢᠦ ᠸᠸᠨ ᠯᠸᠢ]
ᠭᠤᠷᠪᠠ᠎ᠳᠤ᠂ ᠴᠡᠭᠴᠡᠯᠡᠨ ᠰᠠᠶ᠋ᠢᠵᠢᠷᠠᠭᠤᠯᠬᠤ ᠬᠠᠷᠢᠭᠤᠴᠠᠯᠭ᠎ᠠ ᠨᠡᠬᠡᠮᠵᠢᠯᠡᠬᠦ᠎ᠳᠤ ᠰᠢᠨ᠎ᠡ ᠱᠠᠭ᠋ᠠᠷᠳᠠᠯᠭ᠎ᠠ ᠳᠤᠷᠠᠳᠪᠠ᠃ 《ᠬᠡᠷᠡᠭᠵᠢᠬᠦᠯᠬᠦ ᠰᠠᠨᠠᠯ》᠎ᠳᠤ ᠴᠡᠭᠴᠡᠯᠡᠨ ᠰᠠᠢ᠌ᠵᠢᠷᠠᠭᠤᠯᠬᠤ ᠡᠷᠴᠢᠮ᠎ᠢ ᠴᠢᠨᠭ᠌ᠭ᠋ᠠᠷᠠᠭᠤᠯᠬᠤ ᠵᠢ ᠬᠣᠶᠠᠷ ᠲᠠᠯ᠎ᠠ᠎ᠪᠠᠷ ᠲᠤᠭᠲᠠᠭ᠋ᠠᠪᠠ᠄ ᠨᠢᠭᠡ᠎ᠨᠢ ᠢᠯᠡ ᠲᠣᠳᠣ ᠪᠠᠢ᠌ᠯᠭ᠋ᠠᠬᠤ ᠶᠠᠪᠤᠳᠠᠯ ᠪᠤᠯᠤᠨ᠎ᠠ᠂ ᠦᠭᠡᠷ᠎ᠡ᠎ᠪᠠᠷ ᠬᠡᠯᠡᠪᠡᠯ ᠬᠢᠨᠠᠨ ᠪᠤᠳᠤᠯᠲᠠ ᠬᠢᠯᠭᠡᠭᠰᠡᠨ ᠨᠢᠭᠡᠴᠡ᠎ᠨᠢ ᠬᠢᠨᠠᠨ ᠪᠤᠳᠤᠬᠤ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠦᠷ᠎ᠡ ᠳ᠋ᠦᠩ ᠵᠶ᠋ᠠᠨ ᠨᠡᠶ᠋ᠢᠭᠡᠮ ᠨᠡᠶ᠋ᠢᠲᠡ᠎ᠳᠤ ᠵᠠᠷᠯᠠᠨ ᠮᠡᠳᠡᠭᠳᠡᠵᠤ᠂ ᠨᠡᠶ᠋ᠢᠭᠡᠮ᠎ᠤᠨ ᠬᠢᠨᠠᠯᠲᠠ ᠵᠢ ᠬᠦᠯᠢᠶᠡᠬᠦ ᠵᠢ ᠱᠠᠭ᠋ᠠᠷᠳᠠᠪᠠ; ᠨᠦᠬᠦᠭᠡ᠎ᠨᠢ ᠳᠠᠷᠤᠢ ᠬᠠᠷᠢᠭᠤᠴᠠᠯᠭ᠎ᠠ ᠠᠰᠠᠭᠤᠬᠤ ᠶᠠᠪᠤᠳᠠᠯ ᠪᠤᠯᠤᠨ᠎ᠠ᠂ ᠬᠠᠷᠢᠭᠤᠴᠠᠯᠭ᠎ᠠ ᠵᠢᠨ ᠳᠦᠷᠢᠮ᠎ᠢ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠠᠵᠢᠯ᠎ᠢ ᠴᠢᠨᠭ᠌ᠭ᠋ᠠᠳᠬᠠᠨ᠎ᠠ᠃ 《ᠬᠡᠷᠡᠭᠵᠢᠬᠦᠯᠬᠦ ᠰᠠᠨᠠᠯ》᠎ᠳᠤ ᠬᠢᠨᠠᠨ ᠪᠤᠳᠤᠯᠲᠠ ᠬᠢᠯᠭᠡᠭᠰᠡᠨ ᠨᠢᠭᠡᠴᠡ᠂ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠢᠨᠠᠨ ᠪᠤᠳᠤᠬᠤ᠎ᠳᠤ ᠢᠯᠡᠷᠡᠭᠦᠯᠦᠭᠰᠡᠨ ᠠᠰᠠᠭᠤᠳᠠᠯ᠎ᠢ ᠦᠨᠡᠨᠬᠦ ᠴᠡᠭᠴᠡᠯᠡᠨ ᠰᠠᠢ᠌ᠵᠢᠷᠠᠭᠤᠯᠵᠤ᠂ ᠬᠢᠨᠠᠨ ᠪᠣᠳᠣᠯᠲᠠ ᠵᠢᠨ ᠦᠷ᠎ᠡ ᠪᠦᠲᠦᠮᠵᠢ ᠵᠢ ᠭᠦᠢ᠍ᠴᠡᠳ ᠬᠡᠷᠡᠭᠯᠡᠬᠦ ᠵᠢ ᠰᠢᠮᠳᠠᠭᠤᠯᠬᠤ ᠵᠢᠨ ᠲᠤᠯᠠᠳᠠ᠂ ᠬᠠᠮᠢᠶ᠎ᠠ ᠪᠦᠬᠦᠢ ᠨᠢᠭᠡᠴᠡ ᠵᠢᠨ ᠴᠡᠭᠴᠡᠯᠡᠨ ᠰᠠᠢ᠌ᠵᠢᠷᠠᠭᠤᠯᠬᠤ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠪᠠ᠃
ᠴᠡᠭᠴᠡᠯᠡᠨ ᠰᠠᠢ᠌ᠵᠢᠷᠠᠭᠤᠯᠬᠤ ᠬᠠᠷᠢᠭᠤᠴᠠᠯᠭ᠋ᠠᠲᠤ ᠪᠡᠶᠡᠴᠢ ᠴᠣᠭᠴᠠ ᠵᠢ ᠲᠤᠲᠤᠷᠬᠠᠢ᠌ᠯᠠᠵᠤ᠂ ᠬᠢᠨᠠᠨ ᠪᠤᠳᠤᠭᠤᠯᠬᠤ ᠨᠢᠭᠡᠴᠡ ᠵᠢᠨ ᠭᠣᠣᠯ ᠬᠠᠷᠢᠭᠤᠴᠠᠯᠭ᠋ᠠᠲᠠᠨ᠎ᠢ ᠴᠡᠭᠴᠡᠯᠡᠨ ᠰᠠᠢ᠌ᠵᠢᠷᠠᠭᠤᠯᠬᠤ ᠵᠢᠨ ᠨᠢᠭᠡᠳᠦᠭᠡᠷ ᠬᠠᠷᠢᠭᠤᠴᠠᠯᠭ᠋ᠠᠲᠠᠨ ᠪᠤᠯᠭ᠋ᠠᠬᠤ ᠵᠢ ᠱᠠᠭ᠋ᠠᠷᠳᠠᠪᠠ᠃ ᠴᠡᠭᠴᠡᠯᠡᠨ ᠰᠠᠢ᠌ᠵᠢᠷᠠᠭᠤᠯᠬᠤ ᠵᠢ 《ᠨᠢᠭᠡᠳᠦᠭᠡᠷ ᠭᠠᠷ》᠎ᠤᠨ ᠢᠨᠵᠧᠨᠧᠷᠢᠩ ᠪᠤᠯᠭ᠋ᠠᠪᠠᠯ᠂ ᠨᠢᠭᠡᠴᠡ᠎ᠨᠢ ᠠᠶᠠᠨᠳᠠᠭ᠋ᠠᠨ ᠨᠡᠩ ᠴᠢᠬᠤᠯᠠᠴᠢᠯᠠᠨ ᠦᠵᠡᠬᠦ ᠪᠤᠯᠤᠨ᠎ᠠ᠃ ᠬᠢᠨᠠᠨ ᠪᠤᠳᠤᠭᠤᠯᠬᠤ ᠨᠢᠬᠡᠴᠡ᠎ᠨᠢ ᠴᠡᠭᠴᠡᠯᠡᠨ ᠰᠠᠢ᠌ᠵᠢᠷᠠᠭᠤᠯᠤᠭᠰᠠᠨ ᠦᠷ᠎ᠡ ᠳ᠋ᠦᠩ ᠵᠶ᠋ᠠᠨ ᠬᠢᠨᠠᠨ ᠪᠣᠳᠣᠬᠤ ᠪᠠᠶ᠋ᠢᠭᠤᠯᠭ᠎ᠠ᠎ᠳᠤ ᠪᠢᠴᠢᠭ ᠵᠶ᠋ᠠᠷ ᠮᠡᠳᠡᠭᠳᠡᠬᠦ ᠵᠢᠨ ᠬᠠᠮᠲᠤ ᠠᠳᠠᠯᠢ ᠱᠠᠲᠤᠨ᠎ᠤ ᠵᠠᠰᠠᠭ᠎ᠤᠨ ᠣᠷᠳᠣᠨ ᠪᠤᠶᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷᠲᠡᠭᠡᠨ ᠮᠡᠳᠡᠭᠦᠯᠬᠦ ᠵᠢᠨ ᠳᠠᠭ᠋ᠠᠤ ᠨᠡᠶ᠋ᠢᠭᠡᠮ ᠨᠡᠶ᠋ᠢᠲᠡ᠎ᠳᠤ ᠵᠠᠷᠯᠠᠨ ᠮᠡᠳᠡᠭᠳᠡᠬᠦ ᠵᠢ ᠱᠠᠭ᠋ᠠᠷᠳᠠᠪᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠯ ᠪᠦᠷᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠲᠤᠰᠬᠠᠶ ᠰᠡᠳᠦᠪ ᠵᠶ᠋ᠠᠷ ᠰᠤᠳᠤᠯᠬᠤ ᠵᠢᠨ ᠬᠠᠮᠲᠤ ᠴᠡᠭᠴᠡᠯᠡᠨ ᠰᠠᠢ᠌ᠵᠢᠷᠠᠭᠤᠯᠬᠤ ᠵᠢ ᠬᠢᠨᠠᠨ ᠪᠠᠶ᠋ᠢᠴᠠᠭ᠋ᠠᠵᠤ ᠰᠢᠪᠠᠳᠠᠨ ᠰᠢᠢ᠍ᠳᠪᠦᠷᠢᠯᠡᠬᠦ ᠶᠠᠪᠤᠳᠠᠯ᠎ᠳᠤ ᠣᠷᠣᠭᠤᠯᠵᠤ᠂ ᠬᠢᠨᠠᠨ ᠪᠤᠳᠤᠭᠤᠯᠬᠤ ᠨᠢᠬᠡᠴᠡ ᠵᠢᠨ ᠬᠣᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠴᠠᠭ ᠲᠤᠬᠠᠶ᠎ᠳᠤᠨᠢ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠬᠡᠷᠡᠭᠲᠠᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠢᠨᠠᠨ ᠪᠣᠳᠣᠭᠰᠠᠨ ᠦᠷ᠎ᠡ ᠳ᠋ᠦᠩ ᠵᠢᠴᠢ ᠴᠡᠭᠴᠡᠯᠡᠨ ᠰᠠᠢ᠌ᠵᠢᠷᠠᠭᠤᠯᠤᠭᠰᠠᠨ ᠪᠠᠶ᠋ᠢᠳᠠᠯ ᠵᠶ᠋ᠠᠨ ᠬᠢᠨᠠᠨ ᠰᠢᠯᠭ᠋ᠠᠬᠤ᠂ ᠱᠠᠩᠨᠠᠵᠤ ᠰᠢᠳᠬᠡᠬᠦ ᠵᠢᠨ ᠴᠢᠬᠤᠯᠠ ᠦᠨᠳᠦᠰᠦ ᠪᠠᠷᠢᠮᠲᠠ ᠪᠤᠯᠭ᠋ᠠᠨ᠂ ᠴᠡᠭᠴᠡᠯᠡᠨ ᠰᠠᠢ᠌ᠵᠢᠷᠠᠭᠤᠯᠬᠤ ᠵᠢ ᠲᠤᠤᠱᠲᠠᠢ ᠬᠢᠭᠰᠡᠨ ᠦᠭᠡᠢ ᠪᠤᠯ ᠬᠢᠨᠠᠨ ᠪᠤᠳᠤᠭᠤᠯᠬᠤ ᠨᠢᠭᠡᠴᠡ ᠵᠢᠨ ᠭᠣᠣᠯ ᠬᠠᠷᠢᠭᠤᠴᠠᠯᠭ᠋ᠠᠲᠠᠨᠯᠤᠭᠠ ᠪᠣᠯᠵᠣᠨ ᠶᠠᠷᠢᠯᠴᠠᠵᠤ᠂ ᠰᠠᠢ᠌ᠲᠤᠷ ᠴᠡᠭᠴᠡᠯᠡᠨ ᠦᠭᠡᠷᠡᠴᠢᠯᠡᠭᠰᠡᠨ ᠦᠭᠡᠢ᠂ ᠬᠢᠨᠠᠨ ᠪᠤᠳᠤᠬᠤ ᠪᠦᠷᠢ ᠴᠦᠮ ᠵᠦᠷᠢᠴᠡᠭᠰᠡᠨ ᠠᠰᠠᠭᠤᠳᠠᠯ᠎ᠲᠠᠢ ᠪᠤᠯ ᠬᠠᠷᠢᠭᠤᠴᠠᠯᠭ᠎ᠠ ᠵᠢ᠎ᠨᠢ ᠴᠢᠩᠭ᠎ᠠ ᠨᠡᠬᠡᠮᠵᠢᠯᠡᠨ ᠠᠰᠠᠭᠤᠬᠤ ᠬᠡᠷᠡᠭᠲᠠᠢ᠃ ᠬᠢᠨᠠᠨ ᠪᠣᠳᠣᠬᠤ ᠪᠠᠶ᠋ᠢᠭᠤᠯᠭ᠎ᠠ᠎ᠨᠢ ᠴᠡᠭᠴᠡᠯᠡᠨ ᠰᠠᠢ᠌ᠵᠢᠷᠠᠭᠤᠯᠬᠤ ᠵᠢ ᠪᠠᠶ᠋ᠢᠴᠠᠭ᠋ᠠᠨ ᠮᠥᠷᠳᠡᠬᠦ ᠲᠣᠭᠲᠠᠴᠠ ᠵᠢ ᠪᠠᠶ᠋ᠢᠭᠤᠯᠵᠤ᠂ ᠴᠢᠬᠤᠯᠠᠲᠠᠢ ᠦᠶ᠎ᠡ᠎ᠳᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠤᠷᠢᠵᠤ ᠴᠡᠭᠴᠡᠯᠡᠨ ᠰᠠᠢ᠌ᠵᠢᠷᠠᠭᠤᠯᠬᠤ ᠰᠠᠨᠠᠯ᠎ᠢ ᠬᠠᠮᠵᠢᠯᠴᠠᠨ ᠨᠠᠢ᠌ᠳᠠᠪᠤᠷᠢᠵᠢᠭᠤᠯᠬᠤ ᠪᠣᠯᠤᠨ᠎ᠠ᠂ ᠡᠭᠦᠨ᠎ᠤ ᠬᠠᠮᠲᠤ ᠪᠠᠰᠠ ᠬᠣᠯᠪᠣᠭᠳᠠᠯ ᠪᠦᠬᠦᠢ ᠨᠢᠭᠡᠴᠡ ᠵᠢᠨ ᠬᠠᠷᠢᠭᠤ ᠲᠤᠰᠬᠠᠭᠰᠠᠨ ᠴᠡᠭᠴᠡᠯᠡᠨ ᠰᠠᠢ᠌ᠵᠢᠷᠠᠭᠤᠯᠤᠭᠰᠠᠨ ᠪᠠᠶ᠋ᠢᠳᠠᠯ᠎ᠢ ᠨᠡᠶ᠋ᠢᠭᠡᠮ ᠨᠡᠶ᠋ᠢᠲᠡ᠎ᠳᠤ ᠬᠠᠷᠢᠴᠠᠨᠭ᠌ᠭᠤᠢ᠎ᠪᠠᠷ ᠨᠡᠢ᠌ᠲᠡᠯᠡᠬᠦ ᠪᠤᠯᠤᠨ᠎ᠠ᠃
[ᠯᠢᠦ ᠸᠸᠨ ᠯᠸᠢ]
ᠳᠦᠷᠪᠡ᠎ᠳᠤ᠂ ᠬᠢᠨᠠᠨ ᠪᠣᠳᠣᠬᠤ ᠠᠵᠢᠯ᠎ᠢ ᠬᠠᠮᠵᠢᠯᠴᠠᠬᠤ᠎ᠳᠤ ᠰᠢᠨ᠎ᠡ ᠵᠢᠷᠤᠮᠯᠠᠯ᠎ᠲᠠᠢ ᠪᠤᠯᠪᠠ᠃ ᠬᠢᠨᠠᠨ ᠪᠤᠳᠤᠬᠤ ᠵᠢᠨ ᠬᠢᠨᠠᠯᠲᠠ ᠲᠠᠯᠪᠢᠬᠤ᠎ᠨᠢ ᠮᠠᠨ᠎ᠤ ᠤᠯᠤᠰ᠎ᠲᠤ᠎ᠪᠠᠨ ᠨᠡᠯᠢᠶᠡᠳ ᠬᠦᠴᠢᠷ᠎ᠲᠠᠢ ᠠᠰᠠᠭᠤᠳᠠᠯ ᠪᠤᠯᠤᠨ᠎ᠠ᠂ ᠬᠢᠨᠠᠨ ᠪᠤᠳᠤᠭᠤᠯᠬᠤ ᠲᠠᠯ᠎ᠠ᠎ᠨᠢ ᠬᠢᠨᠠᠨ ᠪᠤᠳᠤᠬᠤ ᠵᠢ ᠬᠠᠤᠯᠢ ᠶᠣᠰᠣᠭ᠋ᠠᠷ ᠬᠦᠯᠢᠶᠡᠨ ᠠᠪᠬᠤ ᠦᠵᠡᠯ ᠤᠬᠠᠮᠰᠠᠷ ᠵᠶ᠋ᠠᠷ ᠳᠤᠲᠠᠮᠠᠭ᠎ᠠᠴᠠ ᠪᠤᠯᠤᠭ᠋ᠠᠳ᠂ ᠬᠢᠨᠠᠨ ᠪᠣᠳᠣᠭᠴᠢᠳ ᠵᠠᠷᠢᠮ᠎ᠳᠠᠭᠠᠨ ᠤᠨᠴᠠ ᠵᠠᠷᠢᠮ ᠪᠤᠳᠤᠭᠤᠯᠬᠤ ᠲᠠᠯ᠎ᠠ ᠵᠢᠨ ᠬᠠᠮᠵᠢᠯᠴᠠᠵᠤ ᠦᠭᠭᠦ ᠦᠭᠡᠢ ᠬᠦᠴᠢᠷᠳᠡᠯ᠎ᠳᠤ ᠲᠤᠯᠭ᠋ᠠᠷᠠᠳᠠᠭ᠃ ᠲᠡᠳᠡᠨ᠎ᠤ ᠵᠠᠷᠢᠮ᠎ᠨᠢ ᠬᠢᠨᠠᠨ ᠪᠣᠳᠣᠯᠲᠠ᠎ᠳᠤ ᠴᠢᠬᠤᠯᠠ ᠪᠦᠬᠦᠢ ᠮᠠᠲ᠋ᠧᠷᠢᠶᠠᠯ᠎ᠢ ᠬᠠᠩᠭ᠋ᠠᠬᠤ ᠵᠢ ᠲᠠᠪᠴᠢᠬᠦ ᠪᠤᠶᠤ ᠵᠤᠷᠢᠭᠤᠳᠠ ᠭᠡᠷᠡᠴᠢ ᠪᠠᠷᠢᠮᠲᠠ ᠵᠢ ᠤᠰᠠᠳᠬᠠᠬᠤ᠂ ᠬᠠᠭᠤᠷᠮᠠᠭ ᠭᠡᠷᠡᠴᠢ ᠪᠠᠷᠢᠮᠲᠠ ᠬᠠᠨᠭ᠌ᠭ᠋ᠠᠬᠤ᠂ ᠵᠠᠷᠢᠮ᠎ᠨᠢ ᠴᠢᠨᠠᠭᠰᠢᠯᠠᠭ᠋ᠠᠳ ᠬᠢᠨᠠᠨ ᠪᠣᠳᠣᠭᠴᠢᠳᠢ ᠠᠶᠤᠯᠭ᠋ᠠᠨ ᠰᠦᠷᠳᠡᠭᠦᠯᠳᠡᠭ᠃ ᠡᠭᠦᠨ᠎ᠠᠴᠠ ᠭᠠᠳᠠᠨ᠎ᠠ᠂ ᠣᠨᠴᠠ ᠵᠠᠷᠢᠮ ᠬᠠᠮᠵᠢᠨ ᠪᠠᠶ᠋ᠢᠴᠠᠭ᠋ᠠᠬᠤ ᠨᠢᠭᠡᠴᠡ᠎ᠨᠢ ᠨᠢᠭᠤᠴᠠ ᠵᠢ ᠬᠠᠮᠠᠭ᠋ᠠᠯᠠᠬᠤ ᠦᠵᠡᠯ ᠤᠬᠠᠮᠰᠠᠷ ᠳᠤᠲᠠᠮᠠᠭ ᠪᠠᠢ᠌ᠵᠤ᠂ ᠬᠢᠨᠠᠨ ᠪᠣᠳᠣᠬᠤ ᠠᠵᠢᠯ᠎ᠤᠨ ᠪᠠᠶ᠋ᠢᠳᠠᠯ᠎ᠢ ᠵᠠᠳᠠᠷᠠᠭᠤᠯᠳᠠᠭ ᠪᠠᠢ᠌ᠨ᠎ᠠ᠃
《ᠬᠡᠷᠡᠭᠵᠢᠬᠦᠯᠬᠦ ᠰᠠᠨᠠᠯ》᠎ᠳᠤ ᠡᠯ᠎ᠡ ᠰᠠᠯᠠᠭ᠎ᠠ ᠮᠥᠴᠢᠷ᠂ ᠨᠢᠭᠡᠴᠡ ᠵᠢᠨ ᠬᠢᠨᠠᠨ ᠪᠣᠳᠣᠯᠲᠠ᠎ᠳᠤ ᠬᠠᠮᠵᠢᠯᠴᠠᠬᠤ ᠲᠠᠯ᠎ᠠ᠎ᠪᠠᠷ ᠲᠣᠳᠣᠷᠬᠠᠶ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠂ ᠬᠢᠨᠠᠨ ᠪᠣᠳᠣᠯᠲᠠ ᠵᠢ ᠬᠦᠯᠢᠶᠡᠭᠰᠡᠳ ᠪᠦᠬᠦᠨ ᠬᠠᠷᠰᠢ ᠰᠠᠭ᠋ᠠᠳ ᠭᠠᠷᠭ᠋ᠠᠵᠤ ᠪᠤᠯᠬᠤ ᠦᠭᠡᠢ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠤᠯᠤᠨ ᠨᠢᠭᠡᠴᠡ᠎ᠨᠢ ᠬᠢᠨᠠᠨ ᠪᠣᠳᠣᠯᠲᠠ᠎ᠳᠤ ᠬᠡᠷᠡᠭᠴᠡᠭᠡ ᠪᠦᠬᠦᠢ ᠡᠳ᠋᠎ᠤᠨ ᠶᠠᠪᠤᠳᠠᠯ᠎ᠤᠨ ᠨᠢᠭᠲᠠᠯᠠᠨ ᠪᠣᠳᠣᠬᠤ᠂ ᠲᠤᠬᠠᠶ᠋ᠢᠯᠠᠭᠰᠠᠨ ᠠᠵᠢᠯ ᠪᠣᠯᠤᠨ ᠬᠠᠮᠢᠶᠠᠷᠤᠯᠲᠠ ᠵᠡᠷᠭᠡ ᠮᠠᠲ᠋ᠧᠷᠢᠶᠠᠯ᠎ᠢ ᠬᠠᠤᠯᠢ ᠶᠣᠰᠣᠭ᠋ᠠᠷ᠂ ᠴᠠᠭ ᠲᠤᠬᠠᠶ᠎ᠳᠤᠨᠢ᠂ ᠪᠦᠷᠢᠨ ᠪᠦᠲᠦᠨ᠂ ᠦᠨᠡᠨ
ᠪᠣᠳᠠᠲᠤ᠂ ᠪᠦᠬᠦ ᠲᠠᠯ᠎ᠠ᠎ᠪᠠᠷ ᠬᠠᠨᠭ᠌ᠭ᠋ᠠᠬᠤ ᠬᠡᠷᠡᠭᠲᠠᠢ᠂ ᠬᠣᠯᠪᠣᠭᠳᠠᠯ ᠪᠦᠬᠦᠢ ᠡᠯᠧᠺᠲᠷᠣᠨ ᠲᠣᠭ᠎ᠠ ᠪᠠᠷᠢᠮᠲᠠ ᠵᠢᠨ ᠮᠡᠳᠡᠭᠡ ᠵᠠᠩᠭᠢ᠂ ᠴᠢᠬᠤᠯᠠ ᠪᠦᠬᠦᠢ ᠮᠡᠷᠭᠡᠵᠢᠯ᠎ᠤᠨ ᠪᠢᠴᠢᠭᠯᠡᠯ ᠵᠢᠴᠢ ᠴᠢᠬᠤᠯᠠ ᠪᠦᠬᠦᠢ ᠠᠵᠢᠯ᠎ᠤᠨ ᠣᠷᠴᠢᠨ ᠲᠣᠭᠣᠷᠢᠨ᠎ᠢ ᠪᠠᠭᠲᠠᠭ᠋ᠠᠭᠰᠠᠨ ᠬᠢᠨᠠᠨ ᠪᠣᠳᠣᠬᠤ ᠪᠠᠶ᠋ᠢᠭᠤᠯᠭ᠎ᠠ᠎ᠳᠤ ᠮᠠᠲᠸᠷᠢᠶᠠᠯ ᠬᠠᠨᠭ᠌ᠭ᠋ᠠᠬᠤ ᠪᠠ ᠺᠣᠮᠫᠢᠦ᠋ᠲ᠋ᠧᠷ᠎ᠤᠨ ᠮᠡᠳᠡᠭᠡ ᠵᠠᠩᠭᠢ ᠵᠢᠨ ᠰᠢᠰᠲ᠋ᠧᠮ᠎ᠢ ᠨᠡᠭᠡᠭᠡᠵᠤ ᠪᠠᠢ᠌ᠴᠠᠭ᠋ᠠᠨ ᠯᠠᠪᠯᠠᠬᠤ ᠡᠷᠬᠡ ᠮᠡᠳᠡᠯ᠎ᠢ ᠬᠢᠵᠠᠭ᠋ᠠᠷᠯᠠᠬᠤ ᠲᠤᠭᠲᠠᠭ᠋ᠠᠯ ᠲᠤᠭᠲᠠᠭ᠋ᠠᠵᠤ ᠪᠤᠯᠬᠤ ᠦᠭᠡᠢ᠂ ᠨᠢᠭᠡᠨᠲᠡ ᠲᠣᠭᠲᠠᠭ᠋ᠠᠭᠰᠠᠨ ᠪᠠᠶ᠋ᠢᠪᠠᠯ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠶ ᠪᠣᠯᠭ᠋ᠠᠬᠤ ᠭᠡᠷᠡᠭᠲᠠᠢ᠃
[ᠯᠢᠦ ᠸᠸᠨ ᠯᠸᠢ]
ᠲᠠᠪᠤ᠎ᠳᠤ ᠬᠢᠨᠠᠨ ᠪᠣᠳᠣᠯᠲᠠ ᠵᠢᠨ ᠪᠡᠶ᠎ᠡ᠎ᠪᠠᠨ ᠳᠠᠭ᠋ᠠᠭ᠋ᠠᠬᠤ ᠴᠢᠨᠠᠷ᠎ᠨᠢ ᠬᠦᠴᠦᠲᠡᠶ ᠪᠠᠲᠤᠯᠠᠭ᠎ᠠ᠎ᠲᠠᠢ ᠪᠣᠯᠪᠠ᠃ 《ᠬᠡᠷᠡᠭᠵᠢᠭᠦᠯᠬᠦ ᠰᠠᠨᠠᠯ》᠎ᠳᠤ ᠬᠢᠨᠠᠨ ᠪᠣᠳᠣᠯᠲᠠ ᠵᠢᠨ ᠪᠡᠶ᠎ᠡ᠎ᠪᠠᠨ ᠳᠠᠭ᠋ᠠᠭ᠋ᠠᠬᠤ ᠴᠢᠨᠠᠷ᠎ᠢ ᠬᠠᠮᠠᠭ᠋ᠠᠯᠠᠵᠤ᠂ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠤᠭᠤᠳ ᠬᠢᠨᠠᠨ ᠪᠣᠳᠣᠯᠲᠠ ᠵᠢᠨ ᠪᠠᠶ᠋ᠢᠭᠤᠯᠭ᠎ᠠ ᠵᠢᠨ ᠬᠠᠤᠯᠢ ᠶᠣᠰᠣᠭ᠋ᠠᠷ ᠬᠢᠨᠠᠨ ᠪᠣᠳᠣᠬᠤ᠂ ᠠᠰᠠᠭᠤᠳᠠᠯ᠎ᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠥ᠂ ᠬᠢᠨᠠᠨ ᠪᠣᠳᠣᠭᠰᠠᠨ ᠦᠷ᠎ᠡ ᠳ᠋ᠦᠩ᠎ᠢ ᠨᠡᠶ᠋ᠢᠭᠡᠮ ᠨᠡᠶ᠋ᠢᠲᠡ᠎ᠳᠤ ᠬᠠᠤᠯᠢ ᠶᠣᠰᠣᠭ᠋ᠠᠷ ᠵᠠᠷᠯᠠᠨ ᠮᠡᠳᠡᠭᠳᠡᠬᠦ ᠵᠢ ᠪᠠᠲᠤᠯᠠᠬᠤ ᠬᠡᠷᠡᠭᠲᠡᠢ᠂ ᠪᠤᠰᠤᠳ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠨᠡᠶ᠋ᠢᠭᠡᠮ᠎ᠤᠨ ᠪᠦᠯᠬᠦᠮ ᠪᠣᠯᠣᠨ ᠬᠤᠪᠢ ᠬᠥᠮᠦᠨ᠎ᠤ ᠭᠠᠷ ᠲᠦᠷᠦᠭᠦ ᠵᠢ ᠬᠦᠯᠢᠶᠡᠬᠥ ᠦᠭᠡᠢ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠨ ᠪᠣᠳᠣᠯᠲᠠ ᠵᠢᠨ ᠬᠢᠨᠠᠯᠲᠠ ᠪᠠᠢ᠌ᠴᠠᠭ᠋ᠠᠯᠲᠠ ᠬᠢᠬᠦ ᠵᠢ ᠲᠤᠭᠲᠠᠮᠠᠯ ᠬᠤᠭᠤᠴᠠᠭ᠎ᠠ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠢ᠃ ᠬᠢᠨᠠᠨ ᠪᠣᠳᠣᠯᠲᠠ ᠵᠢᠨ ᠬᠢᠨᠠᠯᠲᠠ ᠲᠠᠯᠪᠢᠬᠤ ᠵᠢ ᠲᠡᠪᠴᠢᠬᠥ᠂ ᠬᠢᠨᠠᠨ ᠪᠣᠳᠣᠬᠤ ᠠᠵᠢᠯ᠎ᠢ ᠬᠠᠷᠰᠢᠯᠠᠬᠤ ᠰᠠᠭ᠋ᠠᠲᠠᠭ᠋ᠠᠬᠤ᠂ ᠥᠯᠦ ᠬᠠᠮᠵᠢᠯᠴᠠᠬᠤ᠂ ᠡᠰᠡᠭᠦᠯ᠎ᠡ ᠬᠢᠨᠠᠨ ᠪᠣᠳᠣᠭᠴᠢᠳᠢ ᠠᠶᠤᠯᠭ᠋ᠠᠨ ᠰᠦᠷᠳᠡᠬᠦᠯᠬᠥ ᠪᠣᠶᠤ ᠥᠰᠢᠶ᠎ᠡ ᠠᠪᠤᠭᠰᠠᠨ ᠶᠠᠪᠤᠳᠠᠯ᠎ᠢ ᠬᠠᠦᠯᠢ ᠳᠦᠷᠢᠮ ᠰᠠᠬᠢᠯᠭ᠎ᠠ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠥ ᠬᠡᠷᠡᠭᠲᠡᠶ᠃ ᠣᠷᠣᠨ ᠨᠤᠲᠤᠭ᠎ᠤᠨ ᠡᠯ᠎ᠡ ᠱᠠᠲᠤᠨ᠎ᠤ ᠬᠢᠨᠠᠨ ᠪᠣᠳᠣᠬᠤ ᠪᠠᠶ᠋ᠢᠭᠤᠯᠭ᠎ᠠ᠎ᠨᠤᠭᠤᠳ ᠬᠢᠨᠠᠨ ᠪᠣᠳᠣᠭᠰᠠᠨ ᠦᠷ᠎ᠡ ᠳ᠋ᠦᠩ ᠪᠣᠯᠣᠨ ᠬᠦᠨᠳᠦ ᠶᠡᠬᠡ ᠬᠡᠷᠡᠭ᠎ᠤᠨ ᠰᠦᠪᠡᠭᠴᠢ ᠵᠢ ᠠᠳᠠᠯᠢ ᠱᠠᠲᠤᠨ᠎ᠤ ᠵᠠᠰᠠᠭ᠎ᠤᠨ ᠣᠷᠳᠣᠨ᠎ᠳᠤ ᠮᠡᠳᠡᠭᠦᠯᠬᠦ ᠵᠢᠨ ᠬᠠᠮᠲᠤ ᠡᠷᠬᠡᠪᠰᠢ ᠳᠡᠭᠡᠷ᠎ᠡ ᠨᠢᠭᠡᠨ ᠱᠠᠲᠤᠨ᠎ᠤ ᠬᠢᠨᠠᠨ ᠪᠣᠳᠣᠬᠤ ᠪᠠᠶ᠋ᠢᠭᠤᠯᠭ᠎ᠠ᠎ᠳᠤ ᠮᠡᠳᠡᠭᠦᠯᠬᠦ ᠬᠡᠷᠡᠭᠲᠡᠢ ᠭᠡᠵᠦ ᠲᠣᠳᠣᠷᠬᠠᠢ᠌ᠯᠠᠪᠠ᠂ ᠡᠨᠡ᠎ᠨᠢ ᠠᠳᠠᠯᠢ ᠱᠠᠲᠤᠨ᠎ᠤ ᠵᠠᠰᠠᠭ᠎ᠤᠨ ᠣᠷᠳᠣᠨ᠎ᠤ ᠨᠣᠶᠠᠨ ᠨᠣᠶᠠᠨ ᠵᠶ᠋ᠠᠨ ᠬᠠᠷᠢᠯᠴᠠᠨ ᠥᠮᠦᠭᠡᠷᠡᠬᠥ ᠵᠢ ᠰᠡᠷᠭᠡᠢ᠌ᠯᠡᠵᠦ᠂ ᠬᠢᠨᠠᠨ ᠪᠣᠳᠣᠬᠤ ᠠᠵᠢᠯ᠎ᠤᠨ ᠤᠷᠤᠭᠰᠢᠲᠠᠶ ᠶᠠᠪᠤᠭᠳᠠᠬᠤ᠎ᠳᠤ ᠠᠰᠢᠭᠲᠠᠢ ᠪᠣᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ᠎ᠨᠢ ᠬᠢᠨᠠᠨ ᠪᠣᠳᠣᠬᠤ ᠠᠵᠢᠯ᠎ᠳᠠᠬᠢ ᠪᠠᠲᠤ ᠴᠢᠨᠭᠭ᠎ᠠ ᠳᠡᠮᠵᠢᠯᠭᠡ ᠪᠣᠯᠣᠨ ᠬᠦᠨᠳᠦ ᠨᠠᠶ᠋ᠢᠳᠠᠯᠭ᠎ᠠ ᠵᠢ ᠢᠯᠡᠷᠡᠭᠦᠯᠵᠦ᠂ ᠬᠢᠨᠠᠨ ᠪᠣᠳᠣᠬᠤ ᠠᠵᠢᠯ ᠰᠢᠨ᠎ᠡ ᠬᠡᠪ ᠪᠠᠶ᠋ᠢᠳᠠᠯ᠎ᠳᠤ ᠤᠷᠤᠭᠰᠠᠨ᠎ᠢ ᠬᠠᠷᠠᠭᠤᠯᠵᠠᠢ᠄ ᠡᠭᠦᠷᠭᠡ ᠬᠠᠷᠢᠭᠤᠴᠠᠯᠭ᠎ᠠ ᠵᠢᠨ ᠣᠷᠣᠨ ᠪᠠᠶ᠋ᠢᠷᠢ ᠨᠡᠩ ᠥᠨᠳᠥᠷᠵᠢᠵᠦ᠂ ᠡᠭᠦᠷᠭᠡ ᠨᠡᠩ ᠬᠥᠨᠳᠦᠷᠡᠵᠦ᠂ ᠡᠷᠬᠡ ᠮᠡᠳᠡᠯ ᠨᠡᠩ ᠶᠡᠬᠡᠳᠴᠦ᠂ ᠱᠠᠭ᠋ᠠᠷᠳᠠᠯᠭ᠎ᠠ ᠨᠡᠩ ᠴᠢᠩᠭ᠋ᠠᠷᠠᠵᠤ᠂ ᠲᠦᠭᠰᠢᠭᠦᠷᠢ ᠴᠦ᠍ ᠪᠠᠰᠠ ᠨᠡᠩ ᠶᠡᠬᠡ ᠪᠣᠯᠵᠤ᠂ ᠬᠢᠨᠠᠨ ᠪᠣᠳᠣᠯᠲᠠ ᠵᠢᠨ ᠤᠯᠤᠰ ᠣᠷᠣᠨ᠎ᠢ ᠵᠠᠰᠠᠬᠤ ᠪᠠᠭ᠋ᠠᠵᠢ ᠵᠢᠨ ᠥᠪᠡᠷᠮᠢᠴᠡ ᠣᠨᠴᠠᠯᠢᠭ᠎ᠨᠢ ᠡᠳᠦᠷ ᠢᠷᠡᠬᠦᠶ᠎ᠡ ᠳᠣᠪᠣᠢ᠌ᠮ᠎ᠠ ᠪᠣᠯᠪᠠ᠃ 《ᠨᠡᠮᠡᠭᠳᠡᠯ᠎ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠵᠢ ᠠᠬᠢᠭᠤᠯᠬᠤ᠂ ᠪᠦᠲᠦᠴᠡ ᠵᠢ ᠲᠣᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠲᠦᠭᠰᠢᠭᠦᠷᠢ ᠵᠢ ᠰᠡᠷᠭᠡᠶ᠋ᠢᠯᠡᠬᠦ》 ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ᠎ᠳᠤ᠂ ᠬᠢᠨᠠᠨ ᠪᠣᠳᠣᠬᠤ ᠠᠵᠢᠯ᠎ᠤᠨ ᠬᠦᠨᠳᠦ ᠡᠭᠦᠷᠭᠡ ᠵᠢ ᠡᠭᠦᠷᠭᠡᠯᠡᠨ᠂ ᠲᠦᠯᠬᠢᠵᠤ ᠪᠣᠯᠣᠰᠢ ᠦᠭᠡᠢ ᠬᠠᠷᠢᠭᠤᠴᠠᠯᠭ᠎ᠠ᠎ᠲᠠᠢ ᠪᠠᠢ᠌ᠨ᠎ᠠ᠃
[ᠬᠥᠲᠥᠯᠦᠭᠴᠢ]
ᠮᠠᠨ᠎ᠤ ᠬᠢᠨᠠᠨ ᠪᠣᠳᠣᠬᠤ ᠰᠠᠯᠠᠭ᠎ᠠ ᠮᠥᠴᠢᠷ᠎ᠤᠳ᠎ᠨᠢ ᠰᠢᠨ᠎ᠡ ᠬᠡᠪ ᠪᠠᠶ᠋ᠢᠳᠠᠯ ᠳᠣᠣᠷ᠎ᠠ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠬᠡᠷᠬᠢᠨ ᠲᠤᠤᠱᠯᠠᠭᠤᠯᠤᠨ ᠨᠠᠢ᠌ᠳᠠᠪᠤᠷᠢᠵᠢᠭᠤᠯᠬᠤ ᠪᠤᠶ?
[ᠯᠢᠦ ᠸᠸᠨ ᠯᠸᠢ]
ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠬᠢᠨᠠᠨ ᠪᠣᠳᠣᠬᠤ ᠵᠢᠨ ᠠᠭᠤᠯᠤᠭᠳᠠᠬᠤᠨ ᠮᠠᠰᠢ ᠲᠥᠷᠭᠡᠨ ᠪᠠᠶᠠᠯᠢᠭᠵᠢᠵᠤ᠂ ᠠᠭᠤᠯᠬᠤᠨ᠎ᠨᠢ ᠦᠳᠲᠡᠷ ᠲᠦᠷᠭᠡᠨ ᠥᠷᠭᠡᠳᠪᠡ᠂ ᠡᠨᠡ᠎ᠨᠢ ᠬᠢᠨᠠᠨ ᠪᠣᠳᠣᠯᠲᠠ ᠵᠢᠨ ᠺᠠᠳ᠋ᠷ ᠰᠢᠨ᠎ᠡ ᠬᠡᠪ ᠪᠠᠶ᠋ᠢᠳᠠᠯ᠎ᠳᠤ ᠦᠳᠲᠡᠷ ᠲᠦᠷᠭᠡᠨ ᠵᠣᠬᠢᠴᠠᠬᠤ ᠵᠢ ᠱᠠᠭ᠋ᠠᠷᠳᠠᠪᠠ᠃
ᠰᠢᠨ᠎ᠡ ᠬᠡᠪ ᠪᠠᠶ᠋ᠢᠳᠠᠯ᠂ ᠰᠢᠨ᠎ᠡ ᠡᠭᠦᠷᠭᠡ᠃ ᠰᠢᠨ᠎ᠡ ᠱᠠᠭ᠋ᠠᠷᠳᠠᠯᠭ᠎ᠠ᠂ ᠲᠣᠭᠲᠠᠭ᠋ᠠᠯ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠬᠢᠨᠠᠨ ᠪᠣᠳᠣᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠪᠣᠳᠠᠲᠠᠶ ᠲᠤᠬᠠᠶ᠋ᠢᠯᠠᠭᠰᠠᠨ ᠠᠵᠢᠯ᠎ᠤᠨ ᠲᠠᠯ᠎ᠠ᠎ᠪᠠᠷ ᠪᠠᠰᠠ ᠨᠢᠭᠡ ᠬᠡᠮᠵᠢᠶᠡᠨ᠎ᠤ ᠲᠣᠬᠢᠷᠠᠭᠤᠯᠤᠯᠲᠠ ᠬᠢᠬᠦ ᠪᠣᠯᠣᠨ᠎ᠠ᠃
ᠡᠳ᠋᠎ᠤᠨ ᠵᠠᠰᠠᠭ᠎ᠤᠨ ᠬᠢᠨᠠᠨ ᠪᠣᠳᠣᠯᠲᠠ ᠵᠢ ᠭᠦᠨᠵᠡᠭᠡᠢ᠌ᠷᠡᠭᠦᠯᠦᠨ᠎ᠡ᠃ ᠡᠳ᠋᠎ᠤᠨ ᠵᠠᠰᠠᠭ᠎ᠤᠨ ᠬᠢᠨᠠᠨ ᠪᠣᠳᠣᠯᠲᠠ ᠵᠢᠨ ᠬᠦᠴᠦᠯᠡᠬᠦ ᠴᠢᠭ᠋᠎ᠢ ᠣᠯᠠᠨ ᠨᠡᠶ᠋ᠢᠲᠡ ᠵᠢᠨ ᠪᠡᠯᠡ ᠮᠥᠩᠭᠥᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠠᠬᠢᠭᠤᠯᠬᠤ ᠳᠡᠭᠡᠷ᠎ᠡ ᠲᠠᠯᠪᠢᠵᠤ᠂ ᠨᠢᠭᠡ᠎ᠳᠤ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠪᠣᠯᠤᠨ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠰᠠᠬᠢᠶ᠎ᠠ ᠳᠦᠷᠢᠮ》᠎ᠤᠨ ᠱᠠᠭ᠋ᠠᠷᠳᠠᠯᠭ᠎ᠠ ᠵᠢ ᠲᠣᠣᠱᠯᠠᠭᠤᠯᠬᠤ ᠲᠣᠭᠣᠷᠢᠨ᠎ᠳᠤ᠂ ᠠᠯᠪᠠᠨ ᠵᠠᠷᠤᠯᠭ᠎ᠠ ᠪᠣᠯᠣᠨ ᠠᠯᠪᠠᠨ᠎ᠤ ᠵᠣᠭᠣᠰ᠎ᠤᠨ ᠬᠡᠷᠡᠭᠯᠡᠭᠡ ᠵᠢᠨ ᠬᠢᠨᠠᠨ ᠪᠣᠳᠣᠯᠲᠠ ᠵᠢ ᠴᠢᠩᠭ᠋ᠠᠳᠬᠠᠵᠤ᠂ ᠬᠡᠳᠦ ᠬᠡᠬᠡᠨᠴᠢᠷ ᠪᠦᠷᠢᠯᠭᠡᠨ ᠰᠦᠢ᠍ᠳᠬᠡᠬᠦ ᠪᠠᠢ᠌ᠭᠤᠯᠤᠯᠲᠠ ᠵᠢᠨ ᠬᠢᠨᠠᠨ ᠪᠣᠳᠣᠯᠲᠠ ᠵᠢ ᠴᠢᠨᠭ᠌ᠭ᠋ᠠᠳᠬᠠᠨ᠂ ᠠᠯᠪᠠᠨ ᠲᠡᠷᠭᠡ ᠵᠢᠨ ᠳᠦᠷᠢᠮ᠎ᠤᠨ ᠥᠭᠡᠷᠡᠴᠢᠯᠡᠯᠲᠡ ᠵᠢᠨ ᠬᠢᠨᠠᠨ ᠪᠣᠳᠣᠯᠲᠠ ᠵᠢ ᠴᠢᠩᠭ᠋ᠠᠳᠬᠠᠵᠤ᠂ ᠲᠤᠰᠬᠠᠶ ᠵᠦᠢ᠍ᠯ᠎ᠤᠨ ᠬᠢᠨᠠᠨ ᠪᠣᠳᠣᠯᠲᠠ ᠵᠢᠨ ᠡᠷᠴᠢᠮ᠎ᠢ ᠴᠢᠨᠭ᠌ᠭ᠋ᠠᠷᠠᠭᠤᠯᠤᠨ᠂ ᠠᠷᠪᠢᠯᠠᠨ ᠭᠠᠮᠨᠠᠬᠤ ᠪᠠ ᠬᠠᠮᠢᠶᠠᠷᠤᠯᠲᠠ᠎ᠪᠠᠨ ᠵᠢᠷᠤᠮᠵᠢᠭᠤᠯᠬᠤ ᠵᠢ ᠠᠬᠢᠭᠤᠯᠵᠤ᠂ ᠪᠣᠷᠣᠭᠵᠢᠭᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠪᠠᠲᠤᠯᠠᠭ᠎ᠠ ᠵᠢᠨ ᠴᠢᠨᠠᠷᠲᠠᠶ ᠠᠮᠤᠭᠤᠯᠠᠨᠭ᠌ ᠣᠷᠣᠨ ᠰᠠᠭᠤᠴᠠ ᠵᠢᠨ ᠢᠨᠵᠧᠨᠧᠷᠢᠩ᠂ ᠲᠠᠷᠢᠶᠠᠯᠠᠩ ᠣᠶ ᠰᠢᠭᠤᠶ ᠤᠰᠤᠨ᠎ᠤ ᠶᠠᠪᠤᠳᠠᠯ᠂ ᠰᠤᠷᠭ᠋ᠠᠨ ᠬᠥᠮᠦᠵᠢᠯ᠂ ᠡᠮ ᠡᠮᠨᠡᠯᠭᠡ᠂ ᠬᠤᠨᠵᠢᠪᠤᠷᠢᠲᠤ ᠰᠤᠭᠤᠯᠤᠭ᠎ᠠ ᠵᠡᠷᠭᠡ ᠪᠡᠯᠡ ᠮᠥᠩᠭᠥ ᠪᠣᠯᠣᠨ ᠲᠥᠷᠥᠯ ᠵᠦᠢ᠍ᠯ᠎ᠤᠨ ᠬᠢᠨᠠᠨ ᠪᠣᠳᠣᠯᠲᠠ ᠵᠢ ᠴᠢᠩᠭ᠋ᠠᠳᠬᠠᠵᠤ᠂ ᠣᠯᠠᠨ ᠲᠦᠮᠡᠨ᠎ᠤ ᠳᠡᠷᠭᠡᠳᠡ ᠡᠭᠦᠰᠴᠦ ᠪᠠᠶ᠋ᠢᠭ᠎ᠠ ᠬᠠᠦᠯᠢ ᠵᠢ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ ᠠᠰᠠᠭᠤᠳᠠᠯ᠎ᠢ ᠢᠯᠡᠷᠡᠭᠦᠯᠦᠨ ᠲᠤᠰᠬᠠᠨ᠎ᠠ᠃ ᠣᠯᠠᠨ ᠨᠡᠶ᠋ᠢᠲᠡ ᠵᠢᠨ ᠪᠡᠯᠡ ᠮᠥᠩᠭᠥ ᠵᠢ ᠴᠢᠨᠭᠭ᠎ᠠ ᠬᠠᠮᠢᠶᠠᠷᠴᠤ᠂ ᠱᠠᠮᠰᠢᠬᠤ᠂ ᠪᠦᠷᠢᠯᠭᠡᠬᠦ ᠵᠡᠷᠭᠡ ᠬᠠᠤᠯᠢ ᠵᠢ ᠵᠥᠷᠢᠴᠡᠵᠦ ᠰᠠᠬᠢᠯᠭ᠎ᠠ ᠪᠠᠲᠤ ᠵᠢ ᠵᠦᠷᠢᠴᠡᠬᠥ ᠦᠢ᠍ᠯᠡ ᠠᠵᠢᠯᠯᠠᠭ᠎ᠠ ᠵᠢ ᠴᠢᠩᠭ᠎ᠠ ᠰᠡᠷᠭᠡᠢ᠌ᠯᠡᠨ᠎ᠡ᠃ ᠬᠣᠶᠠᠷ᠎ᠲᠤ᠂ ᠨᠡᠶ᠋ᠢᠭᠡᠮ ᠨᠡᠶ᠋ᠢᠲᠡ᠎ᠳᠤ ᠢᠯᠡ ᠪᠣᠯᠭ᠋ᠠᠵᠤ᠂ ᠬᠢᠨᠠᠨ ᠪᠣᠳᠣᠬᠤ ᠠᠵᠢᠯ᠎ᠤᠨ ᠪᠠᠶ᠋ᠢᠳᠠᠯ᠎ᠢ ᠢᠯᠡ ᠪᠣᠯᠭ᠋ᠠᠵᠤ᠂ ᠬᠢᠨᠠᠨ ᠪᠣᠳᠣᠭᠰᠠᠨ ᠦᠷ᠎ᠡ ᠳ᠋ᠦᠩ᠎ᠢ ᠢᠯᠡ ᠪᠣᠯᠭ᠋ᠠᠵᠤ᠂ ᠪᠠᠶ᠋ᠢᠴᠠᠭ᠋ᠠᠨ ᠰᠢᠢ᠍ᠳᠪᠦᠷᠢᠯᠡᠵᠦ ᠴᠡᠭᠴᠡᠯᠡᠨ ᠰᠠᠢ᠌ᠵᠢᠷᠠᠭᠤᠯᠤᠭᠰᠠᠨ ᠦᠷ᠎ᠡ ᠳ᠋ᠦᠩ᠎ᠢ ᠢᠯᠡ ᠪᠣᠯᠭ᠋ᠠᠨ᠎ᠠ᠃ ᠦᠷ᠎ᠡ ᠠᠰᠢᠭ᠎ᠢ ᠯᠠᠪᠯᠠᠬᠤ᠂ ᠠᠮᠵᠢᠯᠲᠠ ᠵᠢ ᠯᠠᠪᠯᠠᠬᠤ᠂ ᠬᠠᠷᠢᠭᠤᠴᠠᠯᠭ᠎ᠠ ᠵᠢ ᠠᠰᠠᠭᠤᠬᠤ ᠵᠢ ᠬᠢᠨᠠᠨ ᠪᠣᠳᠣᠬᠤ ᠠᠵᠢᠯ᠎ᠳᠤ ᠨᠡᠢ᠌ᠳᠡᠮ ᠲᠤᠤᠱᠯᠠᠭᠤᠯᠤᠨ᠂ ᠣᠯᠠᠨ ᠨᠡᠶ᠋ᠢᠲᠡ ᠵᠢᠨ ᠪᠡᠯᠡ ᠮᠥᠨᠭᠭᠥ ᠵᠢ ᠠᠮᠤᠷ ᠲᠦᠪᠰᠢᠨ ᠥᠨᠳᠥᠷ ᠪᠦᠲᠦᠮᠵᠢᠲᠡᠶ ᠬᠡᠷᠡᠭᠯᠡᠬᠥ ᠵᠢ ᠠᠬᠢᠭᠤᠯᠤᠨ᠎ᠠ᠃
ᠠᠷᠠᠳ᠎ᠤᠨ ᠠᠮᠢᠳᠤᠷᠠᠯ᠎ᠤᠨ ᠬᠢᠨᠠᠨ ᠪᠣᠳᠣᠯᠲᠠ ᠵᠢ ᠴᠢᠨᠭ᠌ᠭ᠋ᠠᠳᠬᠠᠨ᠎ᠠ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ᠎ᠨᠢ ᠠᠷᠠᠳ ᠣᠯᠠᠨ᠎ᠤ ᠲᠤᠰ ᠪᠡᠶ᠎ᠡ ᠵᠢᠨ ᠠᠰᠢᠭ ᠲᠤᠰᠠᠲᠠᠢ ᠬᠣᠯᠪᠤᠭᠳᠠᠬᠤ ᠮᠥᠷᠲᠡᠭᠡᠨ ᠪᠠᠰᠠ ᠠᠵᠤ ᠠᠬᠤᠶ ᠵᠢᠨ ᠨᠡᠮᠡᠭᠳᠡᠯ᠎ᠳᠠᠬᠢ ᠲᠣᠳᠣᠭ᠋ᠠᠲᠤ ᠬᠡᠷᠡᠭᠯᠡᠭᠡ ᠵᠢᠨ ᠳᠠᠢ᠌ᠴᠢᠯᠠᠬᠤ ᠬᠦᠦᠴᠨᠢ ᠨᠡᠮᠡᠭᠳᠡᠬᠦᠯᠬᠦ ᠵᠢᠨ ᠬᠡᠷᠡᠭᠴᠡᠭᠡ ᠮᠦᠨ᠃ ᠠᠷᠠᠳ᠎ᠤᠨ ᠠᠮᠢᠳᠤᠷᠠᠯ᠎ᠤᠨ ᠬᠢᠨᠠᠨ ᠪᠣᠳᠣᠯᠲᠠ᠎ᠳᠤ ᠭᠣᠯᠳᠣᠰᠢ ᠪᠣᠳᠣᠬᠣ ᠵᠢ ᠪᠠᠷᠢᠮᠲᠠᠯᠠᠵᠤ᠂ ᠪᠡᠯᠡ ᠮᠥᠨᠭᠭᠥᠨᠤ ᠬᠠᠨᠳᠤᠰᠢ ᠵᠢ ᠳᠠᠭ᠋ᠠᠭᠤᠯᠵᠤ᠂ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠂ ᠲᠥᠰᠦᠪ᠎ᠤᠨ ᠲᠣᠬᠢᠷᠠᠭᠤᠯᠤᠯᠲᠠ᠂ ᠪᠡᠯᠡ ᠮᠥᠩᠭᠥ ᠬᠤᠪᠢᠶᠠᠷᠢᠯᠠᠨ ᠥᠭᠬᠦ᠎ᠠᠴᠠ ᠠᠪᠤᠭ᠋ᠠᠳ ᠲᠥᠷᠥᠯ ᠵᠦᠢ᠍ᠯ ᠬᠦᠷᠲᠡᠯ᠎ᠡ᠂ ᠬᠤᠪᠢ ᠬᠥᠮᠦᠨ ᠬᠦᠷᠲᠡᠯ᠎ᠡ ᠮᠦᠷᠳᠡᠵᠦ᠂ ᠣᠯᠠᠨ ᠲᠦᠮᠡᠨ ᠡᠭᠦᠨ᠎ᠤ ᠳᠤᠮᠳᠠ᠎ᠠᠴᠠ ᠦᠨᠡᠨ ᠬᠦ᠌ ᠠᠰᠢᠭ ᠬᠦᠷᠲᠡᠬᠥ ᠵᠢ᠎ᠨᠢ ᠪᠠᠲᠤᠯᠠᠨ᠎ᠠ᠃ ᠣᠷᠣᠰᠢᠵᠤ ᠪᠠᠶ᠋ᠢᠭ᠎ᠠ ᠬᠦᠴᠢᠷ ᠪᠡᠷᠬᠡᠰᠢᠶᠡᠯ᠂ ᠠᠰᠠᠭᠤᠳᠠᠯ ᠪᠣᠯᠣᠨ ᠲᠦᠭᠰᠢᠭᠦᠷᠢ ᠵᠢ ᠢᠯᠡᠷᠡᠭᠦᠯᠵᠦ᠂ ᠠᠷᠭ᠋ᠠᠴᠠᠬᠤ ᠪᠣᠳᠣᠯᠭ᠎ᠠ ᠰᠠᠨᠠᠭᠤᠯᠭ᠎ᠠ ᠳᠤᠷᠠᠳᠤᠨ᠎ᠠ᠃
[ᠯᠢᠦ ᠸᠸᠨ ᠯᠸᠢ]
ᠪᠡᠯᠡ ᠣᠷᠤᠭᠤᠯᠤᠯᠲᠠ ᠵᠢ ᠬᠢᠨᠠᠨ ᠪᠣᠳᠣᠬᠣ ᠵᠢ ᠰᠠᠢ᠌ᠲᠤᠷ ᠠᠳᠬᠤᠬᠤ ᠬᠡᠷᠡᠭᠲᠡᠢ᠃ 《ᠪᠦᠬᠦᠨ᠎ᠢ ᠬᠠᠮᠤᠷᠬᠤ》 ᠵᠢᠨ ᠰᠡᠳᠬᠢᠮᠵᠢ᠂ ᠣᠨᠣᠯᠵᠢᠬᠤᠨ ᠵᠶ᠋ᠠᠷ ᠲᠤᠰ ᠠᠵᠢᠯ᠎ᠢ ᠬᠥᠲᠥᠯᠥᠨ ᠳᠠᠭ᠋ᠠᠭᠤᠯᠬᠤ ᠪᠠ ᠠᠬᠢᠭᠤᠯᠣᠨ᠎ᠠ᠃ ᠬᠢᠨᠠᠨ ᠪᠣᠳᠣᠬᠤ ᠰᠢᠨ᠎ᠡ ᠠᠷᠭ᠎ᠠ ᠵᠢ ᠡᠭᠦᠳᠴᠦ᠂ ᠮᠥᠷᠳᠡᠵᠦ ᠬᠢᠨᠠᠨ ᠪᠣᠳᠣᠬᠣ ᠡᠷᠴᠢᠮ ᠵᠶ᠋ᠠᠨ ᠴᠢᠩᠭ᠋ᠠᠷᠠᠭᠤᠯᠵᠤ᠂ ᠴᠢᠬᠤᠯᠠ ᠶᠡᠬᠡ ᠲᠥᠷᠥᠯ ᠵᠦᠢ᠍ᠯ᠎ᠤᠨ ᠪᠦᠬᠦ ᠶᠠᠪᠤᠴᠠ᠎ᠳᠤ ᠬᠢᠨᠠᠨ ᠪᠣᠳᠣᠬᠣ ᠵᠢᠨ ᠬᠢᠨᠠᠯᠲᠠ ᠲᠠᠯᠪᠢᠬᠤ ᠵᠢ ᠴᠢᠷᠮᠠᠢ᠌ᠨ ᠪᠡᠶᠡᠯᠡᠭᠦᠯᠦᠨ᠎ᠡ᠃ ᠬᠢᠨᠠᠨ ᠪᠣᠳᠣᠬᠤ ᠪᠠᠶ᠋ᠢᠭᠤᠯᠭ᠎ᠠ ᠤᠯᠤᠰ᠎ᠤᠨ ᠪᠡᠯᠡ ᠣᠷᠣᠭᠤᠯᠤᠯᠲᠠ ᠵᠢᠨ ᠢᠨᠵᠧᠨᠧᠷᠢᠩ᠎ᠤᠨ ᠪᠥᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠪᠣᠳᠣᠬᠣ ᠶᠠᠪᠤᠴᠠ᠎ᠳᠤ ᠣᠯᠵᠤ ᠮᠡᠳᠡᠭᠰᠡᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ᠎ᠳᠤ ᠬᠠᠦᠯᠢ᠎ᠠᠴᠠ ᠵᠦᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ ᠠᠰᠠᠭᠤᠳᠠᠯ᠎ᠢ ᠴᠠᠭ ᠲᠤᠬᠠᠶ᠎ᠳᠤᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠦᠨ᠎ᠡ; ᠬᠢᠨᠠᠨ ᠲᠣᠭᠲᠠᠭ᠋ᠠᠭᠰᠠᠨ ᠲᠣᠭ᠎ᠠ ᠪᠣᠯᠣᠨ ᠳᠠᠭ᠋ᠠᠭ᠋ᠠᠴᠢᠯᠠᠯᠲᠠ ᠣᠯᠣᠭᠰᠠᠨ ᠦᠨ᠎ᠡ ᠵᠢᠨ ᠵᠥᠷᠢᠶ᠎ᠡ᠎ᠨᠢ ᠨᠡᠯᠢᠶᠡᠳ ᠶᠡᠬᠡ ᠲᠥᠷᠥᠯ ᠵᠦᠢ᠍ᠯ᠎ᠢ ᠪᠣᠯ ᠠᠳᠠᠯᠢ ᠪᠤᠰᠤ ᠪᠠᠶ᠋ᠢᠳᠠᠯ ᠵᠶ᠋ᠠᠷ᠎ᠨᠢ ᠲᠥᠷᠥᠯ ᠵᠦᠢ᠍ᠯ᠎ᠤᠨ ᠥᠮᠴᠢᠲᠡᠨ᠎ᠢ ᠵᠠᠷᠯᠢᠭᠳᠠᠵᠤ ᠪᠠᠶ᠋ᠢᠭ᠋ᠠᠳ ᠴᠠᠭ ᠲᠤᠬᠠᠶ᠎ᠳᠤᠨᠢ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠲᠤ ᠳᠡᠭᠡᠭᠰᠢ ᠮᠡᠳᠡᠭᠦᠯᠦᠨ ᠵᠦᠪᠰᠢᠶᠡᠷᠡᠭᠦᠯᠬᠦ᠂ ᠡᠰᠡᠬᠦᠯ᠎ᠡ ᠬᠢᠨᠠᠨ ᠪᠠᠶ᠋ᠢᠴᠠᠭ᠋ᠠᠬᠤ ᠪᠤᠶᠤ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠴᠠᠭ ᠲᠤᠬᠠᠶ᠎ᠳᠤᠨᠢ ᠰᠢᠯᠵᠢᠭᠦᠯᠦᠨ ᠬᠦᠷᠭᠡᠵᠦ ᠬᠢᠨᠠᠨ ᠪᠠᠢ᠌ᠴᠠᠭ᠋ᠠᠯᠭ᠋ᠠᠵᠤ ᠰᠢᠢ᠍ᠳᠪᠦᠷᠢᠯᠡᠭᠦᠯᠦᠨ᠎ᠡ; ᠬᠢᠨᠠᠨ ᠬᠠᠰᠤᠬᠤ ᠲᠣᠭ᠎ᠠ ᠬᠡᠮᠵᠢᠶ᠎ᠡ᠎ᠨᠢ ᠨᠡᠯᠢᠶᠡᠳ ᠶᠡᠬᠡ ᠲᠥᠷᠥᠯ ᠵᠦᠢ᠍ᠯ᠎ᠢ ᠪᠣᠯ ᠬᠢᠨᠠᠨ ᠪᠠᠶ᠋ᠢᠴᠠᠭ᠋ᠠᠬᠤ ᠪᠤᠶᠤ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠴᠠᠭ ᠲᠤᠬᠠᠶ᠎ᠳᠤᠨᠢ ᠰᠢᠯᠵᠢᠭᠦᠯᠦᠨ ᠬᠦᠷᠭᠡᠵᠦ ᠬᠢᠨᠠᠨ ᠪᠠᠢ᠌ᠴᠠᠭ᠋ᠠᠯᠭ᠋ᠠᠨ ᠰᠢᠢ᠍ᠳᠪᠦᠷᠢᠯᠡᠭᠦᠯᠬᠦ ᠵᠡᠷᠭᠡ ᠬᠠᠮᠢᠶ᠎ᠡ ᠪᠦᠬᠦᠢ ᠲᠣᠭᠲᠠᠭ᠋ᠠᠯ᠎ᠢ ᠪᠣᠲᠠᠲᠠᠢ ᠨᠠᠢ᠌ᠳᠠᠪᠤᠷᠢᠵᠢᠭᠤᠯᠤᠨ᠎ᠠ᠃
ᠠᠵᠤ ᠠᠬᠤᠶ ᠵᠢᠨ ᠬᠠᠷᠢᠭᠤᠴᠠᠯᠭ᠎ᠠ ᠵᠢᠨ ᠬᠢᠨᠠᠨ ᠪᠣᠳᠣᠯᠲᠠ ᠵᠢ᠃ ᠠᠮᠵᠢᠯᠲᠠ ᠪᠦᠲᠦᠮᠵᠢ ᠵᠢᠨ ᠣᠨᠣᠯᠵᠢᠬᠤᠨ᠎ᠢ ᠠᠵᠤ ᠠᠬᠤᠶ ᠵᠢᠨ ᠬᠠᠷᠢᠭᠤᠴᠠᠯᠭ᠎ᠠ ᠵᠢ ᠬᠢᠨᠠᠨ ᠪᠣᠳᠣᠬᠤ ᠠᠵᠢᠯ᠎ᠳᠤ ᠪᠦᠷᠢᠨ ᠲᠤᠤᠱᠯᠠᠭᠤᠯᠵᠤ᠂ ᠲᠤᠰᠢᠶᠠᠯ᠎ᠤᠨ ᠬᠤᠭᠤᠴᠠᠭ᠋ᠠᠨ᠎ᠳᠤ ᠬᠢᠨᠠᠨ ᠪᠣᠳᠣᠬᠣ᠎ᠪᠠᠷ ᠭᠣᠣᠯ ᠪᠣᠯᠭ᠋ᠠᠵᠤ᠂ ᠲᠤᠰᠢᠶᠠᠯ᠎ᠤᠨ ᠬᠤᠭᠤᠴᠠᠭ᠋ᠠᠨ᠎ᠳᠤ ᠬᠢᠨᠠᠨ ᠪᠣᠳᠣᠬᠣ ᠪᠠ ᠲᠤᠰᠢᠶᠠᠯ᠎ᠠᠴᠠ᠎ᠪᠠᠨ ᠰᠠᠯᠤᠭᠰᠠᠨ᠎ᠤ ᠬᠣᠢ᠌ᠨ᠎ᠠ ᠬᠢᠨᠠᠨ ᠪᠣᠳᠣᠬᠣ ᠵᠢ ᠤᠶᠠᠯᠳᠤᠭᠤᠯᠬᠤ ᠬᠢᠨᠠᠨ ᠪᠣᠳᠣᠬᠤ ᠠᠷᠭ᠎ᠠ ᠵᠢ ᠴᠢᠨᠭ᠌ᠭ᠋ᠠᠳᠬᠠᠵᠤ᠂ ᠤᠳᠤᠷᠢᠳᠬᠤ ᠺᠠᠳ᠋ᠷ᠎ᠤᠨ ᠠᠵᠤ ᠠᠬᠤᠶ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠳᠤ ᠬᠢᠨᠠᠨ ᠪᠣᠳᠣᠯᠲᠠ ᠵᠢᠨ ᠪᠥᠬᠥᠨ᠎ᠢ ᠪᠥᠷᠬᠦᠬᠦᠯᠬᠦ ᠵᠢ ᠬᠡᠷᠡᠭᠵᠢᠭᠦᠯᠵᠦ᠂ ᠪᠦᠬᠦ ᠲᠠᠯ᠎ᠠ᠎ᠪᠠᠷ ᠬᠢᠨᠠᠯᠲᠠ ᠲᠠᠯᠪᠢᠬᠤ᠎ᠠᠴᠠ ᠭᠠᠳᠠᠨ᠎ᠠ ᠪᠠᠰᠠ ᠪᠦᠬᠦ ᠲᠠᠯ᠎ᠠ᠎ᠪᠠᠷ ᠵᠠᠳᠠᠯᠵᠤ᠂ ᠬᠠᠮᠤᠭ ᠰᠡᠭᠦᠯ᠎ᠳᠤ᠎ᠨᠢ ᠬᠢᠨᠠᠨ ᠪᠣᠳᠣᠯᠲᠠ ᠵᠢ ᠬᠦᠯᠢᠶᠡᠭᠰᠡᠨ ᠤᠳᠤᠷᠢᠳᠬᠤ ᠺᠠᠳ᠋ᠷ᠎ᠤᠨ ᠲᠤᠰᠢᠶᠠᠯ ᠡᠭᠦᠷᠭᠡᠯᠡᠵᠦ ᠪᠠᠢ᠌ᠭ᠎ᠠ ᠬᠤᠭᠤᠴᠠᠭ᠋ᠠᠨ᠎ᠳᠠᠬᠢ ᠡᠭᠦᠷᠭᠡᠯᠡᠬᠦ ᠶᠣᠰᠣᠲᠠᠶ ᠠᠵᠤ ᠠᠬᠤᠶ ᠵᠢᠨ ᠬᠠᠷᠢᠭᠤᠴᠠᠯᠭ᠎ᠠ ᠪᠠᠶ᠋ᠢᠳᠠᠯ᠎ᠳᠤ ᠵᠥᠪ ᠣᠨᠣᠪᠴᠢᠲᠠᠶ᠂ ᠦᠨ᠎ᠡ ᠴᠡᠨ᠎ᠡ᠎ᠲᠠᠢ᠂ ᠲᠣᠯᠢᠳᠠᠭᠤᠰᠢᠲᠠᠢ ᠦᠨᠡᠯᠡᠯᠲᠡ ᠥᠭᠴᠦ᠂ ᠵᠣᠬᠢᠶᠠᠨ ᠪᠠᠢ᠌ᠭᠤᠯᠬᠤ ᠠᠵᠢᠯᠲᠠᠨ᠎ᠤ ᠶᠠᠪᠤᠳᠠᠯ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠲᠤ ᠤᠳᠤᠷᠢᠳᠬᠤ ᠺᠠᠳ᠋ᠷ᠎ᠢ ᠬᠢᠨᠠᠨ ᠰᠢᠯᠭ᠋ᠠᠬᠤ ᠪᠠ ᠲᠣᠮᠢᠯᠠᠨ ᠬᠡᠷᠡᠭᠯᠡᠬᠦ᠎ᠳᠤ ᠦᠨᠳᠦᠰᠦ ᠪᠠᠷᠢᠮᠲᠠ ᠬᠠᠨᠭ᠌ᠭ᠋ᠠᠨ᠎ᠠ᠃
ᠡᠬᠢ ᠪᠠᠶᠠᠯᠢᠭ᠎ᠤᠨ ᠣᠷᠴᠢᠨ ᠲᠣᠭᠣᠷᠢᠨ᠎ᠤ ᠬᠢᠨᠠᠨ ᠪᠣᠳᠣᠯᠲᠠ ᠵᠢ ᠭᠦᠨᠵᠡᠭᠡᠶ᠋ᠢᠷᠡᠭᠦᠯᠦᠨ ᠠᠬᠢᠭᠤᠯᠤᠨ᠎ᠠ᠃ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠡᠬᠢ ᠡᠭᠦᠰᠦᠯ᠎ᠠᠴᠠ᠎ᠨᠢ ᠴᠢᠩᠭ᠎ᠠ ᠰᠡᠷᠭᠡᠢ᠌ᠯᠡᠬᠥ᠂ ᠶᠠᠪᠤᠴᠠ ᠵᠢ᠎ᠨᠢ ᠴᠢᠩᠭ᠎ᠠ ᠬᠠᠮᠢᠶᠠᠷᠬᠤ᠂ ᠦᠷ᠎ᠡ ᠳ᠋ᠥᠨᠭᠢᠨᠢ ᠴᠢᠩᠭ᠎ᠠ ᠰᠢᠳᠬᠡᠬᠥ ᠲᠤᠬᠠᠢ ᠱᠠᠭ᠋ᠠᠷᠳᠠᠯᠭ᠎ᠠ ᠵᠢᠨ ᠲᠣᠭᠣᠷᠢᠨ᠎ᠳᠤ᠂ ᠡᠬᠢ ᠪᠠᠶᠠᠯᠢᠭ᠎ᠢ ᠬᠠᠮᠢᠶᠠᠷᠬᠤ᠂ ᠪᠣᠬᠢᠷᠲᠤᠯ᠎ᠢ ᠵᠠᠰᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠵᠡᠷᠭᠡ ᠪᠠᠶ᠋ᠢᠳᠠᠯ᠎ᠤᠨ ᠬᠢᠨᠠᠨ ᠪᠣᠳᠣᠯᠲᠠ ᠵᠢ ᠴᠢᠨᠭ᠌ᠭ᠋ᠠᠳᠬᠠᠨ᠎ᠠ᠃ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠬᠠᠮᠠᠭ᠋ᠠᠯᠠᠬᠤ ᠪᠠᠢ᠌ᠳᠠᠯ᠎ᠢ ᠬᠢᠨᠠᠨ ᠪᠣᠳᠣᠬᠣ᠎ᠪᠠᠨ ᠴᠢᠩᠭ᠋ᠠᠳᠬᠠᠵᠤ᠂ ᠬᠠᠮᠢᠶ᠎ᠡ ᠪᠦᠬᠦᠢ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠵᠢᠭᠤᠯᠤᠯ᠂ ᠠᠭᠤᠷᠬᠠᠶ ᠵᠢᠨ ᠠᠵᠤ ᠦᠢ᠍ᠯᠡᠰ᠎ᠤᠨ ᠡᠷᠬᠡ ᠵᠢᠨ ᠬᠠᠮᠢᠶᠠᠷᠤᠯᠲᠠ᠂ ᠪᠡᠯᠡ ᠮᠥᠩᠭᠥ ᠵᠢᠨ ᠲᠠᠲᠠᠪᠤᠷᠢᠯᠠᠯᠲᠠ ᠬᠠᠮᠢᠶᠠᠷᠤᠯᠲᠠ ᠵᠡᠷᠭᠡ ᠪᠠᠶ᠋ᠢᠳᠠᠯ᠎ᠢ ᠠᠩᠬᠠᠷᠴᠤ᠂ ᠬᠠᠤᠯᠢ᠎ᠠᠴᠠ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ᠂ ᠣᠷᠴᠢᠨ ᠲᠣᠭᠣᠷᠢᠨ᠎ᠢ ᠡᠪᠳᠡᠭᠰᠡᠨ ᠵᠡᠷᠭᠡ ᠠᠰᠠᠭᠤᠳᠠᠯ᠎ᠢ ᠭᠣᠣᠯᠯᠠᠨ ᠢᠯᠡᠷᠡᠭᠦᠯᠵᠦ᠂ ᠤᠯᠤᠰ᠎ᠤᠨ ᠥᠮᠴᠢᠯᠡᠯ᠎ᠤᠨ ᠡᠷᠬᠡ ᠠᠰᠢᠭ ᠪᠠ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠨ᠎ᠠ᠃
[ᠬᠥᠲᠥᠯᠦᠭᠴᠢ]
ᠬᠢᠨᠠᠨ ᠪᠣᠳᠣᠬᠤ ᠠᠵᠢᠯ᠎ᠤᠨ ᠬᠠᠷᠢᠭᠤᠴᠠᠯᠭ᠎ᠠ ᠬᠦᠨᠳᠦ ᠶᠣᠮ᠂ ᠬᠢᠨᠠᠨ ᠪᠣᠳᠣᠬᠤ ᠠᠵᠢᠯ᠎ᠢ ᠰᠠᠶ᠋ᠢᠲᠤᠷ ᠬᠢᠬᠦ ᠵᠢᠨ ᠲᠤᠰᠠᠲᠠ᠂ ᠮᠠᠨ᠎ᠤ ᠬᠢᠨᠠᠨ ᠪᠣᠳᠣᠬᠤ ᠰᠠᠯᠠᠭ᠎ᠠ ᠮᠥᠴᠢᠷ᠎ᠨᠢ ᠲᠤᠰ ᠡᠨᠭᠨᠡᠭᠡ ᠵᠢᠨ ᠪᠠᠶ᠋ᠢᠭᠤᠯᠤᠯᠲᠠ᠎ᠪᠠᠨ ᠬᠡᠷᠬᠢᠨ ᠴᠢᠨᠭ᠌ᠭ᠋ᠠᠳᠬᠠᠬᠤ ᠪᠤᠶ?
[ᠯᠢᠦ ᠸᠸᠨ ᠯᠸᠢ]
ᠬᠢᠨᠠᠨ ᠪᠣᠳᠣᠭᠴᠢᠳ ᠪᠣᠯᠤᠭᠰᠠᠨ᠎ᠤ ᠬᠤᠪᠢ᠎ᠳᠤ᠂ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠭᠡᠷᠡᠯᠲᠡᠶ ᠭᠡᠳᠡᠭ ᠵᠶ᠋ᠠᠨ ᠣᠢ᠌ᠯᠠᠭ᠋ᠠᠵᠤ ᠪᠠᠢ᠌ᠨ᠎ᠠ᠃ ᠰᠢᠨ᠎ᠡ ᠴᠠᠭ ᠦᠶ᠎ᠡ᠎ᠳᠤ ᠰᠢᠨ᠎ᠡ ᠡᠭᠦᠷᠭᠡ ᠡᠭᠦᠷᠭᠡᠯᠡᠬᠥᠳᠤ᠂ ᠡᠷᠬᠡᠪᠰᠢ ᠬᠢᠨᠠᠨ ᠪᠣᠳᠣᠬᠤ ᠳᠦᠷᠢᠮ᠎ᠤᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠣᠷᠢᠭ ᠰᠠᠨᠠᠭ᠎ᠠ᠎ᠪᠠᠷ ᠡᠯ᠎ᠡ ᠵᠦᠢ᠍ᠯ᠎ᠤᠨ ᠠᠵᠢᠯ ᠵᠶ᠋ᠠᠨ ᠠᠬᠢᠭᠤᠯᠵᠤ᠂ ᠬᠢᠨᠠᠨ ᠪᠣᠳᠣᠬᠤ ᠠᠵᠢᠯ᠎ᠢ ᠢᠮᠠᠭᠲᠠ ᠠᠮᠢᠵᠢᠷᠠᠯ᠎ᠤᠨ ᠬᠦᠴᠦᠨ᠎ᠲᠠᠢ ᠪᠠᠢ᠌ᠯᠭ᠋ᠠᠵᠤ᠂ ᠬᠢᠨᠠᠨ ᠪᠣᠳᠣᠬᠤ ᠠᠵᠢᠯ᠎ᠤᠨ ᠪᠦᠲᠦᠭᠡᠯᠴᠢ ᠴᠢᠳᠠᠪᠤᠷᠢ ᠵᠢ ᠬᠥᠭᠵᠢᠭᠡᠨ᠂ ᠬᠢᠨᠠᠨ ᠪᠣᠳᠣᠬᠤ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂ ᠬᠢᠨᠠᠨ ᠪᠣᠳᠣᠯᠲᠠ ᠵᠢᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃
ᠨᠢᠭᠡ᠎ᠳᠤ᠂ ᠤᠯᠤᠰ ᠲᠥᠷᠥ ᠵᠢᠨ ᠰᠢᠯᠢᠳᠡᠭ ᠵᠠᠩ ᠴᠢᠨᠠᠷ᠎ᠢ ᠳᠠᠪᠳᠠᠨ ᠪᠣᠯᠪᠠᠰᠤᠷᠠᠭᠤᠯᠤᠨ᠎ᠠ᠃ ᠬᠢᠨᠠᠨ ᠪᠣᠳᠣᠬᠤ ᠠᠵᠢᠯ᠎ᠢ ᠬᠢᠬᠥ᠎ᠳᠤ ᠡᠷᠬᠡᠪᠰᠢ ᠬᠡᠬᠦᠳᠡᠭ ᠴᠡᠭᠡᠵᠢᠨ᠎ᠳᠡᠭᠡᠨ ᠪᠦᠬᠦ ᠲᠠᠯ᠎ᠠ ᠵᠢ ᠪᠠᠭᠳᠠᠭ᠋ᠠᠵᠤ᠂ ᠥᠨᠳᠥᠷ᠎ᠲᠤ ᠵᠣᠭᠰᠣᠨ ᠠᠯᠤᠰ᠎ᠢ ᠪᠠᠷᠠᠯᠠᠨ᠂ ᠬᠢᠨᠠᠨ ᠪᠣᠳᠣᠯᠲᠠ ᠵᠢᠨ ᠺᠠᠳ᠋ᠷᠴᠤᠳ ᠡᠷᠬᠡᠪᠰᠢ ᠨᠠᠮ ᠪᠠ ᠤᠯᠤᠰ ᠣᠷᠣᠨ᠎ᠤ ᠠᠵᠢᠯ ᠦᠢ᠍ᠯᠡᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠵᠣᠭᠰᠣᠨ ᠠᠰᠠᠭᠤᠳᠠᠯ᠎ᠢ ᠪᠣᠳᠣᠯᠬᠢᠯᠠᠵᠤ᠂ ᠠᠰᠠᠭᠤᠳᠠᠯ᠎ᠢ ᠰᠢᠢ᠍ᠳᠪᠦᠷᠢᠯᠡᠬᠥ ᠬᠡᠷᠡᠭᠲᠡᠢ᠂ ᠡᠨᠡ᠎ᠨᠢ ᠪᠢᠳᠡᠨ᠎ᠢ ᠡᠷᠬᠡᠪᠰᠢ ᠤᠯᠤᠰ ᠲᠥᠷᠥ ᠵᠢᠨ ᠰᠢᠯᠢᠳᠡᠭ ᠵᠠᠩ ᠴᠢᠨᠠᠷᠲᠠᠢ ᠪᠠᠢ᠌ᠵᠤ᠂ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠨ᠂ ᠨᠠᠮ ᠪᠠ ᠤᠯᠤᠰ ᠣᠷᠣᠨ᠎ᠤ ᠠᠵᠢᠯ ᠦᠢ᠍ᠯᠡᠰ᠎ᠤᠨ ᠬᠥᠭᠵᠢᠯᠲᠡ᠎ᠳᠤ ᠣᠶᠤᠨ ᠤᠬᠠᠭ᠋ᠠᠨ ᠪᠣᠯᠣᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃ ᠡᠷᠡᠰ ᠪᠠᠲᠤ ᠢᠲᠡᠭᠡᠯ ᠬᠦᠰᠡᠯᠡᠩ᠎ᠲᠠᠢ ᠪᠠᠶ᠋ᠢᠬᠤ ᠬᠡᠷᠡᠭᠲᠡᠶ᠃ ᠬᠠᠷᠢᠴᠠᠯᠠᠰᠢᠭᠦᠶ᠎ᠪᠠᠷ ᠨᠠᠮ᠎ᠳᠠᠭᠠᠨ ᠬᠢᠵᠠᠭ᠋ᠠᠯᠠᠰᠢ ᠦᠭᠡᠢ ᠦᠨᠡᠨᠴᠢ ᠰᠢᠳᠤᠷᠭᠤ᠂ ᠠᠷᠠᠳ ᠲᠦᠮᠡᠨ᠎ᠳᠡᠭᠡᠨ ᠬᠢᠵᠠᠭ᠋ᠠᠯᠠᠰᠢ ᠦᠭᠡᠢ ᠦᠨᠡᠨᠴᠢ ᠰᠢᠳᠤᠷᠭᠤ᠂ ᠬᠢᠨᠠᠨ ᠪᠣᠳᠣᠬᠤ ᠦᠢ᠍ᠯᠡᠰ᠎ᠲᠡᠭᠡᠨ ᠬᠢᠵᠠᠭ᠋ᠠᠯᠠᠰᠢ ᠦᠭᠡᠢ ᠦᠨᠡᠨᠴᠢ ᠰᠢᠳᠤᠷᠭᠤ ᠪᠠᠶ᠋ᠢᠵᠤ᠂ ᠠᠰᠠᠭᠤᠳᠠᠯ᠎ᠢ ᠢᠯᠡᠴᠢᠯᠡᠬᠥ᠂ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠥ᠂ ᠢᠳᠬᠠᠯ᠎ᠳᠠᠭᠠᠨ ᠴᠢᠳᠠᠮᠠᠭ᠋ᠠᠢ ᠪᠠᠢ᠌ᠬᠤ᠎ᠪᠠᠷ ᠠᠮᠢᠳᠤᠷᠠᠬᠤᠢ ᠵᠢᠨ ᠬᠥᠭᠡᠭᠡᠴᠡᠯᠳᠦᠯ ᠪᠣᠯᠭ᠋ᠠᠵᠤ᠂ ᠪᠡᠷᠬᠡ ᠰᠡᠳᠦᠪ᠎ᠢ ᠰᠢᠢ᠍ᠳᠪᠦᠷᠢᠯᠡᠬᠥ᠂ ᠬᠤᠪᠢ ᠨᠡᠮᠡᠷᠢ ᠦᠵᠡᠭᠦᠯᠬᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠥᠪᠠᠷ ᠬᠥᠮᠦᠨ᠎ᠤ ᠠᠮᠢᠳᠤᠷᠠᠯ᠎ᠤᠨ ᠦᠨ᠎ᠡ ᠴᠡᠨ᠎ᠡ ᠪᠣᠯᠭ᠋ᠠᠬᠤ ᠬᠡᠷᠡᠭᠲᠡᠢ᠃ ᠪᠦᠬᠦ ᠲᠠᠯ᠎ᠠ ᠵᠢᠨ ᠴᠢᠩᠭ᠎ᠠ ᠦᠵᠡᠯ ᠤᠬᠠᠮᠰᠠᠷ ᠪᠠᠶ᠋ᠢᠬᠤ ᠬᠡᠷᠡᠭᠲᠡᠶ᠃ ᠬᠢᠨᠠᠨ ᠪᠣᠳᠣᠬᠣ ᠠᠵᠢᠯᠲᠠᠳ ᠶᠡᠬᠡ ᠲᠠᠯ᠎ᠠ᠎ᠳᠤ ᠦᠢ᠍ᠯᠡᠴᠢᠯᠡᠬᠦ ᠵᠢ ᠢᠮᠠᠭᠲᠠ ᠪᠠᠷᠢᠮᠲᠠᠯᠠᠵᠤ᠂ ᠤᠯᠤᠰ ᠣᠷᠣᠨ᠎ᠤ ᠵᠠᠰᠠᠯᠲᠠ ᠵᠢ ᠲᠡᠭᠦᠯᠳᠡᠷᠵᠢᠭᠦᠯᠦᠨ ᠠᠬᠢᠭᠤᠯᠬᠤ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠥ ᠵᠣᠭᠰᠤᠴᠠ᠎ᠠᠴᠠ ᠠᠰᠠᠭᠤᠳᠠᠯ᠎ᠢ ᠪᠣᠳᠣᠯᠬᠢᠯᠠᠵᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ᠂ ᠠᠵᠢᠯ ᠵᠶ᠋ᠠᠨ ᠠᠳᠬᠣᠵᠣ᠂ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠨ᠂ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠠᠢ᠌ᠨ ᠵᠥᠪᠯᠡᠭᠴᠢ ᠪᠣᠯᠬᠤ ᠬᠡᠷᠡᠭᠲᠡᠢ᠃ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠵᠢ ᠪᠠᠳᠠᠷᠠᠭᠤᠯᠬᠤ ᠬᠡᠷᠡᠭᠲᠡᠢ ᠭᠡᠳᠡᠭ᠎ᠢ ᠱᠠᠭ᠋ᠠᠷᠳᠠᠵᠠᠢ᠃ ᠰᠢᠨ᠎ᠡ ᠪᠠᠶ᠋ᠢᠳᠠᠯ᠎ᠤᠨ ᠳᠣᠣᠷ᠎ᠠ᠂ ᠪᠢᠳᠡ ᠠᠵᠢᠯ ᠦᠢ᠍ᠯᠡᠰ ᠵᠶ᠋ᠠᠨ ᠨᠡᠩ ᠢᠯᠡᠭᠦᠦ ᠬᠡᠴᠢᠶᠡᠨ ᠡᠷᠬᠢᠮᠯᠡᠨ᠂ ᠡᠭᠦᠷᠭᠡ ᠲᠤᠰᠢᠶᠠᠯ ᠵᠶ᠋ᠠᠨ ᠨᠡᠩ ᠢᠯᠡᠭᠦᠦ ᠬᠡᠴᠢᠶᠡᠨᠭᠭᠦᠢ᠌ᠯᠡᠨ ᠭᠦᠢ᠍ᠴᠡᠳᠬᠡᠵᠦ᠂ ᠨᠡᠩ ᠢᠯᠡᠭᠦᠦ ᠣᠷᠭᠢᠯᠤᠮ᠎ᠠ ᠰᠡᠳᠬᠢᠯᠭᠡ᠎ᠪᠠᠷ ᠠᠵᠢᠯᠯᠠᠵᠤ᠂ ᠬᠤᠪᠢ ᠨᠡᠮᠡᠷᠢ ᠦᠵᠡᠭᠦᠯᠬᠦ ᠳᠤᠮᠳᠠ ᠬᠥᠮᠦᠨ᠎ᠤ ᠠᠮᠢᠳᠤᠷᠠᠯ᠎ᠤᠨ ᠦᠨ᠎ᠡ ᠴᠡᠨ᠎ᠡ ᠵᠢ ᠢᠯᠡᠷᠡᠭᠦᠯᠬᠦ ᠬᠡᠷᠡᠭᠲᠡᠢ᠃
[ᠯᠢᠦ ᠸᠸᠨ ᠯᠸᠢ]
ᠬᠣᠶᠠᠷ᠎ᠲᠤ ᠨᠠᠷᠢᠨ ᠨᠢᠮᠪᠠᠢ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ ᠳᠠᠪᠲᠠᠨ ᠪᠣᠯᠪᠠᠰᠤᠷᠠᠭᠤᠯᠤᠨ᠎ᠠ᠃ ᠬᠢᠨᠠᠨ ᠪᠣᠳᠣᠬᠤ ᠠᠵᠢᠯ᠎ᠤᠨ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠪᠠᠢ᠌ᠳᠠᠭ ᠲᠤᠯᠠ᠂ ᠬᠢᠨᠠᠨ ᠪᠣᠳᠣᠭᠴᠢᠳ ᠡᠷᠬᠡᠪᠰᠢ ᠴᠠᠭ᠋ᠠᠷᠠᠭᠰᠠᠨ ᠦᠨᠳᠦᠰᠦᠨ ᠮᠡᠳᠡᠯᠭᠡ ᠵᠢ ᠪᠦᠷᠢᠯᠳᠦᠭᠦᠯᠦᠭᠰᠡᠨ ᠪᠠᠢ᠌ᠬᠤ ᠵᠢ ᠱᠠᠭ᠋ᠠᠷᠳᠠᠨ᠎ᠠ᠃ ᠳᠠᠩᠰᠠ ᠪᠠᠢ᠌ᠴᠠᠭ᠋ᠠᠵᠤ ᠴᠢᠳᠠᠬᠤ᠎ᠪᠠᠷ ᠪᠠᠷᠠᠬᠤ ᠦᠭᠡᠢ ᠨᠡᠩ ᠢᠯᠡᠭᠦᠦ ᠦᠵᠡᠭᠳᠡᠯ᠎ᠢ ᠲᠤᠩᠭ᠋ᠠᠨ ᠮᠥᠨ ᠴᠢᠨᠠᠷ᠎ᠢ᠎ᠨᠢ ᠬᠠᠷᠠᠵᠤ ᠴᠢᠳᠠᠬᠤ ᠬᠡᠷᠡᠭᠲᠡᠢ; ᠲᠣᠭ᠎ᠠ ᠪᠠᠷᠢᠮᠲᠠ ᠵᠢ ᠬᠢᠨᠠᠵᠤ ᠴᠢᠳᠠᠬᠤ᠎ᠪᠠᠷ ᠪᠠᠷᠠᠬᠤ ᠦᠭᠡᠢ ᠨᠡᠩ ᠢᠯᠡᠭᠦᠦ ᠲᠣᠭ᠎ᠠ ᠪᠠᠷᠢᠮᠲᠠ᠎ᠪᠠᠷ ᠳᠠᠮᠵᠢᠭᠤᠯᠤᠨ ᠵᠢᠮ᠎ᠡ ᠶᠣᠰᠣ ᠵᠢ ᠡᠷᠢᠵᠦ ᠴᠢᠳᠠᠬᠤ ᠬᠡᠷᠡᠭᠲᠡᠢ; ᠡᠳ᠋᠎ᠤᠨ ᠶᠠᠪᠤᠳᠠᠯ᠎ᠳᠤ ᠨᠡᠪᠲᠡᠷᠡᠬᠦ᠎ᠪᠠᠷ ᠪᠠᠷᠠᠬᠤ ᠦᠭᠡᠢ ᠨᠡᠩ ᠢᠯᠡᠭᠦᠦ ᠲᠥᠷᠥ ᠵᠢᠨ ᠪᠣᠳᠣᠯᠭ᠎ᠠ ᠵᠢ ᠰᠠᠢ᠌ᠨ ᠣᠢ᠌ᠯᠠᠭ᠋ᠠᠬᠤ ᠬᠡᠷᠡᠭᠲᠡᠢ; ᠠᠰᠠᠭᠤᠳᠠᠯ᠎ᠢ ᠣᠯᠵᠤ ᠮᠡᠳᠡᠵᠦ ᠴᠢᠳᠠᠬᠤ᠎ᠪᠠᠷ ᠪᠠᠷᠠᠬᠤ ᠦᠭᠡᠢ ᠨᠡᠩ ᠢᠯᠡᠭᠦᠦ ᠠᠰᠠᠭᠤᠳᠠᠯ ᠰᠢᠢ᠍ᠳᠪᠦᠷᠢᠯᠡᠬᠥ᠎ᠳᠤ ᠴᠢᠳᠠᠮᠠᠭ᠋ᠠᠢ ᠪᠠᠢ᠌ᠬᠤ
ᠬᠡᠷᠡᠭᠲᠡᠢ; 《ᠠᠵᠢᠯ᠎ᠳᠠᠭᠠᠨ ᠴᠠᠭ᠋ᠠᠷᠠᠬᠤ》᠎ᠪᠠᠷ ᠪᠠᠷᠠᠬᠤ ᠦᠭᠡᠢ ᠨᠡᠩ ᠢᠯᠡᠭᠦᠦ 《ᠣᠯᠠᠨ ᠴᠢᠳᠠᠪᠤᠷᠢ》᠎ᠲᠠᠢ ᠪᠠᠢ᠌ᠬᠤ ᠬᠡᠷᠡᠭᠲᠡᠢ᠃
ᠭᠤᠷᠪᠠ᠎ᠳᠤ ᠡᠷᠡᠰ ᠴᠢᠩᠭ᠎ᠠ ᠰᠠᠬᠢᠯᠭ᠎ᠠ ᠰᠤᠷᠲᠠᠯ᠎ᠢ ᠪᠣᠢ ᠪᠣᠯᠭ᠋ᠠᠨ᠎ᠠ᠃ ᠣᠳᠣᠬᠠᠨ᠎ᠳᠤ᠂ ᠪᠦᠬᠦ ᠣᠷᠣᠨ᠎ᠤ ᠭᠤᠷᠪᠠᠨ ᠱᠠᠲᠤᠨ᠎ᠤ ᠬᠢᠨᠠᠨ ᠪᠣᠳᠣᠬᠤ ᠪᠠᠶ᠋ᠢᠭᠤᠯᠭ᠎ᠠ ᠵᠢᠨ ᠬᠢᠨᠠᠨ ᠪᠣᠳᠣᠬᠤ ᠡᠩᠨᠡᠭᠡᠨ᠎ᠤ ᠶᠡᠷᠦᠩᠬᠡᠶ ᠪᠠᠶ᠋ᠢᠳᠠᠯ᠎ᠨᠢ ᠰᠠᠶ᠋ᠢᠨ ᠪᠠᠶ᠋ᠢᠨ᠎ᠠ᠂ ᠭᠡᠪᠡᠴᠦ ᠨᠠᠮ ᠪᠣᠯᠣᠨ ᠠᠷᠠᠳ ᠲᠦᠮᠡᠨ᠎ᠤ ᠱᠠᠭ᠋ᠠᠷᠳᠠᠯᠭ᠎ᠠ᠎ᠠᠴᠠ ᠪᠠᠰᠠ ᠵᠦᠷᠢᠶ᠎ᠡ᠎ᠲᠠᠢ ᠪᠠᠢ᠌ᠨ᠎ᠠ᠂ ᠪᠢᠳᠡᠨᠠᠷ ᠨᠠᠮ᠎ᠤᠨ ᠣᠯᠠᠨ ᠲᠦᠮᠡᠨᠴᠢ ᠱᠤᠭᠤᠮ᠎ᠤᠨ ᠬᠥᠮᠦᠵᠢᠯ ᠦᠢ᠍ᠯᠡᠳᠦᠯᠭᠡ ᠵᠢᠨ ᠠᠵᠢᠯᠯᠠᠭ᠋ᠠᠨ᠎ᠤ ᠦᠷ᠎ᠡ ᠪᠥᠲᠦᠭᠡᠯ᠎ᠢ ᠦᠨᠡᠨ ᠬᠦ᠌ ᠪᠡᠬᠢᠵᠢᠭᠦᠯᠵᠦ᠂ 《ᠭᠤᠷᠪᠠᠨ ᠴᠢᠩᠭ᠎ᠠ ᠭᠤᠷᠪᠠᠨ ᠪᠣᠳᠠᠲᠠᠶ》 ᠵᠢᠨ ᠱᠠᠭ᠋ᠠᠷᠳᠠᠯᠭ᠎ᠠ ᠵᠢ ᠰᠤᠷᠤᠯᠴᠠᠨ ᠦᠢ᠍ᠯᠡᠳᠦᠯᠭᠡᠵᠢᠭᠦᠯᠵᠦ᠂ ᠳᠦᠷᠢᠮ᠎ᠤᠨ ᠪᠠᠶ᠋ᠢᠭᠤᠯᠤᠯᠲᠠ ᠵᠢ ᠴᠢᠨᠭ᠌ᠭ᠋ᠠᠳᠬᠠᠨ᠂ ᠪᠣᠰᠤᠳᠢ ᠵᠠᠰᠠᠬᠤ᠎ᠠᠴᠠ ᠡᠮᠦᠨ᠎ᠡ ᠥᠪᠡᠷ᠎ᠢ᠎ᠪᠠᠨ ᠵᠠᠰᠠᠵᠤ᠂ ᠤᠯᠤᠰ ᠲᠥᠷᠥ ᠵᠢᠨ ᠰᠠᠬᠢᠯᠭ᠎ᠠ ᠪᠠᠲᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠠᠬᠢᠯᠭ᠎ᠠ ᠪᠠᠲᠤ᠂ ᠡᠳ᠋᠎ᠤᠨ ᠵᠠᠰᠠᠭ ᠠᠵᠤ ᠠᠬᠤᠶ ᠵᠢᠨ ᠰᠠᠬᠢᠯᠭ᠎ᠠ ᠪᠠᠲᠤ᠂ ᠨᠢᠭᠤᠴᠠ ᠵᠢ ᠬᠠᠮᠠᠭ᠋ᠠᠯᠠᠬᠤ ᠰᠠᠬᠢᠯᠭ᠎ᠠ ᠪᠠᠲᠤ᠂ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠨᠠᠮ᠎ᠤᠨ ᠳᠣᠲᠣᠭ᠋ᠠᠳᠤᠬᠢ ᠠᠮᠢᠳᠤᠷᠠᠯ᠎ᠤᠨ ᠳᠦᠷᠢᠮ᠎ᠢ ᠴᠢᠨᠭ᠌ᠭ᠋ᠠᠳᠬᠠᠵᠤ᠂ ᠨᠠᠮ᠎ᠤᠨ ᠳᠤᠳᠤᠭ᠋ᠠᠳᠤᠬᠢ ᠠᠮᠢᠳᠤᠷᠠᠯ᠎ᠤᠨ ᠪᠣᠯᠬᠢᠴᠢᠯᠠᠭᠰᠠᠨ᠂ ᠴᠡᠨᠭᠬᠡᠯᠳᠤᠭᠰᠡᠨ᠂ ᠬᠡᠯᠪᠡᠷᠢᠴᠢᠯᠡᠭᠰᠡᠨ᠂ ᠥᠨᠭᠭᠡᠪᠴᠢᠯᠡᠭᠰᠡᠨ ᠬᠡᠯᠪᠡᠷᠢᠯ᠎ᠢ ᠡᠷᠡᠰ ᠡᠰᠡᠷᠭᠦᠴᠡᠵᠦ᠂ ᠨᠠᠮ᠎ᠤᠨ ᠳᠣᠲᠣᠭ᠋ᠠᠳᠤᠬᠢ ᠠᠮᠢᠳᠤᠷᠠᠯ᠎ᠢ ᠳᠦᠷᠢᠮᠵᠢᠭᠦᠯᠬᠦ᠂ ᠰᠢᠨᠵᠢᠯᠡᠬᠦ ᠤᠬᠠᠭ᠋ᠠᠨᠴᠢᠯᠠᠬᠤ᠂ ᠵᠢᠷᠤᠮᠵᠢᠭᠤᠯᠬᠤ ᠵᠢ ᠪᠡᠶᠡᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠵᠢᠨ ᠬᠡᠷᠡᠭᠵᠢᠭᠦᠯᠦᠯᠲᠡ ᠵᠢᠨ ᠬᠠᠷᠢᠭᠤᠴᠠᠯᠭ᠎ᠠ ᠠᠰᠠᠭᠤᠬᠤ ᠵᠢ ᠴᠢᠨᠭ᠌ᠭ᠋ᠠᠳᠬᠠᠵᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠠᠬᠢᠯᠭ᠎ᠠ ᠪᠠᠲᠤ ᠪᠣᠯ ᠬᠢᠨᠠᠨ ᠪᠣᠳᠣᠬᠤ ᠠᠵᠢᠯ᠎ᠤᠨ 《ᠥᠨᠳᠥᠷ ᠬᠦᠴᠦᠳᠡᠯᠲᠦ ᠴᠠᠬᠢᠯᠭ᠋ᠠᠨ ᠤᠲᠠᠰᠤ》 ᠮᠦᠨ ᠭᠡᠳᠡᠭ᠎ᠢ ᠢᠮᠠᠭᠲᠠ ᠪᠠᠲᠤ ᠴᠡᠭᠡᠵᠢᠯᠡᠵᠦ᠂ 《ᠨᠠᠢ᠍ᠮᠠ ᠵᠢ ᠵᠦᠪᠰᠢᠶᠡᠷᠡᠬᠦ ᠦᠭᠡᠢ》 ᠬᠢᠨᠠᠨ ᠪᠣᠳᠣᠬᠤ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠠᠷᠢᠭᠤᠨ ᠴᠢᠬᠡᠴᠢ ᠬᠥᠮᠦᠨ ᠪᠣᠯᠵᠤ᠂ ᠠᠵᠢᠯ ᠦᠢ᠍ᠯᠡᠰ᠎ᠢ ᠰᠢᠳᠤᠷᠭᠤ ᠰᠢᠭᠤᠷᠬᠠᠢ ᠭᠦᠢ᠍ᠴᠡᠳᠬᠡᠬᠥ ᠵᠢ ᠦᠨᠡᠨ ᠬᠦ᠌ ᠪᠡᠶᠡᠯᠡᠭᠦᠯᠵᠦ᠂ ᠰᠠᠬᠢᠯᠭ᠎ᠠ ᠪᠠᠲᠤ ᠵᠦᠷᠢᠴᠡᠭᠰᠡᠳ᠎ᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠠᠰᠠᠭᠤᠬᠤ ᠬᠡᠷᠡᠭᠲᠡᠢ᠃ 《ᠬᠠᠷᠢᠭᠤᠴᠠᠯᠭ᠎ᠠ᠎ᠲᠠᠢ᠂ ᠦᠨᠡᠨᠴᠢ ᠰᠢᠳᠤᠷᠭᠤ᠂ ᠴᠢᠭᠡᠴᠢ ᠪᠠᠢ᠌ᠬᠤ ᠪᠠ ᠬᠠᠤᠯᠢ ᠶᠣᠰᠣ ᠵᠢ ᠵᠢᠷᠤᠮᠯᠠᠬᠤ᠂ ᠪᠡᠶ᠎ᠡ᠎ᠪᠠᠨ ᠳᠠᠭ᠋ᠠᠭ᠋ᠠᠬᠤ᠂ ᠬᠤᠪᠢ ᠨᠡᠮᠡᠷᠢ ᠦᠵᠡᠭᠦᠯᠬᠦ》 ᠬᠢᠨᠠᠨ ᠪᠣᠳᠣᠭᠴᠢᠳ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠪᠠᠲᠤ ᠰᠠᠬᠢᠵᠤ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠨ᠂ ᠬᠠᠷᠠᠮ ᠦᠭᠡᠢ ᠵᠣᠷᠢᠭᠤᠯᠬᠤ ᠮᠥᠷᠲᠡᠭᠡᠨ ᠠᠶᠤᠬᠤ ᠵᠦᠢ᠍ᠯ ᠦᠭᠡᠢ ᠪᠠᠢ᠌ᠵᠤ᠂ 《ᠪᠣᠳᠠᠲᠤ᠂ ᠥᠨᠳᠥᠷ᠂ ᠰᠢᠨ᠎ᠡ᠂ ᠴᠢᠨᠭᠭ᠎ᠠ᠂ ᠨᠠᠷᠢᠨ》 ᠠᠵᠢᠯ᠎ᠤᠨ ᠰᠤᠷᠲᠠᠯ᠎ᠢ ᠤᠯᠠᠮ ᠨᠢᠭᠡ ᠠᠯᠬᠤᠮ ᠪᠣᠢ ᠪᠣᠯᠭ᠋ᠠᠵᠤ᠂ 《ᠪᠣᠯᠬᠢ ᠠᠯᠵᠠᠭᠤ ᠵᠠᠳᠠᠭ᠋ᠠᠢ》᠂ 《ᠣᠮᠣᠷᠬᠠᠭ ᠲᠠᠨᠭ᠌ᠬᠢᠯ ᠰᠦᠯᠳᠡ ᠦᠭᠡᠢ》 ᠪᠠᠢ᠌ᠬᠤ ᠵᠢ ᠴᠢᠨᠭᠭ᠎ᠠ ᠴᠡᠭᠡᠷᠯᠡᠵᠦ᠂ ᠬᠠᠷᠢᠭᠤᠴᠠᠯᠭ᠎ᠠ ᠡᠭᠦᠷᠭᠡᠯᠡᠬᠦ᠎ᠪᠠᠷ ᠵᠣᠷᠢᠭ ᠵᠶ᠋ᠠᠨ ᠬᠥᠪᠴᠢᠯᠡᠵᠦ᠂ ᠶᠣᠰᠣ ᠮᠤᠷᠠᠯ ᠵᠶ᠋ᠠᠷ ᠪᠡᠶ᠎ᠡ᠎ᠪᠠᠨ ᠵᠠᠰᠠᠵᠤ᠂ ᠡᠷᠳᠡᠮ ᠴᠢᠳᠠᠪᠤᠷᠢ᠎ᠪᠠᠷ ᠦᠢ᠍ᠯᠡᠰ ᠴᠣᠭᠴᠠᠯᠠᠵᠤ᠂ ᠦᠢ᠍ᠯᠡ ᠠᠵᠢᠯᠯᠠᠭ᠎ᠠ᠎ᠪᠠᠷ ᠵᠶ᠋ᠠᠨ ᠢᠲᠡᠬᠡᠯᠢ ᠣᠯᠵᠤ᠂ ᠬᠢᠨᠠᠨ ᠪᠣᠳᠣᠯᠲᠠ ᠵᠢᠨ 《ᠢᠯᠭᠤᠭᠰᠠᠨ ᠴᠡᠷᠢᠭ ᠠᠩᠭᠢ》 ᠵᠢ ᠪᠣᠢ ᠪᠣᠯᠭ᠋ᠠᠬᠤ ᠬᠡᠷᠡᠭᠲᠡᠢ᠃
[ᠬᠥᠲᠥᠯᠦᠭᠴᠢ]
ᠲᠠᠶ᠋ᠢᠮᠤ ᠡ᠂ ᠮᠠᠨᠳᠤ ᠡᠢ᠌ᠮᠦ ᠨᠢᠭᠡᠨ ᠬᠡᠪ ᠴᠢᠨᠠᠷ ᠡᠷᠳᠡᠮ ᠴᠢᠳᠠᠪᠤᠷᠢ ᠬᠣᠣᠰᠯᠠᠭᠰᠠᠨ 《ᠢᠯᠭᠤᠭᠰᠠᠨ ᠴᠡᠷᠢᠭ ᠠᠩᠭᠢ》 ᠪᠠᠢ᠌ᠬᠤ ᠲᠣᠯᠠ ᠢᠯᠵᠠᠷᠠᠯ᠎ᠢ ᠡᠰᠡᠷᠭᠦᠴᠡᠨ ᠠᠷᠢᠭᠤᠨ ᠴᠢᠬᠡᠴᠢ ᠵᠢ ᠡᠷᠬᠢᠮᠯᠡᠬᠦ ᠲᠡᠮᠦᠷ ᠬᠡᠷᠡᠮ ᠪᠣᠯᠣᠳ ᠬᠠᠨ᠎ᠠ ᠵᠢ ᠯᠠᠪᠲᠠᠢ ᠴᠤᠭᠴᠠᠯᠠᠵᠤ᠂ ᠰᠢᠨ᠎ᠡ ᠬᠡᠪ ᠪᠠᠶ᠋ᠢᠳᠠᠯ ᠳᠣᠣᠷ᠎ᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠳᠡᠭ᠎ᠢ ᠢᠲᠡᠭᠡᠵᠦ ᠪᠠᠢ᠌ᠨ᠎ᠠ! ᠵᠠ ᠰᠠᠢ᠌ᠨ ᠪᠣᠯᠣᠯ᠎ᠠ᠂ ᠯᠢᠦ ᠶᠡᠷᠦᠩᠬᠡᠶ ᠬᠢᠨᠠᠨ ᠪᠣᠳᠣᠭᠴᠢ ᠵᠢᠨ ᠲᠠᠢ᠌ᠯᠪᠤᠷᠢᠯᠠᠯᠳᠠ ᠬᠢᠭᠰᠡᠨ᠎ᠳᠤ ᠲᠠᠯᠠᠷᠬᠠᠵᠦ ᠪᠠᠢ᠌ᠨ᠎ᠠ᠃ ᠮᠦᠨᠴᠤ ᠰᠦᠯᠵᠢᠶᠡᠨ ᠠᠨᠳᠠ ᠨᠠᠷ᠎ᠤᠨ ᠣᠷᠣᠯᠴᠠᠭᠰᠠᠨ᠎ᠳᠤ ᠲᠠᠯᠠᠷᠬᠠᠵᠦ ᠪᠠᠢ᠌ᠨ᠎ᠠ᠃ ᠡᠨᠡ ᠤᠳᠠᠭ᠋ᠠᠨ᠎ᠤ ᠰᠤᠷᠪᠤᠯᠵᠢᠯᠠᠭ᠎ᠠ ᠶᠠᠷᠢᠯᠴᠠᠭ᠎ᠠ ᠡᠨᠳᠡ ᠬᠦᠷᠦᠭᠡᠳ ᠲᠠᠭᠦᠰᠤᠯᠠ᠂ ᠲᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠢ ᠵᠤᠯᠭ᠋ᠠᠶ᠎ᠠ !