
ᠰᠣᠷᠪᠤᠯᠵᠢᠯᠠᠭᠰᠠᠨ ᠴᠠᠭ᠄
2015 ᠣᠨ᠎ᠤ 11 ᠳ᠋ᠦ᠍ᠭᠡᠷ ᠰᠠᠷ᠎ᠠ ᠵᠢᠨ 6᠎ᠤ ᠡᠳᠦᠷ᠎ᠤᠨ ᠦᠳᠡ ᠵᠢᠨ ᠬᠣᠢ᠌ᠨ᠎ᠠ ᠵᠢᠨ 3 ᠴᠠᠭ
ᠰᠣᠷᠪᠤᠯᠵᠢᠯᠠᠭᠰᠠᠨ ᠵᠣᠴᠢᠨ᠄
ᠦᠪᠡᠷᠲᠡᠭᠡᠨ ᠵᠠᠰᠠᠬᠤ ᠤᠷᠤᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠢᠶᠦ᠋ᠨ ᠹᠸᠩ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢᠨ ᠠᠶᠤᠯ ᠥᠭᠡᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠢ ᠤᠷᠢᠳᠴᠢᠯᠠᠨ ᠰᠡᠷᠭᠡᠶ᠋ᠢᠯᠡᠬᠦ ᠪᠠ ᠪᠠᠭ᠋ᠠᠰᠬᠠᠵᠤ᠂ ᠠᠷᠠᠳ ᠤᠯᠠᠨ᠎ᠤ ᠠᠮᠢ ᠨᠠᠰᠤᠨ᠎ᠤ ᠡᠷᠡᠭᠦᠯ ᠮᠡᠨᠳᠦ ᠪᠠ ᠡᠳ᠋ ᠬᠦᠷᠦᠩᠭᠡ ᠵᠢᠨ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢᠨ ᠠᠶᠤᠯ ᠥᠭᠡᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠲᠣᠭᠲᠠᠭ᠋ᠠᠯ》 (ᠦᠪᠦᠷ ᠵᠠᠰᠠᠭ ᠠᠯᠪᠠᠨ ᠲᠠᠷᠬᠠᠭ᠋ᠠᠭᠰᠠᠨ [2015] 79 ᠳ᠋ᠤᠭ᠋ᠠᠷ ᠲᠣᠭ᠋ᠠᠲᠤ᠂ ᠳᠣᠷᠤᠭᠰᠢ [ᠲᠣᠭᠲᠠᠭ᠋ᠠᠯ] ᠭᠡᠵᠦ ᠲᠣᠪᠴᠢᠯᠠᠨ᠎ᠠ)᠎ᠢ ᠲᠣᠭᠲᠠᠭ᠋ᠠᠨ ᠨᠡᠢ᠌ᠲᠡᠯᠡᠪᠡ᠃ 《ᠲᠣᠭᠲᠠᠭ᠋ᠠᠯ》᠎ᠤᠨ ᠬᠠᠮᠢᠶ᠎ᠠ ᠪᠦᠬᠦᠢ ᠠᠭᠤᠯᠭ᠎ᠠ ᠵᠢ ᠨᠡᠢ᠌ᠭᠡᠮ ᠨᠡᠢ᠌ᠲᠡ᠎ᠳᠤ ᠤᠯᠠᠮ ᠨᠢᠭᠡ ᠠᠯᠬᠤᠮ ᠭᠦᠨᠵᠡᠭᠡᠢ ᠤᠢ᠌ᠯᠭ᠋ᠠᠭᠤᠯᠬᠤ ᠵᠢᠨ ᠲᠤᠰᠠᠳᠠ᠂ ᠤᠢ᠌ᠷ᠎ᠠ᠎ᠳᠤ ᠪᠢᠳᠡ ᠦᠪᠡᠷᠲᠡᠭᠡᠨ ᠵᠠᠰᠠᠬᠤ ᠤᠷᠤᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠢᠶᠦ᠋ᠨ ᠹᠸᠩ᠎ᠢ ᠤᠷᠢᠵᠤ 《ᠳᠤᠮᠳᠠᠳᠤ ᠤᠯᠤᠰ᠂ ᠦᠪᠦᠷ ᠮᠣᠩᠭᠣᠯ》 ᠰᠦᠯᠵᠢᠶᠡᠨ ᠳᠡᠭᠡᠷ᠎ᠡ ᠲᠠ ᠪᠦᠬᠦᠨ᠎ᠲᠠᠢ ᠶᠠᠷᠢᠯᠴᠠᠭᠤᠯᠬᠤ᠎ᠪᠠᠷ ᠪᠠᠢ᠌ᠨ᠎ᠠ᠃ ᠥᠷᠭᠡᠨ ᠣᠯᠠᠨ ᠰᠦᠯᠵᠢᠶᠡᠨ ᠠᠨᠳᠠ ᠨᠠᠷ ᠮᠢᠨᠢ ᠢᠳᠡᠪᠬᠢᠲᠠᠢ ᠤᠷᠤᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!
[ᠬᠦᠲᠦᠯᠦᠭᠴᠢ]᠄
ᠰᠦᠯᠵᠢᠶᠡᠨ ᠠᠨᠳᠠ ᠨᠠᠷ ᠡ ᠰᠠᠢ᠌ᠨ ᠪᠠᠢ᠌ᠵᠠᠭ᠋ᠠᠨᠠᠤ! ᠲᠠ ᠪᠦᠬᠦᠨ ᠲᠤᠰ ᠬᠤᠭᠤᠴᠠᠭ᠋ᠠᠨ᠎ᠤ 《ᠳᠤᠮᠳᠠᠳᠤ ᠤᠯᠤᠰ ᠦᠪᠦᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠦᠨᠦᠳᠦᠷ ᠪᠢᠳᠡ ᠠᠵᠠ᠎ᠲᠠᠢ᠎ᠪᠠᠷ ᠦᠪᠡᠷᠲᠡᠭᠡᠨ ᠵᠠᠰᠠᠬᠤ ᠤᠷᠤᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠢᠶᠦ᠋ᠨ ᠹᠸᠩ᠎ᠢ ᠤᠷᠢᠨ᠂ ᠰᠦᠯᠵᠢᠶᠡᠨ ᠳᠡᠭᠡᠷ᠎ᠡ 《ᠲᠣᠭᠲᠠᠭ᠋ᠠᠯ》᠎ᠤᠨ ᠲᠠᠢ᠌ᠯᠤᠮᠵᠢi ᠬᠢᠯᠭᠡᠬᠦ᠎ᠪᠠᠷ ᠪᠣᠯᠤᠯ᠎ᠠ᠂ ᠲᠠ ᠪᠦᠬᠦᠨ᠎ᠤ ᠢᠳᠡᠪᠬᠢᠲᠠᠢ ᠤᠷᠤᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ᠃ ᠸᠠᠩ ᠲᠣᠪᠴᠢᠶᠠᠨ ᠳᠠᠷᠤᠭ᠎ᠠ ᠡ᠂ ᠲᠠᠨ᠎ᠢ ᠪᠠᠶᠠᠷᠯᠠᠨ ᠤᠭᠲᠤᠵᠤ ᠪᠠᠢ᠌ᠨ᠎ᠠ!
[ᠸᠠᠩ ᠵᠢᠶᠦ᠋ᠨ ᠹᠸᠩ]᠄
ᠬᠥᠲᠥᠯᠥᠭᠴᠢ ᠲᠠ ᠰᠠᠢ᠌ᠨ ᠪᠠᠢ᠌ᠨᠠᠤ᠂ ᠰᠦᠯᠵᠢᠶᠡᠨ ᠠᠨᠳᠠ ᠨᠠᠷ ᠰᠠᠢ᠌ᠨ ᠪᠠᠢ᠌ᠴᠠᠭ᠋ᠠᠨ᠎ᠠ ᠦᠦ! ᠦᠪᠡᠷᠲᠡᠭᠡᠨ ᠵᠠᠰᠠᠬᠤ ᠤᠷᠤᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ ᠲᠠᠯ᠎ᠠ᠎ᠪᠠᠷ ᠲᠠ ᠪᠥᠬᠥᠨ᠎ᠲᠠᠢ ᠵᠣᠭᠣᠭᠳᠠᠬᠤ ᠳᠣᠬᠢᠶᠠᠯ᠎ᠲᠠᠢ ᠪᠣᠯᠣᠭᠰᠠᠨ᠎ᠳᠠᠭᠠᠨ ᠲᠤᠩ ᠪᠠᠶᠠᠷᠯᠠᠵᠤ ᠪᠠᠢ᠌ᠨ᠎ᠠ᠃
[ᠬᠦᠲᠦᠯᠦᠭᠴᠢ]᠄
ᠸᠠᠩ ᠲᠣᠪᠴᠢᠶᠠᠨ ᠳᠠᠷᠤᠭ᠎ᠠ ᠡ᠂ ᠡᠩ ᠲᠡᠷᠢᠭᠦᠨ᠎ᠳᠤ ᠲᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢᠨ ᠠᠶᠤᠯ ᠥᠭᠡᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠲᠣᠭᠲᠠᠭ᠋ᠠᠯ》᠎ᠢ ᠨᠡᠢ᠌ᠲᠡᠯᠡᠭᠰᠡᠨ ᠠᠬᠤᠢ ᠪᠠᠢ᠌ᠳᠠᠯ᠎ᠢ ᠮᠠᠨᠳᠤ ᠲᠠᠨᠢᠯᠴᠠᠭᠤᠯᠤᠭ᠋ᠠᠳ ᠥᠭᠭᠥᠨᠡᠦ?
[ᠸᠠᠩ ᠵᠢᠶᠦ᠋ᠨ ᠹᠸᠩ]᠄
ᠵᠠ ᠲᠡᠭᠡᠶ᠎ᠡ᠃ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠤᠷᠳᠤᠨ᠎ᠤ ᠵᠦᠪ ᠤᠳᠤᠷᠢᠳᠤᠯᠭ᠎ᠠ ᠪᠣᠯᠤᠨ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠤᠨ ᠬᠠᠮᠲᠤ ᠵᠢᠨ ᠴᠢᠷᠮᠠᠢ᠌ᠯᠭ᠎ᠠ ᠳᠣᠣᠷ᠎ᠠ᠂ ᠪᠦᠬᠦ ᠤᠷᠤᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠪᠠᠢ᠌ᠳᠠᠯ ᠦᠷᠭᠦᠯᠵᠢᠯᠡᠨ ᠲᠣᠭᠲᠠᠭᠤᠨ ᠵᠶ᠋ᠠᠷ ᠰᠠᠢ᠌ᠵᠢᠷᠠᠵᠤ᠂ ᠤᠢ᠌ᠷ᠎ᠠ ᠵᠢᠨ ᠵᠢᠯ᠎ᠳᠤ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ ᠡᠭᠦᠰᠦᠭᠰᠡᠨ ᠲᠣᠭ᠎ᠠ ᠪᠠ ᠦᠭᠦᠭᠰᠡᠨ ᠬᠥᠮᠦᠨ᠎ᠤ ᠲᠣᠭ᠎ᠠ 《ᠬᠣᠣᠰ ᠪᠠᠭᠤᠷᠠᠪᠠ》᠃ ᠭᠡᠪᠡᠴᠦ ᠵᠠᠷᠢᠮ ᠠᠵᠢᠯ ᠲᠦᠷᠦᠯ᠎ᠤᠨ ᠬᠦᠷᠢᠶᠡᠨ᠎ᠳᠤ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ ᠮᠦᠨ ᠯᠡ ᠪᠠᠶ᠋ᠢᠨ ᠲᠠᠬᠢᠨ ᠭᠠᠷᠴᠤ ᠪᠠᠢ᠌ᠨ᠎ᠠ᠂ ᠡᠭᠦᠨ᠎ᠤ ᠬᠠᠮᠤᠭ᠎ᠤᠨ ᠦᠨᠳᠦᠰᠦᠨ ᠰᠢᠯᠲᠠᠭ᠋ᠠᠨ᠎ᠨᠢ ᠪᠣᠯ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠦᠨᠡᠨᠬᠦ ᠨᠠᠢ᠌ᠳᠠᠪᠤᠷᠢᠵᠢᠭᠤᠯᠤᠭᠰᠠᠨ ᠦᠭᠡᠢl ᠶᠠᠪᠤᠭᠳᠠ ᠪᠣᠯᠤᠨ᠎ᠠ᠃ ᠪᠢᠳᠡ ᠪᠠᠢ᠌ᠴᠠᠭ᠋ᠠᠬᠤ ᠳᠤᠮᠳᠠ ᠣᠯᠵᠤ ᠮᠡᠳᠡᠭᠰᠡᠨ ᠵᠶ᠋ᠡᠷ ᠪᠣᠯ᠂ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠲᠠᠯ᠎ᠠ᠎ᠪᠠᠷ ᠵᠠᠰᠠᠭ᠎ᠤᠨ ᠤᠷᠳᠤᠨ ᠴᠢᠬᠣᠯᠴᠢᠯᠠᠵᠤ ᠠᠵᠤ ᠠᠬᠤᠢ᠌ᠯᠠᠯ ᠴᠢᠬᠣᠯᠴᠢᠯᠠᠬᠤ ᠦᠭᠡᠢ ᠪᠠᠢ᠌ᠵᠤ᠂ ᠵᠠᠷᠢᠮ ᠠᠵᠤ ᠠᠬᠤᠢ᠌ᠯᠠᠯ᠎ᠨᠢ ᠠᠰᠢᠭ ᠲᠤᠰᠠ ᠵᠢᠨ ᠬᠣᠢ᠌ᠨ᠎ᠠ᠎ᠠᠴᠠ ᠬᠦᠭᠡᠴᠡᠯᠳᠦᠨ᠂ ᠨᠢᠳᠦᠨ ᠡᠮᠦᠨᠡᠬᠢ᠎ᠪᠠᠨ ᠯᠡ ᠴᠢᠬᠣᠯᠴᠢᠯᠠᠵᠤ᠂ ᠠᠯᠤᠰ ᠬᠣᠯᠠ ᠵᠢ ᠬᠦᠩᠭᠡᠪᠴᠢᠯᠡᠵᠦ᠂ ᠦᠷ᠎ᠡ ᠠᠰᠢᠭ᠎ᠢ ᠴᠢᠬᠣᠯᠴᠢᠯᠠᠵᠤ᠂ ᠠᠮᠤᠷ ᠲᠦᠪᠰᠢᠨ᠎ᠢ ᠬᠦᠩᠭᠡᠪᠴᠢᠯᠡᠵᠦ᠂ ᠦᠢ᠍ᠯᠡᠳᠪᠦᠷᠢᠯᠡᠯ᠎ᠢ ᠴᠢᠬᠣᠯᠴᠢᠯᠠᠨ᠂ ᠬᠠᠮᠢᠶᠠᠷᠤᠯᠲᠠ ᠵᠢ ᠬᠦᠩᠭᠡᠪᠴᠢᠯᠡᠭᠡᠳ᠂ ᠠᠶᠤᠯ ᠦᠭᠡᠢ ᠵᠢᠨ ᠤᠷᠤᠭᠤᠯᠤᠯᠲᠠ᠎ᠪᠠᠷ ᠳᠤᠲᠠᠮᠠᠭ᠂ ᠠᠶᠤᠯ ᠦᠭᠡᠢ ᠵᠢᠨ ᠬᠠᠮᠢᠶᠠᠷᠤᠯᠲᠠ ᠵᠢᠨ ᠠᠵᠢᠯᠲᠠᠨ᠎ᠢ ᠲᠣᠬᠢᠷᠠᠭᠤᠯᠤᠭᠰᠠᠨ ᠵᠶ᠋ᠠᠷ ᠬᠦᠷᠦᠯᠴᠡᠬᠦ ᠦᠭᠡᠢ᠂ ᠠᠶᠤᠯ ᠦᠭᠡᠢ ᠦᠢ᠍ᠯᠡᠳᠪᠦᠷᠢᠯᠡᠯ᠎ᠤᠨ ᠲᠣᠭᠲᠠᠭ᠋ᠠᠯ ᠳᠦᠷᠢᠮ᠎ᠢ ᠨᠠᠢ᠌ᠳᠠᠪᠤᠷᠢᠵᠢᠭᠤᠯᠬᠤ ᠦᠭᠡᠢ᠂ ᠠᠶᠤᠯ ᠦᠭᠡᠢ ᠵᠢᠨ ᠬᠦᠮᠦᠵᠢᠯ ᠪᠣᠯᠪᠠᠰᠤᠷᠠᠭᠤᠯᠤᠯ᠎ᠢ ᠪᠣᠳᠠᠲᠠᠢ ᠬᠢᠭᠰᠡᠨ ᠦᠭᠡᠢ ᠵᠡᠷᠭᠡ ᠠᠰᠠᠭᠤᠳᠠᠯ ᠣᠷᠤᠰᠢᠵᠤ ᠪᠠᠢ᠌ᠨ᠎ᠠ᠂ ᠡᠳᠡᠭᠡᠷ ᠠᠰᠠᠭᠤᠳᠠᠯ᠎ᠢ ᠰᠢᠢ᠍ᠳᠪᠦᠷᠢᠯᠡᠬᠦ ᠵᠢᠨ ᠦᠨᠳᠦᠰᠦᠨ ᠠᠷᠭ᠎ᠠ ᠬᠡᠮᠵᠢᠶ᠎ᠡ ᠪᠣᠯ ᠠᠵᠤ ᠠᠬᠤᠢ᠌ᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠃ 《ᠲᠣᠭᠲᠠᠭ᠋ᠠᠯ》᠎ᠢ ᠡᠨᠡᠬᠥ ᠬᠡᠷᠡᠭᠴᠡᠭᠡ᠎ᠳᠤ ᠶᠠᠭ ᠵᠣᠬᠢᠴᠠᠭᠤᠯᠵᠤ᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠤᠯᠢ》᠂ 《ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠣᠯᠪᠤᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ᠎ᠤ ᠪᠣᠳᠠᠲᠠᠢ ᠪᠠᠢ᠌ᠳᠠᠯ᠎ᠲᠠᠢ ᠤᠶᠠᠯᠳᠤᠭᠤᠯᠤᠨ᠂ ᠤᠯᠠᠨ ᠵᠢᠯ᠎ᠤᠨ ᠠᠵᠢᠯ᠎ᠤᠨ ᠦᠢ᠍ᠯᠡᠳᠦᠯᠭᠡ ᠳᠤᠮᠳᠠᠬᠢ ᠪᠦᠲᠦᠮᠵᠢᠲᠡᠢ ᠲᠤᠷᠰᠢᠯᠭ᠎ᠠ ᠪᠠ ᠠᠷᠭ᠎ᠠ ᠵᠢ ᠳ᠋ᠦᠩᠨᠡᠨ ᠬᠤᠷᠢᠶᠠᠩᠭᠤᠢ᠌ᠯᠠᠵᠤ᠂ ᠬᠣᠯᠪᠤᠭᠳᠠᠯ ᠪᠦᠬᠦᠢ ᠰᠠᠯᠠᠭ᠎ᠠ ᠮᠦᠴᠢᠷ ᠪᠠ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠰᠠᠨᠠᠯ᠎ᠢ ᠬᠤᠷᠢᠶᠠᠭᠰᠠᠨ᠎ᠤ ᠳᠠᠷᠠᠭ᠎ᠠ ᠲᠣᠭᠲᠠᠭ᠋ᠠᠨ ᠨᠡᠢ᠌ᠲᠡᠯᠡᠪᠡ᠃
[ᠬᠦᠲᠦᠯᠦᠭᠴᠢ]᠄
《ᠲᠣᠭᠲᠠᠭ᠋ᠠᠯ》᠎ᠳᠤ ᠳᠤᠷᠠᠳᠤᠭᠰᠠᠨ ᠵᠠᠩᠭᠢᠯᠭ᠎ᠠ ᠵᠢᠨ ᠦᠭᠡ 《ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ》 ᠭᠡᠳᠡᠭ᠎ᠨᠢ ᠪᠣᠳᠠᠲᠠᠢ ᠶᠠᠭᠤ ᠵᠢ ᠵᠢᠭ᠋ᠠᠵᠤ ᠪᠠᠢ᠌ᠬᠤ ᠪᠣᠢ? ᠡᠨᠡᠬᠥ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠭᠦᠢ᠍ᠴᠡᠳᠭᠡᠬᠦ ᠤᠢ᠍ᠭᠡᠢ ᠪᠣᠯ ᠪᠠᠰᠠ ᠶᠠᠮᠠᠷ ᠦᠷ᠎ᠡ ᠳ᠋ᠦᠩ᠎ᠲᠠᠢ ᠪᠣᠯᠬᠤ ᠪᠣᠢ?
[ᠸᠠᠩ ᠵᠢᠶᠦ᠋ᠨ ᠹᠸᠩ]᠄
ᠪᠣᠳᠠᠲᠠᠢ᠎ᠪᠠᠷ ᠬᠡᠯᠡᠪᠡᠯ᠂ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ᠎ᠨᠢ ᠠᠶᠤᠯ ᠦᠭᠡᠢ ᠦᠢ᠍ᠯᠡᠳᠪᠦᠷᠢᠯᠡᠯ᠎ᠤᠨ ᠪᠠᠲᠤᠯᠠᠭ᠎ᠠ ᠵᠢᠨ ᠲᠠᠯ᠎ᠠ᠎ᠪᠠᠷ ᠤᠯᠤᠰ᠎ᠤᠨ ᠬᠣᠯᠪᠤᠭᠳᠠᠯ ᠪᠦᠬᠦᠢ ᠠᠶᠤᠯ ᠦᠭᠡᠢ ᠦᠢ᠍ᠯᠡᠳᠪᠦᠷᠢᠯᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠶ᠋ᠡᠷ ᠬᠡᠷᠡᠭᠵᠢᠭᠦᠯᠬᠦ ᠶᠣᠰᠣᠲᠠᠶ ᠬᠣᠯᠪᠣᠭᠳᠠᠯ ᠪᠦᠬᠦᠢ ᠲᠣᠭᠲᠠᠭ᠋ᠠᠯ᠂ ᠭᠦᠢ᠍ᠴᠡᠳᠭᠡᠬᠦ ᠶᠣᠰᠤᠲᠠᠢ ᠠᠵᠢᠯ᠎ᠤᠨ ᠡᠭᠦᠷᠭᠡ ᠬᠠᠷᠢᠭᠤᠴᠠᠯᠭ᠎ᠠ᠂ ᠪᠦᠷᠢᠳᠦᠭᠦᠯᠬᠦ ᠶᠣᠰᠣᠲᠠᠶ ᠠᠶᠤᠯ ᠦᠭᠡᠢ ᠦᠢ᠍ᠯᠡᠳᠪᠦᠷᠢᠯᠡᠯ᠎ᠤᠨ ᠨᠥᠬᠥᠴᠡᠯ᠂ ᠬᠡᠷᠡᠭᠵᠢᠭᠦᠯᠬᠦ ᠶᠣᠰᠣᠲᠠᠶ ᠠᠵᠢᠯ ᠲᠥᠷᠥᠯ᠎ᠤᠨ ᠪᠠᠷᠢᠮᠵᠢᠶ᠎ᠠ᠂ ᠡᠭᠦᠷᠭᠡᠯᠡᠬᠦ ᠶᠣᠰᠣᠲᠠᠶ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠵᠢᠭ᠋ᠠᠵᠤ ᠪᠠᠢ᠌ᠨ᠎ᠠ᠃ ᠡᠭᠦᠨ᠎ᠳᠤ ᠲᠠᠪᠤᠨ ᠲᠠᠯ᠎ᠠ ᠵᠢ ᠳᠣᠪᠤᠢ᠌ᠯᠭ᠋ᠠᠬᠤ ᠬᠡᠷᠡᠭᠲᠡᠢ᠄ ᠨᠢᠭᠡᠳᠦᠭᠡᠷ᠎ᠲᠤ᠂ ᠭᠣᠣᠯ ᠬᠠᠷᠢᠭᠤᠴᠠᠯᠭ᠋ᠠᠲᠠᠨ᠎ᠢ ᠠᠳᠬᠤᠬᠤ᠃ ᠭᠣᠣᠯ ᠬᠠᠷᠢᠭᠤᠴᠠᠯᠭ᠋ᠠᠲᠠᠨ᠎ᠨᠢ ᠡᠷᠬᠡᠪᠰᠢ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠪᠣᠳᠠᠲᠠᠶ ᠡᠵᠡᠮᠳᠡᠭᠴᠢ᠂ ᠪᠣᠳᠠᠲᠠᠶ ᠪᠡᠯᠡ ᠣᠷᠣᠭᠤᠯᠤᠭᠴᠢ ᠪᠠᠢ᠌ᠬᠤ ᠬᠡᠷᠡᠭᠲᠡᠢ᠃ ᠬᠣᠶᠠᠳᠤᠭ᠋ᠠᠷ᠎ᠲᠤ᠂ ᠬᠠᠷᠢᠭᠤᠴᠠᠯᠭ᠎ᠠ ᠵᠢᠨ ᠳᠦᠷᠢᠮ᠎ᠢ ᠠᠳᠬᠤᠬᠤ᠃ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢᠨ ᠤᠳᠤᠷᠢᠳᠬᠤ ᠺᠠᠳ᠋ᠷ ᠵᠢᠴᠢ ᠡᠯ᠎ᠡ ᠳᠡᠰ ᠳᠠᠪᠬᠤᠷᠭ᠎ᠠ᠂ ᠡᠯ᠎ᠡ ᠲᠦᠷᠦᠯ᠎ᠤᠨ ᠠᠵᠢᠯᠲᠠᠳ᠎ᠤᠨ ᠡᠯ᠎ᠡ ᠠᠵᠢᠯ᠎ᠤᠨ ᠪᠠᠢ᠌ᠷᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ᠃ ᠭᠤᠷᠪᠠᠳᠤᠭ᠋ᠠᠷ᠎ᠲᠤ᠂ ᠵᠣᠬᠢᠶᠠᠨ ᠪᠠᠢ᠌ᠭᠤᠯᠬᠤ ᠪᠠᠢ᠌ᠭᠤᠯᠤᠮᠵᠢ ᠪᠠ ᠠᠵᠢᠯᠲᠠᠨ᠎ᠢ ᠠᠳᠬᠤᠬᠤ᠃ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ ᠪᠦᠬᠦᠨ ᠡᠷᠬᠡᠪᠰᠢ ᠠᠶᠤᠯ ᠦᠭᠡᠢ ᠬᠠᠮᠢᠶᠠᠷᠤᠯᠲᠠ ᠵᠢᠨ ᠲᠤᠰᠬᠠᠢ ᠪᠠᠢ᠌ᠭᠤᠯᠤᠮᠵᠢ ᠵᠢ ᠬᠠᠤᠯᠢ ᠶᠣᠰᠤᠭ᠋ᠠᠷ ᠪᠠᠢ᠌ᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠲᠤᠰᠬᠠᠢ ᠲᠤᠰᠢᠶᠠᠯᠲᠠᠨ᠎ᠢ ᠲᠣᠬᠢᠷᠠᠭᠤᠯᠵᠤ᠂ ᠴᠢᠬᠣᠯᠠ ᠠᠵᠢᠯ᠎ᠤᠨ ᠪᠠᠢ᠌ᠷᠢ᠂ ᠵᠠᠩᠭᠢᠯᠭ᠎ᠠ ᠵᠢᠨ ᠭᠣᠭᠴᠤᠭ᠎ᠠ᠎ᠳᠤ ᠡᠯᠪᠡᠭ ᠪᠠᠶᠠᠯᠢᠭ ᠲᠤᠰᠬᠠᠶ ᠮᠡᠷᠭᠡᠵᠢᠯ᠎ᠤᠨ ᠮᠡᠳᠡᠯᠭᠡ ᠪᠠ ᠬᠠᠮᠢᠶᠠᠷᠤᠯᠲᠠ ᠵᠢᠨ ᠲᠤᠷᠰᠢᠯᠭ᠎ᠠ᠎ᠲᠠᠢ ᠠᠵᠢᠯᠲᠠᠨ᠎ᠢ ᠭᠦᠢ᠍ᠴᠡᠳ ᠴᠢᠩᠭ᠎ᠠ ᠲᠣᠬᠢᠷᠠᠭᠤᠯᠬᠤ ᠬᠡᠷᠡᠭᠲᠡᠢ᠃ ᠳᠥᠷᠪᠡᠳᠦᠭᠡᠷ᠎ᠲᠤ᠂ ᠣᠷᠤᠭᠤᠯᠤᠯᠲᠠ ᠵᠢ ᠠᠳᠬᠤᠬᠤ᠃ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ᠎ᠨᠦᠭᠦᠳ ᠠᠶᠤᠯ ᠦᠭᠡᠢ ᠦᠢ᠍ᠯᠡᠳᠪᠦᠷᠢᠯᠡᠯ᠎ᠤᠨ ᠴᠢᠬᠤᠯᠠ ᠬᠡᠷᠡᠭᠴᠡᠭᠡ ᠪᠦᠬᠦᠢ ᠪᠡᠯᠠ ᠮᠦᠩᠭᠦᠨ᠎ᠤ ᠣᠷᠣᠭᠤᠯᠤᠯᠲᠠ ᠵᠢ ᠨᠠᠶ᠋ᠢᠳᠠᠪᠤᠷᠢᠵᠢᠭᠤᠯᠵᠤ᠂ ᠠᠶᠤᠯ ᠥᠭᠡᠢ ᠦᠢ᠍ᠯᠡᠳᠪᠦᠷᠢᠯᠡᠯ᠎ᠤᠨ ᠵᠠᠷᠤᠳᠠᠯ᠎ᠢ ᠬᠠᠤᠯᠢ ᠶᠣᠰᠣᠭ᠋ᠠᠷ ᠭᠦᠢ᠍ᠴᠡᠳ ᠲᠣᠭ᠎ᠠ᠎ᠪᠠᠷ ᠭᠠᠷᠭ᠋ᠠᠵᠤ ᠠᠪᠤᠨ ᠰᠠᠶ᠋ᠢᠲᠤᠷ ᠬᠡᠷᠡᠭᠯᠡᠬᠦ ᠬᠡᠷᠡᠭᠲᠡᠢ᠃ ᠲᠠᠪᠤᠳᠤᠭ᠋ᠠᠷ᠎ᠲᠤ᠂ ᠳᠦᠷᠢᠮ ᠲᠣᠭᠲᠠᠭ᠋ᠠᠯ ᠪᠠ ᠠᠵᠢᠯᠯᠠᠬᠤ ᠳᠦᠷᠢᠮ᠎ᠢ ᠠᠳᠬᠤᠬᠤ᠃ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ᠎ᠨᠦᠭᠦᠳ ᠠᠶᠤᠯ ᠦᠭᠡᠢ ᠦᠢ᠍ᠯᠡᠳᠪᠦᠷᠢᠯᠡᠯ᠎ᠤᠨ ᠦᠨᠳᠦᠰᠦᠨ ᠳᠦᠷᠢᠮ ᠪᠠ ᠠᠶᠤᠯ ᠦᠭᠡᠢ ᠠᠵᠢᠯᠯᠠᠬᠤ ᠳᠦᠷᠢᠮ᠎ᠢ ᠨᠠᠢ᠌ᠳᠠᠪᠤᠷᠢᠵᠢᠭᠤᠯᠵᠤ᠂ ᠳᠠᠯᠳᠠ ᠭᠡᠮ᠎ᠢ ᠴᠢᠩᠭ᠎ᠠ ᠪᠠᠢ᠌ᠴᠠᠭ᠋ᠠᠵᠤ ᠵᠠᠰᠠᠬᠤ᠂ ᠠᠶᠤᠯ ᠦᠭᠡᠢ ᠵᠢᠨ ᠰᠤᠷᠭ᠋ᠠᠨ ᠬᠦᠮᠦᠵᠢᠯ᠎ᠤᠨ ᠪᠣᠯᠪᠠᠰᠤᠷᠠᠭᠤᠯᠤᠯ᠂ ᠡ᠊ᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠡᠷᠭᠡ ᠡᠯ᠎ᠡ ᠵᠦᠢ᠍ᠯ᠎ᠤᠨ ᠳᠦᠷᠢᠮ ᠲᠣᠭᠲᠠᠭ᠋ᠠᠯ᠎ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠡᠳᠡᠭᠡᠷ ᠠᠭᠤᠯᠭ᠎ᠠ᠎ᠨᠢ ᠮᠠᠰᠢ ᠴᠢᠩᠭ᠎ᠠ ᠴᠢᠭᠯᠡᠭᠦᠯᠬᠦ ᠴᠢᠨᠠᠷ᠂ ᠵᠢᠯᠣᠭᠣᠳᠬᠤ ᠴᠢᠨᠠᠷ ᠪᠠ ᠬᠡᠷᠡᠭᠵᠢᠭᠦᠯᠵᠦ ᠪᠣᠯᠬᠤᠶ᠋ᠢᠴᠠ ᠴᠢᠨᠠᠷᠲᠠᠢ ᠪᠠᠢ᠌ᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠪᠠᠢ᠌ᠳᠠᠯ᠎ᠢ ᠦᠷᠭᠦᠯᠵᠢᠯᠡᠨ ᠲᠣᠭᠲᠠᠭᠤᠨ ᠵᠶ᠋ᠠᠷ ᠰᠠᠢ᠌ᠵᠢᠷᠠᠭᠤᠯᠬᠤ ᠵᠢ ᠲᠦᠯᠬᠢᠨ ᠠᠬᠢᠭᠤᠯᠬᠤ᠎ᠳᠤ ᠴᠢᠬᠣᠯᠠ ᠦᠢ᠍ᠯᠡᠳᠦᠯ᠎ᠲᠠᠢ ᠶᠤᠮ᠃ ᠬᠡᠷᠪᠡ ᠳᠡᠭᠡᠷ᠎ᠡ ᠳᠤᠷᠠᠳᠤᠭᠰᠠᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠨᠠᠢ᠌ᠪᠤᠷᠢᠵᠢᠭᠤᠯᠬᠤ ᠦᠭᠡᠢ ᠪᠣᠯ ᠠᠶᠤᠯ ᠦᠭᠡᠢ ᠦᠢ᠍ᠯᠡᠳᠪᠦᠷᠢᠯᠡᠯ᠎ᠢ ᠪᠠᠲᠤᠯᠠᠵᠤ ᠴᠢᠳᠠᠬᠤ ᠦᠭᠡᠢ ᠪᠦᠭᠡᠳ ᠳᠠᠷᠤᠢ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ ᠡᠭᠦᠰᠴᠦ᠂ ᠳᠠᠷᠤᠢ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠳᠤ ᠬᠣᠬᠢᠷᠠᠯ ᠤᠴᠠᠷᠠᠭᠤᠯᠬᠤ ᠪᠣᠯᠤᠨ᠎ᠠ᠃
[ᠸᠠᠩ ᠵᠢᠶᠦ᠋ᠨ ᠹᠸᠩ]᠄
《ᠲᠣᠭᠲᠠᠭ᠋ᠠᠯ》᠎ᠳᠤ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ᠎ᠨᠦᠭᠦᠳ ᠠᠶᠤᠯ ᠦᠭᠡᠢ ᠦᠢ᠍ᠯᠡᠳᠪᠦᠷᠢᠯᠡᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠥᠯᠦ ᠭᠦᠢ᠍ᠴᠡᠳᠬᠡᠭᠰᠡᠨ ᠦᠭᠡᠢ ᠭᠣᠣᠯ ᠦᠢ᠍ᠯᠡ ᠪᠠᠶ᠋ᠢᠳᠠᠯ᠎ᠳᠤ ᠴᠢᠩᠭ᠎ᠠ ᠰᠢᠳᠬᠡᠬᠦ ᠠᠷᠭ᠎ᠠ ᠬᠡᠮᠵᠢᠶ᠎ᠡ ᠲᠣᠭᠲᠠᠭ᠋ᠠᠵᠠᠢ᠂ ᠵᠢᠱ᠌ᠢᠶᠡᠯᠡᠪᠡᠯ᠂ ᠡᠨᠳᠡᠯ᠎ᠠᠴᠠ ᠭᠦᠨᠵᠡᠭᠡᠢ ᠰᠤᠷᠭ᠋ᠠᠮᠵᠢ ᠠᠪᠤᠭᠰᠠᠨ ᠦᠭᠡᠢ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢ ᠬᠠᠤᠯᠢ ᠶᠣᠰᠣᠭ᠋ᠠᠷ ᠴᠢᠩᠭ᠎ᠠ ᠪᠥᠭᠡᠳ ᠬᠦᠨᠳᠦ᠎ᠪᠠᠷ ᠰᠢᠢ᠍ᠳᠪᠦᠷᠢᠯᠡᠵᠦ᠂ ᠠᠵᠢᠯ ᠦᠢ᠍ᠯᠡᠳᠪᠦᠷᠢᠯᠡᠯ᠎ᠢ᠎ᠨᠢ ᠵᠣᠭᠰᠤᠭ᠋ᠠᠵᠤ ᠴᠡᠭᠴᠡᠯᠡᠭᠦᠯᠦᠭᠡᠳ ᠠᠶᠤᠯ ᠦᠭᠡᠢ ᠦᠢ᠍ᠯᠡᠳᠪᠦᠷᠢᠯᠡᠯ᠎ᠤᠨ ᠨᠥᠬᠥᠴᠡᠯ᠎ᠢ ᠮᠥᠨ ᠬᠦ᠌ ᠪᠦᠷᠢᠳᠦᠭᠦᠯᠵᠦ ᠳᠡᠢ᠌ᠯᠦᠭᠰᠡᠨ ᠤᠢ᠍ᠭᠡᠢ ᠪᠣᠯ᠂ ᠬᠠᠷᠢᠶᠠᠯᠠᠯ᠎ᠤᠨ ᠡᠷᠬᠡ ᠪᠥᠬᠦᠢ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠦᠭᠡᠳ ᠬᠠᠤᠯᠢ ᠶᠣᠰᠣᠭ᠋ᠠᠷ ᠬᠠᠭ᠋ᠠᠵᠤ ᠵᠣᠭᠰᠤᠭ᠋ᠠᠨᠠ᠂ ᠶᠠᠯ᠎ᠠ ᠬᠢᠭᠰᠡᠨ᠎ᠳᠤ ᠬᠦᠷᠦᠭᠰᠡᠨ ᠪᠣᠯ᠂ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠵᠦ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃ ᠪᠠᠭᠴᠠᠯᠠᠭ᠋ᠠᠳ ᠬᠡᠯᠡᠪᠡᠯ᠂ ᠠᠵᠤ ᠠᠬᠤᠶ᠋ᠢᠯᠠᠯ᠎ᠤᠳ ᠬᠠᠮᠢᠶ᠎ᠡ ᠪᠦᠬᠦᠢ ᠬᠠᠷᠢᠭᠤᠴᠠᠯᠭ᠎ᠠ᠎ᠪᠠᠨ ᠭᠦᠢ᠍ᠴᠡᠳᠬᠡᠬᠦ ᠤᠢ᠍ᠭᠡᠢ ᠯᠠ ᠶᠤᠮ ᠪᠣᠯ᠂ ᠯᠠᠪᠲᠠᠶ ᠴᠢᠩᠭ᠎ᠠ ᠰᠢᠳᠬᠡᠯ ᠣᠯᠵᠤ᠂ ᠬᠠᠤᠯᠢ᠎ᠠᠴᠠ ᠵᠦᠷᠢᠴᠡᠭᠰᠡᠨ᠎ᠨᠢ ᠶᠡᠬᠡ ᠥᠷᠲᠡᠭ ᠭᠠᠷᠭ᠋ᠠᠬᠤ ᠪᠣᠯᠭ᠋ᠠᠵᠤ᠂ ᠡᠭᠦᠨ᠎ᠤ ᠤᠯᠠᠮ ᠵᠶ᠋ᠠᠷ ᠲᠤᠰ ᠪᠡᠶ᠎ᠡ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯᠯᠠᠭ᠎ᠠ᠎ᠪᠠᠨ ᠤᠬᠠᠮᠰᠠᠷ᠎ᠠᠴᠠ᠎ᠪᠠᠨ ᠲᠣᠬᠢᠷᠠᠭᠤᠯᠤᠨ ᠵᠢᠷᠤᠮᠵᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠢ ᠪᠡᠶᠡᠯᠡᠭᠦᠯᠬᠦ ᠪᠣᠯᠭ᠋ᠠᠨ᠎ᠠ᠃
[ᠬᠦᠲᠦᠯᠦᠭᠴᠢ]᠄
《ᠲᠣᠭᠲᠠᠭ᠋ᠠᠯ》᠎ᠳᠤ ᠦᠢ᠍ᠯᠡᠳᠪᠦᠷᠢᠯᠡᠯ ᠡᠵᠡᠩᠨᠡᠭᠴᠢ ᠵᠢ ᠬᠢᠵᠠᠭ᠋ᠠᠷᠯᠠᠭᠰᠠᠨ᠎ᠠᠴᠠ ᠭᠠᠳᠠᠨ᠎ᠠ᠂ ᠬᠢᠨᠠᠨ ᠬᠠᠮᠢᠶᠠᠷᠬᠤ ᠰᠠᠯᠠᠭ᠎ᠠ ᠮᠥᠴᠢᠷ᠎ᠲᠤ ᠪᠣᠳᠠᠲᠠᠶ ᠲᠣᠭᠲᠠᠭ᠋ᠠᠯ ᠪᠠᠢ᠌ᠨ᠎ᠠ ᠦᠦ?
[ᠸᠠᠩ ᠵᠢᠶᠦ᠋ᠨ ᠹᠸᠩ]᠄
ᠠᠵᠤ ᠠᠬᠤᠶ᠋ᠢᠯᠠᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ᠎ᠨᠢ ᠪᠦᠲᠦᠮᠵᠢᠲᠡᠶ ᠬᠢᠨᠠᠯᠲᠠ ᠲᠠᠯᠪᠢᠬᠤ᠎ᠠᠴᠠ ᠰᠠᠯᠵᠤ ᠴᠢᠳᠠᠬᠤ ᠦᠭᠡᠢ᠂ ᠠᠶᠤᠯ ᠦᠭᠡᠢ ᠦᠢ᠍ᠯᠡᠳᠪᠦᠷᠢᠯᠡᠯ᠎ᠤᠨ ᠰᠠᠢ᠍ᠢ᠍ᠨ ᠰᠠᠶ᠋ᠢᠬᠠᠨ ᠣᠷᠴᠢᠨ ᠠᠬᠤᠶ ᠵᠢ ᠤᠯᠠᠨ ᠰᠠᠯᠠᠭ᠎ᠠ ᠮᠥᠴᠢᠷ᠎ᠤᠨ ᠬᠠᠮᠲᠤ᠎ᠪᠠᠷ ᠪᠣᠢ ᠪᠣᠯᠭ᠋ᠠᠬᠤ ᠬᠡᠷᠡᠭᠴᠡᠭᠡ᠎ᠲᠠᠢ ᠶᠤᠮ᠃ ᠶᠡᠷᠦᠩᠬᠡᠶ ᠱᠦᠵᠢ ᠰᠢ ᠵᠢᠨ ᠫᠢᠩ 《11.22》᠎ᠤᠨ ᠳᠤᠮᠳᠠᠳᠤ ᠤᠯᠤᠰ᠎ᠤᠨ ᠴᠢᠯᠠᠭᠤᠨ ᠳᠣᠰᠣᠠᠤ ᠳ᠋ᠥᠨᠭᠶᠢᠨᠭᠠᠴᠠ ᠬᠤᠸᠠᠨᠭ᠌ᠳᠤᠤ ᠬᠦᠷᠬᠥ ᠳᠤᠰᠤ ᠳᠠᠮᠵᠢᠭᠤᠯᠬᠤ ᠬᠣᠭᠣᠯᠠᠶ ᠭᠣᠭᠣᠵᠢᠵᠤ ᠳᠡᠯᠪᠡᠷᠡᠭᠰᠡᠨ ᠣᠨᠴᠠ ᠶᠡᠬᠡ ᠡᠨᠳᠡᠯ᠎ᠤᠨ ᠠᠶᠤᠯ᠎ᠠᠴᠠ ᠠᠪᠤᠷᠠᠵᠤ ᠪᠠᠢ᠌ᠭ᠎ᠠ ᠠᠵᠢᠯ᠎ᠢ ᠰᠢᠨᠵᠢᠯᠡᠨ ᠪᠠᠢ᠌ᠴᠠᠭ᠋ᠠᠬᠤ ᠦᠶ᠎ᠡ᠎ᠳᠤ ᠴᠢᠬᠤᠯᠠᠴᠢᠯᠠᠭᠰᠠᠨ᠎ᠨᠢ᠂ ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠠᠶᠤᠯ ᠦᠭᠡᠢ ᠵᠢ ᠬᠠᠮᠢᠶᠠᠷᠬᠤ᠂ ᠲᠤᠬᠠᠶ᠋ᠢᠯᠠᠭᠰᠠᠨ ᠠᠵᠢᠯ᠎ᠢ ᠬᠠᠮᠢᠶᠠᠷᠬᠤ᠎ᠳᠤ ᠡᠷᠬᠡᠪᠰᠢ ᠠᠶᠤᠯ ᠦᠭᠡᠢ ᠵᠢ ᠬᠠᠮᠢᠶᠠᠷᠬᠤ᠂ ᠦᠢ᠍ᠯᠡᠳᠪᠦᠷᠢᠯᠡᠯ ᠡᠵᠡᠩᠨᠡᠯᠲᠡ ᠵᠢ ᠬᠠᠮᠢᠶᠠᠷᠬᠤ᠎ᠳᠤ ᠡᠷᠬᠡᠪᠰᠢ ᠠᠶᠤᠯ ᠦᠭᠡᠢ ᠵᠢ ᠬᠠᠮᠢᠶᠠᠷᠬᠤ ᠵᠢ ᠪᠠᠷᠢᠮᠲᠠᠯᠠᠬᠤ ᠬᠡᠷᠡᠭᠲᠡᠢ ᠬᠡᠪᠡ᠃ 《ᠲᠣᠭᠲᠠᠭ᠋ᠠᠯ》᠎ᠳᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ᠎ᠳᠤ ᠬᠠᠤᠯᠢ ᠶᠣᠰᠣᠭ᠋ᠠᠷ ᠬᠢᠨᠠᠯᠲᠠ ᠲᠠᠯᠪᠢᠵᠤ ᠬᠠᠮᠢᠶᠠᠷᠬᠤ ᠵᠢ ᠬᠡᠷᠡᠭᠵᠢᠭᠦᠯᠬᠦ ᠬᠡᠷᠡᠭᠲᠡᠢ ᠭᠡᠵᠦ ᠲᠣᠳᠣᠷᠬᠠᠶ ᠳᠤᠷᠠᠳᠤᠪᠠ᠃ ᠡᠭᠦᠨ᠎ᠳᠤ᠂ ᠠᠷᠪᠠᠳᠤᠭ᠋ᠠᠷ ᠵᠦᠢ᠍ᠯ᠎ᠳᠤ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠤᠭᠤᠳ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠎ᠳᠤ ᠠᠵᠤ ᠠᠬᠤᠶ ᠵᠢᠨ ᠲᠦᠷᠦ ᠵᠢᠨ ᠪᠤᠳᠤᠯᠭ᠎ᠠ᠎ᠠᠴᠠ ᠦᠵᠡᠭᠦᠯᠬᠦ ᠤᠳᠤᠷᠢᠳᠤᠮᠵᠢ ᠵᠢᠨ ᠦᠢ᠍ᠯᠡᠳᠦᠯ ᠵᠢ᠎ᠨᠢ ᠴᠢᠨᠭ᠌ᠭ᠋ᠠᠳᠬᠠᠬᠬᠤ ᠬᠡᠷᠡᠭᠲᠡᠢ ᠭᠡᠵᠦ ᠲᠣᠭᠲᠠᠭ᠋ᠠᠪᠠ; ᠠᠷᠪᠠᠨ ᠨᠢᠭᠡᠳᠦᠭᠡᠷ ᠵᠦᠢ᠍ᠯ᠎ᠳᠤ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠤᠭᠤᠳ ᠠᠶᠤᠯ ᠦᠭᠡᠢ ᠦᠢ᠍ᠯᠡᠳᠪᠦᠷᠢᠯᠡᠯ᠎ᠢ ᠬᠢᠨᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠲᠠᠢ ᠰᠠᠯᠠᠭ᠎ᠠ ᠮᠥᠴᠢᠷ᠎ᠢ ᠳᠡᠮᠵᠢᠬᠥ ᠪᠠ ᠰᠢᠮᠳᠠᠭᠤᠯᠵᠤ ᠪᠠᠢ᠌ᠭ᠋ᠠᠳ ᠬᠢᠨᠠᠨ ᠬᠠᠮᠢᠶᠠᠷᠬᠤ ᠬᠠᠷᠢᠭᠤᠴᠠᠯᠭ᠎ᠠ ᠵᠢ᠎ᠨᠢ ᠦᠨᠡᠨ ᠬᠦ᠌ ᠭᠦᠢ᠍ᠴᠡᠳᠬᠡᠯᠭᠡᠬᠥ ᠬᠡᠷᠡᠭᠲᠡᠢ᠂ ᠠᠶᠤᠯ ᠥᠭᠡᠢ ᠦᠢ᠍ᠯᠡᠳᠪᠦᠷᠢᠯᠡᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠶᠠᠮᠠᠷᠪᠠ ᠰᠢᠯᠲᠠᠭ ᠵᠶ᠋ᠠᠷ ᠰᠢᠭᠤᠳ ᠪᠤᠶᠤ ᠬᠡᠯᠪᠡᠷᠢ ᠵᠢ᠎ᠨᠢ ᠥᠭᠡᠷᠡᠲᠡᠭᠦᠯᠦᠨ ᠬᠢᠵᠠᠭ᠋ᠠᠷᠯᠠᠬᠤ ᠨᠥᠬᠥᠴᠡᠯ ᠪᠣᠯᠣᠨ ᠬᠠᠷᠰᠢ ᠰᠠᠭ᠋ᠠᠳ ᠲᠣᠬᠢᠷᠠᠭᠤᠯᠵᠤ ᠪᠣᠯᠬᠤ ᠦᠭᠡᠢ ᠭᠡᠵᠦ ᠲᠣᠭᠲᠠᠭ᠋ᠠᠪᠠ; ᠠᠷᠪᠠᠨ ᠬᠣᠶᠠᠳᠤᠭ᠋ᠠᠷ ᠵᠦᠢ᠍ᠯ᠎ᠳᠤ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠵᠦ᠂ ᠴᠢᠩᠭ᠎ᠠ ᠬᠢᠨᠠᠨ ᠬᠠᠮᠢᠶᠠᠷᠬᠤ ᠪᠠ ᠪᠣᠯᠣᠨ ᠪᠦᠲᠦᠮᠵᠢᠲᠡᠶ ᠵᠢᠯᠤᠭᠤᠳᠴᠤ᠂ ᠠᠵᠤ ᠠᠬᠤᠶ᠋ᠢᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠠᠬᠢᠭᠤᠯᠬᠤ ᠬᠡᠷᠡᠭᠲᠡᠶ ᠭᠡᠵᠦ ᠲᠣᠭᠲᠠᠭ᠋ᠠᠵᠠᠢ᠃
[ᠬᠦᠲᠦᠯᠦᠭᠴᠢ]᠄
《ᠲᠣᠭᠲᠠᠭ᠋ᠠᠯ》᠎ᠢ ᠤᠬᠠᠭᠤᠯᠤᠨ ᠲᠤᠤᠱᠯᠠᠭᠤᠯᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ?
[ᠸᠠᠩ ᠵᠢᠶᠦ᠋ᠨ ᠹᠸᠩ]᠄
ᠤᠬᠠᠭᠤᠯᠤᠨ ᠲᠤᠤᠱᠯᠠᠭᠤᠯᠬᠤ ᠲᠥᠰᠥᠯ᠎ᠢ ᠪᠢᠳᠡ ᠨᠢᠭᠡᠨᠲᠡ ᠲᠣᠭᠲᠠᠭ᠋ᠠᠨ ᠲᠠᠷᠬᠠᠭ᠋ᠠᠳ᠂ ᠣᠳᠣ ᠶᠠᠭ ᠤᠬᠠᠭᠤᠯᠤᠨ ᠲᠤᠤᠱᠯᠠᠭᠤᠯᠬᠤ ᠠᠵᠢᠯᠯᠠᠭ᠎ᠠ ᠵᠢ ᠶᠠᠭ ᠢᠳᠡᠪᠬᠢᠲᠡᠶ ᠥᠷᠨᠢᠭᠦᠯᠵᠦ ᠪᠠᠢ᠌ᠨ᠎ᠠ᠃ ᠨᠢᠭᠡ᠎ᠳᠤ᠂ ᠥᠪᠡᠷᠲᠡᠭᠡᠨ ᠵᠠᠰᠠᠬᠤ ᠣᠷᠣᠨ᠎ᠤ ᠠᠶᠤᠯ ᠥᠭᠡᠢ ᠦᠢ᠍ᠯᠡᠳᠪᠦᠷᠢᠯᠡᠯ᠎ᠤᠨ ᠺᠣᠮᠢᠰ᠎ᠤᠨ ᠬᠣᠯᠪᠣᠭᠳᠠᠯ ᠪᠥᠬᠥᠢ ᠪᠦᠷᠢᠯᠳᠦᠬᠦᠨ ᠨᠢᠭᠡᠴᠡ᠎ᠳᠤ ᠲᠤᠰ ᠠᠵᠢᠯ ᠲᠥᠷᠥᠯ᠎ᠤᠨ ᠬᠦᠷᠢᠶᠡᠨ᠎ᠤ ᠣᠨᠴᠠᠯᠢᠭ ᠵᠶ᠋ᠠᠨ ᠦᠨᠳᠦᠰᠦᠯᠡᠨ ᠲᠤᠰᠬᠠᠶ ᠠᠵᠢᠯ᠎ᠤᠨ ᠲᠥᠰᠦᠯ ᠲᠣᠭᠲᠠᠭ᠋ᠠᠵᠤ᠂ 《ᠲᠣᠭᠲᠠᠭ᠋ᠠᠯ》᠎ᠢ ᠤᠬᠠᠭᠤᠯᠤᠨ ᠲᠤᠤᠱᠯᠠᠭᠤᠯᠬᠤ ᠠᠵᠢᠯ᠎ᠢ ᠥᠷᠨᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃ ᠡᠭᠦᠨ᠎ᠤ ᠬᠠᠮᠲᠤ᠂ ᠡᠯ᠎ᠡ ᠠᠶ᠋ᠢᠮᠠᠭ ᠬᠤᠳᠠ ᠴᠤ᠌ ᠥᠪᠡᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠲᠤᠰ ᠭᠠᠵᠠᠷ ᠣᠷᠣᠨ᠎ᠤ᠎ᠪᠠᠨ ᠤᠬᠠᠭᠤᠯᠤᠨ ᠲᠤᠤᠱᠯᠠᠭᠤᠯᠬᠤ ᠠᠵᠢᠯ᠎ᠢ ᠲᠤᠰᠬᠠᠶ ᠰᠡᠳᠦᠪ ᠵᠶ᠋ᠠᠷ ᠰᠤᠳᠤᠯᠤᠨ ᠪᠠᠢ᠌ᠷᠢᠯᠠᠭᠤᠯᠬᠤ ᠵᠢ ᠱᠠᠭ᠋ᠠᠷᠳᠠᠪᠠ᠃ ᠬᠣᠶᠠᠷ᠎ᠲᠤ ᠤᠯᠠᠨ ᠵᠦᠢ᠍ᠯ᠎ᠤᠨ ᠬᠡᠯᠪᠡᠷᠢ᠎ᠪᠠᠷ 《ᠲᠣᠭᠲᠠᠭ᠋ᠠᠯ》᠎ᠢ ᠰᠤᠷᠤᠯᠴᠠᠨ ᠣᠬᠠᠭᠤᠯᠪᠠ᠃ ᠯᠸᠺᠼᠢ ᠡᠷᠬᠢᠯᠡᠬᠥ᠂ ᠪᠣᠯᠪᠠᠰᠤᠷᠠᠭᠤᠯᠤᠯ ᠡᠷᠬᠢᠯᠡᠬᠥ᠂ ᠤᠷᠢᠶ᠎ᠠ ᠯᠣᠽᠦ᠋ᠩ ᠨᠠᠭ᠋ᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ 《ᠲᠣᠭᠲᠠᠭ᠋ᠠᠯ》᠎ᠢ ᠣᠶ᠋ᠢᠯᠠᠭ᠋ᠠᠭᠤᠯᠬᠤ ᠨᠤᠷᠮ᠎ᠠ ᠵᠢ ᠥᠷᠭᠡᠳᠬᠡᠵᠦ᠂ ᠥᠷᠭᠡᠨ ᠤᠯᠠᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠦᠵᠡᠯ ᠤᠬᠠᠮᠰᠠᠷ᠎ᠢ᠎ᠨᠢ ᠳᠡᠭᠡᠭᠰᠢᠯᠡᠭᠦᠯᠪᠡ᠃ ᠭᠤᠷᠪᠠ᠎ᠳᠤ ᠬᠠᠮᠢᠶ᠎ᠡ ᠪᠦᠬᠦᠢ ᠪᠣᠯᠪᠠᠰᠤᠷᠠᠭᠤᠯᠤᠯ᠎ᠤᠨ ᠠᠵᠢᠯ᠎ᠢ ᠥᠷᠨᠢᠭᠦᠯᠪᠡ᠃ ᠰᠢᠨ᠎ᠡ 《ᠠᠶᠤᠯ ᠦᠭᠡᠢ ᠦᠢ᠍ᠯᠡᠳᠪᠦᠷᠢᠯᠡᠯ᠎ᠤᠨ ᠬᠠᠤᠯᠢ》 ᠵᠢ ᠤᠬᠠᠭᠤᠯᠤᠨ ᠲᠤᠤᠱᠯᠠᠭᠤᠯᠬᠤ ᠠᠵᠢᠯ᠎ᠲᠠᠢ ᠤᠶᠠᠯᠳᠤᠭᠤᠯᠤᠨ᠂ 《ᠲᠣᠭᠲᠠᠭ᠋ᠠᠯ》᠎ᠤᠨ ᠬᠣᠯᠪᠣᠭᠳᠠᠯ ᠪᠦᠬᠦᠢ ᠠᠭᠤᠯᠭ᠎ᠠ ᠵᠢ ᠺᠠᠳ᠋ᠷᠴᠤᠳ᠎ᠢ ᠪᠣᠯᠪᠠᠰᠤᠷᠠᠭᠤᠯᠬᠤ ᠲᠥᠯᠥᠪᠯᠡᠭᠡ᠎ᠳᠤ ᠣᠷᠤᠭᠤᠯᠪᠠ; ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢ ᠰᠢᠮᠳᠠᠭᠤᠯᠵᠤ ᠪᠠᠶ᠋ᠢᠭ᠋ᠠᠳ 《ᠲᠣᠭᠲᠠᠭ᠋ᠠᠯ》᠎ᠤᠨ ᠰᠤᠷᠤᠯᠴᠠᠯᠭ᠎ᠠ ᠵᠢ ᠭᠣᠣᠯ ᠬᠠᠷᠢᠭᠤᠴᠠᠯᠭ᠋ᠠᠲᠠᠨ᠂ ᠠᠶᠤᠯ ᠥᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠳᠠᠨ ᠪᠣᠯᠤᠨ ᠠᠵᠢᠯᠯᠠᠵᠤ ᠪᠠᠶ᠋ᠢᠭ᠎ᠠ ᠬᠥᠮᠦᠰ᠎ᠤᠨ ᠪᠣᠯᠪᠠᠰᠤᠷᠠᠭᠤᠯᠤᠯ᠎ᠤᠨ ᠠᠭᠤᠯᠭ᠎ᠠ᠎ᠳᠤ ᠣᠷᠤᠭᠤᠯᠪᠠ᠃ ᠡᠳᠦᠷ ᠲᠤᠳᠤᠮ᠎ᠤᠨ ᠬᠠᠤᠯᠢ ᠵᠢᠨ ᠬᠡᠷᠡᠭᠵᠢᠭᠦᠯᠦᠯᠲᠡ ᠪᠠᠢ᠌ᠴᠠᠭ᠋ᠠᠯᠲᠠ ᠳᠤᠮᠳᠠ ᠰᠢᠨ᠎ᠡ 《ᠠᠶᠤᠯ ᠦᠭᠡᠢ ᠦᠢ᠍ᠯᠡᠳᠪᠦᠷᠢᠯᠡᠯ᠎ᠤᠨ ᠬᠠᠤᠯᠢ》 ᠪᠣᠯᠣᠨ 《ᠲᠣᠭᠲᠠᠭ᠋ᠠᠯ》᠎ᠢ ᠲᠥᠭᠡᠮᠡᠯᠵᠢᠭᠦᠯᠬᠦ ᠪᠠ ᠤᠬᠠᠭᠤᠯᠬᠤ᠎ᠪᠠᠨ ᠴᠢᠨᠭ᠌ᠭ᠋ᠠᠳᠬᠠᠵᠤ᠂ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ᠎ᠨᠦᠭᠦᠳ᠎ᠲᠤ ᠠᠵᠤ ᠠᠬᠤᠶ᠋ᠢᠯᠠᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠬᠣᠯᠪᠣᠭᠳᠠᠯ ᠪᠦᠬᠦᠢ ᠠᠭᠤᠯᠭ᠎ᠠ ᠵᠢ ᠣᠢ᠌ᠯᠠᠭ᠋ᠠᠨ ᠡᠵᠡᠮᠰᠢᠭᠦᠯᠪᠡ᠃ ᠡᠭᠦᠨ᠎ᠤ ᠵᠡᠷᠭᠡᠴᠡᠪᠡᠷ᠂ 《ᠲᠣᠭᠲᠠᠭ᠋ᠠᠯ》᠎ᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠣᠨ᠎ᠤ ᠰᠢᠯᠭ᠋ᠠᠨ ᠬᠢᠨᠠᠬᠤ ᠠᠭᠤᠯᠭ᠎ᠠ᠎ᠳᠤ ᠣᠷᠤᠭᠤᠯᠪᠠ᠃
ᠳᠠᠷᠠᠭ᠋ᠠᠴᠢ ᠵᠢᠨ ᠠᠯᠬᠤᠮ᠎ᠳᠤ ᠪᠢᠳᠡ 《ᠲᠣᠭᠲᠠᠭ᠋ᠠᠯ》᠎ᠢ ᠨᠠᠢ᠌ᠳᠠᠪᠤᠷᠢᠵᠢᠭᠤᠯᠤᠭᠰᠠᠨ ᠪᠠ ᠬᠡᠷᠡᠭᠵᠢᠭᠦᠯᠦᠭᠰᠡᠨ᠎ᠢ ᠦᠨᠳᠦᠰᠦᠯᠡᠨ᠂ ᠣᠷᠣᠰᠢᠵᠤ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ᠂ ᠴᠠᠭᠲᠤᠨᠢ ᠲᠣᠬᠢᠷᠠᠭᠤᠯᠤᠨ ᠵᠠᠰᠠᠪᠤᠷᠢ ᠣᠷᠤᠭᠤᠯᠤᠨ ᠲᠡᠭᠦᠯᠳᠡᠷᠵᠢᠭᠦᠯᠵᠦ᠂ ᠰᠠᠢ᠍ᠢ᠍ᠨ ᠲᠤᠷᠰᠢᠯᠭ᠎ᠠ ᠪᠣᠯᠣᠨ ᠠᠷᠭ᠎ᠠ ᠬᠢᠳᠡᠯ᠎ᠢ ᠶᠠᠭ ᠵᠠᠰᠠᠪᠤᠷᠢ ᠣᠷᠤᠭᠤᠯᠵᠤ ᠪᠠᠢ᠌ᠭ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯ ᠥᠭᠡᠢ ᠦᠢ᠍ᠯᠡᠳᠪᠦᠷᠢᠯᠡᠯ᠎ᠤᠨ ᠲᠥᠷᠢᠮ》᠎ᠳᠤ ᠣᠷᠤᠭᠤᠯᠵᠤ᠂ ᠬᠠᠤᠯᠢ ᠲᠣᠭᠲᠠᠭ᠋ᠠᠯ᠎ᠤᠨ ᠬᠡᠯᠪᠡᠷᠢ᠎ᠪᠠᠷ ᠲᠣᠭᠲᠠᠪᠤᠷᠢᠵᠢᠭᠤᠯᠬᠤ᠎ᠪᠠᠷ ᠪᠠᠢ᠌ᠨ᠎ᠠ᠃
[ᠬᠦᠲᠦᠯᠦᠭᠴᠢ]᠄
ᠵᠠ ᠰᠠᠢ᠌ᠨ ᠪᠤᠯᠤᠯ᠎ᠠ᠂ ᠸᠠᠩ ᠲᠣᠪᠴᠢᠶᠠᠨ ᠳᠠᠷᠤᠭ᠎ᠠ ᠵᠢᠨ ᠨᠠᠷᠢᠨ ᠨᠢᠮᠪᠠᠢ ᠲᠠᠢ᠌ᠯᠪᠤᠷᠢᠯᠠᠯᠳᠠ᠎ᠳᠤ ᠲᠠᠯᠠᠷᠬᠠᠵᠦ ᠪᠠᠢ᠌ᠨ᠎ᠠ᠂ ᠮᠠᠨ᠎ᠤ ᠣᠷᠣᠨ᠎ᠤ ᠠᠶᠤᠯ ᠥᠭᠡᠢ ᠦᠢ᠍ᠯᠡᠳᠪᠦᠷᠢᠯᠡᠯ᠎ᠤᠨ ᠠᠵᠢᠯ ᠰᠢᠨ᠎ᠡ ᠨᠢᠭᠡᠨ ᠳᠡᠭᠲᠡᠷ᠎ᠲᠤ ᠭᠠᠷᠬᠤ ᠵᠢ ᠡᠨᠳᠡ ᠴᠢᠩ ᠰᠡᠳᠬᠢᠯ᠎ᠠᠴᠠ᠎ᠪᠠᠨ ᠬᠦᠰᠡᠵᠦ ᠪᠠᠶ᠋ᠢᠨ᠎ᠠ᠃ ᠰᠦᠯᠵᠢᠶᠡᠨ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠲᠠᠯᠠᠷᠬᠠᠵᠦ ᠪᠠᠢ᠌ᠨ᠎ᠠ᠂ ᠡᠨᠡ ᠤᠳᠠᠭ᠋ᠠᠨ᠎ᠤ ᠰᠤᠷᠪᠤᠯᠵᠢᠯᠠᠭ᠎ᠠ ᠶᠠᠷᠢᠯᠴᠠᠭ᠎ᠠ ᠡᠨᠳᠡ ᠬᠦᠷᠦᠭᠡᠳ ᠲᠠᠭᠦᠰᠤᠯᠠ᠂ ᠲᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠢ ᠵᠤᠯᠭ᠋ᠠᠶ᠎ᠠ !