ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠬᠦᠴᠦ᠎ᠪᠠᠨ ᠲᠥᠪᠯᠡᠷᠡᠭᠦᠯᠦᠨ ᠰᠡᠳᠬᠢᠯ ᠵᠶ᠋ᠡᠨ ᠨᠢᠭᠲᠠᠷᠠᠭᠤᠯᠵᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠨ ᠮᠠᠨ᠎ᠤ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠠᠵᠢᠯ᠎ᠢ ᠢᠳᠡᠪᠬᠢᠲᠠᠢ᠎ᠪᠠᠷ ᠳᠦᠯᠬᠢᠨ ᠠᠬᠢᠭᠤᠯᠤᠶ᠎ᠠ
ᠨᠡᠶ᠋ᠢᠲᠡᠯᠡᠭᠰᠡᠨ ᠴᠠᠭ᠄ 2015-11-13

   

      ᠰᠣᠷᠪᠤᠯᠵᠢᠯᠠᠭᠰᠠᠨ ᠴᠠᠭ᠄ 2015 ᠣᠨ᠎ᠤ 9 ᠳ᠋ᠦ᠍ᠭᠡᠷ ᠰᠠᠷ᠎ᠠ ᠵᠢᠨ 18᠎ᠤ ᠡᠳᠦᠷ᠎ᠤᠨ ᠦᠳᠡ ᠵᠢᠨ ᠡᠮᠦᠨ᠎ᠡ ᠵᠢᠨ 10 ᠴᠠᠭ
      ᠰᠣᠷᠪᠤᠯᠵᠢᠯᠠᠭᠰᠠᠨ ᠵᠣᠴᠢᠨ᠄ ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠤᠷᠤᠨ᠎ᠤ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠳᠡᠳ᠋ ᠲᠣᠭᠣᠷᠢᠨ ᠪᠠᠢ᠌ᠴᠠᠭ᠋ᠠᠭᠴᠢ ᠵᠣᠣ ᠳ᠋ᠠ ᠶᠦᠩ
      ᠰᠣᠷᠪᠤᠯᠵᠢᠯᠠᠨ ᠶᠠᠷᠢᠯᠴᠠᠭᠰᠠᠨ ᠲᠣᠪᠴᠢ᠄
      ᠡᠨᠡ ᠵᠢᠯ᠎ᠤᠨ 3 ᠳ᠋ᠤᠭ᠋ᠠᠷ ᠰᠠᠷ᠎ᠠ ᠵᠢᠨ 1᠎ᠤ ᠡᠳᠦᠷ᠂ 《ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ》᠎ᠢ ᠵᠢᠩᠬᠢᠨᠢ᠎ᠪᠠᠷ ᠡᠬᠢᠯᠡᠨ ᠬᠡᠷᠡᠭᠵᠢᠭᠦᠯᠪᠡ᠂ ᠲᠣᠰ 《ᠳᠦᠷᠢᠮ》᠎ᠢ ᠲᠣᠭᠲᠠᠭ᠋ᠠᠨ ᠨᠡᠢ᠌ᠲᠡᠯᠡᠭᠰᠡᠨ ᠶᠠᠪᠤᠳᠠᠯ ᠪᠣᠯ ᠮᠠᠨ᠎ᠤ ᠤᠯᠤᠰ᠎ᠤᠨ ᠪᠣᠳᠠᠰ᠎ᠤᠨ ᠡᠷᠬᠡ ᠵᠢᠨ ᠳᠦᠷᠢᠮ᠎ᠤᠨ ᠪᠠᠢ᠌ᠭᠤᠯᠤᠯᠲᠠ ᠵᠢᠨ ᠪᠡᠯᠭᠡ ᠳᠡᠮᠳᠡᠭ᠎ᠤᠨ ᠠᠴᠢ ᠬᠣᠯᠪᠣᠭᠳᠠᠯ᠎ᠲᠠᠢ ᠲᠣᠮᠣ ᠬᠡᠷᠡᠭ ᠶᠠᠪᠤᠳᠠᠯ ᠮᠥᠨ᠂ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠭᠣᠣᠯ ᠬᠠᠤᠯᠢ ᠵᠢᠨ ᠦᠨᠳᠦᠰᠦᠯᠡᠯ ᠮᠥᠨ᠃ ᠮᠠᠨ᠎ᠤ ᠤᠷᠤᠨ᠎ᠤ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠠᠵᠢᠯ᠎ᠤᠨ ᠠᠬᠢᠯᠲᠠ ᠵᠢᠨ ᠪᠠᠢ᠌ᠳᠠᠯ᠎ᠢ ᠨᠠᠷᠢᠨ ᠣᠢ᠌ᠯᠠᠭ᠋ᠠᠬᠤ ᠵᠢᠨ ᠲᠤᠰᠠᠳᠠ᠂ ᠣᠢ᠌ᠷ᠎ᠠ᠎ᠳᠤ᠂ ᠪᠢᠳᠡ ᠥᠪᠡᠷᠳᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠲᠢᠩᠬᠢᠮ᠎ᠤᠨ ᠳᠡᠳ᠋ ᠲᠤᠭᠤᠷᠢᠨ ᠪᠠᠢ᠌ᠴᠠᠭ᠋ᠠᠭᠴᠢ ᠵᠤᠤ ᠳ᠋ᠠ ᠶᠥᠩ᠎ᠢ ᠤᠷᠢᠵᠤ 《ᠳᠤᠮᠳᠠᠳᠤ ᠤᠯᠤᠰ   ᠥᠪᠥᠷ ᠮᠤᠩᠭᠤᠯ》 ᠰᠦᠯᠵᠢᠶᠡᠨ ᠳᠡᠭᠡᠷ᠎ᠡ ᠰᠦᠯᠵᠢᠶᠡᠨ ᠠᠨᠳᠠ ᠨᠠᠷ᠎ᠲᠠᠢ ᠶᠠᠷᠢᠯᠴᠠᠭᠤᠯᠬᠤ᠎ᠪᠠᠷ ᠪᠣᠯᠪᠠ᠂ ᠲᠤᠬᠠᠢ ᠵᠢᠨ ᠴᠠᠭ᠎ᠲᠤ ᠰᠦᠯᠵᠢᠶᠡᠨ ᠠᠨᠳᠠ ᠨᠠᠷ᠎ᠤᠨ ᠢᠳᠡᠪᠬᠢᠲᠠᠢ᠎ᠪᠠᠷ ᠣᠷᠣᠯᠴᠠᠬᠤ ᠵᠢ ᠤᠭᠲᠤᠵᠤ ᠪᠠᠢ᠌ᠨ᠎ᠠ!
      ᠬᠥᠲᠥᠯᠦᠭᠴᠢ:
      ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨᠠᠤ! ᠲᠠ ᠪᠦᠬᠦᠨ᠎ᠤ 《ᠳᠤᠮᠳᠠᠳᠤ ᠤᠯᠤᠰ   ᠥᠪᠥᠷ ᠮᠤᠩᠭᠤᠯ》 ᠰᠦᠯᠵᠢᠶᠡᠨ᠎ᠤ ᠰᠤᠷᠪᠤᠯᠵᠢᠯᠠᠭ᠎ᠠ ᠶᠠᠷᠢᠯᠴᠠᠭ᠋ᠠᠨ᠎ᠤ ᠪᠣᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠥᠷ ᠪᠢᠳᠡ ᠠᠵᠠᠲᠠᠢ᠎ᠪᠠᠷ ᠥᠪᠡᠷᠳᠡᠭᠡᠨ ᠵᠠᠰᠠᠬᠤ ᠣᠷᠣᠨ᠎ᠤ ᠤᠯᠤᠰ᠎ᠤᠨ ᠡᠬᠢ ᠪᠠᠶᠠᠯᠢᠭ᠎ᠤᠨ ᠲᠢᠩᠬᠢᠮ᠎ᠤᠨ ᠳᠡᠳ᠋ ᠲᠤᠭᠤᠷᠢᠨ ᠪᠠᠢ᠌ᠴᠠᠭ᠋ᠠᠭᠴᠢ ᠵᠢ ᠤᠷᠢᠨ ᠵᠠᠯᠠᠵᠤ᠂ ᠮᠠᠨ᠎ᠤ ᠣᠷᠣᠨ᠎ᠤ ᠣᠳᠣᠬᠠᠨ᠎ᠤ ᠥᠯᠥ ᠬᠥᠳᠡᠯᠬᠦ ᠬᠥᠷᠥᠩᠭᠡ ᠵᠢᠨ ᠳᠠᠩᠰᠠᠯᠠᠨ ᠳᠡᠮᠳᠡᠭᠯᠡᠬᠦ ᠠᠵᠢᠯ᠎ᠢ ᠥᠷᠨᠢᠭᠦᠯᠦᠭᠰᠡᠨ ᠪᠠᠢ᠌ᠳᠠᠯ᠎ᠢ ᠨᠠᠷᠢᠨ ᠲᠠᠢ᠌ᠯᠪᠤᠷᠢᠯᠠᠭᠤᠯᠬᠤ ᠪᠣᠯᠣᠨ᠎ᠠ᠃ ᠲᠠ ᠪᠥᠬᠥᠨ᠎ᠤ ᠫᠷᠦᠭᠷᠠᠮ᠎ᠳᠤ ᠢᠳᠡᠪᠬᠢᠲᠠᠢ᠎ᠪᠠᠷ ᠣᠷᠣᠯᠴᠠᠬᠤ ᠵᠢ ᠪᠠᠶᠠᠷᠯᠠᠨ ᠤᠭᠲᠤᠶ᠎ᠠ᠃ ᠵᠣᠣ ᠳᠠᠷᠤᠭ᠎ᠠ ᠡ᠂ ᠲᠠᠨ᠎ᠢ ᠪᠠᠶᠠᠷᠯᠠᠨ ᠤᠭᠲᠤᠵᠤ ᠪᠠᠢ᠌ᠨ᠎ᠠ!
      ᠵᠣᠣ ᠳ᠋ᠠ ᠶᠦᠩ᠄
      ᠬᠥᠲᠦᠯᠦᠭᠴᠢ ᠰᠠᠢ᠌ᠨ ᠪᠠᠢ᠌ᠨ᠎ᠠ ᠦᠦ? ᠰᠦᠯᠵᠢᠶᠡᠨ ᠠᠨᠳᠠ ᠨᠠᠷ ᠰᠠᠢ᠌ᠨ ᠪᠠᠢ᠌ᠨ᠎ᠠ ᠦᠦ? 《ᠰᠦᠯᠵᠢᠶᠡᠨ ᠶᠠᠷᠢᠯᠴᠠᠭ᠎ᠠ》 ᠪᠣᠯᠤᠩ ᠵᠶ᠋ᠠᠷ ᠳᠠᠮᠵᠢᠨ ᠲᠠ ᠪᠦᠬᠦᠨ᠎ᠲᠠᠢ ᠶᠠᠷᠢᠯᠴᠠᠬᠤ ᠪᠤᠯᠤᠭᠰᠠᠨ᠎ᠳᠤ᠎ᠪᠠᠨ ᠮᠠᠰᠢ ᠪᠠᠶᠠᠷᠯᠠᠵᠤ ᠪᠠᠢ᠌ᠨ᠎ᠠ! ᠥᠷᠭᠡᠨ ᠤᠯᠠᠨ ᠰᠦᠯᠵᠢᠶᠡᠨ ᠠᠨᠳᠠ ᠨᠠᠷ᠎ᠤᠨ ᠮᠠᠨ᠎ᠤ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠡᠯ᠎ᠡ ᠵᠦᠢ᠍ᠯ᠎ᠤᠨ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠢ᠌ᠨ᠎ᠠ!
      ᠬᠥᠲᠦᠯᠦᠭᠴᠢ᠄
      ᠵᠤᠤ ᠳᠠᠷᠤᠭ᠎ᠠ ᠡ᠂ ᠤᠷᠢᠳᠠᠪᠡᠷ ᠶᠠᠭᠤ ᠵᠢ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠭᠡᠳᠡᠭ᠎ᠢ ᠲᠠᠨᠢᠯᠴᠠᠭᠤᠯᠤᠭ᠋ᠠᠳ ᠥᠭᠭᠦᠨ᠎ᠡ ᠦᠦ?
      ᠵᠣᠣ ᠳ᠋ᠠ ᠶᠦᠩ :
      ᠥᠯᠥ ᠬᠥᠳᠡᠯᠬᠦ ᠬᠥᠷᠥᠩᠭᠡ ᠭᠡᠳᠡᠭ᠎ᠨᠢ ᠭᠠᠵᠠᠷ ᠰᠢᠷᠤᠢ᠂ ᠳᠠᠯᠠᠢ ᠵᠢᠨ ᠣᠷᠣᠨ ᠵᠢᠴᠢ ᠭᠡᠷ ᠪᠠᠢ᠌ᠰᠢᠩ᠂ ᠤᠢ ᠮᠤᠳᠤ ᠵᠡᠷᠭᠡ ᠲᠣᠭᠲᠠᠭᠰᠠᠨ ᠪᠤᠳᠠᠰ᠎ᠢ ᠵᠢᠭ᠋ᠠᠨ᠎ᠠ᠃ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠭᠡᠳᠡᠭ᠎ᠨᠢ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠪᠠᠢ᠌ᠭᠤᠯᠤᠮᠵᠢ ᠥᠯᠥ ᠬᠥᠳᠡᠯᠬᠦ ᠬᠥᠷᠥᠩᠭᠡ ᠵᠢᠨ ᠡᠷᠬᠡ ᠠᠰᠢᠭ᠎ᠤᠨ   ᠬᠠᠷᠢᠶᠠᠯᠠᠯ ᠪᠣᠯᠣᠨ ᠬᠠᠤᠯᠢ᠎ᠪᠠᠷ ᠲᠣᠭᠲᠠᠭ᠋ᠠᠭᠰᠠᠨ ᠪᠣᠰᠣᠳ ᠵᠦᠢ᠍ᠯᠡᠰ᠎ᠢ ᠥᠯᠥ ᠬᠥᠳᠡᠯᠬᠦ ᠬᠥᠷᠥᠩᠭᠡ ᠵᠢᠨ ᠲᠡᠮᠳᠡᠭᠯᠡᠯ᠎ᠤᠨ ᠳᠡᠪᠲᠡᠷ ᠳᠡᠭᠡᠷ᠎ᠡ ᠲᠡᠮᠳᠡᠭᠯᠡᠬᠦ ᠠᠵᠢᠯᠯᠠᠭ᠎ᠠ ᠵᠢ ᠵᠢᠭ᠋ᠠᠨ᠎ᠠ᠃
      ᠥᠯᠥ ᠬᠥᠳᠡᠯᠬᠦ ᠬᠥᠷᠥᠩᠭᠡ ᠵᠢ ᠨᠢᠭᠡᠲᠦᠯᠲᠠᠢ ᠳᠠᠩᠰᠠᠯᠠᠨ ᠲᠡᠮᠳᠡᠭᠯᠡᠬᠦ ᠠᠵᠢᠯ᠎ᠢ ᠲᠦᠯᠬᠢᠨ ᠠᠬᠢᠭᠤᠯᠬᠤ᠎ᠨᠢ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ   ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠣᠯᠭᠣᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠂ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠢ ᠲᠡᠦᠬᠡᠨ᠎ᠳᠤ ᠲᠡᠮᠳᠡᠭᠯᠡᠭᠳᠡᠨ ᠣᠷᠣᠭᠤᠯᠬᠤ ᠲᠣᠮᠣ ᠬᠡᠷᠡᠭ ᠮᠥᠨ᠃ ᠮᠠᠨ᠎ᠤ ᠣᠷᠣᠨ ᠥᠯᠥ ᠬᠥᠳᠡᠯᠬᠦ ᠬᠥᠷᠥᠩᠭᠡ ᠵᠢ ᠨᠢᠭᠡᠲᠦᠯᠲᠠᠢ ᠳᠠᠩᠰᠠᠯᠠᠨ ᠳᠡᠮᠳᠡᠭᠯᠡᠬᠦ ᠶᠠᠪᠤᠳᠠᠯ᠎ᠢ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠢᠭᠡᠨ ᠴᠢᠬᠤᠯᠠ ᠰᠢᠨ᠎ᠡ ᠡᠭᠦᠷᠭᠡ ᠴᠢᠳᠠᠪᠤᠷᠢ ᠪᠣᠯᠭ᠋ᠠᠭᠰᠠᠨ ᠵᠶ᠋ᠠᠷ᠂ ᠬᠠᠷᠢᠭᠤᠴᠠᠯᠭ᠎ᠠ ᠶᠡᠬᠡ᠂ ᠡᠭᠦᠷᠭᠡ ᠥᠩᠭᠡ ᠭᠡᠷᠡᠯᠲᠡᠢ ᠪᠠᠢ᠌ᠨ᠎ᠠ᠃ ᠡᠨᠡ ᠵᠢᠯ᠎ᠤᠨ ᠡᠬᠢ᠎ᠪᠠᠷ ᠬᠤᠷᠠᠯᠳᠤᠭᠰᠠᠨ ᠪᠦᠬᠦ ᠣᠷᠣᠨ᠎ᠤ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠠᠵᠢᠯ᠎ᠤᠨ ᠬᠤᠷᠠᠯ᠎ᠠᠴᠠ 《ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠳᠡᠮᠳᠡᠭᠯᠡᠬᠦ ᠠᠵᠢᠯ᠎ᠢ ᠬᠦᠴᠦᠲᠡᠢ ᠳᠦᠯᠬᠢᠨ ᠠᠬᠢᠭᠤᠯᠵᠤ᠂ ᠠᠢ᠌ᠮᠠᠭ ᠬᠣᠲᠠ ᠬᠤᠰᠢᠭᠤ ᠰᠢᠶᠠᠨ᠎ᠳᠤ ᠬᠢᠨᠠᠨ ᠵᠢᠯᠣᠭᠣᠳᠬᠤ᠎ᠪᠠᠨ ᠴᠢᠩᠭ᠋ᠠᠳᠬᠠᠵᠤ᠂   ᠠᠢ᠌ᠮᠠᠭ ᠬᠤᠳᠠ᠂ ᠬᠤᠰᠢᠭᠤ ᠰᠢᠶᠠᠨ᠎ᠤ ᠥᠯᠥ ᠬᠥᠳᠡᠯᠬᠦ ᠬᠥᠷᠥᠩᠭᠡ ᠵᠢ ᠳᠠᠩᠰᠠᠯᠠᠨ ᠳᠡᠮᠳᠡᠭᠯᠡᠬᠦ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠢ ᠱᠠᠭ᠋ᠠᠷᠳᠠᠭᠰᠠᠨ ᠶᠤᠮ᠃》        
      ᠬᠥᠲᠥᠯᠦᠭᠴᠢ᠄
      ᠡᠨᠡ ᠵᠢᠯ᠎ᠤᠨ 3 ᠳ᠋ᠤᠭ᠋ᠠᠷ ᠰᠠᠷ᠎ᠠ ᠵᠢᠨ 1᠎ᠤ ᠡᠳᠦᠷ᠂ 《ᠥᠯᠥ ᠬᠥᠳᠡᠯᠬᠦ ᠬᠥᠷᠥᠩᠭᠡ ᠵᠢ ᠳᠠᠩᠰᠠᠯᠠᠨ ᠳᠡᠮᠳᠡᠭᠯᠡᠬᠦ ᠲᠦᠷ ᠬᠡᠷᠡᠭᠵᠢᠭᠦᠯᠬᠦ ᠳᠦᠷᠢᠮ》᠎ᠢ ᠵᠢᠩᠬᠢᠨᠢ᠎ᠪᠠᠷ ᠡᠬᠢᠯᠡᠨ ᠬᠡᠷᠡᠭᠵᠢᠭᠦᠯᠵᠦ᠂ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ᠎ᠨᠢ ᠥᠯᠥ ᠬᠥᠳᠡᠯᠬᠦ ᠬᠥᠷᠥᠩᠭᠡ ᠵᠢᠨ ᠪᠤᠳᠠᠰ᠎ᠤᠨ ᠡᠷᠬᠡ ᠵᠢᠨ ᠬᠠᠤᠯᠢ᠎ᠪᠠᠷ ᠲᠣᠭᠲᠠᠭ᠋ᠠᠭᠰᠠᠨ ᠲᠣᠮᠢᠶᠠᠯᠠᠯ᠎ᠤᠨ ᠬᠡᠯᠪᠡᠷᠢ ᠪᠣᠯᠬᠤ ᠵᠢ ᠲᠣᠳᠣᠷᠬᠠᠢ᠌ᠯᠠᠵᠠᠢ᠃ ᠲᠡᠭᠡᠪᠡᠯ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠳᠦᠷᠢᠮ᠎ᠨᠢ ᠶᠠᠮᠠᠷ ᠠᠴᠢ ᠬᠣᠯᠪᠣᠭᠳᠠᠯ᠎ᠲᠠᠢ ᠪᠤᠢ?

      ᠵᠣᠣ ᠳ᠋ᠠ ᠶᠦᠩ᠄
     《ᠳᠦᠷᠢᠮ》᠎ᠢ ᠲᠣᠭᠲᠠᠭ᠋ᠠᠵᠤ ᠨᠡᠢ᠌ᠲᠡᠯᠡᠭᠰᠡᠨ᠎ᠨᠢ᠂ ᠮᠠᠨ᠎ᠤ ᠤᠯᠤᠰ᠎ᠤᠨ ᠪᠣᠳᠠᠰ᠎ᠤᠨ ᠡᠷᠬᠡ ᠵᠢᠨ ᠳᠦᠷᠢᠮ᠎ᠤᠨ   ᠪᠠᠢ᠌ᠭᠤᠯᠤᠯᠲᠠ ᠵᠢᠨ ᠪᠡᠯᠭᠡ ᠲᠡᠮᠳᠡᠭ᠎ᠤᠨ ᠠᠴᠢ ᠬᠣᠯᠪᠣᠭᠳᠠᠯ᠎ᠲᠠᠢ ᠲᠣᠮᠣ ᠬᠡᠷᠡᠭ ᠶᠠᠪᠤᠳᠠᠯ ᠮᠥᠨ᠂ ᠥᠯᠥ ᠬᠥᠳᠡᠯᠬᠦ ᠬᠥᠷᠥᠩᠭᠡ ᠵᠢ ᠳᠠᠩᠰᠠᠯᠠᠨ ᠳᠡᠮᠳᠡᠭᠯᠡᠬᠦ ᠵᠢᠨ ᠭᠣᠣᠯ ᠬᠠᠤᠯᠢ ᠵᠢᠨ ᠦᠨᠳᠦᠰᠦᠯᠡᠯ ᠪᠣᠯᠣᠨ᠎ᠠ᠃ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲ᠋ᠡᠮᠳᠡᠭᠯᠡᠬᠦ ᠳᠦᠷᠢᠮ᠎ᠢ ᠪᠣᠳᠠᠰ᠎ᠤᠨ ᠡᠷᠬᠡ ᠵᠢᠨ ᠦᠨᠳᠦᠰᠦᠨ ᠳᠦᠷᠢᠮ᠎ᠤᠨ ᠬᠤᠪᠢ ᠵᠶ᠋ᠡᠷ ᠳᠡᠯᠡᠬᠡᠢ ᠵᠢᠨ ᠡᠯ᠎ᠡ ᠤᠯᠤᠰ ᠥᠷᠭᠡᠨ ᠵᠶ᠋ᠡᠷ ᠬᠡᠷᠡᠭᠯᠡᠵᠦ ᠪᠠᠢ᠌ᠨ᠎ᠠ᠃ ᠮᠠᠨ᠎ᠤ ᠤᠯᠤᠰ᠎ᠲᠤ᠂ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠵᠢ ᠨᠢᠭᠡᠳᠬᠡᠵᠦ᠂ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠳᠦᠷᠢᠮ᠎ᠢ ᠪᠠᠢ᠌ᠭᠤᠯᠬᠤ᠎ᠨᠢ᠂ 《ᠦᠨᠳᠦᠰᠦᠨ ᠬᠠᠤᠯᠢ》 ᠵᠢ ᠨᠠᠢ᠌ᠳᠠᠪᠤᠷᠢᠵᠢᠭᠤᠯᠤᠨ ᠠᠷᠠᠳ ᠢᠷᠭᠡᠳ᠎ᠤᠨ ᠡᠳ᠋ ᠬᠥᠷᠥᠩᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠴᠢᠬᠤᠯᠠ ᠳᠦᠷᠢᠮ ᠮᠥᠨ; 《ᠪᠣᠳᠠᠰ᠎ᠤᠨ ᠡᠷᠬᠡ ᠵᠢᠨ ᠬᠠᠤᠯᠢ》 ᠵᠢᠨ 《ᠤᠯᠤᠰ᠎ᠠᠴᠠ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠳᠦᠷᠢᠮ》᠎ᠢ ᠲᠤᠤᠱᠯᠠᠭᠤᠯᠤᠨ ᠬᠡᠷᠡᠭᠵᠢᠭᠦᠯᠬᠦ ᠵᠢᠨ ᠪᠣᠰᠣᠳᠴᠢ ᠱᠠᠭ᠋ᠠᠷᠳᠠᠯᠭ᠎ᠠ ᠮᠥᠨ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠪᠣᠯᠣᠨ ᠡᠭᠦᠷᠭᠡ ᠴᠢᠳᠠᠪᠤᠷᠢ ᠵᠢᠨ ᠬᠤᠪᠢᠷᠠᠭᠤᠯᠤᠯᠲᠠ ᠵᠢᠨ ᠠᠷᠭ᠎ᠠ ᠲᠥᠰᠥᠯ᠎ᠤᠨ ᠴᠢᠬᠤᠯᠠ ᠠᠭᠤᠯᠭ᠎ᠠ ᠮᠥᠨ᠂ ᠪᠠᠰᠠ ᠴᠦ᠍ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠥᠭᠥᠳᠡ ᠬᠤᠷᠠᠯ᠎ᠤᠨ 《ᠥᠮᠴᠢᠯᠡᠬᠦ ᠡᠷᠬᠡ ᠵᠢ ᠬᠠᠮᠠᠭ᠋ᠠᠯᠠᠬᠤ ᠳᠦᠷᠢᠮ᠎ᠢ ᠲᠡᠭᠦᠯᠳᠡᠷᠵᠢᠭᠦᠯᠬᠦ》᠂ 《ᠲᠠᠷᠢᠶᠠᠴᠢᠳ᠎ᠲᠤ ᠨᠡᠩ ᠤᠯᠠᠨ ᠡᠳ᠋ ᠬᠥᠷᠥᠩᠭᠡ ᠵᠢᠨ ᠥᠮᠴᠢᠯᠡᠯ᠎ᠤᠨ ᠡᠷᠬᠡ ᠣᠯᠭᠣᠬᠤ》᠂ 《ᠪᠠᠢ᠌ᠭ᠋ᠠᠯᠢ ᠵᠢᠨ ᠡᠬᠢ ᠪᠠᠶᠠᠯᠢᠭ᠎ᠤᠨ ᠬᠥᠷᠥᠩᠭᠡ ᠵᠢᠨ ᠳᠦᠷᠢᠮ᠎ᠢ ᠲᠡᠭᠦᠯᠳᠡᠷᠵᠢᠭᠦᠯᠬᠦ》 ᠪᠠ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠤᠨ 《ᠡᠷᠬᠡ ᠲᠡᠭᠰᠢ᠎ᠪᠠᠷ ᠭᠣᠣᠯ ᠵᠠᠷᠴᠢᠮ ᠪᠣᠯᠭ᠋ᠠᠭᠰᠠᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠳᠦᠷᠢᠮ᠎ᠢ ᠲᠡᠭᠦᠯᠳᠡᠷᠵᠢᠭᠦᠯᠬᠦ》᠂ 《ᠪᠠᠢ᠌ᠭ᠋ᠠᠯᠢ ᠵᠢᠨ ᠡᠬᠢ ᠪᠠᠶᠠᠯᠢᠭ᠎ᠤᠨ ᠥᠮᠴᠢᠯᠡᠯ᠎ᠤᠨ ᠡᠷᠬᠡ ᠵᠢᠨ ᠬᠠᠤᠯᠢ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠬᠦ》 ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠨᠢᠭᠡᠨ ᠰᠠᠭᠤᠷᠢ ᠴᠢᠨᠠᠷᠲᠠᠢ ᠠᠵᠢᠯ ᠪᠣᠯᠣᠨ᠎ᠠ᠃ ᠥᠯᠥ ᠬᠥᠳᠡᠯᠬᠦ ᠬᠥᠷᠥᠩᠭᠡ ᠵᠢᠨ ᠡᠷᠬᠡ ᠡᠳ᠋ᠯᠡᠭᠴᠢ ᠬᠦᠮᠦᠨ᠎ᠤ ᠬᠠᠤᠯᠢ ᠶᠣᠰᠣᠨ᠎ᠤ ᠬᠥᠷᠥᠩᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ᠂ ᠵᠠᠰᠠᠭ᠎ᠤᠨ ᠣᠷᠳᠣᠨ᠎ᠤ ᠴᠡᠭᠴᠡᠯᠡᠬᠦ ᠪᠦᠲᠦᠮᠵᠢ ᠪᠣᠯᠣᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠠᠵᠤ ᠠᠬᠤᠢ᠌ᠯᠠᠯ᠎ᠳᠤ ᠳᠥᠭᠥᠮ ᠦᠵᠡᠭᠦᠯᠬᠦ᠂ ᠠᠷᠠᠳ᠎ᠲᠤ ᠳᠥᠭᠥᠮ ᠦᠵᠡᠭᠦᠯᠬᠦ ᠨᠡᠩ ᠢᠯᠠᠩᠭᠤᠶ᠎ᠠ ᠬᠠᠷᠢᠶᠠᠯᠠᠯ᠎ᠨᠢ ᠲᠣᠳᠣ᠂ ᠡᠷᠬᠡ ᠬᠠᠷᠢᠭᠤᠴᠠᠯᠭ᠎ᠠ᠎ᠨᠢ ᠲᠣᠳᠣᠷᠬᠠᠢ᠂ ᠬᠠᠮᠠᠭ᠋ᠠᠯᠠᠯᠲᠠ᠎ᠨᠢ ᠴᠢᠩᠭ᠎ᠠ᠂ ᠡᠷᠭᠢᠯᠲᠡ ᠢᠯᠭᠤᠮ ᠪᠠᠢ᠌ᠬᠤ ᠣᠳᠣ ᠦᠶ᠎ᠡ ᠵᠢᠨ ᠥᠮᠴᠢᠯᠡᠯ᠎ᠤᠨ ᠡᠷᠬᠡ ᠵᠢᠨ ᠳᠦᠷᠢᠮ᠎ᠢ ᠤᠯᠠᠮ ᠲᠡᠭᠦᠯᠳᠡᠷᠵᠢᠭᠦᠯᠵᠦ᠂ ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠵᠢ ᠪᠡᠬᠢᠵᠢᠭᠦᠯᠬᠦ᠎ᠳᠤ ᠴᠢᠬᠤᠯᠠ ᠦᠢ᠍ᠯᠡᠳᠦᠯ ᠪᠠ ᠲᠣᠮᠣ ᠠᠴᠢ ᠬᠣᠯᠪᠣᠭᠳᠠᠯ᠎ᠲᠠᠢ ᠶᠤᠮ᠃

      ᠵᠣᠣ ᠳ᠋ᠠ ᠶᠦᠩ᠄
      ᠭᠣᠣᠯ ᠢᠯᠡᠷᠡᠯ᠎ᠨᠢ ᠭᠡᠪᠡᠯ᠄
      ᠨᠢᠭᠡ᠎ᠳᠤ᠂ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠡᠯᠡᠬᠦ ᠵᠢ ᠬᠡᠷᠡᠭᠵᠢᠭᠦᠯᠬᠦ᠎ᠨᠢ ᠥᠯᠥ ᠬᠥᠳᠡᠯᠬᠦ ᠬᠥᠷᠥᠩᠭᠡ ᠵᠢᠨ ᠡᠷᠬᠡ ᠡᠳ᠋ᠯᠡᠭᠴᠢ ᠬᠦᠮᠦᠨ᠎ᠤ ᠬᠠᠤᠯᠢ ᠶᠣᠰᠣᠨ᠎ᠤ ᠬᠥᠷᠥᠩᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ᠎ᠳᠤ ᠠᠰᠢᠭᠲᠠᠢ ᠶᠤᠮ᠃ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠳᠦᠷᠢᠮ ᠪᠣᠯ   ᠳᠠᠷᠤᠢ ᠥᠯᠥ ᠬᠥᠳᠡᠯᠬᠦ ᠬᠥᠷᠥᠩᠭᠡ ᠵᠢᠨ ᠪᠣᠳᠠᠰ᠎ᠤᠨ ᠡᠷᠬᠡ ᠵᠢ ᠨᠤᠲᠠᠯᠠᠬᠤ ᠪᠠ ᠬᠠᠮᠠᠭ᠋ᠠᠯᠠᠬᠤ ᠳᠦᠷᠢᠮ ᠮᠥᠨ᠃ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ᠎ᠪᠠᠷ ᠳᠠᠮᠵᠢᠨ᠂ ᠳᠠᠩᠰᠠᠯᠠᠨ ᠲᠡᠮᠳᠡᠭᠯᠡᠬᠦ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠮᠴᠢᠯᠡᠯ᠎ᠤᠨ ᠡᠷᠬᠡ ᠵᠢᠨ ᠰᠣᠯᠪᠢᠴᠠᠭ᠎ᠠ ᠪᠣᠯᠣᠨ ᠮᠥᠷᠭᠥᠯᠳᠦᠭᠡᠨ᠎ᠠᠴᠠ ᠵᠠᠢ᠌ᠯᠠᠰᠬᠢᠵᠦ᠂ ᠡᠯ᠎ᠡ   ᠲᠥᠷᠥᠯ᠎ᠤᠨ ᠥᠯᠥ ᠬᠥᠳᠡᠯᠬᠦ ᠬᠥᠷᠥᠩᠭᠡ ᠵᠢᠨ ᠪᠤᠳᠠᠰ᠎ᠤᠨ ᠡᠷᠬᠡ ᠵᠢᠨ ᠬᠠᠷᠢᠶᠠᠯᠠᠯ ᠪᠠ ᠠᠭᠤᠯᠭ᠎ᠠ ᠵᠢ ᠬᠠᠮᠤᠭ᠎ᠤᠨ ᠪᠦᠷᠢᠨ ᠪᠦᠲᠦᠨ᠂ ᠬᠠᠮᠤᠭ᠎ᠤᠨ ᠨᠢᠭᠡᠳᠦᠯᠲᠠᠢ᠂ ᠬᠠᠮᠤᠭ ᠣᠨᠣᠪᠴᠢᠲᠠᠢ᠎ᠪᠠᠷ ᠲᠣᠳᠣᠯᠠᠨ ᠨᠤᠲᠠᠯᠠᠵᠤ᠂ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠨᠡᠯᠢᠶᠡᠳ ᠴᠢᠩᠭ᠎ᠠ ᠪᠦᠬᠦᠢ ᠨᠡᠢ᠌ᠲᠡᠯᠡᠯ᠎ᠤᠨ ᠬᠦᠴᠦᠨ ᠪᠣᠯᠣᠨ ᠢᠲᠡᠭᠡᠮᠵᠢ ᠵᠢᠨ ᠬᠦᠴᠦᠨ ᠵᠶ᠋ᠡᠷ ᠰᠠᠭᠤᠷᠢ ᠪᠣᠯᠭ᠋ᠠᠵᠤ᠂ ᠡᠷᠬᠡ ᠡᠳ᠋ᠯᠡᠭᠴᠢ ᠬᠦᠮᠦᠨ᠎ᠤ ᠬᠠᠤᠯᠢ ᠶᠣᠰᠣᠨ᠎ᠤ ᠥᠯᠥ ᠬᠥᠳᠡᠯᠬᠦ ᠬᠥᠷᠥᠩᠭᠡ ᠵᠢᠨ ᠪᠣᠳᠠᠰ᠎ᠤᠨ ᠥᠮᠴᠢᠯᠡᠯ᠎ᠤᠨ ᠡᠷᠬᠡ ᠵᠢ᠎ᠨᠢ ᠪᠥᠲᠥᠮᠵᠢᠲᠠᠢ᠎ᠪᠠᠷ ᠬᠠᠮᠠᠭ᠋ᠠᠯᠠᠨ᠎ᠠ  ᠃
      ᠬᠣᠶᠠᠷ᠎ᠲᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠡᠯᠡᠬᠦ ᠵᠢ ᠬᠡᠷᠡᠭᠵᠢᠭᠦᠯᠬᠦ᠎ᠨᠢ᠂ ᠥᠯᠥ ᠬᠥᠳᠡᠯᠬᠦ ᠬᠥᠷᠥᠩᠭᠡ ᠵᠢᠨ ᠰᠣᠯᠢᠯᠴᠠᠭ᠎ᠠ ᠠᠷᠠᠯᠵᠢᠶᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠠᠰᠢᠭᠲᠠᠢ ᠶᠤᠮ᠃ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ᠎ᠪᠠᠷ ᠳᠠᠮᠵᠢᠨ᠂ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠵᠢ ᠨᠡᠩ ᠲᠡᠭᠦᠯᠳᠡᠷ᠂ ᠣᠨᠣᠪᠴᠢᠲᠠᠢ᠂ ᠨᠠᠢ᠌ᠳᠠᠪᠤᠷᠢᠲᠠᠢ ᠪᠣᠯᠭ᠋ᠠᠵᠤ ᠣᠨᠣᠪᠴᠢᠲᠠᠢ ᠪᠦᠲᠦᠮᠵᠢᠲᠠᠢ   ᠮᠡᠳᠡᠭᠡ ᠵᠠᠩᠭᠢ ᠵᠢ ᠦᠨᠳᠦᠰᠦᠯᠡᠨ ᠥᠯᠥ ᠬᠥᠳᠡᠯᠬᠦ ᠬᠥᠷᠥᠩᠭᠡ ᠵᠢ ᠰᠣᠯᠢᠯᠴᠠᠨ ᠠᠷᠠᠯᠵᠢᠶᠠᠯᠠᠵᠤ᠂ ᠰᠣᠯᠢᠯᠴᠠᠭ᠋ᠠᠨ ᠠᠷᠠᠯᠵᠢᠶᠠᠨ᠎ᠤ ᠠᠮᠤᠷ ᠲᠦᠪᠰᠢᠨ᠎ᠢ ᠪᠠᠲᠤᠯᠠᠵᠤ᠂ ᠨᠡᠢ᠌ᠭᠡᠮ ᠮᠡᠳᠡᠭᠡ ᠵᠠᠩᠭᠢ ᠴᠤᠭᠯᠠᠭᠤᠯᠬᠤ ᠰᠢᠰᠲᠸᠮᠵᠢ ᠵᠢ ᠪᠠᠢ᠌ᠭᠤᠯᠤᠨ ᠲᠡᠭᠦᠯᠳᠡᠷᠵᠢᠭᠦᠯᠬᠦ᠎ᠳᠤ ᠨᠦᠭᠦᠴᠡᠯ ᠪᠦᠷᠢᠯᠳᠦᠭᠦᠯᠵᠦ ᠥᠭᠭᠦᠨ᠎ᠡ᠃ ᠡᠷᠬᠡ ᠲᠡᠭᠰᠢ᠂ ᠲᠥᠪ ᠭᠣᠣᠯᠴᠢ᠂ ᠢᠯᠡ ᠲᠣᠳᠣ ᠠᠷᠠᠯᠵᠢᠶ᠎ᠠ ᠰᠣᠯᠢᠯᠴᠠᠭ᠋ᠠᠨ᠎ᠤ ᠰᠢᠰᠲᠸᠮᠵᠢ ᠵᠢ ᠪᠠᠢ᠌ᠭᠤᠯᠬᠤ᠎ᠪᠠᠷ ᠳᠠᠮᠵᠢᠭᠤᠯᠤᠨ᠂ ᠵᠠᠬ᠎ᠠ ᠳᠡᠯᠭᠡᠭᠦᠷ᠎ᠤᠨ ᠡᠬᠢ ᠪᠠᠶᠠᠯᠢᠭ ᠲᠣᠬᠢᠷᠠᠭᠤᠯᠬᠤ ᠣᠨᠴᠠᠯᠢᠭ᠎ᠢ᠎ᠨᠢ ᠤᠯᠠᠮ ᠢᠯᠡ ᠲᠣᠳᠣᠷᠬᠠᠢ ᠪᠣᠯᠭ᠋ᠠᠨ᠎ᠠ᠃
      ᠭᠤᠷᠪᠠ᠎ᠳᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠡᠯᠡᠬᠦ ᠵᠢ ᠬᠡᠷᠡᠭᠵᠢᠭᠦᠯᠬᠦ᠎ᠨᠢ᠂ ᠵᠠᠰᠠᠭ᠎ᠤᠨ ᠣᠷᠳᠣᠨ᠎ᠤ ᠵᠠᠰᠠᠨ ᠴᠡᠭᠴᠡᠯᠡᠬᠦ ᠪᠦᠲᠦᠮᠵᠢ ᠪᠠ ᠬᠢᠷᠢ ᠲᠦᠪᠰᠢᠨ᠎ᠢ ᠳᠡᠭᠡᠭᠰᠢᠯᠡᠭᠦᠯᠵᠦ᠂ ᠠᠷᠠᠳ᠎ᠲᠤ ᠤᠯᠠᠮ ᠳᠥᠭᠥᠮ ᠦᠵᠡᠭᠦᠯᠵᠦ ᠠᠰᠢᠭ ᠬᠦᠷᠲᠡᠭᠡᠬᠦ᠎ᠳᠤ ᠠᠰᠢᠭᠲᠠᠢ ᠶᠤᠮ᠃ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ᠎ᠪᠠᠷ ᠳᠠᠮᠵᠢᠨ᠂ ᠡᠬᠢ ᠪᠠᠶᠠᠯᠢᠭ᠎ᠢ ᠨᠢᠭᠡᠳᠬᠡᠵᠦ᠂ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠥᠪᠡᠷ᠎ᠤᠨ ᠦᠷᠲᠡᠭ᠎ᠢ ᠪᠠᠭᠤᠷᠠᠭᠤᠯᠵᠤ ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠤᠯᠠᠮ ᠴᠡᠪᠡᠷᠰᠢᠭᠦᠯᠵᠦ᠂ ᠵᠠᠰᠠᠭ᠎ᠤᠨ ᠣᠷᠳᠣᠨ᠎ᠤ ᠠᠵᠢᠯᠯᠠᠭ᠋ᠠᠨ᠎ᠤ ᠪᠠᠢ᠌ᠭᠤᠯᠤᠮᠵᠢ ᠵᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠢᠳᠡᠪᠬᠢ ᠦᠢ᠍ᠯᠡᠳᠦᠯ᠎ᠢ ᠪᠠᠳᠠᠷᠠᠭᠤᠯᠤᠨ᠎ᠠ᠃ ᠡᠭᠦᠷᠭᠡ ᠴᠢᠳᠠᠪᠤᠷᠢ ᠵᠢ ᠨᠢᠭᠡᠳᠬᠡᠨ ᠲᠡᠮᠳᠡᠭᠯᠡᠬᠦ᠎ᠪᠠᠷ ᠳᠠᠮᠵᠢᠨ᠂ ᠦᠨᠡᠮᠯᠡᠯ ᠭᠦᠢ᠍ᠴᠡᠳᠭᠡᠬᠦ ᠭᠤᠭᠴᠤᠭ᠎ᠠ ᠵᠢ ᠴᠥᠬᠡᠳᠭᠡᠵᠦ᠂ 《ᠨᠢᠭᠡ ᠦᠷᠳᠡᠭᠡᠨ᠎ᠤ ᠬᠡᠯᠪᠡᠷᠢ》 ᠵᠢᠨ ᠦᠢ᠍ᠯᠡᠴᠢᠯᠡᠬᠦ ᠵᠡᠷᠭᠡ ᠠᠷᠭ᠎ᠠ ᠪᠠᠷᠢᠯ᠎ᠢ ᠠᠪᠴᠤ᠂ ᠳᠠᠩᠰᠠᠯᠠᠨ ᠲᠡᠮᠳᠡᠭᠯᠡᠬᠦ ᠵᠠᠷᠤᠳᠠᠯ᠎ᠢ ᠠᠷᠪᠢᠯᠠᠵᠤ᠂ ᠠᠵᠤ ᠠᠬᠤᠢ᠌ᠯᠠᠯ᠂ ᠣᠯᠠᠨ ᠲᠦᠮᠡᠨ᠎ᠤ ᠥᠯᠥ ᠬᠥᠳᠡᠯᠬᠦ ᠬᠥᠷᠥᠩᠭᠡ᠎ᠪᠠᠨ ᠳᠠᠩᠰᠠᠯᠠᠨ   ᠲᠡᠮᠳᠡᠭᠯᠡᠭᠦᠯᠬᠦ᠎ᠪᠠᠷ ᠭᠤᠶᠤᠴᠢᠯᠠᠬᠤ ᠪᠠ ᠭᠠᠷᠲᠠᠮ ᠭᠦᠢ᠍ᠴᠡᠳᠭᠡᠬᠦ᠎ᠳᠤ ᠨᠡᠩ ᠳᠥᠭᠥᠮ ᠦᠵᠡᠭᠦᠯᠦᠨ᠎ᠡ᠃
      ᠬᠥᠲᠥᠯᠥᠭᠴᠢ᠄
      ᠤᠯᠤᠰ᠎ᠠᠴᠠ ᠥᠯᠥ ᠬᠥᠳᠡᠯᠬᠦ ᠬᠥᠷᠥᠩᠭᠡ ᠵᠢᠨ ᠨᠢᠭᠡᠳᠦᠯᠲᠠᠢ ᠳᠠᠩᠰᠠᠯᠠᠨ ᠲᠡᠮᠳᠡᠭᠯᠡᠬᠦ ᠠᠵᠢᠯ᠎ᠢ ᠬᠡᠷᠬᠢᠨ ᠪᠠᠢ᠌ᠷᠢᠯᠠᠭᠤᠯᠤᠭᠰᠠᠨ ᠪᠤᠢ?
      ᠵᠣᠣ ᠳ᠋ᠠ ᠶᠦᠩ  ᠄
      ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠬᠦᠨᠳᠦᠳᠭᠡᠨ ᠦᠵᠡᠵᠦ ᠪᠤᠢ᠃ 2013 ᠣᠨ᠎ᠤ 11 ᠳ᠋ᠦ᠍ᠭᠡᠷ ᠰᠠᠷ᠎ᠠ ᠵᠢᠨ 20᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 31 ᠳ᠋ᠦ᠍ᠭᠡᠷ ᠤᠳᠠᠭ᠋ᠠᠨ᠎ᠤ ᠪᠠᠢ᠌ᠩᠭᠤ ᠵᠢᠨ ᠬᠤᠷᠠᠯ᠎ᠠᠴᠠ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠳ ᠪᠦᠬᠦ ᠤᠯᠤᠰ᠎ᠤᠨ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠵᠢ ᠵᠢᠭ᠋ᠠᠨ ᠵᠢᠯᠣᠭᠣᠳᠬᠤ ᠪᠠ ᠬᠢᠨᠠᠯᠲᠠ ᠲᠠᠯᠪᠢᠬᠤ ᠵᠢ ᠬᠠᠷᠢᠭᠤᠴᠠᠨ᠎ᠠ ᠭᠡᠵᠦ ᠲᠣᠭᠲᠠᠭ᠋ᠠᠵᠠᠢ; 2014 ᠣᠨ᠎ᠤ 7 ᠳ᠋ᠤᠭ᠋ᠠᠷ ᠰᠠᠷ᠎ᠠ ᠵᠢᠨ 30᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ 58 ᠳ᠋ᠤᠭ᠋ᠠᠷ ᠤᠳᠠᠭ᠋ᠠᠨ᠎ᠤ ᠪᠠᠢ᠌ᠩᠭᠤ ᠵᠢᠨ ᠬᠤᠷᠠᠯ᠎ᠨᠢ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠳᠦᠷᠢᠮ᠎ᠢ ᠪᠠᠢ᠌ᠭᠤᠯᠬᠤ ᠪᠠ ᠬᠡᠷᠡᠭᠵᠢᠭᠦᠯᠬᠦ ᠵᠢ ᠲᠤᠰᠬᠠᠢ᠌ᠯᠠᠨ ᠰᠤᠳᠤᠯᠵᠤ᠂ 《ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ (ᠰᠠᠨᠠᠯ ᠬᠤᠷᠢᠶᠠᠬᠤ ᠨᠣᠣᠷᠠᠭ)》᠎ᠢ ᠶᠠᠷᠢᠯᠴᠠᠵᠤ᠂ ᠨᠡᠢ᠌ᠭᠡᠮ᠎ᠠᠴᠠ ᠢᠯᠡ᠎ᠪᠠᠷ ᠰᠠᠨᠠᠯ ᠬᠤᠷᠢᠶᠠᠬᠤ᠎ᠪᠠᠷ ᠲᠣᠭᠲᠠᠭ᠋ᠠᠵᠠᠢ; 2015 ᠣᠨ᠎ᠤ 4 ᠳ᠋ᠦ᠍ᠭᠡᠷ ᠰᠠᠷ᠎ᠠ ᠵᠢᠨ 28᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ 90 ᠳ᠋ᠦ᠍ᠭᠡᠷ ᠤᠳᠠᠭ᠋ᠠᠨ᠎ᠤ ᠪᠠᠢ᠌ᠩᠭᠤ ᠵᠢᠨ ᠬᠤᠷᠠᠯ᠎ᠨᠢ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠠᠵᠢᠯ᠎ᠤᠨ ᠠᠬᠢᠯᠲᠠ ᠵᠢᠨ ᠪᠠᠢ᠌ᠳᠠᠯ᠎ᠤᠨ ᠲᠤᠬᠠᠢ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠲᠤᠪᠴᠢᠶ᠎ᠠ ᠶᠠᠮᠤᠨ᠎ᠤ ᠬᠠᠷᠢᠭᠤ ᠮᠡᠳᠡᠭᠦᠯᠦᠯᠲᠡ ᠵᠢ ᠬᠢᠨᠠᠨ ᠵᠥᠪᠯᠡᠭᠰᠡᠨ ᠮᠦᠷᠲᠡᠬᠡᠨ ᠵᠠᠷᠴᠢᠮ ᠳᠡᠭᠡᠷ᠎ᠡ᠎ᠪᠠᠨ ᠪᠠᠲᠤᠯᠠᠵᠤ᠂ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ᠎ᠤᠳ᠎ᠲᠤ ᠠᠷᠠᠳ᠎ᠲᠤ ᠳᠦᠭᠦᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠵᠠᠷᠴᠢᠮ᠎ᠢ ᠪᠠᠷᠢᠮᠲᠠᠯᠠᠵᠤ᠂ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠠᠵᠢᠯ᠎ᠢ ᠦᠷᠭᠦᠯᠵᠢᠯᠡᠨ ᠰᠠᠢ᠌ᠲᠤᠷ ᠬᠢᠬᠦ ᠬᠡᠷᠡᠭᠲᠡᠢ ᠭᠡᠵᠤ ᠱᠠᠭ᠋ᠠᠷᠳᠠᠵᠠᠢ᠃ ᠯᠢ ᠺᠸ ᠴᠢᠶᠠᠩ ᠶᠡᠷᠦᠩᠬᠡᠢ ᠰᠠᠢ᠌ᠳ ᠪᠣᠯᠣᠨ ᠵᠠᠩ ᠭᠤᠤ ᠯᠢ ᠳᠡᠳ᠋ ᠶᠡᠷᠦᠩᠬᠡᠢ ᠰᠠᠢ᠌ᠳ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠳᠤ ᠣᠯᠠᠨᠲᠠ ᠵᠢᠭ᠋ᠠᠪᠤᠷᠢ ᠪᠠ ᠴᠣᠬᠣᠯᠠᠪᠤᠷᠢ ᠥᠭᠴᠦ᠂ ᠢᠳᠡᠪᠬᠢᠲᠡᠢ ᠲᠣᠭᠲᠠᠭᠤᠨ ᠵᠶ᠋ᠠᠷ ᠳᠦᠯᠬᠢᠨ ᠠᠬᠢᠭᠤᠯᠵᠤ᠂ ᠶᠠᠷᠢᠶ᠎ᠠ ᠬᠡᠯᠡᠯᠴᠡᠭᠡᠷ᠎ᠢ ᠰᠠᠢ᠌ᠲᠤᠷ ᠳᠠᠭ᠋ᠠᠭᠤᠯᠤᠨ ᠵᠢᠯᠣᠭᠣᠳᠬᠤ ᠬᠡᠷᠡᠭᠲᠡᠢ ᠭᠡᠵᠤ ᠱᠠᠭ᠋ᠠᠷᠳᠠᠪᠠ᠃ ᠵᠢᠶᠠᠩ ᠳ᠋ᠠ ᠮᠢᠩ ᠶᠠᠮᠤᠨ᠎ᠤ ᠳᠠᠷᠤᠭ᠎ᠠ ᠥᠯᠥ ᠬᠥᠳᠡᠯᠬᠦ ᠬᠥᠷᠥᠩᠭᠡ ᠵᠢᠨ ᠶᠠᠮᠤᠨ᠎ᠤ ᠬᠤᠭᠤᠷᠤᠨᠳᠤᠬᠢ ᠬᠤᠯᠪᠤᠭ᠋ᠠᠲᠤ ᠬᠤᠷᠠᠯ᠎ᠢ ᠤᠷᠢᠳ ᠬᠣᠵᠢᠳ ᠭᠤᠷᠪᠠ ᠤᠳᠠᠭ᠎ᠠ ᠡᠷᠬᠢᠯᠡᠵᠦ ᠠᠵᠢᠯ ᠵᠶ᠋ᠡᠨ ᠰᠤᠳᠤᠯᠤᠨ ᠪᠠᠢ᠌ᠷᠢᠯᠠᠭᠤᠯᠵᠤ᠂ ᠵᠢᠯ᠎ᠤᠨ ᠳᠣᠲᠣᠷ᠎ᠠ ᠬᠣᠲᠠ ᠰᠢᠶᠠᠨ᠎ᠤ ᠱᠠᠲᠤᠨ᠎ᠤ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠵᠢᠨ ᠪᠠᠢ᠌ᠭᠤᠯᠤᠮᠵᠢ ᠵᠢ ᠨᠢᠭᠡᠳᠭᠡᠬᠦ ᠠᠵᠢᠯ᠎ᠢ ᠦᠨᠳᠦᠰᠦᠨ᠎ᠳᠤ᠎ᠨᠢ ᠪᠠᠷᠠᠭ᠋ᠠᠬᠤ ᠬᠡᠷᠡᠭᠲᠡᠢ ᠭᠡᠵᠦ ᠱᠠᠭ᠋ᠠᠷᠳᠠᠵᠠᠢ᠂ ᠲᠡᠷᠡ ᠯᠢᠶᠣᠤᠨᠢᠩ᠂ ᠭᠢᠷᠢᠨ᠂ ᠬᠠᠷᠠᠮᠥ᠋ᠷᠡᠨ᠂ ᠠᠨᠾᠦ᠋ᠢ ᠵᠡᠷᠭᠡ ᠮᠤᠵᠢ᠎ᠳᠤ ᠬᠦᠷᠴᠦ ᠪᠠᠢ᠌ᠴᠠᠭ᠋ᠠᠨ ᠵᠢᠯᠣᠭᠣᠳᠴᠤ᠂ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠳᠦᠷᠢᠮ᠎ᠢ ᠪᠠᠢ᠌ᠭᠤᠯᠬᠤ ᠵᠢ ᠲᠦᠯᠬᠢᠨ ᠠᠬᠢᠭᠤᠯᠪᠠ᠃ 《ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ》᠎ᠢ ᠬᠡᠷᠡᠭᠵᠢᠭᠦᠯᠦᠭᠰᠡᠨ ᠲᠡᠷᠡ ᠡᠳᠦᠷ᠂ ᠶᠠᠮᠤᠨ᠎ᠤ ᠳᠠᠷᠤᠭ᠎ᠠ ᠵᠢᠶᠠᠩ ᠳ᠋ᠠ ᠮᠢᠩ ᠰᠢᠦᠢ᠌ᠵᠸᠦ᠎ᠳᠤ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠠᠩᠬᠠᠳᠠᠭᠴᠢ ᠦᠨᠡᠮᠯᠡᠯ᠎ᠢ ᠲᠠᠷᠬᠠᠭ᠋ᠠᠵᠠᠢ᠃ ᠤᠯᠤᠰ᠎ᠤᠨ ᠡᠭᠦᠷᠭᠡ ᠬᠠᠷᠢᠭᠤᠴᠠᠯᠭ᠎ᠠ ᠵᠢᠨ ᠪᠠᠢ᠌ᠭᠤᠯᠤᠮᠵᠢ ᠵᠢ ᠨᠢᠭᠡᠳᠬᠡᠭᠰᠡᠨ᠎ᠤ ᠰᠠᠭᠤᠷᠢᠨ ᠳᠡᠭᠡᠷ᠎ᠡ᠂ ᠡᠨᠡ ᠵᠢᠯ᠎ᠤᠨ 4 ᠳ᠋ᠦ᠍ᠭᠡᠷ ᠰᠠᠷ᠎ᠠ ᠵᠢᠨ 13᠎ᠤ ᠡᠳᠦᠷ᠂ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠶᠠᠮᠤᠨ᠂ ᠲᠥᠪ᠎ᠤᠨ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠠᠯᠪᠠᠨ ᠭᠡᠷ ᠬᠠᠮᠲᠤᠷᠠᠨ 《ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠴᠠᠭᠤᠯᠭ᠎ᠠ ᠵᠢ ᠨᠢᠭᠡᠳᠭᠡᠬᠦ ᠲᠤᠬᠠᠢ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠲᠤ ᠡᠯ᠎ᠡ ᠱᠠᠲᠤᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠴᠠᠭᠤᠯᠭ᠎ᠠ ᠵᠢᠨ ᠪᠠᠢ᠌ᠭᠤᠯᠤᠮᠵᠢ ᠵᠢ ᠨᠢᠭᠡᠳᠭᠡᠬᠦ ᠶᠠᠪᠤᠳᠠᠯ᠎ᠢ ᠣᠨ᠎ᠤ ᠳᠣᠲᠣᠷ᠎ᠠ ᠪᠡᠶᠡᠯᠡᠭᠦᠯᠬᠦ ᠬᠡᠷᠡᠭᠲᠡᠢ ᠭᠡᠵᠦ ᠳᠠᠬᠢᠨᠲᠠ ᠱᠠᠭ᠋ᠠᠷᠳᠠᠵᠠᠢ᠃ ᠤᠯᠤᠰ᠎ᠤᠨ ᠭᠠᠵᠠᠷ ᠰᠢᠷᠣᠢ ᠵᠢᠨ ᠡᠬᠢ ᠪᠠᠶᠠᠯᠢᠭ᠎ᠤᠨ ᠶᠠᠮᠤᠨ ᠲᠤᠰᠬᠠᠢ ᠠᠵᠢᠯ᠎ᠤᠨ ᠲᠥᠰᠥᠯ ᠲᠣᠭᠲᠠᠭ᠋ᠠᠭᠰᠠᠨ ᠪᠠ ᠪᠠᠢ᠌ᠷᠢᠯᠠᠭᠤᠯᠤᠨ ᠨᠠᠢ᠌ᠳᠠᠪᠤᠷᠢᠯᠠᠭᠤᠯᠵᠤ᠂ 《ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠴᠠᠭᠤᠯᠭ᠎ᠠ ᠵᠢ ᠨᠢᠭᠡᠳᠭᠡᠬᠦ ᠠᠵᠢᠯ᠎ᠤᠨ ᠡᠭᠦᠷᠭᠡ ᠵᠢ ᠲᠦᠷᠭᠡᠨ ᠨᠠᠢ᠌ᠳᠠᠪᠤᠷᠢᠵᠢᠭᠤᠯᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠲᠥᠪ᠎ᠤᠨ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠠᠯᠪᠠᠨ ᠭᠡᠷ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠠᠵᠢᠯ᠎ᠤᠨ ᠲᠠᠯ᠎ᠠ᠎ᠪᠠᠷ ᠰᠢᠮᠳᠠᠭᠤᠯᠤᠨ ᠵᠢᠯᠣᠭᠣᠳᠴᠠᠢ᠃ 7 ᠳ᠋ᠤᠭ᠋ᠠᠷ ᠰᠠᠷ᠎ᠠ ᠵᠢᠨ 14᠎ᠤ ᠡᠳᠦᠷ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠶᠠᠮᠤᠨ ᠪᠦᠬᠦ ᠤᠯᠤᠰ᠎ᠤᠨ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠵᠢ ᠠᠬᠢᠭᠤᠯᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠬᠤᠷᠠᠯ ᠳᠡᠭᠡᠷ᠎ᠡ᠂ ᠶᠠᠮᠤᠨ᠎ᠤ ᠤᠳᠤᠷᠢᠳᠤᠯᠭ᠎ᠠ ᠡᠨᠡ ᠵᠢᠯ᠎ᠤᠨ ᠡᠴᠦᠰ᠎ᠠᠴᠠ ᠡᠮᠦᠨ᠎ᠡ ᠬᠣᠲᠠ ᠰᠢᠶᠠᠨ᠎ᠤ ᠱᠠᠲᠤᠨ᠎ᠤ ᠪᠠᠢ᠌ᠭᠤᠯᠤᠮᠵᠢ ᠵᠢᠨ ᠡᠭᠦᠷᠭᠡ ᠬᠠᠷᠢᠭᠤᠴᠠᠯᠭ᠎ᠠ ᠵᠢ ᠨᠢᠭᠡᠳᠬᠡᠬᠦ ᠶᠠᠪᠤᠳᠠᠯ᠎ᠢ ᠡᠷᠬᠡᠪᠰᠢ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠢ ᠱᠠᠭ᠋ᠠᠷᠳᠠᠵᠠᠢ᠂ ᠡᠨᠡ ᠪᠣᠯ 《ᠵᠠᠪᠠᠯ ᠭᠦᠢ᠍ᠴᠡᠳᠬᠡᠬᠦ ᠵᠠᠷᠯᠢᠭ》 ᠪᠣᠯᠣᠨ᠎ᠠ᠃ ᠡᠭᠦᠨ᠎ᠠᠴᠠ ᠭᠠᠳᠠᠨ᠎ᠠ᠂ ᠶᠠᠮᠤᠨ᠎ᠠᠴᠠ ᠵᠢ ᠨᠢᠭᠡᠨᠲᠡ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠵᠢᠨ ᠪᠠᠢ᠌ᠭᠤᠯᠤᠮᠵᠢ ᠵᠢ ᠨᠢᠭᠡᠳᠭᠡᠬᠦ ᠠᠵᠢᠯ᠎ᠤᠨ ᠪᠠᠢ᠌ᠳᠠᠯ᠎ᠳᠤ ᠭᠣᠣᠯᠳᠠᠯᠭ᠎ᠠ᠎ᠲᠠᠢ ᠰᠢᠮᠳᠠᠭᠤᠯᠤᠨ ᠪᠠᠢ᠌ᠴᠠᠭ᠋ᠠᠯᠲᠠ ᠬᠢᠬᠦ᠎ᠪᠠᠷ ᠲᠥᠷᠥ ᠵᠢᠨ ᠶᠠᠪᠤᠳᠠᠯ᠎ᠤᠨ ᠬᠤᠷᠢᠶ᠎ᠠ᠎ᠳᠤ ᠳᠤᠷᠠᠳᠤᠯᠭ᠎ᠠ᠎ᠪᠠᠨ ᠳᠡᠪᠰᠢᠭᠦᠯᠵᠡᠢ᠃

      ᠬᠥᠲᠥᠯᠥᠭᠴᠢ  ᠄
      ᠵᠣᠣ ᠳᠠᠷᠤᠭ᠎ᠠ ᠲᠠ ᠣᠳᠣ ᠮᠠᠨ᠎ᠤ ᠣᠷᠣᠨ᠎ᠤ ᠣᠳᠣᠬᠠᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠠᠵᠢᠯ᠎ᠤᠨ ᠠᠬᠢᠯᠲᠠ ᠵᠢᠨ ᠪᠠᠢ᠌ᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ?
      ᠵᠤᠤ ᠳ᠋ᠠ ᠶᠦᠩ᠄
      ᠡᠩ ᠲᠡᠷᠢᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠵᠢ ᠨᠢᠭᠡᠳᠭᠡᠬᠦ ᠪᠠ ᠪᠠᠢ᠌ᠭᠤᠯᠤᠮᠵᠢ ᠵᠢᠨ ᠪᠠᠢ᠌ᠭᠤᠯᠤᠯᠲᠠ ᠦᠨᠳᠦᠰᠦᠨ᠎ᠳᠡᠭᠡᠨ ᠨᠠᠢ᠌ᠳᠠᠪᠦᠷᠢᠵᠢᠵᠠᠢ᠃
     2014 ᠣᠨ᠎ᠤ 1 ᠳ᠋ᠦ᠍ᠭᠡᠷ ᠰᠠᠷ᠎ᠠ ᠵᠢᠨ 26᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠠᠴᠠ ᠳᠠᠷᠤᠮᠠᠯᠯᠠᠨ ᠲᠠᠷᠬᠠᠭ᠋ᠠᠭᠰᠠᠨ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠥᠭᠡᠷᠡᠴᠢᠯᠡᠯᠲᠡ ᠵᠢ ᠲᠥᠷᠥᠯ ᠬᠤᠪᠢᠶᠠᠨ ᠡᠮᠬᠢ ᠳᠠᠷᠠᠭ᠎ᠠ᠎ᠲᠠᠢ ᠳᠦᠯᠬᠢᠨ ᠠᠬᠢᠭᠤᠯᠬᠤ ᠲᠤᠬᠠᠢ ᠲᠥᠰᠥᠯ》 ᠪᠣᠯᠣᠨ ᠬᠠᠮᠢᠶ᠎ᠠ ᠪᠦᠬᠦᠢ ᠮᠡᠳᠡᠭᠳᠡᠯ᠎ᠳᠤ᠂ 《ᠣᠳᠣ ᠦᠶ᠎ᠡ ᠵᠢᠨ ᠥᠮᠴᠢᠯᠡᠯ᠎ᠤᠨ ᠡᠷᠬᠡ ᠵᠢᠨ ᠳᠦᠷᠢᠮ᠎ᠢ ᠲᠡᠭᠦᠯᠳᠡᠷᠵᠢᠭᠦᠯᠵᠦ᠂ ᠥᠮᠴᠢᠯᠡᠯ᠎ᠤᠨ ᠡᠷᠬᠡ ᠵᠢᠨ ᠵᠠᠬ᠎ᠠ ᠳᠡᠯᠭᠡᠭᠦᠷ᠎ᠢ ᠲᠦᠷᠭᠡᠨ ᠬᠥᠭᠵᠢᠭᠦᠯᠵᠦ᠂ ᠥᠯᠥ ᠬᠥᠳᠡᠯᠬᠦ ᠬᠥᠷᠥᠩᠭᠡ ᠵᠢᠨ ᠥᠮᠴᠢᠯᠡᠯ᠎ᠤᠨ ᠡᠷᠬᠡ ᠵᠢ ᠳᠠᠩᠰᠠᠯᠠᠨ ᠲᠡᠮᠳᠡᠭᠯᠡᠬᠦ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠤᠢ ᠵᠢᠨ ᠡᠬᠢ ᠪᠠᠶᠠᠯᠢᠭ᠎ᠤᠨ ᠲᠢᠩᠬᠢᠮ ᠲᠦᠷᠦᠭᠦᠯᠡᠨ᠂ ᠬᠠᠮᠢᠶ᠎ᠠ ᠪᠦᠬᠦᠢ ᠰᠢᠰᠲᠸᠮ ᠬᠠᠮᠵᠢᠯᠴᠠᠨ ᠨᠠᠢ᠌ᠳᠠᠪᠤᠷᠢᠵᠢᠭᠤᠯᠬᠤ ᠬᠡᠷᠡᠭᠲᠡᠢ》 ᠭᠡᠵᠦ ᠲᠣᠳᠣᠷᠬᠠᠢ ᠲᠣᠭᠲᠠᠭ᠋ᠠᠵᠠᠢ᠃ 5 ᠳ᠋ᠤᠭ᠋ᠠᠷ ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠠᠵᠢᠯ᠎ᠢ ᠲᠦᠯᠬᠢᠨ ᠠᠬᠢᠭᠤᠯᠬᠤ ᠲᠢᠩᠬᠢᠮ᠎ᠤᠨ ᠬᠣᠭᠣᠷᠣᠨᠳᠤᠬᠢ ᠬᠣᠯᠪᠣᠭ᠋ᠠᠲᠤ ᠬᠤᠷᠠᠯ᠎ᠤᠨ ᠳᠦᠷᠢᠮ᠎ᠢ ᠪᠠᠢ᠌ᠭᠤᠯᠬᠤ ᠵᠢ ᠥᠪᠡᠷᠳᠡᠭᠡᠨ ᠵᠠᠰᠠᠬᠤ ᠵᠢᠨ ᠣᠷᠣᠨ᠎ᠤ ᠵᠠᠰᠠᠭ᠎ᠤᠨ ᠣᠷᠳᠣᠨ ᠴᠣᠬᠣᠯᠠᠪᠤᠷᠢᠯᠠᠨ ᠵᠥᠪᠰᠢᠶᠡᠷᠡᠵᠡᠢ᠃ ᠡᠷᠬᠢᠯᠡᠨ ᠬᠤᠷᠠᠯᠳᠤᠭᠤᠯᠤᠭᠴᠢ᠎ᠨᠢ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠲᠢᠩᠬᠢᠮ᠎ᠤᠨ ᠳᠠᠷᠤᠭ᠎ᠠ ᠪᠣᠯᠣᠨ᠎ᠠ᠂ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠠᠯᠪᠠᠨ ᠭᠡᠷ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠣᠯᠣᠨ ᠬᠣᠲᠠ ᠬᠥᠳᠡᠭᠡ ᠵᠢᠨ ᠪᠦᠲᠡᠭᠡᠨ ᠪᠠᠢ᠌ᠭᠤᠯᠤᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠣᠢ ᠰᠢᠭᠤᠢ ᠵᠢᠨ ᠲᠢᠩᠬᠢᠮ᠂ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠬᠠᠤᠯᠢ ᠳᠦᠷᠢᠮ᠎ᠤᠨ ᠠᠯᠪᠠᠨ ᠭᠡᠷ ᠪᠣᠯ   ᠬᠣᠯᠪᠣᠭ᠋ᠠᠲᠤ ᠬᠤᠷᠠᠯ᠎ᠤᠨ ᠭᠡᠰᠢᠭᠦᠨ ᠨᠢᠭᠡᠴᠡ ᠪᠣᠯᠣᠨ᠎ᠠ᠃ 6 ᠳ᠋ᠤᠭ᠋ᠠᠷ ᠰᠠᠷ᠎ᠠ ᠵᠢᠨ 5᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠲᠢᠩᠬᠢᠮ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠠᠵᠢᠯ᠎ᠤᠨ ᠤᠳᠤᠷᠢᠳᠬᠤ ᠳᠤᠭᠤᠢ᠌ᠯᠠᠩ ᠪᠠᠢ᠌ᠭᠤᠯᠪᠠ᠃ 7 ᠳ᠋ᠤᠭ᠋ᠠᠷ ᠰᠠᠷ᠎ᠠ ᠵᠢᠨ 4᠎ᠤ ᠡᠳᠦᠷ᠂   ᠥᠪᠡᠷᠲᠡᠭᠡᠨ ᠵᠠᠰᠠᠬᠤ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠠᠵᠢᠯ᠎ᠢ ᠠᠬᠢᠭᠤᠯᠬᠤ ᠲᠢᠩᠬᠢᠮ᠎ᠤᠨ ᠬᠣᠭᠣᠷᠣᠨᠳᠤᠬᠢ ᠠᠩᠬᠠᠳᠤᠭ᠋ᠠᠷ ᠤᠳᠠᠭ᠋ᠠᠨ᠎ᠤ ᠬᠣᠯᠪᠣᠭ᠋ᠠᠲᠤ ᠬᠤᠷᠠᠯ᠎ᠢ ᠬᠤᠷᠠᠯᠳᠤᠵᠠᠢ᠃ ᠬᠤᠷᠠᠯ᠎ᠨᠢ ᠪᠦᠬᠦ ᠤᠯᠤᠰ᠎ᠤᠨ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠠᠵᠢᠯ᠎ᠢ ᠠᠬᠢᠭᠤᠯᠬᠤ ᠠᠬᠢᠴᠠ ᠵᠢᠨ ᠪᠠᠢ᠌ᠳᠠᠯ᠎ᠢ ᠨᠡᠢ᠌ᠲᠡᠯᠡᠪᠡ; ᠬᠤᠷᠠᠯ᠎ᠨᠢ ᠲᠢᠩᠬᠢᠮ᠎ᠤᠨ ᠬᠣᠭᠣᠷᠣᠨᠳᠤᠬᠢ ᠬᠣᠯᠪᠣᠭ᠋ᠠᠲᠤ ᠬᠤᠷᠠᠯ᠎ᠤᠨ ᠤᠳᠤᠷᠢᠳᠤᠯᠭ᠎ᠠ ᠳᠣᠣᠷ᠎ᠠ᠂   ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠤᠨ ᠪᠦᠬᠦ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠵᠢ ᠠᠬᠢᠭᠤᠯᠬᠤ ᠪᠦᠬᠦᠢ᠌ᠯᠡ ᠠᠵᠢᠯ᠎ᠢ ᠬᠠᠮᠲᠤᠪᠠᠷ ᠬᠠᠷᠢᠭᠤᠴᠠᠵᠤ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠪᠣᠯᠣᠨ ᠱᠠᠭ᠋ᠠᠷᠳᠠᠯᠭ᠎ᠠ ᠵᠢ ᠦᠨᠳᠦᠰᠦᠯᠡᠨ᠂ ᠬᠠᠮᠵᠢᠯᠴᠠᠬᠤ ᠠᠵᠢᠯ᠎ᠢ ᠰᠠᠢ᠌ᠨ ᠬᠢᠬᠦ ᠬᠡᠷᠡᠭᠲᠡᠢ ᠭᠡᠵᠦ ᠵᠥᠪᠯᠡᠨ ᠲᠣᠭᠲᠠᠵᠠᠢ; ᠬᠤᠷᠠᠯ᠎ᠨᠢ 《ᠪᠦᠬᠦ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠤᠨ ᠲᠢᠩᠬᠢᠮ᠎ᠤᠨ ᠬᠣᠭᠣᠷᠣᠨᠳᠤᠬᠢ ᠬᠣᠯᠪᠣᠭ᠋ᠠᠲᠤ ᠬᠤᠷᠠᠯ᠎ᠤᠨ ᠵᠥᠪᠯᠡᠬᠦ ᠳᠦᠷᠢᠮ》᠎ᠢ ᠪᠠᠲᠤᠯᠠᠵᠠᠢ᠃ 9 ᠳ᠋ᠦ᠍ᠭᠡᠷ ᠰᠠᠷ᠎ᠠ ᠵᠢᠨ18᠎ᠤ ᠡᠳᠦᠷ᠂ ᠥᠪᠡᠷᠳᠡᠭᠡᠨ ᠵᠠᠰᠠᠬᠤ ᠣᠷᠣᠨ᠎ᠤ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠵᠥᠪᠯᠡᠯ᠎ᠠᠴᠠ 《ᠥᠪᠡᠷᠳᠡᠭᠡᠨ ᠵᠠᠰᠠᠬᠤ ᠣᠷᠣᠨ᠎ᠤ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠵᠢ ᠨᠢᠭᠡᠳᠭᠡᠬᠦ ᠲᠤᠬᠠᠢ ᠮᠡᠳᠡᠭᠳᠡᠯ》  (ᠥᠪᠥᠷ ᠪᠠᠢ᠌ᠭᠤᠯᠤᠮᠵᠢ ᠣᠷᠣᠨ ᠲᠣᠭ᠎ᠠ ᠲᠠᠷᠬᠠᠭ᠋ᠠᠭᠰᠠᠨ [2014] 42 ᠳ᠋ᠤᠭ᠋ᠠᠷ ᠲᠣᠭ᠋ᠠᠲᠤ) ᠲᠠᠷᠬᠠᠭ᠋ᠠᠵᠤ᠂ ᠪᠦᠬᠦ ᠣᠷᠣᠨ᠎ᠤ ᠭᠠᠵᠠᠷ ᠰᠢᠷᠤᠢ ᠵᠢ ᠳᠠᠩᠰᠠᠯᠠᠨ ᠲᠡᠮᠳᠡᠭᠯᠡᠬᠦ᠂ ᠭᠡᠷ ᠪᠠᠢ᠌ᠰᠢᠩ᠎ᠢ ᠳᠠᠩᠰᠠᠯᠠᠨ ᠲᠡᠮᠳᠡᠭᠯᠡᠬᠦ᠂ ᠤᠢ ᠰᠢᠭᠤᠢ ᠵᠢᠨ ᠭᠠᠵᠠᠷ᠎ᠢ ᠳᠠᠩᠰᠠᠯᠠᠨ ᠲᠡᠮᠳᠡᠭᠯᠡᠬᠦ᠂ ᠨᠤᠲᠤᠭ ᠪᠡᠯᠴᠢᠭᠡᠷ᠎ᠢ ᠳᠠᠩᠰᠠᠯᠠᠨ ᠲᠡᠮᠳᠡᠭᠯᠡᠬᠦ ᠵᠡᠷᠭᠡ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠤᠢ ᠵᠢᠨ ᠡᠬᠢ ᠪᠠᠶᠠᠯᠢᠭ᠎ᠤᠨ ᠲᠢᠩᠬᠢᠮ ᠬᠠᠷᠢᠭᠤᠴᠠᠨ ᠵᠢᠯᠣᠭᠣᠳᠴᠤ ᠬᠢᠨᠠᠯᠲᠠ ᠲᠠᠯᠪᠢᠨ᠎ᠠ ᠭᠡᠵᠦ ᠲᠣᠳᠣᠷᠬᠠᠢ ᠲᠣᠭᠲᠠᠭ᠋ᠠᠵᠠᠢ᠃ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠲᠢᠩᠬᠢᠮ᠎ᠤᠨ ᠭᠠᠵᠠᠷ ᠰᠢᠷᠣᠢ ᠵᠢ ᠳᠠᠩᠰᠠᠯᠠᠬᠤ ᠬᠠᠮᠢᠶᠠᠷᠤᠯᠲᠠ ᠵᠢᠨ ᠭᠠᠵᠠᠷ᠎ᠢ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠲᠣᠪᠴᠢᠶ᠎ᠠ ᠭᠡᠵᠦ ᠥᠭᠡᠷᠡᠴᠢᠯᠡᠬᠦ ᠵᠢ ᠵᠥᠪᠰᠢᠶᠡᠷᠡᠵᠡᠢ (ᠭᠠᠵᠠᠷ ᠰᠢᠷᠣᠢ ᠵᠢ ᠳᠠᠩᠰᠠᠯᠠᠬᠤ ᠬᠠᠮᠢᠶᠠᠷᠤᠯᠲᠠ ᠵᠢᠨ ᠭᠠᠵᠠᠷ᠎ᠤᠨ ᠢᠯᠡᠷᠬᠡᠢ᠌ᠯᠡᠯ᠎ᠢ ᠡᠯᠭᠦᠨ᠎ᠡ)᠃
    ᠵᠣᠣ ᠳ᠋ᠠ ᠶᠦᠩ᠄
     2015 ᠣᠨ᠎ᠤ 2 ᠳ᠋ᠤᠭ᠋ᠠᠷ ᠰᠠᠷ᠎ᠠ ᠵᠢᠨ 3᠎ᠤ ᠡᠳᠦᠷ᠂ ᠥᠪᠡᠷᠳᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ   ᠬᠤᠷᠠᠯᠳᠤᠭᠤᠯᠤᠭᠰᠠᠨ ᠪᠦᠬᠦ ᠣᠷᠣᠨ᠎ᠤ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠠᠵᠢᠯ᠎ᠤᠨ ᠬᠤᠷᠠᠯ ᠳᠡᠭᠡᠷ᠎ᠡ᠂2015 ᠣᠨ᠎ᠤ ᠪᠦᠬᠦ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠵᠢ ᠲᠦᠯᠬᠢᠨ ᠠᠬᠢᠭᠤᠯᠬᠤ ᠠᠵᠢᠯ᠎ᠢ ᠨᠠᠷᠢᠨ ᠪᠠᠢ᠌ᠷᠢᠯᠠᠭᠤᠯᠵᠤ᠂ ᠡᠭᠦᠷᠭᠡ ᠪᠣᠯᠣᠨ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠵᠤ᠂ ᠠᠢ᠌ᠮᠠᠭ ᠬᠣᠲᠠ ᠬᠤᠰᠢᠭᠤ ᠰᠢᠶᠠᠨ᠎ᠤ ᠥᠯᠥ ᠬᠥᠳᠡᠯᠬᠦ ᠬᠥᠷᠥᠩᠭᠡ ᠵᠢᠨ ᠡᠭᠦᠷᠭᠡ ᠬᠠᠷᠢᠭᠤᠴᠠᠯᠭ᠎ᠠ ᠵᠢ ᠨᠢᠭᠡᠳᠭᠡᠬᠦ ᠪᠠ ᠪᠠᠢ᠌ᠭᠤᠯᠤᠮᠵᠢ ᠵᠢᠨ   ᠪᠠᠢ᠌ᠭᠤᠯᠤᠯᠲᠠ ᠵᠢᠴᠢ ᠠᠵᠢᠯ᠎ᠤᠨ ᠪᠠᠢ᠌ᠳᠠᠯ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠳᠡᠭᠡᠭᠰᠢ ᠮᠡᠳᠡᠭᠦᠯᠬᠦ ᠭᠤᠷᠪᠠᠨ ᠠᠭᠤᠯᠭ᠎ᠠ ᠵᠢ ᠴᠢᠬᠤᠯᠠ ᠭᠦᠢ᠍ᠴᠡᠳᠬᠡᠯ ᠲᠣᠭ᠎ᠠ ᠪᠣᠯᠭ᠋ᠠᠵᠤ ᠡᠨᠡ ᠵᠢᠯ᠎ᠤᠨ ᠰᠢᠯᠭ᠋ᠠᠨ ᠬᠢᠨᠠᠬᠤ ᠰᠢᠰᠲᠸᠮᠵᠢ᠎ᠳᠤ ᠣᠷᠣᠭᠤᠯᠵᠠᠢ᠃ 3 ᠳ᠋ᠤᠭ᠋ᠠᠷ ᠰᠠᠷ᠎ᠠ ᠵᠢᠨ 20᠎ᠤ ᠡᠳᠦᠷ᠂ ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠲᠢᠩᠬᠢᠮ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠲᠣᠪᠴᠢᠶᠠᠨ᠎ᠤ   ᠢᠯᠡᠷᠬᠡᠢ᠌ᠯᠡᠯ᠎ᠢ ᠡᠯᠭᠦᠵᠡᠢ᠃ 3 ᠳ᠋ᠤᠭ᠋ᠠᠷ ᠰᠠᠷ᠎ᠠ ᠵᠢᠨ 24᠎ᠤ ᠡᠳᠦᠷ᠎ᠠᠴᠠ 28᠎ᠤ ᠡᠳᠦᠷ ᠪᠣᠯᠲᠠᠯ᠎ᠠ᠂ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠶᠠᠮᠤᠨ᠎ᠤ ᠳᠡᠳ᠋ ᠳᠠᠷᠤᠭ᠎ᠠ ᠬᠡᠦ ᠼᠦᠨ ᡁᠢ ᠪᠠᠢ᠌ᠴᠠᠭ᠋ᠠᠨ ᠰᠤᠳᠤᠯᠬᠤ ᠪᠦᠯᠬᠦᠮ ᠳᠠᠭ᠋ᠠᠭᠤᠯᠤᠨ ᠤᠷᠢᠳ ᠬᠣᠵᠢᠳ ᠬᠦᠬᠡᠬᠤᠲᠠ᠂ ᠤᠯᠠᠭ᠋ᠠᠨᠴᠠᠪ ᠬᠣᠲᠠ᠂ ᠪᠤᠭᠤᠲᠤ ᠬᠣᠲᠠ᠎ᠳᠤ ᠭᠦᠨᠵᠡᠭᠡᠢ᠌ᠷᠡᠨ ᠮᠠᠨ᠎ᠤ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠳᠡᠮᠳᠡᠭᠯᠡᠬᠦ ᠡᠭᠦᠷᠭᠡ ᠬᠠᠷᠢᠭᠤᠴᠠᠯᠭ᠎ᠠ ᠵᠢ ᠨᠢᠭᠡᠳᠬᠡᠭᠰᠡᠨ ᠲᠤᠬᠠᠢ ᠭᠠᠵᠠᠷ᠎ᠲᠤ᠎ᠨᠢ ᠬᠦᠷᠴᠦ ᠠᠬᠢᠯᠲᠠ ᠵᠢᠨ ᠪᠠᠢ᠌ᠳᠠᠯ᠎ᠢ ᠣᠢ᠌ᠯᠭ᠋ᠠᠵᠠᠢ᠃ 3 ᠳ᠋ᠤᠭ᠋ᠠᠷ ᠰᠠᠷ᠎ᠠ ᠵᠢᠨ 25᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠠᠯᠪᠠᠨ ᠭᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠢ ᠵᠢᠨ ᠡᠬᠢ ᠪᠠᠶᠠᠯᠢᠭ᠎ᠤᠨ ᠨᠥᠭᠡᠴᠡ ᠵᠢᠨ ᠰᠣᠯᠢᠯᠴᠠᠭ᠎ᠠ ᠠᠷᠠᠯᠵᠢᠶᠠᠨ᠎ᠤ ᠳᠠᠩᠰᠠᠯᠠᠨ ᠲᠡᠮᠳᠡᠭᠯᠡᠬᠦ ᠲᠥᠪ᠎ᠤᠨ ᠰᠠᠭᠤᠷᠢᠨ ᠳᠡᠭᠡᠷ᠎ᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠯᠥ ᠬᠥᠳᠡᠯᠬᠦ ᠬᠥᠷᠥᠩᠭᠡ ᠵᠢ ᠳᠠᠩᠰᠠᠯᠠ ᠲᠡᠮᠳᠡᠭᠯᠡᠬᠦ ᠪᠠ ᠤᠯᠤᠰ᠎ᠤᠨ ᠭᠠᠵᠠᠷ ᠰᠢᠷᠣᠢ ᠵᠢᠨ ᠡᠬᠢ ᠪᠠᠶᠠᠯᠢᠭ᠎ᠤᠨ ᠨᠥᠭᠡᠴᠡ ᠵᠢᠨ ᠰᠣᠯᠢᠯᠴᠠᠭ᠎ᠠ ᠠᠷᠠᠯᠵᠢᠶᠠᠨ᠎ᠤ ᠲᠥᠪ᠎ᠢ ᠵᠣᠬᠢᠶᠠᠨ ᠪᠠᠢ᠌ᠭᠤᠯᠬᠤ ᠵᠢ ᠵᠥᠪᠰᠢᠶᠡᠷᠡᠵᠡᠢ᠃ 3 ᠳ᠋ᠤᠭ᠋ᠠᠷ ᠰᠠᠷ᠎ᠠ ᠵᠢᠨ 30᠎ᠤ ᠡᠳᠦᠷ᠂ ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠢ ᠵᠢᠨ ᠡᠬᠢ ᠪᠠᠶᠠᠯᠢᠭ᠎ᠤᠨ ᠲᠢᠩᠬᠢᠮ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠲᠣᠪᠴᠢᠶ᠎ᠠ ᠵᠢᠨ ᠠᠯᠪᠠᠨ ᠲᠠᠮᠠᠭ᠎ᠠ ᠵᠢ ᠵᠢᠩᠬᠢᠨᠢ᠎ᠪᠠᠷ ᠡᠬᠢᠯᠡᠨ ᠬᠡᠷᠡᠭᠯᠡᠵᠡᠢ᠃ 《ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ》᠎ᠢ ᠳᠠᠷᠤᠮᠠᠯᠯᠠᠨ ᠲᠠᠷᠬᠠᠭ᠋ᠠᠵᠤ᠂ ᠪᠦᠬᠦ ᠣᠷᠣᠨ᠎ᠳᠤ ᠬᠡᠷᠡᠭᠵᠢᠭᠦᠯᠵᠡᠢ᠃ 5 ᠳ᠋ᠤᠭ᠋ᠠᠷ ᠰᠠᠷ᠎ᠠ᠎ᠳᠤ᠂ 《ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠳᠡᠪᠲᠡᠷ᠎ᠢ ᠬᠡᠷᠡᠭᠯᠡᠬᠦ ᠠᠵᠢᠯ᠎ᠤᠨ ᠲᠥᠰᠥᠯ》᠎ᠢ ᠲᠣᠭᠲᠠᠭ᠋ᠠᠵᠤ᠂ ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠳᠡᠪᠲᠡᠷ ᠦᠨᠡᠮᠯᠡᠯ᠎ᠤᠨ ᠠᠭᠤᠯᠭ᠎ᠠ᠎ᠳᠤ ᠵᠣᠬᠢᠰᠲᠠᠢ ᠲᠣᠬᠢᠷᠠᠭᠤᠯᠤᠯᠲᠠ ᠬᠢᠵᠦ᠂ ᠮᠡᠷᠭᠡᠵᠢᠯᠲᠡᠨ ᠵᠠᠯᠠᠵᠤ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠳᠡᠪᠲᠡᠷ᠂ ᠦᠨᠡᠮᠯᠡᠯ᠎ᠤᠨ ᠠᠭᠤᠯᠭ᠎ᠠ ᠵᠢ ᠣᠷᠴᠢᠭᠤᠯᠵᠤ᠂ ᠳᠡᠪᠲᠡᠷ᠂ ᠦᠨᠡᠮᠯᠡᠯ᠎ᠳᠤ ᠮᠣᠩᠭᠣᠯ ᠦᠰᠦᠭ ᠨᠡᠮᠡᠵᠡᠢ᠃ 6 ᠳ᠋ᠤᠭ᠋ᠠᠷ ᠰᠠᠷ᠎ᠠ ᠵᠢᠨ 29᠎ᠤ ᠡᠳᠦᠷ᠂ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ   ᠪᠠᠢ᠌ᠭᠤᠯᠤᠮᠵᠢ ᠵᠢᠨ ᠣᠷᠣᠨ ᠲᠣᠭ᠋ᠠᠨ᠎ᠤ ᠠᠯᠪᠠᠨ ᠭᠡᠷ᠎ᠲᠠᠢ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭ᠋ᠠᠵᠤ᠂ 《ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠵᠢ ᠨᠢᠭᠡᠳᠭᠡᠬᠦ ᠲᠤᠬᠠᠢ ᠤᠯᠤᠰ᠎ᠤᠨ ᠭᠠᠵᠠᠷ ᠰᠢᠷᠣᠢ ᠵᠢᠨ ᠡᠬᠢ ᠪᠠᠶᠠᠯᠢᠭ᠂ ᠲᠥᠪ᠎ᠤᠨ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠠᠯᠪᠠᠨ ᠭᠡᠷ᠎ᠤᠨ ᠵᠢᠯᠣᠭᠣᠳᠬᠤ ᠰᠠᠨᠠᠯ》᠎ᠢ ᠤᠯᠠᠮᠵᠢᠯᠠᠨ ᠲᠠᠷᠬᠠᠭ᠋ᠠᠵᠠᠢ᠃ ᠪᠢᠴᠢᠭ ᠮᠠᠲ᠋ᠧᠷᠢᠶᠠᠯ᠎ᠳᠤ ᠠᠢ᠌ᠮᠠᠭ ᠬᠣᠲᠠ᠂ ᠬᠣᠰᠢᠭᠤ ᠰᠢᠶᠠᠨ᠎ᠤ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠵᠢ ᠨᠢᠭᠡᠳᠭᠡᠬᠦ ᠪᠠ ᠪᠠᠢ᠌ᠭᠤᠯᠤᠮᠵᠢ ᠪᠠᠢ᠌ᠭᠤᠯᠬᠤ ᠵᠠᠭᠪᠤᠷ᠎ᠢ ᠲᠣᠳᠣᠷᠬᠠᠢ᠌ᠯᠠᠭᠰᠠᠨ ᠪᠠᠢ᠌ᠨ᠎ᠠ᠃ ᠡᠯ᠎ᠡ ᠠᠢ᠌ᠮᠠᠭ ᠬᠣᠲᠠ᠂ ᠬᠤᠰᠢᠭᠤ ᠰᠢᠶᠠᠨ᠎ᠤ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠣᠨ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠨᠡᠪᠲᠡᠷᠡᠯᠴᠡᠬᠦ ᠪᠠ ᠬᠠᠷᠢᠯᠴᠠᠬᠤ᠎ᠪᠠᠨ ᠤᠯᠠᠮ ᠴᠢᠩᠭ᠋ᠠᠳᠬᠠᠵᠤ᠂ ᠡᠯ᠎ᠡ ᠱᠠᠲᠤᠨ᠎ᠤ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠠᠵᠢᠯ᠎ᠤᠨ ᠤᠳᠤᠷᠢᠳᠬᠤ ᠳᠤᠭᠤᠢ᠌ᠯᠠᠩ ᠪᠣᠯᠣᠨ ᠰᠠᠯᠠᠭ᠎ᠠ ᠮᠥᠴᠢᠷ᠎ᠤᠨ ᠬᠣᠯᠪᠣᠭ᠋ᠠᠲᠤ ᠬᠤᠷᠠᠯ᠎ᠤᠨ ᠳᠦᠷᠢᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠵᠢᠯ᠎ᠤᠨ ᠠᠬᠢᠯᠲᠠ ᠵᠢᠨ ᠪᠠᠢ᠌ᠳᠠᠯ ᠵᠶ᠋ᠠᠨ ᠴᠠᠭ ᠲᠤᠬᠠᠢ᠎ᠳᠤᠨᠢ ᠮᠡᠳᠡᠭᠦᠯᠵᠦ᠂ ᠠᠵᠢᠯ ᠵᠶ᠋ᠠᠨ ᠵᠣᠬᠢᠰᠲᠠᠢ ᠬᠤᠪᠢᠶᠠᠷᠢᠯᠠᠵᠤ᠂ ᠬᠠᠷᠢᠯᠴᠠᠨ ᠬᠠᠮᠵᠢᠯᠴᠠᠨ᠂ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠵᠢ ᠨᠢᠭᠡᠳᠭᠡᠬᠦ ᠪᠠ ᠪᠠᠢ᠌ᠭᠤᠯᠤᠮᠵᠢ ᠪᠠᠢ᠌ᠭᠤᠯᠬᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠳᠦᠯᠬᠢᠨ ᠠᠬᠢᠭᠤᠯᠵᠦ᠂ ᠵᠢᠯ᠎ᠤᠨ ᠳᠣᠲᠣᠷ᠎ᠠ ᠨᠢᠭᠡᠳᠭᠡᠬᠦ ᠠᠵᠢᠯ᠎ᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠵᠠᠢ᠃ 7 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠡᠷᠢᠶᠡᠨ ᠬᠣᠲᠠ ᠪᠣᠯᠣᠨ ᠲᠦᠩᠯᠢᠶᠣᠣ ᠬᠣᠲᠠ ᠵᠢᠨ ᠺᠠᠢ᠌ᠯᠦ ᠰᠢᠶᠠᠨ᠎ᠢ ᠪᠥᠬᠥ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠤᠨ ᠲᠤᠷᠰᠢᠯᠲᠠ ᠵᠢᠨ ᠴᠢᠭ᠋ ᠵᠶ᠋ᠡᠷ ᠲᠣᠭᠲᠠᠭ᠋ᠠᠵᠠᠢ᠃ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠤᠨ ᠴᠤᠪᠤᠷᠠᠯ ᠪᠣᠯᠣᠨ ᠮᠡᠷᠭᠡᠵᠢᠯ᠎ᠤᠨ ᠲᠥᠰᠥᠯ ᠵᠡᠷᠭᠡ ᠵᠢ ᠰᠤᠳᠤᠯᠤᠨ ᠰᠦᠪᠡᠭᠴᠢᠯᠡᠵᠦ᠂ ᠪᠥᠬᠥ ᠣᠷᠣᠨ᠎ᠳᠠᠬᠢ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠠᠵᠢᠯ᠎ᠢ ᠪᠦᠬᠦ ᠲᠠᠯ᠎ᠠ᠎ᠪᠠᠷ ᠬᠡᠷᠡᠭᠵᠢᠭᠦᠯᠬᠦ᠎ᠳᠤ ᠲᠤᠷᠰᠢᠯᠭ᠎ᠠ ᠬᠤᠷᠠᠮᠳᠤᠭᠤᠯᠵᠤ᠂ ᠯᠠᠪᠯᠠᠯᠲᠠ ᠣᠯᠭᠣᠨ ᠥᠭᠴᠡᠢ᠃
      ᠵᠣᠣ ᠳ᠋ᠠ ᠶᠦᠩ᠄
      ᠳᠠᠷᠠᠭ᠋ᠠᠯᠠᠪᠠᠯ᠂ ᠠᠢ᠌ᠮᠠᠭ ᠬᠣᠲᠠ ᠵᠢᠨ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠵᠢ ᠨᠢᠭᠡᠳᠭᠡᠬᠦ ᠠᠵᠢᠯ ᠲᠣᠭᠲᠠᠭᠤᠨ ᠵᠶ᠋ᠠᠷ ᠠᠬᠢᠵᠤ ᠪᠣᠢ᠃ ᠡᠯ᠎ᠡ ᠠᠢ᠌ᠮᠠᠭ ᠬᠣᠲᠠ ᠵᠢᠨ ᠳᠡᠭᠡᠭᠰᠢ ᠮᠡᠳᠡᠭᠦᠯᠦᠭᠰᠡᠨ ᠪᠠᠢ᠌ᠳᠠᠯ᠎ᠢ ᠦᠨᠳᠦᠰᠦᠯᠡᠪᠡᠯ᠂ 7 ᠳ᠋ᠤᠭ᠋ᠠᠷ ᠰᠠᠷ᠎ᠠ ᠵᠢᠨ ᠰᠡᠭᠦᠯᠴᠢ ᠪᠣᠯᠬᠤ᠎ᠳᠤ ᠪᠦᠬᠦ ᠣᠷᠣᠨ᠎ᠤ ᠡᠯ᠎ᠡ ᠠᠢ᠌ᠮᠠᠭ ᠬᠣᠲᠠ ᠴᠥᠮ ᠲᠤᠬᠠᠢ ᠵᠢᠨ ᠭᠠᠵᠠᠷ᠎ᠤᠨ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠠᠭᠠᠨ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠤᠨ ᠪᠠᠢ᠌ᠷᠢᠯᠠᠭᠤᠯᠤᠯᠲᠠ ᠪᠣᠯᠣᠨ ᠲᠣᠬᠢᠷᠠᠭᠤᠯᠤᠯᠲᠠ ᠵᠢ ᠬᠠᠷᠢᠭᠤ ᠮᠡᠳᠡᠭᠦᠯᠵᠦ᠂ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠬᠣᠯᠪᠣᠭ᠋ᠠᠲᠤ ᠬᠤᠷᠠᠯ᠎ᠤᠨ ᠳᠦᠷᠢᠮ᠎ᠢ ᠪᠠᠢ᠌ᠭᠤᠯᠵᠠᠢ᠃ ᠡᠭᠦᠨ᠎ᠳᠤ ᠬᠦᠬᠡᠬᠣᠲᠠ᠂ ᠪᠠᠶᠠᠨᠨᠠᠭᠤᠷ ᠬᠣᠲᠠ ᠪᠣᠯᠣᠨ ᠬᠥᠯᠥᠨ ᠪᠣᠢ᠌ᠷ ᠬᠣᠲᠠ ᠬᠣᠲᠠ ᠵᠢᠨ ᠤᠳᠤᠷᠢᠳᠤᠯᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠤᠭᠰᠠᠨ ᠪᠠᠢ᠌ᠨ᠎ᠠ᠃
     1. ᠭᠤᠷᠪᠠᠨ ᠠᠢ᠌ᠮᠠᠭ ᠬᠣᠲᠠ ᠡᠭᠦᠷᠭᠡ ᠬᠠᠷᠢᠭᠤᠴᠠᠯᠭ᠎ᠠ ᠵᠢ ᠨᠢᠬᠡᠳᠭᠡᠬᠦ ᠠᠵᠢᠯ᠎ᠢ ᠨᠢᠭᠡᠨᠲᠡ ᠪᠡᠶᠡᠯᠡᠭᠦᠯᠵᠡᠢ᠂   ᠲᠤᠬᠠᠢ᠌ᠯᠠᠪᠠᠯ ᠡᠷᠢᠶᠡᠨ ᠬᠣᠲᠠ᠂ ᠤᠯᠠᠭ᠋ᠠᠨᠴᠠᠪ ᠬᠣᠲᠠ ᠪᠣᠯᠤᠨ ᠣᠷᠳᠣᠰ ᠬᠣᠲᠠ ᠪᠣᠯᠣᠨ᠎ᠠ᠃
     2015 ᠣᠨ᠎ᠤ 3 ᠳ᠋ᠤᠭ᠋ᠠᠷ ᠰᠠᠷ᠎ᠠ ᠵᠢᠨ15᠎ᠤ ᠡᠳᠦᠷ᠂ 《ᠡᠷᠢᠶᠡᠨ ᠬᠣᠲᠠ ᠵᠢᠨ ᠥᠯᠥ ᠬᠥᠳᠡᠯᠬᠦ ᠬᠥᠷᠥᠩᠭᠡ ᠵᠢ   ᠳᠠᠩᠰᠠᠯᠠᠨ ᠲᠡᠮᠳᠡᠭᠯᠡᠬᠦ ᠲᠣᠪᠴᠢᠶ᠎ᠠ ᠵᠢ ᠪᠠᠢ᠌ᠭᠤᠯᠬᠤ ᠲᠤᠬᠠᠢ ᠡᠷᠢᠶᠡᠨ ᠬᠣᠲᠠ ᠵᠢᠨ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠵᠥᠪᠯᠡᠯ᠎ᠤᠨ ᠮᠡᠳᠡᠭᠳᠡᠯ》᠎ᠢ ᠪᠠᠭᠤᠯᠭ᠋ᠠᠵᠤ᠂ ᠡᠷᠢᠶᠡᠨ ᠬᠣᠲᠠ ᠵᠢᠨ ᠤᠯᠤᠰ᠎ᠤᠨ ᠭᠠᠵᠠᠷ ᠰᠢᠷᠣᠢ ᠵᠢᠨ ᠡᠬᠢ ᠪᠠᠶᠠᠯᠢᠭ᠎ᠤᠨ   ᠲᠣᠪᠴᠢᠶ᠎ᠠ᠎ᠳᠤ ᠡᠷᠢᠶᠡᠨ ᠬᠣᠲᠠ ᠵᠢᠨ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠲᠣᠪᠴᠢᠶ᠎ᠠ (ᠭᠡᠷ ᠪᠠᠢ᠌ᠰᠢᠩ ᠭᠠᠵᠠᠷ ᠬᠥᠷᠥᠩᠭᠡ ᠵᠢᠨ ᠰᠣᠯᠢᠯᠴᠠᠭ᠎ᠠ ᠠᠷᠠᠯᠵᠢᠶᠠᠨ᠎ᠤ ᠲᠥᠪ᠎ᠤᠨ ᠢᠯᠡᠷᠬᠡᠢ᠌ᠯᠡᠯ᠎ᠢ ᠡᠯᠭᠦᠨ᠎ᠡ) ᠵᠢ ᠪᠠᠢ᠌ᠭᠤᠯᠤᠭᠰᠠᠨ᠎ᠤ ᠬᠠᠮᠲᠤ   ᠥᠯᠥ ᠬᠥᠳᠡᠯᠬᠦ ᠬᠥᠷᠥᠩᠭᠡ ᠵᠢᠨ ᠥᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠡᠶᠡᠳᠡᠭᠦᠯᠬᠦ ᠲᠥᠪ᠎ᠢ ᠪᠠᠢ᠌ᠭᠤᠯᠵᠠᠢ᠃ ᠣᠳᠣᠬᠠᠨ᠎ᠳᠤ ᠡᠷᠢᠶᠡᠨ ᠬᠣᠲᠠ ᠵᠢᠨ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠲᠣᠪᠴᠢᠶ᠎ᠠ᠎ᠳᠤ ᠣᠷᠣᠨ ᠰᠠᠭᠤᠴᠠ ᠪᠦᠲᠦᠭᠡᠨ ᠪᠠᠢ᠌ᠭᠤᠯᠤᠯᠲᠠ ᠵᠢᠨ ᠲᠣᠪᠴᠢᠶᠠᠨ᠎ᠤ ᠭᠡᠷ ᠬᠥᠷᠥᠩᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠣᠢ ᠰᠢᠭᠤᠢ ᠵᠢᠨ ᠲᠣᠪᠴᠢᠶ᠎ᠠ᠂ ᠨᠤᠲᠤᠭ ᠪᠡᠯᠴᠢᠭᠡᠷ᠎ᠤᠨ ᠬᠢᠨᠠᠨ ᠬᠠᠮᠢᠶᠠᠷᠤᠯᠲᠠ ᠵᠢᠨ ᠲᠣᠪᠴᠢᠶ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠠᠲᠠᠭᠳᠠᠭᠰᠠᠨ ᠬᠥᠮᠥᠰ ᠦᠨᠳᠦᠰᠦᠨ᠎ᠳᠡᠭᠡᠨ ᠣᠷᠣᠨ ᠪᠠᠢ᠌ᠷᠢᠨ᠎ᠳᠠᠭᠠᠨ ᠬᠦᠷᠴᠦ᠂ ᠤᠯᠤᠰ᠎ᠤᠨ ᠭᠠᠵᠠᠷ ᠰᠢᠷᠣᠢ᠂ ᠭᠡᠷ ᠬᠥᠷᠥᠩᠭᠡ ᠵᠡᠷᠭᠡ ᠵᠢᠨ ᠬᠣᠯᠪᠣᠭᠳᠠᠯ ᠪᠦᠬᠦᠢ ᠲᠣᠭ᠎ᠠ ᠪᠠᠷᠢᠮᠲᠠ ᠵᠢ ᠥᠯᠥ ᠬᠥᠳᠡᠯᠬᠦ ᠬᠥᠷᠥᠩᠭᠡ ᠵᠢᠨ ᠵᠠᠪᠰᠠᠷ᠎ᠤᠨ ᠬᠥᠮᠥᠷᠭᠡ᠎ᠳᠤ ᠶᠠᠭ ᠵᠠᠯᠭ᠎ᠠ᠎ᠪᠠᠷ ᠣᠷᠣᠭᠤᠯᠵᠤ ᠪᠤᠢ᠃ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠦᠨᠡᠮᠯᠡᠯ᠎ᠤᠨ ᠠᠵᠢᠯ᠎ᠤᠨ ᠥᠷᠨᠢᠭᠦᠯᠦᠯᠲᠡ᠎ᠨᠢ ᠪᠦᠬᠦ ᠣᠷᠣᠨ᠎ᠤ ᠡᠮᠦᠨ᠎ᠡ ᠡᠩᠨᠡᠭᠡᠨ᠎ᠳᠤ ᠶᠠᠪᠤᠵᠤ ᠪᠤᠢ᠃ ᠤᠯᠠᠭ᠋ᠠᠨᠴᠠᠪ   ᠬᠣᠲᠠ ᠵᠢᠨ ᠣᠷᠣᠨ ᠲᠣᠭ᠋ᠠᠨ᠎ᠤ ᠠᠯᠪᠠᠨ ᠭᠡᠷ 《ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠵᠢ ᠨᠢᠭᠡᠳᠭᠡᠬᠦ ᠲᠤᠬᠠᠢ ᠮᠡᠳᠡᠭᠳᠡᠯ》 ᠪᠠᠭᠤᠯᠭ᠋ᠠᠵᠤ᠂ ᠬᠣᠲᠠ ᠵᠢᠨ ᠤᠯᠤᠰ᠎ᠤᠨ ᠭᠠᠵᠠᠷ ᠰᠢᠷᠣᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠲᠤᠰ ᠬᠣᠲᠠ ᠵᠢᠨ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠠᠵᠢᠯ᠎ᠢ ᠬᠠᠷᠢᠭᠤᠴᠠᠬᠤ ᠵᠢ ᠲᠣᠳᠣᠷᠬᠠᠢ᠌ᠯᠠᠵᠤ᠂ ᠤᠯᠠᠭ᠋ᠠᠨᠴᠠᠪ ᠬᠣᠲᠠ ᠵᠢᠨ ᠤᠯᠤᠰ᠎ᠤᠨ ᠭᠠᠵᠠᠷ ᠰᠢᠷᠣᠢ ᠵᠢᠨ ᠡᠬᠢ ᠪᠠᠶᠠᠯᠢᠭ᠎ᠤᠨ ᠲᠣᠪᠴᠢᠶ᠎ᠠ᠎ᠳᠤ ᠤᠯᠠᠭ᠋ᠠᠨᠴᠠᠪ ᠬᠣᠲᠠ ᠵᠢᠨ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠲᠣᠪᠴᠢᠶ᠎ᠠ ᠵᠢᠨ ᠢᠯᠡᠷᠬᠡᠢ᠌ᠯᠡᠯ᠎ᠢ ᠨᠡᠮᠡᠵᠦ ᠡᠯᠭᠦᠬᠦ ᠵᠢ ᠵᠥᠪᠰᠢᠶᠡᠷᠡᠵᠡᠢ᠃ ᠣᠷᠳᠣᠰ ᠬᠣᠲᠠ ᠵᠢᠨ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠠᠯᠪᠠᠨ ᠭᠡᠷ 2015 ᠣᠨ᠎ᠤ 7 ᠳ᠋ᠤᠭ᠋ᠠᠷ ᠰᠠᠷ᠎ᠠ ᠵᠢᠨ13᠎ᠤ ᠡᠳᠦᠷ 《ᠣᠷᠳᠣᠰ ᠬᠣᠲᠠ ᠵᠢᠨ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠬᠠᠮᠢᠶ᠎ᠠ ᠪᠦᠬᠦᠢ ᠪᠠᠢ᠌ᠭᠤᠯᠤᠮᠵᠢ ᠵᠢ ᠪᠠᠢ᠌ᠭᠤᠯᠬᠤ ᠲᠤᠬᠠᠢ ᠣᠷᠳᠣᠰ ᠬᠣᠲᠠ ᠵᠢᠨ ᠣᠷᠣᠨ ᠲᠣᠭ᠋ᠠᠨ᠎ᠤ ᠪᠠᠢ᠌ᠭᠤᠯᠤᠮᠵᠢ ᠵᠢᠨ ᠵᠥᠪᠯᠡᠯ᠎ᠤᠨ ᠮᠡᠳᠡᠭᠳᠡᠯ》᠎ᠢ ᠪᠠᠭᠤᠯᠭ᠋ᠠᠵᠤ᠂ ᠣᠷᠳᠣᠰ ᠬᠣᠲᠠ ᠵᠢᠨ ᠤᠯᠤᠰ᠎ᠤᠨ ᠭᠠᠵᠠᠷ ᠰᠢᠷᠣᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠳᠣᠲᠣᠭ᠋ᠠᠳᠤ ᠪᠠᠢ᠌ᠭᠤᠯᠤᠮᠵᠢ ᠵᠢᠨ ᠭᠠᠵᠠᠷ ᠲᠠᠷᠢᠶᠠᠨ᠎ᠤ ᠳᠠᠩᠰᠠ ᠵᠢᠨ ᠬᠠᠮᠢᠶᠠᠷᠤᠯᠲᠠ ᠵᠢᠨ ᠰᠠᠯᠠᠭ᠎ᠠ ᠵᠢ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠵᠢᠨ ᠲᠣᠪᠴᠢᠶ᠎ᠠ ᠭᠡᠵᠤ ᠬᠠᠯᠠᠵᠤ᠂ (ᠭᠠᠵᠠᠷ ᠲᠠᠷᠢᠶᠠᠨ᠎ᠤ ᠳᠠᠩᠰᠠ ᠵᠢᠨ ᠬᠠᠮᠢᠶᠠᠷᠤᠯᠲᠠ ᠵᠢᠨ ᠰᠠᠯᠠᠭ᠋ᠠᠨ᠎ᠤ ᠢᠯᠡᠷᠬᠡᠢ᠌ᠯᠡᠯ᠎ᠢ ᠡᠯᠭᠦᠨ᠎ᠡ)᠂ ᠣᠷᠳᠣᠰ ᠬᠣᠲᠠ ᠵᠢᠨ ᠭᠠᠵᠠᠷ ᠰᠢᠷᠣᠢ ᠵᠢ ᠳᠠᠩᠰᠠᠯᠠᠨ ᠲᠡᠮᠳᠡᠭᠯᠡᠬᠦ ᠲᠥᠪ᠎ᠢ ᠣᠷᠳᠣᠰ ᠬᠣᠲᠠ ᠵᠢᠨ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠲᠥᠪ ᠭᠡᠵᠦ ᠬᠠᠯᠠᠵᠠᠢ᠃
    ᠵᠣᠣ ᠳ᠋ᠠ ᠶᠦᠩ  ᠄
     2. ᠡᠭᠦᠷᠭᠡ ᠬᠠᠷᠢᠭᠤᠴᠠᠯᠭ᠎ᠠ ᠵᠢ ᠨᠢᠭᠡᠳᠭᠡᠬᠦ ᠲᠥᠰᠥᠯ᠎ᠢ ᠨᠢᠭᠡᠨᠲᠡ ᠲᠣᠭᠲᠠᠭ᠋ᠠᠵᠤ᠂ ᠲᠤᠬᠠᠢ ᠵᠢᠨ ᠭᠠᠵᠠᠷ᠎ᠤᠨ   ᠵᠠᠰᠠᠭ᠎ᠤᠨ ᠣᠷᠳᠣᠨ᠎ᠤ ᠵᠥᠪᠰᠢᠶᠡᠷᠡᠬᠦ ᠵᠢ ᠬᠦᠯᠢᠶᠡᠵᠦ ᠪᠠᠢ᠌ᠭ᠎ᠠ ᠠᠢ᠌ᠮᠠᠭ ᠬᠣᠲᠠ 7 ᠪᠤᠢ᠂ ᠲᠤᠬᠠᠢ᠌ᠯᠠᠪᠠᠯ ᠬᠦᠬᠡᠬᠤᠲᠠ᠂ ᠪᠤᠭᠤᠲᠤ ᠬᠣᠲᠠ᠂ ᠬᠢᠩᠭ᠋ᠠᠨ ᠠᠢ᠌ᠮᠠᠭ᠂ ᠲᠦᠩᠯᠢᠶᠣᠣ ᠬᠣᠲᠠ᠂ ᠰᠢᠯᠢ ᠵᠢᠨ ᠭᠣᠣᠯ ᠠᠢ᠌ᠮᠠᠭ᠂ ᠦᠬᠠᠢ ᠬᠣᠲᠠ ᠪᠣᠯᠣᠨ ᠠᠯᠠᠱ᠌ᠠᠨ ᠠᠢ᠌ᠮᠠᠭ ᠪᠣᠯᠣᠨ᠎ᠠ᠃
     3. ᠡᠭᠦᠷᠭᠡ ᠬᠠᠷᠢᠭᠤᠴᠠᠯᠭ᠎ᠠ ᠵᠢ ᠨᠢᠭᠡᠳᠭᠡᠬᠦ ᠲᠥᠰᠥᠯ᠎ᠢ ᠶᠠᠭ ᠡᠬᠢᠯᠡᠨ ᠲᠤᠭᠤᠷᠪᠢᠵᠤ ᠪᠠᠢ᠌ᠭ᠎ᠠ ᠠᠢ᠌ᠮᠠᠭ ᠬᠣᠲᠠ 4 ᠪᠠᠢ᠌ᠨ᠎ᠠ᠂ ᠲᠤᠬᠠᠢ᠌ᠯᠠᠪᠠᠯ ᠬᠥᠯᠥᠨ ᠪᠣᠢ᠌ᠷ ᠬᠣᠲᠠ᠂ ᠤᠯᠠᠭ᠋ᠠᠨᠬᠠᠳᠠ ᠬᠣᠲᠠ᠂ ᠪᠠᠶᠠᠨᠨᠠᠭᠤᠷ ᠬᠣᠲᠠ ᠪᠣᠯᠣᠨ ᠮᠠᠨᠵᠤᠤᠷ ᠬᠣᠲᠠ ᠪᠣᠯᠣᠨ᠎ᠠ᠃
      ᠠᠵᠢᠯ᠎ᠤᠨ ᠠᠬᠢᠯᠲᠠ ᠵᠢᠨ ᠪᠠᠢ᠌ᠳᠠᠯ᠎ᠠᠴᠠ ᠦᠵᠡᠪᠡᠯ᠂ ᠥᠪᠡᠷᠲᠡᠭᠡᠨ ᠵᠠᠰᠠᠬᠤ ᠣᠷᠣᠨ ᠪᠣᠯᠣᠨ ᠠᠢ᠌ᠮᠠᠭ ᠬᠣᠲᠠ ᠵᠢᠨ ᠱᠠᠲᠤᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠨᠢ ᠬᠣᠯᠪᠣᠭᠳᠠᠯ ᠪᠦᠬᠦᠢ ᠱᠠᠭ᠋ᠠᠷᠳᠠᠯᠭ᠎ᠠ᠎ᠪᠠᠷ ᠡᠮᠬᠢ ᠵᠢᠷᠤᠮ᠎ᠲᠠᠢ ᠶᠠᠪᠤᠭᠳᠠᠵᠤ᠂ ᠬᠤᠰᠢᠭᠤ ᠰᠢᠶᠠᠨ᠎ᠤ ᠱᠠᠲᠤᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ ᠬᠠᠷᠢᠴᠠᠩᠭᠤᠢ ᠤᠳᠠᠭ᠋ᠠᠨ ᠪᠠᠢ᠌ᠨ᠎ᠠ᠃ ᠣᠳᠣᠬᠠᠨ᠎ᠳᠤ᠂ ᠲᠦᠩᠯᠢᠶᠣᠣ ᠬᠣᠲᠠ ᠵᠢᠨ ᠺᠠᠢ᠌ᠯᠦ ᠰᠢᠶᠠᠨ᠂ ᠤᠯᠠᠭ᠋ᠠᠨᠴᠠᠪ ᠬᠣᠲᠠ ᠵᠢᠨ ᠯᠢᠶᠠᠩᠴᠸᠩ ᠰᠢᠶᠠᠨ᠂ ᠬᠤᠸᠠᠳᠧ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠣ᠂ ᠴᠠᠬᠠᠷ ᠪᠠᠷᠠᠭᠤᠨ ᠭᠠᠷᠤᠨ ᠬᠣᠢ᠌ᠲᠤ ᠬᠤᠰᠢᠭᠤ᠂ ᠹᠸᠩᠵᠸᠨ ᠬᠣᠲᠠ ᠵᠢ ᠭᠠᠷᠭ᠋ᠠᠪᠠᠯ᠂ ᠪᠤᠰᠤᠳ ᠠᠢ᠌ᠮᠠᠭ ᠬᠣᠲᠠ ᠵᠢᠨ ᠬᠤᠰᠢᠭᠤ ᠰᠢᠶᠠᠨ᠎ᠤ ᠱᠠᠲᠤᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ ᠬᠠᠷᠠᠬᠠᠨ ᠪᠣᠳᠠᠲᠤ ᠠᠵᠢᠯ᠎ᠤᠨ ᠱᠠᠲᠤᠨ᠎ᠳᠤ᠎ᠪᠠᠨ ᠣᠷᠣᠭ᠋ᠠᠳᠤᠢ ᠪᠠᠢ᠌ᠭᠰᠠᠭ᠋ᠠᠷ ᠪᠠᠢ᠌ᠨ᠎ᠠ  ᠃
      ᠬᠥᠲᠥᠯᠥᠭᠴᠢ᠄
      ᠮᠠᠨ᠎ᠤ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠳᠤ ᠣᠳᠣᠬᠠᠨ᠎ᠠ ᠶᠠᠮᠠᠷ ᠠᠰᠠᠭᠤᠳᠠᠯ ᠣᠷᠣᠰᠢᠵᠤ ᠪᠠᠢ᠌ᠬᠤ ᠪᠣᠢ? ᠳᠠᠷᠠᠭ᠋ᠠᠴᠢ ᠵᠢᠨ ᠠᠯᠬᠤᠮ᠎ᠳᠤ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠲᠢᠩᠬᠢᠮ ᠲᠤᠰ ᠵᠤᠷᠪᠤᠰ ᠠᠵᠢᠯ᠎ᠢ ᠬᠡᠷᠬᠢᠨ ᠪᠠᠢ᠌ᠷᠢᠯᠠᠭᠤᠯᠤᠭᠰᠠᠨ ᠪᠣᠢ?
      ᠵᠣᠣ ᠳ᠋ᠠ ᠶᠦᠩ  ᠄
      ᠭᠠᠵᠠᠷ ᠰᠢᠷᠣᠢ ᠵᠢᠨ ᠡᠬᠢ ᠪᠠᠶᠠᠯᠢᠭ᠎ᠤᠨ ᠶᠠᠮᠤᠨ᠎ᠤ ᠬᠠᠮᠤᠭ᠎ᠤᠨ ᠰᠢᠨ᠎ᠡ ᠮᠡᠳᠡᠭᠡᠯᠡᠯ᠎ᠠᠴᠠ ᠦᠵᠡᠪᠡᠯ᠂ ᠮᠠᠨ᠎ᠤ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠤᠨ ᠠᠬᠢᠴᠠ ᠲᠡᠢ᠌ᠮᠦ ᠬᠤᠷᠳᠤᠨ ᠪᠢᠰᠢ ᠪᠠᠢ᠌ᠨ᠎ᠠ᠃ ᠭᠣᠣᠯᠳᠠᠭᠤ ᠳᠣᠣᠷᠠᠬᠢ ᠬᠤᠶᠠᠷ ᠲᠠᠯ᠎ᠠ ᠵᠢᠨ ᠠᠰᠠᠭᠤᠳᠠᠯ ᠣᠷᠣᠰᠢᠵᠤ ᠪᠤᠢ᠄ ᠨᠢᠭᠡ᠎ᠳᠤ ᠪᠦᠬᠦ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠤᠨ ᠠᠬᠢᠴᠠ ᠲᠡᠩᠴᠡᠭᠦᠷᠢ ᠦᠭᠡᠢ ᠪᠠᠢ᠌ᠨ᠎ᠠ᠃
ᠬᠤᠶᠠᠷ᠎ᠲᠤ᠂ ᠵᠠᠷᠢᠮ ᠭᠠᠵᠠᠷ᠎ᠨᠢ ᠪᠠᠷ᠎ᠠ ᠬᠠᠷᠠᠬᠤ ᠣᠪᠣᠷ ᠡᠪᠦᠷᠯᠡᠵᠦ᠂ 《ᠬᠦᠯᠢᠶᠡᠬᠦ ᠨᠠᠢ᠌ᠳᠠᠬᠤ》 ᠦᠵᠡᠯ ᠰᠠᠨᠠᠭ᠎ᠠ ᠣᠷᠣᠰᠢᠵᠤ ᠪᠤᠢ᠃ ᠰᠠᠨᠠᠭ᠋ᠠᠴᠢᠯᠠᠭ᠎ᠠ᠎ᠲᠠᠢ᠎ᠪᠠᠷ ᠪᠡᠯᠡᠳᠬᠡᠬᠦ ᠦᠭᠡᠢ ᠮᠥᠷᠲᠡᠭᠡᠨ ᠪᠠᠰᠠ ᠢᠳᠡᠪᠬᠢᠲᠠᠢ᠎ᠲᠠᠢ᠎ᠪᠠᠷ ᠰᠤᠳᠤᠯᠬᠤ ᠦᠭᠡᠢ ᠪᠠᠢ᠌ᠵᠤ᠂ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠢ ᠪᠣᠳᠠᠲᠤ ᠠᠬᠢᠯᠲᠠ ᠦᠭᠡᠢ ᠪᠣᠯᠭ᠋ᠠᠵᠠᠢ᠃
      ᠶᠠᠮᠤᠨ᠎ᠤ ᠳᠡᠳ᠋ ᠳᠠᠷᠤᠭ᠎ᠠ ᠬᠡᠦ ᠼᠤᠢ᠍ᠨ ᡁᠢ 3 ᠳ᠋ᠤᠭ᠋ᠠᠷ ᠰᠠᠷ᠎ᠠ᠎ᠳᠤ ᠮᠠᠨ᠎ᠤ ᠣᠷᠣᠨ᠎ᠳᠤ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ᠂ 《ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠡᠶᠡᠯᠡᠭᠦᠯᠦᠭᠰᠡᠨ ᠭᠠᠵᠠᠷ ᠣᠷᠣᠨ᠎ᠤ ᠵᠠᠭᠪᠤᠷ ᠵᠶ᠋ᠠᠷ ᠯᠠᠪᠯᠠᠯᠲᠠ ᠪᠤᠯᠠᠭ᠋ᠠᠨ᠂ ᠬᠣᠲᠠ᠂ ᠰᠢᠶᠠᠨ ᠬᠣᠶᠠᠷ ᠱᠠᠲᠤᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠪᠠ ᠪᠠᠢ᠌ᠭᠤᠯᠤᠮᠵᠢ ᠵᠢ ᠨᠢᠭᠡᠳᠬᠦ ᠵᠢ ᠲᠦᠯᠬᠢᠨ ᠠᠬᠢᠭᠤᠯᠵᠤ᠂ ᠠᠵᠢᠯᠲᠠᠨ ᠪᠣᠯᠣᠨ ᠠᠵᠢᠯ᠎ᠢ ᠰᠠᠯᠠᠭ᠋ᠠᠨ ᠰᠢᠯᠵᠢᠭᠦᠯᠬᠦ ᠵᠢᠴᠢ ᠬᠣᠯᠪᠣᠭᠳᠠᠯ ᠪᠦᠬᠦᠢ ᠴᠤᠪᠤᠷᠠᠯ᠎ᠢ ᠳᠠᠬᠢᠨ ᠪᠦᠲᠦᠭᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠢ ᠤᠯᠤᠰ᠎ᠤᠨ ᠲᠣᠭᠲᠠᠭ᠋ᠠᠭᠰᠠᠨ ᠴᠠᠭ᠎ᠤᠨ ᠬᠦᠰᠦᠨᠦᠭ ᠳᠣᠲᠣᠷᠠᠬᠢ ᠬᠤᠭᠤᠴᠠᠭ᠎ᠠ ᠶᠣᠰᠣᠭ᠋ᠠᠷ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ》 ᠭᠡᠵᠦ ᠱᠠᠭ᠋ᠠᠷᠳᠠᠭᠰᠠᠨ ᠪᠠᠢ᠌ᠨ᠎ᠠ᠃
      ᠵᠤᠤ ᠳ᠋ᠠ ᠶᠦᠩ᠄
      ᠤᠳᠤᠷᠢᠳᠤᠯᠭ᠎ᠠ ᠵᠢᠨ ᠵᠢᠭ᠋ᠠᠪᠤᠷᠢ ᠶᠣᠰᠣᠭ᠋ᠠᠷ᠂ ᠳᠠᠷᠠᠭ᠋ᠠᠴᠢ ᠵᠢᠨ ᠠᠯᠬᠤᠮ᠎ᠳᠤ᠂ ᠪᠢᠳᠡ ᠤᠯᠠᠨ ᠵᠦᠢ᠍ᠯ᠎ᠤᠨ ᠠᠷᠭ᠎ᠠ   ᠬᠡᠮᠵᠢᠶ᠎ᠡ ᠠᠪᠴᠤ᠂ ᠠᠢ᠌ᠮᠠᠭ ᠬᠣᠲᠠ᠂ ᠬᠤᠰᠢᠭᠤ ᠰᠢᠶᠠᠨ ᠬᠤᠶᠠᠷ ᠱᠠᠲᠤᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠪᠠᠢ᠌ᠭᠤᠯᠤᠮᠵᠢ ᠵᠢ ᠨᠢᠭᠡᠳᠭᠡᠬᠦ ᠠᠵᠢᠯ᠎ᠢ ᠤᠯᠠᠮ ᠲᠦᠷᠭᠡᠨ ᠲᠦᠯᠬᠢᠨ ᠠᠬᠢᠭᠤᠯᠤᠨ᠎ᠠ᠃
      ᠨᠢᠭᠡ᠎ᠳᠤ ᠡᠭᠦᠷᠭᠡ ᠬᠠᠷᠢᠭᠤᠴᠠᠯᠭ᠎ᠠ ᠪᠠ ᠪᠠᠢ᠌ᠭᠤᠯᠤᠮᠵᠢ ᠵᠢ ᠨᠢᠭᠡᠳᠭᠡᠬᠦ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ᠂ ᠡᠯ᠎ᠡ ᠠᠢ᠌ᠮᠠᠭ ᠬᠣᠲᠠ᠂ ᠬᠤᠰᠢᠭᠤ ᠰᠢᠶᠠᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠪᠠᠢ᠌ᠭᠤᠯᠤᠮᠵᠢ ᠵᠢ ᠨᠢᠭᠡᠳᠬᠡᠬᠦ ᠵᠢ ᠬᠢᠵᠠᠭ᠋ᠠᠷᠲᠠᠢ ᠬᠤᠭᠤᠴᠠᠭ᠋ᠠᠨ ᠳᠣᠲᠣᠷ᠎ᠠ ᠪᠡᠶᠡᠯᠡᠭᠦᠯᠬᠦ ᠵᠢ ᠲᠣᠳᠣᠷᠬᠠᠢ ᠱᠠᠭ᠋ᠠᠷᠳᠠᠨ᠎ᠠ᠂ ᠲᠤᠬᠠᠢ᠌ᠯᠠᠪᠠᠯ 8 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠠᠢ᠌ᠮᠠᠭ ᠬᠣᠲᠠ ᠵᠢᠨ ᠡᠭᠦᠷᠭᠡ ᠬᠠᠷᠢᠭᠤᠴᠠᠯᠭ᠎ᠠ ᠵᠢ ᠨᠢᠭᠡᠳᠬᠡᠬᠦ ᠵᠢ ᠪᠡᠶᠡᠯᠡᠭᠦᠯᠵᠦ  ᠂10 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠬᠤᠰᠢᠭᠤ ᠰᠢᠶᠠᠨ᠎ᠤ ᠡᠭᠦᠷᠭᠡ ᠬᠠᠷᠢᠭᠤᠴᠠᠯᠭ᠎ᠠ ᠵᠢ ᠨᠢᠭᠡᠳᠬᠡᠬᠦ ᠵᠢ ᠪᠡᠶᠡᠯᠡᠭᠦᠯᠵᠦ᠂ ᠵᠢᠯ᠎ᠤᠨ ᠡᠴᠦᠰ᠎ᠠᠴᠠ ᠡᠮᠦᠨ᠎ᠡ ᠠᠢ᠌ᠮᠠᠭ ᠬᠣᠲᠠ᠂ ᠬᠤᠰᠢᠭᠤ ᠰᠢᠶᠠᠨ᠎ᠤ ᠪᠠᠢ᠌ᠭᠤᠯᠤᠮᠵᠢ ᠪᠠᠢ᠌ᠭᠤᠯᠬᠤ ᠪᠠ ᠠᠵᠢᠯᠲᠠᠨ ᠰᠢᠯᠵᠢᠭᠦᠯᠦᠨ ᠲᠣᠬᠢᠷᠠᠭᠤᠯᠬᠤ ᠵᠢ ᠪᠡᠶᠡᠯᠡᠭᠦᠯᠦᠨ᠎ᠡ᠃ ᠬᠣᠶᠠᠷ᠎ᠲᠤ ᠵᠢᠯᠣᠭᠣᠳᠬᠤ ᠪᠠ ᠰᠢᠮᠳᠠᠭᠤᠯᠬᠤ ᠡᠷᠴᠢᠮ᠎ᠢ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠠᠯᠪᠠᠨ ᠭᠡᠷ ᠪᠣᠯᠣᠨ ᠮᠠᠨ᠎ᠤ ᠲᠢᠩᠬᠢᠮ ᠵᠡᠷᠭᠡ ᠨᠢᠭᠡᠴᠡ ᠬᠠᠮᠲᠤᠷᠠᠭᠰᠠᠨ ᠬᠢᠨᠠᠨ ᠵᠢᠯᠣᠭᠣᠳᠬᠤ ᠳᠤᠭᠤᠢ᠌ᠯᠠᠩ ᠪᠠᠢ᠌ᠭᠤᠯᠵᠤ᠂ ᠠᠢ᠌ᠮᠠᠭ ᠬᠣᠲᠠ᠂ ᠬᠤᠰᠢᠭᠤ ᠰᠢᠶᠠᠨ᠎ᠤ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠪᠠᠢ᠌ᠭᠤᠯᠤᠮᠵᠢ ᠵᠢ ᠨᠢᠭᠡᠳᠬᠡᠬᠦ ᠠᠵᠢᠯ᠎ᠢ ᠪᠠᠢ᠌ᠴᠠᠭ᠋ᠠᠨ ᠰᠢᠮᠳᠠᠭᠤᠯᠤᠨ᠎ᠠ᠃ ᠭᠤᠷᠪᠠ᠎ᠳᠤ ᠮᠡᠳᠡᠭᠡᠯᠡᠬᠦ ᠳᠦᠷᠢᠮ᠎ᠢ ᠪᠠᠢ᠌ᠭᠤᠯᠤᠨ᠎ᠠ᠃ ᠠᠬᠢᠯᠲᠠ ᠵᠢᠨ ᠪᠠᠢ᠌ᠳᠠᠯ ᠵᠶ᠋ᠡᠨ ᠲᠣᠭᠲᠠᠮᠠᠯ ᠬᠤᠭᠤᠴᠠᠭ᠎ᠠ᠎ᠪᠠᠷ ᠪᠢᠴᠢᠭ ᠵᠶ᠋ᠠᠷ ᠮᠡᠳᠡᠭᠦᠯᠬᠦ ᠳᠦᠷᠢᠮ᠎ᠢ ᠪᠠᠢ᠌ᠭᠤᠯᠵᠤ᠂ ᠡᠯ᠎ᠡ ᠠᠢ᠌ᠮᠠᠭ ᠬᠣᠲᠠ᠂ ᠬᠤᠰᠢᠭᠤ ᠰᠢᠶᠠᠨ᠎ᠤ ᠡᠭᠦᠷᠭᠡ ᠬᠠᠷᠢᠭᠤᠴᠠᠯᠭ᠎ᠠ ᠵᠢ ᠨᠢᠭᠡᠳᠬᠡᠭᠰᠡᠨ᠂ ᠪᠠᠢ᠌ᠭᠤᠯᠤᠮᠵᠢ ᠪᠠᠢ᠌ᠭᠤᠯᠤᠭᠰᠠᠨ ᠪᠠᠢ᠌ᠳᠠᠯ᠎ᠢ ᠴᠠᠭ ᠲᠤᠬᠠᠢ᠎ᠳᠤᠨᠢ ᠡᠵᠡᠮᠰᠢᠵᠦ᠂ ᠬᠠᠮᠢᠶ᠎ᠠ ᠪᠦᠬᠦᠢ ᠮᠡᠳᠡᠭᠡ ᠵᠠᠩᠭᠢ ᠵᠢ ᠬᠤᠷᠢᠶᠠᠨ ᠴᠤᠭᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠣᠯᠣᠨ ᠬᠤᠯᠪᠤᠭ᠋ᠠᠲᠤ ᠬᠤᠷᠠᠯ᠎ᠤᠨ ᠭᠡᠰᠢᠭᠦᠨ ᠨᠢᠭᠡᠴᠡ᠎ᠳᠤ ᠡᠯ᠎ᠡ ᠭᠠᠵᠠᠷ᠎ᠤᠨ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠤᠨ ᠠᠬᠢᠴᠠ ᠵᠢᠨ ᠪᠠᠢ᠌ᠳᠠᠯ᠂ ᠤᠯᠤᠰ᠎ᠤᠨ ᠭᠠᠵᠠᠷ ᠰᠢᠷᠣᠢ ᠵᠢᠨ ᠡᠬᠢ ᠪᠠᠶᠠᠯᠢᠭ᠎ᠤᠨ ᠶᠠᠮᠤᠨ᠎ᠤ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢᠴᠢ ᠭᠠᠳᠠᠷ ᠮᠤᠵᠢ ᠵᠢᠨ ᠰᠠᠢ᠌ᠨ ᠲᠤᠷᠰᠢᠯᠭ᠎ᠠ ᠪᠠ ᠠᠷᠭ᠎ᠠ ᠬᠢᠳᠡᠯ᠎ᠢ ᠮᠡᠳᠡᠭᠦᠯᠦᠨ᠎ᠡ᠃ ᠳᠥᠷᠪᠡ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠤᠨ ᠵᠥᠭᠯᠡᠭᠦᠷ (ᠠᠢ᠌ᠮᠠᠭ ᠬᠣᠲᠠ ᠬᠤᠰᠢᠭᠤ ᠰᠢᠶᠠᠨ᠎ᠤ ᠬᠡᠪᠯᠡᠯ)》᠎ᠢ ᠨᠠᠢ᠌ᠷᠠᠭᠤᠯᠤᠨ ᠵᠣᠬᠢᠶᠠᠵᠤ᠂ ᠨᠢᠭᠡ ᠢᠵᠢ ᠰᠢᠨᠵᠢᠯᠡᠬᠦ ᠤᠬᠠᠭ᠋ᠠᠨᠴᠢ ᠪᠥᠭᠡᠳ ᠪᠣᠳᠠᠲᠤ ᠬᠡᠷᠡᠭᠯᠡᠭᠡᠨ᠎ᠲᠠᠢ ᠠᠵᠢᠯ᠎ᠤᠨ ᠳᠦᠷᠢᠮ ᠠᠵᠢᠯᠯᠠᠭ᠋ᠠᠨ᠎ᠤ ᠳᠦᠷᠢᠮᠵᠢᠯ ᠪᠣᠯᠣᠨ ᠪᠠ ᠳᠥᠷᠢᠮ᠎ᠤᠨ ᠡᠵᠡᠮᠳᠡᠯ᠎ᠢ ᠪᠦᠷᠢᠯᠳᠦᠭᠦᠯᠵᠦ᠂ ᠡᠯ᠎ᠡ ᠠᠢ᠌ᠮᠠᠭ ᠬᠣᠲᠠ᠂ ᠬᠤᠰᠢᠭᠤ ᠰᠢᠶᠠᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠢ ᠥᠷᠨᠢᠭᠦᠯᠬᠦ ᠵᠢ᠎ᠨᠢ ᠪᠦᠲᠦᠮᠵᠢᠲᠡᠢ᠎ᠪᠠᠷ ᠵᠢᠯᠣᠭᠣᠳᠬᠤ᠂ ᠵᠢᠷᠤᠮᠵᠢᠭᠤᠯᠬᠤ ᠪᠠ ᠬᠢᠨᠠᠯᠲᠠ ᠲᠠᠯᠪᠢᠨ᠎ᠠ᠃ ᠲᠠᠪᠤ᠎ᠳᠤ ᠥᠨᠥ ᠵᠢᠯ᠎ᠤᠨ 10 ᠳ᠋ᠤᠭ᠋ᠠᠷ ᠰᠠᠷ᠎ᠠ ᠪᠠ ᠵᠢᠯ᠎ᠤᠨ ᠡᠴᠦᠰ᠎ᠠᠴᠠ ᠡᠮᠦᠨ᠎ᠡ ᠡᠷᠢᠶᠡᠨ ᠬᠣᠲᠠ ᠪᠣᠯᠣᠨ ᠲᠦᠩᠯᠢᠶᠣᠣ ᠬᠣᠲᠠ ᠵᠢᠨ ᠺᠠᠢ᠌ᠯᠣ ᠰᠢᠶᠠᠨ᠎ᠳᠤ ᠲᠣᠰ ᠲᠣᠰ ᠮᠠᠨ᠎ᠤ ᠣᠷᠣᠨ᠎ᠤ ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠦᠨᠡᠮᠯᠡᠯ᠎ᠤᠨ ᠨᠢᠭᠡᠳᠦᠭᠡᠷ᠂ ᠬᠣᠶᠠᠳᠤᠭ᠋ᠠᠷ ᠳᠡᠪᠲᠡᠷ᠎ᠢ ᠣᠯᠭᠣᠬᠤ᠎ᠪᠠᠷ ᠴᠢᠷᠮᠠᠢ᠌ᠨ᠎ᠠ᠃
      ᠬᠥᠲᠥᠯᠥᠭᠴᠢ᠄
      ᠵᠠ ᠰᠠᠢ᠌ᠨ ᠪᠣᠯᠣᠯ᠎ᠠ᠂ ᠵᠤᠤ ᠳᠠᠷᠤᠭ᠎ᠠ ᠵᠢᠨ ᠲᠠᠢ᠌ᠯᠪᠤᠷᠢᠯᠠᠯᠲᠠ᠎ᠳᠤ ᠮᠠᠰᠢ ᠲᠠᠯᠠᠷᠬᠠᠯ᠎ᠠ᠂ ᠲᠠᠨ᠎ᠤ ᠲᠠᠢ᠌ᠯᠪᠤᠷᠢᠯᠠᠯᠲᠠ᠎ᠪᠠᠷ ᠳᠠᠮᠵᠢᠨ ᠮᠠᠨ᠎ᠤ ᠣᠷᠣᠨ᠎ᠤ ᠤᠯᠤᠰ᠎ᠤᠨ ᠭᠠᠵᠠᠷ ᠰᠢᠷᠣᠢ ᠵᠢᠨ ᠰᠠᠯᠠᠭ᠎ᠠ ᠮᠥᠴᠢᠷ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠳᠡᠮᠳᠡᠭᠯᠡᠬᠦ ᠠᠵᠢᠯ᠎ᠢ ᠶᠠᠭ ᠢᠳᠡᠪᠬᠢᠲᠡᠢ᠎ᠪᠠᠷ ᠵᠣᠬᠢᠴᠠᠭᠤᠯᠤᠨ ᠲᠦᠯᠬᠢᠨ ᠠᠬᠢᠭᠤᠯᠵᠤ ᠪᠠᠢ᠌ᠬᠤ ᠵᠢ ᠣᠢ᠌ᠯᠠᠭ᠋ᠠᠯ᠎ᠠ᠂ ᠡᠨᠳᠡ ᠲᠤᠰ ᠠᠵᠢᠯ᠎ᠤᠨ ᠢᠯᠭᠤᠮ ᠤᠷᠤᠭᠰᠢᠲᠠᠢ ᠶᠠᠪᠤᠭᠳᠠᠵᠤ᠂ ᠥᠪᠥᠷ ᠮᠣᠩᠭᠣᠯ᠎ᠤᠨ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠠᠵᠢᠯ᠎ᠢ ᠤᠯᠤᠰ᠎ᠤᠨ ᠲᠣᠭᠲᠠᠭ᠋ᠠᠭᠰᠠᠨ ᠴᠠᠭ᠎ᠤᠨ ᠬᠦᠰᠦᠨᠦᠭ᠎ᠤᠨ ᠳᠣᠲᠣᠷᠠᠬᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠳᠡᠬᠦ ᠵᠢ ᠵᠥᠩᠨᠡᠶ᠎ᠡ᠃ ᠵᠣᠣ ᠳᠠᠷᠤᠭ᠎ᠠ᠎ᠳᠤ ᠳᠠᠬᠢᠨᠲᠠ ᠲᠠᠯᠠᠷᠬᠠᠶ᠎ᠠ᠂ ᠮᠥᠨᠴᠦ ᠰᠦᠯᠵᠢᠶᠡᠨ᠎ᠤ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠢ᠌ᠨ᠎ᠠ᠂ ᠳᠠᠷᠠᠭ᠋ᠠᠴᠢ ᠵᠢᠨ ᠫᠷᠥᠭᠷᠠᠮ᠎ᠳᠤ ᠪᠠᠶᠠᠷᠲᠠᠢ ᠵᠣᠯᠭ᠋ᠠᠶ᠎ᠠ!

8 ᠳ᠋ᠤᠭ᠋ᠠᠷ ᠰᠠᠷ᠎ᠠ ᠵᠢᠨ 11᠎ᠤ ᠡᠳᠦᠷ᠂ ᠪᠦᠬᠦ ᠣᠷᠣᠨ᠎ᠤ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠭᠣᠣᠯᠳᠠᠯᠭ᠋ᠠᠲᠤ ᠠᠵᠢᠯ ᠵᠢᠴᠢ 《ᠭᠤᠷᠪᠠᠨ ᠴᠢᠩᠭ᠎ᠠ ᠭᠤᠷᠪᠠᠨ ᠪᠣᠳᠠᠲᠠᠢ》 ᠰᠤᠷᠭ᠋ᠠᠨ ᠬᠥᠮᠥᠵᠢᠯ᠎ᠢ ᠠᠬᠢᠭᠤᠯᠬᠤ ᠬᠤᠷᠠᠯ ᠬᠤᠷᠠᠯᠳᠤᠪᠠ

8 ᠳ᠋ᠤᠭ᠋ᠠᠷ ᠰᠠᠷ᠎ᠠ ᠵᠢᠨ 17᠎ᠤ ᠡᠳᠦᠷ᠂ ᠪᠦᠬᠦ ᠣᠷᠣᠨ᠎ᠤ ᠬᠠᠮᠲᠤ ᠵᠢᠨ ᠭᠠᠵᠠᠷ ᠰᠢᠷᠤᠢ ᠵᠢ ᠬᠡᠷᠡᠭᠯᠡᠬᠦ ᠡᠷᠬᠡ ᠵᠢ ᠵᠥᠪᠰᠢᠶᠡᠷᠡᠨ ᠳᠠᠩᠰᠠᠯᠠᠨ ᠲᠡᠮᠳᠡᠭᠯᠡᠬᠦ ᠪᠠ ᠥᠯᠥ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠡᠯᠧᠺᠲᠷᠣᠨ ᠵᠠᠰᠠᠭ᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠾᠧ ᠪᠢᠶᠤᠤ ᠰᠤᠷᠪᠤᠯᠵᠢᠯᠠᠭᠰᠠᠨ ᠵᠣᠴᠢᠨ᠎ᠳᠤ ᠪᠠᠷᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢ ᠲᠣᠭᠣᠷᠢᠨ ᠦᠵᠡᠭᠰᠡᠨ









ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠦᠪᠦᠷ ᠮᠣᠩᠭᠤᠯ ᠠᠯᠬᠤᠴᠠ᠎ᠪᠠᠨ ᠲᠥᠷᠭᠡᠳᠭᠡᠵᠦ ᠦᠨ᠎ᠡ ᠬᠠᠩᠰᠢ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠠᠬᠢᠭᠤᠯᠪᠠ
ᠰᠢᠨ᠎ᠡ ᠬᠡᠪ ᠪᠠᠢ᠌ᠳᠠᠯ᠎ᠳᠤ ᠵᠣᠬᠢᠴᠠᠭᠤᠯᠵᠤ ᠰᠢᠨ᠎ᠡ ᠠᠵᠠ ᠲᠣᠬᠢᠶᠠᠯ᠎ᠢ ᠵᠠᠪᠳᠤᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠪᠦᠬᠦ ᠬᠦᠴᠦᠨ ᠵᠶ᠋ᠡᠷ ᠵᠶ᠋ᠠᠨ ᠲᠦᠯᠬᠢᠨ ᠠᠬᠢᠭᠤᠯᠤᠶ᠎ᠠ
ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠠᠨᠳᠢᠨᠭ᠌ᠨᠠᠵᠤ᠂ ᠠᠰᠢᠭᠯᠠᠬᠤ ᠦᠷ᠎ᠡ ᠠᠰᠢᠭ᠎ᠢ ᠳᠡᠭᠡᠭᠰᠢᠯᠡᠭᠦᠯᠦᠶ᠎ᠡ
2015 ᠣᠨ᠎ᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠭᠤᠶᠤᠴᠢᠯᠠᠬᠤ ᠬᠠᠮᠢᠶᠠᠷᠬᠤ ᠠᠵᠢᠯ᠎ᠢ ᠲᠠᠢ᠌ᠯᠪᠤᠷᠢᠯᠠᠬᠤ᠎ᠨᠢ
ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠲᠠᠪᠴᠠᠩ ᠪᠠᠢ᠌ᠭᠤᠯᠵᠤ ᠴᠠᠬᠢᠯᠭ᠋ᠠᠨ ᠱᠠᠲᠤ ᠵᠢᠨ ᠠᠵᠢᠯᠯᠠᠭ᠋ᠠᠨ᠎ᠤ ᠠᠮᠤᠷ ᠲᠥᠪᠰᠢᠨ᠎ᠢ ᠦᠨᠡᠨᠬᠦ ᠪᠠᠲᠤᠯᠠᠨ᠎ᠠ
 
            