
ᠰᠣᠷᠪᠤᠯᠵᠢᠯᠠᠭᠰᠠᠨ ᠴᠠᠭ᠄
2015 ᠣᠨ᠎ᠤ 10 ᠳ᠋ᠦ᠍ᠭᠡᠷ ᠰᠠᠷ᠎ᠠ ᠵᠢᠨ 27᠎ᠤ ᠡᠳᠦᠷ᠎ᠤᠨ ᠦᠳᠡ ᠵᠢᠨ ᠡᠮᠦᠨ᠎ᠡ ᠵᠢᠨ 10 ᠴᠠᠭ
ᠰᠣᠷᠪᠤᠯᠵᠢᠯᠠᠭᠰᠠᠨ ᠵᠣᠴᠢᠨ᠄
ᠦᠪᠡᠷᠳᠡᠭᠡᠨ ᠵᠠᠰᠠᠬᠤ ᠣᠷᠣᠨ᠎ᠤ ᠬᠦᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠤᠣ
ᠰᠣᠷᠪᠤᠯᠵᠢᠯᠡᠨ ᠶᠠᠷᠢᠯᠴᠠᠭᠰᠠᠨ ᠲᠣᠪᠴᠢ᠄
ᠦᠨ᠎ᠡ ᠬᠠᠩᠰᠢ ᠵᠢᠨ ᠲᠣᠭᠲᠠᠴᠠ ᠪᠣᠯ ᠵᠠᠬ᠎ᠠ ᠳᠡᠯᠭᠡᠭᠦᠷ᠎ᠤᠨ ᠲᠣᠭᠲᠠᠴᠠ ᠵᠢᠨ ᠭᠣᠣᠯᠯᠠᠭᠴᠢ ᠪᠣᠯᠬᠣᠷ᠂ ᠵᠠᠬ᠎ᠠ ᠳᠡᠯᠭᠡᠭᠦᠷ ᠵᠶ᠋ᠡᠷ ᠦᠨ᠎ᠡ ᠬᠠᠩᠰᠢ ᠵᠢ ᠲᠣᠭᠲᠠᠭ᠋ᠠᠬᠤ ᠪᠣᠯ ᠵᠠᠬ᠎ᠠ ᠳᠡᠯᠭᠡᠭᠦᠷ᠎ᠨᠢ ᠡᠬᠢ ᠪᠠᠶᠠᠯᠢᠭ᠎ᠢ ᠲᠣᠬᠢᠷᠠᠭᠤᠯᠬᠤ ᠳᠤᠮᠳᠠ ᠰᠢᠢ᠍ᠳᠪᠦᠷᠢᠯᠡᠬᠦ ᠴᠢᠨᠠᠷᠲᠠᠢ ᠦᠢ᠍ᠯᠡᠳᠦᠯ ᠦᠵᠡᠭᠦᠯᠬᠦ ᠵᠢᠨ ᠵᠠᠩᠬᠢᠯᠠᠭ᠎ᠠ ᠪᠣᠯᠣᠨ᠎ᠠ᠃ ᠥᠭᠡᠷᠡᠴᠢᠯᠡᠯᠲᠡ ᠨᠡᠬᠡᠭᠡᠯᠲᠡ ᠬᠢᠭᠰᠡᠨ᠎ᠠᠴᠠ ᠨᠠᠰᠢ᠂ ᠠᠵᠤ ᠠᠬᠤᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠴᠢᠬᠣᠯᠠ ᠪᠥᠷᠢᠯᠳᠦᠭᠦᠨ ᠪᠣᠯᠬᠤ ᠵᠢᠨ ᠬᠤᠪᠢ᠎ᠳᠤ᠂ ᠥᠨ᠎ᠡ ᠬᠠᠩᠰᠢ ᠵᠢᠨ ᠥᠭᠡᠷᠡᠴᠢᠯᠡᠯᠲᠡ ᠥᠷᠭᠦᠯᠵᠢᠯᠡᠨ ᠶᠠᠪᠤᠭᠳᠠᠵᠤ᠂ ᠲᠠᠰᠤᠷᠠᠯᠲᠠ ᠦᠭᠡᠢ ᠭᠦᠨᠵᠡᠭᠡᠢ᠌ᠷᠡᠵᠦ᠂ ᠢᠯᠠᠩᠭᠤᠶ᠎ᠠ ᠣᠢ᠌ᠷ᠎ᠠ ᠵᠢᠨ ᠵᠢᠯ᠎ᠤᠳ᠎ᠲᠤ᠂ ᠥᠨ᠎ᠡ ᠬᠠᠩᠰᠢ ᠵᠢᠨ ᠥᠭᠡᠷᠡᠴᠢᠯᠡᠯᠲᠡᠡ ᠵᠢᠨ ᠠᠯᠬᠤᠴᠠ ᠶᠡᠬᠡᠪᠡᠷ ᠲᠦᠷᠭᠡᠳᠴᠦ᠂ ᠨᠢᠭᠡᠨ ᠪᠥᠯᠦᠭ ᠲᠠᠸᠠᠷ ᠪᠤᠯᠤᠨ ᠥᠢ᠍ᠯᠡᠴᠢᠯᠡᠭᠡᠨ᠎ᠤ ᠥᠨ᠎ᠡ ᠬᠠᠩᠰᠢ ᠵᠢ ᠤᠷᠢᠳ ᠬᠣᠵᠢᠳ ᠴᠢᠯᠦᠭᠡᠲᠡᠢ ᠲᠠᠯᠪᠢᠵᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣ᠂ ᠪᠠᠢ᠌ᠭ᠋ᠠᠯᠢ ᠵᠢᠨ ᠰᠢᠲᠠᠮᠠᠬᠠᠢ ᠬᠡᠢ᠂ ᠲᠡᠮᠦᠷ ᠵᠠᠮ᠎ᠤᠨ ᠲᠡᠭᠡᠭᠡᠪᠦᠷᠢ ᠵᠡᠷᠭᠡ ᠬᠦᠷᠢᠶᠡᠨ᠎ᠤ ᠦᠨ᠎ᠡ ᠬᠠᠩᠰᠢ ᠵᠢᠨ ᠵᠠᠬ᠎ᠠ ᠳᠡᠯᠭᠡᠭᠦᠷᠴᠢᠯᠡᠯᠲᠡ ᠵᠢᠨ ᠬᠡᠮᠵᠢᠶ᠎ᠡ ᠢᠯᠡᠷᠬᠡᠢ ᠳᠡᠭᠡᠭᠰᠢᠯᠡᠭᠳᠡᠪᠡ᠃ 10 ᠰᠠᠷ᠎ᠠ ᠵᠢᠨ 12᠎ᠤᠨ ᠡᠳᠦᠷ᠂ ᠲᠥᠪ᠎ᠤᠨ ᠬᠣᠷᠢᠶ᠎ᠠ᠂ ᠲᠥᠷᠦ ᠵᠢᠨ ᠶᠠᠪᠤᠳᠠᠯ᠎ᠤᠨ ᠬᠣᠷᠢᠶ᠎ᠠ᠎ᠠᠴᠠ 《ᠦᠨ᠎ᠡ ᠬᠠᠩᠰᠢ ᠵᠢᠨ ᠲᠣᠭᠲᠠᠴᠠ ᠵᠢᠨ ᠥᠭᠡᠷᠡᠴᠢᠯᠡᠯᠲᠡ ᠵᠢ ᠠᠬᠢᠭᠤᠯᠬᠤ ᠲᠤᠬᠠᠢ ᠰᠠᠨᠠᠯ᠎ᠤᠳ》᠎ᠢ ᠳᠠᠷᠤᠮᠠᠯᠯᠠᠨ ᠲᠠᠷᠬᠠᠭ᠋ᠠᠵᠤ᠂ ᠦᠨ᠎ᠡ ᠬᠠᠩᠰᠢ ᠵᠢᠨ ᠦᠭᠡᠷᠡᠴᠢᠯᠡᠯᠳᠡ ᠵᠢᠨ ᠭᠦᠨᠵᠡᠭᠡᠢ᠌ᠷᠡᠨ ᠬᠦᠭᠵᠢᠭᠦᠯᠬᠦ ᠵᠢ ᠠᠬᠢᠭᠤᠯᠵᠤ᠂ ᠭᠣᠣᠯᠳᠠᠭᠤ ᠵᠠᠬ᠎ᠠ ᠳᠡᠯᠭᠡᠭᠦᠷ ᠵᠶ᠋ᠡᠷ ᠦᠨ᠎ᠡ ᠬᠠᠩᠰᠢ ᠵᠢ ᠲᠣᠭᠲᠠᠭ᠋ᠠᠬᠤ ᠲᠣᠭᠲᠠᠴᠠ ᠵᠢ ᠲᠦᠷᠭᠡᠨ ᠲᠡᠭᠦᠯᠳᠡᠷᠵᠢᠭᠦᠯᠬᠦ ᠶᠡᠷᠦᠩᠬᠡᠢ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠵᠠᠢ᠂ ᠮᠠᠨ᠎ᠤ ᠣᠷᠣᠨ ᠴᠤ᠌ ᠲᠤᠰ ᠡᠭᠡᠯᠵᠢ ᠵᠢᠨ ᠦᠨ᠎ᠡ ᠬᠠᠩᠰᠢ ᠵᠢᠨ ᠥᠭᠡᠷᠡᠴᠢᠯᠡᠯᠲᠡ ᠵᠢ ᠬᠦᠭᠵᠢᠭᠦᠯᠬᠦ ᠲᠣᠭᠣᠷᠢᠨ᠎ᠳᠤ ᠠᠯᠢ ᠣᠯᠠᠨ ᠠᠵᠢᠯ᠎ᠢ ᠦᠷᠨᠢᠭᠦᠯᠵᠦ᠂ ᠬᠣᠯᠪᠤᠭᠳᠠᠯ ᠪᠦᠬᠦᠢ ᠪᠠᠢ᠌ᠳᠠᠯ᠎ᠢ ᠨᠠᠷᠢᠨ ᠣᠢ᠌ᠯᠠᠭ᠋ᠠᠬᠤ ᠵᠢᠨ ᠲᠣᠰᠠᠳᠠ᠂ ᠣᠢ᠌ᠷ᠎ᠠ᠎ᠳᠤ᠂ ᠪᠢᠳᠠ ᠦᠪᠡᠷᠲᠡᠭᠡᠨ ᠵᠠᠰᠠᠬᠤ ᠣᠷᠤᠨ᠎ᠤ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠣᠤ ᠨᠦᠬᠦᠷ᠎ᠢ 《ᠳᠣᠮᠳᠠᠳᠤ ᠣᠯᠣᠰ · ᠦᠪᠥᠷ ᠮᠣᠩᠭᠤᠯ》 ᠰᠦᠯᠵᠢᠶᠡᠨ᠎ᠳᠤ ᠣᠷᠢᠵᠤ ᠲᠠ ᠨᠠᠷ᠎ᠲᠠᠢ ᠶᠠᠷᠢᠯᠴᠠᠭᠤᠯᠬᠤ ᠪᠣᠯᠣᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠲᠤᠬᠠᠢ ᠵᠢᠨ ᠴᠠᠭ᠎ᠲᠤ ᠢᠳᠡᠪᠬᠢᠲᠡᠢ ᠣᠷᠣᠯᠴᠠᠬᠤ ᠵᠢ ᠤᠭᠳᠤᠵᠤ ᠪᠠᠢ᠌ᠨ᠎ᠠ!
ᠬᠦᠲᠦᠯᠦᠭᠴᠢ᠄
ᠰᠦᠯᠵᠢᠶᠡᠨ ᠠᠨᠳᠠ ᠨᠠᠷ ᠡ ᠰᠠᠢ᠌ᠨ ᠪᠠᠢ᠌ᠵᠠᠭ᠋ᠠᠨ᠎ᠠ ᠦᠦ! ᠲᠠ ᠪᠦᠬᠦᠨ ᠲᠣᠰ ᠬᠤᠭᠣᠴᠠᠭ᠋ᠠᠨᠤ 《ᠳᠤᠮᠳᠠᠳᠤ ᠣᠯᠣᠰ · ᠦᠪᠦᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠦᠵᠡᠬᠦ ᠵᠢ ᠪᠠᠶᠠᠷᠯᠠᠨ ᠤᠭᠳᠤᠵᠤ ᠪᠠᠢ᠌ᠨ᠎ᠠ᠃ ᠦᠨ᠎ᠡ ᠬᠠᠩᠰᠢ ᠪᠣᠯ ᠮᠠᠨ᠎ᠤ ᠬᠦᠮᠦᠨ ᠪᠣᠯᠭ᠋ᠠᠨ᠎ᠤ ᠠᠮᠢᠳᠤᠷᠠᠯ᠎ᠯᠤᠭ᠎ᠠ ᠨᠢᠭᠲᠠ ᠬᠤᠯᠪᠤᠭ᠎ᠠ᠎ᠲᠠᠢ ᠪᠠᠢ᠌ᠳᠠᠭ᠂ ᠪᠢᠳᠡᠨ᠎ᠤ ᠢᠳᠡᠵᠦ ᠦᠮᠦᠰᠬᠦ ᠰᠠᠭᠤᠵᠤ ᠶᠠᠪᠤᠬᠤ ᠡᠯ᠎ᠡ ᠲᠠᠯ᠎ᠠ᠎ᠪᠠᠷ ᠴᠦᠮ ᠦᠨ᠎ᠡ ᠬᠠᠩᠰᠢ᠎ᠠᠴᠠ ᠰᠠᠯᠵᠤ ᠴᠢᠳᠠᠬᠤ ᠦᠭᠡᠢ᠂ ᠡᠢ᠌ᠮᠦ᠎ᠠᠴᠠ ᠦᠨ᠎ᠡ ᠬᠠᠩᠰᠢ ᠪᠣᠯ ᠨᠡᠢ᠌ᠭᠡᠮ᠎ᠤᠨ ᠠᠨᠭ᠌ᠬᠠᠷᠤᠯᠢ ᠲᠦᠢ᠍ᠯ᠎ᠤᠨ ᠶᠡᠬᠡ᠎ᠪᠠᠷ ᠲᠠᠲᠠᠳᠠᠭ᠂ ᠮᠦᠨ ᠬᠦ᠌ ᠣᠯᠠᠨ ᠲᠦᠮᠡᠨ᠎ᠤ ᠠᠰᠢᠭ ᠲᠤᠰᠠᠲᠠᠢ ᠨᠢᠭᠲᠠ ᠬᠤᠯᠪᠤᠭᠳᠠᠭᠰᠠᠨ ᠠᠰᠠᠭᠤᠳᠠᠯ ᠪᠤᠯᠤᠨ᠎ᠠ᠃ ᠥᠨᠦᠳᠦᠷ᠎ᠤᠨ ᠮᠠᠨ᠎ᠤ ᠤᠷᠢᠭᠰᠠᠨ ᠵᠣᠴᠢᠨ ᠪᠣᠯ ᠥᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠬᠦᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠣᠤ ᠨᠦᠬᠦᠷ ᠪᠣᠯᠣᠨ᠎ᠠ᠂ ᠲᠡᠷᠡ ᠮᠠᠨ᠎ᠤ ᠣᠷᠣᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠠᠵᠢᠯ᠎ᠤᠨ ᠠᠬᠢᠴᠠ ᠵᠢᠨ ᠪᠠᠢ᠌ᠳᠠᠯ᠎ᠤᠨ ᠲᠤᠬᠠᠢ ᠣᠯᠠᠨ᠎ᠲᠠᠢ ᠰᠦᠯᠵᠢᠶᠡᠨ ᠳᠡᠭᠡᠷ᠎ᠡ ᠰᠤᠯᠢᠯᠴᠠᠬᠤ ᠪᠣᠯᠣᠨ᠎ᠠ᠃
ᠸᠠᠩ ᠵᠢᠨ ᠪᠣᠤ᠄
ᠰᠦᠯᠵᠢᠶᠠᠨ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ! ᠡᠨᠡ ᠵᠠᠪᠰᠢᠶᠠᠨ ᠵᠶ᠋ᠠᠷ ᠲᠠ ᠪᠦᠬᠦᠨ᠎ᠲᠠᠢ ᠮᠠᠨ᠎ᠤ ᠣᠷᠣᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠬᠠᠮᠢᠶ᠎ᠠ ᠪᠦᠬᠦᠢ ᠪᠠᠢ᠌ᠳᠠᠯ᠎ᠤᠨ ᠲᠤᠬᠠᠢ ᠰᠣᠯᠢᠯᠴᠠᠭ᠎ᠠ ᠬᠢᠬᠦ ᠪᠣᠯᠣᠭᠰᠠᠨ᠎ᠳᠠᠭᠠᠨ ᠰᠡᠳᠬᠢᠯ ᠮᠠᠰᠢ ᠥᠨᠳᠦᠷ ᠪᠠᠢ᠌ᠨ᠎ᠠ᠃
ᠬᠦᠳᠦᠯᠦᠭᠴᠢ᠄
ᠣᠯᠠᠨ᠎ᠤ ᠮᠡᠳᠡᠭᠡᠵᠢ᠎ᠪᠠᠷ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠮᠠᠨ᠎ᠤ ᠤᠯᠤᠰ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠦᠨᠵᠡᠭᠡᠢ᠌ᠷᠡᠭᠦᠯᠬᠦ ᠠᠯᠬᠤᠴᠠ᠎ᠪᠠᠨ ᠲᠦᠷᠭᠡᠳᠭᠡᠪᠡ᠂ ᠢᠯᠠᠩᠭᠤᠶ᠎ᠠ ᠠᠷᠪᠠᠨ ᠨᠠᠢ᠍ᠮᠠᠳᠤᠭ᠋ᠠᠷ ᠬᠣᠭᠤᠴᠠᠭ᠋ᠠᠨ᠎ᠤ ᠭᠣᠷᠪᠠᠳᠤᠭ᠋ᠠᠷ ᠪᠦᠬᠦᠲᠡ ᠬᠤᠷᠠᠯ ᠵᠶ᠋ᠠᠷ ᠪᠠᠳᠤᠯᠠᠭᠰᠠᠨ 《ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠦᠨᠵᠡᠭᠡᠢ᠌ᠷᠡᠭᠦᠯᠬᠦ ᠴᠢᠬᠣᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠲᠣᠭᠲᠠᠭ᠋ᠠᠯ》᠎ᠨᠢ ᠮᠠᠨ᠎ᠤ ᠤᠯᠤᠰ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠦᠨᠵᠡᠭᠡᠢ᠌ᠷᠡᠭᠦᠯᠬᠦ ᠲᠠᠪᠤᠨ ᠶᠡᠬᠡ ᠪᠠᠢ᠌ᠭᠤᠯᠤᠯ᠎ᠤᠨ ᠥᠭᠡᠷᠡᠴᠢᠯᠡᠯᠲᠡ ᠵᠢᠨ ᠭᠣᠣᠯᠳᠠᠯᠭ᠎ᠠ ᠵᠢ ᠲᠣᠭᠲᠠᠭ᠋ᠠᠵᠤ᠂ ᠰᠢᠨ᠎ᠡ ᠨᠢᠭᠡᠨ ᠡᠭᠡᠯᠵᠢ ᠵᠢᠨ ᠥᠭᠡᠷᠡᠴᠢᠯᠡᠯᠲᠡ ᠵᠢᠨ ᠬᠥᠰᠢᠭᠡ ᠵᠢ ᠰᠡᠬᠦᠭᠰᠡᠨ ᠪᠠᠢ᠌ᠨ᠎ᠠ᠂ ᠲᠡᠭᠡᠬᠦ᠎ᠳᠤ ᠦᠨ᠎ᠡ ᠬᠠᠩᠰᠢ ᠵᠢᠨ ᠥᠭᠡᠷᠡᠴᠢᠯᠡᠯᠲᠡ᠎ᠨᠢ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠦᠨᠵᠡᠭᠡᠢ᠌ᠷᠡᠭᠦᠯᠬᠦ ᠳᠤᠮᠳᠠ ᠶᠠᠮᠠᠷᠬᠠᠨ ᠣᠷᠣᠨ ᠪᠠᠢ᠌ᠷᠢ ᠪᠣᠯᠣᠨ ᠦᠢ᠍ᠯᠡᠳᠦᠯ᠎ᠲᠠᠢ ᠪᠠᠢ᠌ᠳᠠᠭ ᠪᠣᠯ?
ᠸᠠᠩ ᠵᠢᠨ ᠪᠣᠤ᠄
《ᠲᠣᠭᠲᠠᠭ᠋ᠠᠯ》᠎ᠳᠤ ᠪᠠᠢ᠌ᠷᠢᠯᠠᠭᠤᠯᠤᠭᠰᠠᠨ ᠲᠠᠪᠤᠨ ᠶᠡᠬᠡ ᠪᠠᠢ᠌ᠭᠤᠯᠤᠯ᠎ᠤᠨ ᠥᠭᠡᠷᠡᠴᠢᠯᠡᠯᠲᠡ᠎ᠳᠤ᠄ ᠠᠵᠤ ᠠᠬᠤᠢ ᠵᠢᠨ ᠪᠠᠢ᠌ᠭᠤᠯᠤᠯ᠂ ᠤᠯᠤᠰ ᠲᠥᠷᠦ ᠵᠢᠨ ᠪᠠᠢ᠌ᠭᠤᠯᠤᠯ᠂ ᠰᠣᠶᠣᠯ᠎ᠤᠨ ᠪᠠᠢ᠌ᠭᠤᠯᠤᠯ᠂ ᠨᠡᠢ᠌ᠭᠡᠮ᠎ᠤᠨ ᠪᠠᠢ᠌ᠭᠤᠯᠤᠯ ᠪᠣᠯᠣᠨ ᠠᠮᠢ ᠠᠬᠤᠢ ᠪᠣᠯᠪᠠᠰᠤᠨ᠎ᠤ ᠪᠠᠢ᠌ᠭᠤᠯᠤᠯ ᠵᠡᠷᠭᠡ ᠲᠠᠪᠤᠨ ᠬᠦᠷᠢᠶ᠎ᠡ ᠵᠢ ᠪᠠᠭᠳᠠᠭ᠋ᠠᠪᠠ᠃ ᠦᠨ᠎ᠡ ᠬᠠᠩᠰᠢ ᠵᠢᠨ ᠥᠭᠡᠷᠡᠴᠢᠯᠡᠯᠲᠡ᠎ᠨᠢ ᠠᠵᠤ ᠠᠬᠤᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠬᠡᠪᠴᠢᠶᠡᠨ᠎ᠳᠤ ᠬᠠᠷᠢᠶᠠᠯᠠᠭᠳᠠᠨ᠎ᠠ᠃ ᠠᠵᠤ ᠠᠬᠤᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠪᠣᠯ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠦᠨᠵᠡᠭᠡᠢ᠌ᠷᠡᠭᠦᠯᠬᠦ ᠭᠣᠣᠯᠳᠠᠯᠭ᠎ᠠ ᠪᠣᠯᠣᠨ᠎ᠠ᠂ ᠳᠡᠭᠦᠨ᠎ᠤ ᠭᠣᠣᠯ ᠠᠰᠠᠭᠤᠳᠠᠯ ᠪᠣᠯ ᠵᠠᠰᠠᠭ᠎ᠤᠨ ᠣᠷᠳᠤᠨ ᠪᠠ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠬᠡᠷᠬᠢᠨ ᠰᠠᠢ᠌ᠳᠤᠷ ᠰᠡᠢ᠌ᠳᠪᠦᠷᠢᠯᠡᠵᠦ᠂ ᠵᠠᠬ᠎ᠠ ᠳᠡᠯᠭᠡᠭᠦᠷ᠎ᠢ ᠡᠬᠢ ᠪᠠᠶᠠᠯᠢᠭ᠎ᠤᠨ ᠲᠣᠬᠢᠷᠠᠭᠤᠯᠤᠯᠲᠠ᠎ᠳᠤ ᠰᠢᠢ᠍ᠳᠪᠦᠷᠢᠲᠦ ᠴᠢᠨᠠᠷᠲᠠᠢ ᠦᠢ᠍ᠯᠡᠳᠦᠯ ᠭᠠᠷᠭ᠋ᠠᠯᠭ᠋ᠠᠬᠤ ᠪᠠ ᠵᠠᠰᠠᠭ᠎ᠤᠨ ᠣᠷᠳᠤᠨ᠎ᠤ ᠦᠢ᠍ᠯᠡᠳᠦᠯ ᠵᠶ᠋ᠡᠨ ᠨᠡᠩ ᠰᠠᠢ᠌ᠳᠤᠷ ᠪᠠᠳᠠᠷᠠᠭᠤᠯᠬᠤ᠎ᠳᠤ ᠣᠷᠣᠰᠢᠨ᠎ᠠ᠃ 2014 ᠣᠨ᠎ᠤ 11 ᠳ᠋ᠦ᠍ᠭᠡᠷ ᠰᠠᠷ᠎ᠠ ᠵᠢᠨ15᠎ᠤ ᠡᠳᠦᠷ᠂ ᠯᠢ ᠺᠧ ᠴᠢᠶᠠᠩ ᠶᠡᠷᠦᠩᠬᠡᠢ ᠰᠠᠢ᠌ᠳ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠩᠭᠤ ᠵᠢᠨ ᠶᠠᠪᠤᠳᠠᠯ᠎ᠤᠨ ᠬᠤᠷᠠᠯ ᠳᠡᠭᠡᠷ᠎ᠡ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠠᠵᠢᠯ᠎ᠢ ᠲᠦᠷᠭᠡᠨ ᠠᠬᠢᠭᠤᠯᠬᠤ ᠵᠢ ᠳᠤᠰᠬᠠᠢ᠌ᠯᠠᠨ ᠪᠠᠢ᠌ᠷᠢᠯᠠᠭᠤᠯᠤᠭᠰᠠᠨ ᠪᠠᠢ᠌ᠨ᠎ᠠ᠃
ᠬᠦᠳᠦᠯᠦᠭᠴᠢ᠄
ᠲᠤᠰ ᠤᠳᠠᠭ᠋ᠠᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠲᠥᠪ᠎ᠤᠨ ᠠᠯᠢ ᠬᠡᠳᠦᠨ ᠵᠣᠷᠢᠭ ᠰᠠᠨᠠᠭ᠎ᠠ ᠪᠠ ᠱᠠᠭ᠋ᠠᠷᠳᠠᠯᠭ᠎ᠠ ᠶᠣᠰᠤᠭ᠋ᠠᠷ ᠠᠬᠢᠭᠤᠯᠤᠭᠰᠠᠨ ᠪᠣᠢ?
ᠸᠠᠩ ᠵᠢᠨ ᠪᠣᠤ᠄
《ᠲᠣᠭᠲᠠᠭ᠋ᠠᠯ》᠎ᠳᠤ᠄ 《 ᠭᠣᠣᠯᠳᠠᠭᠤ ᠵᠠᠬ᠎ᠠ ᠳᠡᠯᠭᠡᠭᠦᠷ ᠵᠶ᠋ᠡᠷ ᠦᠨ᠎ᠡ ᠬᠠᠩᠰᠢ ᠵᠢ ᠲᠣᠭᠲᠠᠭ᠋ᠠᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ᠎ᠠᠴᠠ ᠪᠣᠢ ᠪᠣᠯᠵᠤ ᠴᠢᠳᠠᠬᠤ ᠦᠨ᠎ᠡ ᠬᠠᠩᠰᠢ ᠪᠥᠬᠦᠨ᠎ᠢ ᠴᠥᠮ ᠵᠠᠬ᠎ᠠ ᠳᠡᠯᠭᠡᠭᠦᠷ᠎ᠲᠤ ᠲᠤᠰᠢᠶᠠᠨ ᠥᠭᠴᠦ᠂ ᠵᠠᠰᠠᠭ᠎ᠤᠨ ᠣᠷᠳᠤᠨ ᠵᠦᠢ ᠪᠣᠰᠤ᠎ᠪᠠᠷ ᠭᠠᠷ ᠲᠥᠷᠦᠬᠦ ᠦᠭᠡᠢ᠃ ᠣᠰᠤ᠂ ᠴᠢᠯᠠᠭᠤᠨ ᠲᠣᠰᠣ᠂ ᠪᠠᠢ᠌ᠭ᠋ᠠᠯᠢ ᠵᠢᠨ ᠰᠢᠲᠠᠮᠠᠬᠠᠢ ᠬᠡᠢ᠂ ᠴᠠᠬᠢᠯᠭ᠋ᠠᠨ ᠬᠦᠴᠦᠨ᠂ ᠵᠠᠮ ᠬᠠᠷᠢᠯᠴᠠᠭ᠎ᠠ᠂ ᠴᠠᠬᠢᠯᠭ᠋ᠠᠨ ᠬᠣᠯᠪᠣᠭ᠎ᠠ ᠵᠡᠷᠭᠡ ᠬᠦᠷᠢᠶᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠠᠬᠢᠭᠤᠯᠵᠤ᠂ ᠦᠷᠢᠰᠥᠯᠳᠦᠭᠡᠨᠤ ᠴᠢᠨᠠᠷᠲᠠᠢ ᠭᠣᠭᠴᠣᠭ᠋ᠠᠨ᠎ᠳᠠᠬᠢ ᠦᠨ᠎ᠡ ᠬᠠᠩᠰᠢ ᠵᠢ ᠴᠢᠯᠦᠭᠡᠲᠡᠢ ᠪᠣᠯᠭ᠋ᠠᠨ᠎ᠠ᠃ ᠵᠠᠰᠠᠭ᠎ᠤᠨ ᠣᠷᠳᠣᠨ᠎ᠠᠴᠠ ᠦᠨ᠎ᠡ ᠬᠠᠩᠰᠢ ᠲᠣᠭᠲᠠᠭ᠋ᠠᠬᠤ ᠬᠦᠷᠢᠶ᠎ᠡ ᠬᠡᠪᠴᠢᠶ᠎ᠡ ᠭᠣᠣᠯᠳᠠᠭᠤ ᠴᠢᠬᠤᠯᠠ ᠪᠦᠬᠦᠢ ᠨᠡᠢ᠌ᠲᠡ ᠵᠢᠨ ᠠᠰᠠᠷᠠᠮᠵᠢ ᠵᠢᠨ ᠠᠵᠢᠯ ᠦᠢ᠍ᠯᠡᠰ᠂ ᠨᠡᠢ᠌ᠲᠡ ᠵᠢᠨ ᠠᠰᠠᠷᠠᠮᠵᠢ ᠵᠢᠨ ᠴᠢᠨᠠᠷᠲᠠᠢ ᠦᠢ᠍ᠯᠡᠴᠢᠯᠡᠭᠡ᠂ ᠲᠣᠣᠷ ᠰᠦᠯᠵᠢᠶᠡᠨ᠎ᠤ ᠬᠡᠯᠪᠡᠷᠢ ᠵᠢᠨ ᠠᠶᠠᠨᠳᠠᠭ᠋ᠠᠨ ᠭᠠᠭᠴᠠᠭ᠋ᠠᠷ ᠡᠵᠡᠮᠰᠢᠬᠦ ᠭᠣᠭᠴᠣᠭ᠎ᠠ᠎ᠪᠠᠷ ᠬᠢᠵᠠᠭ᠋ᠠᠷᠯᠠᠵᠤ᠂ ᠢᠯᠡ ᠲᠣᠳᠣ ᠵᠢᠨ ᠬᠡᠮᠵᠢᠶ᠎ᠡ᠎ᠪᠠᠨ ᠳᠡᠭᠡᠭᠰᠢᠯᠡᠭᠦᠯᠵᠦ᠂ ᠨᠡᠢ᠌ᠭᠡᠮ᠎ᠤᠨ ᠬᠢᠨᠠᠯᠲᠠ ᠵᠢ ᠬᠦᠯᠢᠶᠡᠬᠥ ᠬᠡᠷᠡᠭᠲᠡᠢ᠃ ᠲᠠᠷᠢᠶᠠᠯᠠᠩ᠎ᠤᠨ ᠭᠠᠷᠤᠯᠲᠠ ᠵᠢᠨ ᠦᠨ᠎ᠡ ᠬᠠᠩᠰᠢ ᠵᠢᠨ ᠪᠣᠢ ᠪᠣᠯᠬᠤ ᠲᠣᠭᠲᠠᠴᠠ ᠵᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢ ᠪᠣᠢ ᠪᠣᠯᠭ᠋ᠠᠬᠤ ᠦᠢ᠍ᠯᠡᠳᠦᠯ ᠢ᠎ᠨᠢ ᠴᠢᠬᠤᠯᠠᠴᠢᠯᠠᠨ ᠪᠠᠳᠠᠷᠠᠭᠤᠯᠬᠤ ᠬᠡᠷᠡᠭᠲᠡᠢ》 ᠭᠡᠵᠦ ᠲᠣᠳᠣᠷᠬᠠᠢ᠌ᠯᠠᠪᠠ᠃ ᠡᠨᠡᠬᠥ ᠪᠠᠳᠠᠭ ᠦᠭᠡ᠎ᠨᠢ ᠦᠨ᠎ᠡ ᠬᠠᠩᠰᠢ ᠵᠢᠨ ᠦᠭᠡᠷᠡᠴᠢᠯᠡᠯᠲᠡ ᠵᠢᠨ ᠴᠢᠭᠯᠡᠯ᠎ᠢ ᠵᠢᠭ᠋ᠠᠨ ᠲᠣᠳᠣᠷᠬᠠᠢ᠌ᠯᠠᠭᠰᠠᠨ ᠪᠠᠢ᠌ᠨ᠎ᠠ᠂ ᠡᠭᠦᠨ᠎ᠢ ᠲᠣᠰ ᠡᠭᠡᠯᠵᠢ ᠵᠢᠨ ᠮᠠᠨ᠎ᠤ ᠤᠯᠤᠰ᠎ᠤᠨ ᠦᠨ᠎ᠡ ᠬᠠᠩᠰᠢ ᠵᠢᠨ ᠦᠭᠡᠷᠡᠴᠢᠯᠡᠯᠲᠡ ᠵᠢᠨ ᠶᠡᠷᠥᠩᠬᠡᠢ ᠴᠢᠭᠯᠡᠯᠲᠡ ᠭᠡᠵᠦ ᠬᠡᠯᠡᠵᠦ ᠪᠣᠯᠣᠨ᠎ᠠ᠂ ᠣᠯᠣᠰ᠎ᠤᠨ ᠳᠡᠰ ᠳᠠᠪᠬᠤᠷᠭ᠎ᠠ ᠵᠢᠨ ᠲᠠᠯ᠎ᠠ᠎ᠪᠠᠷ ᠬᠡᠯᠡᠭᠰᠡᠨ ᠴᠤ᠌ ᠲᠡᠷᠡ᠂ ᠦᠪᠡᠷᠲᠡᠭᠡᠨ ᠵᠠᠰᠠᠬᠤ ᠣᠷᠣᠨ᠎ᠤ ᠳᠡᠰ ᠳᠠᠪᠬᠤᠷᠭ᠎ᠠ ᠵᠢᠨ ᠲᠠᠯ᠎ᠠ᠎ᠪᠠᠷ ᠬᠡᠯᠡᠭᠰᠡᠨ ᠴᠤ᠌ ᠲᠡᠷᠡ᠂ ᠦᠨ᠎ᠡ ᠬᠠᠩᠰᠢ ᠵᠢᠨ ᠦᠭᠡᠷᠡᠴᠢᠯᠡᠯᠲᠡ ᠵᠢ ᠴᠦᠮ ᠳᠡᠭᠡᠷ᠎ᠡ ᠳᠤᠷᠠᠳᠤᠭᠰᠠᠨ ᠱᠠᠭ᠋ᠠᠷᠳᠠᠯᠭ᠎ᠠ ᠵᠢᠨ ᠳᠣᠭᠣᠷᠢᠨ᠎ᠳᠤ ᠦᠷᠨᠢᠭᠦᠯᠦᠭᠰᠡᠨ ᠪᠠᠢ᠌ᠨ᠎ᠡ᠃ ᠣᠢ᠌ᠷ᠎ᠠ᠎ᠳᠤ᠂ ᠳᠤᠮᠳᠠᠲᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 《ᠦᠨ᠎ᠡ ᠬᠠᠩᠰᠢ ᠵᠢᠨ ᠲᠣᠭᠲᠠᠴᠠ ᠵᠢᠨ ᠦᠭᠡᠷᠡᠴᠢᠯᠡᠯᠲᠡ ᠵᠢ ᠠᠬᠢᠭᠤᠯᠬᠤ ᠲᠤᠬᠠᠢ ᠰᠠᠨᠠᠯ᠎ᠤᠳ》᠎ᠢ ᠳᠠᠷᠤᠮᠠᠯᠯᠠᠨ ᠲᠠᠷᠬᠠᠭ᠋ᠠᠵᠤ᠂ ᠦᠨ᠎ᠡ ᠬᠠᠩᠰᠢ ᠵᠢᠨ ᠦᠭᠡᠷᠡᠴᠢᠯᠡᠯᠲᠡ ᠵᠢᠨ ᠭᠦᠨᠵᠡᠭᠡᠢ᠌ᠷᠡᠨ ᠬᠦᠭᠵᠢᠭᠦᠯᠬᠦ ᠵᠢ ᠠᠬᠢᠭᠤᠯᠵᠤ᠂ ᠭᠣᠣᠯᠳᠠᠭᠤ ᠵᠠᠬ᠎ᠠ ᠳᠡᠯᠭᠡᠭᠦᠷ᠎ᠠᠴᠠ ᠦᠨ᠎ᠡ ᠬᠠᠩᠰᠢ ᠵᠢᠨ ᠲᠣᠭᠲᠠᠭ᠋ᠠᠬᠤ ᠲᠣᠭᠲᠠᠴᠠ ᠵᠢ ᠲᠦᠷᠬᠡᠨ ᠲᠡᠭᠥᠯᠳᠡᠷᠵᠢᠭᠦᠯᠬᠦ ᠶᠡᠷᠥᠩᠬᠡᠢ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠵᠠᠢ᠂ ᠪᠢᠳᠠ ᠦᠪᠡᠷᠲᠡᠭᠡᠨ ᠵᠠᠰᠠᠬᠤ ᠣᠷᠣᠨ᠎ᠤ ᠪᠣᠳᠠᠳᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠵᠢᠨ ᠶᠣᠰᠤᠭ᠋ᠠᠷ᠂ ᠬᠢᠨᠠᠮᠠᠭ᠋ᠠᠢ ᠰᠠᠢ᠌ᠳᠤᠷ ᠠᠳᠬᠤᠵᠤ ᠲᠣᠣᠱᠯᠠᠭᠤᠯᠤᠨ ᠨᠠᠢ᠌ᠳᠠᠪᠤᠷᠢᠵᠢᠭᠤᠯᠤᠨ᠎ᠠ᠃
ᠬᠦᠲᠦᠯᠦᠭᠴᠢ᠄
ᠲᠠ ᠮᠠᠨ᠎ᠤ ᠣᠷᠣᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠬᠡᠷᠬᠢᠨ ᠶᠠᠪᠤᠭᠳᠠᠵᠤ᠂ ᠶᠠᠮᠠᠷ ᠶᠠᠮᠠᠷ ᠪᠣᠳᠠᠲᠠᠶ ᠠᠵᠢᠯ ᠬᠢᠭᠰᠡᠨ᠎ᠢ ᠲᠠᠨᠢᠯᠴᠠᠭᠤᠯᠤᠭ᠋ᠠᠳ ᠦᠭᠭᠦᠨ᠎ᠡ ᠤᠤ?
ᠸᠠᠩ ᠵᠢᠨ ᠪᠤᠤ᠄
ᠲᠤᠰ ᠤᠳᠠᠭ᠋ᠠᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠪᠣᠯ ᠥᠭᠡᠷᠡᠴᠢᠯᠡᠯᠲᠡ ᠨᠡᠭᠡᠭᠡᠯᠳᠡ ᠬᠢᠭᠰᠡᠨ᠎ᠠᠴᠠ ᠨᠠᠰᠢᠬᠢ ᠬᠡᠪᠴᠢᠶ᠎ᠡ ᠪᠠ ᠡᠷᠴᠢᠮ ᠵᠶ᠋ᠠᠷ ᠴᠥᠮ ᠮᠠᠰᠢ ᠶᠡᠬᠡ ᠨᠢᠭᠡ ᠤᠳᠠᠭ᠋ᠠᠨ᠎ᠤ ᠰᠢᠷᠢᠰ ᠦᠨ᠎ᠡ ᠬᠠᠩᠰᠢ ᠵᠢᠨ ᠥᠭᠡᠷᠡᠴᠢᠯᠡᠯᠲᠡ ᠪᠤᠯᠤᠨ᠎ᠠ᠂ ᠨᠢᠭᠡᠨ ᠨᠠᠷᠢᠨ ᠪᠤᠳᠤᠯᠢᠶᠠᠨᠲᠠᠶ ᠰᠢᠰᠲ᠋ᠧᠮᠲᠦ ᠢᠨᠵᠧᠨᠧᠷᠢᠩ ᠮᠥᠨ᠃ ᠶᠠᠪᠤᠳᠠᠯ ᠪᠣᠯᠭ᠋ᠠᠨ᠎ᠢ ᠰᠠᠶ᠋ᠢᠲᠤᠷ ᠬᠢᠶ᠎ᠡ ᠬᠡᠪᠡᠯ ᠤᠷᠢᠳᠠᠪᠠᠷ ᠨᠢᠭᠡ ᠲᠥᠯᠥᠪᠯᠡᠭᠡ ᠲᠤᠭᠲᠠᠭ᠋ᠠᠬᠤ ᠴᠢᠬᠤᠯᠠᠲᠠᠢ᠂ ᠮᠠᠨ᠎ᠤ ᠣᠷᠣᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠠᠵᠢᠯ᠎ᠢ ᠰᠠᠶ᠋ᠢᠲᠤᠷ ᠬᠢᠬᠦ ᠵᠢᠨ ᠲᠤᠯᠠᠳᠠ᠂ ᠪᠢᠳᠡ ᠶᠠᠭᠤᠨ᠎ᠤ ᠡᠮᠦᠨ᠎ᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠲᠦᠷᠭᠡᠳᠭᠡᠨ ᠠᠬᠢᠭᠤᠯᠬᠤ ᠠᠵᠢᠯ᠎ᠤᠨ ᠲᠥᠰᠦᠯ》᠎ᠢ ᠲᠣᠭᠲᠠᠭ᠋ᠠᠵᠤ᠂ ᠮᠠᠨ᠎ᠤ ᠣᠷᠣᠨ᠎ᠤ ᠰᠢᠨ᠎ᠡ ᠨᠢᠭᠡ ᠡᠭᠡᠯᠵᠢ ᠵᠢᠨ ᠦᠨ᠎ᠡ ᠬᠠᠩᠰᠢ ᠵᠢᠨ ᠥᠭᠡᠷᠡᠴᠢᠯᠡᠯᠲᠡ᠎ᠳᠤ ᠪᠦᠬᠦ ᠲᠠᠯ᠎ᠠ᠎ᠪᠠᠷ ᠪᠠᠢ᠌ᠷᠢᠯᠠᠭᠤᠯᠤᠯᠲᠠ ᠬᠢᠪᠡ᠃ 《ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠲᠥᠰᠦᠯ》᠎ᠳᠤ ᠲᠤᠰ ᠤᠳᠠᠭ᠋ᠠᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠦᠨᠳᠦᠰᠦᠨ ᠰᠡᠳᠬᠢᠴᠡ ᠵᠢ ᠲᠤᠲᠤᠷᠬᠠᠢ᠌ᠯᠠᠪᠠ᠂ ᠲᠤᠬᠠᠶ᠋ᠢᠯᠠᠪᠠᠯ ᠭᠤᠷᠪᠠᠨ 《ᠬᠠᠮᠤᠭ ᠶᠡᠬᠡ》᠄ ᠵᠠᠰᠠᠭ᠎ᠤᠨ ᠣᠷᠳᠣᠨ᠎ᠤ ᠦᠨ᠎ᠡ ᠲᠣᠭᠲᠠᠭ᠋ᠠᠬᠤ ᠬᠡᠪᠴᠢᠶ᠎ᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠨ᠂ ᠵᠠᠬ᠎ᠠ ᠳᠡᠯᠭᠡᠭᠦᠷ᠎ᠤᠨ ᠰᠢᠢ᠍ᠳᠪᠦᠷᠢᠯᠡᠬᠦ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ; ᠦᠨ᠎ᠡ ᠬᠠᠩᠰᠢ ᠲᠣᠭᠲᠠᠭ᠋ᠠᠬᠤ ᠲᠣᠭᠲᠠᠴᠠ ᠪᠣᠯᠤᠨ ᠲᠦᠷᠢᠮ᠎ᠢ ᠬᠠᠮᠤᠭ᠎ᠤᠨ ᠶᠡᠬᠡ ᠬᠦᠴᠦᠯᠡᠴᠡ᠎ᠲᠠᠢ᠎ᠪᠠᠷ ᠦᠬᠡᠷᠡᠴᠢᠯᠡᠵᠤ᠂ ᠵᠠᠰᠠᠭ᠎ᠤᠨ ᠤᠷᠳᠤᠨ᠎ᠠᠴᠠ ᠰᠢᠭᠤᠳ ᠦᠨ᠎ᠡ ᠲᠤᠭᠲᠠᠭ᠋ᠠᠬᠤ ᠵᠢ ᠪᠠᠭ᠋ᠠᠰᠬᠠᠨ᠎ᠠ; ᠵᠠᠰᠠᠭ᠎ᠤᠨ ᠣᠷᠳᠣᠨ᠎ᠤ ᠦᠨ᠎ᠡ ᠬᠠᠩᠰᠢ ᠵᠢᠨ ᠰᠢᠢ᠍ᠳᠪᠦᠷᠢᠲᠦ ᠪᠤᠳᠤᠯᠭ᠎ᠠ ᠵᠢᠨ ᠢᠯᠡ ᠲᠣᠳᠣ ᠪᠠᠢ᠌ᠯᠭ᠋ᠠᠬᠤ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠡᠶᠡᠯᠡᠭᠦᠯᠵᠤ᠂ ᠡᠷᠬᠡ᠎ᠪᠠᠨ ᠨᠠᠷᠠᠨ᠎ᠤ ᠳᠤᠤᠷ᠎ᠠ ᠢᠯᠡ᠎ᠪᠠᠷ ᠶᠠᠪᠤᠭᠳᠠᠬᠤ ᠪᠤᠯᠭ᠋ᠠᠨ᠎ᠠ᠃ 《ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠲᠥᠰᠦᠯ》᠎ᠢ ᠲᠤᠭᠲᠠᠭ᠋ᠠᠬᠤ᠎ᠳᠤ ᠪᠢᠳᠡ ᠭᠤᠷᠪᠠᠨ ᠵᠠᠷᠴᠢᠮ᠎ᠢ ᠪᠠᠷᠢᠮᠲᠠᠯᠠᠪᠠ᠄ ᠨᠢᠭᠡ᠎ᠳᠤ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠤᠯᠭ᠋ᠠᠨ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠵᠢ ᠤᠶᠠᠯᠳᠤᠭᠤᠯᠬᠤ ᠵᠠᠷᠴᠢᠮ᠎ᠢ ᠪᠠᠷᠢᠮᠲᠠᠯᠠᠵᠠᠢ᠃ ᠭᠣᠣᠯᠳᠠᠭᠤ ᠵᠠᠬ᠎ᠠ ᠳᠡᠯᠭᠡᠭᠦᠷ ᠵᠶ᠋ᠠᠷ ᠦᠨ᠎ᠡ ᠬᠠᠩᠰᠢ ᠲᠣᠭᠲᠠᠭ᠋ᠠᠬᠤ ᠲᠣᠭᠲᠠᠴᠠ ᠵᠢ ᠪᠠᠶ᠋ᠢᠭᠤᠯᠬᠤ᠎ᠪᠠᠷ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠴᠢᠭᠯᠡᠯ ᠪᠤᠯᠭ᠋ᠠᠨ᠂ ᠵᠠᠰᠠᠭ᠎ᠤᠨ ᠣᠷᠳᠣᠨ᠎ᠤ ᠦᠨ᠎ᠡ ᠬᠠᠩᠰᠢ ᠵᠢᠨ ᠡᠭᠦᠷᠭᠡ ᠴᠢᠳᠠᠮᠵᠢ ᠵᠢᠨ ᠬᠤᠪᠢᠷᠠᠭᠤᠯᠤᠯᠲᠠ ᠵᠢ ᠲᠦᠷᠭᠡᠳᠭᠡᠭᠰᠡᠨ ᠪᠠᠢ᠌ᠨ᠎ᠠ᠃ ᠬᠣᠶᠠᠷ᠎ᠲᠤ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠨ᠂ ᠭᠣᠣᠯᠳᠠᠯᠭ᠎ᠠ ᠵᠢ ᠲᠤᠪᠤᠢ᠍ᠢ᠍ᠯᠭ᠋ᠠᠬᠤ ᠵᠠᠷᠴᠢᠮ᠎ᠢ ᠪᠠᠷᠢᠮᠲᠠᠯᠠᠵᠠᠢ᠃ ᠠᠷᠭ᠎ᠠ ᠮᠠᠶᠢᠭ ᠵᠶ᠋ᠠᠨ ᠬᠤᠪᠢᠷᠠᠭᠤᠯᠬᠤ ᠪᠦᠲᠦᠴᠡ ᠵᠢ ᠲᠣᠬᠢᠷᠠᠭᠤᠯᠬᠤ ᠵᠢ ᠬᠢᠵᠠᠭ᠋ᠠᠷᠯᠠᠵᠤ ᠪᠠᠢ᠌ᠭ᠎ᠠ ᠳᠤᠪᠤᠢ᠍ᠢ᠍ᠮ᠎ᠠ ᠵᠥᠷᠢᠴᠡᠯ᠎ᠲᠠᠢ ᠤᠶᠠᠯᠳᠤᠭᠤᠯᠤᠨ᠂ ᠦᠨ᠎ᠡ ᠬᠠᠩᠰᠢ ᠵᠢᠨ ᠵᠠᠰᠠᠭ᠎ᠢ ᠴᠤᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠪᠠ ᠴᠢᠬᠤᠯᠠ ᠬᠦᠷᠢᠶᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠲᠦᠯᠬᠢᠨ ᠠᠬᠢᠭᠤᠯᠬᠤ᠎ᠪᠠᠷ ᠭᠣᠣᠯᠳᠠᠯᠭ᠎ᠠ ᠪᠣᠯᠭ᠋ᠠᠵᠤ᠂ ᠦᠨ᠎ᠡ ᠬᠠᠩᠰᠢ ᠵᠢᠨ ᠬᠠᠷᠢᠴᠠᠭ᠎ᠠ ᠵᠢ ᠴᠢᠷᠮᠠᠶ᠋ᠢᠨ ᠰᠢᠯᠤᠭᠤᠳᠬᠠᠵᠤ᠂ ᠦᠨ᠎ᠡ ᠬᠠᠩᠰᠢ ᠵᠢᠨ ᠵᠥᠷᠢᠴᠡᠯ᠎ᠢ ᠬᠦᠲᠦᠯᠦᠨ ᠵᠢᠯᠤᠭᠤᠳᠴᠤ᠂ ᠦᠨ᠎ᠡ ᠬᠠᠩᠰᠢ ᠪᠤᠢ ᠪᠤᠯᠬᠤ ᠲᠣᠭᠲᠠᠴᠠ ᠵᠢ ᠦᠭᠡᠷᠡᠴᠢᠯᠡᠨ ᠲᠡᠭᠦᠯᠳᠡᠷᠵᠢᠬᠦᠯᠪᠡ᠃ ᠭᠤᠷᠪᠠ᠎ᠳᠤ ᠠᠷᠠᠳ᠎ᠤᠨ ᠠᠮᠢᠳᠤᠷᠠᠯ ᠵᠶ᠋ᠠᠷ ᠤᠳᠤᠷᠢᠳᠤᠮᠵᠢ ᠪᠤᠯᠭ᠋ᠠᠨ᠂ ᠨᠢᠭᠡᠳᠦᠯᠲᠡᠶ ᠲᠥᠯᠥᠪᠯᠡᠵᠦ ᠨᠡᠢ᠌ᠲᠡ᠎ᠳᠤᠨᠢ ᠬᠠᠷᠠᠭ᠋ᠠᠯᠵᠠᠬᠤ ᠵᠠᠷᠴᠢᠮ᠎ᠢ ᠪᠠᠷᠢᠮᠲᠠᠯᠠᠵᠠᠢ᠃ ᠡᠯ᠎ᠡ ᠲᠠᠯ᠎ᠠ ᠵᠢᠨ᠎ᠬᠢᠨ ᠢᠯᠠᠩᠭᠤᠶ᠎ᠠ ᠳᠤᠤᠷ᠎ᠠ ᠣᠷᠣᠯᠭ᠎ᠠ᠎ᠲᠠᠢ ᠤᠯᠠᠨ ᠲᠦᠮᠡᠨ᠎ᠤ ᠳᠠᠭ᠋ᠠᠭ᠋ᠠᠬᠤ ᠴᠢᠳᠠᠪᠤᠷᠢ ᠵᠢ ᠭᠦᠢ᠍ᠴᠡᠳ ᠪᠤᠳᠤᠯᠬᠢᠯᠠᠵᠤ᠂ ᠬᠠᠮᠢᠶ᠎ᠠ ᠪᠦᠬᠦᠢ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ᠂ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠴᠠᠭ ᠲᠣᠬᠢᠶᠠᠯ᠂ ᠠᠶ᠋ᠢᠵᠠᠮ ᠪᠠ ᠬᠦᠴᠦᠯᠡᠴᠡ ᠵᠢ ᠰᠢᠨᠵᠢᠯᠡᠬᠦ ᠤᠬᠠᠭ᠋ᠠᠨᠴᠢ᠎ᠪᠠᠷ ᠡᠵᠡᠮᠰᠢᠵᠤ᠂ ᠠᠰᠢᠭᠲᠠᠢ ᠲᠤᠬᠢᠶᠠᠯ᠎ᠢ ᠰᠣᠩᠭᠣᠵᠤ᠂ ᠴᠠᠭ᠎ᠢ ᠰᠠᠶ᠋ᠢᠲᠤᠷ ᠠᠳᠬᠤᠨ᠂ ᠯᠠᠪᠳᠠᠭᠤᠨ ᠪᠥᠭᠡᠳ ᠡᠮᠬᠢ ᠲᠠᠷᠠᠭ᠎ᠠ᠎ᠲᠠᠢ᠎ᠪᠠᠷ ᠲᠦᠯᠬᠢᠨ ᠠᠬᠢᠭᠤᠯᠵᠤ᠂ ᠨᠢᠭᠡ᠎ᠨᠢ ᠪᠣᠯᠪᠠᠰᠤᠷᠠᠩᠭᠤᠶ ᠪᠣᠯᠪᠠᠯ ᠨᠢᠭᠡ ᠵᠢ ᠳᠡᠯᠭᠡᠷᠡᠭᠦᠯᠵᠤ᠂ ᠨᠢᠭᠡ᠎ᠪᠠᠨ ᠰᠠᠶ᠋ᠢᠲᠤᠷ ᠬᠡᠷᠡᠭᠵᠢᠬᠦᠯᠪᠡ᠃ ᠦᠨᠳᠦᠰᠦᠨ ᠬᠡᠷᠡᠭᠴᠡᠭᠡ ᠪᠠ ᠦᠨᠳᠦᠰᠦᠨ ᠪᠤᠰᠤ ᠬᠡᠷᠡᠭᠴᠡᠭᠡ ᠵᠢ ᠢᠯᠭ᠋ᠠᠵᠤ᠂ ᠲᠣᠭᠲᠠᠴᠠ ᠵᠢ ᠪᠠᠶ᠋ᠢᠭᠤᠯᠵᠤ᠂ ᠦᠨᠳᠦᠰᠦᠨ ᠵᠦᠢ᠍ᠯ᠎ᠢ ᠪᠠᠲᠤᠯᠠᠵᠤ᠂ ᠭᠣᠣᠯᠴᠢ ᠪᠠᠢ᠌ᠬᠤ ᠵᠢ ᠬᠦᠴᠦᠯᠡᠨ ᠠᠬᠢᠭᠤᠯᠤᠭᠰᠠᠨ ᠪᠠᠢ᠌ᠨ᠎ᠠ᠃ 《ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠲᠥᠰᠦᠯ》᠎ᠳᠤ ᠲᠤᠰ ᠤᠳᠠᠭ᠋ᠠᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠦᠨᠳᠦᠰᠦᠨ ᠬᠠᠷᠠᠯᠲᠠ ᠵᠢ ᠲᠤᠭᠲᠠᠭ᠋ᠠᠪᠠ᠄ ᠭᠣᠣᠯᠳᠠᠭᠤ ᠵᠠᠬ᠎ᠠ ᠳᠡᠯᠭᠡᠭᠦᠷ ᠵᠶ᠋ᠠᠷ ᠦᠨ᠎ᠡ ᠬᠠᠩᠰᠢ ᠵᠢ ᠲᠣᠭᠲᠠᠭ᠋ᠠᠬᠤ ᠲᠣᠭᠲᠠᠴᠠ ᠵᠢ ᠦᠨᠳᠦᠰᠦᠨ᠎ᠳᠡᠭᠡᠨ ᠪᠠᠢ᠌ᠭᠤᠯᠵᠤ᠂ ᠵᠠᠰᠠᠭ᠎ᠤᠨ ᠣᠷᠳᠣᠨ᠎ᠤ ᠬᠣᠷᠸ᠎ᠠ ᠲᠤᠬᠢᠷᠠᠭᠤᠯᠭ᠎ᠠ ᠡᠵᠡᠮᠳᠡᠯ᠎ᠤᠨ ᠦᠢ᠍ᠯᠡᠳᠦᠯ᠎ᠢ ᠨᠡᠩ ᠰᠠᠢ᠍ᠢ᠍ᠨ ᠪᠠᠳᠠᠷᠠᠭᠤᠯᠵᠤ᠂ ᠦᠨ᠎ᠡ ᠬᠠᠩᠰᠢ ᠵᠢᠨ ᠶᠡᠷᠦᠩᠬᠡᠶ ᠲᠦᠪᠰᠢᠨ᠎ᠢ ᠦᠨᠳᠦᠰᠦᠨ᠎ᠳᠡᠭᠡᠨ ᠲᠣᠭᠲᠠᠭᠤᠨ ᠪᠠᠶ᠋ᠢᠯᠭ᠋ᠠᠵᠤ᠂ ᠵᠠᠬ᠎ᠠ ᠳᠡᠯᠭᠡᠭᠦᠷ᠎ᠤᠨ ᠭᠣᠣᠯᠴᠢ ᠥᠷᠢᠰᠥᠯᠳᠦᠭᠡᠨ᠎ᠢ ᠬᠠᠮᠠᠭ᠋ᠠᠯᠠᠬᠤ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠬᠢᠨᠠᠨ ᠬᠠᠮᠢᠶᠠᠷᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠬᠦᠯᠦᠨ᠎ᠡ᠃
ᠬᠥᠲᠥᠯᠥᠭᠴᠢ᠄
《ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠲᠥᠰᠦᠯ》᠎ᠢ ᠲᠣᠭᠲᠠᠭ᠋ᠠᠭᠰᠠᠨ᠎ᠤ ᠲᠡᠷᠡᠭ᠎ᠠ᠂ ᠳᠠᠷᠤᠢ ᠬᠡᠷᠡᠭᠵᠢᠬᠦᠯᠬᠦ ᠪᠤᠯᠤᠨ᠎ᠠ᠂ ᠮᠠᠨ᠎ᠤ ᠣᠷᠣᠨ 《ᠲᠥᠰᠦᠯ》 ᠶᠤᠰᠤᠭ᠋ᠠᠷ ᠡᠯ᠎ᠡ ᠵᠦᠢ᠍ᠯ᠎ᠤᠨ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠠᠵᠢᠯ᠎ᠢ ᠬᠡᠷᠬᠢᠨ ᠨᠠᠢ᠌ᠳᠠᠪᠤᠷᠢᠵᠢᠭᠤᠯᠤᠭᠰᠠᠨ ᠪᠤᠢ?
ᠸᠠᠩ ᠵᠢᠨ ᠪᠤᠤ᠄
ᠶᠠᠭᠤᠨ᠎ᠤ ᠡᠮᠦᠨ᠎ᠡ ᠥᠪᠡᠷᠲᠡᠭᠡᠨ ᠵᠠᠰᠠᠬᠤ ᠣᠷᠣᠨ᠎ᠤ 《ᠦᠨ᠎ᠡ ᠲᠣᠭᠲᠠᠭ᠋ᠠᠬᠤ ᠭᠠᠷᠴᠠᠭ》᠎ᠳᠤ ᠵᠠᠰᠠᠪᠤᠷᠢ ᠤᠷᠤᠭᠤᠯᠪᠠ᠃ 《ᠵᠠᠰᠠᠭ᠎ᠤᠨ ᠣᠷᠳᠣᠨ᠎ᠤ ᠦᠨ᠎ᠡ ᠬᠠᠩᠰᠢ ᠲᠣᠭᠲᠠᠭ᠋ᠠᠬᠤ ᠬᠡᠪᠴᠢᠶ᠎ᠡ ᠵᠢ ᠭᠣᠣᠯᠳᠠᠭᠤ ᠴᠢᠬᠤᠯᠠ ᠨᠡᠶ᠋ᠢᠲᠡ ᠵᠢᠨ ᠬᠡᠷᠡᠭᠯᠡᠭᠡᠨ᠎ᠤ ᠦᠢ᠍ᠯᠡᠰ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠦᠢ᠍ᠯᠡᠴᠢᠯᠡᠭᠡ᠂ ᠰᠦᠯᠵᠢᠶᠡᠨ᠎ᠤ ᠬᠡᠯᠪᠡᠷᠢ ᠵᠢᠨ ᠠᠶᠠᠨᠳᠠᠭ᠋ᠠᠨ ᠭᠠᠭᠴᠠᠭ᠋ᠠᠷ ᠡᠵᠡᠮᠰᠢᠬᠦ ᠭᠣᠭᠴᠣᠭ᠎ᠠ᠎ᠪᠠᠷ ᠬᠢᠵᠠᠭ᠋ᠠᠷᠯᠠᠵᠤ᠂ ᠢᠯᠡ ᠲᠣᠳᠣ ᠪᠠᠢ᠌ᠯᠭ᠋ᠠᠬᠤ ᠬᠡᠮᠵᠢᠶ᠎ᠡ ᠵᠢ ᠳᠡᠭᠡᠭᠰᠢᠯᠡᠭᠦᠯᠵᠦ᠂ ᠨᠡᠶ᠋ᠢᠭᠡᠮ᠎ᠤᠨ ᠬᠢᠨᠠᠯᠲᠠ ᠵᠢ ᠬᠦᠯᠢᠶᠡᠬᠦ》 ᠱᠠᠭ᠋ᠠᠷᠳᠠᠯᠭ᠎ᠠ ᠵᠢ ᠦᠨᠳᠦᠰᠦᠯᠡᠨ᠂ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠢ ᠬᠦᠢ᠍ᠴᠡᠳ ᠪᠤᠢ ᠪᠤᠯᠭ᠋ᠠᠬᠤ ᠶᠣᠰᠣᠭ᠋ᠠᠷ ᠪᠦᠬᠦ ᠲᠠᠯ᠎ᠠ᠎ᠪᠠᠷ ᠴᠢᠯᠥᠭᠡᠲᠡᠶ ᠲᠠᠯᠪᠢᠵᠤ᠂ ᠠᠶ᠋ᠢᠮᠠᠭ ᠬᠤᠳᠠ᠂ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠤ ᠰᠠᠶ᠋ᠢᠲᠤᠷ ᠬᠠᠮᠢᠶᠠᠷᠴᠤ ᠴᠢᠳᠠᠬᠤ ᠵᠦᠢ᠍ᠯ᠎ᠢ ᠴᠦᠮ ᠡᠷᠬᠡ ᠣᠯᠭᠣᠵᠤ ᠬᠠᠮᠢᠶᠠᠷᠠᠭᠤᠯᠤᠨ᠂ ᠣᠳᠣᠬᠠᠨ᠎ᠤ ᠬᠥᠭᠵᠢᠯᠲᠡ ᠵᠢᠨ ᠬᠡᠷᠡᠭᠴᠡᠭᠡ᠎ᠳᠤ ᠨᠡᠶ᠋ᠢᠴᠡᠬᠦ ᠦᠭᠡᠢ᠂ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠵᠤ ᠪᠠᠶ᠋ᠢᠭ᠎ᠠ ᠪᠦᠬᠦᠨ᠎ᠢ ᠬᠦᠴᠦᠨ ᠦᠭᠡᠢ ᠪᠣᠯᠭ᠋ᠠᠬᠤ ᠵᠠᠷᠴᠢᠮ᠎ᠢ ᠪᠦᠷᠢᠯᠳᠦᠬᠦᠯᠦᠨ᠎ᠡ᠃ ᠬᠡᠪ ᠵᠶ᠋ᠠᠷ ᠪᠠᠶ᠋ᠢᠯᠭ᠋ᠠᠬᠤ ᠦᠨ᠎ᠡ ᠲᠣᠭᠲᠠᠭ᠋ᠠᠬᠤ ᠲᠥᠷᠥᠯ ᠵᠦᠢ᠍ᠯ᠎ᠳᠤ ᠭᠣᠣᠯᠳᠠᠭᠤ ᠴᠠᠬᠢᠯᠭ᠋ᠠᠨ ᠬᠦᠴᠦ᠂ ᠰᠢᠲᠠᠮᠠᠬᠠᠢ ᠬᠡᠢ᠂ ᠤᠰᠤ ᠬᠠᠩᠭ᠋ᠠᠬᠤ ᠤᠰᠤ ᠵᠠᠯᠠᠬᠤ᠂ ᠢᠯᠴᠢ ᠬᠠᠩᠭ᠋ᠠᠬᠤ᠂ ᠵᠠᠮ ᠲᠡᠭᠡᠭᠡᠪᠦᠷᠢ᠂ ᠣᠷᠣᠨ ᠰᠠᠭᠤᠴᠠ᠂ ᠡᠮ ᠡᠮᠨᠡᠯᠭᠡ ᠵᠢᠨ ᠦᠢ᠍ᠯᠡᠴᠢᠯᠡᠭᠡ᠂ ᠰᠤᠷᠭ᠋ᠠᠨ ᠬᠥᠮᠦᠵᠢᠯ᠂ ᠰᠣᠶᠣᠯ ᠪᠣᠯᠪᠠᠰᠤᠷᠠᠯ᠂ ᠨᠠᠰᠤᠵᠢᠯ᠎ᠤᠨ ᠠᠰᠠᠷᠠᠮᠵᠢ᠂ ᠣᠷᠣᠰᠢᠭᠤᠯᠭ᠎ᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ ᠵᠢᠴᠢ ᠴᠢᠬᠤᠯᠠ ᠲᠤᠰᠬᠠᠶ ᠮᠡᠷᠭᠡᠵᠢᠯ᠎ᠤᠨ ᠦᠢ᠍ᠯᠡᠴᠢᠯᠡᠭᠡᠨ᠎ᠤ ᠦᠨ᠎ᠡ (ᠰᠦᠢ᠍ᠳᠬᠡᠯ ᠬᠤᠷᠢᠶᠠᠬᠤ ᠪᠠᠷᠢᠮᠵᠢᠶ᠎ᠠ) ᠵᠢ ᠯᠡ ᠦᠯᠡᠳᠡᠭᠡᠨ᠎ᠡ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨ᠎ᠡ ᠲᠣᠭᠲᠠᠭ᠋ᠠᠬᠤ ᠭᠠᠷᠴᠠᠭ》᠎ᠤᠨ ᠶᠡᠬᠡ ᠵᠦᠢ᠍ᠯ ᠢᠯᠭ᠋ᠠᠯ 18 ᠵᠤᠷᠪᠤᠰ ᠪᠠᠢ᠌ᠭᠰᠠᠨ᠎ᠢ 14 ᠵᠤᠷᠪᠤᠰ ᠪᠤᠯᠭ᠋ᠠᠨ ᠬᠠᠰᠤᠵᠤ᠂ ᠪᠠᠭ᠎ᠠ ᠵᠦᠢ᠍ᠯ ᠢᠯᠭ᠋ᠠᠯ 199 ᠵᠤᠷᠪᠤᠰ ᠪᠠᠢ᠌ᠭᠰᠠᠨ᠎ᠢ 83 ᠵᠤᠷᠪᠤᠰ ᠪᠤᠯᠭ᠋ᠠᠨ ᠬᠠᠰᠤᠵᠤ᠂ ᠬᠠᠰᠤᠯᠲᠠ ᠵᠢᠨ ᠬᠡᠮᠵᠢᠶ᠎ᠡ᠎ᠨᠢ ᠲᠤᠰ ᠲᠤᠰ 22% ᠪᠠ 58.3 % ᠪᠤᠯᠤᠨ᠎ᠠ᠃ ᠪᠦᠬᠦ ᠣᠷᠣᠨ᠎ᠤ ᠦᠨ᠎ᠡ ᠬᠠᠩᠰᠢ ᠵᠢᠨ ᠰᠢᠰᠲ᠋ᠧᠮ᠎ᠨᠢ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠲᠠᠯ᠎ᠠ᠎ᠪᠠᠷ ᠲᠤᠮᠤᠬᠠᠨ ᠨᠢᠭᠡ ᠠᠯᠬᠤᠮ ᠠᠯᠬᠤᠵᠠᠢ ᠬᠡᠵᠤ ᠬᠡᠯᠡᠵᠤ ᠪᠤᠯᠤᠨ᠎ᠠ᠃
ᠬᠥᠲᠥᠯᠥᠭᠴᠢ᠄
ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠦᠨ᠎ᠡ ᠲᠣᠭᠲᠠᠭ᠋ᠠᠬᠤ ᠭᠠᠷᠴᠠᠭ》᠎ᠨᠢ ᠤᠤᠯᠤᠨᠬᠢᠠᠴᠠ ᠮᠡᠳᠡᠭᠳᠡᠬᠦᠶ᠋ᠢᠴᠡ ᠬᠤᠪᠢᠷᠠᠭᠰᠠᠨ ᠬᠤᠪᠢᠷᠠᠯᠲᠠ᠎ᠨᠢ ᠶᠠᠭᠤ ᠪᠤᠢ? ᠮᠠᠨ᠎ᠤ ᠠᠮᠢᠳᠤᠷᠠᠯ᠎ᠳᠤ ᠶᠠᠮᠠᠷ ᠰᠢᠤᠬᠠᠨ ᠨᠥᠯᠥᠭᠡ ᠦᠵᠡᠭᠦᠯᠬᠦ ᠪᠤᠶ?
ᠸᠠᠩ ᠵᠢᠨ ᠪᠤᠤ᠄
ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨ᠎ᠡ ᠲᠣᠭᠲᠠᠭ᠋ᠠᠬᠤ ᠭᠠᠷᠴᠠᠭ》᠎ᠲᠤ ᠭᠤᠤᠯᠳᠠᠭᠤ ᠭᠤᠷᠪᠠᠨ ᠲᠠᠯ᠎ᠠ ᠵᠢᠨ ᠬᠤᠪᠢᠷᠠᠯᠲᠠ ᠭᠠᠷᠴᠠᠢ᠃ ᠨᠢᠭᠡ᠎ᠳᠤ ᠵᠠᠰᠠᠭ᠎ᠤᠨ ᠣᠷᠳᠣᠨ ᠵᠢᠱ᠌ᠢᠶᠡᠯᠡᠪᠡᠯ ᠥᠪᠡᠷᠲᠡᠭᠡᠨ ᠵᠠᠰᠠᠭ ᠣᠷᠣᠨ᠎ᠤ ᠠᠮᠤ ᠪᠤᠳᠠᠭ᠎ᠠ ᠨᠦᠭᠡᠴᠡᠯᠡᠬᠦ᠂ ᠬᠢᠮᠢ ᠵᠢᠨ ᠪᠤᠷᠳᠤᠭᠤᠷ᠂ ᠬᠣᠶᠠᠷ ᠱᠦᠯᠲᠦ᠎ᠠᠴᠠ ᠪᠤᠰᠤᠳ ᠠᠵᠤ ᠦᠢ᠍ᠯᠡᠳᠪᠦᠷᠢ᠎ᠳᠤ ᠬᠡᠷᠡᠭᠯᠡᠬᠦ ᠳᠠᠪᠤᠰᠤ᠂ ᠠᠷᠠᠳ᠎ᠤᠨ ᠬᠡᠷᠡᠭᠯᠡᠭᠡᠨ᠎ᠤ ᠳᠡᠯᠪᠡᠴᠢᠬᠦ ᠪᠠᠭ᠋ᠠᠵᠢ ᠬᠡᠷᠡᠭᠰᠡᠯ᠂ ᠦᠷ᠎ᠡ᠂ ᠯᠠᠵᠠᠯᠠᠭᠰᠠᠨ ᠴᠢᠯᠠᠭᠤᠨ ᠲᠤᠰᠤᠨ᠎ᠤ ᠰᠢᠩᠭᠡᠨᠵᠢᠮᠡᠯ ᠬᠡᠢ ᠵᠡᠷᠭᠡ ᠲᠠᠸᠠᠷ᠎ᠤᠨ ᠦᠨ᠎ᠡ ᠬᠠᠩᠰᠢ ᠵᠢᠴᠢ ᠨᠢᠰᠬᠡᠯ᠎ᠤᠨ ᠪᠠᠭᠤᠳᠠᠯ᠎ᠤᠨ ᠠᠶᠠᠨᠴᠢᠳ᠎ᠤᠨ ᠲᠡᠭᠡᠭᠡᠪᠦᠷᠢ ᠵᠢᠨ ᠮᠠᠰᠢᠨ ᠲᠡᠷᠭᠡᠨ᠎ᠤ ᠰᠦᠢ᠍ᠳᠬᠡᠯ᠂ ᠪᠥᠳᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠦᠨ᠎ᠡ ᠯᠠᠪᠯᠠᠯᠭ᠎ᠠ ᠵᠢᠨ ᠵᠠᠷᠤᠳᠠᠯ᠂ ᠨᠢᠭᠲᠠᠯᠠᠨ ᠪᠤᠳᠤᠯᠳᠠ᠂ ᠬᠢᠨᠠᠨ ᠪᠤᠳᠤᠯᠳᠠ ᠵᠢᠨ ᠬᠡᠷᠡᠭ ᠡᠷᠬᠢᠯᠡᠬᠦ ᠰᠦᠢ᠍ᠳᠬᠡᠯ᠂ ᠡᠳ᠋ ᠬᠦᠷᠦᠨᠭᠭᠡ ᠵᠢ ᠦᠨᠡᠯᠡᠨ ᠵᠢᠱ᠌ᠢᠬᠦ ᠰᠦᠢ᠍ᠳᠬᠡᠯ᠂ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠦᠢ᠍ᠯᠡᠴᠢᠯᠡᠭᠡᠨ᠎ᠤ ᠰᠦᠢ᠍ᠳᠬᠡᠯ ᠵᠡᠷᠭᠡ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠰᠦᠢ᠍ᠳᠬᠡᠯ ᠬᠤᠷᠢᠶᠠᠬᠤ ᠵᠡᠷᠭᠡ ᠨᠢᠭᠡ ᠪᠦᠯᠦᠭ ᠲᠠᠸᠠᠷ ᠪᠠ ᠦᠢ᠍ᠯᠡᠴᠢᠯᠡᠭᠡᠨ᠎ᠤ ᠦᠨ᠎ᠡ ᠲᠤᠭᠲᠠᠭ᠋ᠠᠬᠤ ᠵᠢ ᠴᠢᠯᠥᠭᠡᠲᠡᠶ ᠪᠤᠯᠭ᠋ᠠᠭᠰᠠᠨ ᠪᠠᠶ᠋ᠢᠨ᠎ᠠ᠃ ᠡᠳᠡᠭᠡᠷ᠎ᠨᠢ ᠭᠣᠣᠯᠳᠠᠭᠤ ᠤᠯᠤᠰ᠎ᠠᠴᠠ ᠨᠢᠭᠡᠨᠲᠡ ᠲᠣᠳᠣᠷᠬᠠᠶ ᠵᠠᠷᠯᠢᠭ ᠪᠠᠭᠤᠯᠭ᠋ᠠᠵᠤ ᠴᠢᠯᠥᠭᠡᠲᠡᠶ ᠪᠤᠯᠭ᠋ᠠᠭᠰᠠᠨ ᠪᠤᠶᠤ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠨᠥᠬᠥᠴᠡᠯ ᠨᠡᠯᠢᠶᠡᠳ ᠭᠦᠢ᠍ᠴᠡᠳ ᠲᠠᠸᠠᠷ ᠪᠤᠶᠤ ᠦᠢ᠍ᠯᠡᠴᠢᠯᠡᠭᠡ ᠵᠢᠨ ᠵᠦᠢ᠍ᠯᠡᠰ ᠪᠤᠯᠬᠤᠷ᠂ ᠦᠨ᠎ᠡ ᠬᠠᠩᠰᠢ ᠵᠢ ᠴᠢᠯᠦᠭᠡᠲᠠᠢ ᠪᠤᠯᠭ᠋ᠠᠬᠤ᠎ᠨᠢ ᠵᠠᠬ᠎ᠠ ᠳᠡᠯᠭᠡᠭᠦᠷ ᠪᠣᠯᠤᠨ ᠨᠡᠶ᠋ᠢᠭᠡᠮ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠳᠤ ᠠᠰᠢᠭᠲᠠᠶ ᠶᠤᠮ᠃ ᠡᠳᠡᠭᠡᠷ ᠠᠵᠢᠯ ᠲᠦᠷᠦᠯ᠂ ᠬᠦᠷᠢᠶ᠎ᠡ ᠴᠠᠷᠢᠶ᠎ᠠ᠎ᠳᠠᠬᠢ ᠦᠨ᠎ᠡ ᠲᠤᠭᠲᠠᠭ᠋ᠠᠬᠤ ᠡᠷᠬᠡ ᠵᠢ ᠵᠠᠬ᠎ᠠ ᠳᠡᠯᠭᠡᠭᠦᠷ᠎ᠲᠤ ᠲᠤᠰᠢᠶᠠᠨ ᠦᠭᠭᠦ᠎ᠪᠠᠷ ᠳᠠᠮᠵᠢᠭᠤᠯᠤᠨ᠂ ᠦᠨ᠎ᠡ ᠬᠠᠩᠰᠢ᠎ᠠᠴᠠ ᠡᠬᠢ ᠪᠠᠶᠠᠯᠢᠭ᠎ᠢ ᠲᠣᠬᠢᠷᠠᠭᠤᠯᠬᠤ᠎ᠳᠤ ᠦᠭᠭᠦ ᠲᠤᠬᠢᠶ᠎ᠠ ᠪᠠ ᠲᠣᠬᠢᠷᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠥᠷᠢᠰᠥᠯᠳᠦᠭᠡᠨ ᠪᠠ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠵᠦᠢ ᠵᠣᠬᠢᠰᠲᠠᠶ ᠰᠢᠯᠵᠢᠬᠦ ᠵᠢ ᠠᠬᠢᠭᠤᠯᠵᠤ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠰᠠᠨᠠᠭ᠋ᠠᠴᠢᠯᠠᠭ᠋ᠠᠲᠤ ᠴᠢᠨᠠᠷ ᠪᠠ ᠪᠦᠲᠦᠭᠡᠯᠴᠢ ᠴᠢᠨᠠᠷ᠎ᠢ ᠬᠦᠭᠵᠢᠭᠡᠪᠡ᠃ ᠬᠣᠶᠠᠷ᠎ᠲᠤ ᠨᠢᠭᠡ ᠪᠦᠯᠦᠭ ᠲᠤᠰᠬᠠᠶ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠰᠦᠢ᠍ᠳᠬᠡᠯ ᠵᠢᠱ᠌ᠢᠶᠡᠯᠡᠪᠡᠯ ᠲᠠᠸᠠᠷ᠎ᠤᠨ ᠵᠢᠷᠤᠭ᠋ᠠᠰᠤᠨ ᠺᠤᠳ᠋᠎ᠤᠨ ᠴᠠᠪᠠᠤ ᠬᠢᠬᠦ ᠰᠦᠢ᠍ᠳᠬᠡᠯ᠂ ᠵᠢᠷᠤᠭ᠋ᠠᠰᠤᠨ ᠺᠤᠳ᠋᠎ᠢ ᠪᠠᠶ᠋ᠢᠴᠠᠭ᠋ᠠᠨ ᠬᠡᠮᠵᠢᠬᠦ ᠦᠢ᠍ᠯᠡᠴᠢᠯᠡᠭᠡᠨ᠎ᠤ ᠰᠦᠢ᠍ᠳᠬᠡᠯ᠂ ᠣᠨᠳᠣᠣ ᠭᠠᠵᠠᠷ᠎ᠲᠤ ᠲᠡᠷᠭᠡ ᠬᠥᠰᠬᠡ ᠠᠷᠠᠯᠵᠢᠶᠠᠯᠠᠬᠤ ᠵᠠᠷᠤᠳᠠᠯ᠂ ᠤᠶᠤᠲᠠᠳ᠎ᠲᠤ ᠠᠵᠢᠯ ᠣᠯᠭᠣᠬᠤ ᠦᠢ᠍ᠯᠡᠴᠢᠯᠡᠭᠡᠨ᠎ᠤ ᠰᠦᠢ᠍ᠳᠬᠡᠯ ᠵᠡᠷᠭᠡ ᠲᠤᠰᠬᠠᠢ ᠮᠡᠷᠭᠡᠵᠢᠯ᠎ᠤᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠰᠦᠢ᠍ᠳᠬᠡᠯ ᠬᠤᠷᠢᠶᠠᠬᠤ ᠵᠢ ᠬᠦᠴᠦᠨ ᠦᠭᠡᠢ ᠪᠤᠯᠭ᠋ᠠᠪᠠ᠃ ᠡᠳᠡᠭᠡᠷ ᠬᠦᠴᠦᠨ ᠦᠭᠡᠶ ᠪᠣᠯᠭ᠋ᠠᠭᠰᠠᠨ ᠲᠤᠰᠬᠠᠶ ᠮᠡᠷᠭᠡᠵᠢᠯ᠎ᠤᠨ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠲᠥᠷᠥᠯ ᠵᠦᠢ᠍ᠯ ᠪᠤᠯ ᠭᠣᠣᠯᠳᠠᠭᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠦᠨᠳᠦᠰᠦᠯᠡᠯ ᠦᠭᠡᠢ᠂ ᠡᠰᠡᠬᠦᠯ᠎ᠡ ᠵᠦᠢ ᠵᠤᠬᠢᠰ ᠦᠭᠡᠢ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠤᠳ ᠪᠤᠯᠤᠨ᠎ᠠ᠃ ᠡᠳᠡᠭᠡᠷ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠵᠢ ᠬᠦᠴᠦᠨ ᠦᠭᠡᠢ ᠪᠤᠯᠭ᠋ᠠᠭᠰᠠᠨ᠎ᠤ ᠲᠠᠷᠠᠭ᠎ᠠ᠂ ᠬᠠᠮᠢᠶ᠎ᠠ ᠪᠦᠬᠦᠢ ᠬᠦᠷᠢᠶᠡᠨ᠎ᠤ ᠦᠢ᠍ᠯᠡᠳᠪᠦᠷᠢᠯᠡᠯ᠂ ᠠᠮᠢᠳᠤᠷᠠᠯ᠎ᠤᠨ ᠥᠪᠡᠷ᠎ᠤᠨ ᠦᠷᠳᠡᠭ᠎ᠢ ᠪᠠᠭᠤᠷᠠᠭᠤᠯᠵᠤ᠂ ᠠᠵᠤ ᠠᠬᠤᠶ᠋ᠢᠯᠠᠯ ᠪᠠ ᠤᠯᠠᠨ ᠲᠦᠮᠡᠨ᠎ᠤ ᠳᠠᠷᠤᠭ᠋ᠠᠰᠤ ᠵᠢ ᠬᠥᠩᠭᠡᠷᠡᠭᠦᠯᠬᠦ ᠪᠤᠯᠤᠨ᠎ᠠ᠃ ᠭᠤᠷᠪᠠ᠎ᠳᠤ ᠬᠡᠰᠡᠭ ᠦᠨ᠎ᠡ ᠲᠣᠭᠲᠠᠭ᠋ᠠᠬᠤ ᠲᠥᠷᠥᠯ ᠵᠦᠢ᠍ᠯ᠎ᠢ ᠠᠶ᠋ᠢᠮᠠᠭ ᠬᠤᠳᠠ᠂ ᠬᠣᠰᠢᠭᠤ ᠰᠢᠶᠠᠨ (ᠲᠣᠭᠣᠷᠢᠭ)᠎ᠳᠤ ᠡᠷᠭᠡ ᠤᠯᠭᠤᠨ ᠬᠠᠮᠢᠶᠠᠷᠠᠭᠤᠯᠪᠠ᠃ 《ᠦᠨ᠎ᠡ ᠬᠠᠩᠰᠢ ᠵᠢᠨ ᠬᠠᠤᠯᠢ》 ᠵᠢᠨ ᠲᠣᠭᠲᠠᠭ᠋ᠠᠯ ᠶᠣᠰᠣᠭ᠋ᠠᠷ᠂ ᠦᠨ᠎ᠡ ᠬᠠᠩᠰᠢ ᠵᠢᠨ ᠬᠠᠮᠢᠶᠠᠷᠤᠯᠲᠠ ᠵᠢᠨ ᠡᠷᠬᠡ᠎ᠨᠢ ᠲᠥᠪ ᠪᠠ ᠮᠤᠵᠢ ᠵᠢᠨ ᠬᠣᠶᠠᠷ ᠱᠠᠲᠤᠨ᠎ᠳᠤ ᠲᠦᠪᠯᠡᠷᠡᠭᠰᠡᠨ ᠪᠤᠯᠬᠤᠷ᠂ ᠠᠶ᠋ᠢᠮᠠᠭ ᠬᠤᠳᠠ᠂ ᠬᠣᠰᠢᠭᠤ ᠰᠢᠶᠠᠨ (ᠲᠣᠭᠣᠷᠢᠭ)᠎ᠳᠤ ᠬᠠᠮᠢᠶᠠᠷᠤᠯᠲᠠ ᠵᠢᠨ ᠡᠷᠬᠡ ᠮᠡᠳᠡᠯ᠎ᠢ ᠦᠭᠭᠦ᠎ᠳᠤ ᠵᠦᠪᠬᠡᠨ ᠡᠷᠬᠡ ᠣᠯᠭᠣᠬᠤ ᠬᠡᠯᠪᠡᠷᠢ᠎ᠪᠠᠷ ᠯᠡ ᠶᠠᠪᠤᠭᠳᠠᠬᠤ ᠪᠤᠯᠤᠨ᠎ᠠ᠃ ᠤᠯᠠᠨ ᠨᠡᠢ᠍ᠢ᠍ᠳᠡ ᠵᠢᠨ ᠬᠣᠭᠣᠯᠠᠶ ᠲᠣᠣᠷ ᠵᠶ᠋ᠠᠷ ᠬᠠᠩᠭ᠋ᠠᠬᠤ ᠲᠦᠭᠡᠭᠡᠯ ᠤᠰᠤ᠂ ᠲᠠᠬᠢᠯᠳᠠ ᠤᠰᠤ ᠪᠣᠷᠣᠯᠠᠭᠤᠯᠬᠤ ᠦᠨ᠎ᠡ ᠬᠠᠩᠰᠢ᠂ ᠲᠥᠪᠯᠡᠷᠡᠭᠦᠯᠦᠨ ᠢᠯᠴᠢ ᠬᠠᠩᠭ᠋ᠠᠬᠤ ᠦᠢ᠍ᠯᠡᠳᠪᠦᠷᠢ᠎ᠠᠴᠠ ᠭᠠᠷᠭ᠋ᠠᠬᠤ ᠪᠠ ᠪᠣᠷᠣᠯᠠᠭᠤᠯᠬᠤ ᠦᠨ᠎ᠡ ᠬᠠᠩᠰᠢ᠂ ᠲᠦᠷᠢᠶᠡᠰᠦᠨ ᠮᠠᠰᠢᠨ ᠲᠡᠷᠭᠡᠨ᠎ᠤ ᠲᠡᠭᠡᠭᠡᠪᠦᠷᠢ ᠵᠢᠨ ᠦᠨ᠎ᠡ᠂ ᠭᠠᠳᠠᠭᠰᠢᠯ ᠬᠡᠢ ᠵᠢ ᠪᠠᠶ᠋ᠢᠴᠠᠭ᠋ᠠᠨ ᠰᠢᠯᠭ᠋ᠠᠬᠤ ᠰᠦᠢ᠍ᠳᠬᠡᠯ ᠬᠤᠷᠢᠶᠠᠬᠤ ᠪᠠᠷᠢᠮᠵᠢᠶ᠎ᠠ ᠵᠡᠷᠭᠡ ᠵᠢ ᠡᠷᠬᠡ ᠤᠯᠤᠭᠰᠠᠨ ᠠᠶ᠋ᠢᠮᠠᠭ ᠬᠤᠳᠠ ᠪᠠ ᠡᠷᠬᠡ ᠵᠢ ᠥᠷᠭᠡᠳᠬᠡᠵᠦ ᠰᠢᠶᠠᠨ᠎ᠢ ᠬᠦᠴᠦᠷᠬᠡᠭᠵᠢᠭᠦᠯᠬᠦ ᠲᠤᠷᠰᠢᠯᠲᠠ ᠵᠢᠨ ᠬᠣᠰᠢᠭᠤ ᠰᠢᠶᠠᠨ (ᠲᠣᠭᠣᠷᠢᠭ) ᠬᠠᠮᠢᠶᠠᠷᠴᠤ᠂ ᠬᠣᠲᠠ ᠪᠠᠯᠭ᠋ᠠᠰᠤ ᠵᠢᠨ ᠠᠮᠢᠳᠤᠷᠠᠯ᠎ᠤᠨ ᠬᠣᠭ ᠨᠣᠪᠰᠢ ᠰᠢᠢ᠍ᠳᠪᠦᠷᠢᠯᠡᠬᠦ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠡᠷᠬᠡ ᠤᠯᠤᠭᠰᠠᠨ ᠬᠣᠰᠢᠭᠤ ᠰᠢᠶᠠᠨ (ᠬᠤᠳᠠ᠂ ᠲᠣᠭᠣᠷᠢᠭ)᠎ᠠᠴᠠ ᠬᠠᠮᠢᠶᠠᠷᠤᠨ᠎ᠠ᠃ ᠡᠷᠬᠡ ᠣᠯᠭᠣᠭᠰᠠᠨ ᠡᠳᠡᠭᠡᠷ ᠦᠨ᠎ᠡ ᠲᠣᠭᠲᠠᠭ᠋ᠠᠬᠤ ᠲᠥᠷᠥᠯ ᠵᠦᠢ᠍ᠯ᠎ᠨᠢ ᠭᠣᠣᠯᠳᠠᠭᠤ ᠡᠯ᠎ᠡ ᠭᠠᠵᠠᠷ᠎ᠤᠨ ᠪᠤᠳᠠᠲᠠᠢ ᠵᠥᠷᠢᠶ᠎ᠡ᠎ᠨᠢ ᠨᠡᠯᠢᠶᠡᠳ ᠶᠡᠬᠡ ᠪᠠᠢ᠌ᠵᠤ᠂ ᠢᠯᠴᠢ ᠬᠠᠩᠭ᠋ᠠᠬᠤ᠂ ᠤᠰᠤ ᠬᠠᠩᠭ᠋ᠠᠬᠤ ᠵᠡᠷᠭᠡ ᠠᠵᠢᠯ ᠲᠦᠷᠦᠯ᠎ᠨᠢ ᠶᠡᠷᠦ᠎ᠠᠴᠠ ᠵᠠᠰᠠᠭ᠎ᠤᠨ ᠣᠷᠳᠣᠨ᠎ᠤ ᠨᠥᠬᠥᠪᠥᠷᠢ᠎ᠠᠴᠠ ᠰᠠᠯᠵᠤ ᠴᠢᠳᠠᠳᠠᠭ ᠦᠭᠡᠢ ᠪᠤᠯᠬᠤᠷ᠂ ᠲᠤᠬᠠᠶ ᠵᠢᠨ ᠭᠠᠵᠠᠷ᠎ᠤᠨ ᠪᠣᠳᠠᠲᠠᠶ ᠪᠠᠶ᠋ᠢᠳᠠᠯ᠎ᠳᠤ ᠳᠣᠭᠢᠷᠬᠠᠰᠠᠨ ᠦᠨ᠎ᠡ ᠬᠠᠩᠰᠢ ᠪᠤᠯᠤᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠲᠣᠭᠲᠠᠭ᠋ᠠᠬᠤ ᠴᠢᠬᠤᠯᠠᠲᠠᠶ ᠶᠤᠮ᠃ ᠡᠷᠬᠡ ᠣᠯᠭᠣᠵᠤ ᠬᠠᠮᠢᠶᠠᠷᠠᠭᠤᠯᠬᠤ᠎ᠨᠢ᠂ ᠲᠤᠬᠠᠶ ᠵᠢᠨ ᠭᠠᠵᠠᠷ᠎ᠤᠨ ᠪᠣᠳᠠᠲᠠᠶ᠎ᠲᠠᠢ ᠰᠠᠶ᠋ᠢᠲᠤᠷ ᠤᠶᠠᠯᠳᠤᠵᠤ᠂ ᠦᠨ᠎ᠡ ᠬᠠᠩᠰᠢ ᠵᠢ ᠠᠮᠢᠳᠤᠯᠢᠭ ᠪᠦᠭᠡᠳ ᠴᠠᠭ ᠲᠤᠬᠠᠶ᠎ᠳᠤᠨᠢ ᠲᠣᠭᠲᠠᠭ᠋ᠠᠬᠤ ᠪᠠ ᠲᠤᠬᠢᠷᠠᠭᠤᠯᠵᠤ᠂ ᠠᠵᠤ ᠠᠬᠤᠶ᠋ᠢᠯᠠᠯ ᠪᠣᠯᠤᠨ ᠬᠡᠷᠡᠭᠯᠡᠭᠴᠢᠳ᠎ᠤᠨ ᠬᠣᠶᠠᠷ ᠲᠠᠯ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ᠎ᠳᠤ ᠠᠰᠢᠭᠲᠠᠢ ᠶᠤᠮ᠃
ᠬᠥᠲᠥᠯᠥᠭᠴᠢ᠄
ᠲᠠᠨ᠎ᠤ ᠶᠠᠷᠢᠬᠤ᠎ᠪᠠᠷ ᠪᠢᠳᠠ ᠮᠠᠰᠢ ᠣᠯᠠᠨ ᠲᠠᠸᠠᠷ ᠪᠣᠯᠣᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠴᠢᠯᠥᠭᠡᠲᠡᠶ ᠲᠠᠯᠪᠢᠪᠠ᠂ ᠡᠩ᠎ᠤᠨ ᠠᠷᠠᠳ᠎ᠤᠳ ᠦᠨ᠎ᠡ ᠬᠠᠩᠰᠢ ᠵᠢ ᠴᠢᠯᠥᠭᠡᠲᠡᠶ ᠲᠠᠯᠪᠢᠭᠰᠠᠨ᠎ᠤ ᠳᠠᠷᠠᠭ᠎ᠠ ᠦᠨ᠎ᠡ ᠥᠰᠬᠦ᠂ ᠦᠢ᠍ᠯᠡᠴᠢᠯᠡᠭᠡ ᠬᠤᠪᠢᠷᠠᠬᠤ ᠡᠰᠡᠬᠦ᠎ᠳᠤ ᠰᠠᠨᠠᠭ᠎ᠠ ᠵᠣᠪᠠᠵᠤ ᠮᠡᠳᠡᠨ᠎ᠡ᠃ ᠲᠠ ᠡᠨᠡ ᠠᠰᠠᠭᠤᠳᠠᠯ᠎ᠢ ᠬᠡᠷᠬᠢᠨ ᠦᠵᠡᠬᠦ ᠪᠤᠢ? ᠸᠠᠩ ᠵᠢᠨ ᠪᠤᠤ᠄
ᠦᠨ᠎ᠡ ᠬᠠᠩᠰᠢ ᠵᠢᠨ ᠥᠭᠡᠷᠡᠴᠢᠯᠡᠯᠲᠡ᠎ᠨᠢ ᠦᠨ᠎ᠡ ᠬᠠᠩᠰᠢ ᠯᠠᠪᠲᠠᠢ ᠥᠰᠬᠦ᠎ᠲᠠᠢ ᠲᠡᠩᠴᠡᠬᠦ ᠶᠠᠪᠤᠳᠠᠯ ᠪᠢᠰᠢ᠂ ᠵᠠᠬ᠎ᠠ ᠳᠡᠯᠭᠡᠭᠦᠷ᠎ᠨᠢ ᠦᠨ᠎ᠡ ᠬᠠᠩᠰᠢ ᠵᠢ ᠲᠣᠭᠲᠠᠭ᠋ᠠᠨ᠎ᠠ ᠭᠡᠰᠡᠨ᠎ᠨᠢ ᠯᠠᠪᠲᠠᠢ ᠦᠨ᠎ᠡ ᠬᠠᠩᠰᠢ ᠥᠰᠦᠨ᠎ᠡ ᠭᠡᠰᠡᠨ᠎ᠢ ᠢᠯᠡᠷᠬᠡᠢ᠌ᠯᠡᠵᠦ ᠪᠠᠢ᠌ᠭ᠎ᠠ ᠪᠢᠰᠢ᠃ ᠦᠨ᠎ᠡ ᠬᠠᠩᠰᠢ ᠴᠢᠯᠥᠭᠡᠲᠡᠶ ᠪᠣᠯᠣᠭᠰᠠᠨ᠎ᠤ ᠳᠠᠷᠠᠭ᠎ᠠ᠂ ᠲᠠᠸᠠᠷ ᠪᠣᠯᠣᠨ ᠦᠢ᠍ᠯᠡᠴᠢᠯᠡᠭᠡᠨ᠎ᠤ ᠦᠨᠡᠨ᠎ᠢ ᠭᠣᠣᠯᠳᠠᠭᠤ ᠦᠢ᠍ᠯᠡᠳᠪᠦᠷᠢᠯᠡᠯ᠎ᠤᠨ ᠥᠪᠡᠷ᠎ᠤᠨ ᠦᠷᠳᠡᠭ ᠪᠣᠯᠣᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡᠨ᠎ᠤ ᠪᠠᠶ᠋ᠢᠳᠠᠯ᠎ᠠᠴᠠ ᠲᠣᠭᠲᠠᠭ᠋ᠠᠭᠳᠠᠵᠤ᠂ ᠵᠦᠢ ᠵᠣᠬᠢᠰᠲᠠᠶ ᠦᠨ᠎ᠡ ᠬᠠᠩᠰᠢ᠎ᠨᠢ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠢ ᠠᠬᠢᠭᠤᠯᠬᠤ᠎ᠳᠤ ᠠᠰᠢᠭᠲᠠᠶ ᠪᠠᠢ᠌ᠵᠤ᠂ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠤᠨ ᠥᠪᠡᠷ᠎ᠤᠨ ᠦᠷᠳᠡᠭ᠎ᠢ ᠪᠠᠭᠤᠷᠠᠭᠤᠯᠬᠤ ᠪᠠ ᠲᠠᠸᠠᠷ ᠪᠣᠯᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠳᠡᠭᠡᠭᠰᠢᠯᠡᠭᠦᠯᠬᠦ ᠵᠢ ᠵᠣᠷᠢᠭᠵᠢᠭᠤᠯᠤᠨ᠎ᠠ᠃ ᠵᠢᠱ᠌ᠢᠶᠡᠯᠡᠪᠡᠯ ᠤᠢ᠍ᠢ᠍ᠷ᠎ᠠ ᠵᠢᠨ ᠵᠢᠯ᠎ᠤᠳ᠎ᠲᠤ ᠶᠠᠷᠢᠶ᠎ᠠ ᠬᠡᠯᠡᠯᠴᠡᠭᠡᠨ᠎ᠤ ᠮᠡᠳᠡᠭᠡᠯᠡᠯ ᠵᠶ᠋ᠠᠷ ᠬᠢᠮᠳᠠᠬᠠᠨ ᠡᠮ᠎ᠤᠨ ᠵᠦᠢ᠍ᠯ᠎ᠢ ᠬᠤᠳᠠᠯᠳᠤᠨ ᠠᠪᠬᠤ᠎ᠳᠤ ᠬᠦᠴᠢᠷ᠎ᠲᠠᠢ ᠪᠠᠢ᠌ᠬᠤ ᠠᠰᠠᠭᠤᠳᠠᠯ᠎ᠨᠢ ᠥᠩᠭᠡᠷᠡᠭᠰᠡᠨ᠎ᠳᠤ ᠵᠠᠰᠠᠭ᠎ᠤᠨ ᠣᠷᠳᠣᠨ᠎ᠤ ᠦᠨ᠎ᠡ ᠲᠣᠭᠲᠠᠭ᠋ᠠᠬᠤ ᠵᠢ ᠳᠠᠩᠴᠢ ᠦᠬᠦᠮᠡᠯ ᠵᠶ᠋ᠠᠷ ᠬᠠᠮᠢᠶᠠᠷᠴᠤ᠂ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠡᠮ᠎ᠤᠨ ᠵᠦᠢ᠍ᠯ᠎ᠤᠨ ᠦᠨ᠎ᠡ ᠬᠠᠩᠰᠢ᠎ᠨᠢ ᠦᠢ᠍ᠯᠡᠳᠪᠦᠷᠢᠯᠡᠯ᠎ᠤᠨ ᠥᠪᠡᠷ᠎ᠤᠨ ᠦᠷᠳᠡᠭ ᠪᠣᠯᠣᠨ ᠬᠠᠩᠭ᠋ᠠᠯᠭ᠎ᠠ ᠬᠡᠷᠡᠭᠴᠡᠭᠡ ᠵᠢᠨ ᠪᠠᠶ᠋ᠢᠳᠠᠯ᠎ᠢ ᠦᠨᠳᠦᠰᠦᠯᠡᠨ ᠴᠠᠭ ᠲᠤᠬᠠᠶ᠎ᠳᠤᠨᠢ ᠳᠤᠬᠢᠷᠠᠭᠤᠯᠤᠯᠳᠠ ᠬᠢᠭᠰᠡᠨ ᠦᠭᠡᠢ᠎ᠠᠴᠠ ᠪᠣᠯᠣᠭ᠋ᠠᠳ ᠡᠮ᠎ᠤᠨ ᠵᠦᠢ᠍ᠯ᠎ᠢ ᠦᠢ᠍ᠯᠡᠳᠪᠦᠷᠢᠯᠡᠬᠦ ᠠᠵᠤ ᠠᠬᠤᠶ᠋ᠢᠯᠠᠯ ᠠᠰᠢᠭ ᠣᠷᠣᠯᠭ᠎ᠠ᠎ᠨᠢ ᠪᠠᠭ᠎ᠠ ᠪᠣᠯᠤᠭᠰᠠᠨ ᠪᠤᠶᠤ ᠴᠢᠨᠠᠭᠰᠢᠯᠠᠭ᠋ᠠᠳ ᠠᠯᠳᠠᠭᠳᠠᠯ᠎ᠲᠠᠢ ᠪᠤᠯᠵᠤ᠂ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠤᠨ ᠢᠳᠡᠪᠬᠢᠵᠢᠯ᠎ᠳᠤ ᠬᠦᠨᠳᠦ ᠨᠣᠴᠢᠲᠠᠶ ᠴᠣᠬᠢᠯᠲᠠ ᠥᠭᠴᠦ᠂ ᠬᠡᠰᠡᠭ ᠡᠮ᠎ᠤᠨ ᠵᠦᠢ᠍ᠯ᠎ᠨᠢ ᠵᠠᠬ᠎ᠠ ᠳᠡᠯᠭᠡᠭᠦᠷ ᠠᠴᠠ ᠠᠷᠢᠯᠬᠤ᠎ᠨᠢ ᠴᠦ᠍ ᠬᠠᠴᠢᠨ ᠶᠠᠪᠤᠳᠠᠯ ᠪᠢᠰᠢ ᠪᠣᠯᠵᠠᠢ᠃ ᠬᠡᠯᠡᠯᠭᠡᠨ ᠦᠭᠡᠢ᠂ ᠦᠨ᠎ᠡ ᠬᠠᠩᠰᠢ ᠵᠢᠨ ᠠᠰᠠᠭᠤᠳᠠᠯ᠎ᠨᠢ ᠴᠢᠯᠦᠭᠡᠲᠡᠢ ᠲᠠᠯᠪᠢᠬᠤ᠎ᠪᠠᠷ ᠰᠢᠢ᠍ᠳᠪᠦᠷᠢᠯᠡᠭᠳᠡᠳᠡᠭ ᠪᠢᠰᠢ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠵᠢ ᠤᠶᠠᠯᠳᠤᠭᠤᠯᠬᠤ᠂ ᠡᠭᠦᠷᠭᠡ ᠴᠢᠳᠠᠪᠤᠷᠢ ᠵᠢ ᠬᠤᠪᠢᠷᠠᠭᠤᠯᠬᠤ ᠡᠨᠡ ᠭᠤᠷᠪᠠ ᠪᠣᠯ ᠨᠢᠭᠡ ᠴᠣᠭᠴᠠ ᠪᠣᠯᠣᠨ᠎ᠠ᠂ ᠴᠢᠯᠥᠭᠡᠲᠡᠶ ᠪᠣᠯᠭ᠋ᠠᠬᠤ ᠵᠣᠷᠢᠯᠭ᠎ᠠ ᠪᠣᠯ ᠨᠡᠩ ᠰᠡᠢ᠍ᠢ᠍ᠠ ᠬᠠᠮᠢᠶᠠᠷᠬᠤ᠎ᠤᠨ ᠲᠥᠯᠥᠭᠡ᠂ ᠤᠯᠠᠨ ᠲᠦᠮᠡᠨ᠎ᠳᠤ ᠨᠡᠩ ᠠᠰᠢᠭᠲᠠᠶ ᠪᠣᠯᠭ᠋ᠠᠬᠤ ᠵᠢᠨ ᠲᠥᠯᠥᠭᠡ ᠶᠤᠮ᠃ ᠭᠦᠢ᠍ᠴᠡᠳ ᠥᠷᠢᠰᠥᠯᠳᠦᠭᠡᠨ᠎ᠲᠠᠢ ᠲᠠᠸᠠᠷ ᠪᠣᠯᠣᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠴᠢᠯᠥᠭᠡᠲᠡᠶ ᠲᠠᠯᠪᠢᠪᠠᠯ ᠭᠦᠢ᠍ᠴᠡᠳ ᠥᠷᠢᠰᠥᠯᠳᠦᠬᠦ ᠵᠢ ᠪᠡᠶᠡᠯᠡᠭᠦᠯᠬᠦ᠎ᠳᠤ ᠠᠰᠢᠭᠲᠠᠶ᠂ ᠥᠷᠢᠰᠥᠯᠳᠦᠭᠡᠨ ᠵᠶ᠋ᠠᠷ ᠳᠠᠮᠵᠢᠭᠤᠯᠤᠨ ᠵᠦᠢ ᠵᠣᠬᠢᠰᠲᠠᠶ ᠦᠨ᠎ᠡ ᠬᠠᠩᠰᠢ ᠪᠤᠢ ᠪᠣᠯᠵᠤ᠂ ᠬᠡᠷᠡᠭᠯᠡᠭᠴᠢᠳ᠎ᠲᠤ ᠨᠡᠩ ᠠᠰᠢᠭᠲᠠᠶ ᠪᠣᠯᠬᠤ ᠶᠤᠮ᠃ ᠭᠡᠪᠡᠴᠦ 《ᠦᠨ᠎ᠡ ᠬᠠᠩᠰᠢ ᠵᠢ ᠭᠠᠭᠴᠠᠭ᠋ᠠᠷ ᠡᠵᠡᠷᠬᠡᠵᠦ》᠂ 《ᠦᠨ᠎ᠡ ᠬᠠᠩᠰᠢ ᠵᠢᠨ ᠮᠡᠬᠡᠯᠡᠯ ᠶᠠᠪᠤᠭᠤᠯᠬᠤ》 ᠵᠡᠷᠭᠡ ᠵᠠᠬ᠎ᠠ ᠳᠡᠯᠭᠡᠭᠦᠷ᠎ᠤᠨ ᠬᠡᠪ᠎ᠤᠨ ᠡᠮᠬᠢ ᠵᠢᠷᠤᠮ ᠪᠣᠯᠣᠨ ᠬᠡᠷᠡᠭᠯᠡᠭᠴᠢᠳ᠎ᠤᠨ ᠠᠰᠢᠭ ᠲᠤᠰᠠ ᠵᠢ ᠬᠣᠪᠢᠷᠠᠭᠤᠯᠬᠤ ᠠᠰᠠᠭᠤᠳᠠᠯ᠎ᠤᠳ ᠢᠯᠡᠷᠡᠬᠦ ᠵᠢ ᠡᠭᠦᠰᠭᠡᠵᠦ ᠪᠣᠯᠬᠤ ᠦᠭᠡᠢ᠂ ᠡᠨᠡ᠎ᠨᠢ ᠳᠠᠷᠤᠶ ᠪᠢᠳᠠᠨ᠎ᠤ ᠦᠨ᠎ᠡ ᠬᠠᠩᠰᠢ ᠵᠢ ᠴᠢᠯᠥᠭᠡᠲᠡᠶ ᠪᠣᠯᠭ᠋ᠠᠬᠤ ᠶᠠᠪᠤᠴᠠ᠎ᠳᠤ ᠪᠠᠰᠠ ᠬᠢᠨᠠᠨ ᠬᠠᠮᠢᠶᠠᠷᠤᠯᠲᠠ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠲᠡᠳᠡᠭᠡᠷ ᠦᠨ᠎ᠡ ᠬᠠᠩᠰᠢ ᠵᠢᠨ ᠲᠠᠯ᠎ᠠ᠎ᠪᠠᠷ ᠮᠡᠬᠡᠯᠡᠨ ᠬᠢᠬᠠᠬᠤ᠂ ᠭᠠᠭᠴᠠᠭ᠋ᠠᠷ ᠡᠵᠡᠮᠰᠢᠬᠦ ᠵᠢᠴᠢ ᠦᠨ᠎ᠡ ᠬᠠᠩᠰᠢ ᠵᠢᠨ ᠬᠣᠯᠪᠣᠭ᠎ᠠ ᠪᠠᠢ᠌ᠭᠤᠯᠬᠤ ᠵᠡᠷᠭᠡ ᠬᠠᠤᠯᠢ ᠪᠤᠰᠤ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠂ ᠦᠨ᠎ᠡ ᠬᠠᠩᠰᠢ ᠵᠢᠨ ᠥᠭᠡᠷᠡᠴᠢᠯᠡᠯᠲᠡ ᠵᠢ ᠨᠡᠶ᠋ᠢᠭᠡᠮ ᠨᠡᠢ᠌ᠲᠡ᠂ ᠤᠯᠠᠨ ᠲᠦᠮᠡᠨ᠎ᠳᠤ ᠦᠨᠡᠨ ᠬᠦ᠌ ᠠᠰᠢᠭᠲᠠᠶ ᠪᠠᠢ᠌ᠯᠭ᠋ᠠᠬᠤ ᠬᠡᠷᠡᠭᠲᠡᠢ᠃
ᠬᠥᠲᠥᠯᠥᠭᠴᠢ᠄
《ᠦᠨ᠎ᠡ ᠲᠣᠭᠲᠠᠭ᠋ᠠᠬᠤ ᠭᠠᠷᠴᠠᠭ》᠎ᠢ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠵᠢᠨ ᠲᠥᠯᠥᠭᠡ᠂ ᠦᠨ᠎ᠡ ᠬᠠᠩᠰᠢ ᠵᠢᠨ ᠬᠠᠮᠢᠶᠠᠷᠤᠯᠲᠠ ᠵᠢᠨ ᠵᠠᠰᠠᠭ᠎ᠢ ᠴᠤᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠵᠢ ᠲᠣᠭᠲᠠᠭᠤᠨ ᠬᠡᠷᠡᠭᠵᠢᠭᠦᠯᠦᠭᠳᠡᠬᠦ ᠵᠢ ᠪᠠᠲᠤᠯᠠᠬᠤ᠎ᠳᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ?
ᠸᠠᠩ ᠵᠢᠨ ᠪᠤᠤ᠄
ᠰᠢᠨ᠎ᠡ᠎ᠪᠠᠷ ᠵᠠᠰᠠᠪᠤᠷᠢᠯᠠᠭᠰᠠᠨ 《ᠦᠨ᠎ᠡ ᠲᠣᠭᠲᠠᠭ᠋ᠠᠬᠤ ᠭᠠᠷᠴᠠᠭ》᠎ᠢ ᠨᠡᠶ᠋ᠢᠲᠡᠯᠡᠨ ᠬᠡᠷᠡᠭᠵᠢᠭᠦᠯᠦᠭᠰᠡᠨ᠎ᠤ ᠲᠡᠷᠡᠭ᠎ᠠ᠂ ᠴᠢᠬᠤᠯᠠ ᠲᠠᠸᠠᠷ ᠪᠣᠯᠣᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠦᠨᠳᠦᠰᠦᠨ᠎ᠳᠡᠭᠡᠨ ᠲᠣᠭᠲᠠᠪᠤᠷᠢᠲᠠᠶ ᠪᠠᠶ᠋ᠢᠬᠤ ᠵᠢ ᠪᠠᠲᠤᠯᠠᠵᠤ᠂ ᠬᠡᠷᠡᠭᠯᠡᠭᠴᠢᠳ ᠪᠣᠯᠤᠨ ᠡᠵᠡᠩᠨᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠤᠰᠠᠳᠠ᠂ ᠪᠢᠳᠡ ᠠᠯᠢ ᠤᠯᠠᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠲᠣᠭᠲᠠᠭ᠋ᠠᠪᠠ᠃ ᠵᠠᠰᠠᠭ᠎ᠤᠨ ᠣᠷᠳᠣᠨ᠎ᠠᠴᠠ ᠦᠨ᠎ᠡ ᠲᠣᠭᠲᠠᠭ᠋ᠠᠬᠤ ᠬᠠᠮᠢᠶᠠᠷᠤᠯᠲᠠ ᠵᠢ ᠬᠡᠷᠡᠭᠵᠢᠭᠦᠯᠬᠦ᠎ᠪᠠᠷ ᠦᠯᠡᠳᠡᠭᠡᠭᠰᠡᠨ ᠲᠥᠷᠥᠯ ᠵᠦᠢ᠍ᠯ᠎ᠢ ᠪᠣᠯ ᠦᠨ᠎ᠡ ᠲᠣᠭᠲᠠᠭ᠋ᠠᠬᠤ ᠳᠡᠰ ᠳᠠᠷᠠᠭ᠋ᠠᠯᠠᠯ᠂ ᠥᠪᠡᠷ᠎ᠤᠨ ᠦᠷᠳᠡᠭ᠎ᠤᠨ ᠳᠦᠷᠢᠮ ᠳᠤᠭᠲᠠᠭ᠋ᠠᠯ᠂ ᠮᠡᠳᠡᠭᠡ ᠵᠠᠩᠭᠢ ᠵᠢ ᠢᠯᠡ ᠪᠣᠯᠭ᠋ᠠᠬᠤ ᠵᠡᠷᠭᠡ ᠢᠵᠢ ᠪᠦᠷᠢᠳᠦᠭᠦᠯᠬᠦ ᠥᠭᠡᠷᠡᠴᠢᠯᠡᠯᠲᠡ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠦᠨ᠎ᠡ ᠲᠣᠭᠲᠠᠭ᠋ᠠᠬᠤ ᠠᠵᠢᠯᠯᠠᠭ᠎ᠠ ᠨᠡᠷᠡᠨ᠎ᠤ ᠳᠣᠣᠷ᠎ᠠ ᠢᠯᠡ ᠲᠣᠳᠣ ᠶᠠᠪᠤᠭᠳᠠᠬᠤ ᠵᠢ ᠦᠨᠡᠨ ᠬᠦ᠌ ᠪᠠᠲᠤᠯᠠᠪᠠ; ᠵᠠᠬ᠎ᠠ ᠳᠡᠯᠭᠡᠭᠦᠷ᠎ᠠᠴᠠ ᠦᠨ᠎ᠡ ᠲᠣᠬᠢᠷᠠᠭᠤᠯᠬᠤ ᠵᠢ ᠬᠡᠷᠡᠭᠵᠢᠭᠦᠯᠬᠦ ᠲᠥᠷᠥᠯ ᠵᠦᠢ᠍ᠯ᠎ᠢ ᠪᠣᠯ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ᠂ ᠢᠯᠠᠩᠭᠤᠶ᠎ᠠ ᠠᠵᠢᠯ ᠲᠥᠷᠥᠯ᠎ᠤᠨ ᠬᠠᠮᠢᠶᠠᠷᠤᠯᠲᠠ ᠪᠣᠯᠤᠨ ᠦᠨ᠎ᠡ ᠬᠠᠩᠰᠢ ᠵᠢᠨ ᠠᠵᠢᠯᠯᠠᠭ᠎ᠠ ᠵᠢᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠠᠵᠢᠯᠯᠠᠭ᠋ᠠᠨ᠎ᠤ ᠲᠣᠭᠲᠠᠭᠤᠨ᠎ᠢ ᠪᠠᠲᠤᠯᠠᠪᠠ᠃ ᠪᠣᠳᠠᠲᠠᠶ ᠠᠷᠭ᠎ᠠ ᠬᠡᠮᠵᠢᠶ᠎ᠡ᠎ᠨᠢ ᠭᠣᠣᠯᠳᠠᠭᠤ ᠡᠵᠡᠩᠨᠡᠭᠴᠢ ᠦᠨ᠎ᠡ ᠬᠠᠩᠰᠢ ᠪᠠᠨ ᠢᠯᠠ ᠬᠠᠳᠠᠬᠤ᠂ ᠰᠦᠢ᠍ᠳᠬᠡᠯ ᠬᠤᠷᠢᠶᠠᠬᠤ ᠵᠢ ᠵᠠᠷᠯᠠᠨ ᠮᠡᠳᠡᠭᠳᠡᠬᠦ ᠠᠵᠢᠯ᠎ᠢ ᠰᠢᠮᠳᠠᠭᠤᠯᠵᠤ᠂ ᠦᠨ᠎ᠡ ᠬᠠᠩᠰᠢ ᠵᠢᠨ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠦᠨ᠎ᠡ ᠬᠠᠩᠰᠢ ᠵᠢᠨ ᠮᠡᠬᠡᠯᠡᠯ ᠪᠣᠯᠣᠨ ᠦᠨ᠎ᠡ ᠬᠠᠩᠰᠢ ᠵᠢᠨ ᠭᠠᠭᠴᠠᠭ᠋ᠠᠷ ᠡᠵᠡᠷᠬᠡᠭᠯᠡᠯ ᠵᠡᠷᠭᠡ ᠬᠠᠤᠯᠢ᠎ᠠᠴᠠ ᠵᠥᠷᠢᠴᠡᠭᠰᠡᠨ ᠦᠨ᠎ᠡ ᠬᠠᠩᠰᠢ ᠵᠢᠨ ᠦᠢ᠍ᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ ᠂ ᠡᠵᠡᠩᠨᠡᠭᠴᠢ ᠵᠢᠨ ᠦᠨ᠎ᠡ ᠬᠠᠩᠰᠢ ᠵᠢᠨ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠵᠢᠨ ᠬᠠᠮᠲᠤ ᠦᠨ᠎ᠡ ᠬᠠᠩᠰᠢ ᠵᠢᠨ ᠬᠢᠨᠠᠨ ᠬᠡᠮᠵᠢᠵᠦ ᠵᠠᠳᠠᠯᠤᠨ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠴᠢᠬᠤᠯᠠ ᠲᠠᠸᠠᠷ ᠪᠣᠯᠣᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠬᠥᠳᠡᠯᠦᠩᠭᠦᠶ ᠪᠠᠢ᠌ᠳᠠᠯ᠎ᠢ ᠡᠵᠡᠮᠳᠡᠵᠦ᠂ ᠠᠵᠢᠯ ᠲᠦᠷᠦᠯ᠎ᠤᠨ ᠨᠡᠶ᠋ᠢᠭᠡᠮᠯᠢᠭ᠂ ᠲᠤᠰᠬᠠᠶ ᠮᠡᠷᠭᠡᠵᠢᠯ᠎ᠤᠨ ᠵᠣᠬᠢᠶᠠᠨ ᠪᠠᠢ᠌ᠭᠤᠯᠤᠯᠲᠠ ᠦᠨ᠎ᠡ ᠬᠠᠩᠰᠢ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡ ᠦᠷᠨᠢᠭᠦᠯᠬᠦ ᠵᠢ ᠬᠦᠲᠦᠯᠦᠨ ᠵᠢᠯᠣᠭᠣᠳᠴᠤ᠂ ᠲᠠᠸᠠᠷ ᠪᠣᠯᠣᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠮᠡᠳᠡᠭᠡ ᠵᠠᠩᠭᠢ ᠵᠢᠨ ᠢᠯᠡ ᠲᠣᠳᠣ ᠵᠢᠨ ᠬᠡᠮᠵᠢᠶ᠎ᠡ ᠵᠢ ᠳᠡᠭᠡᠭᠰᠢᠯᠡᠭᠦᠯᠪᠡ᠃ ᠪᠢᠳᠡ ᠪᠠᠰᠠ ᠬᠢᠨᠠᠨ ᠬᠠᠮᠢᠶᠠᠷᠬᠤ ᠲᠣᠭᠲᠠᠴᠠ ᠵᠢ ᠲᠦᠷᠭᠡᠨ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠴᠢᠳᠠᠮᠵᠢ ᠵᠢ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠠᠴᠠ ᠴᠢᠨᠠᠷ ᠪᠠ ᠦᠨᠡᠨ᠎ᠢ ᠲᠡᠩᠴᠡᠭᠦᠬᠡᠨ ᠲᠠᠸᠠᠷ ᠪᠠ ᠦᠢ᠍ᠯᠡᠴᠢᠯᠡᠭᠡ ᠬᠠᠩᠭ᠋ᠠᠬᠤ ᠵᠢ ᠰᠢᠮᠳᠠᠭᠤᠯᠵᠤ᠂ ᠵᠠᠬ᠎ᠠ ᠳᠡᠯᠭᠡᠭᠦᠷ ᠤᠨ ᠢᠯᠡ ᠲᠣᠳᠣ ᠲᠥᠪ ᠭᠣᠣᠯᠴᠢ ᠣᠷᠴᠢᠨ ᠲᠣᠭᠤᠷᠢᠨ᠎ᠢ ᠪᠤᠢ ᠪᠣᠯᠭ᠋ᠠᠨ᠎ᠠ᠃
ᠡ᠊ᠨᠳᠡ ᠪᠢ ᠪᠠᠰᠠ ᠡᠨᠡᠬᠦ ᠲᠣᠬᠢᠶᠠᠯ᠎ᠢ ᠠᠰᠢᠭᠯᠠᠨ ᠪᠢᠳᠡᠨ᠎ᠤ ᠦᠨ᠎ᠡ ᠬᠠᠩᠰᠢ ᠵᠢᠨ ᠢᠯᠡᠴᠢᠯᠡᠨ ᠮᠡᠳᠡᠭᠦᠯᠬᠦ ᠲᠠᠪᠴᠠᠩ᠎ᠢ ᠲᠠᠨᠢᠯᠴᠠᠭᠤᠯᠤᠶ᠎ᠠ ᠭᠡᠵᠦ ᠪᠣᠳᠣᠵᠤ ᠪᠠᠢ᠍ᠨ᠎ᠠ᠃ ᠬᠡᠷᠪᠡ ᠤᠯᠠᠨ ᠵᠶ᠋ᠠᠷ ᠵᠶ᠋ᠠᠨ ᠦᠨ᠎ᠡ ᠬᠠᠩᠰᠢ ᠵᠢᠨ ᠵᠢᠭᠤᠷᠠᠯᠳᠤᠭ᠋ᠠᠨ᠎ᠳᠤ ᠲᠤᠯᠭ᠋ᠠᠷᠠᠪᠠᠯ᠂ 《12358》 ᠨᠣᠮᠸᠷᠲᠦ ᠦᠨ᠎ᠡ ᠬᠠᠩᠰᠢ ᠵᠢᠨ ᠢᠯᠡᠴᠢᠯᠡᠯᠲᠡ ᠵᠢᠨ ᠤᠲᠠᠰᠤ ᠵᠢ ᠤᠲᠠᠰᠤᠳᠠᠵᠤ ᠯᠠᠪᠯᠠᠨ ᠠᠰᠠᠭᠤᠵᠤ ᠵᠠᠭ᠋ᠠᠯᠳᠤᠵᠤ ᠪᠣᠯᠣᠨ᠎ᠠ᠃ ᠣᠯᠠᠨ ᠵᠢᠯ ᠤᠨ ᠪᠠᠢ᠌ᠭᠤᠯᠤᠯᠲᠠ᠎ᠪᠠᠷ ᠳᠠᠮᠵᠢᠭ᠋ᠠᠳ᠂ ᠡᠨᠡ ᠵᠢᠯ᠂ ᠮᠠᠨ᠎ᠤ ᠣᠷᠣᠨ 12358 ᠨᠣᠮᠸᠷᠲᠦ ᠦᠨ᠎ᠡ ᠬᠠᠩᠰᠢ ᠵᠢᠨ ᠢᠯᠡᠴᠢᠯᠡᠨ ᠮᠡᠳᠡᠭᠦᠯᠬᠦ ᠮᠡᠳᠡᠭᠡ ᠵᠠᠩᠭᠢ ᠵᠢᠨ ᠰᠢᠰᠲ᠋ᠧᠮ᠎ᠢ ᠪᠦᠬᠦ ᠲᠠᠯ᠎ᠠ᠎ᠪᠠᠷ ᠲᠡᠰ ᠳᠡᠪᠰᠢᠭᠦᠯᠦᠨ ᠥᠭᠡᠷᠡᠴᠢᠯᠡᠵᠦ᠂ ᠦᠨ᠎ᠡ ᠬᠠᠩᠰᠢ ᠵᠢᠨ ᠢᠯᠡᠴᠢᠯᠡᠨ ᠮᠡᠳᠡᠭᠦᠯᠦᠯᠲᠡ ᠵᠢᠨ ᠲᠣᠭ᠋ᠠᠴᠢᠯᠠᠬᠤ᠂ ᠮᠡᠳᠡᠭᠡ ᠵᠠᠩᠭᠢᠴᠢᠯᠠᠬᠤ ᠵᠢ ᠪᠡᠶᠡᠯᠡᠭᠦᠯᠵᠡᠢ᠂ ᠣᠳᠣᠬᠠᠨ᠎ᠳᠤ᠂ ᠪᠦᠬᠦ ᠣᠷᠣᠨ᠎ᠤ 116 ᠳ᠋ᠢᠶᠠᠩᠬᠤᠸᠠ ᠵᠢᠨ ᠰᠠᠭᠤᠳᠠᠯ᠎ᠢ ᠴᠦᠮ ᠨᠡᠪᠲᠡᠷᠡᠭᠦᠯᠵᠦ᠂ ᠤᠲᠠᠰᠤᠨ ᠳᠡᠭᠡᠷ᠎ᠡ ᠪᠠᠢ᠌ᠬᠤ ᠨᠤᠷᠮ᠎ᠠ ᠵᠢ 96%᠎ᠠᠴᠠ ᠳᠡᠭᠡᠭᠰᠢ ᠪᠠᠶ᠋ᠢᠯᠭ᠋ᠠᠬᠤ ᠵᠢ ᠪᠠᠲᠤᠯᠠᠪᠠ᠃ ᠪᠢᠳᠡ ᠪᠠᠰᠠ ᠶᠠᠭ ᠲᠣᠣᠷᠴᠢᠯᠠᠭᠰᠠᠨ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠤᠨ ᠪᠠᠶ᠋ᠢᠭᠤᠯᠤᠯᠲᠠ ᠵᠢ ᠶᠠᠪᠣᠭᠲᠠᠭᠤᠯᠵᠤ᠂ ᠡᠵᠡᠩᠨᠡᠭᠴᠢᠳ᠎ᠤᠨ ᠭᠠᠵᠠᠷ ᠵᠦᠢ ᠵᠢᠨ ᠪᠠᠶ᠋ᠢᠷᠢᠯᠠᠯ᠂ ᠲᠣᠭ᠎ᠠ ᠬᠡᠮᠵᠢᠶ᠎ᠡ᠂ ᠬᠡᠪᠴᠢᠶ᠎ᠡ ᠪᠣᠯᠤᠨ ᠠᠵᠢᠯ ᠲᠦᠷᠦᠯ᠎ᠤᠨ ᠲᠠᠷᠬᠠᠴᠠ ᠵᠡᠷᠭᠡ ᠪᠠᠶ᠋ᠢᠳᠠᠯ ᠵᠶ᠋ᠡᠷ ᠡᠯ᠎ᠡ ᠭᠠᠵᠠᠷ᠎ᠤᠨ ᠦᠨ᠎ᠡ ᠬᠠᠩᠰᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠮᠢᠶᠠᠷᠤᠯᠲᠠ ᠵᠢᠨ ᠣᠷᠣᠨ᠎ᠢ ᠡᠳᠦᠶ ᠲᠡᠳᠦᠶ ᠣᠷᠣᠨ ᠪᠣᠯᠭ᠋ᠠᠨ ᠬᠣᠪᠢᠶᠠᠵᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠵᠠᠳᠠᠯᠤᠨ ᠬᠤᠪᠢᠶᠠᠯᠴᠠᠵᠤ᠂ ᠬᠠᠷᠢᠭᠤᠴᠠᠯᠭ᠎ᠠ ᠵᠢᠨ ᠭᠣᠣᠯ ᠴᠣᠭᠴᠠ ᠵᠢ ᠲᠣᠲᠤᠷᠬᠠᠢ᠌ᠯᠠᠨ᠂ 《ᠬᠥᠨᠳᠡᠯᠡᠨ ᠵᠶ᠋ᠠᠷ ᠬᠦᠪᠡᠭᠡᠳᠤ ᠬᠦᠷᠬᠦ᠂ ᠭᠤᠯᠳᠤ᠎ᠪᠠᠷ ᠢᠵᠠᠭᠤᠷ᠎ᠲᠤ ᠲᠣᠯᠬᠤ》 ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢᠨ ᠲᠣᠣᠷᠯᠠᠯᠢ ᠪᠦᠷᠢᠯᠳᠦᠭᠦᠯᠵᠦ᠂ 《ᠲᠣᠣᠷ᠎ᠨᠢ ᠬᠡᠰᠡᠭᠯᠡᠯ᠎ᠢ ᠲᠣᠭᠲᠠᠭ᠋ᠠᠬᠤ᠂ ᠬᠡᠰᠡᠭᠯᠡᠯ᠎ᠨᠢ ᠬᠥᠮᠦᠨ᠎ᠢ ᠲᠣᠭᠲᠠᠭ᠋ᠠᠬᠤ᠂ ᠬᠥᠮᠦᠨ᠎ᠨᠢ ᠬᠠᠷᠢᠭᠤᠴᠠᠯᠭ᠎ᠠ ᠵᠢ ᠲᠣᠭᠲᠠᠭ᠋ᠠᠬᠤ》 ᠰᠡᠳᠬᠢᠴᠡ ᠵᠢᠨ ᠶᠣᠰᠣᠭ᠋ᠠᠷ᠂ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢᠨ ᠥᠷᠭᠡᠨ ᠵᠶ᠋ᠡᠷ ᠪᠦᠷᠬᠦᠬᠦ ᠪᠠ ᠬᠡᠪᠰᠢᠭᠦᠯᠬᠦ ᠵᠢ ᠪᠡᠶᠡᠯᠡᠭᠦᠯᠪᠡ᠃ ᠬᠣᠶ᠋ᠢᠰᠢᠳᠠ ᠤᠯᠠᠨ ᠵᠶ᠋ᠠᠷ ᠵᠶ᠋ᠠᠨ ᠤᠯᠤᠰ᠎ᠤᠨ ᠪᠠᠶᠠᠷ᠎ᠤᠨ ᠬᠤᠭᠤᠴᠠᠭ᠋ᠠᠨ᠎ᠳᠠᠬᠢ 《ᠴᠢᠩᠳᠣᠤ ᠵᠢᠨ ᠲᠡᠭᠷᠢ ᠲᠤᠯᠤᠮ᠎ᠠ ᠦᠨ᠎ᠡ᠎ᠲᠠᠢ ᠰᠠᠮ》 ᠮᠡᠲᠦ ᠵᠢᠨ ᠦᠨ᠎ᠡ ᠬᠠᠩᠰᠢ ᠵᠢᠨ ᠮᠡᠬᠡᠯᠡᠯ᠎ᠤᠨ ᠦᠢ᠍ᠯᠡ ᠠᠵᠢᠯᠯᠠᠭ᠎ᠠ ᠲᠤᠯᠭ᠋ᠠᠷᠠᠬᠤ᠎ᠳᠤ ᠬᠦᠷᠪᠡᠯ᠂ 《12358》 ᠨᠣᠮᠸᠷᠲᠦ ᠤᠲᠠᠰᠤ᠎ᠪᠠᠷ ᠳᠠᠮᠵᠢᠭᠤᠯᠤᠨ ᠵᠠᠭ᠋ᠠᠯᠳᠤᠨ ᠢᠯᠡᠴᠢᠯᠡᠵᠦ᠂ ᠮᠠᠨ᠎ᠤ ᠦᠨ᠎ᠡ ᠬᠠᠩᠰᠢ ᠵᠢᠨ ᠬᠠᠤᠯᠢ ᠬᠡᠷᠡᠭᠵᠢᠭᠦᠯᠬᠦ ᠠᠵᠢᠯᠲᠠᠳ ᠥᠷᠭᠡᠨ ᠤᠯᠠᠨ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠪᠣᠯᠤᠨ᠎ᠠ᠃
ᠬᠥᠲᠥᠯᠥᠭᠴᠢ᠄
《ᠦᠨ᠎ᠡ ᠲᠣᠭᠲᠠᠭ᠋ᠠᠬᠤ ᠭᠠᠷᠴᠠᠭ》 ᠲᠤ ᠵᠠᠰᠠᠪᠤᠷᠢ ᠣᠷᠣᠭᠤᠯᠤᠭᠰᠠᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠦᠨ᠎ᠡ ᠬᠠᠩᠰᠢ ᠵᠢᠨ ᠥᠭᠡᠷᠡᠴᠢᠯᠡᠯᠲᠡ᠎ᠨᠢ ᠪᠠᠰᠠ ᠶᠠᠮᠠᠷ ᠶᠠᠮᠠᠷ ᠴᠢᠬᠤᠯᠠ ᠠᠵᠢᠯ ᠬᠢᠭᠰᠡᠨ ᠪᠤᠢ? ᠸᠠᠩ ᠵᠢᠨ ᠪᠤᠤ᠄
ᠡᠨᠡ ᠵᠢᠯ᠎ᠠᠴᠠ ᠨᠠᠰᠢ᠂ ᠮᠠᠨ᠎ᠤ ᠣᠷᠣᠨ ᠤᠯᠤᠰ᠎ᠤᠨ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠶᠣᠰᠣᠭ᠋ᠠᠷ᠂ 《ᠦᠨ᠎ᠡ ᠲᠣᠭᠲᠠᠭ᠋ᠠᠬᠤ ᠭᠠᠷᠴᠠᠭ》᠎ᠲᠤ ᠵᠠᠰᠠᠪᠤᠷᠢ ᠣᠷᠣᠭᠤᠯᠬᠤ ᠵᠢᠨ ᠬᠠᠮᠲᠤ᠂ ᠠᠯᠢ ᠣᠯᠠᠨ ᠭᠣᠣᠯᠳᠠᠯᠭ᠎ᠠ᠎ᠲᠠᠢ ᠬᠦᠷᠢᠶ᠎ᠡ ᠬᠡᠪᠴᠢᠶᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠢ ᠦᠷᠨᠢᠭᠦᠯᠪᠡ᠃ ᠡᠭᠦᠨ ᠲᠤᠲᠤᠷᠠᠬᠢ ᠬᠣᠶᠠᠷ ᠵᠦᠢ᠍ᠯ᠎ᠨᠢ ᠪᠦᠭᠦ ᠤᠯᠤᠰ᠎ᠤᠨ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠢᠭ᠋ ᠪᠣᠯᠣᠨ᠎ᠠ᠃ ᠨᠢᠭᠡ᠎ᠨᠢ ᠥᠪᠥᠷ ᠮᠣᠩᠭᠣᠯ᠎ᠤᠨ ᠪᠠᠷᠠᠭᠤᠨ ᠣᠷᠣᠨ᠎ᠤ ᠴᠠᠬᠢᠯᠭ᠋ᠠᠨ ᠲᠣᠣᠷ᠎ᠤᠨ ᠴᠠᠬᠢᠯᠭ᠋ᠠᠨ ᠳᠠᠮᠵᠢᠭᠤᠯᠬᠤ ᠪᠠ ᠬᠦᠷᠭᠡᠬᠦ ᠦᠨ᠎ᠡ ᠵᠢᠨ ᠥᠭᠡᠷᠡᠴᠢᠯᠡᠯᠲᠡ ᠪᠣᠯᠣᠨ᠎ᠠ᠃ ᠣᠳᠣᠬᠠᠨ᠎ᠳᠤ ᠮᠠᠨ᠎ᠤ ᠤᠯᠤᠰ᠎ᠤᠨ ᠴᠠᠬᠢᠯᠭ᠋ᠠᠨ ᠬᠦᠴᠦᠨ᠎ᠤ ᠦᠨ᠎ᠡ ᠬᠠᠩᠰᠢ ᠵᠢ ᠦᠨᠳᠦᠰᠦᠨ᠎ᠳᠡᠭᠡᠨ ᠴᠥᠮ ᠵᠠᠰᠠᠭ᠎ᠤᠨ ᠣᠷᠳᠣᠨ᠎ᠠᠴᠠ ᠲᠣᠭᠲᠠᠭ᠋ᠠᠵᠤ᠂ ᠵᠠᠰᠠᠭ᠎ᠤᠨ ᠣᠷᠳᠣᠨ 《ᠬᠣᠶᠠᠷ ᠲᠠᠯ᠎ᠠ ᠵᠢ ᠬᠠᠮᠢᠶᠠᠷᠴᠤ᠂ ᠳᠤᠮᠳᠠᠬᠢ ᠵᠢ ᠰᠤᠯᠠᠯᠠᠨ᠎ᠠ》᠂ 《ᠬᠣᠶᠠᠷ ᠲᠠᠯ᠎ᠠ》 ᠭᠡᠳᠡᠭ᠎ᠨᠢ ᠴᠠᠬᠢᠯᠭ᠋ᠠᠨ ᠭᠠᠷᠭ᠋ᠠᠬᠤ ᠲᠠᠯ᠎ᠠ ᠪᠣᠯᠣᠨ ᠴᠠᠬᠢᠯᠭ᠋ᠠᠨ ᠪᠣᠷᠣᠯᠠᠭᠤᠯᠬᠤ ᠲᠠᠯ᠎ᠠ ᠪᠠᠢ᠌ᠵᠤ᠂ 《ᠳᠤᠮᠳᠠᠬᠢ》 ᠭᠡᠳᠡᠭ᠎ᠨᠢ ᠴᠠᠬᠢᠯᠭ᠋ᠠᠨ ᠳᠠᠮᠵᠢᠭᠤᠯᠬᠤ ᠲᠠᠯ᠎ᠠ ᠲᠤᠬᠠᠶ᠋ᠢᠯᠠᠪᠠᠯ ᠴᠠᠬᠢᠯᠭ᠋ᠠᠨ ᠲᠣᠣᠷ᠎ᠤᠨ ᠺᠣᠮᠫᠠᠨᠢ ᠪᠣᠯᠣᠨ᠎ᠠ᠃ ᠴᠠᠬᠢᠯᠭ᠋ᠠᠨ ᠭᠠᠷᠭ᠋ᠠᠬᠤ ᠲᠠᠯ᠎ᠠ᠎ᠨᠢ ᠢᠯᠴᠢ ᠵᠢᠨ ᠴᠠᠬᠢᠯᠭ᠋ᠠᠨ᠂ ᠰᠠᠯᠬᠢᠨ ᠬᠦᠴᠦᠨ᠎ᠤ ᠴᠠᠬᠢᠯᠭ᠋ᠠᠨ᠂ ᠤᠰᠤᠨ ᠴᠠᠬᠢᠯᠭ᠋ᠠᠨ᠂ ᠭᠡᠷᠡᠯ ᠸᠣᠯᠲ ᠴᠠᠬᠢᠯᠭ᠋ᠠᠨ ᠭᠠᠷᠭ᠋ᠠᠬᠤ ᠵᠡᠷᠭᠡ ᠠᠳᠠᠯᠢ ᠪᠤᠰᠤ ᠴᠠᠬᠢᠯᠭ᠋ᠠᠨ ᠭᠠᠷᠭ᠋ᠠᠬᠤ ᠬᠡᠯᠪᠡᠷᠢ ᠵᠢ ᠵᠠᠰᠠᠭ᠎ᠤᠨ ᠣᠷᠳᠣᠨ᠎ᠠᠴᠠ ᠲᠤᠰ ᠲᠤᠰ ᠠᠳᠠᠯᠢ ᠪᠤᠰᠤ ᠲᠣᠣᠷ᠎ᠲᠤ ᠣᠷᠣᠬᠤ ᠴᠠᠬᠢᠯᠭ᠋ᠠᠨ᠎ᠤ ᠦᠨ᠎ᠡ ᠵᠢ ᠲᠣᠭᠲᠠᠭ᠋ᠠᠨ᠎ᠠ᠂ ᠥᠭᠡᠷ᠎ᠡ᠎ᠪᠠᠷ ᠬᠡᠯᠡᠪᠡᠯ ᠴᠠᠬᠢᠯᠭ᠋ᠠᠨ ᠭᠠᠷᠭ᠋ᠠᠬᠤ ᠦᠢ᠍ᠯᠡᠳᠪᠦᠷᠢ᠎ᠠᠴᠠ ᠴᠠᠬᠢᠯᠭ᠋ᠠᠨ ᠵᠶ᠋ᠠᠨ ᠴᠠᠬᠢᠯᠭ᠋ᠠᠨ ᠲᠣᠣᠷ ᠲᠤ ᠬᠤᠳᠠᠯᠳᠤᠵᠤ ᠥᠭᠬᠦ ᠦᠨ᠎ᠡ ᠪᠣᠯᠣᠨ᠎ᠠ᠂ ᠴᠠᠬᠢᠯᠭ᠋ᠠᠨ ᠪᠣᠷᠣᠯᠠᠭᠤᠯᠬᠤ ᠲᠠᠯ᠎ᠠ ᠭᠡᠳᠡᠭ᠎ᠨᠢ ᠴᠠᠬᠢᠯᠭ᠋ᠠᠨ ᠬᠡᠷᠡᠭᠯᠡᠬᠦ ᠡᠷᠦᠬᠡ ᠵᠢ ᠬᠡᠯᠡᠨ᠎ᠡ᠂ ᠰᠠᠭᠤᠭ᠋ᠠᠯᠢ ᠠᠷᠠᠳ᠂ ᠲᠤᠮᠤ ᠠᠵᠤ ᠦᠢ᠍ᠯᠡᠳᠪᠦᠷᠢ᠂ ᠡᠩ᠎ᠤᠨ ᠠᠵᠤ ᠦᠢ᠍ᠯᠡᠳᠪᠦᠷᠢ ᠬᠤᠳᠠᠯᠳᠤᠭ᠎ᠠ ᠵᠢᠨ ᠦᠢ᠍ᠯᠡᠰ ᠵᠡᠷᠭᠡ᠎ᠳᠤ ᠪᠣᠯ ᠲᠤᠰ ᠲᠤᠰ ᠴᠠᠬᠢᠯᠭ᠋ᠠᠨ ᠪᠣᠷᠣᠯᠠᠭᠤᠯᠬᠤ ᠠᠳᠠᠯᠢ ᠪᠤᠰᠤ ᠦᠨ᠎ᠡ ᠵᠢ ᠲᠣᠭᠲᠠᠭ᠋ᠠᠨ᠎ᠠ᠃ 2015 ᠣᠨ᠎ᠤ 1 ᠳ᠋ᠦ᠍ᠭᠡᠷ ᠰᠠᠷ᠎ᠠ᠎ᠳᠤ᠂ ᠱᠧᠨᠵᠧᠨ ᠬᠣᠲᠠ ᠴᠠᠬᠢᠯᠭ᠋ᠠᠨ ᠳᠠᠮᠵᠢᠭᠤᠯᠬᠤ ᠪᠠ ᠬᠦᠷᠭᠡᠬᠦ ᠦᠨ᠎ᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢ ᠡᠬᠢᠯᠡᠭᠦᠯᠦᠭᠰᠡᠨ ᠂ ᠪᠦᠬᠦ ᠤᠯᠤᠰ᠎ᠤᠨ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠴᠢᠬᠤᠯᠠ ᠨᠢᠭᠡ ᠠᠯᠬᠤᠮ᠎ᠢ ᠠᠯᠬᠤᠪᠠ᠃ ᠭᠡᠪᠡᠴᠦ ᠱᠧᠨᠵᠧᠨ᠎ᠨᠢ ᠵᠥᠪᠬᠡᠨ ᠬᠣᠲᠠ ᠪᠣᠯᠤᠭᠰᠠᠨ᠎ᠤ ᠬᠤᠪᠢ᠎ᠳᠤ᠂ ᠴᠠᠬᠢᠯᠭ᠋ᠠᠨ ᠬᠠᠩᠭ᠋ᠠᠬᠤ ᠰᠢᠰᠲ᠋ᠧᠮᠵᠢ᠎ᠨᠢ ᠬᠠᠷᠢᠴᠠᠩᠭᠤᠶ ᠲᠦᠬᠦᠮ ᠶᠤᠮ᠂ ᠭᠡᠪᠡᠴᠦ ᠮᠠᠨ᠎ᠤ ᠥᠪᠥᠷ ᠮᠣᠩᠭᠣᠯ᠎ᠤᠨ ᠪᠠᠷᠠᠭᠤᠨ ᠣᠷᠣᠨ᠎ᠤ ᠴᠠᠬᠢᠯᠭ᠋ᠠᠨ ᠲᠣᠣᠷ᠎ᠤᠨ ᠢᠯᠴᠢ ᠵᠢᠨ ᠴᠠᠬᠢᠯᠭ᠋ᠠᠨ᠂ ᠰᠠᠯᠬᠢᠨ ᠬᠦᠴᠦᠨ᠎ᠤ ᠴᠠᠬᠢᠯᠭ᠋ᠠᠨ᠂ ᠤᠰᠤᠨ ᠴᠠᠬᠢᠯᠭ᠋ᠠᠨ᠂ ᠭᠡᠷᠡᠯ ᠸᠣᠯᠲ ᠵᠶ᠋ᠠᠷ ᠴᠠᠬᠢᠯᠭ᠋ᠠᠨ ᠭᠠᠷᠭ᠋ᠠᠬᠤ ᠵᠡᠷᠭᠡ ᠣᠯᠠᠨ ᠬᠡᠯᠪᠡᠷᠢ᠎ᠪᠠᠷ ᠴᠠᠬᠢᠯᠭ᠋ᠠᠨ ᠭᠠᠷᠭ᠋ᠠᠵᠤ ᠪᠠᠢ᠌ᠬᠤ ᠪᠤᠯᠬᠣᠷ᠂ ᠬᠣᠲᠠ᠂ ᠬᠥᠳᠡᠭᠡ ᠲᠣᠰᠬᠣᠨ᠂ ᠮᠠᠯᠵᠢᠬᠤ ᠣᠷᠣᠨ᠎ᠤ ᠴᠠᠬᠢᠯᠭ᠋ᠠᠨ ᠬᠠᠩᠭ᠋ᠠᠬᠤ ᠭᠠᠵᠠᠷ ᠣᠷᠣᠨ᠎ᠤ ᠲᠥᠷᠥᠯ ᠵᠦᠢ᠍ᠯ ᠪᠠᠶᠠᠯᠢᠭ᠂ ᠲᠤᠮᠤ ᠠᠵᠤ ᠦᠢ᠍ᠯᠡᠳᠪᠦᠷᠢ᠂ ᠡᠩ᠎ᠤᠨ ᠠᠵᠤ ᠦᠢ᠍ᠯᠡᠳᠪᠦᠷᠢ ᠬᠤᠳᠠᠯᠳᠤᠭ᠎ᠠ᠂ ᠲᠠᠷᠢᠶᠠᠯᠠᠩ᠂ ᠰᠠᠭᠤᠭ᠋ᠠᠯᠢ ᠠᠷᠠᠳ ᠵᠡᠷᠭᠡ ᠴᠠᠬᠢᠯᠭ᠋ᠠᠨ ᠬᠦᠴᠦᠨ᠎ᠤ ᠬᠡᠷᠡᠭᠯᠡᠭᠴᠢᠳ᠎ᠤᠨ ᠲᠥᠷᠥᠯ ᠵᠦᠢ᠍ᠯ ᠪᠦᠷᠢᠨ ᠪᠠᠶ᠋ᠢᠵᠤ᠂ 《ᠥᠴᠦᠬᠡᠨ ᠪᠣᠯᠪᠠᠴᠤ ᠴᠤᠯᠤ ᠰᠠᠪᠠ᠎ᠨᠢ ᠪᠦᠷᠢᠨ》 ᠭᠡᠵᠦ ᠬᠡᠯᠡᠵᠦ ᠪᠣᠯᠤᠨ᠎ᠠ᠂ ᠡᠨᠡ᠎ᠨᠢ ᠤᠯᠤᠰ᠎ᠤᠨ ᠴᠠᠬᠢᠯᠭ᠋ᠠᠨ ᠬᠦᠴᠦᠨ᠎ᠤ ᠪᠠᠶ᠋ᠢᠭᠤᠯᠤᠯ᠎ᠤᠨ ᠥᠭᠡᠷᠡᠴᠢᠯᠡᠯᠲᠡ᠎ᠳᠤ ᠨᠡᠯᠢᠶᠡᠳ ᠶᠡᠬᠡ ᠯᠠᠪᠯᠠᠬᠤ ᠦᠢ᠍ᠯᠡᠳᠦᠯ᠎ᠲᠠᠢ ᠶᠤᠮ᠃ ᠨᠢᠳᠤᠨᠤᠨ᠎ᠠᠴᠠ ᠨᠠᠰᠢ᠂ ᠮᠠᠨ᠎ᠤ ᠵᠥᠪᠯᠡᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠵᠢᠭ᠋ᠠᠪᠤᠷᠢ ᠵᠢ ᠵᠢᠷᠤᠮᠯᠠᠨ᠂ ᠥᠪᠥᠷ ᠮᠣᠩᠭᠣᠯ᠎ᠤᠨ ᠪᠠᠷᠠᠭᠤᠨ ᠣᠷᠣᠨ᠎ᠤ ᠴᠠᠬᠢᠯᠭ᠋ᠠᠨ ᠲᠣᠣᠷ᠎ᠢ ᠤᠯᠤᠰ᠎ᠤᠨ ᠴᠠᠬᠢᠯᠭ᠋ᠠᠨ ᠳᠠᠮᠵᠢᠭᠤᠯᠬᠤ ᠪᠠ ᠬᠦᠷᠭᠡᠬᠦ ᠦᠨ᠎ᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠦᠷᠢᠶ᠎ᠡ ᠬᠡᠪᠴᠢᠶ᠎ᠡ᠎ᠳᠤ ᠣᠷᠣᠭᠤᠯᠬᠤ᠎ᠪᠠᠷ ᠭᠤᠶᠤᠴᠢᠯᠠᠵᠤ᠂ ᠤᠷᠢᠳ ᠬᠣᠵᠢᠳ 《ᠥᠪᠥᠷ ᠮᠣᠩᠭᠣᠯ᠎ᠤᠨ ᠪᠠᠷᠠᠭᠤᠨ ᠣᠷᠣᠨ᠎ᠤ ᠴᠠᠬᠢᠯᠭ᠋ᠠᠨ ᠲᠣᠣᠷ᠎ᠤᠨ ᠴᠠᠬᠢᠯᠭ᠋ᠠᠨ ᠳᠠᠮᠵᠢᠭᠤᠯᠬᠤ ᠪᠠ ᠬᠦᠷᠭᠡᠬᠦ ᠦᠨ᠎ᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠲᠥᠰᠦᠯ》᠎ᠢ ᠰᠤᠳᠤᠯᠤᠨ ᠲᠣᠭᠲᠠᠭ᠋ᠠᠵᠤ᠂ ᠥᠪᠥᠷ ᠮᠣᠩᠭᠣᠯ᠎ᠤᠨ ᠪᠠᠷᠠᠭᠤᠨ ᠣᠷᠣᠨ᠎ᠤ ᠴᠠᠬᠢᠯᠭ᠋ᠠᠨ ᠲᠣᠣᠷ᠎ᠤᠨ ᠥᠪᠡᠷ᠎ᠤᠨ ᠦᠷᠳᠡᠭ᠎ᠤᠨ ᠬᠢᠨᠠᠨ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ ᠣᠷᠣᠨ᠎ᠤ ᠴᠠᠬᠢᠯᠭ᠋ᠠᠨ ᠲᠣᠣᠷ᠎ᠤᠨ ᠴᠠᠬᠢᠯᠭ᠋ᠠᠨ ᠳᠠᠮᠵᠢᠭᠤᠯᠬᠤ ᠪᠠ ᠬᠥᠷᠭᠡᠬᠦ᠎ᠳᠠᠬᠢ ᠵᠥᠪᠰᠢᠶᠡᠷᠡᠭᠰᠡᠨ ᠥᠪᠡᠷ᠎ᠤᠨ ᠦᠷᠳᠡᠭ᠂ ᠵᠥᠪᠰᠢᠶᠡᠷᠡᠭᠰᠡᠨ ᠠᠰᠢᠭ ᠣᠷᠣᠯᠭ᠎ᠠ ᠵᠢᠴᠢ ᠴᠠᠬᠢᠯᠭ᠋ᠠᠨ ᠳᠠᠮᠵᠢᠭᠤᠯᠬᠤ ᠪᠠ ᠬᠦᠷᠭᠡᠬᠦ ᠴᠠᠬᠢᠯᠭ᠋ᠠᠨ᠎ᠤ ᠦᠨ᠎ᠡ ᠵᠢᠨ ᠬᠢᠷᠢ ᠬᠡᠮᠵᠢᠶ᠎ᠡ ᠵᠢᠨ ᠲᠥᠰᠦᠯ᠎ᠢ ᠲᠤᠭᠤᠷᠪᠢᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠶ᠋ᠡᠷ ᠵᠥᠪᠰᠢᠶᠡᠷᠡᠭᠦᠯᠦᠭᠡᠳ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠳᠤ ᠮᠡᠳᠡᠭᠦᠯᠦᠨ ᠵᠢᠭ᠋ᠠᠪᠤᠷᠢ ᠠᠪᠴᠤ᠂ 9 ᠳ᠋ᠦ᠍ᠭᠡᠷ ᠰᠠᠷ᠎ᠠ ᠵᠢᠨ 30᠎ᠤ ᠡᠳᠦᠷ᠎ᠲᠤ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠮᠠᠨ᠎ᠤ ᠵᠥᠪᠯᠡᠯ᠎ᠤᠨ ᠵᠢᠭ᠋ᠠᠪᠤᠷᠢ ᠵᠢ ᠴᠣᠬᠤᠯᠠᠪᠤᠷᠢᠯᠠᠨ ᠵᠥᠪᠰᠢᠶᠡᠷᠡᠪᠡ᠃ ᠮᠠᠨ᠎ᠤ ᠣᠷᠣᠨ᠎ᠤ ᠥᠪᠥᠷ ᠮᠣᠩᠭᠣᠯ᠎ᠤᠨ ᠪᠠᠷᠠᠭᠤᠨ ᠣᠷᠣᠨ᠎ᠤ ᠴᠠᠬᠢᠯᠭ᠋ᠠᠨ ᠲᠣᠣᠷ᠎ᠤᠨ ᠴᠠᠬᠢᠯᠭ᠋ᠠᠨ ᠳᠠᠮᠵᠢᠭᠤᠯᠬᠤ ᠪᠠ ᠬᠦᠷᠭᠡᠬᠦ ᠦᠨ᠎ᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠢᠭ᠋᠎ᠢ 2015 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠵᠢᠩᠬᠢᠨᠢ᠎ᠪᠠᠷ ᠬᠡᠷᠡᠭᠵᠢᠭᠦᠯᠪᠡ᠂ ᠡᠨᠡ ᠪᠣᠯ ᠮᠠᠨ᠎ᠤ ᠤᠯᠤᠰ᠎ᠤᠨ ᠠᠩᠬᠠᠳᠠᠭᠴᠢ 《ᠵᠥᠪᠰᠢᠶᠡᠷᠡᠭᠰᠡᠨ ᠥᠪᠡᠷ᠎ᠤᠨ ᠦᠷᠲᠡᠭ ᠳᠡᠭᠡᠷ᠎ᠡ ᠵᠦᠢ ᠵᠣᠬᠢᠰᠲᠠᠶ ᠠᠰᠢᠭ ᠣᠷᠣᠯᠭ᠎ᠠ ᠣᠯᠭᠤᠬᠤ》 ᠵᠠᠷᠴᠢᠮ ᠵᠶ᠋ᠡᠷ ᠵᠢᠱ᠌ᠢᠨ ᠪᠤᠳᠤᠭᠰᠠᠨ᠂ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷ ᠵᠢᠨ ᠠᠷᠠᠯᠵᠢᠶ᠎ᠠ᠎ᠳᠤ ᠰᠢᠭᠤᠳ ᠬᠡᠷᠡᠭᠯᠡᠵᠦ ᠪᠣᠯᠬᠤᠢ᠌ᠴᠠ ᠮᠤᠵᠢ ᠵᠢᠨ ᠱᠠᠲᠤᠨ᠎ᠤ ᠴᠠᠬᠢᠯᠭ᠋ᠠᠨ ᠲᠣᠣᠷ᠎ᠤᠨ ᠪᠡᠶ᠎ᠡ᠎ᠪᠠᠨ ᠳᠠᠭ᠋ᠠᠭ᠋ᠠᠭᠰᠠᠨ ᠴᠠᠬᠢᠯᠭ᠋ᠠᠨ ᠳᠠᠮᠵᠢᠭᠤᠯᠬᠤ ᠪᠠ ᠬᠦᠷᠭᠡᠬᠦ ᠦᠨ᠎ᠡ ᠪᠠᠢ᠌ᠵᠤ᠂ ᠥᠪᠡᠷᠲᠡᠭᠡᠨ ᠵᠠᠰᠠᠬᠤ ᠣᠷᠣᠨ ᠨᠠᠮ᠎ᠤᠨ ᠲᠥᠪ ᠬᠣᠷᠢᠶ᠎ᠠ᠂ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠴᠠᠬᠢᠯᠭ᠋ᠠᠨ ᠬᠦᠴᠦᠨ᠎ᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠲᠦᠷᠭᠡᠨ ᠠᠬᠢᠭᠤᠯᠬᠤ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠢ᠌ᠳᠠᠪᠤᠷᠢᠵᠢᠭᠤᠯᠵᠤ᠂ 《ᠬᠣᠶᠠᠷ ᠲᠠᠯ᠎ᠠ ᠵᠢ ᠬᠠᠮᠢᠶᠠᠷᠴᠤ᠂ ᠳᠤᠮᠳᠠᠬᠢ ᠵᠢ ᠰᠤᠯᠠᠯᠠᠬᠤ》᠂ ᠴᠠᠬᠢᠯᠭ᠋ᠠᠨ ᠭᠠᠷᠭ᠋ᠠᠬᠤ ᠪᠠ ᠴᠠᠬᠢᠯᠭ᠋ᠠᠨ ᠪᠣᠷᠣᠯᠠᠭᠤᠯᠬᠤ ᠦᠨ᠎ᠡ ᠬᠠᠩᠰᠢ ᠵᠢ ᠵᠠᠬ᠎ᠠ ᠳᠡᠯᠭᠡᠭᠦᠷᠴᠢᠯᠡᠬᠦ᠎ᠳᠤ ᠴᠢᠬᠤᠯᠠ ᠨᠥᠬᠥᠴᠡᠯ ᠪᠦᠷᠢᠯᠳᠦᠭᠦᠯᠦᠨ᠂ ᠪᠠᠲᠤ ᠪᠡᠬᠢ ᠰᠠᠭᠤᠷᠢ ᠵᠢ ᠲᠠᠯᠪᠢᠵᠤ ᠥᠭᠭᠦᠭᠰᠡᠨ ᠪᠠᠶ᠋ᠢᠨ᠎ᠠ᠃
ᠸᠠᠩ ᠵᠢᠨ ᠪᠤᠤ᠄
ᠮᠠᠨ᠎ᠤ ᠤᠷᠤᠨ ᠤᠯᠤᠰ᠎ᠤᠨ ᠦᠨ᠎ᠡ ᠬᠠᠩᠰᠢ ᠵᠢ ᠦᠬᠡᠷᠡᠴᠢᠯᠡᠬᠦ ᠲᠤᠷᠰᠢᠯᠳᠠ ᠵᠢᠨ ᠴᠢᠭ᠋ ᠪᠤᠯᠤᠭᠰᠠᠨ᠎ᠤ ᠬᠤᠪᠢ᠎ᠳᠤ᠂ ᠬᠤᠶᠠᠳᠤᠭ᠋ᠠᠷ᠎ᠲᠤ᠎ᠨᠢ ᠲᠠᠷᠤᠢ ᠪᠤᠷᠴᠠᠭ᠎ᠤᠨ ᠬᠠᠷᠠᠯᠳᠠᠳᠤ ᠦᠨ᠎ᠡ ᠬᠠᠩᠰᠢ ᠵᠢ ᠦᠭᠡᠷᠡᠴᠢᠯᠡᠬᠦ ᠪᠤᠯᠤᠨ᠎ᠠ᠃ ᠦᠭᠡᠷᠡᠴᠢᠯᠡᠯᠳᠡ ᠬᠢᠵᠤ ᠴᠢᠯᠦᠭᠡᠳᠡᠢ ᠶᠠᠪᠤᠯᠴᠠᠭᠰᠠᠨ᠎ᠠᠴᠠ ᠮᠠᠨ᠎ᠤ ᠤᠯᠤᠰ ᠲᠠᠷᠢᠶᠠᠯᠠᠩ᠎ᠤᠨ ᠶᠡᠬᠡᠩᠬᠡᠢ ᠪᠦᠳᠦᠭᠡᠭᠳᠡᠭᠦᠨ᠎ᠤ ᠦᠨ᠎ᠡ ᠬᠠᠩᠰᠢ ᠵᠢ ᠦᠷᠬᠦᠯᠵᠢᠯᠡᠨ ᠴᠢᠯᠦᠭᠡᠳᠡᠢ ᠪᠤᠯᠭ᠋ᠠᠪᠠ᠂ 2004 ᠤᠨ᠎ᠳᠤ ᠠᠮᠤ ᠪᠤᠳᠠᠭ᠋ᠠᠨ᠎ᠤ ᠵᠠᠬ᠎ᠠ ᠲᠡᠯᠭᠡᠭᠦᠷ ᠪᠠ ᠦᠨ᠎ᠡ ᠬᠠᠩᠰᠢ ᠵᠢ ᠪᠦᠬᠦ ᠲᠠᠯ᠎ᠠ᠎ᠪᠠᠷ ᠴᠢᠯᠤᠭᠡᠳᠡᠢ ᠪᠤᠯᠭ᠋ᠠᠭᠰᠠᠨ ᠪᠠᠢ᠌ᠨ᠎ᠠ᠃ ᠲᠠᠷᠢᠶᠠᠯᠠᠩ᠎ᠤᠨ ᠪᠦᠳᠦᠭᠡᠭᠳᠡᠭᠦᠨ᠎ᠤ ᠦᠨ᠎ᠡ ᠬᠠᠩᠰᠢ ᠵᠢ ᠴᠢᠯᠦᠭᠡᠳᠡᠢ ᠪᠤᠯᠭ᠋ᠠᠭᠰᠠᠨ᠎ᠤ ᠲᠠᠷᠠᠭ᠎ᠠ ᠮᠠᠯᠴᠢᠨ ᠲᠠᠷᠢᠶᠠᠴᠢᠨ᠎ᠤ ᠠᠰᠢᠭ ᠲᠤᠰᠠ ᠵᠢ ᠬᠠᠮᠠᠭ᠋ᠠᠯᠠᠵᠤ᠂ ᠲᠠᠷᠢᠶᠠᠯᠠᠩ ᠦᠢ᠍ᠯᠡᠳᠪᠦᠷᠢᠯᠡᠯ᠎ᠢ ᠲᠤᠭᠳᠠᠭᠤᠨ ᠪᠤᠯᠭ᠋ᠠᠬᠤ ᠵᠢᠨ ᠲᠤᠰᠠᠳᠠ᠂ 2004 ᠤᠨ᠎ᠠᠴᠠ ᠨᠠᠰᠢ᠂ ᠤᠯᠤᠰ᠎ᠠᠴᠠ ᠦᠢ᠍ᠯᠡᠳᠪᠦᠷᠢᠯᠡᠯ᠎ᠤᠨ ᠭᠤᠤᠯ ᠭᠠᠷᠤᠯᠳᠠ ᠵᠢᠨ ᠤᠷᠤᠨ᠎ᠤ ᠲᠤᠳᠤᠷᠭ᠎ᠠ᠂ ᠪᠤᠭᠤᠳᠠᠢ ᠵᠢ ᠬᠠᠮᠤᠭ ᠲᠤᠤᠷ᠎ᠠ ᠦᠨ᠎ᠡ᠎ᠪᠠᠷ ᠬᠤᠳᠠᠯᠳᠤᠨ ᠠᠪᠬᠤ ᠲᠦᠷᠦ ᠵᠢᠨ ᠪᠤᠳᠤᠯᠭ᠎ᠠ ᠵᠢ ᠭᠡᠷᠡᠭᠵᠢᠬᠦᠯᠵᠤ᠂ 2007 ᠤᠨ᠎ᠠᠴᠠ ᠡᠬᠢᠯᠡᠨ᠂ ᠭᠤᠤᠯ ᠭᠠᠷᠤᠯᠳᠠ ᠵᠢᠨ ᠤᠷᠤᠨ᠎ᠤ ᠡᠷᠳᠡᠨᠢ ᠰᠢᠰᠢ᠂ ᠪᠤᠷᠴᠠᠭ᠂ ᠰᠢᠯᠢᠮᠳᠡᠭ᠂ ᠬᠦᠪᠦᠩ᠂ ᠢᠳᠡᠭᠡᠨ᠎ᠤ ᠰᠢᠬᠢᠷ᠎ᠢ ᠲᠦᠷ ᠴᠠᠭ ᠬᠤᠷᠢᠶᠠᠨ ᠬᠠᠳᠠᠭ᠋ᠠᠯᠠᠬᠤ ᠲᠦᠷᠦ ᠵᠢᠨ ᠪᠤᠳᠤᠯᠭ᠎ᠠ ᠵᠢ ᠶᠠᠪᠤᠭᠤᠯᠪᠠ᠃ ᠭᠤᠤᠯ ᠭᠠᠷᠤᠯᠳᠠ ᠵᠢᠨ ᠤᠷᠤᠨ᠎ᠤ ᠵᠠᠬ᠎ᠠ ᠲᠡᠯᠭᠡᠭᠦᠷ᠎ᠤᠨ ᠦᠨᠡᠨ᠎ᠢ ᠬᠠᠮᠤᠭ ᠲᠤᠤᠷ᠎ᠠ ᠬᠤᠳᠠᠯᠳᠤᠨ ᠠᠪᠬᠤ ᠦᠨ᠎ᠡ ᠪᠤᠶᠤ ᠲᠦᠷ ᠴᠠᠭ ᠬᠤᠷᠢᠶᠠᠨ ᠬᠠᠳᠠᠭ᠋ᠠᠯᠠᠬᠤ ᠦᠨ᠎ᠡ᠎ᠠᠴᠠ ᠲᠤᠤᠷ᠎ᠠ ᠪᠤᠯᠬᠤ ᠦᠶᠡᠰ᠂ ᠤᠯᠤᠰ᠎ᠠᠴᠠ ᠠᠵᠤ ᠠᠬᠤᠢ᠌ᠯᠠᠯ᠎ᠢ ᠵᠠᠬ᠎ᠠ ᠲᠡᠯᠭᠡᠭᠦᠷ᠎ᠲᠤ ᠤᠷᠤᠭᠤᠯᠵᠤ ᠰᠢᠭᠤᠳ ᠬᠤᠳᠠᠯᠳᠤᠨ ᠠᠪᠤᠭᠤᠯᠬᠤ᠎ᠪᠠᠷ ᠵᠢᠭ᠋ᠠᠨ ᠲᠤᠭᠳᠠᠭ᠋ᠠᠵᠤ᠂ ᠵᠠᠬ᠎ᠠ ᠲᠡᠯᠭᠡᠬᠦᠷ᠎ᠢ ᠤᠳᠤᠷᠢᠳᠤᠨ ᠦᠨ᠎ᠡ ᠬᠠᠩᠰᠢ ᠵᠢ ᠦᠰᠭᠡᠳᠡᠭ᠃ ᠬᠠᠮᠤᠭ ᠲᠤᠤᠷ᠎ᠠ ᠦᠨ᠎ᠡ᠎ᠪᠠᠷ ᠬᠤᠳᠠᠯᠳᠤᠨ ᠠᠪᠬᠤ ᠪᠠ ᠲᠦᠷ ᠴᠠᠭ ᠬᠤᠷᠢᠶᠠᠨ ᠬᠠᠳᠠᠭ᠋ᠠᠯᠠᠬᠤ ᠲᠦᠷᠦ ᠵᠢᠨ ᠪᠤᠳᠤᠯᠭ᠎ᠠ ᠵᠢ ᠭᠡᠷᠡᠭᠵᠢᠬᠦᠯᠦᠭᠰᠡᠨ᠎ᠠᠴᠠ ᠨᠠᠰᠢ᠂ ᠤᠯᠤᠰ᠎ᠤᠨ ᠲᠤᠳᠤᠭ᠋ᠠᠳᠤ ᠵᠢᠨ ᠠᠮᠤ ᠪᠤᠳᠠᠭ᠋ᠠᠨ᠎ᠤ ᠦᠨ᠎ᠡ ᠲᠤᠭᠳᠠᠭᠤᠨ ᠵᠶ᠋ᠠᠷ ᠨᠡᠮᠡᠭᠳᠡᠵᠤ᠂ ᠬᠦᠪᠦᠩ᠂ ᠲᠤᠰᠤᠯᠢᠭ ᠲᠠᠷᠢᠮᠠᠯ᠂ ᠢᠳᠡᠭᠡᠨ᠎ᠤ ᠰᠢᠬᠢᠷ᠎ᠤᠨ ᠦᠨ᠎ᠡ ᠶᠡᠷᠦᠩᠬᠡᠢ᠎ᠳᠤ᠎ᠪᠠᠨ ᠦᠨᠳᠦᠷ ᠪᠠᠢ᠌ᠷᠢᠨ᠎ᠳᠤ ᠡᠷᠬᠢᠯᠳᠤᠵᠤ᠂ ᠲᠠᠷᠢᠶᠠᠴᠢᠳ᠎ᠤᠨ ᠲᠠᠷᠢᠮᠠᠯ ᠲᠠᠷᠢᠬᠤ ᠢᠳᠡᠪᠬᠢᠵᠢᠯ᠎ᠢ ᠪᠦᠳᠦᠮᠵᠢᠳᠠᠢ ᠲᠠᠢ᠌ᠴᠢᠯᠠᠵᠤ᠂ ᠲᠠᠷᠢᠶᠠᠯᠠᠩ᠎ᠤᠨ ᠭᠤᠤᠯ ᠪᠦᠳᠦᠭᠡᠭᠳᠡᠭᠦᠨ᠎ᠤ ᠦᠢ᠍ᠯᠡᠳᠪᠦᠷᠢᠯᠡᠯ᠎ᠤᠨ ᠲᠤᠭᠳᠠᠭᠤᠨ ᠪᠠᠢ᠌ᠬᠤ ᠵᠢ ᠪᠠᠳᠤᠯᠠᠵᠤ᠂ ᠠᠮᠤ ᠪᠤᠳᠠᠭ᠋ᠠᠨ᠎ᠤ ᠭᠠᠷᠤᠯᠳᠠ ᠵᠢᠨ 《ᠠᠷᠪᠡᠨ ᠵᠢᠯ ᠲᠠᠷᠭ᠋ᠠᠯᠠᠨ ᠨᠡᠮᠡᠭᠳᠡᠬᠦ》 ᠵᠢ ᠪᠡᠶᠡᠯᠡᠬᠦᠯᠵᠤ᠂ ᠲᠠᠷᠢᠶᠠᠴᠢᠳ᠎ᠤᠨ ᠤᠷᠤᠯᠭ᠎ᠠ ᠵᠢᠨ ᠲᠤᠭᠳᠠᠭᠤᠨ ᠪᠦᠬᠡᠳ ᠲᠦᠷᠭᠡᠨ ᠨᠡᠮᠡᠭᠳᠡᠯ᠎ᠢ ᠪᠡᠶᠡᠯᠡᠬᠦᠯᠵᠤ᠂ ᠪᠤᠳᠠᠰ᠎ᠤᠨ ᠶᠡᠷᠦᠩᠬᠡᠢ ᠬᠢᠷᠢ ᠲᠦᠪᠰᠢᠨ᠎ᠢ ᠲᠤᠭᠳᠠᠪᠤᠷᠢᠵᠢᠭᠤᠯᠬᠤ᠂ ᠤᠯᠤᠰ ᠠᠷᠠᠳ᠎ᠤᠨ ᠠᠵᠤ ᠠᠬᠤᠢ ᠵᠢᠨ ᠦᠷᠬᠦᠯᠵᠢᠯᠡᠨ ᠲᠦᠷᠭᠡᠨ ᠭᠦᠭᠵᠢᠬᠦ ᠵᠢ ᠪᠠᠳᠤᠯᠠᠬᠤ᠎ᠳᠤ ᠴᠢᠬᠤᠯᠠ ᠲᠤᠯᠭ᠋ᠠᠭᠤᠷᠢᠯᠠᠬᠤ ᠦᠢ᠍ᠯᠡᠳᠦᠯ ᠦᠵᠡᠬᠦᠯᠦᠭᠰᠡᠨ ᠪᠠᠢ᠌ᠨ᠎ᠠ᠃ ᠭᠡᠪᠡᠴᠤ᠂ ᠬᠠᠮᠤᠭ ᠲᠤᠤᠷ᠎ᠠ ᠦᠨ᠎ᠡ᠎ᠪᠠᠷ ᠬᠤᠳᠠᠯᠳᠤᠨ ᠠᠪᠬᠤ ᠪᠠ ᠲᠦᠷ ᠴᠠᠭ ᠬᠤᠷᠢᠶᠠᠨ ᠬᠠᠳᠠᠭ᠋ᠠᠯᠠᠬᠤ ᠲᠦᠷᠦ ᠵᠢᠨ ᠪᠤᠳᠤᠯᠭ᠎ᠠ ᠵᠢ ᠪᠦᠳᠦᠮᠵᠢᠳᠠᠢ ᠭᠡᠷᠡᠭᠵᠢᠬᠦᠯᠬᠦ ᠤᠷᠢᠳᠡᠯ ᠨᠦᠬᠦᠴᠡᠯ᠎ᠨᠢ ᠲᠠᠷᠤᠢ ᠤᠯᠤᠰ᠎ᠤᠨ ᠲᠤᠳᠤᠭ᠋ᠠᠳᠤ ᠵᠢᠨ ᠵᠠᠬ᠎ᠠ ᠲᠡᠯᠭᠡᠭᠦᠷ᠎ᠤᠨ ᠦᠨ᠎ᠡ ᠵᠢ ᠤᠯᠠᠨ ᠤᠯᠤᠰ᠎ᠤᠨ ᠵᠠᠬ᠎ᠠ ᠲᠡᠯᠭᠡᠭᠦᠷ᠎ᠤᠨ ᠦᠨ᠎ᠡ᠎ᠠᠴᠠ ᠲᠤᠭᠤᠤᠷ ᠪᠠᠢ᠌ᠯᠭ᠋ᠠᠬᠤ ᠭᠡᠷᠡᠭᠳᠡᠢ᠃ ᠤᠷᠴᠢᠮ᠎ᠤᠨ ᠵᠢᠯ᠂ ᠤᠯᠠᠨ ᠤᠯᠤᠰ᠎ᠤᠨ ᠵᠠᠬ᠎ᠠ ᠲᠡᠯᠭᠡᠭᠦᠷᠲᠠᠬᠢ ᠲᠠᠷᠢᠶᠠᠯᠠᠩ᠎ᠤᠨ ᠪᠦᠳᠦᠭᠡᠭᠳᠡᠭᠦᠨ᠎ᠤ ᠦᠨ᠎ᠡ ᠶᠡᠬᠡᠪᠡᠷ ᠲᠤᠷᠤᠭᠰᠢᠯᠠᠵᠤ᠂ ᠤᠯᠤᠰ᠎ᠤᠨ ᠲᠤᠳᠤᠭ᠋ᠠᠳᠤ ᠵᠢᠨ ᠲᠠᠷᠢᠶᠠᠯᠠᠩ᠎ᠤᠨ ᠭᠤᠤᠯ ᠪᠦᠳᠦᠭᠡᠭᠳᠡᠭᠦᠨ᠎ᠨᠢ ᠬᠠᠮᠤᠭ ᠲᠤᠤᠷ᠎ᠠ ᠬᠤᠳᠠᠯᠳᠤᠨ ᠠᠪᠬᠤ ᠦᠨ᠎ᠡ ᠪᠠ ᠲᠦᠷ ᠴᠠᠭ ᠬᠤᠷᠢᠶᠠᠨ ᠬᠠᠳᠠᠭ᠋ᠠᠯᠠᠬᠤ ᠲᠦᠷᠦ ᠵᠢᠨ ᠪᠤᠳᠤᠯᠭ᠎ᠠ ᠵᠢᠨ ᠲᠡᠮᠵᠢᠯᠭᠡ ᠲᠤᠤᠷ᠎ᠠ ᠦᠨᠳᠦᠷ ᠦᠨ᠎ᠡ᠎ᠪᠠᠷ ᠡᠷᠬᠢᠯᠳᠦᠵᠤ᠂ ᠤᠯᠤᠰ᠎ᠤᠨ ᠲᠤᠳᠤᠭ᠋ᠠᠳᠤ ᠵᠢᠨ ᠦᠨ᠎ᠡ ᠵᠢ ᠤᠯᠠᠨ ᠤᠯᠤᠰ᠎ᠤᠨ ᠵᠠᠬ᠎ᠠ ᠲᠡᠯᠭᠡᠭᠦᠷ᠎ᠤᠨ ᠦᠨ᠎ᠡ᠎ᠠᠴᠠ ᠲᠤᠤᠷ᠎ᠠ ᠪᠠᠢ᠌ᠭᠰᠠᠨ᠎ᠢ ᠭᠠᠳᠠᠭ᠋ᠠᠳᠤ᠎ᠠᠴᠠ ᠤᠷᠤᠭᠤᠯᠬᠤ ᠦᠪᠡᠷ᠎ᠤᠨ ᠦᠷᠳᠡᠭ᠎ᠠᠴᠠ ᠲᠡᠭᠡᠬᠦᠷ ᠪᠤᠯᠭ᠋ᠠᠭᠰᠠᠨ ᠪᠠᠢ᠌ᠨ᠎ᠠ᠃ ᠤᠯᠤᠰ᠎ᠤᠨ ᠲᠤᠳᠤᠭ᠋ᠠᠳᠤ ᠵᠢᠨ ᠦᠨ᠎ᠡ ᠭᠠᠳᠠᠭ᠋ᠠᠳᠤ᠎ᠠᠴᠠ ᠤᠷᠤᠭᠤᠯᠬᠤ ᠦᠪᠡᠷ᠎ᠤᠨ ᠦᠷᠳᠡᠭ᠎ᠠᠴᠠ ᠲᠡᠭᠡᠬᠦᠷ ᠪᠤᠯᠤᠭᠰᠠᠨ᠎ᠠᠴᠠ ᠵᠠᠬ᠎ᠠ ᠲᠡᠯᠭᠡᠭᠦᠷ᠎ᠤᠨ ᠭᠤᠤᠯ ᠴᠤᠭᠴᠠ ᠵᠠᠬ᠎ᠠ᠎ᠳᠤ ᠬᠦᠨᠵᠡᠬᠡᠢ᠌ᠷᠡᠨ ᠬᠤᠳᠠᠯᠳᠤᠨ ᠠᠪᠬᠤ ᠲᠤᠷ᠎ᠠ ᠦᠬᠡᠢ ᠪᠤᠯᠵᠤ᠂ ᠤᠯᠤᠰ᠎ᠤᠨ ᠬᠤᠷᠢᠶᠠᠨ ᠬᠠᠳᠠᠭ᠋ᠠᠠᠯᠬᠤ ᠲᠠᠷᠤᠯᠳᠠ ᠲᠤᠤᠷ᠎ᠠ᠎ᠪᠠᠨ ᠨᠡᠮᠡᠭᠳᠡᠵᠤ᠂ ᠤᠨᠴᠠᠭ᠋ᠠᠢ᠌ᠯᠠᠨ ᠪᠤᠷᠴᠠᠭ᠂ ᠬᠦᠪᠦᠩᠢ ᠬᠤᠷᠢᠶᠠᠨ ᠬᠠᠳᠠᠭ᠋ᠠᠯᠠᠭᠰᠠᠨ ᠬᠡᠮᠵᠢᠶ᠎ᠡ᠎ᠨᠢ ᠶᠡᠷᠦᠩᠬᠡᠢ ᠭᠠᠷᠤᠯᠳᠠ ᠵᠢᠨ ᠶᠡᠬᠡᠩᠬᠡᠢ ᠭᠡᠰᠡᠭ᠎ᠢ ᠡᠵᠡᠯᠡᠵᠤ᠂ ᠲᠡᠭᠡᠭᠰᠢ ᠲᠤᠷᠤᠭᠰᠢ ᠬᠡᠯᠪᠡᠯᠵᠡᠬᠦ ᠦᠨ᠎ᠡ ᠵᠢᠨ ᠬᠠᠷᠢᠴᠠᠭ᠎ᠠ ᠭᠠᠵᠢᠭᠤᠳᠠᠨ᠂ ᠵᠠᠬ᠎ᠠ ᠲᠡᠯᠭᠡᠭᠦᠷ᠎ᠤᠨ ᠠᠮᠢᠳᠤᠯᠢᠭ ᠭᠦᠴᠤᠨ ᠪᠠᠭᠤᠷᠠᠵᠤ᠂ ᠪᠦᠬᠦᠢ᠌ᠯᠡ ᠠᠵᠤ ᠦᠢ᠍ᠯᠡᠰ᠎ᠤᠨ ᠬᠡᠯᠬᠢᠶ᠎ᠠ ᠵᠢᠨ ᠦᠷᠬᠦᠯᠵᠢᠯᠡᠨ ᠡᠷᠡᠬᠦᠯ ᠵᠶ᠋ᠠᠷ ᠭᠦᠭᠵᠢᠬᠦ᠎ᠳᠤ ᠠᠰᠢᠭ ᠦᠬᠡᠢ ᠪᠤᠯᠤᠭᠰᠠᠨ ᠪᠠᠢ᠌ᠨ᠎ᠠ᠃ ᠬᠠᠷᠠᠯᠳᠠᠳᠤ ᠦᠨ᠎ᠡ ᠬᠠᠩᠰᠢ ᠵᠢ ᠦᠬᠡᠷᠡᠴᠢᠯᠡᠬᠦ ᠲᠤᠷᠰᠢᠯᠳᠠ ᠵᠢᠨ ᠴᠢᠭ᠋᠎ᠢ ᠦᠷᠨᠢᠬᠦᠯᠵᠤ᠂ ᠲᠠᠷᠢᠶᠠᠯᠠᠩ᠎ᠤᠨ ᠪᠦᠳᠦᠭᠡᠭᠳᠡᠭᠦᠨ᠎ᠤ ᠦᠨ᠎ᠡ ᠬᠠᠩᠰᠢ ᠪᠤᠢ ᠪᠤᠯᠬᠤ ᠲᠤᠭᠳᠠᠴᠠ ᠵᠢ ᠵᠠᠰᠠᠭ᠎ᠤᠨ ᠤᠷᠳᠤᠨ᠎ᠤ ᠨᠦᠬᠦᠪᠦᠷᠢ᠎ᠠᠴᠠ ᠰᠠᠯᠭ᠋ᠠᠬᠤ ᠦᠭᠡᠷᠡᠴᠢᠯᠡᠯᠳᠡ ᠵᠢ ᠰᠦᠪᠡᠭᠴᠢᠯᠡᠨ ᠠᠬᠢᠭᠤᠯᠬᠤ ᠵᠢᠨ ᠵᠤᠷᠢᠯᠭ᠎ᠠ᠎ᠨᠢ ᠲᠠᠷᠤᠢ ᠲᠠᠷᠢᠶᠠᠴᠢᠳ᠎ᠤᠨ ᠠᠰᠢᠭ ᠲᠤᠰᠠ ᠵᠢ ᠪᠠᠳᠤᠯᠠᠬᠤ ᠤᠷᠢᠳᠠᠯ ᠲᠤᠤᠷ᠎ᠠ᠂ ᠵᠠᠬ᠎ᠠ ᠲᠡᠯᠭᠡᠭᠦᠷᠲᠠᠬᠢ ᠡᠬᠢ ᠪᠠᠶᠠᠯᠢᠭ᠎ᠤᠨ ᠲᠤᠬᠢᠷᠠᠭᠤᠯᠤᠯᠳᠠ ᠵᠢᠨ ᠰᠢᠢ᠍ᠳᠪᠦᠷᠢᠯᠡᠭᠴᠢ ᠦᠢ᠍ᠯᠡᠳᠦᠯ᠎ᠢ ᠬᠦᠢ᠍ᠴᠡᠳ ᠪᠠᠳᠠᠷᠠᠭᠤᠯᠵᠤ᠂ ᠦᠨ᠎ᠡ ᠬᠠᠩᠰᠢ ᠪᠤᠢ ᠪᠤᠯᠬᠤ ᠵᠢ ᠵᠠᠬ᠎ᠠ ᠲᠡᠯᠭᠡᠭᠦᠷ ᠵᠶ᠋ᠠᠷ ᠲᠤᠭᠳᠠᠭ᠋ᠠᠯᠭ᠋ᠠᠵᠤ᠂ ᠠᠵᠤ ᠦᠢ᠍ᠯᠡᠰ᠎ᠤᠨ ᠲᠡᠭᠡᠭᠰᠢ ᠲᠤᠷᠤᠭᠰᠢ ᠬᠡᠯᠪᠡᠯᠵᠡᠯ᠎ᠤᠨ ᠵᠤᠬᠢᠴᠠᠩᠭᠤᠢ ᠬᠦᠭᠵᠢᠯᠳᠡ ᠵᠢ ᠲᠦᠯᠬᠢᠨ ᠠᠬᠢᠭᠤᠯᠬᠤ᠎ᠳᠤ ᠤᠷᠤᠰᠢᠨ᠎ᠡ᠃ 2014 ᠤᠨ᠎ᠳᠤ᠂ ᠤᠯᠤᠰ᠎ᠠᠴᠠ ᠮᠠᠨ᠎ᠤ ᠤᠷᠤᠨ ᠪᠤᠯᠤᠨ ᠵᠠᠬᠦᠨ ᠬᠤᠢ᠌ᠳᠤ ᠵᠢᠨ ᠭᠤᠷᠪᠠᠨ ᠮᠤᠵᠢ ᠵᠢ ᠪᠤᠷᠴᠠᠭ᠎ᠤᠨ ᠬᠠᠷᠠᠯᠳᠠᠳᠤ ᠦᠨ᠎ᠡ ᠵᠢ ᠦᠬᠡᠷᠡᠴᠢᠯᠡᠬᠦ ᠲᠤᠷᠰᠢᠯᠳᠠ ᠵᠢᠨ ᠭᠠᠵᠠᠷ ᠤᠷᠤᠨ ᠪᠤᠯᠭ᠋ᠠᠨ ᠲᠤᠭᠳᠠᠭ᠋ᠠᠵᠤ᠂ ᠲᠠᠷᠢᠶᠠᠯᠠᠩ᠎ᠤᠨ ᠪᠦᠳᠦᠭᠡᠭᠳᠡᠭᠦᠨ᠎ᠤ ᠦᠨ᠎ᠡ ᠵᠢᠨ ᠰᠦᠪᠡᠭᠴᠢᠯᠡᠯ᠎ᠳᠤ ᠰᠢᠨ᠎ᠡ ᠠᠷᠭ᠎ᠠ ᠵᠠᠮ᠎ᠢ ᠡᠷᠢᠯᠬᠢᠯᠡᠭᠰᠡᠨ ᠪᠠᠢ᠌ᠨ᠎ᠠ᠃ ᠤᠯᠤᠰ᠎ᠤᠨ ᠬᠦᠭᠵᠢᠬᠦᠯᠦᠯᠳᠡ ᠦᠬᠡᠷᠡᠴᠢᠯᠡᠯᠳᠡ ᠵᠢᠨ ᠵᠦᠪᠯᠡᠯ ᠪᠠ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠱᠠᠭ᠋ᠠᠷᠳᠠᠯᠭ᠎ᠠ ᠶᠤᠰᠤᠭ᠋ᠠᠷ᠂ ᠮᠠᠨ᠎ᠤ ᠵᠦᠪᠯᠡᠯ᠎ᠨᠢ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠤᠷᠴᠠᠭ᠎ᠤᠨ ᠬᠠᠷᠠᠯᠳᠠᠳᠤ ᠦᠨ᠎ᠡ ᠵᠢᠨ ᠦᠬᠡᠷᠡᠴᠢᠯᠡᠯᠳᠡ ᠵᠢᠨ ᠲᠤᠷᠰᠢᠯᠳᠠ ᠵᠢᠨ ᠴᠢᠭ᠋᠎ᠤᠨ ᠠᠵᠢᠯ᠎ᠢ ᠭᠡᠷᠡᠭᠵᠢᠬᠦᠯᠬᠦ ᠲᠦᠰᠦᠯ》᠎ᠢ ᠲᠤᠭᠳᠠᠭ᠋ᠠᠭᠰᠠᠨ ᠪᠠ ᠵᠤᠬᠢᠶᠠᠨ ᠪᠠᠢ᠌ᠭᠤᠯᠤᠨ ᠭᠡᠷᠡᠭᠵᠢᠬᠦᠯᠵᠤ᠂ ᠪᠤᠷᠴᠠᠭ ᠦᠢ᠍ᠯᠡᠳᠪᠦᠷᠢᠯᠡᠬᠦ ᠦᠪᠡᠷ᠎ᠤᠨ ᠦᠷᠳᠡᠭ᠎ᠢ ᠪᠠᠢ᠌ᠴᠠᠭ᠋ᠠᠬᠤ᠂ ᠵᠠᠬ᠎ᠠ ᠲᠡᠯᠭᠡᠭᠦᠷ᠎ᠤᠨ ᠦᠨ᠎ᠡ ᠵᠢ ᠬᠢᠨᠠᠨ ᠦᠵᠡᠬᠦ ᠪᠠ ᠲᠦᠷᠦ ᠵᠢᠨ ᠪᠤᠳᠤᠯᠭ᠎ᠠ ᠵᠢ ᠤᠬᠠᠭᠤᠯᠤᠨ ᠲᠠᠢ᠌ᠯᠪᠤᠷᠢᠯᠠᠬᠤ ᠠᠵᠢᠯ᠎ᠢ ᠵᠤᠬᠢᠶᠠᠨ ᠪᠠᠢ᠌ᠭᠤᠯᠤᠨ ᠦᠷᠨᠢᠬᠦᠯᠦᠭᠰᠡᠨ ᠪᠠᠢ᠌ᠨ᠎ᠠ᠃ ᠦᠪᠡᠷᠳᠡᠭᠡᠨ ᠵᠠᠰᠠᠬᠤ ᠤᠷᠤᠨ᠎ᠤ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠮᠵᠢᠯᠴᠠᠵᠤ᠂ ᠡᠷᠦᠬᠡ᠎ᠳᠤ ᠬᠦᠨᠵᠡᠬᠡᠢ᠌ᠷᠡᠨ ᠪᠤᠷᠴᠠᠭ ᠲᠠᠷᠢᠬᠤ ᠲᠡᠯᠠᠪᠠᠢ ᠵᠢᠨ ᠪᠠᠢ᠌ᠴᠠᠭ᠋ᠠᠯᠳᠠ ᠵᠢᠨ ᠠᠵᠢᠯ᠎ᠢ ᠦᠷᠨᠢᠬᠦᠯᠵᠤ᠂ ᠲᠠᠷᠢᠮᠠᠯ᠎ᠤᠨ ᠡᠷᠦᠭᠡ ᠵᠢᠨ ᠨᠡᠷᠡᠰ᠎ᠤᠨ ᠬᠦᠰᠦᠨᠦᠭᠳᠤ ᠵᠢ ᠨᠠᠢ᠌ᠷᠠᠭᠤᠯᠤᠨ ᠭᠠᠷᠭ᠋ᠠᠵᠤ᠂ ᠲᠦᠪ᠎ᠤᠨ ᠡᠳ᠋᠎ᠤᠨ ᠵᠠᠰᠠᠭ᠎ᠤᠨ ᠮᠠᠨ᠎ᠤ ᠤᠷᠤᠨ᠎ᠳᠤ ᠪᠠᠭᠤᠯᠭ᠋ᠠᠭᠰᠠᠨ ᠦᠨ᠎ᠡ ᠬᠠᠩᠰᠢ ᠵᠢᠨ ᠨᠦᠬᠦᠪᠦᠷᠢ ᠵᠢᠨ ᠪᠡᠯᠡ ᠮᠦᠩᠬᠦ ᠵᠢ ᠦᠪᠡᠷᠳᠡᠭᠡᠨ ᠵᠠᠰᠠᠬᠤ ᠤᠷᠤᠨ᠎ᠤ ᠪᠤᠳᠠᠳᠠᠢ᠎ᠲᠠᠢ ᠤᠶᠠᠯᠳᠤᠭᠤᠯᠤᠨ᠂ ᠪᠤᠳᠠᠳᠠᠢ ᠨᠦᠬᠦᠪᠦᠷᠢᠯᠡᠬᠦ ᠰᠠᠨᠠᠯ ᠲᠤᠷᠠᠳᠴᠤ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ ᠵᠶ᠋ᠠᠷ ᠵᠦᠪᠰᠢᠶᠡᠷᠡᠭᠦᠯᠤᠭᠡᠳ᠂ 2014 ᠤᠨ᠎ᠤ ᠨᠦᠬᠦᠪᠦᠷᠢ ᠵᠢ ᠪᠤᠷᠴᠠᠭ᠎ᠤᠨ ᠲᠠᠷᠢᠮᠠᠯ᠎ᠤᠨ ᠡᠷᠦᠬᠡ᠎ᠳᠤ ᠨᠢᠬᠡᠨᠳᠡ ᠦᠨᠳᠦᠰᠦᠨ᠎ᠳᠡᠭᠡᠨ ᠦᠭᠬᠦᠭᠰᠡᠨ ᠪᠠᠢ᠌ᠨ᠎ᠠ᠃ 2015 ᠤᠨ᠎ᠤ ᠲᠤᠷᠰᠢᠯᠳᠠ ᠵᠢᠨ ᠴᠢᠭ᠋᠎ᠤᠨ ᠠᠵᠢᠯ ᠶᠠᠭ ᠰᠠᠢ᠌ᠬᠠᠨ ᠠᠯᠬᠤᠮ ᠲᠠᠷᠠᠭ᠎ᠠ᠎ᠲᠠᠢ ᠶᠠᠪᠤᠭᠳᠠᠵᠤ ᠪᠠᠢ᠌ᠨ᠎ᠠ᠃ ᠮᠠᠨ᠎ᠤ ᠤᠷᠤᠨ᠎ᠤ ᠪᠤᠷᠴᠠᠭ᠎ᠤᠨ ᠬᠠᠷᠠᠯᠳᠠᠳᠤ ᠦᠨ᠎ᠡ ᠵᠢ ᠦᠬᠡᠷᠡᠴᠢᠯᠡᠬᠦ ᠲᠤᠷᠰᠢᠯᠳᠠ ᠵᠢᠨ ᠴᠢᠭ᠋᠎ᠨᠢ ᠲᠠᠷᠢᠶᠠᠴᠢᠳ᠎ᠤᠨ ᠲᠠᠷᠢᠮᠠᠯ᠎ᠤᠨ ᠦᠷ᠎ᠡ ᠠᠰᠢᠭ᠎ᠢ ᠪᠠᠳᠤᠯᠠᠭᠰᠠᠨ ᠮᠦᠷᠳᠡᠭᠡᠨ ᠤᠯᠤᠰ᠎ᠤᠨ ᠲᠠᠷᠢᠶᠠᠯᠠᠩ᠎ᠤᠨ ᠪᠦᠳᠦᠭᠡᠭᠳᠡᠭᠦᠨ᠎ᠤ ᠦᠨ᠎ᠡ ᠬᠠᠩᠰᠢ ᠪᠤᠢ ᠪᠤᠯᠬᠤ ᠵᠢ ᠲᠡᠬᠦᠯᠳᠡᠷᠵᠢᠬᠦᠯᠬᠦ᠎ᠳᠤ ᠪᠦᠳᠦᠮᠵᠢᠳᠠᠢ ᠰᠦᠪᠡᠭᠴᠢᠯᠡᠯᠳᠡ ᠬᠢᠵᠤ᠂ ᠮᠦᠨᠴᠤ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ᠎ᠤᠨ ᠪᠦᠳᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠦᠨ᠎ᠡ ᠬᠠᠩᠰᠢ ᠪᠤᠢ ᠪᠤᠯᠬᠤ ᠲᠤᠭᠳᠠᠴᠠ ᠵᠢ ᠲᠡᠭᠦᠯᠳᠡᠷᠵᠢᠬᠦᠯᠬᠦ᠎ᠳᠤ ᠲᠤᠷᠰᠢᠯᠭ᠎ᠠ ᠬᠤᠷᠠᠮᠳᠤᠭᠤᠯᠤᠭᠰᠠᠨ ᠪᠠᠢ᠌ᠨ᠎ᠠ᠃
ᠭᠦᠳᠦᠯᠦᠭᠴᠢ᠄
ᠲᠠᠨ᠎ᠤ ᠲᠠᠢ᠌ᠯᠪᠤᠷᠢ᠎ᠠᠴᠠ ᠴᠠᠬᠢᠯᠭ᠋ᠠᠨ ᠲᠠᠮᠵᠢᠭᠤᠯᠤᠨ ᠬᠦᠷᠭᠡᠬᠦ ᠦᠨ᠎ᠡ ᠵᠢ ᠦᠬᠡᠷᠡᠴᠢᠯᠡᠬᠦ ᠪᠠ ᠪᠤᠷᠴᠠᠭ᠎ᠤᠨ ᠬᠠᠷᠠᠯᠳᠠᠳᠤ ᠦᠨ᠎ᠡ ᠵᠢ ᠦᠭᠡᠷᠡᠴᠢᠯᠡᠬᠦ ᠤᠳᠬ᠎ᠠ ᠤᠴᠢᠷ ᠪᠤᠯᠤᠨ ᠦᠬᠡᠷᠡᠴᠢᠯᠡᠬᠦ ᠴᠢᠬᠤᠯᠠ ᠠᠴᠢ ᠬᠤᠯᠪᠤᠭᠳᠠᠯ ᠵᠢᠴᠢ ᠦᠢ᠍ᠯᠡᠳᠦᠯ᠎ᠢ ᠦᠨᠳᠤᠰᠦᠨ᠎ᠳᠡᠭᠡᠨ ᠤᠯᠠᠨ ᠵᠶ᠋ᠠᠷ ᠵᠶ᠋ᠠᠨ ᠤᠢ᠌ᠯᠠᠭ᠋ᠠᠯᠠ᠂ ᠡᠨᠡᠬᠦ ᠬᠤᠶᠠᠷ ᠴᠢᠬᠤᠯᠠ ᠬᠦᠷᠢᠶᠡᠨ᠎ᠳᠤ᠂ ᠮᠠᠨ᠎ᠤ ᠤᠷᠤᠨ ᠤᠯᠤᠰ᠎ᠤᠨ ᠦᠨ᠎ᠡ ᠬᠠᠩᠰᠢ ᠵᠢ ᠦᠬᠡᠷᠡᠴᠢᠯᠡᠬᠦ ᠲᠦᠷᠦᠭᠦᠴᠢ ᠪᠤᠯᠤᠭᠰᠠᠨ᠎ᠨᠢ ᠮᠠᠨ᠎ᠤ ᠦᠪᠦᠷ ᠮᠤᠩᠭᠤᠯᠴᠤᠳ᠎ᠤᠨ ᠤᠮᠦᠭ᠍ᠰᠢᠪᠠᠰᠤ ᠵᠤᠬᠢᠬᠤ ᠶᠠᠪᠤᠳᠠᠯ ᠪᠤᠯᠤᠨ᠎ᠠ᠃
ᠸᠠᠩ ᠵᠢᠨ ᠪᠤᠤ᠄
ᠬᠦᠳᠦᠯᠦᠭᠴᠢ᠎ᠳᠤ ᠪᠠᠶᠠᠷᠯᠠᠯ᠎ᠠ ! ᠲᠡᠭᠡᠷ᠎ᠡ ᠶᠠᠷᠢᠭᠰᠠᠨ ᠤᠯᠤᠰ᠎ᠤᠨ ᠬᠤᠶᠠᠷ ᠵᠦᠢ᠍ᠯ᠎ᠤᠨ ᠦᠨ᠎ᠡ ᠵᠢ ᠦᠭᠡᠷᠡᠴᠢᠯᠡᠬᠦ ᠲᠤᠷᠰᠢᠯᠳᠠ ᠵᠢᠨ ᠴᠢᠭ᠋᠎ᠤᠨ ᠠᠵᠢᠯ᠎ᠠᠴᠠ ᠭᠠᠳᠠᠨ᠎ᠠ᠂ ᠮᠠᠨ᠎ᠤ ᠤᠷᠤᠨ ᠪᠠᠰᠠ ᠠᠯᠢ ᠤᠯᠠᠨ ᠭᠤᠤᠯᠳᠠᠯᠭ᠎ᠠ᠎ᠲᠠᠢ ᠬᠦᠷᠢᠶᠡᠨ᠎ᠤ ᠦᠨ᠎ᠡ ᠦᠬᠡᠷᠡᠴᠢᠯᠡᠯᠳᠠ ᠵᠢᠨ ᠠᠵᠢᠯ᠎ᠢ ᠶᠠᠪᠤᠭᠳᠠᠭᠤᠯᠤᠭᠰᠠᠨ ᠪᠠᠢ᠌ᠨ᠎ᠠ᠃ ᠡᠬᠢ ᠪᠠᠶᠠᠯᠢᠭ᠎ᠤᠨ ᠡᠨᠧᠷᠬᠢ ᠵᠢᠨ ᠦᠨ᠎ᠡ ᠬᠠᠩᠰᠢ ᠵᠢᠨ ᠲᠠᠯ᠎ᠠ᠎ᠪᠠᠷ᠂ ᠪᠢᠳᠡ ᠨᠡᠬᠦᠷᠡᠰᠤ ᠴᠠᠬᠢᠯᠭ᠋ᠠᠨ᠎ᠢ ᠬᠤᠯᠪᠤᠯᠴᠠᠬᠤ ᠲᠤᠭᠳᠠᠴᠠ ᠵᠢ ᠨᠠᠢ᠌ᠳᠠᠪᠤᠷᠢᠵᠢᠭᠤᠯᠵᠤ᠂ ᠨᠡᠬᠦᠷᠡᠰᠤ᠎ᠪᠠᠷ ᠭᠠᠷᠭ᠋ᠠᠭᠰᠠᠨ ᠴᠠᠬᠢᠯᠭ᠋ᠠᠨ᠎ᠤ ᠰᠦᠯᠵᠢᠶᠡᠨ᠎ᠳᠤ ᠭᠠᠷᠬᠤ ᠦᠨ᠎ᠡ ᠪᠠ ᠠᠵᠤ ᠦᠢ᠍ᠯᠡᠳᠪᠦᠷᠢ ᠬᠤᠳᠠᠯᠳᠤᠭ᠋ᠠᠨ᠎ᠤ ᠦᠢ᠍ᠯᠡᠰ᠎ᠤᠨ ᠪᠤᠷᠤᠯᠠᠭᠤᠯᠭ᠎ᠠ ᠵᠢᠨ ᠴᠠᠬᠢᠯᠭ᠋ᠠᠨ᠎ᠤ ᠦᠨ᠎ᠡ ᠵᠢ ᠲᠤᠬᠢᠷᠠᠭᠤᠯᠤᠭᠰᠠᠨ ᠪᠠᠢ᠌ᠨ᠎ᠠ᠃ ᠰᠠᠭᠤᠭ᠋ᠠᠯᠢ ᠠᠷᠠᠳ᠎ᠤᠨ ᠪᠤᠰᠤ ᠪᠠᠢ᠌ᠭ᠋ᠠᠯᠢ ᠵᠢᠨ ᠰᠢᠳᠠᠮᠠᠬᠠᠢ ᠬᠡᠢ ᠵᠢ ᠭᠡᠷᠡᠭᠯᠡᠬᠦ ᠦᠨ᠎ᠡ ᠵᠢ ᠲᠤᠬᠢᠷᠠᠭᠤᠯᠬᠤ ᠲᠦᠷᠦ ᠵᠢᠨ ᠪᠤᠳᠤᠯᠭ᠎ᠠ ᠵᠢ ᠲᠤᠭᠳᠠᠭ᠋ᠠᠪᠠ; ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠤᠰᠤᠨ᠎ᠤ ᠱᠠᠳᠤᠯᠢᠭ ᠦᠨ᠎ᠡ᠂ ᠰᠢᠳᠠᠮᠠᠬᠠᠢ ᠬᠡᠢ ᠵᠢᠨ ᠱᠠᠳᠤᠯᠢᠭ ᠦᠨ᠎ᠡ ᠵᠢᠨ ᠦᠬᠡᠷᠡᠴᠢᠯᠡᠯᠳᠡ ᠵᠢ ᠲᠦᠯᠬᠢᠨ ᠠᠬᠢᠭᠤᠯᠪᠡ; ᠤᠷᠴᠢᠨ ᠲᠤᠭᠤᠷᠢᠨ᠎ᠤ ᠡᠬᠢ ᠪᠠᠶᠠᠯᠢᠭ᠎ᠠᠴᠠ ᠰᠦᠢ᠍ᠳᠭᠡᠯ ᠬᠤᠷᠢᠶᠠᠬᠤ ᠦᠬᠡᠷᠡᠴᠢᠯᠡᠯᠳᠡ ᠵᠢ ᠠᠬᠢᠭᠤᠯᠵᠤ᠂ ᠤᠰᠤᠨ᠎ᠤ ᠡᠬᠢ ᠪᠠᠶᠠᠯᠢᠭ᠎ᠠᠴᠠ ᠰᠦᠢ᠍ᠳᠭᠡᠯ ᠬᠤᠷᠢᠶᠠᠬᠤ ᠪᠠᠷᠢᠮᠵᠢᠶ᠎ᠠ ᠪᠠ ᠪᠤᠬᠢᠷ ᠤᠰᠤ ᠵᠢ ᠭᠠᠳᠠᠭᠰᠢᠯᠠᠭᠤᠯᠬᠤ ᠰᠦᠢ᠍ᠳᠭᠡᠯ ᠬᠤᠷᠢᠶᠠᠬᠤ ᠪᠠᠷᠢᠮᠵᠢᠶ᠎ᠠ ᠵᠢ ᠲᠤᠬᠢᠷᠠᠭᠤᠯᠪᠡ; ᠵᠠᠮ ᠲᠡᠭᠡᠭᠡᠪᠦᠷᠢ ᠵᠢᠨ ᠦᠨ᠎ᠡ ᠬᠠᠩᠰᠢ ᠵᠢᠨ ᠲᠠᠯ᠎ᠠ᠎ᠪᠠᠷ᠂ ᠪᠢᠳᠡ ᠤᠷᠤᠨ ᠨᠤᠳᠤᠭ᠎ᠤᠨ ᠲᠡᠮᠤᠷ ᠵᠠᠮ᠎ᠤᠨ ᠲᠡᠭᠡᠭᠡᠪᠦᠷᠢ ᠵᠢᠨ ᠦᠨ᠎ᠡ ᠵᠢ ᠵᠠᠰᠠᠭ᠎ᠤᠨ ᠤᠷᠳᠤᠨ ᠲᠤᠭᠳᠠᠭ᠋ᠠᠵᠤ ᠪᠠᠢ᠌ᠭᠰᠠᠨ᠎ᠠᠴᠠ ᠦᠬᠡᠷᠡᠴᠢᠯᠡᠭᠡᠳ ᠵᠠᠰᠠᠭ᠎ᠤᠨ ᠤᠷᠳᠤᠨ ᠵᠢᠭ᠋ᠠᠨ ᠵᠢᠯᠤᠭᠤᠳᠬᠤ ᠪᠤᠯᠭᠭ᠋ᠠᠰᠠᠨ ᠪᠠᠢ᠌ᠨ᠎ᠠ; ᠵᠠᠰᠠᠭ᠎ᠤᠨ ᠤᠷᠳᠤᠨ᠎ᠠᠴᠠ ᠵᠢᠭᠡᠯᠡᠯᠭᠡ ᠲᠦᠯᠦᠬᠦ ᠬᠤᠶᠠᠳᠤᠭ᠋ᠠᠷ ᠲᠡᠰ᠎ᠤᠨ ᠵᠠᠰᠠᠮᠠᠯ ᠵᠠᠮ᠎ᠠᠴᠠ ᠰᠦᠢ᠍ᠳᠭᠡᠯ ᠬᠤᠷᠢᠶᠠᠬᠤ ᠲᠤᠷᠰᠢᠯᠳᠠ ᠵᠢᠨ ᠴᠢᠭ᠋᠎ᠤᠨ ᠠᠵᠢᠯ᠎ᠢ ᠭᠦᠴᠦᠨ ᠦᠬᠡᠢ ᠪᠤᠯᠭ᠋ᠠᠬᠤ ᠵᠢ ᠲᠦᠯᠬᠢᠨ ᠠᠬᠢᠭᠤᠯᠪᠠ; ᠵᠠᠰᠠᠮᠠᠯ ᠵᠠᠮ᠎ᠤᠨ ᠲᠡᠷᠭᠡ ᠨᠡᠪᠳᠡᠷᠡᠬᠦ ᠰᠦᠢ᠍ᠳᠭᠡᠯ᠎ᠤᠨ ᠪᠠᠷᠢᠮᠵᠢᠶ᠎ᠠ ᠵᠢ ᠨᠢᠭᠡᠳᠦᠯᠳᠡᠢ ᠲᠦᠷᠢᠮᠵᠢᠬᠦᠯᠵᠤ᠂ ᠰᠦᠢ᠍ᠳᠭᠡᠯ ᠬᠤᠷᠢᠶᠠᠬᠤ ᠪᠠᠷᠢᠮᠵᠢᠶ᠎ᠠ ᠵᠢ 16%᠎ᠪᠠᠷ ᠲᠤᠷᠤᠭᠰᠢᠯᠠᠭᠤᠯᠵᠤ᠂ ᠠᠵᠤ ᠠᠬᠤᠢ᠌ᠯᠠᠯ ᠪᠤᠯᠤᠨ ᠨᠡᠢ᠌ᠭᠡᠮ᠎ᠤᠨ ᠲᠠᠷᠤᠭ᠋ᠠᠰᠤ ᠵᠢ ᠵᠢᠯ ᠪᠦᠷᠢ ᠠᠷᠪᠠᠨ ᠳ᠋ᠦᠩᠰᠢᠭᠤᠷ ᠲᠦᠭᠦᠷᠢᠭ ᠬᠦᠩᠭᠡᠯᠡᠪᠡ; ᠮᠠᠨ᠎ᠤ ᠤᠷᠤᠨ᠎ᠤ ᠪᠠᠷᠠᠭᠤᠨ ᠭᠡᠰᠡᠭ᠎ᠤᠨ ᠲᠡᠭᠡᠳᠤ ᠬᠤᠷᠳᠤ ᠵᠢᠨ ᠵᠠᠰᠠᠮᠠᠯ ᠵᠠᠮ᠎ᠤᠨ ᠰᠦᠯᠵᠢᠶᠡᠨ ᠲᠡᠭᠡᠷ᠎ᠡ ᠰᠦᠢ᠍ᠳᠭᠡᠯ ᠬᠤᠷᠢᠶᠠᠬᠤ ᠵᠢ ᠪᠡᠶᠡᠯᠡᠬᠦᠯᠵᠤ᠂ ᠵᠢᠷᠭᠤᠭ᠋ᠠᠨ ᠰᠠᠷ᠎ᠠ ᠵᠢᠨ ᠰᠡᠬᠦᠯᠴᠢ᠎ᠪᠠᠷ ᠲᠡᠭᠡᠳᠤ ᠬᠤᠷᠳᠤ ᠵᠢᠨ ᠭᠤᠤᠯ ᠵᠠᠰᠠᠮᠠᠯ ᠵᠠᠮ᠎ᠤᠨ ᠰᠦᠢ᠍ᠳᠭᠡᠯ ᠬᠤᠷᠢᠶᠠᠬᠤ ᠦᠷᠳᠡᠭᠡ ᠵᠢ ᠪᠦᠬᠦᠨ᠎ᠢ ᠦᠬᠡᠢ᠌ᠰᠭᠡᠪᠡ᠃ ᠡᠮ᠎ᠤᠨ ᠵᠦᠢ᠍ᠯ᠎ᠤᠨ ᠦᠨ᠎ᠡ ᠬᠠᠩᠰᠢ ᠵᠢ ᠦᠭᠡᠷᠡᠴᠢᠯᠡᠬᠦ ᠲᠠᠯ᠎ᠠ᠎ᠪᠠᠷ᠂ ᠤᠯᠤᠰ᠎ᠤᠨ ᠨᠢᠬᠡᠳᠦᠯᠳᠡᠢ ᠲᠤᠬᠢᠷᠠᠭᠤᠯᠤᠯᠳᠠ ᠶᠤᠰᠤᠭ᠋ᠠᠷ᠂ ᠡᠮ᠎ᠤᠨ ᠵᠦᠢ᠍ᠯ᠎ᠤᠨ ᠦᠨ᠎ᠡ ᠵᠢ ᠵᠠᠬ᠎ᠠ ᠲᠡᠯᠭᠡᠭᠦᠷ᠎ᠠᠴᠠ ᠲᠤᠭᠳᠠᠭ᠋ᠠᠬᠤ ᠲᠤᠭᠳᠠᠴᠠ ᠵᠢ ᠪᠦᠬᠦ ᠲᠠᠯ᠎ᠠ᠎ᠪᠠᠷ ᠭᠡᠷᠡᠭᠵᠢᠬᠦᠯᠪᠠ᠃ ᠡᠮ᠎ᠤᠨ ᠵᠦᠢ᠍ᠯ᠎ᠤᠨ ᠦᠨ᠎ᠡ ᠵᠢ ᠴᠢᠯᠦᠭᠡᠳᠡᠢ ᠪᠤᠯᠭ᠋ᠠᠭᠰᠠᠨ᠎ᠤ ᠲᠠᠷᠠᠭ᠎ᠠ ᠵᠠᠬ᠎ᠠ ᠲᠡᠯᠭᠡᠭᠦᠷ᠎ᠤᠨ ᠦᠨ᠎ᠡ ᠬᠠᠩᠰᠢ ᠡᠮᠬᠢ ᠵᠢᠷᠤᠮ ᠦᠬᠡᠢ ᠪᠤᠯᠵᠤ ᠰᠠᠮᠠᠭᠤᠷᠠᠬᠤ ᠪᠠᠢ᠌ᠳᠠᠯ ᠡᠭᠦᠰᠬᠦ᠎ᠠᠴᠠ ᠵᠠᠢ᠌ᠯᠠᠰᠬᠢᠬᠦ ᠵᠢᠨ ᠲᠤᠰᠠᠳᠠ᠂ ᠡᠮ᠎ᠤᠨ ᠵᠦᠢ᠍ᠯ᠎ᠤᠨ ᠦᠢ᠍ᠯᠡᠳᠪᠦᠷᠢᠯᠡᠯ᠎ᠤᠨ ᠬᠦᠢ᠍ᠯᠭᠡᠭᠡᠨ᠎ᠤ ᠠᠵᠤ ᠠᠬᠤᠢ᠌ᠯᠠᠯ᠂ ᠡᠮ ᠡᠮᠨᠡᠯᠭᠡ ᠵᠢᠨ ᠪᠠᠢ᠌ᠭᠤᠯᠤᠮᠵᠢ᠂ ᠵᠢᠵᠢᠭᠯᠡᠨ ᠪᠤᠷᠤᠯᠠᠭᠤᠯᠬᠤ ᠡᠮ᠎ᠤᠨ ᠲᠡᠯᠭᠡᠭᠦᠷᠤᠳᠢ ᠤᠷᠤᠯᠴᠠᠭᠤᠯᠤᠭᠰᠠᠨ ᠦᠨ᠎ᠡ ᠬᠠᠩᠰᠢ ᠵᠢ ᠰᠠᠷᠠᠮᠵᠢᠯᠠᠨ ᠴᠡᠭᠡᠷᠯᠡᠬᠦᠯᠬᠦ ᠬᠤᠷᠠᠯ᠎ᠢ ᠵᠤᠬᠢᠶᠠᠨ ᠪᠠᠢ᠌ᠭᠤᠯᠤᠨ ᠬᠤᠷᠠᠯᠳᠤᠭᠤᠯᠵᠤ᠂ ᠷᠠᠳᠢᠤ᠋ ᠲᠧᠯᠸᠢᠰ᠂ ᠬᠦᠭᠵᠢᠬᠦᠯᠦᠯᠳᠡ ᠦᠬᠡᠷᠡᠴᠢᠯᠡᠯᠳᠡ ᠵᠢᠨ ᠵᠦᠪᠯᠡᠯ᠎ᠤᠨ ᠰᠦᠯᠵᠢᠶ᠎ᠡ ᠵᠡᠷᠭᠡ᠎ᠪᠠᠷ ᠲᠠᠮᠵᠢᠭᠤᠯᠤᠨ ᠤᠯᠤᠰ᠎ᠠᠴᠠ ᠶᠡᠬᠡᠩᠬᠢ ᠡᠮ᠎ᠤᠨ ᠵᠦᠢ᠍ᠯ᠎ᠤᠨ ᠦᠨ᠎ᠡ ᠵᠢ ᠴᠢᠯᠦᠭᠡᠳᠡᠢ ᠪᠤᠯᠭ᠋ᠠᠬᠤ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ ᠵᠢ ᠬᠢᠨᠠᠮᠠᠭ᠋ᠠᠢ ᠤᠬᠠᠭᠤᠯᠵᠤ᠂ ᠡᠮ᠎ᠤᠨ ᠵᠦᠢ᠍ᠯ᠎ᠤᠨ ᠦᠨ᠎ᠡ ᠵᠢ ᠴᠢᠯᠦᠭᠡᠳᠡᠢ ᠪᠤᠯᠭ᠋ᠠᠭᠰᠠᠨ᠎ᠨᠢ ᠡᠮ᠎ᠤᠨ ᠵᠦᠢ᠍ᠯ᠎ᠤᠨ ᠦᠨ᠎ᠡ ᠵᠢᠨ ᠬᠢᠨᠠᠯᠳᠠ ᠬᠠᠮᠢᠶᠠᠷᠤᠯᠳᠠ ᠵᠢ ᠬᠦᠴᠦᠨ ᠦᠬᠡᠢ ᠪᠤᠯᠭ᠋ᠠᠭᠰᠠᠨ ᠶᠠᠪᠤᠳᠠᠯ ᠪᠢᠰᠢ᠂ ᠵᠦᠪᠬᠡᠨ ᠬᠢᠨᠠᠯᠳᠠ ᠬᠠᠮᠢᠶᠠᠷᠤᠯᠳᠠ ᠵᠢᠨ ᠠᠷᠭ᠎ᠠ ᠬᠡᠯᠪᠡᠷᠢ᠎ᠳᠤ ᠬᠤᠪᠢᠷᠠᠯᠳᠠ ᠭᠠᠷᠤᠭᠰᠠᠨ ᠲᠡᠳᠦᠢ ᠶᠤᠮ᠂ ᠡᠯ᠎ᠡ ᠵᠦᠢ᠍ᠯ᠎ᠤᠨ ᠦᠨ᠎ᠡ ᠬᠠᠩᠰᠢ ᠵᠢᠨ ᠬᠠᠤᠯᠢ᠎ᠠᠴᠠ ᠵᠦᠷᠢᠴᠡᠬᠦ ᠦᠢ᠍ᠯᠡ ᠠᠵᠢᠯᠯᠠᠭ᠋ᠠᠨ᠎ᠤ ᠢᠯᠡᠷᠡᠬᠦ ᠬᠡᠯᠪᠡᠷᠢ ᠵᠢ ᠵᠢᠭ᠋ᠠᠨ ᠭᠠᠷᠭ᠋ᠠᠵᠤ᠂ ᠡᠮ᠎ᠤᠨ ᠵᠦᠢ᠍ᠯ᠎ᠤᠨ ᠦᠢ᠍ᠯᠡᠳᠪᠦᠷᠢᠯᠡᠯ᠎ᠤᠨ ᠬᠦᠢ᠍ᠯᠭᠡᠭᠡᠨ᠎ᠤ ᠠᠵᠤ ᠠᠬᠤᠢ᠌ᠯᠠᠯ᠂ ᠡᠮ ᠡᠮᠨᠡᠯᠭᠡ ᠵᠢᠨ ᠪᠠᠢ᠌ᠭᠤᠯᠤᠮᠵᠢ᠂ ᠵᠢᠵᠢᠭᠯᠡᠨ ᠪᠤᠷᠤᠯᠠᠭᠤᠯᠬᠤ ᠡᠮ᠎ᠤᠨ ᠲᠡᠯᠭᠡᠭᠦᠷᠤᠳᠢ ᠦᠨ᠎ᠡ ᠵᠢᠨ ᠬᠠᠮᠢᠶᠠᠳᠠᠢ ᠬᠠᠤᠯᠢ ᠴᠠᠭ᠋ᠠᠵᠠ ᠬᠠᠤᠯᠢ ᠲᠦᠷᠢᠮ᠎ᠢ ᠤᠬᠠᠮᠰᠠᠷ᠎ᠠᠴᠠ᠎ᠪᠠᠨ ᠵᠢᠷᠤᠮᠯᠠᠬᠤ ᠵᠢ ᠰᠡᠷᠡᠮᠵᠢᠯᠡᠬᠦᠯᠤᠭᠡᠳ᠂ ᠨᠡᠯᠢᠶᠡᠳ ᠰᠠᠢ᠌ᠨ ᠦᠷ᠎ᠡ ᠪᠦᠳᠦᠮᠵᠢ ᠤᠯᠤᠭᠰᠠᠨ ᠪᠠᠢ᠌ᠨ᠎ᠠ᠃ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠲᠠᠯ᠎ᠠ᠎ᠪᠠᠷ᠂ ᠪᠢᠳᠡ ᠬᠤᠶᠠᠷ ᠵᠢᠯ ᠭᠠᠷᠤᠢ ᠵᠢᠨ ᠴᠠᠭ ᠵᠠᠷᠤᠴᠠᠭᠤᠯᠵᠤ᠂ 8756 ᠵᠦᠢ᠍ᠯ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢᠨ ᠦᠪᠡᠷ᠎ᠤᠨ ᠦᠷᠳᠡᠭ᠎ᠢ ᠵᠢᠱ᠌ᠢᠨ ᠪᠤᠳᠤᠯᠳᠠ ᠵᠢ ᠪᠡᠶᠡᠯᠡᠬᠦᠯᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢ ᠲᠤᠬᠢᠷᠠᠭᠤᠯᠬᠤ ᠲᠦᠰᠦᠯ ᠲᠤᠭᠳᠠᠭ᠋ᠠᠵᠤ᠂ ᠦᠨ᠎ᠡ ᠬᠠᠩᠰᠢ ᠵᠢᠨ ᠭᠡᠷᠡᠴᠢᠯᠡᠯᠳᠡ ᠰᠤᠨᠤᠰᠬᠤ ᠬᠤᠷᠠᠯ᠎ᠢ ᠠᠮᠵᠢᠯᠳᠠᠳᠠᠢ ᠬᠤᠷᠠᠯᠳᠤᠭᠤᠯᠤᠭᠰᠠᠨ᠎ᠤ ᠬᠠᠮᠳᠤ ᠦᠨ᠎ᠡ ᠲᠤᠬᠢᠷᠠᠭᠤᠯᠬᠤ ᠨᠡᠢ᠌ᠭᠡᠮ᠎ᠤᠨ ᠲᠦᠭᠰᠢᠬᠦᠷᠢ ᠵᠢᠨ ᠦᠨᠡᠯᠡᠨ ᠵᠢᠱ᠌ᠢᠯᠳᠠ ᠵᠢ ᠬᠢᠵᠤ᠂ 10 ᠳ᠋ᠤᠭ᠋ᠠᠷ ᠰᠠᠷ᠎ᠠ ᠵᠢᠨ ᠡᠬᠢᠨ ᠵᠶ᠋ᠠᠷ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠳᠤ ᠮᠡᠳᠡᠬᠦᠯᠵᠤ ᠬᠢᠨᠠᠨ ᠲᠤᠭᠳᠠᠭ᠋ᠠᠯᠭ᠋ᠠᠪᠠ᠃ 2016 ᠤᠨ᠎ᠤ ᠡᠬᠢᠨ᠎ᠳᠤ᠂ ᠬᠤᠳᠠ ᠵᠢᠨ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠤᠷᠢᠶ᠎ᠠ ᠵᠢᠨ ᠦᠬᠡᠷᠡᠴᠢᠯᠡᠯᠳᠡ ᠵᠢᠨ ᠲᠤᠷᠰᠢᠯᠳᠠ ᠵᠢᠨ ᠴᠢᠭ᠋᠎ᠤᠨ ᠤᠷᠤᠨ᠎ᠳᠤ ᠰᠢᠨ᠎ᠡ ᠬᠡᠯᠪᠡᠷᠢ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠵᠢ ᠤᠷᠢᠳᠡᠪᠡᠷ ᠲᠤᠷᠰᠢᠨ ᠭᠡᠷᠡᠭᠵᠢᠬᠦᠯᠵᠤ᠂ ᠬᠤᠳᠠ ᠵᠢᠨ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠬᠡᠷᠡᠴᠢᠯᠡᠯᠳᠡ ᠵᠢ ᠠᠬᠢᠭᠤᠯᠪᠠ; ᠮᠤᠩᠭᠤᠯ ᠡᠮᠨᠡᠯᠭᠡ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠵᠢ ᠰᠢᠨ᠎ᠡ᠎ᠪᠠᠷ ᠨᠡᠮᠡᠬᠦ ᠪᠠ ᠲᠤᠬᠢᠷᠠᠭᠤᠯᠬᠤ᠎ᠪᠠᠷ ᠲᠠᠮᠵᠢᠭᠤᠯᠤᠨ᠂ ᠮᠤᠩᠭᠤᠯ ᠡᠮᠨᠡᠯᠭᠡ ᠵᠢᠨ ᠡᠮᠴᠢᠯᠡᠭᠡᠨ᠎ᠤ ᠮᠡᠷᠭᠡᠵᠢᠯ ᠡᠮᠨᠡᠯᠭᠡ ᠵᠢᠨ ᠠᠵᠢᠯᠳᠠᠨ᠎ᠤ ᠦᠢ᠍ᠯᠡᠴᠢᠯᠡᠬᠦ ᠦᠷᠳᠡᠭ᠎ᠢ ᠢᠯᠡᠷᠡᠬᠦᠯᠵᠤ᠂ ᠮᠤᠩᠭᠤᠯ ᠡᠮᠨᠡᠯᠭᠡ ᠵᠢᠨ ᠦᠢ᠍ᠯᠡᠰ᠎ᠤᠨ ᠡᠷᠡᠬᠦᠯ ᠵᠶ᠋ᠠᠷ ᠬᠦᠭᠵᠢᠬᠦ ᠵᠢ ᠠᠬᠢᠭᠤᠯᠪᠠ; ᠬᠤᠰᠢᠭᠤ ᠰᠢᠶᠠᠨ᠎ᠤ ᠱᠠᠳᠤᠨ᠎ᠤ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠬᠡᠷᠡᠴᠢᠯᠡᠯᠳᠡᠯᠤᠭᠠ ᠤᠶᠠᠯᠳᠤᠭᠤᠯᠵᠤ᠂ ᠲᠤᠷᠰᠢᠯᠳᠠ ᠵᠢᠨ ᠴᠢᠭ᠋᠎ᠤᠨ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠤᠷᠢᠶ᠎ᠠ ᠵᠢᠨ ᠦᠨ᠎ᠡ ᠨᠡᠮᠡᠬᠦ ᠵᠢ ᠪᠦᠬᠦᠨ᠎ᠢ ᠬᠦᠴᠦᠨ ᠦᠬᠡᠢ ᠪᠤᠯᠭ᠋ᠠᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠵᠢ ᠲᠤᠬᠢᠷᠠᠭᠤᠯᠬᠤ ᠲᠦᠰᠦᠯ᠎ᠢ ᠲᠠᠷᠤᠢ᠌ᠬᠠᠨ ᠲᠤᠭᠳᠠᠭ᠋ᠠᠵᠤ᠂ ᠬᠤᠰᠢᠭᠤ ᠰᠢᠶᠠᠨ᠎ᠤ ᠱᠠᠳᠤᠨ᠎ᠤ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠬᠡᠷᠡᠴᠢᠯᠡᠯᠳᠡ ᠵᠢᠨ ᠲᠦᠷᠦ ᠵᠢᠨ ᠪᠤᠳᠤᠯᠭ᠎ᠠ ᠵᠢ ᠲᠦᠷᠭᠡᠭᠡᠨ ᠭᠡᠷᠡᠭᠵᠢᠬᠦᠯᠦᠭᠳᠡᠬᠦ ᠵᠢ ᠲᠦᠯᠬᠢᠨ ᠠᠬᠢᠭᠤᠯᠪᠡ᠃
ᠬᠥᠲᠥᠯᠥᠭᠴᠢ᠄
ᠤᠢ᠍ᠢ᠍ᠷ᠎ᠠ᠎ᠳᠤ ᠪᠢ ᠰᠦᠯᠵᠢᠶᠡᠨ ᠳᠡᠭᠡᠷ᠎ᠡ᠎ᠠᠴᠠ ᠪᠠᠰᠠ ᠨᠢᠭᠡ ᠮᠡᠳᠡᠭᠡ ᠣᠯᠵᠤ ᠦᠵᠡᠪᠡ᠂ ᠶᠡᠬᠡ ᠲᠥᠯᠥᠪ ᠠᠭᠤᠯᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠪᠣᠯᠤᠨ ᠬᠥᠭᠵᠢᠭᠦᠯᠦᠯᠲᠡ ᠦᠭᠡᠷᠡᠴᠢᠯᠠᠯᠠᠲᠠ ᠵᠢᠨ ᠵᠥᠪᠯᠡᠯ ᠵᠡᠷᠭᠡ 11 ᠰᠠᠯᠠᠭ᠎ᠠ ᠮᠥᠴᠢᠷ᠎ᠤᠨ ᠨᠡᠢ᠌ᠲᠡ 18 ᠵᠦᠢ᠍ᠯ᠎ᠤᠨ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠬᠤ ᠵᠢ ᠬᠦᠴᠦᠨ ᠦᠭᠡᠢ ᠪᠣᠯᠭ᠋ᠠᠬᠤ᠎ᠪᠠᠷ ᠨᠡᠢ᠌ᠲᠡᠯᠡᠭᠰᠡᠨ ᠪᠥᠭᠡᠳ 6 ᠵᠦᠢ᠍ᠯ᠎ᠤᠨ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠳᠣᠷᠣᠭᠰᠢᠯᠠᠭᠤᠯᠪᠠ᠃ ᠡᠨᠡᠬᠦ ᠠᠵᠢᠯ᠎ᠨᠢ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠠᠭᠤᠯᠭ᠎ᠠ ᠪᠣᠯᠬᠤ ᠤᠤ?
ᠸᠠᠩ ᠵᠢᠨ ᠪᠤᠤ᠄
ᠦᠵᠡᠭᠡᠳ ᠪᠠᠢ᠌ᠬᠤ᠎ᠳᠤ ᠬᠥᠲᠥᠯᠥᠭᠴᠢ ᠮᠦᠨ ᠴᠤ᠌ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠨᠡᠯᠢᠶᠡᠳ ᠠᠩᠬᠠᠷᠳᠠᠭ ᠶᠤᠮ ᠪᠠᠢ᠌ᠨ᠎ᠠ᠃ ᠳᠣᠣᠷ᠎ᠠ ᠪᠢ ᠳᠠᠶᠠᠭ᠋ᠠᠷ᠎ᠲᠤ ᠲᠠᠨᠢᠯᠴᠠᠭᠤᠯᠬᠤ ᠭᠡᠵᠦ ᠪᠠᠢ᠌ᠭ᠎ᠠ᠎ᠨᠢ ᠳᠠᠷᠤᠢ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠠᠷᠭ᠎ᠠ ᠵᠢᠨ ᠥᠭᠡᠷᠡᠴᠢᠯᠡᠯᠲᠡ ᠪᠣᠯᠣᠨ᠎ᠠ᠂ ᠲᠠᠨ᠎ᠤ ᠳᠡᠭᠡᠷ᠎ᠡ ᠳᠤᠷᠠᠳᠤᠭᠰᠠᠨ᠂ ᠡᠨᠡ ᠵᠢᠯ᠎ᠤᠨ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠭᠰᠡᠨ ᠬᠡᠰᠡᠭ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠬᠤ ᠵᠢ ᠬᠦᠴᠦᠨ ᠦᠭᠡᠢ ᠪᠣᠯᠭ᠋ᠠᠬᠤ ᠪᠠ ᠳᠣᠷᠣᠭᠰᠢᠯᠠᠭᠤᠯᠬᠤ ᠲᠥᠷᠥ ᠵᠢᠨ ᠪᠤᠳᠤᠯᠭ᠎ᠠ ᠮᠥᠨ ᠴᠦ᠍ ᠲᠡᠭᠦᠨ᠎ᠤ ᠳᠣᠲᠣᠷᠠᠬᠢ ᠨᠢᠭᠡ ᠬᠡᠰᠡᠭ ᠠᠵᠢᠯ ᠮᠦᠨ᠃ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠲᠠᠯ᠎ᠠ᠎ᠪᠠᠷ ᠪᠢᠳᠡ ᠭᠣᠣᠯᠳᠠᠭᠤ ᠳᠥᠷᠪᠡᠨ ᠲᠠᠯ᠎ᠠ ᠵᠢᠨ ᠠᠵᠢᠯ ᠬᠢᠪᠡ᠃ ᠨᠢᠭᠡ᠎ᠳᠤ ᠰᠦᠢ᠍ᠳᠬᠡᠯ ᠬᠤᠷᠢᠶᠠᠬᠤ ᠬᠢᠨᠠᠨ ᠵᠥᠪᠰᠢᠶᠡᠷᠡᠯ᠎ᠤᠨ ᠠᠷᠭ᠎ᠠ ᠬᠡᠯᠪᠡᠷᠢ ᠵᠢ ᠰᠠᠢ᠌ᠵᠢᠷᠠᠭᠤᠯᠪᠠ᠃ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠤᠨ ᠥᠪᠡᠷ᠎ᠤᠨ ᠦᠷᠳᠡᠭ᠎ᠢ ᠬᠢᠨᠠᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠲᠣᠭᠲᠠᠭ᠋ᠠᠬᠤ ᠶᠠᠪᠤᠴᠠ ᠵᠢ ᠢᠯᠡ ᠪᠣᠯᠭ᠋ᠠᠵᠤ᠂ ᠰᠦᠢ᠍ᠳᠬᠡᠯ ᠬᠤᠷᠢᠶᠠᠬᠤ ᠬᠢᠨᠠᠨ ᠵᠥᠪᠰᠢᠶᠡᠷᠡᠯ᠎ᠤᠨ ᠢᠯᠡ ᠲᠣᠳᠣ᠂ ᠲᠥᠪ ᠭᠣᠣᠯᠴᠢ᠂ ᠲᠥᠪ ᠴᠢᠬᠡᠴᠢ ᠪᠠᠢ᠌ᠬᠤ ᠵᠢ ᠴᠢᠷᠮᠠᠢ᠌ᠨ ᠪᠡᠶᠡᠯᠡᠭᠦᠯᠪᠡ᠃ ᠬᠢᠨᠠᠨ ᠵᠥᠪᠰᠢᠶᠡᠷᠡᠯ᠎ᠢ 《ᠵᠢᠵᠢᠭᠯᠡᠨ ᠬᠤᠳᠠᠯᠳᠤᠬᠤ》 ᠮᠠᠶᠢᠭ᠎ᠠᠴᠠ 《ᠪᠥᠭᠡᠮ ᠵᠶ᠋ᠠᠷ ᠬᠤᠳᠠᠯᠳᠤᠬᠤ》 ᠮᠠᠶᠢᠭ ᠪᠣᠯᠭ᠋ᠠᠨ ᠬᠤᠪᠢᠷᠠᠭᠤᠯᠬᠤ ᠵᠢ ᠢᠳᠡᠪᠬᠢᠲᠡᠢ ᠰᠥᠪᠡᠭᠴᠢᠯᠡᠵᠦ᠂ ᠨᠢᠭᠡ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠳᠤ ᠨᠢᠭᠡ ᠬᠢᠨᠠᠨ ᠵᠥᠪᠰᠢᠶᠡᠷᠡᠯ᠎ᠤᠨ ᠪᠢᠴᠢᠭ ᠮᠠᠲ᠋ᠧᠷᠢᠶᠠᠯ ᠬᠢᠵᠦ ᠥᠭᠬᠦ ᠤᠯᠠᠮᠵᠢᠯᠠᠯᠲᠤ ᠠᠷᠭ᠎ᠠ ᠵᠢ ᠰᠠᠯᠠᠭ᠎ᠠ ᠮᠥᠴᠢᠷ᠂ ᠠᠵᠢᠯ ᠲᠦᠷᠦᠯ᠂ ᠢᠵᠢᠯᠢ ᠲᠥᠷᠥᠯ ᠵᠦᠢ᠍ᠯ᠎ᠤᠨ ᠶᠣᠰᠣᠭ᠋ᠠᠷ ᠰᠦᠢ᠍ᠳᠬᠡᠯ ᠬᠤᠷᠢᠶᠠᠬᠤ ᠪᠠᠷᠢᠮᠵᠢᠶ᠎ᠠ ᠲᠣᠭᠲᠠᠭ᠋ᠠᠬᠤ ᠪᠣᠯᠭ᠋ᠠᠵᠤ ᠬᠣᠪᠢᠷᠠᠭᠤᠯᠤᠭᠰᠠᠨ ᠪᠥᠭᠡᠳ ᠨᠡᠶ᠋ᠢᠭᠡᠮ ᠨᠡᠶ᠋ᠢᠲᠡ᠎ᠳᠤ ᠵᠠᠷᠯᠠᠨ ᠨᠡᠢ᠌ᠲᠡᠯᠡᠪᠡ᠃ ᠵᠢᠱ᠌ᠢᠶᠡᠯᠡᠪᠡᠯ ᠵᠠᠰᠠᠮᠠᠯ ᠵᠠᠮ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠨᠢᠭᠡᠳᠬᠡᠵᠦ᠂ ᠵᠠᠰᠠᠮᠠᠯ ᠵᠠᠮ ᠪᠦᠷᠢ ᠵᠢ ᠲᠤᠰ ᠲᠤᠰ ᠴᠤᠬᠤᠯᠠᠪᠤᠷᠢᠯᠠᠨ ᠵᠥᠪᠰᠢᠶᠡᠷᠡᠬᠦ ᠪᠢᠰᠢ ᠪᠣᠯᠭ᠋ᠠᠵᠤ᠂ ᠬᠠᠮᠢᠶᠠᠷᠤᠯᠲᠠ᠎ᠪᠠᠨ ᠴᠢᠩᠭ᠋ᠠᠳᠬᠠᠬᠤ ᠵᠢᠨ ᠬᠠᠮᠲᠤ ᠪᠢᠴᠢᠭ ᠮᠠᠲᠸᠷᠢᠶᠠᠯ ᠶᠠᠪᠤᠭᠤᠯᠬᠤ ᠲᠣᠭ᠎ᠠ ᠬᠡᠮᠵᠢᠶ᠎ᠡ ᠵᠢ ᠪᠠᠭ᠋ᠠᠰᠬᠠᠪᠠ; ᠮᠠᠨ᠎ᠤ ᠣᠷᠣᠨ᠎ᠤ ᠳᠡᠭᠡᠳᠦ ᠵᠡᠷᠭᠡ ᠵᠢᠨ ᠰᠤᠷᠭ᠋ᠠᠭᠤᠯᠢ᠎ᠨᠤᠭᠤᠳ᠎ᠤᠨ ᠬᠣᠨᠣᠭ᠎ᠤᠨ ᠵᠠᠷᠤᠳᠠᠯ᠎ᠤᠨ ᠪᠠᠷᠢᠮᠵᠢᠶ᠎ᠠ ᠵᠢ ᠨᠢᠭᠡᠳᠬᠡᠵᠦ᠂ ᠨᠡᠶ᠋ᠢᠭᠡᠮ᠎ᠤᠨ ᠬᠦᠷᠦᠨᠭᠭᠡ᠎ᠪᠠᠷ ᠪᠠᠶ᠋ᠢᠭᠤᠯᠤᠭᠰᠠᠨ ᠨᠡᠶ᠋ᠢᠲᠡ ᠵᠢᠨ ᠪᠠᠢ᠌ᠷᠢ ᠵᠢ ᠳᠡᠭᠡᠳᠦ ᠵᠡᠷᠭᠡ ᠵᠢᠨ ᠰᠤᠷᠭ᠋ᠠᠭᠤᠯᠢ᠎ᠨᠤᠭᠤᠳ ᠨᠢᠭᠡᠳᠦᠯᠲᠡᠶ ᠬᠠᠮᠢᠶᠠᠷᠬᠤ ᠵᠠᠭᠪᠤᠷᠰᠢᠯ᠎ᠢ ᠠᠪᠤᠪᠠ; ᠰᠤᠷᠭ᠋ᠠᠭᠤᠯᠢ ᠬᠢᠭᠡᠳ ᠠᠵᠤ ᠠᠬᠤᠶ᠋ᠢᠯᠠᠯ ᠬᠠᠮᠲᠤᠷᠠᠨ ᠡᠷᠬᠢᠯᠡᠭᠰᠡᠨ ᠰᠤᠷᠭ᠋ᠠᠭᠤᠯᠢ ᠵᠢᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠨᠢᠭᠡᠳᠦᠯᠲᠡᠢ ᠪᠠᠭᠤᠷᠠᠭᠤᠯᠵᠤ᠂ ᠰᠤᠷᠤᠭᠴᠢ ᠨᠢᠭᠡᠪᠦᠷᠢ᠎ᠠᠴᠠ ᠰᠤᠷᠤᠯᠭ᠎ᠠ ᠵᠢᠨ ᠬᠤᠭᠤᠴᠠᠭ᠎ᠠ ᠪᠦᠷᠢ᠎ᠳᠤ 13000 -16700 ᠲᠥᠭᠥᠷᠢᠭ ᠬᠣᠷᠢᠶᠠᠵᠤ ᠪᠠᠢ᠌ᠭᠰᠠᠨ᠎ᠢ ᠰᠤᠷᠤᠭᠴᠢ ᠨᠢᠭᠡᠪᠦᠷᠢ᠎ᠠᠴᠠ ᠰᠤᠷᠤᠯᠭ᠎ᠠ ᠵᠢᠨ ᠬᠤᠭᠤᠴᠠᠭ᠎ᠠ ᠪᠦᠷᠢ᠎ᠳᠤ 10000 ᠲᠥᠭᠥᠷᠢᠭ ᠬᠤᠷᠢᠶᠠᠬᠤ ᠪᠣᠯᠭ᠋ᠠᠨ ᠪᠠᠭᠤᠷᠠᠭᠤᠯᠵᠤ᠂ ᠵᠢᠯ ᠪᠦᠷᠢ᠎ᠳᠤ ᠰᠤᠷᠤᠭᠴᠢᠳ᠎ᠤᠨ ᠳᠠᠷᠤᠭ᠋ᠠᠰᠤ ᠵᠢ ᠨᠡᠢ᠌ᠲᠡ 1000 ᠲᠦᠮᠡᠨ ᠲᠥᠭᠥᠷᠢᠭ ᠬᠥᠩᠭᠡᠯᠡᠪᠡ᠃ ᠡᠨᠡ ᠬᠦ᠌ ᠬᠠᠮᠢᠶᠠᠷᠤᠯᠲᠠ ᠵᠢᠨ ᠠᠷᠭ᠎ᠠ ᠵᠢ ᠰᠠᠢ᠌ᠵᠢᠷᠠᠭᠤᠯᠬᠤ᠎ᠨᠢ᠂ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠠᠵᠢᠯ᠎ᠢ ᠶᠡᠬᠡ᠎ᠪᠠᠷ ᠬᠥᠩᠭᠡᠷᠡᠭᠦᠯᠦᠭᠰᠡᠨ ᠮᠥᠷᠲᠡᠭᠡᠨ ᠬᠠᠮᠢᠶᠠᠷᠤᠭᠳᠠᠭᠴᠢᠳᠲᠤ ᠴᠤ᠌ ᠲᠤᠢ᠌ᠯ᠎ᠤᠨ ᠳᠦᠭᠦᠮ ᠳᠦᠳᠡ ᠪᠣᠯᠵᠤ᠂ ᠮᠡᠳᠡᠭᠦᠯᠦᠨ ᠵᠥᠪᠰᠢᠶᠡᠷᠡᠭᠦᠯᠬᠦ ᠳᠡᠰ ᠳᠠᠷᠠᠭ᠋ᠠᠯᠠᠯ᠎ᠢ ᠴᠦᠬᠡᠳᠬᠡᠵᠦ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠠᠯᠠᠭᠤᠨ ᠬᠦᠷᠢᠶᠡᠯᠡᠯ᠎ᠢ ᠣᠯᠵᠠᠶ᠃
ᠬᠣᠶᠠᠷ᠎ᠲᠤ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠠᠷᠭ᠎ᠠ ᠬᠡᠯᠪᠡᠷᠢ ᠵᠢ ᠥᠭᠡᠷᠡᠴᠢᠯᠡᠪᠡ᠃ ᠰᠦᠢ᠍ᠳᠬᠡᠯ ᠬᠤᠷᠢᠶᠠᠬᠤ ᠬᠠᠮᠢᠶᠠᠷᠤᠯᠲᠠ᠎ᠳᠤ ᠰᠦᠢ᠍ᠳᠬᠡᠯ ᠬᠤᠷᠢᠶᠠᠬᠤ ᠵᠥᠪᠰᠢᠶᠡᠷᠡᠯ᠎ᠤᠨ ᠦᠨᠡᠮᠯᠡᠯ᠎ᠤᠨ ᠲᠦᠷᠢᠮ᠎ᠢ ᠬᠡᠷᠡᠭᠵᠢᠭᠦᠯᠬᠦ᠎ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠶ᠋ᠠᠷ ᠲᠣᠭᠲᠠᠭ᠋ᠠᠭᠳᠠᠭᠰᠠᠨ ᠶᠤᠮ᠂ ᠤᠤᠯ᠎ᠨᠢ ᠰᠦᠢ᠍ᠳᠬᠡᠯ ᠬᠤᠷᠢᠶᠠᠬᠤ ᠠᠵᠢᠯᠯᠠᠭ᠎ᠠ ᠵᠢ ᠵᠢᠷᠤᠮᠵᠢᠭᠤᠯᠬᠤ᠂ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠶᠠᠪᠤᠳᠠᠯ᠎ᠢ ᠵᠠᠰᠠᠬᠤ᠎ᠳᠤ ᠢᠳᠡᠪᠬᠢ ᠦᠢ᠍ᠯᠡᠳᠦᠯ ᠦᠵᠡᠭᠦᠯᠵᠡᠢ᠃ ᠭᠡᠪᠡᠴᠦ᠂ ᠰᠦᠢ᠍ᠳᠬᠡᠯ ᠬᠤᠷᠢᠶᠠᠬᠤ ᠵᠥᠪᠰᠢᠶᠡᠷᠡᠯ᠎ᠤᠨ ᠦᠨᠡᠮᠯᠡᠯ ᠰᠣᠯᠢᠵᠤ ᠥᠭᠬᠦ ᠪᠠ ᠣᠨ᠎ᠤ ᠬᠢᠨᠠᠨ ᠰᠢᠯᠭ᠋ᠠᠬᠤ ᠳᠦᠷᠢᠮ᠎ᠨᠢ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠠᠵᠢᠯ᠎ᠢ ᠬᠦᠨᠳᠦᠷᠡᠭᠦᠯᠦᠭᠰᠡᠨ ᠪᠦᠭᠡᠳ ᠪᠠᠰᠠ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠤᠪᠢᠷᠠᠭᠤᠯᠬᠤ ᠱᠠᠭ᠋ᠠᠷᠳᠠᠯᠭ᠎ᠠ᠎ᠲᠠᠢ ᠨᠡᠶ᠋ᠢᠴᠡᠬᠦ ᠦᠭᠡᠶ ᠪᠣᠯᠵᠠᠢ᠃ ᠮᠠᠨ᠎ᠤ ᠵᠥᠪᠯᠡᠯ᠎ᠤᠨ ᠰᠠᠨᠠᠭᠤᠯᠭ᠎ᠠ᠎ᠪᠠᠷ᠂ ᠤᠯᠤᠰ᠎ᠠᠴᠠ ᠪᠦᠬᠦ ᠤᠯᠤᠰ᠎ᠤᠨ ᠬᠡᠪᠴᠢᠶᠡᠨ᠎ᠳᠤ ᠡᠨᠡ ᠬᠦ᠌ ᠲᠦᠷᠢᠮ᠎ᠢ ᠬᠦᠴᠦᠨ ᠦᠭᠡᠶ ᠪᠣᠯᠭ᠋ᠠᠪᠠ᠂ ᠮᠠᠨ᠎ᠤ ᠵᠥᠪᠯᠡᠯ ᠵᠠᠰᠠᠭ᠎ᠤᠨ ᠣᠷᠳᠣᠨ᠎ᠠᠴᠠ ᠰᠦᠢ᠍ᠳᠬᠡᠯ ᠬᠤᠷᠢᠶᠠᠬᠤ ᠵᠥᠪᠰᠢᠶᠡᠷᠡᠯ᠎ᠤᠨ ᠦᠨᠡᠮᠯᠡᠯ ᠣᠯᠭᠣᠬᠤ ᠪᠠ ᠣᠨ᠎ᠤ ᠬᠢᠨᠠᠨ ᠰᠢᠯᠭ᠋ᠠᠯᠲᠠ ᠵᠢᠨ ᠲᠦᠷᠢᠮ᠎ᠢ ᠬᠡᠷᠡᠭᠵᠢᠭᠦᠯᠬᠦ ᠵᠢ ᠵᠣᠭᠰᠤᠭ᠋ᠠᠬᠤ ᠵᠢᠭ᠋ᠠᠪᠤᠷᠢ ᠠᠪᠬᠤ ᠵᠢᠨ ᠬᠠᠮᠲᠤᠲᠠ᠂ ᠨᠡᠩ ᠰᠢᠨᠵᠢᠯᠡᠬᠦ ᠤᠬᠠᠭ᠋ᠠᠨᠴᠢ ᠰᠦᠢ᠍ᠳᠬᠡᠯ ᠬᠤᠷᠢᠶᠠᠬᠤ ᠵᠢ ᠵᠠᠷᠯᠠᠨ ᠨᠡᠢ᠌ᠲᠡᠯᠡᠬᠦ ᠲᠦᠷᠢᠮ ᠪᠣᠯᠣᠨ ᠮᠡᠳᠡᠭᠦᠯᠬᠦ ᠳᠦᠷᠢᠮ᠎ᠢ ᠪᠠᠢ᠌ᠭᠤᠯᠤᠭᠰᠠᠨ ᠪᠦᠭᠡᠳ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠬᠠᠤᠯᠢ ᠲᠣᠭᠲᠠᠭ᠋ᠠᠯ᠎ᠢ ᠵᠠᠰᠠᠪᠤᠷᠢᠯᠠᠨ ᠲᠣᠭᠲᠠᠭ᠋ᠠᠬᠤ ᠠᠵᠢᠯ᠎ᠢ ᠡᠬᠢᠯᠡᠭᠦᠯᠪᠡ᠃
ᠭᠤᠷᠪᠠ᠎ᠳᠤ ᠭᠠᠷᠴᠠᠭ᠎ᠤᠨ ᠨᠠᠷᠢᠨ ᠳᠠᠩᠰᠠᠨ᠎ᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠪᠠ᠃ ᠨᠢᠳᠤᠨᠤᠨ᠎ᠠᠴᠠ ᠨᠠᠰᠢ᠂ ᠪᠢᠳᠡ ᠡᠯ᠎ᠡ ᠵᠦᠢ᠍ᠯ᠎ᠤᠨ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠬᠤ ᠪᠠ ᠡᠵᠡᠩᠨᠡᠯᠲᠡ ᠵᠢᠨ ᠦᠢ᠍ᠯᠡᠴᠢᠯᠡᠭᠡ ᠵᠢᠨ ᠴᠢᠨᠠᠷᠲᠠᠶ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠬᠢᠨᠠᠮᠠᠭ᠋ᠠᠢ᠎ᠪᠠᠷ ᠡᠮᠬᠢᠯᠡᠵᠦ᠂ 《ᠠᠵᠤ ᠠᠬᠤᠶ᠋ᠢᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠶ ᠪᠣᠯᠣᠨ ᠰᠠᠭᠤᠷᠢ ᠮᠥᠩᠭᠥ ᠵᠢᠨ ᠭᠠᠷᠴᠠᠭ᠎ᠤᠨ ᠨᠠᠷᠢᠨ ᠳᠠᠩᠰᠠ》 ᠵᠢ ᠡᠮᠬᠢᠯᠡᠨ ᠲᠢᠭᠯᠡᠭᠰᠡᠨ ᠪᠦᠭᠡᠳ ᠨᠡᠢ᠌ᠭᠡᠮ᠎ᠳᠤ ᠨᠡᠢ᠌ᠲᠡᠯᠡᠨ ᠵᠠᠷᠯᠠᠪᠠ; 《ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠤᠨ ᠭᠠᠷᠴᠠᠭ᠎ᠤᠨ ᠨᠠᠷᠢᠨ ᠳᠠᠩᠰᠠ》 ᠵᠢ ᠡᠳ᠋᠎ᠤᠨ ᠵᠠᠰᠠᠭ᠎ᠤᠨ᠎ᠬᠢᠨ᠎ᠲᠠᠢ ᠬᠠᠮᠲᠤ ᠡᠮᠬᠢᠯᠡᠨ ᠲᠢᠭᠯᠡᠭᠡᠳ ᠨᠡᠶ᠋ᠢᠭᠡᠮ᠎ᠳᠤ ᠨᠡᠢ᠌ᠲᠡᠯᠡᠪᠡ; ᠮᠠᠨ᠎ᠤ ᠣᠷᠣᠨ᠎ᠤ 《ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠤᠷᠢᠳᠠᠴᠢ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠤᠨ ᠭᠠᠷᠴᠠᠭ᠎ᠤᠨ ᠨᠠᠷᠢᠨ ᠳᠠᠩᠰᠠ》᠂ 《ᠵᠠᠰᠠᠭ᠎ᠤᠨ ᠣᠷᠳᠣᠨ᠎ᠤ ᠦᠨ᠎ᠡ ᠲᠣᠭᠲᠠᠭ᠋ᠠᠭᠰᠠᠨ ᠠᠵᠤ ᠠᠬᠤᠶ᠋ᠢᠯᠠᠯ᠎ᠳᠤ ᠬᠣᠯᠪᠣᠭᠳᠠᠬᠤ ᠡᠵᠡᠩᠨᠡᠯᠲᠡ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠤᠨ ᠭᠠᠷᠴᠠᠭ᠎ᠤᠨ ᠨᠠᠷᠢᠨ ᠳᠠᠩᠰᠠ》 ᠪᠣᠯᠣᠨ 《ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠵᠠᠩᠭᠢᠯᠠᠭ᠎ᠠ᠎ᠳᠠᠬᠢ ᠵᠠᠰᠠᠭ᠎ᠤᠨ ᠣᠷᠳᠣᠨ᠎ᠠᠴᠠ ᠦᠨ᠎ᠡ ᠲᠣᠭᠲᠠᠭ᠋ᠠᠬᠤ ᠡᠵᠡᠩᠨᠡᠯᠲᠡ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠤᠨ ᠭᠠᠷᠴᠠᠭ᠎ᠤᠨ ᠨᠠᠷᠢᠨ ᠳᠠᠩᠰᠠ》 ᠵᠢ ᠪᠠᠢ᠌ᠭᠤᠯᠤᠨ ᠲᠣᠭᠲᠠᠭ᠋ᠠᠬᠤ ᠵᠢᠨ ᠵᠡᠷᠭᠡᠴᠡᠭᠡᠪᠡᠷ᠂ ᠭᠠᠷᠴᠠᠭ᠎ᠤᠨ ᠨᠠᠷᠢᠨ ᠳᠠᠩᠰᠠ ᠵᠢᠨ ᠬᠦᠷᠢᠶ᠎ᠡ ᠬᠡᠪᠴᠢᠶᠡᠨ᠎ᠳᠤ ᠪᠠᠢ᠌ᠬᠤ ᠦᠭᠡᠢ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠬᠦᠴᠦᠨ ᠦᠭᠡᠢ ᠪᠣᠯᠭ᠋ᠠᠨ᠂ ᠦᠯᠡᠮᠵᠢ ᠣᠯᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠵᠠᠶ᠃
ᠲᠦᠷᠪᠡ᠎ᠳᠤ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠶᠡᠬᠡᠪᠡᠷ ᠬᠦᠩᠭᠡᠷᠡᠭᠦᠯᠪᠡ᠃ 《ᠪᠦᠬᠦ ᠣᠷᠣᠨ᠎ᠤ ᠠᠵᠤ ᠠᠬᠤᠶ᠋ᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠬᠤ ᠪᠠ ᠵᠠᠰᠠᠭ᠎ᠤᠨ ᠣᠷᠳᠣᠨ᠎ᠤ ᠴᠢᠨᠠᠷᠲᠠᠶ ᠰᠠᠭᠤᠷᠢ ᠮᠥᠩᠭᠥ ᠵᠢᠨ ᠭᠠᠷᠴᠠᠭ᠎ᠤᠨ ᠨᠠᠷᠢᠨ ᠳᠠᠩᠰᠠ》 ᠵᠢ ᠨᠡᠢ᠌ᠲᠡᠯᠡᠭᠰᠡᠨ᠎ᠤ ᠬᠠᠮᠲᠤ ᠠᠵᠤ ᠠᠬᠤᠶ᠋ᠢᠯᠠᠯ᠎ᠳᠤ ᠬᠣᠯᠪᠣᠭᠳᠠᠭᠰᠠᠨ 5 ᠵᠦᠢ᠍ᠯ᠎ᠤᠨ ᠰᠦᠢ᠍ᠳᠬᠡᠯ ᠬᠤᠷᠢᠶᠠᠯᠲᠠ ᠵᠢ ᠬᠦᠴᠦᠨ ᠦᠭᠡᠢ ᠪᠣᠯᠭ᠋ᠠᠵᠤ᠂ ᠵᠢᠱ᠌ᠢᠯᠲᠡ᠎ᠪᠠᠷ ᠵᠢᠯ ᠪᠦᠷᠢ ᠠᠵᠤ ᠠᠬᠤᠶ᠋ᠢᠯᠠᠯ᠎ᠤᠨ 10 ᠳ᠋ᠦᠩᠰᠢᠭᠤᠷ ᠲᠥᠭᠥᠷᠢᠭ᠎ᠤᠨ ᠳᠠᠷᠤᠭ᠋ᠠᠰᠤ ᠵᠢ ᠬᠥᠩᠭᠡᠯᠡᠬᠦ ᠪᠣᠯᠣᠨ᠎ᠠ᠃ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠬᠤ12 ᠲᠥᠷᠥᠯ ᠵᠦᠢ᠍ᠯ᠎ᠢ ᠦᠭᠡᠶ᠋ᠢᠰᠬᠡᠬᠦ ᠪᠤᠶᠤ ᠵᠣᠭᠰᠤᠭ᠋ᠠᠵᠤ᠂ ᠵᠢᠵᠢᠭ ᠪᠢᠴᠢᠯ ᠠᠵᠤ ᠠᠬᠤᠶ᠋ᠢᠯᠠᠯ᠎ᠤᠨ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠶ 42 ᠵᠦᠢ᠍ᠯ᠎ᠤᠨ ᠰᠦᠢ᠍ᠳᠬᠡᠯ᠎ᠢ᠎ᠨᠢ ᠬᠡᠯᠲᠦᠷᠢᠭᠦᠯᠵᠦ᠂ ᠵᠢᠵᠢᠭ ᠪᠢᠴᠢᠯ ᠠᠵᠤ ᠠᠬᠤᠶ᠋ᠢᠯᠠᠯ᠎ᠤᠨ ᠬᠥᠭᠵᠢᠯᠲᠡ ᠵᠢ ᠬᠦᠴᠦᠯᠡᠨ ᠳᠡᠮᠵᠢᠵᠦ᠂ ᠵᠢᠯ᠎ᠳᠤ 5 ᠳ᠋ᠦᠩᠰᠢᠭᠤᠷ ᠲᠥᠭᠥᠷᠢᠭ᠎ᠤᠨ ᠳᠠᠷᠤᠭ᠋ᠠᠰᠤ ᠵᠢ᠎ᠨᠢ ᠬᠦᠩᠭᠡᠯᠡᠪᠡ᠃ ᠥᠪᠡᠷᠲᠡᠭᠡᠨ ᠵᠠᠰᠠᠬᠤ ᠣᠷᠣᠨ᠎ᠤ ᠠᠶᠤᠩᠭ᠎ᠠ ᠰᠡᠷᠭᠡᠶ᠋ᠢᠯᠡᠬᠦ ᠮᠡᠷᠭᠡᠵᠢᠯ᠎ᠤᠨ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠳᠣᠷᠣᠭᠰᠢᠯᠠᠭᠤᠯᠵᠤ᠂ ᠤᠤᠯ᠎ᠤᠨ ᠪᠠᠷᠢᠮᠵᠢᠶ᠎ᠠ᠎ᠠᠴᠠ 20%᠎ᠪᠠᠷ ᠪᠠᠭᠤᠷᠠᠪᠠ᠂ ᠣᠨᠴᠠ ᠲᠦᠷᠦᠯ᠎ᠤᠨ ᠲᠤᠨᠤᠭ ᠲᠥᠬᠥᠭᠡᠷᠦᠮᠵᠢ ᠪᠣᠯᠣᠨ ᠳᠠᠷᠤᠯᠲᠠᠲᠤ ᠰᠠᠪᠠ ᠵᠢ ᠰᠢᠯᠭ᠋ᠠᠨ ᠪᠠᠶ᠋ᠢᠴᠠᠭ᠋ᠠᠬᠤ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠪᠠᠭᠤᠷᠠᠭᠤᠯᠵᠤ᠂ ᠤᠤᠯ᠎ᠤᠨ ᠪᠠᠷᠢᠮᠵᠢᠶᠠᠨ᠎ᠤ ᠰᠠᠭᠤᠷᠢᠨ ᠳᠡᠭᠡᠷ᠎ᠡ᠎ᠠᠴᠠ 30%᠎ᠪᠠᠷ ᠪᠠᠭᠤᠷᠠᠵᠤ᠂ ᠵᠢᠯ ᠪᠦᠷᠢ ᠠᠵᠤ ᠠᠬᠤᠶ᠋ᠢᠯᠠᠯ᠎ᠤᠨ 0.3 ᠳ᠋ᠦᠩᠰᠢᠭᠤᠷ ᠲᠦᠬᠦᠷᠢᠭ᠎ᠤᠨ ᠳᠠᠷᠤᠭ᠋ᠠᠰᠤ ᠵᠢ ᠬᠥᠩᠭᠡᠯᠡᠪᠡ᠃ ᠪᠠᠰᠠ ᠨᠢᠭᠡ᠎ᠨᠢ ᠬᠥᠲᠥᠯᠥᠭᠴᠢ ᠵᠢᠨ ᠳᠤᠷᠠᠳᠤᠭᠰᠠᠨ ᠬ᠋ᠡᠰᠡᠭ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠶ 18 ᠵᠦᠢ᠍ᠯ᠎ᠤᠨ ᠰᠦᠢ᠍ᠳᠬᠡᠯ ᠬᠤᠷᠢᠶᠠᠬᠤ ᠵᠢ ᠬᠦᠴᠦᠨ ᠦᠭᠡᠢ ᠪᠣᠯᠭ᠋ᠠᠵᠤ᠂ 6 ᠵᠦᠢ᠍ᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠪᠠᠭᠤᠷᠠᠭᠤᠯᠵᠤ᠂ ᠵᠢᠯ᠎ᠳᠤ ᠨᠡᠶ᠋ᠢᠭᠡᠮ ᠨᠡᠢ᠌ᠲᠡ ᠵᠢᠨ 2 ᠳ᠋ᠦᠩᠰᠢᠭᠤᠷ ᠲᠥᠭᠥᠷᠢᠭ᠎ᠤᠨ ᠳᠠᠷᠤᠭ᠋ᠠᠰᠤ ᠵᠢ ᠬᠥᠩᠭᠡᠷᠡᠭᠦᠯᠪᠡ᠃ ᠳᠡᠭᠡᠷ᠎ᠡ ᠳᠤᠷᠠᠳᠤᠭᠰᠠᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠬᠦᠴᠦᠨ ᠦᠭᠡᠢ ᠪᠣᠯᠭ᠋ᠠᠵᠤ᠂ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠪᠠᠭᠤᠷᠠᠭᠤᠯᠤᠭᠰᠠᠨ ᠵᠢᠴᠢ ᠴᠠᠬᠢᠯᠭ᠋ᠠᠨ᠎ᠤ ᠦᠨ᠎ᠡ ᠵᠢ ᠲᠣᠬᠢᠷᠠᠭᠤᠯᠬᠤ᠂ ᠴᠠᠬᠢᠯᠭ᠋ᠠᠨ ᠳᠠᠮᠵᠢᠭᠤᠯᠬᠤ ᠪᠠ ᠬᠦᠷᠭᠡᠬᠦ ᠦᠨ᠎ᠡ ᠵᠢᠨ ᠥᠭᠡᠷᠡᠴᠢᠯᠡᠯᠲᠡ᠎ᠠᠴᠠ ᠭᠠᠷᠤᠭᠰᠠᠨ ᠠᠰᠢᠭ ᠲᠤᠰᠠ᠎ᠨᠢ ᠮᠠᠨ᠎ᠤ ᠣᠷᠣᠨ᠎ᠤ ᠠᠵᠤ ᠠᠬᠤᠶ ᠵᠢᠨ ᠲᠣᠭᠲᠠᠭᠤᠨ ᠵᠶ᠋ᠡᠷ ᠨᠡᠮᠡᠭᠳᠡᠬᠦ ᠵᠢ ᠪᠠᠲᠤᠯᠠᠬᠤ᠎ᠳᠤ ᠢᠳᠡᠪᠬᠢᠲᠡᠶ ᠠᠬᠢᠭᠤᠯᠬᠤ ᠦᠢ᠍ᠯᠡᠳᠦᠯ ᠦᠵᠡᠭᠦᠯᠬᠦ ᠪᠣᠯᠤᠨ᠎ᠠ᠃
ᠬᠥᠲᠥᠯᠥᠭᠴᠢ᠄
ᠲᠠᠨ᠎ᠤ ᠲᠠᠨᠢᠯᠴᠠᠭᠤᠯᠤᠯᠭ᠎ᠠ᠎ᠪᠠᠷ ᠳᠠᠮᠵᠢᠭ᠋ᠠᠳ᠂ ᠮᠠᠨ᠎ᠤ ᠣᠷᠣᠨ᠎ᠤ ᠦᠨ᠎ᠡ ᠬᠠᠩᠰᠢ ᠵᠢᠨ ᠥᠭᠡᠷᠡᠴᠢᠯᠡᠯᠲᠡ᠎ᠨᠢ ᠡᠶ᠋ᠢᠮᠦ ᠠᠷᠪᠢᠨ ᠴᠢᠬᠤᠯᠠ ᠠᠵᠢᠯ ᠬᠢᠭᠰᠡᠨ᠎ᠢ ᠪᠢᠳᠡ ᠰᠠᠶ᠋ᠢ ᠣᠯᠵᠤ ᠮᠡᠳᠡᠯ᠎ᠡ᠃ ᠴᠠᠭ ᠤᠨ ᠬᠠᠷᠠᠭ᠎ᠠ᠎ᠠᠴᠠ ᠪᠣᠯᠵᠤ᠂ ᠮᠠᠨ᠎ᠤ ᠥᠨᠥᠳᠦᠷ᠎ᠤᠨ ᠶᠠᠷᠢᠯᠴᠠᠭ᠎ᠠ᠎ᠪᠠᠨ ᠡᠨᠳᠡ ᠬᠦᠷᠭᠡᠶ᠎ᠡ᠂ ᠸᠠᠩ ᠡᠷᠬᠢᠯᠡᠭᠴᠢ ᠮᠠᠨ᠎ᠤ ᠰᠤᠷᠪᠤᠯᠵᠢᠯᠠᠬᠤ ᠫᠷᠤᠭ᠌ᠷᠠᠮ᠎ᠳᠤ ᠮᠣᠷᠢᠯᠠᠨ ᠰᠠᠭ᠋ᠠᠲᠠᠭᠰᠠᠨ᠎ᠳᠤ ᠲᠠᠯᠠᠷᠬᠠᠵᠦ ᠪᠠᠢ᠌ᠬᠤ ᠵᠢᠨ ᠵᠡᠷᠭᠡᠴᠡᠪᠡᠷ ᠰᠦᠯᠵᠢᠶᠡᠨ ᠠᠨᠳᠠ ᠨᠠᠷ᠎ᠤᠨ ᠠᠩᠬᠠᠷᠤᠯ᠎ᠳᠠᠭᠠᠨ ᠠᠪᠣᠭᠰᠠᠨ᠎ᠳᠤ ᠲᠤᠩ ᠲᠠᠯᠠᠷᠬᠠᠵᠤ ᠪᠠᠢ᠌ᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠲᠡᠭᠦᠰᠦᠯ᠎ᠡ᠂ ᠳᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠶ ᠵᠣᠯᠭ᠋ᠠᠶ᠎ᠠ!

ᠥᠪᠡᠷᠲᠡᠭᠡᠨ ᠵᠠᠰᠠᠬᠣ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ 《ᠥᠪᠥᠷ ᠮᠣᠩᠭᠣᠯ᠎ᠤᠨ ᠪᠠᠷᠠᠭᠤᠨ ᠣᠷᠣᠨ᠎ᠤ ᠴᠠᠬᠢᠯᠭ᠋ᠠᠨ ᠲᠣᠣᠷ᠎ᠤᠨ ᠴᠠᠬᠢᠯᠭ᠋ᠠᠨ ᠳᠠᠮᠵᠢᠭᠤᠯᠬᠤ ᠪᠠ ᠬᠦᠷᠭᠡᠬᠦ ᠦᠨ᠎ᠡ ᠵᠢᠨ ᠥᠭᠡᠷᠡᠴᠢᠯᠡᠯᠲᠡ》 ᠵᠢᠨ ᠵᠠᠭᠤᠴᠢ ᠵᠢᠨ᠎ᠬᠢᠨ᠎ᠤ ᠮᠡᠳᠡᠭᠡ ᠨᠡᠪᠲᠡᠷᠡᠯᠴᠡᠬᠦ ᠬᠤᠷᠠᠯ ᠬᠢᠵᠦ ᠪᠠᠢ᠌ᠭ᠎ᠠ᠎ᠨᠢ

ᠥᠪᠡᠷᠲᠡᠭᠡᠨ ᠵᠠᠰᠠᠬᠣ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠡᠯ᠎ᠡ ᠬᠠᠷᠢᠶ᠎ᠠ ᠨᠢᠭᠡᠴᠡ ᠵᠢᠨ ᠵᠶ᠋ᠡᠨ ᠳᠡᠭᠡᠳᠦ ᠳᠣᠣᠷᠠᠳᠤ ᠬᠠᠭ᠋ᠠᠰ ᠵᠢᠯ᠎ᠤᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠤᠨᠤᠰᠴᠤ ᠪᠠᠢ᠌ᠭ᠎ᠠ᠎ᠨᠢ

ᠥᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠡᠯᠸᠺᠲᠷᠤᠨ ᠵᠠᠰᠠᠭ᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠡᠾᠸ ᠪᠢᠶᠤᠤ ᠡᠷᠬᠢᠮ ᠵᠣᠴᠢᠨ᠎ᠳᠤ ᠪᠠᠷ᠎ᠠ ᠪᠣᠯᠵᠤ ᠥᠪᠡᠷᠲᠡᠭᠡᠨ ᠵᠠᠰᠠᠬᠣ ᠣᠷᠣᠨ᠎ᠤ ᠫᠤᠷᠲᠸᠯ ᠰᠦᠯᠵᠢᠶ᠎ᠡ ᠵᠢ ᠲᠣᠭᠤᠷᠢᠨ ᠦᠵᠡᠵᠦ ᠪᠠᠢ᠌ᠭ᠎ᠠ᠎ᠨᠢ