ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠰᠠᠭᠤᠷᠢ᠎ᠪᠠᠨ ᠪᠠᠬᠢᠵᠢᠬᠦᠯᠵᠤ᠂ ᠭᠤᠤᠯᠳᠠᠯᠭ᠎ᠠ᠎ᠲᠠᠢ ᠰᠢᠪᠳᠤᠯᠵᠤ᠂ 《ᠢᠳᠡᠭᠡᠮᠵᠢᠳᠤ ᠦᠪᠦᠷ ᠮᠤᠩᠭᠤᠯ》᠎ᠤᠨ ᠪᠠᠢ᠌ᠭᠤᠯᠤᠯᠳᠠ ᠵᠢ ᠪᠦᠬᠦ ᠭᠦᠴᠦᠨ ᠵᠶ᠋ᠠᠷ ᠲᠦᠯᠬᠢᠨ ᠠᠬᠢᠭᠤᠯᠤᠶ᠎ᠠ
ᠨᠡᠶ᠋ᠢᠲᠡᠯᠡᠭᠰᠡᠨ ᠴᠠᠭ᠄ 2015-11-05


      ᠰᠤᠷᠪᠤᠯᠵᠢᠯᠠᠭᠰᠠᠨ ᠴᠠᠭ ᠬᠤᠭᠤᠴᠠᠭ᠎ᠠ᠄ 2015 ᠤᠨ᠎ᠤ 10 ᠳ᠋ᠤᠭ᠋ᠠᠷ ᠰᠠᠷ᠎ᠠ ᠵᠢᠨ 22᠎ᠤ ᠡᠳᠦᠷ᠎ᠤᠨ   ᠦᠳᠡ ᠵᠢᠨ ᠬᠤᠢ᠌ᠨ᠎ᠠ ᠵᠢᠨ 3 ᠴᠠᠭ
      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠦᠪᠡᠷᠳᠡᠭᠡᠨ ᠵᠠᠰᠠᠬᠤ ᠤᠷᠤᠨ᠎ᠤ ᠭᠦᠭᠵᠢᠬᠦᠯᠦᠯᠳᠡ ᠦᠬᠡᠷᠡᠴᠢᠯᠡᠯᠳᠡ ᠵᠢᠨ ᠵᠦᠪᠯᠡᠯ᠎ᠤᠨ ᠲᠡᠳ᠋ ᠡᠷᠬᠢᠯᠡᠭᠴᠢ   ᠺᠧ ᠶᠥᠩ ᠭᠥᠸᠧ
      ᠰᠤᠷᠪᠤᠯᠵᠢᠯᠠᠭ᠎ᠠ ᠵᠢᠨ ᠲᠤᠪᠴᠢ ᠲᠠᠨᠢᠯᠴᠠᠭᠤᠯᠭ᠎ᠠ᠄ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠂ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠭᠤᠷᠪᠠ᠂ ᠲᠦᠷᠪᠡᠳᠦᠭᠡᠷ ᠪᠦᠬᠦᠳᠡ ᠬᠤᠷᠠᠯ᠎ᠠᠴᠠ ᠨᠠᠰᠢ᠂ ᠤᠯᠤᠰ᠎ᠠᠴᠠ ᠨᠡᠢ᠌ᠭᠡᠮ᠎ᠤᠨ ᠢᠳᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠳᠠ ᠵᠢ ᠲᠦᠷᠭᠡᠨ ᠠᠬᠢᠭᠤᠯᠬᠤ ᠲᠠᠯ᠎ᠠ᠎ᠪᠠᠷ ᠰᠢᠨ᠎ᠡ ᠪᠠᠢ᠌ᠷᠢᠯᠠᠭᠤᠯᠤᠯᠳᠠ ᠬᠢᠵᠤ᠂ ᠰᠢᠨ᠎ᠡ ᠱᠠᠭ᠋ᠠᠷᠳᠠᠯᠭ᠎ᠠ ᠲᠤᠷᠠᠳᠴᠤ᠂ ᠨᠡᠢ᠌ᠭᠡᠮ᠎ᠤᠨ ᠢᠳᠡᠭᠡᠮᠵᠢ ᠵᠢᠨ ᠨᠢᠬᠡᠳᠦᠯᠳᠡᠢ ᠨᠤᠮᠧᠷ᠎ᠤᠨ   ᠲᠦᠷᠢᠮ᠎ᠢ ᠭᠡᠷᠡᠭᠵᠢᠬᠦᠯᠵᠤ᠂ ᠢᠳᠡᠭᠡᠯ ᠵᠶ᠋ᠠᠨ ᠰᠠᠬᠢᠪᠠᠯ ᠤᠷᠮᠠᠰᠢᠭᠤᠯᠵᠤ᠂ ᠢᠳᠡᠭᠡᠯ ᠵᠶ᠋ᠠᠨ ᠠᠯᠳᠠᠪᠠᠯ ᠰᠢᠳᠭᠡᠨ ᠵᠠᠯᠬᠠᠭ᠋ᠠᠬᠤ ᠲᠤᠭᠳᠠᠴᠠ ᠵᠢ ᠪᠠᠢ᠌ᠭᠤᠯᠵᠤ᠂ ᠢᠳᠡᠭᠡᠮᠵᠢ᠎ᠪᠠᠷ ᠭᠤᠤᠯ   ᠴᠤᠭᠴᠠ ᠪᠤᠯᠭ᠋ᠠᠭᠰᠠᠨ ᠰᠢᠨ᠎ᠡ ᠬᠡᠯᠪᠡᠷᠢ ᠵᠢᠨ ᠵᠠᠬ᠎ᠠ ᠲᠡᠯᠭᠡᠭᠦᠷ᠎ᠤᠨ ᠬᠢᠨᠠᠨ ᠬᠠᠮᠢᠶᠠᠷᠤᠯᠳᠠ ᠵᠢᠨ ᠲᠤᠭᠳᠠᠴᠠ ᠵᠡᠷᠭᠡ ᠰᠢᠷᠢᠰ ᠠᠵᠢᠯ᠎ᠤᠨ ᠪᠠᠢ᠌ᠷᠢᠯᠠᠭᠤᠯᠤᠯᠳᠠ ᠵᠢ ᠪᠠᠢ᠌ᠭᠤᠯᠤᠭᠰᠠᠨ ᠪᠠᠢ᠌ᠨ᠎ᠠ᠃ ᠤᠷᠴᠢᠮ᠎ᠤᠨ ᠵᠢᠯ᠂ ᠮᠠᠨ᠎ᠤ ᠤᠷᠤᠨ᠎ᠤ ᠨᠡᠢ᠌ᠭᠡᠮ᠎ᠤᠨ ᠢᠳᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠳᠠ᠎ᠨᠢ ᠠᠯᠢ ᠤᠯᠠᠨ ᠦᠷ᠎ᠡ ᠪᠦᠳᠦᠮᠵᠢ ᠤᠯᠪᠠ᠂ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠢᠳᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠳᠠ ᠵᠢᠨ ᠪᠠᠢ᠌ᠳᠠᠯ᠎ᠢ ᠪᠦᠬᠦ ᠲᠠᠯ᠎ᠠ᠎ᠪᠠᠷ ᠤᠢ᠌ᠯᠠᠭ᠋ᠠᠭᠤᠯᠬᠤ ᠵᠢᠨ ᠲᠤᠰᠠᠳᠠ ᠤᠨᠴᠠᠭ᠋ᠠᠢ᠌ᠯᠠᠨ ᠦᠪᠡᠷᠳᠡᠭᠡᠨ ᠵᠠᠰᠠᠬᠤ ᠤᠷᠤᠨ᠎ᠤ ᠭᠦᠭᠵᠢᠬᠦᠯᠦᠯᠳᠡ ᠦᠬᠡᠷᠡᠴᠢᠯᠡᠯᠳᠡ ᠵᠢᠨ ᠵᠦᠪᠯᠡᠯ᠎ᠤᠨ ᠲᠡᠳ᠋ ᠡᠷᠬᠢᠯᠡᠭᠴᠢ ᠺᠧ ᠶᠥᠩ ᠭᠥᠸᠧ ᠵᠢ ᠤᠷᠢᠵᠤ ᠰᠤᠷᠪᠤᠯᠵᠢᠯᠠᠨ ᠶᠠᠷᠢᠯᠴᠠᠪᠠ᠃
      ᠬᠦᠳᠦᠯᠦᠭᠴᠢ᠄ ᠰᠦᠯᠵᠢᠶᠡᠨ ᠠᠨᠳᠠ ᠨᠠᠷ ᠡ᠂ ᠲᠠ ᠪᠦᠬᠦᠨ ᠰᠠᠢ᠌ᠨ ᠪᠠᠢ᠌ᠵᠠᠭ᠋ᠠᠨ᠎ᠠ ᠤᠤ? ᠲᠤᠰ ᠬᠤᠭᠤᠴᠠᠭ᠋ᠠᠨ᠎ᠤ 《ᠲᠤᠮᠳᠠᠳᠤ ᠤᠯᠤᠰ   ᠦᠪᠦᠷ ᠮᠤᠩᠭᠤᠯ》 ᠰᠦᠯᠵᠢᠶᠡᠨ ᠰᠤᠷᠪᠤᠯᠵᠢᠯᠠᠭ᠎ᠠ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠳᠤᠵᠤ ᠪᠠᠢ᠌ᠨ᠎ᠠ᠃ ᠦᠨᠦᠳᠦᠷ ᠪᠢᠳᠡ ᠠᠵᠠ᠎ᠲᠠᠢ᠎ᠪᠠᠷ ᠦᠪᠡᠷᠳᠡᠭᠡᠨ ᠵᠠᠰᠠᠬᠤ ᠤᠷᠤᠨ᠎ᠤ ᠭᠦᠭᠵᠢᠬᠦᠯᠦᠯᠳᠡ ᠦᠬᠡᠷᠡᠴᠢᠯᠡᠯᠳᠡ ᠵᠢᠨ ᠵᠦᠪᠯᠡᠯ᠎ᠤᠨ ᠲᠡᠳ᠋ ᠡᠷᠬᠢᠯᠡᠭᠴᠢ ᠺᠧ ᠶᠥᠩ ᠭᠥᠸᠧ ᠵᠢ ᠤᠷᠢᠵᠤ ᠢᠷᠡᠯ᠎ᠡ᠂ ᠲᠡᠷᠡ ᠮᠠᠨ᠎ᠤ ᠤᠷᠤᠨ᠎ᠤ ᠨᠡᠢ᠌ᠭᠡᠮ᠎ᠤᠨ ᠢᠳᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠳᠠ ᠵᠢᠨ ᠪᠠᠢ᠌ᠳᠠᠯ᠎ᠤᠨ ᠲᠠᠯ᠎ᠠ᠎ᠪᠠᠷ ᠲᠠ ᠪᠦᠬᠦᠨ᠎ᠲᠠᠢ ᠵᠤᠭᠤᠭᠳᠠᠬᠤ ᠪᠤᠯᠤᠨ᠎ᠠ᠃ ᠺᠧ ᠡᠷᠬᠢᠯᠡᠭᠴᠢ ᠡ᠂ ᠲᠠᠨ᠎ᠢ ᠪᠠᠶᠠᠷᠯᠠᠨ ᠤᠭᠳᠤᠵᠤ ᠪᠠᠢ᠌ᠨ᠎ᠠ!
      ᠬᠦᠳᠦᠯᠦᠭᠴᠢ᠄ ᠺᠧ ᠡᠷᠬᠢᠯᠡᠭᠴᠢ ᠡ᠂ ᠨᠡᠢ᠌ᠭᠡᠮ᠎ᠤᠨ ᠢᠳᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠳᠠ ᠪᠤᠯ ᠤᠷᠴᠢᠮ᠎ᠤᠨ ᠵᠢᠯ ᠤᠯᠠᠨ ᠵᠶ᠋ᠠᠷ ᠵᠶ᠋ᠠᠨ ᠨᠡᠯᠢᠶᠡᠳ ᠰᠡᠳᠬᠢᠯ ᠲᠠᠯᠪᠢᠵᠤ ᠪᠠᠢ᠌ᠭ᠎ᠠ ᠨᠢᠬᠡᠨ ᠲᠤᠮᠤ ᠶᠠᠪᠤᠳᠠᠯ ᠪᠤᠯᠤᠨ᠎ᠠ᠂ ᠤᠳᠤᠬᠠᠨ᠎ᠳᠤ ᠶᠠᠮᠠᠷ ᠠᠬᠢᠴᠠ᠎ᠲᠠᠢ ᠪᠠᠢ᠌ᠨ᠎ᠠ ᠪᠤᠢ?
      ᠺᠧ ᠡᠷᠬᠢᠯᠡᠭᠴᠢ᠄ ᠬᠦᠳᠦᠯᠦᠭᠴᠢ ᠲᠠ ᠰᠠᠢ᠌ᠨ ᠤᠤ᠂ ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ᠂ ᠤᠯᠠᠨ ᠵᠶ᠋ᠠᠷ ᠵᠶ᠋ᠠᠨ ᠰᠠᠢ᠌ᠨ ᠪᠠᠢ᠌ᠵᠠᠭ᠋ᠠᠨ᠎ᠠ ᠤᠤ! ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠂ ᠠᠷᠪᠠᠨ ᠨᠠᠢ᠍ᠮᠠᠳᠣᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠭᠤᠷᠪᠠ᠂ ᠲᠦᠷᠪᠡᠳᠦᠭᠡᠷ ᠪᠦᠬᠦᠳᠡ ᠬᠤᠷᠠᠯ᠎ᠠᠴᠠ ᠨᠠᠰᠢ᠂ ᠤᠯᠤᠰ᠎ᠠᠴᠠ ᠨᠡᠢ᠌ᠭᠡᠮ᠎ᠤᠨ ᠢᠳᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠳᠠ ᠵᠢ ᠲᠡᠭᠡᠳᠤ ᠬᠡᠮᠵᠢᠶ᠎ᠡ᠎ᠪᠠᠷ ᠴᠢᠬᠤᠯᠠᠴᠢᠯᠠᠨ ᠦᠵᠡᠵᠤ᠂ ᠮᠠᠨ᠎ᠤ ᠤᠷᠤᠨ᠎ᠤ ᠨᠡᠢ᠌ᠭᠡᠮ᠎ᠤᠨ ᠢᠳᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠳᠠ ᠵᠢᠨ ᠠᠵᠢᠯ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠤ ᠤᠳᠤᠷᠢᠳᠤᠯᠭ᠎ᠠ ᠪᠠ ᠡᠯ᠎ᠡ ᠰᠠᠯᠠᠭ᠎ᠠ ᠮᠦᠴᠢᠷ᠎ᠤᠨ ᠨᠦᠬᠦᠳ᠎ᠤᠨ ᠬᠠᠮᠳᠤ ᠵᠢᠨ ᠴᠢᠷᠮᠠᠢ᠌ᠯᠭ᠎ᠠ ᠲᠤᠤᠷ᠎ᠠ   ᠵᠤᠬᠢᠬᠤ ᠠᠮᠵᠢᠯᠳᠠ ᠪᠦᠳᠦᠮᠵᠢ ᠤᠯᠤᠭᠰᠠᠨ ᠪᠠᠢ᠌ᠨ᠎ᠠ᠂ ᠪᠤᠳᠠᠳᠠᠢ ᠲᠤᠤᠷᠠᠬᠢ ᠭᠡᠳᠦᠨ ᠲᠠᠯ᠎ᠠ᠎ᠪᠠᠷ ᠢᠯᠡᠷᠡᠵᠤ ᠪᠠᠢ᠌ᠨ᠎ᠠ᠄ ᠨᠢᠬᠡ᠂   ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠢᠳᠡᠭᠡᠮᠵᠢ ᠵᠢᠨ ᠮᠡᠳᠡᠭᠡ ᠵᠠᠩᠬᠢ ᠵᠢᠨ ᠲᠠᠪᠴᠠᠩ᠎ᠢ ᠪᠠᠢ᠌ᠭᠤᠯᠵᠤ᠂ ᠤᠯᠠᠨ ᠰᠠᠯᠠᠭ᠎ᠠ ᠮᠦᠴᠢᠷ᠎ᠤᠨ ᠢᠳᠡᠭᠡᠮᠵᠢ ᠵᠢᠨ ᠮᠡᠳᠡᠭᠡ ᠵᠠᠩᠬᠢ ᠵᠢ ᠬᠤᠷᠢᠶᠠᠨ ᠴᠤᠭᠯᠠᠭᠤᠯᠬᠤ᠂ ᠰᠤᠯᠢᠯᠴᠠᠬᠤ ᠪᠠ ᠬᠠᠮᠳᠤᠪᠡᠷ ᠡᠳ᠋ᠯᠡᠬᠦ ᠵᠢ ᠪᠡᠶᠡᠯᠡᠬᠦᠯᠦᠭᠰᠡᠨ ᠪᠠᠢ᠌ᠨ᠎ᠠ᠃ ᠬᠤᠶᠠᠷ᠎ᠲᠤ᠂ ᠢᠳᠡᠭᠡᠮᠵᠢ ᠵᠢᠨ ᠠᠵᠢᠯ᠎ᠤᠨ ᠰᠠᠭᠤᠷᠢ ᠴᠢᠨᠠᠷᠳᠠᠢ ᠲᠦᠷᠢᠮ ᠲᠤᠭᠳᠠᠭ᠋ᠠᠯ᠎ᠢ   ᠲᠤᠭᠳᠠᠭ᠋ᠠᠨ ᠪᠦᠷᠢᠨᠰᠢᠬᠦᠯᠪᠡ᠃ ᠭᠤᠷᠪᠠ᠎ᠳᠤ᠂ ᠢᠳᠡᠭᠡᠮᠵᠢ ᠵᠢᠨ ᠪᠠᠷᠢᠮᠵᠢᠶ᠎ᠠ ᠵᠢ ᠵᠢᠷᠤᠮᠵᠢᠭᠤᠯᠤᠨ ᠲᠤᠭᠳᠠᠭ᠋ᠠᠬᠤ ᠠᠵᠢᠯ᠎ᠢ ᠦᠷᠨᠢᠬᠦᠯᠪᠡ᠃ ᠲᠦᠷᠪᠡ᠎ᠳᠤ᠂ ᠵᠤᠬᠢᠬᠤ ᠬᠡᠪᠴᠢᠶᠡᠨ᠎ᠳᠤ ᠢᠳᠡᠭᠡᠮᠵᠢ ᠵᠢᠨ ᠮᠡᠳᠡᠭᠡ ᠵᠠᠩᠬᠢ ᠵᠢ ᠭᠡᠷᠡᠭᠯᠡᠬᠦ ᠵᠢ ᠰᠦᠪᠡᠭᠴᠢᠯᠡᠨ ᠦᠷᠨᠢᠬᠦᠯᠪᠡ᠃
      ᠬᠦᠳᠦᠯᠦᠭᠴᠢ᠄ ᠺᠧ ᠡᠷᠬᠢᠯᠡᠭᠴᠢ ᠡ᠂ ᠮᠠᠨ᠎ᠤ ᠤᠷᠤᠨ ᠢᠳᠡᠭᠡᠮᠵᠢ ᠵᠢᠨ ᠪᠠᠷᠢᠮᠵᠢᠶ᠎ᠠ ᠵᠢᠨ ᠰᠢᠰᠲ᠋ᠧᠮᠵᠢ ᠵᠢᠨ ᠪᠠᠢ᠌ᠭᠤᠯᠤᠯᠳᠠ ᠵᠢᠨ ᠲᠠᠯ᠎ᠠ᠎ᠪᠠᠷ ᠶᠠᠮᠠᠷ ᠶᠠᠮᠠᠷ ᠠᠵᠢᠯ ᠬᠢᠭᠰᠡᠨ ᠪᠤᠢ?
      ᠺᠧ ᠡᠷᠬᠢᠯᠡᠭᠴᠢ᠄ ᠢᠳᠡᠬᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠳᠠ᠎ᠨᠢ ᠢᠳᠡᠭᠡᠮᠵᠢ ᠵᠢᠨ ᠮᠡᠳᠡᠭᠡ ᠵᠠᠩᠬᠢ ᠵᠢ   ᠨᠡᠢ᠌ᠯᠡᠬᠦᠯᠬᠦ᠂ ᠬᠠᠮᠢᠶᠠᠷᠬᠤ᠂ ᠭᠡᠷᠡᠭᠯᠡᠬᠦ ᠵᠡᠷᠭᠡ ᠵᠠᠩᠬᠢᠯᠠᠭ᠎ᠠ᠎ᠲᠠᠢ ᠬᠤᠯᠪᠤᠭᠳᠠᠬᠤ ᠵᠢᠨ ᠬᠠᠮᠳᠤ ᠢᠳᠡᠬᠡᠮᠵᠢ ᠵᠢᠨ ᠮᠡᠳᠡᠭᠡ ᠵᠠᠩᠬᠢ ᠵᠢ ᠴᠤᠭᠯᠠᠭᠤᠯᠬᠤ ᠪᠠ ᠭᠡᠷᠡᠭᠯᠡᠬᠦ᠎ᠨᠢ ᠪᠦᠬᠦ ᠨᠡᠢ᠌ᠭᠡᠮ᠎ᠤᠨ ᠨᠢᠬᠡᠴᠡ ᠪᠦᠬᠦᠨ ᠴᠢᠨᠠᠭᠰᠢᠯᠠᠪᠠᠯ ᠬᠦᠮᠦᠨ ᠪᠦᠬᠦᠨ᠎ᠲᠠᠢ ᠬᠤᠯᠪᠤᠭᠳᠠᠨ᠎ᠠ᠃ ᠡᠢ᠌ᠮᠤ᠎ᠠᠴᠠ ᠪᠠᠷᠢᠮᠵᠢᠶ᠎ᠠ ᠵᠢᠨ ᠰᠢᠰᠲ᠋ᠧᠮᠵᠢ ᠵᠢᠨ ᠪᠠᠢ᠌ᠭᠤᠯᠤᠯᠳᠠ ᠵᠢ ᠴᠢᠩᠭ᠋ᠠᠳᠬᠠᠬᠤ᠎ᠨᠢ ᠲᠤᠰ ᠠᠵᠢᠯ᠎ᠢ ᠰᠠᠢ᠌ᠳᠤᠷ ᠬᠢᠬᠦ ᠵᠢᠨ ᠰᠠᠭᠤᠷᠢ ᠪᠤᠯᠤᠨ᠎ᠠ᠃ ᠤᠯᠤᠰ᠎ᠤᠨ ᠱᠠᠭ᠋ᠠᠷᠳᠠᠯᠭ᠎ᠠ ᠶᠤᠰᠤᠭ᠋ᠠᠷ᠂ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠢᠳᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠳᠠ ᠵᠢᠨ ᠭᠡᠷᠡᠭᠴᠡᠭᠡᠨ᠎ᠤ ᠲᠤᠭᠤᠷᠢᠨ᠎ᠳᠤ᠂ ᠮᠠᠨ᠎ᠤ ᠵᠦᠪᠯᠡᠯ᠎ᠨᠢ ᠦᠪᠡᠷᠳᠡᠭᠡᠨ ᠵᠠᠰᠠᠬᠤ ᠤᠷᠤᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠳᠠ ᠲᠠᠯᠪᠢᠬᠤ ᠲᠤᠪᠴᠢᠶ᠎ᠠ᠎ᠲᠠᠢ ᠬᠠᠮᠳᠤᠷᠠᠵᠤ᠂ ᠢᠳᠡᠭᠡᠮᠵᠢ ᠵᠢᠨ ᠮᠡᠳᠡᠭᠡ ᠵᠠᠩᠬᠢ ᠵᠢᠨ ᠮᠡᠷᠭᠡᠵᠢᠯ᠂ ᠢᠳᠡᠭᠡᠮᠵᠢ ᠵᠢᠨ ᠲᠤᠭ᠎ᠠ ᠪᠠᠷᠢᠮᠳᠠ ᠵᠢᠨ ᠬᠠᠮᠢᠶᠠᠷᠤᠯᠳᠠ ᠪᠠ ᠢᠳᠡᠭᠡᠮᠵᠢ ᠵᠢᠨ ᠠᠵᠢᠯ  ᠎ᠤᠨ ᠲᠦᠷᠢᠮ ᠵᠡᠷᠭᠡ ᠭᠤᠷᠪᠠᠨ ᠲᠠᠯ᠎ᠠ᠎ᠪᠠᠷ 8 ᠲᠦᠷᠦᠯ᠎ᠤᠨ ᠪᠠᠷᠢᠮᠵᠢᠶ᠎ᠠ ᠵᠢᠨ ᠵᠢᠷᠤᠮᠵᠢᠯ᠎ᠢ ᠲᠤᠭᠳᠠᠭ᠋ᠠᠭᠰᠠᠨ ᠪᠠᠢ᠌ᠨ᠎ᠠ᠃ ᠡᠳᠡᠭᠡᠷ ᠪᠠᠷᠢᠮᠵᠢᠶ᠎ᠠ ᠵᠢᠨ ᠵᠢᠷᠤᠮᠵᠢᠯ᠎ᠢ ᠲᠤᠭᠳᠠᠭ᠋ᠠᠭᠰᠠᠨ ᠶᠠᠪᠤᠳᠠᠯ᠎ᠨᠢ ᠮᠠᠨ᠎ᠤ ᠤᠷᠤᠨ᠎ᠤ ᠨᠡᠢ᠌ᠭᠡᠮ᠎ᠤᠨ ᠢᠳᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠳᠠ ᠵᠢᠨ ᠠᠵᠢᠯ  ᠎ᠢ ᠵᠢᠷᠤᠮᠵᠢᠭᠤᠯᠬᠤ᠂ ᠠᠯᠬᠤᠮ ᠲᠠᠷᠠᠭ᠎ᠠ᠎ᠲᠠᠢ ᠦᠷᠨᠢᠬᠦᠯᠬᠦ ᠵᠢ ᠪᠡᠶᠡᠯᠡᠬᠦᠯᠬᠦ ᠪᠤᠯᠤᠨ᠎ᠠ᠃ ᠭᠡᠯᠡᠯᠭᠡᠨ ᠦᠬᠡᠢ᠂ ᠤᠳᠤᠬᠠᠨ᠎ᠳᠤ ᠬᠢᠵᠤ ᠪᠠᠢ᠌ᠭ᠎ᠠ ᠪᠤᠯ ᠵᠦᠪᠬᠡᠨ ᠨᠢᠬᠡ ᠡᠬᠢᠯᠡᠯᠳᠡ ᠪᠤᠯᠤᠨ᠎ᠠ᠂ ᠬᠤᠢ᠌ᠰᠢᠳᠠ ᠪᠢᠳᠡ ᠨᠡᠩ ᠦᠷᠭᠡᠨ ᠬᠡᠪᠴᠢᠶ᠎ᠠ᠂ ᠨᠡᠩ ᠬᠦᠨ ᠲᠠᠪᠬᠤᠷᠭ᠎ᠠ᠎ᠳᠤ ᠲᠤᠰ ᠠᠵᠢᠯ᠎ᠢ ᠲᠦᠯᠬᠢᠨ ᠠᠬᠢᠭᠤᠯᠬᠤ ᠪᠤᠯᠤᠨ᠎ᠠ᠃
      ᠬᠦᠳᠦᠯᠦᠭᠴᠢ᠄ ᠺᠧ ᠡᠬᠢᠯᠡᠭᠴᠢ ᠡ᠂ ᠲᠨ ᠰᠠᠶᠢ ᠮᠠᠨ᠎ᠤ ᠤᠷᠤᠨ᠎ᠤ ᠨᠡᠢ᠌ᠭᠡᠮ᠎ᠤᠨ ᠢᠳᠡᠭᠡᠮᠵᠢ ᠵᠢᠨ ᠮᠡᠳᠡᠭᠡ ᠵᠠᠩᠬᠢ ᠵᠢᠨ ᠲᠠᠪᠴᠠᠩ᠎ᠢ ᠨᠢᠬᠡᠨᠳᠡ ᠪᠠᠢ᠌ᠭᠤᠯᠵᠤ ᠲᠠᠭᠤᠰᠬᠠᠪᠠ ᠭᠡᠵᠤ ᠲᠠᠨᠢᠯᠴᠠᠭᠤᠯᠤᠯ᠎ᠠ᠂ ᠤᠳᠤᠬᠠᠨ᠎ᠳᠤ᠂ ᠮᠠᠨ᠎ᠤ ᠤᠷᠤᠨ᠎ᠤ ᠢᠳᠡᠭᠡᠮᠵᠢ ᠵᠢᠨ ᠮᠡᠳᠡᠭᠡ ᠵᠠᠩᠬᠢ ᠵᠢ ᠭᠡᠷᠬᠢᠨ ᠭᠡᠷᠡᠭᠯᠡᠵᠤ ᠪᠠᠢ᠌ᠬᠤ ᠪᠤᠢ?
      ᠺᠧ ᠡᠷᠬᠢᠯᠡᠭᠴᠢ᠄ ᠢᠳᠡᠭᠡᠮᠵᠢ ᠵᠢᠨ ᠮᠡᠳᠡᠭᠡ ᠵᠠᠩᠬᠢ ᠵᠢ ᠬᠤᠷᠢᠶᠠᠨ ᠴᠤᠭᠯᠠᠭᠤᠯᠬᠤ ᠪᠤᠯ ᠰᠠᠭᠤᠷᠢ ᠪᠤᠯᠤᠨ᠎ᠠ᠂ ᠮᠡᠳᠡᠭᠡ ᠵᠠᠩᠬᠢ ᠵᠢ ᠬᠤᠷᠢᠶᠠᠨ ᠴᠤᠭᠯᠠᠭᠤᠯᠴᠢᠬᠠᠭ᠋ᠠᠳ 《ᠭᠡᠷᠡᠭᠯᠡᠪᠠᠯ》 ᠰᠠᠶᠢ ᠢᠳᠡᠭᠡᠮᠵᠢ ᠵᠢᠨ ᠪᠠᠢ᠌ᠭᠤᠯᠤᠯᠳᠠ ᠵᠢᠨ ᠴᠢᠬᠤᠯᠠ ᠦᠢ᠍ᠯᠡᠳᠦᠯ᠎ᠢ ᠪᠠᠳᠠᠷᠠᠭᠤᠯᠵᠤ ᠴᠢᠳᠠᠨ᠎ᠠ᠃ ᠤᠳᠤᠬᠠᠨ᠎ᠳᠤ᠂ ᠪᠢᠳᠡ ᠢᠳᠡᠭᠡᠮᠵᠢ ᠵᠢᠨ ᠮᠡᠳᠡᠭᠡ ᠵᠠᠩᠬᠢ ᠵᠢᠨ ᠭᠡᠷᠡᠭᠯᠡᠭᠡ ᠵᠢ ᠬᠤᠶᠠᠷ ᠲᠠᠯ᠎ᠠ᠎ᠪᠠᠷ ᠰᠦᠪᠡᠭᠴᠢᠯᠡᠨ ᠦᠷᠨᠢᠬᠦᠯᠵᠤ ᠪᠠᠢ᠌ᠨ᠎ᠠ᠄ ᠨᠢᠬᠡ᠎ᠳᠤ᠂ 《ᠢᠳᠡᠭᠡᠮᠵᠢᠳᠤ ᠦᠪᠤᠷ ᠮᠤᠩᠭᠤᠯ》᠎ᠪᠠᠷ ᠲᠠᠮᠵᠢᠭᠤᠯᠤᠨ ᠨᠡᠢ᠌ᠭᠡᠮ ᠨᠡᠢ᠌ᠳᠡ᠎ᠳᠤ ᠢᠳᠡᠭᠡᠮᠵᠢ ᠵᠢᠨ ᠮᠡᠳᠡᠭᠡ ᠵᠠᠩᠬᠢ ᠵᠢ ᠬᠦᠷᠭᠡᠬᠦ 《ᠨᠢᠬᠡ ᠦᠷᠳᠡᠭᠡᠳᠤ ᠬᠡᠯᠪᠡᠷᠢ》 ᠵᠢᠨ ᠠᠰᠠᠭᠤᠨ ᠯᠠᠪᠯᠠᠬᠤ ᠦᠢ᠍ᠯᠡᠴᠢᠯᠡᠭᠡ ᠵᠢ ᠬᠠᠩᠭ᠋ᠠᠵᠤ ᠪᠠᠢ᠌ᠨ᠎ᠠ᠃ ᠬᠤᠶᠠᠷ᠎ᠲᠤ᠂ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠢᠳᠡᠭᠡᠮᠵᠢ ᠵᠢᠨ ᠮᠡᠳᠡᠭᠡ ᠵᠠᠩᠬᠢ ᠵᠢᠨ ᠲᠡᠪᠴᠠᠩ ᠵᠶ᠋ᠠᠷ ᠲᠡᠮᠵᠢᠭᠤᠯᠤᠨ᠂ ᠦᠪᠡᠷᠳᠡᠭᠡᠨ ᠵᠠᠰᠠᠬᠤ ᠤᠷᠤᠨ᠎ᠤ ᠡᠯ᠎ᠡ ᠰᠠᠯᠠᠭ᠎ᠠ ᠮᠦᠴᠢᠷ᠎ᠲᠤ ᠮᠡᠳᠡᠭᠡ ᠵᠠᠩᠬᠢ ᠰᠤᠯᠢᠯᠴᠠᠠᠬᠤ ᠪᠠ ᠬᠠᠮᠳᠤᠪᠡᠷ ᠡᠳ᠋ᠯᠡᠬᠦ ᠦᠢ᠍ᠯᠡᠴᠢᠯᠡᠭᠡ ᠬᠠᠩᠭ᠋ᠠᠵᠤ᠂ ᠰᠠᠯᠠᠭ᠎ᠠ ᠮᠦᠴᠢᠷ ᠠᠯᠤᠰᠯᠠᠵᠤ ᠮᠡᠳᠡᠭᠡ ᠵᠠᠩᠬᠢ ᠲᠠᠮᠵᠢᠭᠤᠯᠬᠤ ᠪᠠ ᠲᠤᠭ᠎ᠠ ᠪᠠᠷᠢᠮᠳᠠ ᠵᠢ ᠬᠠᠮᠳᠤᠪᠡᠷ ᠡᠳ᠋ᠯᠡᠬᠦ ᠲᠤᠭᠳᠠᠴᠠ ᠵᠢ ᠪᠠᠢ᠌ᠭᠤᠯᠤᠭᠰᠠᠨ ᠪᠠᠢ᠌ᠨ᠎ᠠ᠃
      ᠬᠦᠳᠦᠯᠦᠭᠴᠢ᠄ ᠺᠧ ᠡᠷᠬᠢᠯᠡᠭᠴᠢ ᠡ᠂ 《ᠨᠡᠢ᠌ᠭᠡᠮ᠎ᠤᠨ ᠢᠳᠡᠭᠡᠮᠵᠢ ᠵᠢᠨ ᠨᠢᠬᠡᠳᠦᠯᠳᠡᠢ ᠨᠤᠮᠧᠷ᠎ᠤᠨ ᠲᠦᠷᠢᠮ》᠎ᠨᠢ ᠶᠠᠮᠠᠷ ᠤᠳᠬ᠎ᠠ᠎ᠲᠠᠢ ᠪᠤᠢ? ᠠᠷᠠᠳ ᠤᠯᠠᠨ ᠪᠤᠯᠤᠨ ᠠᠵᠤ ᠠᠬᠤᠢ᠌ᠯᠠᠯ᠎ᠳᠤ ᠶᠠᠮᠠᠷ ᠨᠦᠯᠦᠭᠡ ᠲᠤᠰᠬᠠᠯ᠎ᠲᠠᠢ ᠪᠤᠢ?
      ᠺᠧ ᠡᠷᠬᠢᠯᠡᠭᠴᠢ᠄ ᠨᠡᠢ᠌ᠭᠡᠮ᠎ᠤᠨ ᠢᠳᠡᠭᠡᠮᠵᠢ ᠵᠢᠨ ᠨᠢᠭᠡᠳᠦᠯᠳᠡᠢ ᠨᠤᠮᠧᠷ᠎ᠨᠢ ᠡᠷᠭᠡᠳᠤ ᠠᠷᠠᠳ᠎ᠲᠤ ᠠᠪᠴᠤ ᠬᠡᠯᠡᠪᠡᠯ ᠪᠡᠶ᠎ᠡ ᠵᠢᠨ ᠦᠨᠡᠮᠯᠡᠯ᠎ᠤᠨ ᠨᠤᠮᠧᠷ ᠪᠤᠯᠤᠨ᠎ᠠ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠪᠤᠯᠤᠨ ᠠᠵᠤ ᠠᠬᠤᠢ᠌ᠯᠠᠯ᠎ᠳᠤ ᠠᠪᠴᠤ ᠬᠡᠯᠡᠪᠡᠯ ᠲᠠᠷᠤᠢ ᠦᠨᠤ ᠵᠢᠯ᠎ᠤᠨ 6 ᠰᠠᠷ᠎ᠠ᠎ᠳᠤ ᠲᠦᠷᠤ ᠵᠢᠨ ᠶᠠᠪᠤᠳᠠᠯ᠎ᠤᠨ ᠬᠤᠷᠢᠶᠠᠨ᠎ᠤ ᠵᠢᠩᠬᠢᠨᠢ᠎ᠪᠠᠷ ᠵᠦᠪᠰᠢᠶᠠᠷᠡᠭᠰᠡᠨ 《ᠬᠠᠤᠯᠢ ᠵᠢᠨ ᠬᠦᠮᠦᠨ ᠪᠠ ᠪᠤᠰᠤᠳ ᠵᠤᠬᠢᠶᠠᠨ ᠪᠠᠢ᠌ᠭᠤᠯᠤᠯᠳᠠ ᠵᠢᠨ ᠨᠡᠢ᠌ᠭᠡᠮ᠎ᠤᠨ ᠢᠳᠡᠭᠡᠮᠵᠢ ᠵᠢᠨ ᠨᠢᠭᠡᠳᠦᠯᠳᠡᠢ ᠨᠤᠮᠧᠷ᠎ᠤᠨ ᠲᠦᠷᠢᠮ᠎ᠤᠨ ᠪᠠᠢ᠌ᠭᠤᠯᠤᠯᠳᠠ ᠵᠢᠨ ᠶᠡᠷᠦᠩᠬᠡᠢ ᠲᠦᠰᠦᠯ》᠎ᠳᠤ ᠲᠤᠭᠳᠠᠭ᠋ᠠᠭᠰᠠᠨ 18 ᠤᠷᠤᠨᠳᠤ ᠨᠤᠮᠧᠷ ᠪᠤᠯᠤᠨ᠎ᠠ᠃
      ᠤᠯᠤᠰ᠎ᠠᠴᠠ ᠨᠡᠢ᠌ᠭᠡᠮ᠎ᠤᠨ ᠢᠳᠡᠭᠡᠮᠵᠢ ᠵᠢᠨ ᠨᠢᠬᠡᠳᠦᠯᠳᠡᠢ ᠨᠤᠮᠧᠷ᠎ᠤᠨ ᠲᠦᠷᠢᠮ᠎ᠢ ᠭᠡᠷᠡᠭᠵᠢᠬᠦᠯᠵᠤ ᠪᠠᠢ᠌ᠭ᠎ᠠ᠎ᠨᠢ ᠠᠷᠠᠳ ᠢᠷᠭᠡᠳ ᠪᠦᠬᠦᠨ᠂ ᠬᠠᠤᠯᠢ ᠵᠢᠨ ᠬᠦᠮᠦᠨ ᠪᠠ ᠪᠤᠰᠤᠳ ᠵᠤᠬᠢᠶᠠᠨ ᠪᠠᠢ᠌ᠭᠤᠯᠤᠯᠳᠠ᠎ᠳᠤ ᠤᠯᠭᠤᠭᠰᠠᠨ ᠴᠤᠷ᠎ᠤᠨ ᠭᠠᠭᠴᠠ ᠪᠦᠬᠡᠳ ᠨᠠᠰᠤᠨ ᠲᠤᠷᠰᠢᠳᠠ ᠦᠯᠦ ᠬᠤᠪᠢᠷᠠᠬᠤ ᠭᠤᠤᠯ ᠰᠡᠳᠤᠪᠳᠤ ᠢᠯᠭ᠋ᠠᠨ ᠲᠠᠨᠢᠬᠤ ᠨᠤᠮᠧᠷ ᠪᠤᠯᠤᠨ᠎ᠠ᠃ ᠡᠨᠡᠬᠦ ᠨᠤᠮᠧᠷ ᠵᠶ᠋ᠠᠷ ᠠᠴᠢᠶᠠᠯᠠᠪᠤᠷᠢ ᠪᠤᠯᠭ᠋ᠠᠵᠤ᠂ ᠠᠷᠠᠳ ᠢᠷᠭᠡᠳ ᠪᠤᠯᠤᠨ ᠬᠠᠤᠯᠢ ᠵᠢᠨ ᠬᠦᠮᠦᠨ᠎ᠤ ᠮᠡᠳᠡᠭᠡ ᠵᠠᠩᠬᠢ ᠵᠢ ᠪᠦᠳᠦᠮᠵᠢᠳᠠᠢ᠎ᠪᠠᠷ ᠨᠡᠢ᠌ᠯᠡᠬᠦᠯᠬᠦ᠎ᠨᠢ ᠢᠳᠡᠭᠡᠮᠵᠢ ᠵᠢᠨ ᠮᠡᠳᠡᠭᠡ ᠵᠠᠩᠬᠢ ᠵᠢᠨ ᠡᠬᠢ ᠪᠠᠶᠠᠯᠢᠭ᠎ᠢ ᠬᠠᠮᠳᠤᠪᠡᠷ ᠡᠳ᠋ᠯᠡᠬᠦ᠂ ᠨᠡᠢ᠌ᠭᠡᠮ᠎ᠤᠨ ᠬᠠᠮᠢᠶᠠᠷᠤᠯᠳᠠ ᠵᠢᠨ ᠦᠪᠡᠷ᠎ᠤᠨ ᠦᠷᠳᠡᠭ᠎ᠢ ᠪᠠᠭᠤᠷᠠᠭᠤᠯᠬᠤ᠂ ᠨᠡᠢ᠌ᠳᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠡᠭᠡᠭᠰᠢᠯᠡᠬᠦᠯᠬᠦ᠂ ᠨᠡᠢ᠌ᠭᠡᠮ᠎ᠤᠨ ᠵᠠᠰᠠᠯᠳᠠ ᠵᠢᠨ ᠰᠢᠰᠲ᠋ᠧᠮᠵᠢ ᠵᠢ ᠲᠡᠬᠦᠯᠳᠡᠷᠵᠢᠬᠦᠯᠬᠦ᠎ᠳᠤ ᠠᠰᠢᠭᠳᠠᠢ ᠶᠤᠮ᠃ ᠬᠤᠢ᠌ᠰᠢᠳᠠ 《ᠪᠢ ᠪᠤᠯ ᠲᠠᠷᠤᠢ ᠪᠢ》 ᠪᠤᠯᠬᠤ ᠵᠢ ᠭᠡᠷᠡᠴᠢᠯᠡᠬᠦ ᠬᠠᠴᠢᠨ ᠦᠵᠡᠭᠳᠡᠯ ᠤᠯᠠᠮ᠎ᠠᠴᠠ ᠤᠯᠠᠮ ᠴᠦᠭᠡᠷᠡᠨ᠎ᠠ᠂ ᠤᠴᠢᠷ᠎ᠨᠢ ᠮᠡᠳᠡᠭᠡ ᠵᠠᠩᠬᠢ ᠤᠯᠠᠮ ᠲᠦᠪᠯᠡᠷᠡᠬᠦ ᠲᠤᠰᠤᠮ ᠵᠶ᠋ᠠᠨ ᠨᠡᠢ᠌ᠭᠡᠮ᠎ᠤᠨ ᠭᠤᠤᠯ ᠴᠤᠭᠴᠠ ᠪᠦᠬᠦᠨ᠎ᠤ ᠪᠠᠢ᠌ᠳᠠᠯ᠎ᠢ ᠤᠯᠠᠮ ᠦᠨᠡᠨ ᠪᠤᠳᠠᠳᠠᠢ ᠲᠤᠰᠬᠠᠵᠤ  ᠂   ᠬᠤᠪᠢ ᠬᠦᠮᠦᠨ᠎ᠤ ᠭᠡᠷᠡᠭ ᠶᠠᠪᠤᠳᠠᠯ ᠡᠷᠬᠢᠯᠡᠬᠦ᠎ᠳᠤ ᠠᠰᠢᠭᠳᠠᠢ ᠪᠤᠯᠬᠤ ᠮᠦᠷᠳᠡᠭᠡᠨ ᠪᠠᠰᠠ ᠵᠠᠰᠠᠭ᠎ᠤᠨ ᠤᠷᠳᠤᠨ᠎ᠤ ᠵᠠᠰᠠᠯᠳᠠ ᠵᠢᠨ ᠬᠢᠷᠢ ᠲᠦᠪᠰᠢᠨ᠎ᠢ ᠲᠡᠭᠡᠭᠰᠢᠯᠡᠬᠦᠯᠬᠦ ᠪᠤᠯᠤᠨ᠎ᠠ᠃
      ᠬᠦᠳᠦᠯᠦᠭᠴᠢ᠄   ᠺᠧ ᠡᠷᠬᠢᠯᠡᠭᠴᠢ ᠡ᠂ ᠪᠢᠳᠡ ᠪᠦᠷ ᠢᠳᠡᠭᠡᠯ ᠠᠯᠳᠠᠪᠠᠯ ᠰᠢᠳᠭᠡᠨ ᠵᠠᠯᠬᠠᠭ᠋ᠠᠬᠤ ᠶᠠᠪᠤᠳᠠᠯ᠎ᠢ ᠰᠤᠨᠤᠰᠴᠤ ᠦᠩᠭᠡᠷᠡᠪᠠ᠂ ᠲᠡᠭᠡᠪᠡᠯ ᠮᠡᠨ᠎ᠤ ᠤᠷᠤᠨ ᠢᠳᠡᠭᠡᠯ ᠠᠯᠳᠠᠪᠠᠯ ᠰᠢᠳᠭᠡᠨ ᠵᠠᠯᠬᠠᠭ᠋ᠠᠬᠤ ᠲᠠᠯ᠎ᠠ᠎ᠪᠠᠷ ᠶᠠᠭ᠋ᠠᠬᠢᠵᠤ ᠬᠢᠵᠤ ᠪᠠᠢ᠌ᠨ᠎ᠠ ᠤᠤ?
ᠺᠧ ᠡᠷᠬᠢᠯᠡᠭᠴᠢ᠄   ᠢᠳᠡᠭᠡᠯ ᠠᠯᠳᠠᠬᠤ᠎ᠨᠢ ᠵᠦᠪᠯᠡᠯᠴᠡᠭᠡᠷ ᠪᠤᠶᠤ ᠠᠮᠠᠯᠳᠠ᠎ᠠᠴᠠ᠎ᠪᠠᠨ ᠲᠡᠷᠰᠯᠡᠵᠤ᠂ ᠢᠳᠡᠭᠡᠯ ᠵᠶ᠋ᠠᠨ ᠠᠯᠳᠠᠭᠰᠠᠨ ᠶᠠᠪᠤᠳᠠᠯ ᠪᠤᠯᠬᠤ ᠶᠤᠮ᠃ 《ᠰᠢᠬᠦᠮᠵᠢ ᠦᠬᠦᠯᠡᠯ》᠎ᠳᠤ 《ᠬᠦᠮᠦᠨ ᠢᠳᠡᠭᠡᠯ ᠵᠶ᠋ᠠᠨ ᠠᠯᠳᠠᠪᠠᠰᠤ ᠲᠡᠬᠦᠨ᠎ᠤ ᠶᠠᠭᠤᠨ ᠬᠢᠵᠤ ᠴᠢᠳᠠᠬᠤ ᠵᠢ ᠭᠡᠷᠬᠢᠨ ᠮᠡᠳᠡᠮᠤᠢ》 ᠬᠡᠮᠡᠨ ᠦᠬᠦᠯᠡᠭᠰᠡᠨ ᠪᠠᠢ᠌ᠳᠠᠭ᠃ ᠦᠨᠡᠨᠴᠢ ᠢᠳᠡᠭᠡᠯᠳᠠᠢ ᠪᠠᠢ᠌ᠬᠤ᠎ᠨᠢ ᠲᠤᠮᠳᠠᠳᠤ ᠵᠢᠨ ᠦᠨᠳᠦᠰᠦᠳᠡᠨ᠎ᠤ ᠡᠷᠳᠡᠨ᠎ᠠᠴᠠ ᠡᠷᠬᠢᠮᠯᠡᠭᠰᠡᠭᠡᠷ ᠢᠷᠡᠭᠰᠡᠨ ᠤᠯᠠᠮᠵᠢᠯᠯᠠᠳᠤ ᠪᠤᠯᠪᠠᠰᠤᠨ ᠰᠤᠷᠳᠠᠯ ᠮᠦᠨ᠂ ᠮᠦᠨᠴᠤ ᠨᠡᠢ᠌ᠭᠡᠮ ᠵᠢᠷᠤᠮ᠎ᠤᠨ ᠭᠤᠤᠯᠯᠠᠭᠴᠢ ᠦᠷᠳᠡᠭ᠎ᠤᠨ ᠦᠵᠡᠯᠳᠡ ᠵᠢᠨ ᠴᠢᠬᠤᠯᠠ ᠠᠭᠤᠯᠭ᠎ᠠ ᠪᠤᠯᠤᠨ ᠵᠠᠬ᠎ᠠ ᠲᠡᠯᠭᠡᠭᠦᠷ᠎ᠤᠨ ᠠᠵᠤ ᠠᠬᠤᠢ ᠵᠢᠨ ᠡᠷᠡᠭᠦᠯ ᠠᠵᠢᠯᠯᠠᠭ᠋ᠠᠨ᠎ᠤ 《ᠰᠠᠭᠤᠷᠢ》 ᠮᠦᠨ᠃ ᠤᠳᠤ ᠵᠢᠨ ᠨᠡᠢ᠌ᠭᠡᠮ᠎ᠤᠨ ᠬᠤᠪᠢ ᠬᠦᠮᠦᠨ ᠪᠠ ᠬᠠᠤᠯᠢ ᠵᠢᠨ ᠭᠦᠮᠦᠨ᠎ᠤ ᠢᠳᠡᠭᠡᠯ ᠠᠯᠳᠠᠬᠤ ᠠᠵᠢᠯᠯᠠᠭ᠎ᠠ᠎ᠨᠢ ᠨᠡᠢ᠌ᠭᠡᠮ᠎ᠤᠨ ᠭᠤᠤᠯ ᠴᠤᠭᠴᠠ ᠪᠤᠯᠤᠨ ᠨᠡᠢ᠌ᠭᠡᠮ᠎ᠤᠨ ᠡᠮᠬᠢ ᠲᠢᠭᠯᠢᠮ᠎ᠳᠤ ᠮᠠᠭᠤ ᠨᠦᠯᠦᠭᠡ   ᠲᠤᠰᠬᠠᠯ ᠤᠴᠠᠷᠠᠭᠤᠯᠵᠤ ᠮᠡᠳᠡᠨ᠎ᠡ᠂ ᠡᠢ᠌ᠮᠤ᠎ᠠᠴᠠ ᠢᠳᠡᠭᠡᠯ ᠠᠯᠳᠠᠵᠤ ᠪᠠᠢ᠌ᠭ᠎ᠠ ᠭᠤᠤᠯ ᠴᠤᠭᠴᠠ᠎ᠳᠤ ᠬᠠᠮᠳᠤᠷᠠᠨ ᠰᠢᠳᠭᠡᠯ ᠵᠠᠯᠬᠠᠭ᠋ᠠᠯ ᠤᠯᠭᠤᠬᠤ᠎ᠨᠢ ᠠᠵᠤ ᠠᠬᠤᠢ ᠨᠡᠢ᠌ᠭᠡᠮ᠎ᠤᠨ ᠬᠦᠭᠵᠢᠯᠳᠡ ᠵᠢᠨ ᠵᠠᠢ᠌ᠯᠠᠰᠢ ᠦᠬᠡᠢ ᠱᠠᠭ᠋ᠠᠷᠳᠠᠯᠭ᠎ᠠ ᠪᠤᠯᠤᠨ᠎ᠠ᠃
      ᠤᠳᠤᠬᠠᠨ᠎ᠳᠤ᠂ ᠮᠠᠨ᠎ᠤ ᠵᠦᠪᠯᠡᠯ ᠲᠦᠷᠦᠬᠦᠯᠵᠤ 《ᠢᠳᠡᠭᠡᠯ ᠠᠯᠳᠠᠭᠰᠠᠨ ᠵᠶ᠋ᠠᠷ ᠭᠡᠷᠡᠭᠵᠢᠬᠦᠯᠬᠦ ᠬᠦᠮᠦᠨ》᠂《ᠭᠠᠢ᠌ᠯᠢ ᠲᠠᠳᠠᠪᠤᠷᠢ ᠵᠢᠨ ᠬᠠᠤᠯᠢ᠎ᠠᠴᠠ ᠵᠦᠷᠢᠴᠡᠭᠰᠡᠨ ᠲᠤᠮᠤ ᠭᠡᠷᠡᠭ᠎ᠤᠨ ᠲᠤᠬᠠᠢ ᠵᠢᠨ ᠬᠦᠮᠦᠨ》 ᠪᠤᠯᠤᠨ 《ᠢᠳᠡᠭᠡᠯ ᠠᠯᠳᠠᠭᠰᠠᠨ ᠠᠵᠤ ᠠᠬᠤᠢ᠌ᠯᠠᠯ》᠎ᠳᠤ ᠴᠢᠭᠯᠡᠬᠦᠯᠦᠨ ᠢᠳᠡᠭᠡᠯ ᠠᠯᠳᠠᠭᠰᠠᠳ᠎ᠢ ᠬᠠᠮᠳᠤᠷᠠᠨ ᠰᠢᠳᠭᠡᠨ ᠵᠠᠯᠬᠠᠭ᠋ᠠᠬᠤ ᠠᠵᠢᠯ᠎ᠢ ᠲᠦᠯᠬᠢᠨ ᠠᠬᠢᠭᠤᠯᠵᠤ ᠪᠠᠢ᠌ᠨ᠎ᠠ᠃ ᠡᠨᠡᠬᠦ ᠠᠵᠢᠯ᠎ᠨᠢ ᠦᠪᠡᠷᠳᠡᠭᠡᠨ ᠵᠠᠰᠠᠬᠤ ᠤᠷᠤᠨ᠎ᠤ ᠡᠯ᠎ᠡ ᠰᠠᠯᠠᠭ᠎ᠠ ᠮᠦᠴᠢᠷ᠎ᠤᠨ ᠬᠦᠴᠦᠳᠡᠢ ᠲᠡᠮᠵᠢᠯᠭᠡ ᠪᠤᠯᠤᠨ ᠬᠠᠮᠳᠤᠷᠠᠯᠴᠠᠭ᠎ᠠ ᠵᠢ ᠤᠯᠵᠤ ᠪᠤᠢ᠂ ᠲᠠᠷᠠᠭ᠋ᠠᠴᠢ ᠵᠢᠨ ᠠᠯᠬᠤᠮ᠎ᠳᠤ ᠪᠢᠳᠡ ᠬᠠᠮᠳᠤᠷᠠᠯᠴᠠᠭ᠎ᠠ᠎ᠪᠠᠨ ᠬᠦᠨᠵᠡᠬᠡᠢ᠌ᠷᠡᠭᠦᠯᠵᠤ᠂ ᠡᠨᠡᠬᠦ ᠠᠵᠢᠯ᠎ᠢ ᠦᠷᠬᠦᠯᠵᠢᠯᠡᠨ ᠲᠦᠯᠬᠢᠨ ᠠᠬᠢᠭᠤᠯᠵᠤ᠂ ᠦᠨᠡᠨᠴᠢ ᠢᠳᠡᠭᠡᠯ᠎ᠢ ᠡᠷᠬᠢᠮᠯᠡᠳᠡᠭ ᠨᠡᠢ᠌ᠭᠡᠮ᠎ᠤᠨ ᠤᠷᠴᠢᠨ ᠠᠬᠤᠢ ᠵᠢ ᠪᠠᠢ᠌ᠭᠤᠯᠬᠤ᠎ᠳᠤ ᠨᠢᠬᠡᠨ ᠮᠦᠷᠤ ᠵᠢᠨ ᠬᠦᠴᠦᠨ ᠴᠢᠳᠡᠯ ᠵᠶ᠋ᠠᠨ ᠡᠷᠬᠦᠨ᠎ᠡ᠃ ᠡᠭᠦᠨ᠎ᠤ ᠬᠠᠮᠳᠤ ᠪᠢᠳᠡ 《ᠢᠳᠡᠭᠡᠯ᠎ᠢ ᠡᠷᠬᠢᠮᠯᠡᠬᠦ》 ᠨᠡᠢ᠌ᠭᠡᠮ᠎ᠤᠨ ᠭᠤᠤᠯ ᠴᠤᠭᠴᠠ ᠵᠢ ᠭᠡᠷᠬᠢᠨ ᠤᠷᠮᠠᠰᠢᠭᠤᠯᠬᠤ ᠲᠤᠬᠠᠢ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠠ ᠵᠢ ᠰᠤᠳᠤᠯᠵᠤ᠂ ᠢᠳᠡᠭᠡᠯ᠎ᠢ ᠡᠷᠬᠢᠮᠯᠡᠳᠡᠭ ᠬᠤᠪᠢ ᠬᠦᠮᠦᠨ ᠪᠤᠯᠤᠨ ᠬᠠᠤᠯᠢ ᠵᠢᠨ ᠬᠦᠮᠦᠨ᠎ᠳᠤ ᠬᠦᠮᠦᠨ᠎ᠤ ᠠᠮᠢᠳᠤᠷᠠᠯ᠎ᠤᠨ 《VIP》 ᠤᠯᠭᠤᠮᠵᠢ ᠵᠢ ᠦᠨᠡᠨᠬᠦ ᠬᠦᠷᠳᠡᠭᠡᠨ᠎ᠡ᠃ ᠡᠢ᠌ᠮᠤ᠎ᠠᠴᠠ᠂ ᠤᠯᠠᠨ᠎ᠳᠤ ᠬᠦᠰᠡᠬᠦ᠎ᠨᠢ ᠦᠪᠡᠷ᠎ᠤᠨ ᠢᠳᠡᠭᠡᠯ ᠬᠦᠨᠳᠤ᠎ᠪᠠᠨ ᠠᠩᠬᠠᠷᠴᠤ᠂ ᠦᠨᠡᠨᠴᠢ ᠢᠳᠡᠭᠡᠯ᠎ᠢ ᠡᠷᠬᠢᠮᠯᠡᠳᠡᠭ ᠠᠵᠤ ᠠᠬᠤᠢ᠌ᠯᠠᠯ ᠪᠤᠶᠤ ᠬᠤᠪᠢ ᠬᠦᠮᠦᠨ ᠪᠤᠯᠬᠤ ᠭᠡᠷᠡᠭᠳᠡᠢ᠃ ᠡᠷᠳᠡᠨ᠎ᠤ ᠦᠬᠡᠨ᠎ᠳᠤ 《ᠭᠦᠳᠡᠯᠮᠦᠷᠢᠴᠢ ᠬᠦᠮᠦᠨ᠎ᠢ ᠲᠡᠭᠷᠢ᠎ᠠᠴᠠ ᠲᠡᠳᠬᠦᠳᠡᠭ》 ᠭᠡᠳᠡᠭ᠂ ᠬᠤᠢ᠌ᠰᠢᠳᠡ 《ᠬᠦᠳᠡᠯᠮᠦᠷᠢ ᠵᠢ ᠲᠡᠭᠡᠳᠦᠯᠡᠬᠦ》 ᠮᠦᠷᠳᠡᠭᠡᠨ ᠪᠠᠰᠠ 《ᠦᠨᠡᠨᠴᠢ ᠢᠳᠡᠭᠡᠯ》᠎ᠢ ᠲᠡᠭᠡᠳᠦᠯᠡᠬᠦ ᠭᠡᠷᠡᠭᠳᠡᠢ᠃
      ᠬᠦᠳᠦᠯᠦᠭᠴᠢ᠄ ᠺᠧ ᠡᠷᠬᠢᠯᠡᠭᠴᠢ ᠡ᠂ ᠲᠠᠨ᠎ᠤ ᠰᠠᠶᠢ ᠵᠢᠨ ᠲᠠᠨᠢᠯᠴᠠᠭᠤᠯᠤᠭᠰᠠᠨ ᠪᠠᠢ᠌ᠳᠠᠯ᠎ᠳᠤ ᠪᠢᠳᠡᠨ᠎ᠤ ᠤᠷᠮ᠎ᠠ ᠵᠤᠷᠢᠭ ᠶᠡᠬᠡᠪᠡᠷ ᠬᠦᠭᠵᠢᠵᠤ ᠪᠠᠢ᠌ᠨ᠎ᠠ᠂ 《ᠢᠳᠡᠭᠡᠮᠵᠢᠳᠤ ᠦᠪᠦᠷ ᠮᠤᠩᠭᠤᠯ》᠎ᠤᠨ ᠪᠠᠢ᠌ᠭᠤᠯᠤᠯᠳᠠ ᠵᠢᠨ ᠬᠠᠷᠠᠯᠳᠠ ᠲᠦᠳᠡᠯ   ᠦᠬᠡᠢ ᠪᠡᠶᠡᠯᠡᠭᠳᠡᠬᠦ ᠪᠠᠢ᠌ᠬ᠎ᠠ᠂ ᠲᠡᠭᠡᠪᠡᠯ ᠲᠠᠷᠠᠭ᠋ᠠᠴᠢ ᠵᠢᠨ ᠠᠯᠬᠤᠮ᠎ᠳᠤ ᠠᠯᠢ ᠭᠡᠳᠦᠨ ᠲᠠᠯ᠎ᠠ᠎ᠪᠠᠷ ᠠᠵᠢᠯ ᠵᠶ᠋ᠠᠨ ᠦᠷᠨᠢᠬᠦᠯᠬᠦ ᠭᠡᠵᠤ ᠪᠠᠢ᠌ᠨ᠎ᠠ ᠪᠤᠢ?
      ᠺᠧ ᠡᠷᠬᠢᠯᠡᠭᠴᠢ᠄ ᠭᠦᠳᠦᠯᠦᠭᠴᠢ ᠵᠢᠨ ᠰᠠᠢ᠌ᠨ ᠰᠠᠢ᠌ᠬᠠᠨ ᠵᠦᠩᠨᠡᠯ᠎ᠳᠤ ᠪᠠᠶᠠᠷᠯᠠᠯ᠎ᠠ᠂ 《ᠢᠳᠡᠭᠡᠮᠵᠢᠳᠤ ᠦᠪᠦᠷ ᠮᠤᠩᠭᠤᠯ》᠎ᠤᠨ ᠪᠠᠢ᠌ᠭᠤᠯᠤᠯᠳᠠ ᠪᠤᠯ ᠪᠢᠳᠡᠨ ᠪᠦᠬᠦᠨ᠎ᠤ ᠬᠠᠮᠳᠤ ᠵᠢᠨ ᠭᠦᠰᠡᠯ ᠡᠷᠡᠮᠡᠯᠵᠢᠯᠡᠯ ᠮᠦᠨ᠂ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠭᠰᠠᠨ᠎ᠤ ᠬᠤᠪᠢ᠎ᠳᠤ ᠪᠢᠳᠡ ᠡᠯ᠎ᠡ ᠰᠠᠯᠠᠭ᠎ᠠ ᠮᠦᠴᠢᠷ᠎ᠯᠦᠭᠡ ᠠᠵᠢᠯ᠎ᠤᠨ ᠬᠠᠮᠳᠤᠷᠠᠯᠴᠠᠭ᠎ᠠ ᠪᠠᠢ᠌ᠭᠤᠯᠵᠤ᠂ ᠡᠯ᠎ᠡ ᠲᠦᠷᠦᠯ᠎ᠤᠨ ᠠᠵᠢᠯ᠎ᠢ ᠦᠷᠬᠦᠯᠵᠢᠯᠡᠨ ᠯᠠᠪᠳᠠᠭᠤᠨ ᠪᠠᠳᠤᠳᠠᠢ ᠠᠬᠢᠭᠤᠯᠤᠨ᠎ᠠ᠃ ᠤᠢ᠌ᠷ᠎ᠠ ᠵᠢᠨ ᠬᠤᠭᠤᠴᠠᠭ᠋ᠠᠨ᠎ᠳᠤ ᠲᠤᠤᠷᠠᠬᠢ ᠭᠡᠳᠦᠨ ᠲᠠᠯ᠎ᠠ ᠵᠢᠨ ᠠᠵᠢᠯ᠎ᠢ ᠭᠤᠤᠯᠳᠠᠯᠭ᠎ᠠ᠎ᠲᠠᠢ ᠬᠢᠬᠦ᠎ᠪᠠᠷ ᠪᠠᠢ᠌ᠨ᠎ᠠ᠄
     1᠂ ᠢᠳᠡᠭᠡᠮᠵᠢ ᠵᠢᠨ ᠬᠠᠤᠯᠢ ᠲᠦᠷᠢᠮ᠎ᠢ ᠦᠷᠬᠦᠯᠵᠢᠯᠡᠨ ᠲᠡᠬᠦᠯᠳᠡᠷᠵᠢᠬᠦᠯᠦᠨ᠎ᠡ᠃ ᠪᠢᠳᠡ ᠡᠯ᠎ᠡ ᠰᠠᠯᠠᠭ᠎ᠠ ᠮᠦᠴᠢᠷ᠎ᠲᠠᠢ ᠬᠠᠮᠳᠤᠷᠠᠵᠤ᠂ ᠤᠳᠤ ᠵᠢᠨ ᠪᠠᠢ᠌ᠭ᠎ᠠ ᠬᠠᠤᠯᠢ ᠲᠦᠷᠢᠮ᠎ᠤᠨ ᠰᠠᠭᠤᠷᠢᠨ ᠲᠡᠭᠡᠷ᠎ᠡ ᠮᠠᠨ᠎ᠤ ᠤᠷᠤᠨ᠎ᠤ ᠢᠳᠡᠭᠡᠮᠵᠢ ᠵᠢᠨ ᠬᠠᠤᠯᠢ ᠲᠦᠷᠢᠮ᠎ᠤᠨ ᠪᠠᠢ᠌ᠭᠤᠯᠤᠯᠳᠠ ᠵᠢ ᠲᠦᠷᠭᠡᠳᠬᠡᠨ ᠠᠬᠢᠭᠤᠯᠵᠤ᠂ ᠮᠡᠳᠡᠭᠡ ᠵᠠᠩᠬᠢ ᠵᠢᠨ ᠠᠮᠤᠷ ᠲᠦᠪᠰᠢᠨ᠎ᠢ ᠪᠠᠳᠤᠯᠠᠬᠤ ᠪᠠ ᠢᠳᠡᠭᠡᠮᠵᠢ ᠵᠢᠨ ᠭᠤᠤᠯ ᠴᠤᠭᠴᠠ ᠵᠢᠨ ᠡᠷᠭᠡ ᠠᠰᠢᠭ᠎ᠢ ᠬᠠᠮᠠᠭ᠋ᠠᠯᠠᠭᠰᠠᠨ ᠰᠠᠭᠤᠷᠢᠨ ᠲᠡᠭᠡᠷ᠎ᠡ᠂ ᠢᠳᠡᠭᠡᠮᠵᠢ ᠵᠢᠨ ᠮᠡᠳᠡᠭᠡ ᠵᠠᠩᠬᠢ ᠵᠢ ᠬᠤᠷᠢᠶᠠᠨ ᠴᠤᠭᠯᠠᠭᠤᠯᠬᠤ᠂ ᠬᠠᠮᠳᠤᠪᠡᠷ ᠡᠳ᠋ᠯᠡᠬᠦ ᠪᠠ ᠬᠠᠮᠢᠶᠠᠷᠬᠤ ᠵᠢ ᠵᠢᠷᠤᠮᠯᠠᠬᠤ ᠬᠠᠤᠯᠢ᠎ᠲᠠᠢ ᠪᠤᠯᠭ᠋ᠠᠨ᠎ᠠ᠃ ᠡᠭᠦᠨ᠎ᠤ ᠬᠠᠮᠳᠤ᠂ ᠤᠯᠤᠰ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠤᠭᠳᠠᠭ᠋ᠠᠯ ᠶᠤᠰᠤᠭ᠋ᠠᠷ᠂ ᠮᠠᠨ᠎ᠤ ᠤᠷᠤᠨ᠎ᠤ ᠪᠤᠳᠠᠳᠠᠢ᠎ᠲᠠᠢ ᠤᠶᠠᠯᠳᠤᠭᠤᠯᠵᠤ᠂ ᠢᠳᠡᠭᠡᠮᠵᠢ ᠵᠢ ᠦᠨᠡᠯᠡᠬᠦ᠂ ᠢᠳᠡᠭᠡᠮᠵᠢ ᠵᠢᠨ ᠪᠦᠳᠦᠭᠡᠭᠳᠡᠭᠦᠨ᠎ᠢ ᠭᠡᠷᠡᠭᠯᠡᠬᠦ᠂ ᠢᠳᠡᠭᠡᠮᠵᠢ ᠵᠢᠨ ᠵᠠᠭᠤᠴᠢ ᠪᠠᠢ᠌ᠭᠤᠯᠤᠮᠵᠢ ᠪᠤᠯᠤᠨ ᠲᠤᠬᠠᠢ᠌ᠯᠠᠭᠰᠠᠨ ᠠᠵᠢᠯ ᠡᠷᠬᠢᠯᠡᠵᠤ ᠪᠠᠢ᠌ᠭ᠎ᠠ ᠠᠵᠢᠯᠳᠠᠨ᠎ᠤ ᠬᠠᠮᠢᠶᠠᠷᠤᠯᠳᠠ ᠵᠡᠷᠭᠡ ᠲᠠᠯ᠎ᠠ᠎ᠪᠠᠷ ᠬᠠᠮᠢᠶ᠎ᠠ ᠪᠦᠬᠦᠢ ᠲᠦᠷᠢᠮ ᠲᠤᠭᠳᠠᠭ᠋ᠠᠯ᠎ᠢ ᠲᠡᠬᠦᠯᠳᠡᠷᠵᠢᠬᠦᠯᠬᠦ ᠵᠢ ᠲᠦᠷᠭᠡᠳᠭᠡᠨ᠂ ᠨᠡᠢ᠌ᠭᠡᠮ᠎ᠤᠨ ᠡᠯ᠎ᠡ ᠵᠦᠢ᠍ᠯ᠎ᠤᠨ ᠠᠵᠢᠯᠯᠠᠭ᠎ᠠ᠎ᠳᠤ ᠬᠠᠤᠯᠢ ᠵᠢᠨ ᠪᠠᠳᠤᠯᠠᠭ᠎ᠠ ᠬᠠᠩᠭ᠋ᠠᠨ᠎ᠠ᠃
ᠺᠧ ᠡᠷᠬᠢᠯᠡᠭᠴᠢ᠄
     2᠂   ᠪᠠᠢ᠌ᠭᠤᠯᠤᠮᠵᠢ ᠵᠢᠨ ᠡᠩᠨᠡᠭᠡᠨ᠎ᠤ ᠪᠠᠢ᠌ᠭᠤᠯᠤᠯᠳᠠ ᠵᠢ ᠴᠢᠩᠭ᠋ᠠᠳᠬᠠᠨ᠎ᠠ᠃ ᠨᠡᠢ᠌ᠭᠡᠮ᠎ᠤᠨ ᠢᠳᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠳᠠ᠎ᠨᠢ ᠪᠦᠬᠦ ᠨᠡᠢ᠌ᠭᠡᠮ᠎ᠤᠨ ᠡᠯ᠎ᠡ ᠠᠵᠢᠯ ᠲᠦᠷᠦᠯ᠎ᠳᠤ ᠬᠤᠯᠪᠤᠭᠳᠠᠨ᠎ᠠ᠂ ᠤᠳᠤᠬᠠᠨ᠎ᠳᠤ᠂ ᠮᠠᠨ᠎ᠤ ᠤᠷᠤᠨ᠎ᠤ ᠨᠡᠢ᠌ᠭᠡᠮ᠎ᠤᠨ ᠢᠳᠡᠭᠡᠮᠵᠢ   ᠵᠢᠨ ᠰᠢᠰᠲ᠋ᠧᠮᠵᠢ ᠵᠢᠨ ᠪᠠᠢ᠌ᠭᠤᠯᠤᠯᠳᠠ᠎ᠨᠢ ᠡᠬᠢᠯᠡᠯᠳᠡ ᠵᠢᠨ ᠱᠠᠳᠤᠨ᠎ᠳᠠᠭᠠᠨ ᠪᠠᠢ᠌ᠵᠤ᠂ ᠠᠵᠢᠯ᠎ᠤᠨ ᠭᠦᠴᠦᠯᠡᠴᠡ ᠮᠦᠨ ᠪᠠᠭᠤᠷᠠᠢ ᠪᠠᠢ᠌ᠨ᠎ᠠ᠂ ᠲᠤᠰᠬᠠᠢ᠌ᠵᠢᠭᠰᠠᠨ᠂ ᠰᠢᠷᠭ᠋ᠠᠭ᠋ᠠᠤ ᠠᠵᠢᠯᠯᠠᠭᠴᠢ ᠵᠢᠨ ᠲᠤᠬᠠᠢ᠌ᠯᠠᠭᠰᠠᠨ ᠠᠵᠢᠯ᠎ᠤᠨ ᠡᠩᠨᠡᠭᠡ᠎ᠲᠠᠢ ᠪᠠᠢ᠌ᠬᠤ ᠪᠤᠯ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠢᠳᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠳᠠ ᠵᠢᠨ ᠴᠢᠬᠤᠯᠠ ᠵᠤᠬᠢᠶᠠᠨ ᠪᠠᠢ᠌ᠭᠤᠯᠤᠯᠳᠠ ᠵᠢᠨ ᠪᠠᠳᠤᠯᠠᠭ᠎ᠠ ᠮᠦᠨ᠃ ᠡᠢ᠌ᠮᠤ᠎ᠠᠴᠠ᠂ ᠲᠠᠷᠠᠭ᠋ᠠᠴᠢ ᠵᠢᠨ ᠠᠯᠬᠤᠮ᠎ᠳᠤ ᠪᠢᠳᠡ ᠤᠯᠠᠨ ᠨᠡᠢ᠌ᠳᠡ ᠵᠢᠨ ᠮᠡᠳᠡᠭᠡ ᠵᠠᠩᠬᠢ ᠵᠢ ᠴᠤᠭᠯᠠᠭᠤᠯᠬᠤ ᠪᠠᠢ᠌ᠭᠤᠯᠤᠮᠵᠢ᠎ᠪᠠᠷ ᠤᠳᠤᠷᠢᠳᠤᠮᠵᠢ ᠪᠤᠯᠭ᠋ᠠᠭᠰᠠᠨ᠂ ᠰᠠᠯᠠᠭ᠎ᠠ ᠮᠦᠴᠢᠷ᠎ᠤᠨ ᠮᠡᠳᠡᠭᠡ ᠵᠠᠩᠬᠢ ᠵᠢ ᠴᠤᠭᠯᠠᠭᠤᠯᠬᠤ ᠪᠠᠢ᠌ᠭᠤᠯᠤᠮᠵᠢ᠎ᠪᠠᠷ ᠲᠦᠰᠢᠭ ᠪᠤᠯᠭ᠋ᠠᠭᠰᠠᠨ᠂ ᠨᠡᠢ᠌ᠭᠡᠮ᠎ᠤᠨ ᠮᠡᠳᠡᠭᠡ ᠵᠠᠩᠬᠢ ᠵᠢ ᠴᠤᠭᠯᠠᠭᠤᠯᠬᠤ ᠪᠠᠢ᠌ᠭᠤᠯᠤᠮᠵᠢ᠎ᠪᠠᠷ ᠨᠦᠬᠦᠪᠦᠷᠢ ᠪᠤᠯᠭ᠋ᠠᠭᠰᠠᠨ ᠨᠡᠢ᠌ᠭᠡᠮ᠎ᠤᠨ ᠢᠳᠡᠭᠡᠮᠵᠢ ᠵᠢᠨ ᠪᠠᠢ᠌ᠭᠤᠯᠤᠯᠳᠠ ᠵᠢᠨ ᠵᠤᠬᠢᠶᠠᠨ ᠪᠠᠢ᠌ᠭᠤᠯᠤᠯᠳᠠ ᠵᠢᠨ ᠰᠢᠰᠲ᠋ᠧᠮᠵᠢ ᠵᠢ ᠭᠦᠴᠦᠯᠡᠨ ᠪᠠᠢ᠌ᠭᠤᠯᠵᠤ᠂ ᠵᠠᠰᠠᠭ᠎ᠤᠨ ᠤᠷᠳᠤᠨ ᠤᠳᠤᠷᠢᠳᠴᠤ᠂ ᠨᠡᠢ᠌ᠭᠡᠮ ᠨᠡᠢ᠌ᠳᠡ ᠬᠠᠮᠳᠤᠪᠠᠷ ᠪᠠᠢ᠌ᠭᠤᠯᠬᠤ ᠭᠦᠭᠵᠢᠯᠳᠡ ᠵᠢᠨ ᠪᠠᠢ᠌ᠳᠠᠯ᠎ᠢ ᠪᠤᠢ ᠪᠤᠯᠭ᠋ᠠᠨ᠎ᠠ᠃
     3᠂   ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠢᠳᠡᠭᠡᠮᠵᠢ ᠵᠢᠨ ᠮᠡᠳᠡᠭᠡ ᠵᠠᠩᠬᠢ ᠵᠢᠨ ᠲᠠᠪᠴᠠᠩ᠎ᠤᠨ ᠴᠢᠳᠠᠮᠵᠢ ᠵᠢ ᠲᠡᠰ ᠲᠡᠪᠰᠢᠬᠦᠯᠦᠨ ᠲᠡᠬᠦᠯᠳᠡᠷᠵᠢᠬᠦᠯᠦᠨ᠎ᠡ᠃ ᠤᠳᠤᠬᠠᠨ᠎ᠳᠤ᠂ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠢᠳᠡᠭᠡᠮᠵᠢ ᠵᠢᠨ ᠮᠡᠳᠡᠭᠡ ᠵᠠᠩᠬᠢ ᠵᠢᠨ ᠲᠠᠪᠴᠠᠩ ᠨᠢᠬᠡᠨᠳᠡ ᠮᠡᠳᠡᠭᠡ ᠵᠠᠩᠬᠢ ᠵᠢ ᠨᠡᠯᠢᠶᠡᠳ ᠰᠠᠢ᠌ᠨ ᠬᠤᠷᠢᠶᠠᠨ ᠴᠤᠭᠯᠠᠭᠤᠯᠬᠤ ᠪᠠ ᠬᠠᠮᠢᠶᠠᠷᠬᠤ ᠴᠢᠳᠠᠪᠤᠷᠢ ᠵᠢ ᠪᠦᠷᠢᠯᠳᠦᠬᠦᠯᠪᠠ᠂ ᠲᠠᠷᠠᠭ᠋ᠠᠴᠢ ᠵᠢᠨ ᠠᠯᠬᠤᠮ᠎ᠳᠤ ᠢᠳᠡᠭᠡᠮᠵᠢ ᠵᠢᠨ ᠮᠡᠳᠡᠭᠡ ᠵᠠᠩᠬᠢ ᠵᠢᠨ ᠦᠢ᠍ᠯᠡᠴᠢᠯᠡᠭᠡ ᠪᠠ ᠭᠡᠷᠡᠭᠯᠡᠭᠡᠨ᠎ᠤ ᠴᠢᠳᠠᠪᠤᠷᠢ ᠵᠢ ᠤᠯᠠᠮ ᠲᠡᠰ ᠲᠡᠪᠰᠢᠬᠦᠯᠵᠤ᠂ ᠬᠤᠪᠢ ᠬᠦᠮᠦᠨ ᠪᠤᠯᠤᠨ ᠬᠠᠤᠯᠢ ᠵᠢᠨ ᠬᠦᠮᠦᠨ ᠵᠡᠷᠭᠡ ᠡᠯ᠎ᠡ ᠲᠦᠷᠦᠯ᠎ᠤᠨ ᠢᠳᠡᠭᠡᠮᠵᠢ ᠵᠢᠨ ᠭᠤᠤᠯ ᠴᠤᠭᠴᠠ᠎ᠳᠤ ᠡᠷᠭᠡ ᠬᠦᠴᠦᠨ ᠪᠦᠬᠦᠢ ᠢᠳᠡᠭᠡᠮᠵᠢ ᠵᠢᠨ ᠭᠡᠷᠡᠭᠯᠡᠭᠡᠨ᠎ᠤ ᠦᠢ᠍ᠯᠡᠴᠢᠯᠡᠭᠡ ᠵᠢ ᠬᠠᠩᠭ᠋ᠠᠬᠤ ᠵᠢᠨ ᠬᠠᠮᠳᠤ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠢᠳᠡᠭᠡᠮᠵᠢ ᠵᠢᠨ ᠮᠡᠳᠡᠭᠡ ᠵᠠᠩᠬᠢ᠎ᠤᠨ ᠲᠠᠪᠴᠠᠩ᠎ᠤᠨ ᠨᠡᠪᠳᠡᠷᠡᠬᠦ ᠴᠢᠳᠠᠪᠤᠷᠢ ᠵᠢ ᠦᠷᠭᠡᠳᠭᠡᠵᠤ᠂ 《ᠢᠳᠡᠭᠡᠮᠵᠢᠳᠤ ᠲᠤᠮᠳᠠᠳᠤ ᠤᠯᠤᠰ》 ᠰᠦᠯᠵᠢᠶ᠎ᠡ ᠪᠤᠯᠤᠨ ᠪᠦᠬᠦ ᠤᠯᠤᠰ᠎ᠤᠨ ᠡᠯ᠎ᠡ ᠮᠤᠵᠢ ᠬᠤᠳᠠ ᠵᠢᠨ ᠢᠳᠡᠭᠡᠮᠵᠢ ᠵᠢᠨ ᠰᠢᠰᠲ᠋ᠧᠮᠵᠢ᠎ᠲᠠᠢ ᠵᠤᠯᠭ᠋ᠠᠭᠤᠯᠬᠤ ᠵᠢ ᠪᠡᠶᠡᠯᠡᠬᠦᠯᠵᠤ᠂   ᠪᠦᠬᠦ ᠤᠯᠤᠰ᠎ᠤᠨ ᠢᠳᠡᠭᠡᠮᠵᠢ ᠵᠢᠨ ᠬᠢᠨᠠᠨ ᠬᠠᠮᠢᠶᠠᠷᠤᠯᠳᠠ ᠵᠢ ᠪᠦᠷᠬᠦᠭᠰᠡᠨ  《ᠲᠤᠤᠷ ᠰᠦᠯᠵᠢᠶ᠎ᠡ》 ᠵᠢ ᠪᠤᠢ ᠪᠤᠯᠭ᠋ᠠᠨ᠎ᠠ᠃
      ᠺᠧ ᠡᠷᠬᠢᠯᠡᠭᠴᠢ᠄
     4᠂ ᠢᠳᠡᠭᠡᠮᠵᠢ ᠵᠢᠨ ᠬᠠᠮᠳᠤᠷᠠᠭᠰᠠᠨ ᠱᠠᠩᠨᠠᠨ ᠲᠤᠷᠭ᠋ᠠᠬᠤ ᠠᠵᠢᠯ᠎ᠢ ᠬᠦᠨᠵᠡᠬᠡᠢ ᠦᠷᠨᠢᠬᠦᠯᠤᠨ᠎ᠡ᠃ ᠤᠳᠤᠬᠠᠨ᠎ᠳᠤ   ᠦᠷᠨᠢᠬᠦᠯᠵᠤ ᠪᠠᠢ᠌ᠭ᠎ᠠ ᠢᠳᠡᠭᠡᠮᠵᠢ ᠵᠢᠨ ᠬᠠᠮᠳᠤᠷᠠᠭᠰᠠᠨ ᠰᠢᠳᠭᠡᠨ ᠵᠠᠯᠬᠠᠭ᠋ᠠᠬᠤ ᠠᠵᠢᠯ᠎ᠨᠢ ᠲᠤᠷᠰᠢᠯᠳᠠ ᠵᠢᠨ ᠱᠠᠳᠤᠨ᠎ᠳᠠᠭᠠᠨ ᠪᠠᠢ᠌ᠬᠤ ᠲᠤᠯᠠ ᠡᠯ᠎ᠡ ᠰᠠᠯᠠᠭ᠎ᠠ ᠮᠦᠴᠢᠷ ᠦᠵᠡᠯ ᠰᠠᠨᠠᠭ᠎ᠠ᠎ᠪᠠᠨ ᠤᠯᠠᠮ ᠨᠢᠬᠡ ᠠᠯᠬᠤᠮ ᠴᠢᠯᠦᠬᠡᠯᠡᠵᠤ᠂ ᠡᠭᠦᠳᠦᠯᠳᠡ ᠵᠢᠨ ᠴᠢᠨᠠᠷᠳᠠᠢ ᠠᠵᠢᠯ ᠵᠶ᠋ᠠᠨ ᠦᠷᠨᠢᠬᠦᠯᠬᠦ ᠴᠢᠬᠤᠯᠠᠳᠠᠢ ᠪᠠᠢ᠌ᠨ᠎ᠠ᠃ ᠲᠠᠷᠠᠭ᠋ᠠᠴᠢ ᠵᠢᠨ ᠠᠯᠬᠤᠮ᠎ᠳᠤ ᠪᠢᠳᠡ᠂ ᠰᠠᠯᠠᠭ᠎ᠠ ᠮᠦᠴᠢᠷ᠎ᠤᠨ ᠬᠠᠮᠳᠤᠷᠠᠯᠴᠠᠬᠤ ᠲᠤᠭᠳᠠᠴᠠ ᠵᠢ ᠤᠯᠠᠮ ᠨᠢᠬᠡ ᠠᠯᠬᠤᠮ ᠲᠡᠭᠦᠯᠳᠡᠷᠵᠢᠬᠦᠯᠵᠤ᠂ ᠮᠡᠳᠡᠭᠡ ᠵᠠᠩᠬᠢ ᠵᠢᠨ ᠰᠢᠰᠲ᠋ᠧᠮᠵᠢ   ᠵᠢ ᠵᠤᠯᠭ᠋ᠠᠭᠤᠯᠬᠤ ᠪᠠ ᠲᠤᠬᠠᠢ᠌ᠯᠠᠭᠰᠠᠨ ᠠᠵᠢᠯ᠎ᠳᠤ ᠬᠠᠮᠵᠢᠯᠴᠠᠨ ᠬᠢᠨᠠᠵᠤ ᠬᠠᠮᠢᠶᠠᠷᠬᠤ ᠵᠡᠷᠭᠡ ᠠᠵᠢᠯ᠎ᠢ ᠴᠢᠩᠭ᠋ᠠᠳᠬᠠᠵᠤ᠂ ᠨᠡᠩ ᠪᠦᠷᠢᠨ ᠲᠡᠭᠦᠯᠳᠡᠷᠵᠢᠭᠰᠡᠨ 《ᠢᠳᠡᠭᠡᠯ᠎ᠢ ᠡᠷᠬᠢᠮᠯᠡᠪᠡᠯ ᠤᠷᠮᠠᠰᠢᠭᠤᠯᠬᠤ》 ᠪᠠ 《ᠢᠳᠡᠭᠡᠯ ᠠᠯᠳᠠᠪᠠᠯ ᠰᠢᠳᠭᠡᠨ ᠵᠠᠯᠬᠠᠭ᠋ᠠᠬᠤ》 ᠲᠦᠷᠢᠮ᠎ᠢ ᠲᠤᠭᠳᠠᠭ᠋ᠠᠵᠤ᠂ 《ᠢᠳᠡᠭᠡᠮᠵᠢᠳᠤ ᠦᠪᠦᠷ ᠮᠤᠩᠭᠤᠯ》᠎ᠤᠨ ᠪᠠᠢ᠌ᠭᠤᠯᠤᠯᠳᠠ ᠵᠢ ᠪᠦᠬᠦ ᠭᠦᠴᠦᠨ ᠵᠶ᠋ᠠᠷ ᠵᠶ᠋ᠠᠨ ᠲᠦᠯᠬᠢᠨ ᠠᠬᠢᠭᠤᠯᠤᠨ᠎ᠡ᠃
      ᠭᠦᠳᠦᠯᠦᠭᠴᠢ᠄ ᠵᠠ ᠰᠠᠢ᠌ᠨ ᠪᠤᠯᠤᠯ᠎ᠠ᠂ ᠺᠧ ᠡᠷᠬᠢᠯᠡᠭᠴᠢ ᠵᠢᠨ ᠬᠠᠯᠠᠰᠢᠷᠠᠯ ᠦᠬᠡᠢ ᠲᠠᠢ᠌ᠯᠪᠤᠷᠢᠯᠠᠭᠰᠠᠨ᠎ᠳᠤ   ᠲᠠᠯᠠᠷᠬᠠᠵᠤ ᠪᠠᠢ᠌ᠨ᠎ᠠ᠂ ᠮᠦᠨᠴᠤ ᠦᠷᠭᠡᠨ ᠤᠯᠠᠨ ᠰᠦᠯᠵᠢᠶᠡᠨ ᠠᠨᠳᠠ ᠨᠠᠷ᠎ᠤᠨ ᠤᠷᠤᠯᠴᠠᠭᠰᠠᠨ᠎ᠳᠤ ᠲᠠᠯᠠᠷᠬᠠᠵᠤ ᠪᠠᠢ᠌ᠨ᠎ᠠ᠂ ᠲᠤᠰ ᠤᠳᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠦᠨᠳᠦᠷᠯᠡᠬᠦ ᠪᠤᠯᠤᠯ᠎ᠠ᠂ ᠲᠠᠷᠠᠭ᠋ᠠᠴᠢ ᠵᠢᠨ ᠫᠷᠦᠭᠷᠡᠮ᠎ᠳᠤ ᠪᠠᠶᠠᠷᠳᠠᠢ ᠵᠤᠯᠭ᠋ᠠᠶ᠎ᠠ!


ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠳᠤᠮᠳᠠᠳᠤ ᠮᠣᠩᠭᠣᠯ ᠬᠣᠶᠠᠷ ᠤᠯᠤᠰ᠎ᠤᠨ ᠳᠡᠯᠭᠡᠨ ᠦᠵᠡᠭᠦᠯᠦᠯᠭᠡ ᠵᠢᠨ ᠴᠤᠭᠯᠠᠭ᠋ᠠᠨ᠎ᠤ 《ᠪᠡᠯᠡ ᠣᠷᠣᠭᠤᠯᠤᠯᠲᠠ ᠵᠢᠨ ᠠᠷᠠᠯᠵᠢᠶ᠎ᠠ ᠵᠢᠨ ᠵᠦᠪᠳᠡᠯᠴᠡᠭᠡᠷ》᠎ᠤᠨ ᠬᠡᠰᠡᠭ᠎ᠤᠨ ᠠᠬᠢᠴᠠ ᠵᠢᠨ ᠪᠠᠢ᠌ᠳᠠᠯ᠎ᠤᠨ ᠲᠤᠬᠠᠢ ᠲᠠᠢ᠌ᠯᠤᠮᠵᠢ
ᠠᠵᠤ ᠠᠬᠤᠶ ᠵᠢᠨ ᠠᠵᠢᠯᠯᠠᠭ᠋ᠠᠨ ᠠᠯᠭᠤᠷᠯᠠᠬᠤ ᠵᠢᠨ ᠳᠠᠭ᠋ᠠᠤ ᠲᠣᠭᠲᠠᠭᠤᠨ ᠵᠶ᠋ᠡᠷ ᠬᠥᠭᠵᠢᠵᠦ ᠬᠥᠭᠵᠢᠯᠲᠡ ᠵᠢᠨ ᠳᠠᠯᠳᠠ ᠴᠢᠳᠠᠪᠤᠷᠢ ᠤᠯᠠᠮ ᠵᠶ᠋ᠡᠷ ᠭᠠᠷᠪᠠ —— 2015 ᠣᠨ᠎ᠤ ᠳᠡᠭᠡᠳᠦ ᠬᠠᠭ᠋ᠠᠰ ᠵᠢᠯ᠎ᠤᠨ ᠥᠪᠥᠷ ᠮᠣᠩᠭᠣᠯ᠎ᠤᠨ ᠠᠵᠤ ᠠᠬᠤᠶ ᠵᠢᠨ ᠪᠠᠶ᠋ᠢᠳᠠᠯ᠎ᠤᠨ ᠵᠠᠳᠠᠯᠤᠯᠲᠠ ᠪᠠ ᠳᠣᠣᠷᠠᠳᠤ ᠬᠠᠭ᠋ᠠᠰ ᠵᠢᠯ᠎ᠤᠨ ᠮᠠᠭ᠋ᠠᠳᠯᠠᠯᠲᠠ
ᠲᠣᠭᠲᠠᠴᠠ ᠵᠢ ᠪᠠᠢ᠌ᠭᠤᠯᠤᠨ ᠦᠢ᠍ᠯᠡᠴᠢᠯᠡᠭᠡ᠎ᠪᠠᠨ ᠴᠢᠨᠭ᠌ᠭ᠋ᠠᠳᠬᠠᠵᠤ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠨ ᠤᠷᠳᠤᠰ ᠬᠤᠳᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ
ᠲᠦᠩᠯᠢᠶᠣᠤ ᠬᠣᠲᠠ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠲᠠᠭᠤ ᠲᠦᠰᠢᠭ ᠲᠤᠯᠭ᠋ᠠᠭᠤᠷᠢ ᠪᠣᠯᠭ᠋ᠠᠪᠠ
ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠨᠢ ᠤᠯᠠᠭ᠋ᠠᠨᠬᠠᠳᠠ 《ᠬᠠᠭᠤᠷᠠᠢ ᠭᠠᠷᠠᠮ》᠎ᠢ ᠪᠦᠲᠦᠭᠡᠨ ᠪᠠᠢ᠌ᠭᠤᠯᠪᠠ
 
            